ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
《ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠥᠬᠥᠭᠡᠷᠦᠮᠵᠢ ᠵᠢᠨ ᠤᠰᠤᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ ᠵᠢᠨ ᠰᠠᠨᠠᠯ ᠬᠤᠷᠢᠶᠠᠬᠤ ᠨᠤᠤᠷᠠᠭ (ᠲᠤᠷᠰᠢᠨ ᠬᠡᠷᠡᠭᠵᠢᠭᠦᠯᠬᠦ)》 ᠎ᠢ ᠨᠣᠤᠷᠠᠭᠯᠠᠵᠤ ᠳᠠᠭᠤᠰᠬᠠᠪᠠ
ᠨᠡᠶ᠋ᠢᠲᠡᠯᠡᠭᠰᠡᠨ ᠴᠠᠭ᠄ 2019-10-11

      ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠢᠨᠵᠧᠨᠧᠷᠢᠩ᠎ᠤᠨ ᠦᠨᠡᠯᠡᠨ   ᠵᠢᠱ᠌ᠢᠬᠦ ᠲᠥᠪ᠎ᠨᠢ ᠬᠥᠷᠥᠰᠥ ᠰᠢᠷᠣᠶ ᠵᠢᠨ ᠠᠮᠢ ᠠᠬᠤᠶ ᠣᠷᠴᠢᠨ ᠲᠣᠭᠣᠷᠢᠨ᠎ᠤ ᠭᠠᠵᠠᠷ᠎ᠤᠨ ᠨᠠᠶ᠋ᠢᠳᠠᠯᠭ᠎ᠠ᠎ᠪᠠᠷ ᠲᠤᠭᠤᠷᠪᠢᠭᠰᠠᠨ 《ᠥᠪᠥᠷ ᠮᠣᠩᠭᠣᠯ᠎ᠤᠨ ᠣᠷᠣᠨ ᠨᠤᠲᠤᠭ᠎ᠤᠨ ᠪᠠᠷᠢᠮᠵᠢᠶᠠᠲᠤ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ   ᠰᠢᠢ᠍ᠳᠪᠦᠷᠢᠯᠡᠬᠦ ᠲᠦᠬᠦᠭᠡᠷᠦᠮᠵᠢ ᠵᠢᠨ ᠤᠰᠤᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ) ᠵᠢᠨ ᠰᠠᠨᠠᠯ ᠬᠤᠷᠢᠶᠠᠬᠤ ᠨᠣᠣᠷᠠᠭ》 ᠎ᠨᠢ ᠨᠢᠭᠡᠨᠲᠡ ᠲᠢᠩᠬᠢᠮ᠎ᠤᠨ ᠠᠵᠢᠯ ᠎ᠤᠨ ᠬᠤᠷᠠᠯ᠎ᠤᠨ ᠬᠢᠨᠠᠨ ᠪᠠᠶ᠋ᠢᠴᠠᠭ᠋ᠠᠯᠲᠠ ᠵᠢ ᠥᠩᠭᠡᠷᠡᠭᠡᠵᠡᠶ᠃
      ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ 《ᠣᠷᠣᠨ ᠨᠤᠲᠤᠭ᠎ᠤᠨ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠠᠷᠢᠮᠵᠢᠶ᠎ᠠ ᠵᠢ ᠲᠦᠷᠭᠡᠳᠬᠡᠨ ᠲᠣᠭᠲᠠᠭ᠋ᠠᠬᠤ ᠲᠤᠬᠠᠶ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂ ᠰᠤᠳᠤᠯᠭ᠋ᠠᠨ᠎ᠤ ᠲᠤᠭᠤᠢ᠌ᠯᠠᠩ᠎ᠤᠨ᠎ᠬᠢᠨ ᠤᠷᠢᠳ ᠬᠣᠵᠢᠳ ᠮᠠᠨ᠎ᠤ ᠣᠷᠣᠨ᠎ᠤ ᠬᠡᠰᠡᠭ ᠬᠥᠳᠡᠭᠡ ᠲᠣᠰᠬᠣᠨ᠎ᠳᠤ ᠪᠠᠢ᠌ᠴᠠᠭ᠋ᠠᠨ ᠰᠤᠳᠤᠯᠤᠯᠲᠠ ᠬᠢᠬᠦ ᠵᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠵᠤ ᠥᠷᠭᠡᠨ ᠵᠶ᠋ᠠᠷ ᠰᠠᠨᠠᠯ ᠬᠤᠷᠢᠶᠠᠨ᠂ ᠮᠠᠨ᠎ᠤ ᠣᠷᠣᠨ᠎ᠤ ᠪᠣᠳᠠᠲᠠᠶ᠎ᠲᠠᠢ ᠤᠶᠠᠯᠳᠣᠭᠤᠯᠵᠤ 《ᠥᠪᠥᠷ ᠮᠣᠩᠭᠣᠯ᠎ᠤᠨ ᠣᠷᠣᠨ ᠨᠤᠲᠤᠭ᠎ᠤᠨ ᠪᠠᠷᠢᠮᠵᠢᠶᠠᠲᠤ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠦᠬᠦᠭᠡᠷᠦᠮᠵᠢ ᠵᠢᠨ ᠤᠰᠤᠨ᠎ᠤ ᠪᠣᠬᠢᠷᠲᠤᠯ ᠪᠣᠳᠠᠰ ᠭᠠᠳᠠᠭᠰᠢᠯᠠᠭᠤᠯᠬᠤ ᠪᠠᠷᠢᠮᠵᠢᠶ᠎ᠠ (ᠲᠤᠷᠰᠢᠨ ᠬᠡᠷᠡᠭᠵᠢᠭᠦᠯᠬᠦ) ᠵᠢᠨ ᠰᠠᠨᠠᠯ ᠬᠤᠷᠢᠶᠠᠬᠤ ᠨᠣᠣᠷᠠᠭ》  (ᠳᠣᠷᠣᠭᠰᠢ 《ᠪᠠᠷᠢᠮᠵᠢᠶ᠎ᠠ》 ᠭᠡᠵᠦ ᠳᠥᠭᠥᠮᠴᠢᠯᠡᠨ᠎ᠡ)᠎ᠢ ᠲᠤᠭᠤᠷᠪᠢᠵᠤ ᠳᠠᠭᠤᠰᠬᠠᠪᠠ᠃ 《ᠪᠠᠷᠢᠮᠵᠢᠶ᠎ᠠ》᠎ᠳᠤ ᠤᠰᠤᠨ᠎ᠤ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠱᠠᠭ᠋ᠠᠷᠳᠠᠯᠭ᠎ᠠ᠂ ᠤᠰᠤᠨ᠎ᠤ ᠪᠣᠬᠢᠷᠲᠤᠯ ᠪᠣᠳᠠᠰ᠎ᠢ ᠬᠢᠨᠠᠨ ᠬᠡᠮᠵᠢᠬᠦ ᠱᠠᠭ᠋ᠠᠷᠳᠠᠯᠭ᠎ᠠ᠂ ᠬᠡᠷᠡᠭᠵᠢᠭᠦᠯᠬᠦ ᠪᠠ ᠬᠢᠨᠠᠯᠲᠠ ᠲᠠᠯᠪᠢᠬᠤ ᠵᠡᠷᠭᠡ ᠲᠠᠯ᠎ᠠ᠎ᠪᠠᠷ ᠪᠣᠳᠠᠲᠠᠶ ᠱᠠᠭ᠋ᠠᠷᠳᠠᠯᠭ᠎ᠠ ᠳᠤᠷᠠᠳᠤᠭᠰᠠᠨ ᠪᠥᠭᠡᠳ ᠥᠪᠡᠷᠲᠡᠭᠡᠨ ᠵᠠᠰᠠᠬᠤ ᠣᠷᠣᠨ᠎ᠤ ᠲᠠᠷᠢᠶᠠᠯᠠᠩ ᠮᠠᠯ ᠠᠵᠤ ᠠᠬᠤᠢ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠪᠠ ᠪᠠᠶ᠋ᠢᠭᠤᠯᠭ᠎ᠠ ᠵᠢᠨ ᠭᠠᠵᠠᠷ᠂ ᠠᠯᠪᠠᠨ ᠭᠡᠷ᠂ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ ᠰᠠᠨᠠᠯ᠎ᠢ ᠬᠤᠷᠢᠶᠠᠪᠠ᠃
     《ᠪᠠᠷᠢᠮᠵᠢᠶ᠎ᠠ》 ᠵᠢ ᠳᠡᠰ ᠳᠠᠷᠠᠭ᠋ᠠᠯᠠᠯ᠎ᠤᠨ ᠶᠣᠰᠣᠭ᠋ᠠᠷ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠭᠰᠡᠨ᠎ᠤ ᠳᠠᠷᠠᠭ᠎ᠠ᠂ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠦᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠢ ᠠᠯᠬᠤᠮ ᠠᠯᠬᠤᠮ ᠵᠶ᠋ᠠᠷ ᠲᠦᠷᠢᠮᠵᠢᠬᠦᠯᠦᠨ᠂ ᠮᠠᠨ᠎ᠤ ᠣᠷᠣᠨ᠎ᠤ ᠬᠥᠳᠡᠭᠡ ᠲᠣᠰᠬᠣᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ   ᠲᠦᠬᠦᠭᠡᠷᠦᠮᠵᠢ ᠵᠢᠨ ᠤᠰᠤᠨ᠎ᠤ ᠪᠣᠬᠢᠷᠲᠤᠯ ᠡᠳ᠋᠎ᠢ ᠭᠠᠳᠠᠭᠰᠢᠯᠠᠭᠤᠯᠬᠤ᠎ᠳᠤ ᠦᠨᠳᠦᠰᠦᠯᠡᠯ   ᠬᠠᠩᠭ᠋ᠠᠬᠤ ᠪᠣᠯᠤᠨ᠎ᠠ᠃





ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
《ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢᠨ ᠤᠳᠤᠭ᠎ᠠ ᠭᠠᠳᠠᠭᠰᠢᠯᠠᠭᠤᠯᠬᠤ ᠶᠠᠪᠤᠴᠠ (ᠠᠵᠢᠯ ᠎ᠤᠨ ᠪᠠᠢ᠌ᠳᠠᠯ) ᠵᠢ ᠬᠢᠨᠠᠨ ᠡᠵᠡᠮᠳᠡᠬᠦ ᠰᠢᠰᠲ᠋ᠧᠮ᠎ᠢ ᠤᠭᠰᠠᠷᠠᠬᠤ ᠵᠢᠴᠢ ᠰᠢᠯᠭ᠋ᠠᠨ ᠠᠪᠬᠤ ᠮᠡᠷᠭᠡᠵᠢᠯ᠎ᠤᠨ ᠵᠦᠭᠯᠡᠭᠦᠷ》᠎ᠢ ᠲᠤᠰᠬᠠᠶ ᠮᠡᠷᠭᠡᠵᠢᠯᠲᠡᠳ ᠬᠢᠨᠠᠨ ᠵᠥᠪᠯᠡᠪᠡ
《13 · 5》 ᠵᠢᠨ ᠲᠥᠯᠥᠪᠵᠢᠭᠦᠯᠭᠡ ᠵᠢᠨ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ᠎ᠠᠴᠠ ᠦᠵᠡᠪᠡᠯ ᠮᠠᠨ᠎ᠤ ᠣᠷᠣᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ ᠦᠷᠭᠦᠯᠵᠢᠯᠡᠨ ᠰᠠᠶ᠋ᠢᠵᠢᠷᠠᠪᠠ
《ᠰᠢᠨ᠎ᠡ ᠳᠤᠮᠳᠠᠳᠤ ᠤᠯᠤᠰ ᠵᠶ᠋ᠡᠨ ᠮᠠᠭᠲᠠᠨ ᠲᠠᠭᠤᠯᠠᠵᠤ᠂ ᠰᠢᠨ᠎ᠡ ᠴᠠᠭ ᠦᠶ᠎ᠡ᠎ᠳᠤ ᠡᠷᠡᠯᠬᠡᠭᠯᠡᠨ ᠤᠷᠤᠭᠰᠢᠯᠠᠶ᠎ᠠ》 — ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠤᠰᠤᠨ᠎ᠤ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠠᠵᠠᠷ᠎ᠤᠨ ᠨᠠᠮ᠎ᠤᠨ ᠡᠭᠦᠷ᠂ ᠣᠷᠴᠢᠨ ᠲᠣᠭᠣᠷᠢᠨ᠎ᠤ ᠨᠥᠯᠥᠭᠡᠯᠡᠯ᠎ᠢ ᠦᠨᠡᠯᠡᠬᠦ ᠬᠢᠭᠡᠳ ᠭᠠᠳᠠᠭᠰᠢᠯᠠᠭᠤᠯᠬᠤ ᠵᠢ ᠬᠠᠮᠢᠶᠠᠷᠬᠤ ᠭᠠᠵᠠᠷ᠎ᠤᠨ ᠨᠠᠮ᠎ᠤᠨ ᠡᠭᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠢᠨᠵᠧᠨᠧᠷᠢᠩ᠎ᠢ ᠦᠨᠡᠯᠡᠨ ᠵᠢᠱ᠌ᠢᠬᠦ ᠲᠥᠪ᠎ᠤᠨ ᠨᠠᠮ᠎ᠤᠨ ᠡᠭᠦᠷ ᠎ᠤᠨ ᠭᠣᠤᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠶᠠᠩ ᠵᠢᠶᠧ ᠬᠤᠤᠯᠢᠩᠭᠤᠤᠯ ᠬᠣᠲᠠ᠎ᠳᠤ ᠬᠦᠷᠴᠦ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠪᠠᠶ᠋ᠢᠴᠠᠭ᠋ᠠᠨ ᠰᠤᠳᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ  ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠣᠷᠳᠣᠰ ᠬᠣᠲᠠ᠎ᠳᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ ᠦᠷᠨᠢᠬᠦᠯᠬᠦ ᠳᠠᠶ᠋ᠢᠴᠢᠯᠠᠯᠲᠠ ᠵᠢᠨ ᠬᠤᠷᠠᠯ ᠬᠤᠷᠠᠯᠳᠤᠪᠠ
 
             蒙ICP备05000248号