ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠬᠢᠵᠢᠭ᠎ᠤᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠰᠠᠯᠠᠵᠤ᠂ 《ᠬᠠᠶᠠᠭᠳᠠᠮᠠᠯ᠎ᠢ ᠠᠷᠢᠯᠭ᠋ᠠᠬᠤ ᠠᠵᠢᠯᠯᠠᠭ᠎ᠠ》 《ᠠᠯᠤᠰ ᠰᠡᠷᠡᠯ᠎ᠤᠨ ᠬᠠᠤᠯᠢ ᠬᠡᠷᠡᠭᠵᠢᠭᠦᠯᠦᠯᠲᠡ ᠵᠢᠨ ᠠᠵᠢᠯᠯᠠᠭ᠎ᠠ》 ᠥᠷᠨᠢᠭᠦᠯᠪᠡ
ᠨᠡᠶ᠋ᠢᠲᠡᠯᠡᠭᠰᠡᠨ ᠴᠠᠭ᠄ 2020-11-30

      ᠶᠡᠷᠦᠩᠬᠡᠶ ᠱᠦᠵᠢ ᠰᠢ ᠵᠢᠨ ᠫᠢᠩ᠎ᠤᠨ ᠬᠥᠬᠡᠮᠥ᠋ᠷᠡᠨ᠎ᠤ ᠠᠵᠤ ᠠᠬᠤᠶ ᠵᠢᠨ ᠪᠦᠰᠡ ᠵᠢᠨ ᠬᠥᠭᠵᠢᠯᠲᠡ ᠵᠢ ᠭᠦᠨᠵᠡᠭᠡᠶ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠰᠢᠯᠵᠢᠭᠦᠯᠬᠦ ᠪᠠ ᠬᠦᠬᠡᠮᠦ᠋ᠷᠡᠨ᠎ᠳᠤ ᠴᠢᠳᠬᠤᠬᠤ ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠢᠩᠭ᠎ᠠ ᠴᠣᠬᠢᠯᠲᠠ ᠦᠭᠬᠦ ᠵᠢᠨ ᠲᠦᠯᠦᠭᠡ᠂ 《ᠬᠥᠬᠡᠮᠥ᠋ᠷᠡᠨ᠎ᠢ ᠬᠠᠮᠠᠭ᠋ᠠᠯᠠᠨ ᠰᠡᠷᠭᠦᠭᠡᠬᠦ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠠᠵᠢᠯᠯᠠᠭ᠋ᠠᠨ᠎ᠤ ᠲᠥᠯᠥᠪᠯᠡᠭᠡ》 ᠵᠢ ᠦᠨᠳᠦᠰᠦᠯᠡᠨ᠂ 2019 ᠣᠨ᠎ᠤ 4 ᠰᠠᠷ᠎ᠠ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ   ᠬᠦᠬᠡᠮᠦ᠋ᠷᠡᠨ᠎ᠤ ᠠᠵᠤ ᠠᠬᠤᠶ ᠵᠢᠨ ᠪᠦᠰᠡ ᠵᠢᠨ 11 ᠮᠤᠵᠢ (ᠬᠣᠲᠠ) ᠵᠢᠨ 126 ᠬᠣᠲᠠ ᠵᠢᠴᠢ 3 ᠮᠤᠵᠢ ᠵᠢᠨ ᠰᠢᠭᠤᠳ ᠬᠠᠮᠢᠶᠠᠷᠤᠯᠲᠠ ᠵᠢᠨ ᠰᠢᠶᠠᠨ᠎ᠤ ᠲᠠᠰ᠎ᠤᠨ ᠬᠣᠲᠠ᠎ᠳᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠶ ᠠᠵᠢᠯᠯᠠᠭ᠎ᠠ ᠵᠢ ᠪᠥᠬᠥ ᠲᠠᠯ᠎ᠠ᠎ᠪᠠᠷ ᠡᠬᠢᠯᠡᠭᠦᠯᠪᠡ (ᠳᠥᠭᠥᠮᠴᠢᠯᠡᠭᠡᠳ 《ᠬᠠᠶᠠᠭᠳᠠᠮᠠᠯ᠎ᠢ ᠠᠷᠢᠯᠭ᠋ᠠᠬᠤ ᠠᠵᠢᠯᠯᠠᠭ᠎ᠠ 2019》 ᠭᠡᠨ᠎ᠡ)᠃
     《ᠠᠯᠤᠰ ᠰᠡᠷᠡᠯ᠎ᠤᠨ ᠬᠠᠤᠯᠢ ᠬᠡᠷᠡᠭᠵᠢᠭᠦᠯᠦᠯᠲᠡ》᠂ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠬᠢᠨᠠᠨ ᠬᠠᠮᠢᠶᠠᠷᠤᠯᠲᠠ᠎ᠳᠤ ᠲᠤᠰᠠᠯᠠᠨ᠎ᠠ
     《ᠬᠠᠶᠠᠭᠳᠠᠮᠠᠯ᠎ᠢ ᠠᠷᠢᠯᠭ᠋ᠠᠬᠤ ᠠᠵᠢᠯᠯᠠᠭ᠎ᠠ 2019》᠎ᠨᠢ ᠳᠠᠭ᠋ᠠᠭᠤᠯᠢ ᠣᠳᠣᠨ᠎ᠤ ᠠᠯᠤᠰ ᠰᠡᠷᠡᠯ᠂ ᠨᠢᠰᠳᠡᠭ ᠳᠤᠷᠠᠨ᠎ᠤ ᠠᠭ᠋ᠠᠷ᠎ᠠᠴᠠ ᠵᠢᠷᠤᠭᠯᠠᠬᠤ ᠵᠢ ᠬᠡᠷᠡᠭᠯᠡᠵᠦ᠂ ᠵᠠᠬᠢᠳᠠᠯ ᠰᠤᠷᠪᠤᠯᠵᠢᠯᠠᠭ᠎ᠠ᠎ᠪᠠᠷ ᠢᠯᠡᠴᠢᠯᠡᠨ ᠮᠡᠳᠡᠭᠦᠯᠬᠦ ᠬᠡᠷᠡᠭ ᠵᠡᠷᠭᠡ ᠵᠢᠭᠰᠠᠭ᠋ᠠᠨ ᠪᠠᠶ᠋ᠢᠴᠠᠭ᠋ᠠᠬᠤ ᠠᠷᠭ᠎ᠠ ᠮᠠᠶᠢᠭ᠎ᠲᠠᠢ ᠤᠶᠠᠯᠳᠤᠭᠤᠯᠤᠨ ᠰᠡᠵᠢᠭᠲᠡᠶ ᠠᠰᠠᠭᠤᠳᠠᠯ᠎ᠤᠨ ᠨᠠᠷᠢᠨ ᠳᠠᠩᠰᠠ ᠵᠢ ᠪᠦᠷᠢᠯᠳᠦᠭᠦᠯᠵᠦ᠂ ᠲᠤᠬᠠᠶ ᠵᠢᠨ ᠲᠠᠯᠠᠪᠠᠶ᠎ᠳᠤ 1944 ᠠᠰᠠᠭᠤᠳᠠᠯ᠎ᠢ ᠬᠢᠨᠠᠨ ᠨᠤᠲᠠᠯᠠᠵᠠᠢ᠂ ᠡᠭᠦᠨ᠎ᠤ ᠳᠣᠲᠣᠷ᠎ᠠ1550 ᠠᠰᠠᠭᠤᠳᠠᠯ᠎ᠨᠢ ᠳᠠᠭ᠋ᠠᠭᠤᠯᠢ ᠣᠳᠣ ᠪᠣᠯᠤᠨ ᠨᠢᠰᠳᠡᠭ ᠳᠤᠷᠠᠨ᠎ᠠᠴᠠ ᠢᠷᠡᠯᠲᠡᠶ᠂ ᠨᠤᠲᠠᠯᠠᠭᠰᠠᠨ ᠠᠰᠠᠭᠤᠳᠠᠯ᠎ᠤᠨ ᠪᠥᠬᠥ ᠲᠣᠭ᠋ᠠᠨ᠎ᠤ 79.7% ᠵᠢ ᠡᠵᠡᠯᠡᠵᠦ ᠪᠠᠢ᠍ᠢ᠍ᠨ᠎ᠠ᠃
      ᠣᠳᠣ ᠪᠣᠯᠲᠠᠯ᠎ᠠ᠂ ᠳᠠᠭ᠋ᠠᠭᠤᠯᠢ ᠣᠳᠣᠨ᠎ᠤ ᠠᠯᠤᠰ ᠰᠡᠷᠡᠯ᠎ᠤᠨ 《ᠡᠷᠭᠢᠵᠦ ᠬᠠᠷᠠᠬᠤ》᠎ᠪᠠᠷ ᠳᠠᠮᠵᠢᠨ᠂ ᠨᠢᠭᠡᠨᠲᠡ 1904 ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠵᠤ᠂ ᠡᠵᠡᠯᠡᠬᠦ ᠬᠠᠷᠢᠴᠠᠯ᠎ᠨᠢ 97.9% ᠪᠣᠯᠬᠤ ᠵᠢ ᠪᠠᠲᠤᠯᠠᠪᠠ᠃ ᠡᠨᠡ ᠪᠣᠯ ᠠᠯᠤᠰ ᠰᠡᠷᠡᠯ᠎ᠤᠨ ᠮᠡᠷᠭᠡᠵᠢᠯ᠎ᠢ ᠠᠩᠬ᠎ᠠ ᠤᠳᠠᠭ᠎ᠠ ᠶᠡᠬᠡ ᠬᠡᠪᠴᠢᠶᠡᠨ᠎ᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠢᠯᠭ᠋ᠠᠨ ᠲᠠᠨᠢᠬᠤ ᠪᠠ ᠬᠢᠨᠠᠨ ᠬᠠᠮᠢᠶᠠᠷᠤᠯᠲᠠ ᠵᠢᠨ ᠬᠠᠤᠯᠢ ᠵᠢ ᠬᠡᠷᠡᠭᠵᠢᠬᠦᠯᠬᠦ ᠠᠵᠢᠯᠯᠠᠭ᠎ᠠ᠎ᠳᠤ ᠬᠡᠷᠡᠭᠯᠡᠵᠦ ᠪᠠᠢ᠍ᠢ᠍ᠭ᠎ᠠ ᠶᠠᠪᠤᠳᠠᠯ ᠪᠣᠯᠤᠨ᠎ᠠ᠃ ᠮᠥᠨ ᠴᠦ᠍ 《ᠬᠠᠶᠠᠭᠳᠠᠮᠠᠯ᠎ᠢ ᠠᠷᠢᠯᠭ᠋ᠠᠬᠤ ᠠᠵᠢᠯᠯᠠᠭ᠎ᠠ 2019》᠎ᠤ ᠦᠢ᠍ᠯᠡᠳᠦᠯᠭᠡ ᠳᠤᠮᠳᠠ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠠᠯᠤᠰ ᠰᠡᠷᠡᠯ᠎ᠤᠨ ᠲᠠᠢ᠍ᠢ᠍ᠯᠪᠤᠷᠢ ᠳᠦᠷᠢᠮᠵᠢᠯ᠎ᠢ ᠰᠦᠪᠡᠭᠴᠢᠯᠡᠨ ᠪᠠᠢ᠍ᠢ᠍ᠭᠤᠯᠪᠠ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠴᠡᠭᠴᠡᠯᠡᠨ ᠵᠠᠰᠠᠬᠤ ᠠᠯᠤᠰ ᠰᠡᠷᠡᠯ᠎ᠤᠨ ᠬᠢᠨᠠᠨ ᠬᠠᠷᠭᠤᠭᠤᠯᠬᠤ ᠮᠡᠷᠭᠡᠵᠢᠯ᠎ᠤᠨ ᠰᠢᠪᠲᠤᠯᠤᠯᠲᠠ᠎ᠨᠢ 《ᠠᠯᠤᠰ ᠰᠡᠷᠡᠯ᠎ᠤᠨ ᠬᠠᠤᠯᠢ ᠬᠡᠷᠡᠭᠵᠢᠭᠦᠯᠦᠯᠲᠡ》 ᠵᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠬᠦᠷᠢᠶᠡᠨ᠎ᠳᠠᠬᠢ ᠠᠩᠬᠠᠳᠠᠭᠴᠢ ᠲᠤᠷᠰᠢᠯᠲᠠ ᠪᠣᠯᠤᠨ᠎ᠠ᠃
      ᠳᠥᠷᠪᠡᠨ ᠠᠯᠬᠤᠮ ᠵᠶ᠋ᠠᠷ 《ᠡᠭᠦᠯᠡᠨ ᠵᠣᠭᠰᠣᠭ᠋ᠠᠯᠲᠠ》 ᠶᠠᠪᠤᠭᠳᠠᠭᠤᠯᠵᠤ᠂ ᠰᠦᠯᠵᠢᠶᠡᠨ ᠳᠡᠭᠡᠷ᠎ᠡ ᠥᠨᠳᠥᠷ ᠪᠦᠲᠦᠮᠵᠢᠲᠡᠢ ᠭᠦᠢ᠍ᠴᠡᠳᠬᠡᠨ᠎ᠡ᠃
     《ᠬᠠᠶᠠᠭᠳᠠᠮᠠᠯ ᠠᠷᠢᠯᠭ᠋ᠠᠬᠤ ᠠᠵᠢᠯᠯᠠᠭ᠎ᠠ 2019》᠎ᠤᠨ ᠤᠤᠯ᠎ᠤᠨ ᠠᠵᠢᠯ᠎ᠤᠨ ᠲᠥᠯᠥᠪᠯᠡᠭᠡ ᠶᠣᠰᠣᠭ᠋ᠠᠷ᠂ 2020 ᠣᠨ᠎ᠤ ᠳᠡᠭᠡᠷ᠎ᠡ ᠬᠠᠭ᠋ᠠᠰ ᠵᠢᠯ᠎ᠳᠤ ᠶᠠᠮᠤᠨ᠎ᠤ ᠲᠡᠰ᠎ᠤᠨ ᠫᠠᠶ᠋ᠢᠰᠠ ᠡᠯᠭᠦᠨ ᠴᠡᠭᠴᠡᠯᠡᠨ ᠰᠠᠶ᠋ᠢᠵᠢᠷᠠᠭᠤᠯᠬᠤ ᠠᠰᠠᠭᠤᠳᠠᠯ᠎ᠢ ᠵᠣᠭᠰᠣᠭ᠋ᠠᠬᠤ ᠳᠠᠷᠠᠭ᠋ᠠᠯᠠᠯ᠎ᠢ ᠡᠬᠢᠯᠡᠭᠦᠯᠬᠦ ᠴᠢᠬᠤᠯᠠᠲᠠᠶ (ᠳᠥᠭᠥᠮᠴᠢᠯᠡᠭᠡᠳ ᠡᠯᠭᠦᠬᠦ ᠵᠢ ᠵᠣᠭᠰᠣᠭ᠋ᠠᠬᠤ ᠭᠡᠳᠡᠭ) ᠪᠠᠢ᠌ᠵᠤ᠂ ᠬᠢᠵᠢᠭ᠎ᠢ ᠰᠡᠷᠭᠡᠢ᠍ᠢ᠍ᠯᠡᠨ ᠡᠵᠡᠮᠳᠡᠬᠦ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢᠨ ᠬᠠᠮᠲᠤ᠂ ᠫᠠᠶ᠋ᠢᠰᠠ ᠡᠯᠭᠦᠨ ᠬᠢᠨᠠᠨ ᠭᠦᠢ᠍ᠴᠡᠳᠬᠡᠯᠭᠡᠬᠦ ᠠᠰᠠᠭᠤᠳᠠᠯ᠎ᠢ ᠬᠤᠭᠤᠴᠠᠭ᠎ᠠ ᠶᠣᠰᠣᠭ᠋ᠠᠷ ᠡᠯᠭᠦᠬᠦ ᠵᠢ ᠵᠣᠭᠰᠣᠭ᠋ᠠᠬᠤ ᠵᠢ ᠦᠨᠡᠨᠬᠦ ᠪᠠᠲᠤᠯᠠᠵᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠨᠢ ᠡᠯᠭᠦᠬᠦ ᠵᠢ ᠵᠣᠭᠰᠣᠭ᠋ᠠᠬᠤ ᠠᠵᠢᠯ᠎ᠤᠨ ᠪᠠᠷᠢᠮᠵᠢᠶ᠎ᠠ ᠵᠢ ᠪᠠᠭᠤᠷᠠᠭᠤᠯᠬᠤ ᠥᠬᠡᠶ ᠤᠷᠢᠲᠠᠯ ᠳᠣᠤᠷ᠎ᠠ᠂ ᠬᠢᠨᠠᠨ ᠭᠦᠢ᠍ᠴᠡᠳᠬᠡᠯᠭᠡᠬᠦ ᠴᠡᠭᠴᠡᠯᠡᠨ ᠰᠠᠶ᠋ᠢᠵᠢᠷᠠᠭᠤᠯᠬᠤ ᠠᠰᠠᠭᠤᠳᠠᠯ᠎ᠢ ᠳᠥᠷᠪᠡᠨ ᠠᠯᠬᠤᠮ ᠵᠶ᠋ᠠᠷ 《ᠡᠭᠦᠯᠡᠨ ᠵᠤᠭᠰᠤᠭ᠋ᠠᠯᠳᠠ》 ᠵᠢ ᠶᠠᠪᠤᠭᠳᠠᠭᠤᠯᠤᠨ᠎ᠠ᠃
