2019᠎ᠤᠨ 10 ᠳ᠋ᠤᠭ᠋ᠠᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠪ᠎ᠤᠨ ᠭᠣᠤᠯᠯᠠᠨ ᠨᠠᠶ᠋ᠢᠷᠠᠭᠤᠯᠤᠭᠰᠠᠨ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠶ᠋ᠢᠭᠡᠮᠯᠢᠭ᠎ᠤᠨ ᠪᠦᠯᠬᠦᠮ᠎ᠤᠨ ᠪᠠᠷᠢᠮᠵᠢᠶ᠎ᠠ ᠪᠣᠯᠬᠤ 《ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠤᠳᠤᠭ᠎ᠠ ᠭᠠᠳᠠᠭᠰᠢᠯᠠᠭᠤᠯᠬᠤ ᠶᠠᠪᠤᠴᠠ (ᠠᠵᠢᠯ ᠵᠢᠨ ᠪᠠᠢ᠌ᠳᠠᠯ) ᠵᠢᠨ ᠬᠢᠨᠠᠨ ᠡᠵᠡᠮᠳᠡᠬᠦ ᠰᠢᠰᠲ᠋ᠧᠮ ᠤᠭᠰᠠᠷᠠᠬᠤ ᠵᠢᠴᠢ ᠰᠢᠯᠭ᠋ᠠᠨ ᠠᠪᠬᠤ ᠮᠡᠷᠭᠡᠵᠢᠯ᠎ᠤᠨ ᠵᠦᠭᠯᠡᠭᠦᠷ (ᠬᠢᠨᠠᠨ ᠰᠢᠯᠭ᠋ᠠᠭᠤᠯᠬᠤ ᠡᠬᠡ ᠨᠣᠣᠷᠠᠭ)》᠎ᠢ ᠬᠢᠨᠠᠨ ᠵᠥᠪᠯᠡᠬᠦ ᠬᠤᠷᠠᠯ ᠪᠡᠭᠡᠵᠢᠩ᠎ᠳᠤ ᠬᠤᠷᠠᠯᠳᠤᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ ᠮᠡᠳᠡᠭᠡ ᠵᠠᠩᠭᠢ ᠵᠢᠨ ᠲᠥᠪ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠶ᠋ᠢᠭᠡᠮᠯᠢᠭ᠎ᠤᠨ ᠪᠠᠷᠢᠮᠵᠢᠶᠠᠵᠢᠭᠤᠯᠤᠯᠲᠠ ᠵᠢᠨ ᠵᠥᠪᠯᠡᠯ᠂ ᠪᠡᠭᠡᠵᠢᠩ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠂ ᠪᠡᠭᠡᠵᠢᠩ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠬᠦ ᠲᠥᠪ᠂ ᠰᠦᠵᠸᠦ ᠵᠢᠨ ᠢᠯᠴᠢ ᠵᠢᠨ ᠠᠵᠤ ᠦᠢ᠍ᠯᠡᠳᠪᠦᠷᠢ ᠵᠢᠨ ᠰᠤᠳᠤᠯᠭ᠋ᠠᠨ᠎ᠤ ᠬᠦᠷᠢᠶᠡᠯᠡᠩ᠎ᠤᠨ ᠬᠢᠵᠠᠭ᠋ᠠᠷᠲᠤ ᠺᠣᠮᠫᠠᠨᠢ᠂ ᠪᠡᠭᠡᠵᠢᠩ᠎ᠤᠨ ᠤᠯᠤᠰ ᠤᠨ ᠴᠠᠬᠢᠯᠭ᠋ᠠᠨ ᠬᠣᠯᠪᠣᠭ᠋ᠠᠨ᠎ᠤ ᠯᠦᠩ ᠶᠤᠸᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠂ ᠵᠸᠵᠢᠶᠠᠩ᠎ᠤᠨ ᠰᠠᠨ ᠴᠢᠩ ᠤᠷᠴᠢᠨ ᠲᠤᠭᠤᠷᠢᠨ᠎ᠤ ᠰᠢᠨᠵᠢᠯᠡᠭᠡ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠵᠢᠨ ᠲᠤᠰᠬᠠᠶ ᠮᠡᠷᠭᠡᠵᠢᠯᠲᠡᠨ ᠨᠠᠷ ᠬᠤᠷᠠᠯ᠎ᠳᠤ ᠣᠷᠣᠯᠴᠠᠵᠠᠶ᠃ ᠬᠤᠷᠠᠯ᠎ᠳᠤ ᠣᠷᠣᠯᠴᠠᠭᠰᠠᠨ ᠲᠤᠰᠬᠠᠶ ᠮᠡᠷᠭᠡᠵᠢᠯᠲᠡᠳ᠎ᠤᠨ ᠦᠵᠡᠬᠦ᠎ᠪᠠᠷ᠂ ᠲᠣᠰ ᠪᠠᠷᠢᠮᠵᠢᠶ᠎ᠠ ᠵᠢᠨ ᠬᠦᠷᠭᠡᠨ ᠬᠢᠨᠠᠭᠤᠯᠬᠤ ᠡᠬᠡ ᠨᠣᠣᠷᠠᠭ ᠤᠨ ᠬᠦᠷᠢᠶ᠎ᠡ ᠬᠡᠪᠴᠢᠶ᠎ᠠ᠂ ᠪᠦᠯᠦᠭ ᠬᠡᠰᠡᠭ᠎ᠤᠨ ᠪᠠᠶ᠋ᠢᠷᠢᠯᠠᠭᠤᠯᠤᠯᠲᠠ᠂ ᠠᠭᠤᠯᠭ᠎ᠠ᠂ ᠮᠡᠷᠭᠡᠵᠢᠯ᠎ᠤᠨ ᠭᠦᠢ᠍ᠴᠡᠳᠬᠡᠯ ᠲᠣᠭ᠎ᠠ ᠵᠡᠷᠭᠡ ᠦᠨᠳᠦᠰᠦᠯᠡᠯ᠎ᠨᠢ ᠭᠦᠢ᠍ᠴᠡᠳ᠂ ᠵᠦᠶ ᠵᠣᠬᠢᠰᠲᠠᠶ᠂ ᠶᠠᠪᠤᠭᠳᠠᠭᠤᠰᠢᠲᠠᠶ᠂ ᠪᠠᠷᠢᠮᠵᠢᠶ᠎ᠠ ᠵᠢ ᠨᠠᠶ᠋ᠢᠷᠠᠭᠤᠯᠤᠨ ᠲᠤᠭᠳᠠᠭ᠋ᠠᠭᠰᠠᠨ᠎ᠨᠢ ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠤᠳᠤᠭ᠎ᠠ ᠭᠠᠳᠠᠭᠰᠢᠯᠠᠭᠤᠯᠬᠤ ᠶᠠᠪᠤᠴᠠ (ᠠᠵᠢᠯ᠎ᠤᠨ ᠪᠠᠢ᠌ᠳᠠᠯ) ᠵᠢ ᠬᠢᠨᠠᠨ ᠡᠵᠡᠮᠳᠡᠬᠦ ᠰᠢᠰᠲ᠋ᠧᠮ᠎ᠢ ᠤᠭᠰᠠᠷᠠᠬᠤ ᠵᠢᠴᠢ ᠰᠢᠯᠭ᠋ᠠᠨ ᠠᠪᠬᠤ ᠵᠢ ᠲᠦᠷᠢᠮᠵᠢᠬᠦᠯᠬᠦ᠎ᠳᠤ ᠴᠢᠬᠤᠯᠠ ᠦᠢ᠍ᠯᠡᠳᠦᠯ᠎ᠲᠠᠢ ᠪᠣᠯᠬᠣᠷ ᠲᠣᠰ ᠪᠠᠷᠢᠮᠵᠢᠶ᠎ᠠ ᠵᠢ ᠬᠢᠨᠠᠨ ᠶᠠᠷᠢᠯᠴᠠᠵᠤ ᠪᠠᠲᠤᠯᠠᠪᠠ᠃ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠦᠯᠵᠢᠶᠡᠨ ᠳᠡᠭᠡᠷᠡᠬᠢ ᠬᠢᠨᠠᠨ ᠡᠵᠡᠮᠳᠡᠬᠦ ᠲᠥᠪ᠎ᠠᠴᠠ ᠲᠤᠰᠬᠠᠶ ᠮᠡᠷᠭᠡᠵᠢᠯᠲᠡᠨ᠎ᠤ ᠰᠠᠨᠠᠯ ᠵᠶ᠋ᠠᠷ ᠵᠠᠰᠠᠪᠤᠷᠢ ᠣᠷᠣᠭᠤᠯᠤᠭᠰᠠᠨ᠎ᠤ ᠳᠠᠷᠠᠭ᠎ᠠ ᠳᠠᠷᠤᠶ ᠲᠦᠷᠭᠡᠨ ᠮᠡᠳᠡᠭᠦᠯᠦᠨ ᠵᠥᠪᠰᠢᠶᠡᠷᠡᠭᠦᠯᠬᠦ ᠨᠣᠣᠷᠠᠭ᠎ᠢ ᠨᠠᠢ᠌ᠷᠠᠭᠤᠯᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠦᠢ᠍ᠯᠡᠰ᠎ᠤᠨ ᠨᠡᠶ᠋ᠢᠭᠡᠮᠯᠢᠭ᠎ᠤᠨ ᠪᠠᠷᠢᠮᠵᠢᠶᠠᠵᠢᠭᠤᠯᠤᠯᠲᠠ ᠵᠢᠨ ᠵᠥᠪᠯᠡᠯ᠎ᠠᠴᠠ ᠬᠢᠨᠠᠨ ᠬᠠᠷᠭᠤᠭᠤᠯᠤᠭᠰᠠᠨ᠎ᠤ ᠳᠠᠷᠠᠭ᠎ᠠ ᠨᠡᠶ᠋ᠢᠲᠡᠯᠡᠨ᠎ᠡ᠃
《ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠤᠳᠤᠭ᠎ᠠ ᠭᠠᠳᠠᠭᠰᠢᠯᠠᠭᠤᠯᠬᠤ ᠶᠠᠪᠤᠴᠠ (ᠠᠵᠢᠯ᠎ᠤᠨ ᠪᠠᠢ᠌ᠳᠠᠯ) ᠵᠢ ᠬᠢᠨᠠᠨ ᠡᠵᠡᠮᠳᠡᠬᠦ ᠰᠢᠰᠲ᠋ᠧᠮ᠎ᠢ ᠤᠭᠰᠠᠷᠠᠬᠤ ᠵᠢᠴᠢ ᠰᠢᠯᠭ᠋ᠠᠨ ᠠᠪᠬᠤ ᠮᠡᠷᠭᠡᠵᠢᠯ᠎ᠤᠨ ᠵᠦᠭᠯᠡᠭᠦᠷ》᠎ᠤᠨ ᠪᠦᠯᠬᠦᠮ ᠨᠡᠢ᠍ᠢ᠍ᠲᠡ ᠵᠢᠨ ᠪᠠᠷᠢᠮᠵᠢᠶ᠎ᠠ ᠪᠣᠯ ᠮᠠᠨ᠎ᠤ ᠣᠷᠣᠨ᠎ᠤ ᠪᠣᠬᠢᠷ ᠪᠣᠳᠠᠰ ᠭᠠᠳᠠᠭᠰᠢᠯᠠᠭᠤᠯᠬᠤ ᠶᠠᠪᠤᠴᠠ (ᠠᠵᠢᠯ᠎ᠤᠨ ᠪᠠᠢ᠌ᠳᠠᠯ) ᠵᠢ ᠬᠢᠨᠠᠨ ᠡᠵᠡᠮᠳᠡᠬᠦ ᠪᠦᠲᠦᠭᠡᠨ ᠪᠠᠶ᠋ᠢᠭᠤᠯᠤᠯᠲᠠ ᠵᠢᠨ ᠦᠢ᠍ᠯᠡᠳᠦᠯᠭᠡ ᠵᠢ ᠳ᠋ᠦᠩᠨᠡᠭᠰᠡᠨ ᠰᠠᠭᠤᠷᠢᠨ ᠳᠡᠭᠡᠷ᠎ᠡ᠂ ᠣᠷᠴᠢᠨ ᠲᠣᠭᠣᠷᠢᠨ᠎ᠤ ᠮᠡᠷᠭᠡᠵᠢᠯ᠎ᠤᠨ ᠰᠢᠨ᠎ᠡ ᠵᠢ ᠡᠭᠦᠳᠬᠦ ᠬᠡᠷᠡᠭᠴᠡᠭᠡ ᠱᠠᠭ᠋ᠠᠷᠳᠠᠯᠭ᠎ᠠ ᠵᠢ ᠠᠵᠢᠯ ᠲᠥᠷᠥᠯ᠎ᠤᠨ ᠨᠡᠶ᠋ᠢᠭᠡᠮᠯᠢᠭ᠎ᠤᠨ ᠪᠠᠷᠢᠮᠵᠢᠶ᠎ᠠ ᠪᠣᠯᠭ᠋ᠠᠨ ᠬᠤᠪᠢᠷᠠᠭᠤᠯᠬᠤ ᠨᠢᠭᠡ ᠤᠳᠠᠭ᠋ᠠᠨ᠎ᠤ ᠠᠰᠢᠭᠲᠠᠢ ᠦᠢ᠍ᠯᠡᠳᠦᠯᠭᠡ ᠪᠣᠯᠤᠨ᠎ᠠ᠃ ᠲᠤᠰ ᠪᠠᠷᠢᠮᠵᠢᠶ᠎ᠠ ᠵᠢ ᠲᠣᠭᠲᠠᠭ᠋ᠠᠭᠰᠠᠨ᠎ᠨᠢ ᠭᠠᠳᠠᠭᠰᠢᠯᠠᠭᠤᠯᠤᠯᠲᠠ ᠵᠢᠨ ᠶᠠᠪᠤᠴᠠ (ᠠᠵᠢᠯ᠎ᠤᠨ ᠪᠠᠢ᠌ᠳᠠᠯ ) ᠵᠢ ᠬᠢᠨᠠᠨ ᠡᠵᠡᠮᠳᠡᠬᠦ ᠪᠠᠶ᠋ᠢᠭᠤᠯᠤᠯᠲᠠ ᠵᠢ ᠲᠦᠷᠢᠮᠵᠢᠬᠦᠯᠵᠦ᠂ ᠶᠠᠪᠤᠴᠠ (ᠠᠵᠢᠯ᠎ᠤᠨ ᠪᠠᠢ᠌ᠳᠠᠯ) ᠵᠢ ᠬᠢᠨᠠᠨ ᠡᠵᠡᠮᠳᠡᠬᠦ ᠠᠵᠢᠯ᠎ᠤᠨ ᠡᠯ᠎ᠡ ᠵᠦᠢ᠍ᠯ ᠤᠨ ᠣᠷᠴᠢᠨ ᠠᠬᠤᠢ ᠵᠢᠨ ᠬᠠᠮᠢᠶᠠᠷᠤᠯᠲᠠ ᠵᠢᠨ ᠲᠤᠬᠠᠶ᠋ᠢᠯᠠᠭᠰᠠᠨ ᠠᠵᠢᠯ᠎ᠳᠤ ᠨᠠᠩ ᠰᠠᠶ᠋ᠢᠨ ᠦᠢ᠍ᠯᠡᠴᠢᠯᠡᠬᠦ ᠵᠢ ᠲᠦᠯᠬᠢᠨ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