ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠶᠡᠷᠦᠩᠬᠡᠢ ᠱᠦᠵᠢ ᠰᠢ ᠵᠢᠨ ᠫᠢᠩ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ᠎ᠤᠨ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠣᠷᠣᠯᠴᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠣᠢ᠌ᠷ᠎ᠠ ᠵᠢᠨ ᠵᠢᠯ᠎ᠤᠳ᠎ᠠᠴᠠ ᠨᠠᠭ᠋ᠠᠰᠢᠬᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠤ ᠲᠡᠷᠢᠭᠦᠨ᠎ᠤ ᠬᠥᠮᠥᠰ᠎ᠢ ᠢᠯᠡᠷᠡᠭᠦᠯᠬᠦ ᠪᠠ ᠳ᠋ᠦᠩᠨᠡᠵᠦ᠂ ᠰᠢᠯᠢᠳᠡᠭ᠎ᠢ᠎ᠨᠢ ᠬᠥᠬᠢᠭᠦᠯᠦᠨ ᠰᠠᠢ᠌ᠰᠢᠶᠠᠵᠤ᠂ ᠵᠢᠱ᠌ᠢᠶᠡᠴᠢ ᠥᠯᠢᠭᠡᠷ ᠬᠡᠪ᠎ᠢ ᠪᠣᠢ ᠪᠣᠯᠭ᠋ᠠᠨ᠂ ᠥᠷᠭᠡᠨ ᠣᠯᠠᠨ ᠺᠠᠳ᠋ᠷ ᠠᠵᠢᠯᠲᠠᠨ᠎ᠢ ᠳᠠᠢ᠌ᠴᠢᠯᠠᠨ ᠨᠡᠩ ᠢᠳᠡᠪᠬᠢᠲᠡᠢ ᠵᠣᠷᠢᠭ ᠰᠠᠨᠠᠭ᠋ᠠᠨ᠎ᠤ ᠪᠠᠢ᠌ᠳᠠᠯ ᠪᠠ ᠨᠡᠩ ᠪᠣᠳᠠᠲᠠᠢ ᠠᠵᠢᠯ᠎ᠤᠨ ᠣᠪᠣᠷ ᠰᠤᠷᠲᠠᠯ ᠵᠶ᠋ᠠᠷ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠰᠢᠪᠲᠤᠯᠤᠯᠲᠠ ᠵᠢᠨ ᠳᠠᠢ᠌ᠯᠠᠯᠳᠤᠭ᠋ᠠᠨ ᠪᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠳᠠᠭ᠋ᠠᠨ ᠳᠠᠭ᠋ᠠᠭ᠋ᠠᠮᠠᠭ᠋ᠠᠢ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠠᠭᠤᠤ ᠶᠡᠬᠡ ᠦᠢ᠍ᠯᠡᠰ᠎ᠲᠤ ᠣᠷᠣᠯᠴᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠤᠭᠰᠠᠨ ᠦᠨᠡᠨ ᠪᠣᠳᠠᠲᠠᠢ ᠦᠷ᠎ᠡ ᠪᠦᠲᠦᠮᠵᠢ᠎ᠪᠠᠷ᠂ ᠮᠠᠨ᠎ᠤ ᠤᠯᠤᠰ᠎ᠤᠨ ᠤᠮᠠᠷᠠᠲᠤ ᠵᠢᠨ ᠠᠮᠢ ᠠᠬᠤᠢ ᠵᠢᠨ ᠴᠢᠬᠤᠯᠠ ᠠᠮᠤᠷ ᠲᠦᠪᠰᠢᠨ᠎ᠤ ᠬᠠᠯᠬᠠᠪᠴᠢ ᠵᠢ ᠴᠣᠭᠴᠠᠯᠠᠨ ᠪᠠᠢ᠌ᠭᠤᠯᠵᠤ᠂ ᠡᠬᠡ ᠤᠯᠤᠰ᠎ᠤᠨ ᠤᠮᠠᠷᠠᠲᠤ ᠵᠢᠨ ᠦᠵᠡᠰᠬᠦᠯᠡᠩᠲᠦ ᠰᠠᠢ᠌ᠬᠠᠨ ᠦᠵᠡᠮᠵᠢ ᠵᠢᠨ ᠣᠷᠣᠨ᠎ᠢ ᠰᠠᠬᠢᠨ ᠬᠠᠮᠠᠭ᠋ᠠᠯᠠᠬᠤ ᠵᠢᠨ ᠲᠤᠰᠠᠳᠠ᠂ ᠰᠤᠳᠤᠯᠤᠨ ᠲᠣᠭᠲᠠᠭ᠋ᠠᠬᠤ᠎ᠪᠠᠷ ᠳᠠᠮᠵᠢᠭᠤᠯᠤᠨ᠂ ᠪᠦᠬᠦ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ᠎ᠬᠢᠨ᠎ᠳᠤ ᠠᠩᠬᠠᠳᠤᠭ᠋ᠠᠷ ᠬᠤᠭᠤᠴᠠᠭ᠋ᠠᠨ᠎ᠤ 《ᠪᠣᠬᠢᠷᠲᠤᠯ ᠦᠭᠡᠢ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ · ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》 ᠵᠢ ᠬᠢᠨᠠᠨ ᠲᠣᠭᠲᠠᠭ᠋ᠠᠬᠤ ᠠᠵᠢᠯᠯᠠᠭ᠎ᠠ ᠥᠷᠨᠢᠭᠦᠯᠪᠡ᠃ 5 ᠳ᠋ᠤᠭ᠋ᠠᠷ ᠰᠠᠷ᠎ᠠ ᠵᠢᠨ 10᠎ᠤ ᠡᠳᠦᠷ ᠪᠣᠯᠲᠠᠯ᠎ᠠ᠂ ᠨᠡᠢ᠌ᠲᠡ ᠲᠠᠨᠢᠯᠴᠠᠭᠤᠯᠤᠨ ᠳᠡᠪᠰᠢᠭᠦᠯᠦᠭᠰᠡᠨ 44 ᠬᠥᠮᠥᠨ᠎ᠤ ᠨᠡᠷ᠎ᠡ ᠵᠢ ᠲᠣᠰᠴᠠᠢ᠃
5 ᠳ᠋ᠤᠭ᠋ᠠᠷ ᠰᠠᠷ᠎ᠠ ᠵᠢᠨ 13᠎ᠤ ᠡᠳᠦᠷ᠂ 《ᠪᠣᠬᠢᠷᠲᠤᠯ ᠦᠭᠡᠢ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ · ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》 ᠵᠢ ᠬᠢᠨᠠᠨ ᠲᠣᠭᠲᠠᠭ᠋ᠠᠬᠤ ᠺᠣᠮᠢᠰ᠎ᠠᠴᠠ ᠬᠢᠨᠠᠨ ᠲᠣᠭᠲᠠᠭ᠋ᠠᠬᠤ ᠬᠤᠷᠠᠯ᠎ᠢ ᠬᠤᠷᠠᠯᠳᠤᠭᠤᠯᠤᠨ᠂ ᠲᠢᠩᠬᠢᠮ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠪᠦᠬᠦ ᠶᠠᠪᠤᠴᠠ ᠵᠢᠨ ᠬᠢᠨᠠᠯᠲᠠ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠠᠩᠬᠠᠳᠤᠭ᠋ᠠᠷ ᠬᠤᠭᠤᠴᠠᠭ᠋ᠠᠨ᠎ᠤ 《ᠪᠣᠬᠢᠷᠲᠤᠯ ᠦᠭᠡᠢ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ · ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》 ᠵᠢ ᠬᠢᠨᠠᠨ ᠲᠣᠭᠲᠠᠭ᠋ᠠᠬᠤ ᠲᠥᠰᠥᠯ᠎ᠤᠨ ᠲᠣᠭᠲᠠᠭ᠋ᠠᠯ᠎ᠢ ᠦᠨᠳᠦᠰᠦᠯᠡᠨ᠂ ᠨᠡᠢ᠌ᠲᠡ 17 ᠬᠥᠮᠥᠨ᠎ᠢ ᠰᠣᠩᠭᠣᠨ ᠭᠠᠷᠭ᠋ᠠᠵᠤ ᠵᠠᠷᠯᠠᠨ ᠨᠡᠢ᠌ᠲᠡᠯᠡᠪᠡ᠃ ᠵᠠᠷᠯᠠᠨ ᠨᠡᠢ᠌ᠲᠡᠯᠡᠬᠦ ᠬᠤᠭᠤᠴᠠᠭ᠎ᠠ᠎ᠨᠢ 2019 ᠣᠨ᠎ᠤ 5 ᠳ᠋ᠤᠭ᠋ᠠᠷ ᠰᠠᠷ᠎ᠠ ᠵᠢᠨ 14᠎ᠤ ᠡᠳᠦᠷ — 2019 ᠣᠨ᠎ᠤ 5 ᠳ᠋ᠤᠭ᠋ᠠᠷ ᠰᠠᠷ᠎ᠠ ᠵᠢᠨ 20᠎ᠤ ᠡᠳᠦᠷ᠃
ᠵᠠᠷᠯᠠᠨ ᠨᠡᠢ᠌ᠲᠡᠯᠡᠬᠦ ᠬᠤᠭᠤᠴᠠᠭ᠋ᠠᠨ᠎ᠳᠤ᠂ ᠬᠢᠨᠠᠨ ᠲᠣᠭᠲᠠᠭ᠋ᠠᠬᠤ ᠵᠢ ᠥᠩᠭᠡᠷᠡᠭᠰᠡᠨ ᠬᠥᠮᠥᠰ᠎ᠲᠤ᠂ ᠶᠠᠮᠠᠷᠪᠠ ᠨᠢᠭᠡᠴᠢ ᠪᠠ ᠬᠤᠪᠢ ᠬᠥᠮᠥᠨ᠎ᠠᠴᠠ ᠤᠲᠠᠰᠤ ᠢᠷᠡᠭᠦᠯᠬᠦ᠂ ᠵᠠᠬᠢᠳᠠᠯ ᠢᠷᠡᠭᠦᠯᠬᠦ᠂ ᠰᠤᠷᠪᠤᠯᠵᠢᠯᠠᠬᠤ ᠵᠡᠷᠭᠡ ᠠᠷᠭ᠎ᠠ ᠬᠡᠯᠪᠡᠷᠢ᠎ᠪᠠᠷ᠂ 《ᠪᠣᠬᠢᠷᠲᠤᠯ ᠦᠭᠡᠢ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ · ᠦᠨᠳᠦᠰᠦᠨ ᠱᠠᠲᠤᠨ᠎ᠤ ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》 ᠵᠢ ᠬᠢᠨᠠᠨ ᠲᠣᠭᠲᠠᠭ᠋ᠠᠬᠤ ᠺᠣᠮᠢᠰ᠎ᠲᠤ ᠠᠰᠠᠭᠤᠳᠠᠯ᠎ᠢ ᠲᠤᠰᠬᠠᠵᠤ ᠪᠣᠯᠣᠨ᠎ᠠ᠃ ᠠᠰᠠᠭᠤᠳᠠᠯ᠎ᠢ ᠲᠤᠰᠬᠠᠬᠤ᠎ᠳᠤ᠎ᠪᠠᠨ ᠦᠨᠡᠨ ᠪᠣᠳᠠᠲᠠᠢ ᠦᠨᠳᠦᠰᠦ ᠪᠠᠷᠢᠮᠲᠠ᠎ᠲᠠᠢ ᠪᠠᠢ᠌ᠬᠤ ᠵᠢ ᠱᠠᠭ᠋ᠠᠷᠳᠠᠬᠤ ᠵᠢᠨ ᠬᠠᠮᠲᠤ᠂ ᠪᠢᠴᠢᠭ᠎ᠤᠨ ᠬᠡᠯᠪᠡᠷᠢ ᠵᠢᠨ ᠮᠠᠲ᠋ᠧᠷᠢᠶᠠᠯ᠂ ᠦᠨᠡᠨ ᠨᠡᠷ᠎ᠡ᠂ ᠬᠠᠷᠢᠯᠴᠠᠬᠤ ᠤᠲᠠᠰᠤ᠎ᠪᠠᠨ ᠳᠠᠭ᠋ᠠᠯᠳᠤᠭᠤᠯᠵᠤ᠂ ᠬᠢᠨᠠᠨ ᠨᠤᠲᠠᠯᠠᠬᠤ ᠪᠠ ᠪᠠᠢ᠌ᠴᠠᠭ᠋ᠠᠬᠤ ᠠᠵᠢᠯ᠎ᠳᠤ ᠳᠥᠭᠥᠮ ᠦᠵᠡᠭᠦᠯᠬᠦ ᠬᠡᠷᠡᠭᠲᠡᠢ᠃ ᠵᠠᠷᠯᠠᠨ ᠨᠡᠢ᠌ᠲᠡᠯᠡᠭᠰᠡᠨ ᠮᠡᠳᠡᠭᠡ ᠵᠠᠩᠭᠢ᠎ᠳᠤ ᠠᠯᠳᠠᠭ᠎ᠠ ᠪᠤᠷᠤᠭᠤ ᠪᠠᠢ᠌ᠪᠠᠯ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠥᠵᠢᠯ᠎ᠤᠨ ᠲᠥᠪ᠎ᠲᠠᠢ ᠬᠠᠷᠢᠯᠴᠠᠵᠤ ᠵᠠᠰᠠᠨ ᠵᠠᠯᠠᠷᠠᠭᠤᠯᠬᠤ ᠵᠢ ᠬᠦᠰᠡᠵᠦ ᠪᠠᠢ᠌ᠨ᠎ᠠ᠃
ᠬᠠᠷᠢᠯᠴᠠᠬᠤ ᠤᠲᠠᠰᠤ᠄ 0471 — 4632188
《 ᠪᠣᠬᠢᠷᠲᠤᠯ ᠦᠭᠡᠢ ᠥᠪᠥᠷ ᠮᠣᠩᠭᠣᠯ᠎ᠢ ᠪᠦᠲᠦᠭᠡᠨ ᠪᠠᠢ᠌ᠭᠤᠯᠬᠤ · ᠦᠨᠳᠦᠰᠦᠨ ᠱᠠᠲᠤᠨ᠎ᠤ
ᠬᠠᠮᠤᠭ᠎ᠤᠨ ᠰᠠᠢ᠌ᠬᠠᠨ ᠣᠷᠴᠢᠨ ᠲᠣᠭᠣᠷᠢᠨ᠎ᠤ ᠬᠠᠮᠠᠭ᠋ᠠᠯᠠᠭᠴᠢ》᠎ᠪᠠᠷ ᠰᠣᠩᠭᠣᠭᠳᠠᠭᠰᠠᠨ ᠨᠡᠷᠡᠰ
ᠬᠤᠸᠠᠩ ᠰᠦ᠍ ᠵᠢᠶᠦ᠋ᠨ ᠬᠥᠬᠡᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠪᠣᠬᠢᠷᠲᠤᠯ ᠡᠳ᠋᠎ᠤᠨ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠲᠠᠰᠤᠭ᠎ᠤᠨ ᠳᠠᠷᠤᠭ᠎ᠠ
ᠯᠢᠦ ᠭᠧ ᠫᠢᠩ ᠪᠤᠭᠤᠲᠤ ᠬᠣᠲᠠ ᠵᠢᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠠᠩᠭᠢ ᠵᠢᠨ ᠳᠡᠳ᠋ ᠳᠠᠷᠤᠭ᠎ᠠ
ᠴᠢᠨ ᠡᠾᠦ᠋ᠩ ᠯᠢᠶᠠᠩ ᠬᠥᠯᠥᠨ ᠪᠣᠢ᠌ᠷ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠲᠥᠯᠥᠪᠵᠢᠭᠦᠯᠭᠡ ᠪᠠ ᠡᠳ᠋᠎ᠤᠨ ᠶᠠᠪᠤᠳᠠᠯ᠎ᠤᠨ ᠰᠠᠯᠠᠭ᠎ᠠ ᠵᠢᠨ ᠳᠠᠷᠤᠭ᠎ᠠ
