ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
《ᠰᠢᠨ᠎ᠡ ᠳᠤᠮᠳᠠᠳᠤ ᠤᠯᠤᠰ ᠵᠶ᠋ᠡᠨ ᠮᠠᠭᠲᠠᠨ ᠲᠠᠭᠤᠯᠠᠵᠤ᠂ ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠎ᠤᠨ ᠨᠠᠮ᠎ᠤᠨ ᠡᠭᠦᠷ᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠢᠭᠡᠳ ᠭᠠᠳᠠᠭᠰᠢᠯᠠᠭᠤᠯᠬᠤ ᠵᠢ ᠬᠠᠮᠢᠶᠠᠷᠬᠤ ᠭᠠᠵᠠᠷ᠎ᠤᠨ ᠨᠠᠮ᠎ᠤᠨ ᠡᠭᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠢᠨᠵᠧᠨᠧᠷᠢᠩ᠎ᠢ ᠦᠨᠡᠯᠡᠨ ᠵᠢᠱ᠌ᠢᠬᠦ ᠲᠥᠪ᠎ᠤᠨ ᠨᠠᠮ᠎ᠤᠨ ᠡᠭᠦᠷ ᠎ᠤᠨ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ
ᠨᠡᠶ᠋ᠢᠲᠡᠯᠡᠭᠰᠡᠨ ᠴᠠᠭ᠄ 2019-11-15

      ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ   ᠪᠠᠢ᠌ᠭᠤᠯᠤᠭᠳᠠᠭᠰᠠᠨ 70   ᠵᠢᠯ᠎ᠤᠨ ᠣᠢ ᠵᠢ ᠦᠪᠡᠳᠡᠭᠰᠢ ᠶᠡᠬᠡᠪᠡᠷ ᠪᠡᠯᠭᠡᠯᠡᠵᠦ᠂   ᠤᠯᠠᠨ᠎ᠤ ᠰᠡᠳᠬᠢᠯ᠎ᠢ   ᠤᠯᠠᠮ ᠨᠢᠭᠡ ᠠᠯᠬᠤᠮ ᠨᠢᠭᠳᠠᠷᠭᠤᠯᠤᠨ᠂ ᠵᠤᠷᠢᠭ᠎ᠢ᠎ᠨᠢ ᠬᠦᠪᠴᠢᠯᠡᠵᠦ᠂ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠢ ᠭᠦᠨᠵᠡᠭᠡᠶ ᠠᠬᠢᠭᠤᠯᠬᠤ ᠵᠢᠨ ᠲᠥᠯᠥᠭᠡ᠂ 2019᠎ᠤᠨ 10 ᠰᠠᠷ᠎ᠠ ᠵᠢᠨ 12᠎ᠤᠨ ᠦᠳᠡ ᠵᠢᠨ ᠬᠣᠶ᠋ᠢᠨ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ   ᠣᠰᠣᠨ᠎ᠤ ᠠᠮᠢ ᠠᠬᠤᠶ ᠣᠷᠴᠢᠨ ᠲᠣᠭᠣᠷᠢᠨ᠎ᠤ ᠭᠠᠵᠠᠷ᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠪᠠ ᠭᠠᠳᠠᠭᠰᠢᠯᠠᠭᠤᠯᠬᠤ ᠵᠢ ᠬᠠᠮᠢᠶᠠᠷᠬᠤ ᠭᠠᠵᠠᠷ ᠪᠣᠯᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠢᠨᠵᠧᠨᠧᠷᠢᠩ᠎ᠤᠨ ᠦᠨᠡᠯᠡᠨ ᠵᠢᠱ᠌ᠢᠬᠦ ᠲᠥᠪ᠎ᠤᠨ ᠨᠠᠮ᠎ᠤᠨ ᠡᠭᠦᠷ ᠬᠠᠮᠲᠤᠷᠠᠨ     《ᠰᠢᠨ᠎ᠡ ᠳᠤᠮᠳᠠᠳᠤ ᠤᠯᠤᠰ ᠵᠶ᠋ᠡᠨ ᠮᠠᠭᠲᠠᠨ ᠲᠠᠭᠤᠯᠠᠵᠤ᠂ ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 ᠭᠡᠬᠦ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠵᠦ᠂ ᠪᠦᠬᠦ ᠨᠠᠮ᠎ᠤᠨ ᠭᠡᠰᠢᠭᠦᠨ᠂ ᠺᠠᠳ᠋ᠷ᠂ ᠠᠵᠢᠯᠲᠠᠨ ᠎ᠢ ᠵᠣᠬᠢᠶᠠᠨ   ᠪᠠᠢ᠌ᠭᠤᠯᠤᠨ 《ᠪᠢ   ᠡᠬᠡ ᠤᠯᠤᠰ᠎ᠲᠠᠢ᠎ᠪᠠᠨ》 ᠬᠡᠭᠦ ᠺᠢᠨᠣ᠋ ᠵᠢ ᠬᠠᠮᠲᠤᠪᠠᠷ           ᠰᠣᠨᠢᠷᠬᠠᠪᠠ᠃

      ᠺᠢᠨᠣ᠋᠎ᠨᠢ ᠥᠩᠭᠡᠷᠡᠭᠰᠡᠨ ᠰᠥᠨᠢ᠂ ᠤᠴᠠᠷᠠᠯ᠂   ᠮᠠᠩᠯᠠᠢ ᠲᠡᠮᠡᠴᠡᠬᠦ᠂   ᠪᠤᠴᠠᠭᠰᠠᠨ᠎ᠨᠢ᠂ ᠪᠡᠭᠡᠵᠢᠩ ᠲᠠ ᠰᠠᠶ᠋ᠢᠨ ᠤᠤ᠂ ᠡᠳᠦᠷ ᠰᠥᠨᠢ ᠵᠢᠨ ᠰᠣᠯᠢᠷ ᠣᠳᠣ᠂   ᠠᠶᠠᠯᠠᠯ᠎ᠢ ᠬᠠᠮᠠᠭ᠋ᠠᠯᠠᠭᠰᠠᠨ᠎ᠨᠢ ᠬᠡᠬᠦ ᠳᠣᠯᠣᠭ᠋ᠠᠨ ᠪᠦᠯᠦᠭ᠎ᠠᠴᠠ ᠪᠦᠷᠢᠯᠳᠦᠨ᠂ ᠲᠤᠯᠤᠭ᠋ᠠᠨ ᠥᠪᠡᠷᠮᠢᠴᠡ ᠣᠨᠴᠠᠯᠢᠭ᠎ᠲᠠᠢ ᠠᠮᠢ ᠨᠠᠰᠤᠨ᠎ᠤ ᠣᠢ᠌ᠯᠠᠭ᠋ᠠᠯᠲᠠ᠎ᠪᠠᠷ ᠢᠷᠡᠵᠦ᠂ ᠲᠡᠤᠬᠡ ᠵᠢ   ᠲᠠᠪᠠᠭᠤᠯᠤᠨ᠂ ᠡᠬᠡ ᠤᠯᠤᠰ ᠎ᠤᠨ 70   ᠵᠢᠯ ᠎ᠤᠨ ᠬᠥᠭᠵᠢᠯᠲᠡ ᠬᠤᠪᠢᠷᠠᠯᠳᠠ ᠵᠢ ᠲᠡᠮᠳᠡᠭᠯᠡᠵᠦ᠂ ᠪᠦᠬᠦ ᠠᠷᠠᠳ᠎ᠤᠨ ᠬᠠᠮᠲᠤ ᠵᠢᠨ ᠤᠯᠤᠰ ᠵᠶ᠋ᠠᠨ ᠬᠠᠶ᠋ᠢᠷᠠᠯᠠᠬᠤ ᠳᠤᠷᠠᠰᠤᠮᠵᠢ ᠵᠢ ᠬᠣᠯᠪᠣᠭᠰᠠᠨ ᠪᠠᠶ᠋ᠢᠨ᠎ᠠ᠃ ᠲᠣᠮᠣ ᠬᠡᠷᠡᠭ ᠶᠠᠪᠤᠳᠠᠯ᠎ᠤᠨ ᠠᠷᠤ᠎ᠳᠠᠬᠢ ᠬᠥᠮᠦᠨ ᠪᠦᠬᠦᠨ᠎ᠤ ᠮᠡᠳᠡᠳᠡᠭ ᠡᠭᠡᠯ ᠬᠥᠮᠦᠰ᠎ᠤᠨ ᠴᠢᠷᠮᠠᠶ᠋ᠢᠯᠭ᠎ᠠ ᠪᠠ ᠬᠤᠪᠢ ᠨᠡᠮᠡᠷᠢ ᠵᠢ   ᠵᠢᠷᠤᠭᠯᠠᠬᠤ᠎ᠪᠠᠷ ᠳᠠᠮᠵᠢᠨ᠂ 7 ᠪᠦᠯᠦᠭ ᠡᠭᠡᠯ ᠵᠢᠷ᠎ᠤᠨ ᠬᠥᠮᠦᠨ ᠡᠬᠡ ᠤᠯᠤᠰ ᠎ᠤᠨ ᠶᠡᠬᠡ ᠶᠠᠪᠤᠳᠠᠯ᠎ᠲᠠᠢ ᠰᠠᠯᠵᠤ ᠪᠣᠯᠤᠰᠢ ᠦᠭᠡᠢ ᠨᠢᠭᠲᠠ ᠬᠣᠯᠪᠣᠭ᠎ᠠ᠎ᠲᠠᠢ ᠦᠯᠢᠭᠡᠷ᠎ᠢ ᠠᠮᠢᠳᠤᠯᠢᠭ ᠵᠶ᠋ᠠᠷ ᠲᠣᠭᠯᠠᠵᠤ᠂   ᠵᠢᠵᠢᠭ ᠳᠦᠷᠢ᠎ᠪᠠᠷ ᠲᠤᠮᠤ ᠴᠠᠭ ᠦᠶ᠎ᠡ ᠵᠢ ᠭᠡᠷᠡᠴᠢᠯᠡᠭᠦᠯᠵᠦ᠂ ᠡᠭᠡᠯ ᠶᠡᠷᠦᠮᠳᠡᠭ ᠪᠠᠶ᠋ᠢᠳᠠᠯ ᠵᠶ᠋ᠠᠷ ᠠᠭᠤᠤ ᠶᠡᠬᠡ ᠪᠣᠯᠬᠤ ᠵᠢ ᠢᠯᠡᠷᠡᠭᠦᠯᠵᠦ᠂ ᠰᠢᠨ᠎ᠡ ᠳᠤᠮᠳᠠᠳᠤ ᠤᠯᠤᠰ   ᠪᠠᠢ᠌ᠭᠤᠯᠤᠭᠳᠠᠭᠰᠠᠨ 70   ᠵᠢᠯ᠎ᠤᠨ ᠤᠢ᠎ᠳᠤ ᠪᠡᠯᠡᠭ ᠬᠦᠷᠭᠡᠪᠡ᠃

      ᠺᠢᠨᠣ᠋ ᠦᠵᠡᠬᠦ ᠶᠠᠪᠤᠴᠠ᠎ᠳᠤ᠂ ᠰᠡᠳᠬᠢᠯ ᠤᠶᠠᠷᠠᠬᠤ᠂ ᠣᠮᠣᠭᠰᠢᠬᠤ᠂ ᠳᠣᠭᠳᠣᠯᠬᠤ᠂ ᠪᠡᠶ᠎ᠡ᠎ᠪᠠᠷ ᠵᠶ᠋ᠠᠨ ᠥᠩᠭᠡᠷᠡᠭᠦᠯᠦᠭᠰᠡᠨ ᠮᠡᠲᠦ ᠰᠠᠨᠠᠭᠳᠠᠬᠤ ᠰᠡᠳᠬᠢᠭᠳᠡᠯ ᠲᠦᠷᠦᠭᠳᠡᠯ ᠡᠬᠦᠰᠴᠦ ᠦᠪᠡᠷ᠎ᠤᠨ ᠡᠷᠬᠡ ᠦᠭᠡᠢ ᠨᠢᠯᠪᠤᠰᠤ ᠤᠨᠠᠭ᠋ᠠᠨ᠂   ᠺᠢᠨᠤ᠋ ᠵᠢᠨ ᠦᠯᠢᠭᠡᠷ ᠦᠢ᠍ᠯᠡ ᠶᠠᠪᠤᠳᠠᠯ᠎ᠤᠨ ᠲᠠᠰᠤᠷᠠᠯᠲᠠ ᠦᠭᠡᠢ ᠠᠬᠢᠬᠤ ᠵᠢ ᠳᠠᠭ᠋ᠠᠯᠳᠤᠨ᠂   ᠤᠯᠠᠨ  ᠎ᠤ ᠤᠯᠤᠰ ᠵᠶ᠋ᠠᠨ ᠬᠠᠶ᠋ᠢᠷᠠᠯᠠᠬᠤ ᠰᠡᠳᠬᠢᠯᠭᠡ ᠴᠦ᠍ ᠤᠯᠠᠮ᠎ᠠᠴᠠ ᠤᠯᠠᠮ ᠣᠷᠭᠢᠯᠤᠨ   ᠪᠠᠳᠠᠷᠠᠭᠰᠠᠨ ᠪᠠᠶ᠋ᠢᠨ᠎ᠠ᠃ ᠡᠳᠦᠷ ᠢᠷᠡᠬᠦᠶ᠎ᠡ ᠬᠦᠴᠦᠷᠬᠡᠭᠵᠢᠵᠦ ᠪᠠᠢ᠌ᠭ᠎ᠠ ᠡᠬᠡ ᠤᠯᠤᠰ ᠵᠶ᠋ᠠᠨ ᠬᠠᠷᠠᠭ᠋ᠠᠳ᠂ ᠣᠯᠠᠨ ᠵᠶ᠋ᠠᠷ ᠵᠶ᠋ᠠᠨ ᠣᠮᠣᠭ ᠪᠠᠬᠠᠳᠤᠯᠲᠤ ᠰᠡᠳᠬᠢᠯᠭᠡ ᠪᠠ ᠤᠯᠤᠰ᠎ᠲᠠᠭᠠᠨ ᠬᠠᠷᠢᠶᠠᠯᠠᠭᠳᠠᠬᠤ ᠰᠡᠳᠬᠢᠯᠭᠡ᠎ᠲᠠᠢ ᠪᠣᠯᠵᠤ᠂ ᠪᠢᠳᠡ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠰᠠᠶ᠋ᠢᠲᠤᠷ ᠬᠢᠵᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢ ᠪᠡᠶᠡᠯᠡᠬᠦᠯᠬᠦ   ᠳᠤᠮᠳᠠᠳᠤ ᠵᠢᠨ ᠬᠦᠰᠡᠯ ᠵᠶ᠋ᠡᠨ ᠪᠡᠶᠡᠯᠡᠬᠦᠯᠬᠦ᠎ᠳᠤ ᠥᠪᠡᠷ᠎ᠤᠨ ᠬᠤᠪᠢ ᠨᠡᠮᠡᠷᠢ᠎ᠪᠠᠨ ᠦᠵᠡᠭᠦᠯᠦᠨ᠎ᠡ ᠭᠡᠵᠦ ᠢᠯᠡᠳᠬᠡᠵᠡᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠶᠠᠩ ᠵᠢᠶᠧ ᠬᠤᠤᠯᠢᠩᠭᠤᠤᠯ ᠬᠣᠲᠠ᠎ᠳᠤ ᠬᠦᠷᠴᠦ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ  ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠣᠷᠳᠣᠰ ᠬᠣᠲᠠ᠎ᠳᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ ᠦᠷᠨᠢᠬᠦᠯᠬᠦ ᠳᠠᠶ᠋ᠢᠴᠢᠯᠠᠯᠲᠠ ᠵᠢᠨ ᠬᠤᠷᠠᠯ ᠬᠤᠷᠠᠯᠳᠤᠪᠠ
ᠥᠪᠥᠷ ᠮᠣᠩᠭᠣᠯ᠄ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠯᠤᠰ ᠲᠥᠷᠥ ᠵᠢᠨ ᠤᠬᠠᠮᠰᠠᠷ ᠵᠶ᠋ᠠᠨ ᠤᠯᠠᠮ ᠴᠢᠨᠠᠭᠰᠢᠳᠠ ᠴᠢᠩᠭ᠋ᠠᠳᠬᠠᠵᠤ᠂ ᠴᠠᠭ᠋ᠠᠨᠨᠠᠭᠤᠷ᠎ᠤᠨ ᠠᠮᠢ ᠠᠬᠤᠢ ᠵᠢᠨ ᠵᠠᠰᠠᠯᠲᠠ ᠵᠢᠨ ᠠᠵᠢᠯ᠎ᠢ ᠡᠷᠡᠰ ᠰᠠᠢ᠌ᠲᠤᠷ ᠬᠢᠬᠦ ᠬᠡᠷᠡᠭᠲᠡᠢ
ᠬᠢᠵᠢᠭ᠎ᠤᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠰᠠᠯᠠᠵᠤ᠂ 《ᠬᠠᠶᠠᠭᠳᠠᠮᠠᠯ᠎ᠢ ᠠᠷᠢᠯᠭ᠋ᠠᠬᠤ ᠠᠵᠢᠯᠯᠠᠭ᠎ᠠ》 《ᠠᠯᠤᠰ ᠰᠡᠷᠡᠯ᠎ᠤᠨ ᠬᠠᠤᠯᠢ ᠬᠡᠷᠡᠭᠵᠢᠭᠦᠯᠦᠯᠲᠡ ᠵᠢᠨ ᠠᠵᠢᠯᠯᠠᠭ᠎ᠠ》 ᠥᠷᠨᠢᠭᠦᠯᠪᠡ
ᠮᠠᠨ᠎ᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠶ᠋ᠢᠭᠤᠯᠤᠯᠲᠠ ᠳᠠᠬᠢᠨᠲᠠ ᠰᠢᠯᠢᠳᠡᠭ ᠠᠮᠵᠢᠯᠲᠠ ᠤᠯᠪᠠ
 
             蒙ICP备05000248号