ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
2018 ᠣᠨ᠎ᠤ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠰᠢᠷᠢᠰ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠭᠡᠮ᠎ᠤᠨ ᠰᠢᠯᠭ᠋ᠠᠷᠠᠭᠤᠯᠤᠯᠲᠠ ᠵᠢ ᠥᠩᠭᠡᠷᠡᠭᠰᠡᠨ ᠬᠥᠮᠥᠰ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
ᠨᠡᠶ᠋ᠢᠲᠡᠯᠡᠭᠰᠡᠨ ᠴᠠᠭ᠄ 2019-01-02

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2018 ᠣᠨ᠎ᠤ ᠪᠦᠬᠦ ᠣᠷᠣᠨ᠎ᠤ ᠮᠡᠷᠭᠡᠵᠢᠯ᠎ᠤᠨ ᠴᠣᠯᠠ ᠵᠢᠨ ᠥᠭᠡᠷᠡᠴᠢᠯᠡᠯᠲᠡ ᠵᠢᠨ ᠠᠵᠢᠯ᠎ᠤᠨ ᠲᠣᠬᠢᠷᠠᠭᠤᠯᠬᠤ ᠰᠠᠨᠠᠯ》 (ᠥᠪᠥᠷ ᠬᠥᠮᠥᠨ ᠨᠡᠢ᠌ᠭᠡᠮ ᠲᠠᠷᠬᠠᠭ᠋ᠠᠭᠰᠠᠨ [2018] 24 ᠳ᠋ᠦ᠍ᠭᠡᠷ ᠲᠣᠭ᠋ᠠᠲᠤ)᠎ᠢ ᠦᠨᠳᠦᠰᠦᠯᠡᠨ᠂ 2018 ᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠰᠢᠷᠢᠰ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠭᠡᠮ᠎ᠤᠨ ᠰᠢᠯᠭ᠋ᠠᠷᠠᠭᠤᠯᠬᠤ ᠠᠵᠢᠯ᠎ᠢ ᠨᠢᠭᠡᠨᠲᠡ ᠳᠠᠭᠤᠰᠬᠠᠪᠠ᠃ ᠣᠳᠣ ᠨᠡᠢ᠌ᠭᠡᠮ᠎ᠳᠤ ᠵᠠᠷᠯᠠᠨ ᠨᠡᠢ᠌ᠲᠡᠯᠡᠵᠦ᠂ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2018 ᠣᠨ᠎ᠤ 12 ᠳ᠋ᠤᠭ᠋ᠠᠷ ᠰᠠᠷ᠎ᠠ ᠵᠢᠨ 28᠎ᠤ ᠡᠳᠦᠷ᠎ᠠᠴᠠ 2019 ᠣᠨ᠎ᠤ 1 ᠳ᠋ᠦ᠍ᠭᠡᠷ ᠰᠠᠷ᠎ᠠ ᠵᠢᠨ 4᠎ᠤ ᠡᠳᠦᠷ ᠪᠣᠯᠣᠨ᠎ᠠ᠃
      ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠰᠢᠯᠭ᠋ᠠᠷᠠᠭᠤᠯᠤᠯᠲᠠ ᠵᠢ ᠥᠩᠭᠡᠷᠡᠭᠰᠡᠨ ᠬᠥᠮᠥᠰ᠎ᠲᠤ ᠰᠡᠵᠢᠭᠯᠡᠯ ᠡᠷᠡᠭᠡᠯᠵᠡᠭᠡ᠎ᠲᠠᠢ ᠪᠣᠯ᠂ ᠶᠠᠮᠠᠷᠪᠠ ᠨᠢᠭᠡᠴᠢ ᠪᠠ ᠬᠤᠪᠢ ᠬᠥᠮᠥᠨ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ᠎ᠪᠠᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠰᠢᠷᠢᠰ ᠳᠡᠭᠡᠳᠦ ᠵᠡᠷᠭᠡ ᠵᠢᠨ ᠰᠢᠯᠭ᠋ᠠᠷᠠᠭᠤᠯᠬᠤ ᠺᠣᠮᠢᠰ᠎ᠲᠤ ᠠᠰᠠᠭᠤᠳᠠᠯ᠎ᠢ ᠲᠤᠰᠬᠠᠵᠤ ᠪᠣᠯᠣᠨ᠎ᠠ᠃ ᠲᠤᠰᠬᠠᠭᠰᠠᠨ ᠠᠰᠠᠭᠤᠳᠠᠯ᠎ᠨᠢ ᠦᠨᠡᠨ ᠪᠣᠳᠠᠲᠠᠢ ᠪᠥᠭᠡᠳ ᠭᠡᠷᠡᠴᠢ ᠪᠠᠷᠢᠮᠲᠠ᠎ᠲᠠᠢ ᠪᠠᠢ᠌ᠬᠤ ᠵᠢ ᠱᠠᠭ᠋ᠠᠷᠳᠠᠭᠰᠠᠨ᠎ᠤ ᠬᠠᠮᠲᠤ᠂ ᠪᠢᠴᠢᠭ᠎ᠤᠨ ᠮᠠᠲ᠋ᠧᠷᠢᠶᠠᠯ᠂ ᠦᠨᠡᠨ ᠪᠣᠳᠠᠲᠠᠢ ᠣᠪᠣᠭ ᠨᠡᠷ᠎ᠡ᠂ ᠬᠠᠷᠢᠯᠴᠠᠬᠤ ᠤᠲᠠᠰᠤ᠎ᠪᠠᠨ ᠳᠠᠭ᠋ᠠᠯᠳᠤᠭᠤᠯᠵᠤ᠂ ᠬᠠᠷᠭᠤᠭᠤᠯᠤᠨ ᠨᠤᠲᠠᠯᠠᠬᠤ ᠪᠠ ᠪᠠᠢ᠌ᠴᠠᠭ᠋ᠠᠯᠲᠠ ᠬᠢᠬᠦ ᠠᠵᠢᠯ᠎ᠳᠤ ᠳᠥᠭᠥᠮ ᠪᠣᠯᠭ᠋ᠠᠨ᠎ᠠ᠃ ᠵᠠᠷᠯᠠᠨ ᠨᠡᠢ᠌ᠲᠡᠯᠡᠭᠰᠡᠨ ᠮᠡᠳᠡᠭᠡ ᠵᠠᠩᠭᠢ᠎ᠨᠢ ᠲᠠᠰᠢᠶ᠎ᠠ ᠪᠤᠷᠤᠭᠤ ᠪᠠᠢ᠌ᠪᠠᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠰᠢᠷᠢᠰ ᠳᠡᠭᠡᠳᠦ ᠵᠡᠷᠭᠡ ᠵᠢᠨ ᠰᠢᠯᠭ᠋ᠠᠷᠠᠭᠤᠯᠬᠤ ᠺᠣᠮᠢᠰ᠎ᠲᠠᠢ ᠬᠠᠷᠢᠯᠴᠠᠵᠤ ᠵᠠᠰᠠᠨ ᠵᠠᠯᠠᠷᠠᠭᠤᠯᠬᠤ ᠵᠢ ᠬᠦᠰᠡᠵᠦ ᠪᠠᠢ᠌ᠨ᠎ᠠ᠃
      ᠳᠠᠭ᠋ᠠᠯᠲᠠ ᠮᠠᠲ᠋ᠧᠷᠢᠶᠠᠯ᠄ 2018 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠰᠢᠷᠢᠰ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠭᠡᠮ᠎ᠤᠨ ᠰᠢᠯᠭ᠋ᠠᠷᠠᠭᠤᠯᠤᠯᠲᠠ ᠵᠢ ᠥᠩᠭᠡᠷᠡᠭᠰᠡᠨ ᠬᠥᠮᠥᠰ᠎ᠤᠨ ᠨᠡᠷᠡᠰ
      ᠬᠠᠷᠢᠯᠴᠠᠬᠤ ᠬᠠᠶᠢᠭ᠄ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠳᠡᠭᠦᠯᠢᠯ ᠵᠠᠮ᠎ᠤᠨ 39 ᠳ᠋ᠦ᠍ᠭᠡᠷ ᠨᠣᠮᠧᠷ (1103 ᠥᠷᠥᠭᠡ)
      ᠬᠠᠷᠢᠯᠴᠠᠬᠤ ᠤᠲᠠᠰᠤ᠄ 0471 — 4632083
             