ᠵᠢᠶᠠᠩ ᠺᠠᠢ ᠰᠧᠨ ᠬᠢᠩᠭ᠋ᠠᠨ ᠠᠢ᠌ᠮᠠᠭ᠎ᠤᠨ ᠣᠷᠴᠢᠨ ᠲᠣᠭᠣᠷᠢᠨ᠎ᠤ ᠬᠢᠨᠠᠨ ᠬᠡᠮᠵᠢᠬᠦ ᠥᠷᠲᠡᠭᠡᠨ᠎ᠤ ᠭᠠᠳᠠᠷ ᠲᠠᠯ᠎ᠠ ᠵᠢᠨ ᠣᠷᠴᠢᠨ ᠲᠣᠭᠣᠷᠢᠨ᠎ᠤ ᠬᠢᠨᠠᠨ ᠬᠡᠮᠵᠢᠬᠦ ᠲᠠᠰᠤᠭ᠎ᠤᠨ ᠡᠷᠬᠢᠯᠡᠭᠴᠢ
ᠯᠢᠨ ᠶᠠᠨ ᠲᠦᠩᠯᠢᠶᠣᠣ ᠬᠣᠲᠠ ᠵᠢᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠠᠩᠭᠢ ᠵᠢᠨ ᠳᠠᠷᠤᠭ᠎ᠠ
ᠸᠠᠩ ᠵᠤᠤ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠢᠨᠠᠨ ᠪᠠᠢ᠌ᠴᠠᠭ᠋ᠠᠬᠤ ᠠᠯᠪᠠᠨ ᠭᠡᠷ᠎ᠤᠨ ᠡᠷᠬᠢᠯᠡᠭᠴᠢ
ᠤᠯᠠᠭ᠋ᠠᠨ ᠰᠢᠯᠢ ᠵᠢᠨ ᠭᠣᠣᠯ ᠠᠢ᠌ᠮᠠᠭ᠎ᠤᠨ ᠰᠢᠯᠢᠩᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠶᠡᠷᠦᠩᠬᠡᠢ ᠬᠡᠮᠵᠢᠶᠡᠨ᠎ᠤ ᠲᠠᠰᠤᠭ᠎ᠤᠨ ᠳᠠᠷᠤᠭ᠎ᠠ
ᠳ᠋ᠢᠩ ᠵᠢᠶᠠᠨ ᠸᠧᠢ ᠤᠯᠠᠭ᠋ᠠᠨᠴᠠᠪ ᠬᠣᠲᠠ ᠵᠢᠨ ᠱᠠᠩᠳᠤ ᠰᠢᠶᠠᠨ᠎ᠤ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠶᠡᠬᠡ ᠠᠩᠭᠢ ᠵᠢᠨ ᠳᠡᠳ᠋ ᠳᠠᠷᠤᠭ᠎ᠠ
ᠢᠦᠢ ᡁᠢ ᠵᠦᠩ ᠣᠷᠳᠣᠰ ᠬᠣᠲᠠ ᠵᠢᠨ ᠣᠷᠣᠨ ᠲᠣᠭᠣᠷᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠠᠩᠭᠢ ᠵᠢᠨ ᠳᠠᠷᠤᠭ᠎ᠠ
ᠵᠢᠶᠠ ᠢ ᠯᠦᠩ ᠪᠠᠶᠠᠨᠨᠠᠭᠤᠷ ᠬᠣᠲᠠ ᠵᠢᠨ ᠳ᠋ᠧᠩ ᠺᠧᠦ ᠰᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠢᠨᠠᠯᠲᠠ ᠬᠠᠮᠢᠶᠠᠷᠤᠯᠲᠠ ᠵᠢᠨ ᠲᠠᠰᠤᠭ᠎ᠤᠨ ᠳᠠᠷᠤᠭ᠎ᠠ
ᠵᠠᠩ ᠯᠢ ᠡᠾᠦ᠋ᠩ ᠦᠬᠠᠢ ᠬᠣᠲᠠ ᠵᠢᠨ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠬᠤ ᠰᠠᠯᠠᠭ᠎ᠠ ᠠᠩᠭᠢ ᠵᠢᠨ ᠬᠢᠨᠠᠨ ᠪᠠᠢ᠌ᠴᠠᠭ᠋ᠠᠴᠢ
