ᠲᠥᠯᠥᠪᠵᠢᠭᠦᠯᠭᠡ ᠵᠢᠨ ᠦᠨᠡᠯᠡᠨ ᠵᠢᠱ᠌ᠢᠯᠲᠡ ᠵᠢ ᠥᠷᠨᠢᠭᠦᠯᠬᠦ᠎ᠨᠢ ᠠᠵᠢᠯ᠎ᠤᠨ ᠦᠨᠡᠯᠡᠯᠲᠡ ᠵᠢ ᠴᠢᠩᠭ᠋ᠠᠳᠬᠠᠬᠤ᠂ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠬᠦ᠂ ᠨᠢᠭᠡᠨᠲᠡ ᠲᠣᠭᠲᠠᠭ᠋ᠠᠭᠰᠠᠨ ᠬᠠᠷᠠᠯᠲᠠ ᠵᠢ ᠪᠡᠶᠡᠯᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ᠃ 《13 · 5》 ᠵᠢᠨ ᠲᠥᠯᠥᠪᠵᠢᠭᠦᠯᠭᠡ᠎ᠠᠴᠠ ᠨᠠᠰᠢᠬᠢ ᠮᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠯᠤᠭᠰᠠᠨ ᠠᠮᠵᠢᠯᠲᠠ ᠵᠢ ᠪᠥᠬᠥ ᠲᠠᠯ᠎ᠠ᠎ᠪᠠᠷ ᠰᠢᠰᠲ᠋ᠧᠮ᠎ᠲᠠᠢ ᠳ᠋ᠦᠩᠨᠡᠵᠦ᠂ ᠠᠵᠢᠯ᠎ᠤᠨ ᠳᠤᠮᠳᠠ ᠲᠤᠯᠭ᠋ᠠᠷᠠᠵᠤ ᠪᠠᠢ᠌ᠭ᠎ᠠ ᠠᠰᠠᠭᠤᠳᠠᠯ᠎ᠢ ᠪᠤᠰᠤᠳᠴᠢ᠎ᠪᠠᠷ ᠭᠦᠨᠵᠡᠭᠡᠶ ᠵᠠᠳᠠᠯᠣᠨ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠨ᠂ ᠰᠡᠳᠬᠢᠴᠡ᠎ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠭ᠎ᠠ ᠬᠡᠮᠵᠢᠶ᠎ᠡ᠎ᠪᠠᠨ ᠴᠢᠩᠭ᠋ᠠᠷᠠᠭᠤᠯᠤᠨ᠂ 2020 ᠣᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠠᠷᠠᠯᠲᠠ ᠵᠢ ᠴᠠᠭ ᠲᠤᠬᠠᠶ᠎ᠳᠤᠨᠢ ᠠᠮᠵᠢᠯᠲᠠ᠎ᠲᠠᠢ ᠪᠡᠶᠡᠯᠡᠭᠦᠯᠬᠦ ᠵᠢᠨ ᠲᠤᠰᠠᠳᠠ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠪᠣᠯᠤᠨ ᠥᠪᠡᠷᠲᠡᠭᠡᠨ ᠵᠠᠰᠠᠬᠤ ᠣᠷᠣᠨ᠎ᠤ ᠨᠢᠭᠡᠳᠦᠯᠲᠡᠶ ᠪᠠᠶ᠋ᠢᠷᠢᠯᠠᠭᠤᠯᠤᠯᠲᠠ ᠵᠢ ᠦᠨᠳᠦᠰᠦᠯᠡᠨ᠂ 2018 ᠣᠨ᠎ᠤ 10 ᠰᠠᠷ᠎ᠠ᠎ᠠᠴᠠ ᠡᠬᠢᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 〈13 · 5〉 ᠵᠢᠨ ᠲᠥᠯᠥᠪᠵᠢᠭᠦᠯᠪᠡ》 ᠵᠢᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠵᠣᠬᠢᠶᠠᠨ ᠪᠠᠶ᠋ᠢᠭᠤᠯᠤᠨ ᠥᠷᠨᠢᠭᠦᠯᠪᠡ᠃
ᠦᠨᠡᠯᠡᠨ ᠵᠢᠱ᠌ᠢᠯᠲᠡ᠎ᠠᠴᠠ ᠦᠵᠡᠪᠡᠯ᠂ ᠮᠠᠨ᠎ᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠢ᠌ᠳᠠᠯ ᠶᠡᠷᠦᠩᠬᠡᠶ᠎ᠳᠡᠭᠡᠨ ᠨᠡᠯᠢᠶᠡᠳ ᠰᠠᠶ᠋ᠢᠨ ᠪᠠᠶ᠋ᠢᠵᠤ᠂ ᠡᠯ᠎ᠡ ᠵᠦᠢ᠍ᠯ ᠤᠨ ᠡᠭᠦᠷᠭᠡ ᠵᠢ ᠡᠮᠬᠢ ᠵᠢᠷᠦᠮ᠎ᠲᠠᠢ ᠠᠬᠢᠭᠤᠯᠵᠤ᠂ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠡᠵᠡᠮᠳᠡᠬᠦ ᠵᠢᠴᠢ ᠪᠣᠬᠢᠷᠲᠤᠯ ᠥᠬᠡᠶ ᠬᠥᠭᠵᠢᠯᠲᠡ ᠵᠢ ᠯᠠᠪᠳᠠᠭᠤᠨ ᠵᠶ᠋ᠠᠷ ᠬᠡᠷᠡᠭᠵᠢᠭᠦᠯᠵᠦ᠂ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠬᠤ ᠪᠠ ᠪᠣᠬᠢᠷᠲᠤᠯ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠦᠷ᠎ᠡ ᠪᠦᠲᠦᠮᠵᠢ ᠢᠯᠡᠷᠬᠡᠢ ᠪᠠᠢ᠌ᠵᠤ᠂ ᠠᠮᠢ ᠠᠬᠤᠶ ᠵᠢ ᠬᠠᠮᠠᠭ᠋ᠠᠯᠠᠬᠤ ᠪᠠ ᠰᠡᠷᠭᠦᠭᠡᠬᠦ ᠡᠷᠴᠢᠮ ᠢᠯᠡᠳᠲᠡ ᠴᠢᠩᠭ᠋ᠠᠷᠠᠵᠤ᠂ ᠠᠮᠢ ᠠᠬᠤᠶ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠶ ᠰᠡᠷᠭᠡᠶ᠋ᠢᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠠᠬᠢᠭᠤᠯᠵᠤ᠂ ᠴᠢᠬᠤᠯᠠ ᠶᠡᠬᠡ ᠢᠨᠵᠧᠨᠧᠷᠢᠩ᠎ᠤᠨ ᠲᠥᠷᠥᠯ ᠵᠦᠢ᠍ᠯ᠎ᠢ ᠠᠯᠬᠤᠮ ᠠᠯᠬᠤᠮ ᠵᠶ᠋ᠠᠷ ᠪᠡᠶᠡᠯᠡᠭᠦᠯᠵᠦ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠠᠰᠤᠷᠠᠯᠲᠠ ᠥᠬᠡᠶ ᠪᠦᠷᠢᠨᠰᠢᠭᠦᠯᠵᠦ᠂ ᠲᠥᠯᠥᠪᠵᠢᠭᠦᠯᠭᠡ᠎ᠳᠤ ᠲᠣᠬᠢᠷᠠᠭᠤᠯᠤᠭᠰᠠᠨ ᠭᠤᠷᠪᠠᠨ ᠲᠥᠷᠥᠯ᠎ᠤᠨ 21 ᠵᠦᠢ᠍ᠯ ᠤᠨ ᠪᠣᠳᠠᠲᠠᠶ ᠭᠦᠢ᠍ᠴᠡᠳᠭᠡᠯ ᠲᠣᠭ᠎ᠠ᠎ᠠᠴᠠ ᠨᠢᠭᠡᠨᠲᠡ 11 ᠵᠦᠢ᠍ᠯ᠎ᠤᠨ ᠲᠥᠯᠥᠪᠵᠢᠭᠦᠯᠭᠡ᠎ᠨᠢ ᠬᠠᠷᠠᠯᠲᠠ᠎ᠪᠠᠨ ᠤᠷᠢᠳᠴᠢᠯᠠᠨ ᠪᠡᠶᠡᠯᠡᠭᠦᠯᠵᠦ᠂ ᠪᠥᠬᠥ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠪᠠ᠃ ᠲᠤᠬᠢᠷᠠᠭᠤᠯᠤᠨ ᠬᠤᠷᠢᠶᠠᠩᠭᠤᠶ᠋ᠢᠯᠠᠬᠤ᠎ᠪᠠᠷ ᠳᠠᠮᠵᠢᠨ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠤᠨ ᠭᠦᠢ᠍ᠴᠡᠳᠭᠡᠯ ᠲᠣᠭ᠎ᠠ ᠵᠢᠨ ᠲᠠᠯ᠎ᠠ᠎ᠪᠠᠷ᠂ 2018 ᠣᠨ᠎ᠳᠤ᠂ ᠪᠥᠬᠥ ᠣᠷᠣᠨ᠎ᠤ ᠭᠠᠵᠠᠷ᠎ᠤᠨ ᠲᠡᠰ᠎ᠤᠨ ᠬᠣᠲᠠ ᠵᠢᠨ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 83.6% ᠪᠠᠶ᠋ᠢᠵᠤ᠂ ᠵᠢᠵᠢᠭ ᠮᠥᠬᠥᠯᠢᠭᠲᠦ ᠪᠣᠳᠠᠰ ᠪᠠᠷᠢᠮᠵᠢᠶ᠎ᠠ᠎ᠳᠤ ᠬᠦᠷᠦᠭᠡᠳᠦᠢ ᠬᠣᠲᠠ ᠵᠢᠨ PM 2.5 ᠵᠢᠨ ᠵᠢᠯ᠎ᠤᠨ ᠳᠤᠮᠳᠠᠴᠢ ᠵᠢᠨ ᠥᠳᠬᠡᠴᠡ᠎ᠨᠢ 2015 ᠤᠨ᠎ᠠᠴᠠ 31.8 %᠎ᠪᠠᠷ ᠪᠠᠭᠤᠷᠠᠵᠤ᠂ ᠬᠦᠨᠳᠦ ᠵᠢᠴᠢ ᠬᠦᠨᠳᠦ ᠲᠡᠰ᠎ᠠᠴᠠ ᠲᠡᠭᠡᠭᠰᠢ ᠪᠤᠬᠢᠷᠳᠣᠯ᠎ᠲᠠᠢ ᠡᠳᠦᠷ᠎ᠤᠨ ᠬᠠᠷᠢᠴᠠᠯ᠎ᠨᠢ 2015 ᠤᠨ᠎ᠠᠴᠠ96.0 %᠎ᠪᠠᠷ ᠪᠠᠭᠤᠷᠠᠨ᠂ ᠤᠯᠤᠰ᠎ᠤᠨ ᠬᠢᠨᠠᠨ ᠰᠢᠯᠭ᠋ᠠᠯᠳᠠ ᠵᠢᠨ ᠱᠠᠭ᠋ᠠᠷᠳᠠᠯᠭ᠎ᠠ᠎ᠠᠴᠠ ᠲᠤᠰᠪᠤᠷᠢ 0.6᠂ 20.4 ᠪᠠ 56.0 ᠵᠠᠭᠤᠨ᠎ᠤ ᠴᠡᠭ ᠵᠶ᠋ᠡᠷ ᠰᠠᠢ᠌ᠨ ᠪᠠᠢ᠌ᠵᠤ᠂ ᠡᠯ᠎ᠡ ᠲᠦᠷᠦᠯ᠎ᠤᠨ ᠭᠦᠢ᠍ᠴᠡᠳᠬᠡᠯ ᠲᠤᠭ᠎ᠠ 《13 · 5》 ᠲᠥᠯᠥᠪᠵᠢᠭᠦᠯᠭᠡ ᠵᠢᠨ ᠬᠠᠷᠠᠯᠲᠠ ᠡᠭᠦᠷᠭᠡ ᠪᠠᠨ ᠴᠦᠮ ᠤᠷᠢᠳᠴᠢᠯᠠᠨ ᠪᠡᠶᠡᠯᠡᠭᠦᠯᠪᠡ; ᠪᠥᠬᠥ ᠣᠷᠣᠨ᠎ᠤ ᠭᠠᠵᠠᠷ ᠳᠡᠭᠡᠷᠡᠬᠢ ᠤᠰᠤᠨ᠎ᠤ ᠬᠢᠨᠠᠨ ᠰᠢᠯᠭ᠋ᠠᠯᠲᠠ ᠵᠢᠨ ᠣᠭᠲᠣᠯᠤᠭ᠋ᠠᠰᠤ ᠵᠢᠨ ᠰᠢᠯᠢᠳᠡᠭ ᠰᠠᠢ᠌ᠨ ᠤᠰᠤᠨ ᠴᠣᠭᠴᠠ ᠵᠢᠨ ᠬᠠᠷᠢᠴᠠᠯ 53.8 %᠂ ᠮᠠᠭᠤ V ᠲᠥᠷᠥᠯ᠎ᠤᠨ ᠤᠰᠤᠨ ᠴᠣᠭᠴᠠ ᠵᠢᠨ ᠬᠠᠷᠢᠴᠠᠯ 3.8 % ᠪᠠᠶ᠋ᠢᠵᠤ᠂ ᠴᠢᠬᠤᠯᠠ ᠭᠣᠤᠯ ᠮᠥᠷᠡᠨ ᠨᠠᠭᠤᠷ ᠴᠥᠭᠥᠷᠥᠮ᠎ᠤᠨ ᠤᠰᠤᠨ᠎ᠤ ᠴᠢᠳᠠᠮᠵᠢᠲᠤ ᠣᠷᠣᠨ᠎ᠤ ᠤᠰᠤᠨ᠎ᠤ ᠴᠢᠨᠠᠷ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ 80 % ᠬᠦᠷᠴᠦ᠂ ᠭᠠᠵᠠᠷ ᠳᠣᠤᠷᠠᠬᠢ ᠤᠰᠤᠨ᠎ᠤ ᠴᠢᠨᠠᠷ ᠠᠨᠠᠶ ᠬᠠᠷᠢᠴᠠᠯ 10.64 % ᠪᠠᠶ᠋ᠢᠵᠤ᠂ ᠭᠠᠵᠠᠷ ᠳᠡᠭᠡᠷᠡᠬᠢ ᠤᠰᠤᠨ᠎ᠤ ᠣᠭᠲᠣᠯᠤᠭ᠋ᠠᠰᠤ ᠵᠢᠨ ᠰᠢᠯᠢᠳᠡᠭ ᠰᠠᠶ᠋ᠢᠨ ᠤᠰᠤᠨ ᠴᠣᠭᠴᠠ ᠵᠢᠨ ᠬᠠᠷᠢᠴᠠᠯ ᠢ ᠭᠠᠷᠭ᠋ᠠᠪᠠᠯ᠂ ᠪᠤᠰᠤᠳ ᠭᠦᠢ᠍ᠴᠡᠳᠬᠡᠯ ᠲᠣᠭ᠎ᠠ᠎ᠨᠢ ᠴᠥᠮ 《13 · 5》 ᠲᠥᠯᠥᠪᠵᠢᠭᠦᠯᠭᠡ᠎ᠶᠢᠨ ᠬᠠᠷᠠᠯᠲᠠ ᠡᠭᠦᠷᠭᠡ᠎ᠪᠠᠨ ᠪᠡᠶᠡᠯᠡᠭᠦᠯᠪᠡ᠃ ᠪᠥᠬᠥ ᠣᠷᠣᠨ᠎ᠤ ᠣᠢ ᠰᠢᠭᠤᠶ ᠵᠢᠨ ᠪᠦᠷᠬᠦᠴᠡ ᠵᠢᠨ ᠨᠣᠷᠮ᠎ᠠ 22.1 % ᠪᠠᠶ᠋ᠢᠵᠤ᠂ 2015 ᠣᠨ᠎ᠤ ᠬᠢ᠎ᠠᠴᠠ 1.07 ᠵᠠᠭᠤᠨ᠎ᠤ ᠴᠡᠭ ᠳᠡᠭᠡᠭᠰᠢᠯᠡᠪᠡ; ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢᠨ ᠪᠦᠷᠬᠦᠴᠡ 44 % ᠪᠠᠶ᠋ᠢᠵᠤ᠂ 2015 ᠣᠨ᠎ᠤ᠎ᠬᠢ᠎ᠲᠠᠢ ᠲᠠᠩᠴᠠᠨ᠎ᠠ; 9000 ᠲᠦᠮᠡᠨ ᠮᠦ᠍ ᠨᠠᠮᠤᠭ ᠭᠠᠵᠠᠷ᠎ᠢ ᠬᠠᠮᠠᠭ᠋ᠠᠯᠠᠵᠤ᠂ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠶᠡᠷᠦᠩᠬᠡᠶ ᠬᠠᠮᠠᠭ᠋ᠠᠯᠠᠯᠲᠠ ᠵᠢᠨ ᠬᠠᠷᠠᠯᠲᠠ᠎ᠳᠤ ᠬᠦᠷᠦᠭᠰᠡᠨ ᠪᠠᠶ᠋ᠢᠨ᠎ᠠ᠃ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠪᠠᠭ᠋ᠠᠰᠬᠠᠬᠤ ᠭᠦᠢ᠍ᠴᠡᠳᠭᠡᠯ ᠲᠣᠭ᠎ᠠ ᠵᠢᠨ ᠲᠠᠯ᠎ᠠ᠎ᠪᠠᠷ᠂ 2018 ᠣᠨ᠎ᠳᠤ᠂ ᠪᠥᠬᠥ ᠣᠷᠣᠨ᠎ᠤ ᠬᠦᠬᠦᠷ᠎ᠤᠨ ᠳᠠᠪᠬᠤᠷ ᠢᠰᠦᠯ᠂ ᠠᠽᠣᠲ᠎ᠤᠨ ᠴᠠᠷᠴᠠᠳᠠᠰᠤ᠂ ᠬᠢᠮᠢ ᠵᠢᠨ ᠬᠦᠴᠢᠯᠲᠥ᠋ᠷᠥᠭᠴᠢ ᠬᠡᠷᠡᠭᠰᠡᠬᠦ ᠬᠡᠮᠵᠢᠶ᠎ᠡ᠂ ᠰᠢᠪᠲᠦᠷᠲᠦ ᠠᠽᠣᠲ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ 2015 ᠤᠨ᠎ᠠᠴᠠ ᠲᠣᠰ ᠲᠣᠰ 16.4 %᠂ 7.3 % ᠪᠠ 5.14 %᠂ 8.06 %᠎ᠪᠠᠷ ᠪᠠᠭᠤᠷᠠᠭᠤᠯᠵᠤ᠂ ᠴᠥᠮ ᠤᠯᠤᠰ᠎ᠠᠴᠠ ᠪᠠᠭᠤᠯᠭ᠋ᠠᠭᠰᠠᠨ ᠵᠢᠯ᠎ᠤᠨ ᠰᠢᠯᠭ᠋ᠠᠨ ᠬᠢᠨᠠᠬᠤ ᠬᠠᠷᠠᠯᠲᠠ ᠵᠢ ᠲᠠᠪᠠᠭᠤᠯᠤᠨ ᠪᠡᠶᠡᠯᠡᠬᠦᠯᠵᠡᠢ᠃ ᠡᠭᠦᠨ᠎ᠳᠤ᠂ ᠬᠦᠬᠦᠷ᠎ᠤᠨ ᠳᠠᠪᠬᠤᠷ ᠢᠰᠦᠯ᠂ ᠰᠢᠪᠲᠦᠷᠲᠦ ᠠᠽᠣᠲ᠎ᠤᠨ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠨᠢ ᠨᠢᠭᠡᠨᠳᠡ 《13 · 5》 ᠵᠢᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠡᠭᠦᠷᠭᠡ ᠵᠢ ᠤᠷᠢᠳᠴᠢᠯᠠᠨ ᠪᠡᠶᠡᠯᠡᠭᠦᠯᠪᠡ᠃ ᠠᠮᠢ ᠠᠬᠤᠶ ᠵᠢ ᠬᠠᠮᠠᠭ᠋ᠠᠯᠠᠨ ᠰᠡᠷᠭᠦᠭᠡᠬᠦ ᠭᠦᠢ᠍ᠴᠡᠳᠭᠡᠯ ᠲᠣᠭ᠎ᠠ ᠵᠢᠨ ᠲᠠᠯ᠎ᠠ᠎ᠪᠠᠷ᠂ ᠪᠥᠬᠥ ᠣᠷᠣᠨ᠎ᠤ ᠡᠯᠡᠰᠦᠷᠬᠡᠭᠵᠢᠭᠰᠡᠨ ᠭᠠᠵᠠᠷ ᠰᠢᠷᠣᠶ ᠵᠢ ᠵᠠᠰᠠᠬᠤ ᠲᠠᠯᠠᠪᠠᠢ ᠵᠢ 2.57 ᠲᠦᠮᠡᠨ ᠲᠡᠭᠰᠢ ᠲᠦᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠵᠦ᠂ ᠬᠥᠷᠥᠰᠥ ᠰᠢᠷᠣᠶ ᠵᠢᠨ ᠢᠳᠡᠭᠳᠡᠯ᠎ᠢ ᠵᠠᠰᠠᠬᠤ ᠲᠠᠯᠠᠪᠠᠢ ᠵᠢ 1.87 ᠲᠦᠮᠡᠨ ᠲᠡᠭᠰᠢ ᠲᠦᠷᠪᠡᠯᠵᠢᠨ ᠮᠸᠲᠷ ᠰᠢᠨ᠎ᠡ᠎ᠪᠠᠷ ᠨᠡᠮᠡᠭᠳᠡᠭᠦᠯᠪᠡ᠃ ᠶᠡᠷᠦᠩᠬᠡᠶ᠎ᠳᠤᠨᠢ ᠠᠪᠴᠤ ᠦᠵᠡᠪᠡᠯ᠂ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ 《ᠪᠦᠬᠦᠯᠢ ᠴᠣᠭᠴᠠ᠎ᠪᠠᠷ᠎ᠨᠢ ᠬᠣᠷᠢᠭᠯᠠᠵᠤ᠂ ᠬᠡᠰᠡᠭ ᠲᠠᠯ᠎ᠠ᠎ᠪᠠᠷ ᠰᠠᠶ᠋ᠢᠵᠢᠷᠠᠬᠤ》 ᠵᠢ ᠦᠨᠡᠨᠬᠦ ᠪᠡᠶᠡᠯᠡᠭᠦᠯᠵᠦ᠂ ᠦᠵᠡᠰᠬᠦᠯᠡᠩᠲᠦ ᠰᠠᠢ᠍ᠬᠠᠨ ᠥᠪᠥᠷ ᠮᠣᠩᠭᠣᠯ᠎ᠤᠨ ᠪᠦᠲᠦᠭᠡᠨ ᠪᠠᠢ᠍ᠭᠤᠯᠤᠯᠲᠠ᠎ᠳᠤ ᠰᠢᠨ᠎ᠡ ᠪᠠᠢ᠌ᠳᠠᠯ ᠢᠯᠡᠷᠡᠪᠡ᠃
ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠢᠯᠠᠩᠭᠤᠶ᠎ᠠ ᠰᠢ ᠵᠢᠨ ᠫᠢᠩ ᠶᠡᠷᠦᠩᠬᠡᠶ ᠱᠦᠵᠢ ᠵᠢᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠤᠳᠠᠭ᠋ᠠᠨ᠎ᠤ ᠬᠤᠷᠠᠯᠳᠤᠭ᠋ᠠᠨ᠎ᠳᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠩ ᠰᠠᠶ᠋ᠢᠲᠤᠷ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠨᠢ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ᠎ᠳᠤ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ ᠰᠠᠨᠠᠭᠤᠯᠭ᠎ᠠ ᠲᠤᠷᠠᠳᠬᠤ ᠪᠤᠯᠤᠨ᠎ᠠ᠂ ᠡᠬᠦᠨ᠎ᠤ ᠬᠠᠮᠳᠣ 《ᠠᠮᠢ ᠠᠬᠤᠶ ᠵᠢ ᠲᠡᠷᠢᠭᠦᠨ᠎ᠳᠤ ᠲᠠᠯᠪᠢᠵᠤ᠂ ᠪᠣᠬᠢᠷᠲᠤᠯ ᠦᠭᠡᠢ᠎ᠪᠠᠷ ᠬᠥᠭᠵᠢᠭᠦᠯᠬᠦ》 ᠲᠣᠭᠣᠷᠢᠨ᠎ᠳᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠬᠤ ᠠᠵᠢᠯ᠎ᠢ ᠡᠬᠢᠯᠡᠨ ᠲᠦᠯᠦᠪᠵᠢᠬᠦᠯᠦᠨ᠎ᠡ᠂ ᠪᠦᠬᠦ ᠣᠷᠣᠨ᠎ᠤ ᠲᠡᠭᠡᠳᠦ ᠳᠣᠣᠷᠠᠳᠤ ᠱᠠᠲᠤᠨ᠎ᠤ ᠬᠠᠮᠲᠤ ᠵᠢᠨ ᠴᠢᠷᠮᠠᠶ᠋ᠢᠯᠭ᠎ᠠ ᠳᠣᠤᠷ᠎ᠠ᠂ ᠪᠢᠳᠡ ᠯᠠᠪᠲᠠᠶ ᠤᠯᠤᠰ᠎ᠤᠨ ᠤᠮᠠᠷᠠᠲᠤ ᠬᠢᠯᠢ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠨᠠᠩ ᠪᠠᠲᠤ ᠪᠡᠬᠢ ᠴᠣᠭᠴᠠᠯᠠᠵᠤ ᠴᠢᠳᠠᠨ᠎ᠠ ᠭᠡᠳᠡᠭ᠎ᠢ ᠢᠲᠡᠭᠡᠵᠦ ᠪᠠᠶ᠋ᠢᠨ᠎ᠠ᠃