  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ
  ᠰᠢᠷᠢᠰ ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠤᠨ ᠬᠢᠷᠢ ᠭᠡᠮ᠎ᠤᠨ ᠰᠢᠯᠭ᠋ᠠᠷᠠᠭᠤᠯᠬᠤ ᠺᠣᠮᠢᠰ
                                                                           
                                      2018 ᠣᠨ᠎ᠤ 12 ᠳ᠋ᠤᠭ᠋ᠠᠷ ᠰᠠᠷ᠎ᠠ ᠵᠢᠨ 28᠎ᠤ ᠡᠳᠦᠷ
   
      ᠳᠠᠭ᠋ᠠᠯᠲᠠ ᠮᠠᠲ᠋ᠧᠷᠢᠶᠠᠯ᠎ᠢ ᠪᠠᠭᠤᠯᠭ᠋ᠠᠬᠤ 1᠄ 2018年环境保护工程系列高级专业技术资格评审通过人员名单.xlsx

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠠᠷᠢᠮᠲᠠ ᠪᠢᠴᠢᠬᠦ᠎ᠳᠤ ᠱᠠᠭ᠋ᠠᠷᠳᠠᠬᠤ ᠦᠨᠳᠦᠰᠦᠨ ᠮᠡᠳᠡᠭᠡ ᠵᠠᠩᠭᠢ ᠵᠢ ᠬᠠᠩᠭ᠋ᠠᠬᠤ ᠲᠤᠬᠠᠢ ᠮᠡᠳᠡᠭᠳᠡᠯ
2019 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ 《ᠪᠣᠬᠢᠷᠲᠤᠯ ᠦᠭᠡᠢ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ · ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》 ᠵᠢ ᠬᠢᠨᠠᠨ ᠲᠣᠭᠲᠠᠭ᠋ᠠᠭᠰᠠᠨ ᠦᠷ᠎ᠡ ᠳᠦᠷᠦᠯ᠎ᠢ ᠵᠠᠷᠯᠠᠨ ᠨᠡᠢ᠌ᠲᠡᠯᠡᠬᠦ ᠲᠤᠬᠠᠢ ᠠᠯᠪᠠᠨ ᠵᠠᠷ
《ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠥᠬᠥᠭᠡᠷᠦᠮᠵᠢ ᠵᠢᠨ ᠤᠰᠤᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠨ ᠰᠠᠨᠠᠯ ᠬᠤᠷᠢᠶᠠᠬᠤ ᠨᠤᠤᠷᠠᠭ (ᠲᠤᠷᠰᠢᠨ ᠬᠡᠷᠡᠭᠵᠢᠭᠦᠯᠬᠦ)》 ᠎ᠢ ᠨᠣᠤᠷᠠᠭᠯᠠᠵᠤ ᠳᠠᠭᠤᠰᠬᠠᠪᠠ
《ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠤᠳᠤᠭ᠎ᠠ ᠭᠠᠳᠠᠭᠰᠢᠯᠠᠭᠤᠯᠬᠤ ᠶᠠᠪᠤᠴᠠ (ᠠᠵᠢᠯ ᠎ᠤᠨ ᠪᠠᠢ᠌ᠳᠠᠯ) ᠵᠢ ᠬᠢᠨᠠᠨ ᠡᠵᠡᠮᠳᠡᠬᠦ ᠰᠢᠰᠲ᠋ᠧᠮ᠎ᠢ ᠤᠭᠰᠠᠷᠠᠬᠤ ᠵᠢᠴᠢ ᠰᠢᠯᠭ᠋ᠠᠨ ᠠᠪᠬᠤ ᠮᠡᠷᠭᠡᠵᠢᠯ᠎ᠤᠨ ᠵᠦᠭᠯᠡᠭᠦᠷ》᠎ᠢ ᠲᠤᠰᠬᠠᠶ ᠮᠡᠷᠭᠡᠵᠢᠯᠲᠡᠳ ᠬᠢᠨᠠᠨ ᠵᠥᠪᠯᠡᠪᠡ
《13 · 5》 ᠵᠢᠨ ᠲᠥᠯᠥᠪᠵᠢᠭᠦᠯᠭᠡ ᠵᠢᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ᠎ᠠᠴᠠ ᠦᠵᠡᠪᠡᠯ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠪᠠ
 
             蒙ICP备05000248号