ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠪᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ᠎ᠳᠤ ᠬᠠᠷᠢᠭᠤ ᠲᠤᠰᠬᠠᠭᠰᠠᠨ ᠰᠠᠨᠠᠯ ᠵᠶ᠋ᠠᠷ ᠴᠡᠭᠴᠡᠯᠡᠨ ᠥᠭᠡᠷᠡᠴᠢᠯᠡᠬᠦ ᠲᠤᠬᠠᠢ ᠲᠥᠰᠥᠯ》᠎ᠤᠨ ᠱᠠᠭ᠋ᠠᠷᠳᠠᠯᠭ᠎ᠠ ᠵᠢ ᠡᠷᠡᠰ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠦᠬᠦ ᠣᠷᠣᠨ᠎ᠤ 2018 — 2020 ᠣᠨ᠎ᠤ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠠᠵᠢᠯ᠎ᠢ ᠦᠨᠡᠨ ᠬᠦ᠌ ᠰᠠᠢ᠌ᠲᠤᠷ ᠬᠢᠵᠦ᠂ ᠣᠷᠣᠰᠢᠵᠤ ᠪᠠᠢ᠌ᠭ᠎ᠠ ᠤᠰᠤᠨ᠎ᠤ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠨ᠂ ᠪᠦᠬᠦ ᠣᠷᠣᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠴᠢᠷᠮᠠᠢ᠌ᠨ ᠰᠠᠢ᠌ᠵᠢᠷᠠᠭᠤᠯᠵᠤ᠂ ᠤᠰᠤᠨ᠎ᠤ ᠣᠷᠴᠢᠨ ᠲᠣᠭᠣᠷᠢᠨ᠎ᠤ ᠠᠮᠤᠷ ᠲᠦᠪᠰᠢᠨ᠎ᠢ ᠪᠠᠲᠤᠯᠠᠬᠤ ᠵᠢᠨ ᠲᠤᠰᠠᠳᠠ᠂ ᠮᠠᠨ᠎ᠤ ᠲᠢᠩᠬᠢᠮ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 (ᠰᠠᠨᠠᠯ ᠬᠤᠷᠢᠶᠠᠬᠤ ᠡᠬᠡ ᠨᠣᠣᠷᠠᠭ)᠎ᠢ ᠲᠤᠭᠤᠷᠪᠢᠪᠠ᠃ ᠣᠳᠣ ᠨᠡᠢ᠌ᠭᠡᠮ᠎ᠳᠤ ᠬᠠᠨᠳᠤᠭᠤᠯᠤᠨ ᠢᠯᠡ᠎ᠪᠠᠷ ᠰᠠᠨᠠᠯ ᠬᠤᠷᠢᠶᠠᠵᠤ ᠪᠠᠢ᠌ᠨ᠎ᠠ᠃ 2018 ᠣᠨ᠎ᠤ 12 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠮᠦᠨ᠎ᠡ ᠰᠠᠨᠠᠯ ᠵᠶ᠋ᠠᠨ ᠮᠠᠨ᠎ᠤ ᠲᠢᠩᠬᠢᠮ᠎ᠳᠤ ᠬᠠᠷᠢᠭᠤ ᠲᠤᠰᠬᠠᠬᠤ ᠵᠢ ᠬᠦᠰᠡᠵᠦ ᠪᠠᠢ᠌ᠨ᠎ᠠ᠃
ᠬᠠᠷᠢᠯᠴᠠᠬᠤ ᠬᠥᠮᠥᠨ᠄ ᠪᠠᠢ ᠹᠠᠨ ᠬᠠᠷᠢᠯᠴᠠᠬᠤ ᠤᠲᠠᠰᠤ᠄ 0471 — 4632052 ᠢᠮᠧᠯ᠄ nmhshuiban@163.com
ᠳᠠᠭ᠋ᠠᠯᠲᠠ ᠮᠠᠲ᠋ᠧᠷᠢᠶᠠᠯ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠲᠥᠯᠥᠪᠯᠡᠭᠡ》 (ᠰᠠᠨᠠᠯ ᠬᠤᠷᠢᠶᠠᠬᠤ ᠡᠬᠡ ᠨᠣᠣᠷᠠᠭ)
ᠳᠠᠭ᠋ᠠᠯᠲᠠ ᠮᠠᠲ᠋ᠧᠷᠢᠶᠠᠯ᠎ᠢ ᠪᠠᠭᠤᠯᠭ᠋ᠠᠬᠤ 1᠄自治区水污染三年攻坚计划(征求意见稿).pdf