ᠸᠠᠩ ᠶᠦᠩ ᠵᠢᠶᠦ᠋ᠨ ᠠᠯᠠᠱ᠌ᠠ ᠠᠢ᠌ᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠡᠵᠡᠨ᠎ᠡ ᠬᠣᠰᠢᠭᠤᠨ᠎ᠤ ᠬᠤᠪᠢᠶᠠᠷᠢ ᠲᠣᠪᠴᠢᠶ᠎ᠠ ᠵᠢᠨ ᠳᠡᠳ᠋ ᠳᠠᠷᠤᠭ᠎ᠠ
ᠴᠧᠨ ᠢᠦᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠤᠮᠳᠠ ᠬᠡᠰᠡᠭ ᠣᠷᠣᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠢ᠌ᠴᠠᠭ᠋ᠠᠬᠤ ᠲᠥᠪ᠎ᠤᠨ ᠬᠢᠨᠠᠨ ᠪᠠᠢ᠌ᠴᠠᠭ᠋ᠠᠬᠤ ᠨᠢᠭᠡᠳᠦᠭᠡᠷ ᠰᠠᠯᠠᠭ᠋ᠠᠨ᠎ᠤ ᠳᠡᠳ᠋ ᠳᠠᠷᠤᠭ᠎ᠠ
ᠿᠧᠨ ᠶᠤᠸᠠᠨ ᠵᠧ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠪ ᠥᠷᠲᠡᠭᠡᠨ᠎ᠤ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠎ᠢ ᠬᠢᠨᠠᠨ ᠬᠡᠮᠵᠢᠵᠦ ᠵᠢᠱ᠌ᠢᠨ ᠮᠡᠳᠡᠭᠦᠯᠬᠦ ᠲᠥᠪ᠎ᠤᠨ ᠳᠡᠳ᠋ ᠡᠷᠬᠢᠯᠡᠭᠴᠢ
ᠴᠢ ᠢᠦᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠬᠦᠷᠢᠶᠡᠯᠡᠩ᠎ᠤᠨ ᠲᠥᠯᠥᠪᠵᠢᠭᠦᠯᠭᠡ ᠵᠢᠨ ᠲᠠᠰᠤᠭ᠎ᠤᠨ ᠠᠵᠢᠯᠲᠠᠨ
ᠸᠠᠩ ᠱᠣᠣ ᠸᠧᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠴᠢᠨ ᠲᠣᠭᠣᠷᠢᠨ᠎ᠤ ᠢᠨᠵᠧᠨᠧᠷᠢᠩ᠎ᠤᠨ ᠦᠨᠡᠯᠡᠨ ᠵᠢᠱ᠌ᠢᠬᠦ ᠲᠥᠪ᠎ᠤᠨ ᠶᠡᠷᠦᠩᠬᠡᠢ ᠢᠨᠵᠧᠨᠧᠷ
ᠾᠧ ᠨᠠ ᠥᠪᠥᠷ ᠮᠣᠩᠭᠣᠯ᠎ᠤᠨ ᠣᠷᠴᠢᠨ ᠲᠣᠭᠣᠷᠢᠨ᠎ᠤ ᠰᠦᠯᠵᠢᠶ᠎ᠡ᠎ᠪᠠᠷ ᠬᠢᠨᠠᠨ ᠡᠵᠡᠮᠳᠡᠬᠦ ᠲᠥᠪ᠎ᠤᠨ ᠮᠡᠳᠡᠭᠡ ᠵᠠᠩᠭᠢ ᠵᠢᠨ ᠰᠠᠯᠠᠭ᠎ᠠ ᠵᠢᠨ ᠳᠡᠳ᠋ ᠳᠠᠷᠤᠭ᠎ᠠ