      ᠨᠢᠭᠡᠳᠦᠭᠡᠷ ᠠᠯᠬᠤᠮ᠎ᠳᠤ᠂ ᠡᠯᠭᠦᠬᠦ ᠵᠢ ᠵᠣᠭᠰᠣᠭ᠋ᠠᠬᠤ᠎ᠪᠠᠷ ᠭᠤᠶᠤᠴᠢᠯᠠᠭᠰᠠᠨ ᠮᠠᠲ᠋ᠧᠷᠢᠶᠠᠯ᠎ᠢ ᠳᠠᠬᠢᠨ ᠳᠠᠪᠲᠠᠨ ᠬᠢᠨᠠᠨ ᠬᠠᠷᠭᠤᠭᠤᠯᠤᠨ᠎ᠠ᠃ ᠣᠷᠣᠨ ᠨᠤᠲᠤᠭ᠎ᠤᠨ ᠡᠯᠭᠦᠬᠦ ᠵᠢ ᠵᠣᠭᠰᠣᠭ᠋ᠠᠬᠤ ᠮᠠᠲ᠋ᠧᠷᠢᠶᠠᠯ᠎ᠢ ᠨᠠᠷᠢᠨ ᠨᠢᠮᠪᠠᠶ ᠬᠢᠨᠠᠵᠤ ᠰᠢᠯᠭ᠋ᠠᠨ᠎ᠠ᠂ ᠢᠯᠠᠩᠭᠤᠶ᠎ᠠ ᠬᠣᠯᠪᠣᠭᠳᠠᠯ ᠪᠦᠬᠦᠢ ᠲᠤᠬᠠᠶ ᠵᠢᠨ ᠲᠠᠯᠠᠪᠤᠷ ᠪᠣᠯᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠤᠨ ᠭᠡᠷᠡᠯ ᠵᠢᠷᠤᠭ᠂ 《ᠠᠷᠢᠯᠭ᠋ᠠᠬᠤ᠂ ᠡᠬᠢ ᠰᠤᠷᠪᠤᠯᠵᠢ ᠵᠢ᠎ᠨᠢ ᠡᠷᠢᠬᠦ᠂ ᠰᠢᠢ᠍ᠳᠭᠡᠬᠦ᠂ ᠢᠯᠡ ᠪᠣᠯᠭ᠋ᠠᠬᠤ》 ᠳᠥᠷᠪᠡᠨ ᠱᠠᠭ᠋ᠠᠷᠳᠠᠯᠭ᠎ᠠ᠎ᠲᠠᠢ ᠴᠢᠩᠭ᠎ᠠ ᠬᠠᠷᠢᠴᠠᠭᠤᠯᠤᠨ᠂ ᠡᠯᠭᠦᠬᠦ ᠵᠢ ᠵᠣᠭᠰᠣᠭ᠋ᠠᠬᠤ ᠮᠠᠲ᠋ᠧᠷᠢᠶᠠᠯ᠎ᠠᠴᠠ ᠣᠯᠵᠤ ᠮᠡᠳᠡᠭᠰᠡᠨ ᠠᠰᠠᠭᠤᠳᠠᠯ᠎ᠢ ᠤᠯᠠᠮ ᠨᠢᠭᠡ ᠠᠯᠬᠤᠮ ᠴᠡᠭᠴᠡᠯᠡᠨ ᠰᠠᠶ᠋ᠢᠵᠢᠷᠠᠭᠤᠯᠬᠤ᠎ᠪᠠᠷ ᠱᠠᠯᠠᠪᠳᠠᠭᠤᠯᠤᠨ᠎ᠠ;
      ᠬᠣᠶᠠᠳᠤᠭ᠋ᠠᠷ ᠠᠯᠬᠤᠮ᠎ᠳᠤ᠂ ᠳᠠᠭ᠋ᠠᠭᠤᠯᠢ ᠤᠳᠤᠨ᠎ᠤ 《ᠭᠢᠷᠠᠬᠠᠢ ᠨᠢᠳᠦ》᠎ᠪᠠᠷ ᠲᠤᠬᠠᠢ ᠵᠢᠨ ᠲᠠᠯᠠᠪᠤᠷ᠎ᠢ ᠬᠢᠨᠠᠨ ᠰᠢᠯᠭ᠋ᠠᠨ᠎ᠠ᠃ ᠳᠠᠭ᠋ᠠᠭᠤᠯᠢ ᠣᠳᠣᠨ᠎ᠤ ᠠᠯᠤᠰ ᠰᠡᠷᠡᠯ ᠵᠶ᠋ᠠᠷ ᠳᠠᠮᠵᠢᠨ᠂ ᠤᠷᠳᠤ ᠬᠤᠭᠤᠴᠠᠭ᠋ᠠᠨ᠎ᠤ ᠳᠠᠭ᠋ᠠᠭᠤᠯᠢ ᠣᠳᠣᠨ᠎ᠤ ᠳᠦᠷᠰᠦ ᠰᠢᠩᠭᠡᠭᠡᠯᠲᠡ᠎ᠪᠠᠷ ᠡᠯᠭᠦᠬᠦ ᠵᠢ ᠵᠣᠭᠰᠣᠭ᠋ᠠᠬᠤ ᠠᠰᠠᠭᠤᠳᠠᠯ᠎ᠤᠨ ᠪᠠᠶ᠋ᠢᠷᠢ ᠴᠡᠭ᠎ᠲᠤ ᠬᠤᠪᠢᠷᠠᠯᠲᠠ ᠵᠢᠨ ᠪᠠᠶ᠋ᠢᠴᠠᠭ᠋ᠠᠯᠲᠠ ᠬᠢᠵᠦ᠂ ᠪᠠᠶ᠋ᠢᠷᠢ ᠴᠡᠭ᠎ᠤᠨ ᠥᠭᠡᠷᠡᠴᠢᠯᠡᠯᠲᠡ ᠵᠢᠨ ᠡᠮᠦᠨ᠎ᠡ ᠬᠣᠶ᠋ᠢᠨᠠᠬᠢ ᠬᠥᠳᠡᠯᠦᠩᠭᠦᠶ ᠬᠤᠪᠢᠷᠠᠯᠲᠠ ᠵᠢ ᠵᠠᠳᠠᠯᠵᠤ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠦᠷ᠎ᠡ ᠪᠦᠲᠦᠮᠵᠢ ᠵᠢ ᠨᠤᠲᠠᠯᠠᠨ᠎ᠠ;
      ᠭᠤᠷᠪᠠᠳᠤᠭ᠋ᠠᠷ ᠠᠯᠬᠤᠮ᠎ᠳᠤ᠂ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠤᠯᠠᠨ ᠬᠠᠷᠠᠭ᠋ᠠᠰᠤ᠎ᠠᠴᠠ ᠬᠢᠨᠠᠨ ᠰᠢᠯᠭ᠋ᠠᠵᠤ ᠰᠤᠳᠤᠯᠤᠨ ᠶᠠᠷᠢᠯᠴᠠᠵᠤ ᠳᠤᠲᠠᠭᠳᠠᠯ᠎ᠢ ᠪᠠᠶ᠋ᠢᠴᠠᠭ᠋ᠠᠵᠤ ᠨᠥᠬᠥᠪᠦᠷᠢᠯᠡᠨ᠎ᠡ᠃ ᠲᠤᠰᠬᠠᠶ ᠮᠡᠷᠭᠡᠵᠢᠯᠲᠡᠨ᠎ᠢ ᠤᠷᠢᠵᠤ ᠬᠠᠤᠯᠢ ᠴᠠᠭ᠋ᠠᠵᠠ᠂ ᠲᠥᠷᠥ ᠵᠢᠨ ᠪᠣᠳᠣᠯᠭ᠎ᠠ ᠪᠠ ᠮᠡᠷᠭᠡᠵᠢᠯ ᠵᠡᠷᠭᠡ ᠭᠤᠷᠪᠠᠨ ᠲᠠᠯ᠎ᠠ᠎ᠠᠴᠠ ᠡᠯᠭᠦᠬᠦ ᠵᠢ ᠵᠣᠭᠰᠣᠭ᠋ᠠᠬᠤ ᠪᠠᠶ᠋ᠢᠷᠢ ᠴᠡᠭ᠎ᠤᠨ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠨᠢᠭᠡᠳ ᠨᠢᠭᠡ᠎ᠪᠠᠷ ᠰᠤᠳᠤᠯᠤᠨ ᠬᠢᠨᠠᠨ ᠰᠢᠯᠭ᠋ᠠᠨ᠎ᠠ᠃ ᠬᠤᠷᠠᠯ᠎ᠤᠨ ᠬᠣᠯᠪᠣᠭᠳᠠᠯ ᠪᠥᠬᠥᠶ ᠰᠠᠨᠠᠯ ᠪᠠ ᠰᠠᠨᠠᠭᠤᠯᠭ᠎ᠠ ᠵᠢ ᠣᠷᠣᠨ ᠨᠤᠲᠤᠭ᠎ᠤᠨ ᠬᠢᠨᠠᠨ ᠬᠠᠷᠭᠤᠭᠤᠯᠵᠤ ᠴᠡᠭᠴᠡᠯᠡᠨ ᠰᠠᠢ᠍ᠵᠢᠷᠠᠭᠤᠯᠤᠯᠲᠠ᠎ᠳᠤ ᠳᠠᠬᠢᠨᠲᠠ ᠬᠠᠷᠢᠭᠤ ᠲᠤᠰᠬᠠᠨ᠎ᠠ;
      ᠳᠥᠷᠪᠡᠳᠦᠭᠡᠷ ᠠᠯᠬᠤᠮ᠎ᠳᠤ᠂ 《ᠡᠯᠧᠺᠲᠷᠣᠨ ᠲᠠᠩᠰᠠ ᠡᠪᠬᠡᠮᠡᠯ》᠎ᠢ ᠪᠠᠶ᠋ᠢᠭᠤᠯᠤᠨ᠎ᠠ᠃ ᠡᠯᠭᠦᠬᠦ ᠵᠢ ᠵᠣᠭᠰᠣᠭ᠋ᠠᠬᠤ ᠪᠠᠷᠢᠮᠵᠢᠶ᠎ᠠ᠎ᠳᠤ ᠬᠦᠷᠦᠭᠰᠡᠨ ᠶᠠᠮᠤᠨ᠎ᠤ ᠲᠡᠰ᠎ᠤᠨ ᠫᠠᠶ᠋ᠢᠰᠠ ᠡᠯᠭᠦᠨ ᠱᠠᠭ᠋ᠠᠷᠳᠠᠨ ᠬᠢᠯᠭᠡᠬᠦ ᠠᠰᠠᠭᠤᠳᠠᠯ ᠨᠢᠭᠡᠪᠦᠷᠢ ᠴᠥᠮ 《ᠬᠠᠶᠠᠭᠳᠠᠮᠠᠯ᠎ᠢ ᠠᠷᠢᠯᠭ᠋ᠠᠬᠤ ᠠᠵᠢᠯᠯᠠᠭ᠎ᠠ》 ᠵᠢᠨ APP ᠳᠡᠭᠡᠷ᠎ᠡ ᠬᠠᠮᠢᠶ᠎ᠠ ᠪᠥᠬᠥᠶ 《ᠡᠯᠧᠺᠲᠷᠣᠨ ᠲᠠᠩᠰᠠ ᠡᠪᠬᠡᠮᠡᠯ》᠎ᠢ ᠪᠠᠶ᠋ᠢᠭᠤᠯᠵᠤ᠂ ᠶᠠᠮᠠᠷᠪᠠ ᠴᠠᠭ᠂ ᠶᠠᠮᠠᠷᠪᠠ ᠭᠠᠵᠠᠷ ᠣᠷᠣᠨ᠎ᠳᠤ ᠴᠥᠮ 《ᠲᠠᠩᠰᠠ ᠡᠪᠬᠡᠮᠡᠯ᠎ᠢ ᠰᠢᠯᠵᠢᠭᠦᠯᠬᠦ》 ᠵᠢ ᠪᠡᠶᠡᠯᠡᠭᠦᠯᠦᠨ᠎ᠡ᠃
2020 ᠣᠨ᠎ᠤ 9 ᠰᠠᠷ᠎ᠠ ᠵᠢᠨ ᠳᠤᠮᠳᠠᠴᠢ ᠪᠣᠯᠲᠠᠯ᠎ᠠ᠂ ᠨᠢᠭᠡᠨᠲᠡ 23 (ᠲᠥᠷᠥᠯ) ᠶᠠᠮᠤᠨ᠎ᠤ ᠲᠠᠰ᠎ᠤᠨ ᠫᠠᠶ᠋ᠢᠰᠠ ᠡᠯᠭᠦᠵᠦ ᠱᠠᠯᠠᠪᠳᠠᠨ ᠰᠢᠢ᠍ᠳᠪᠤᠷᠢᠯᠡᠬᠦᠯᠬᠦ ᠠᠰᠠᠭᠤᠳᠠᠯ᠎ᠳᠤ ᠬᠣᠯᠪᠣᠭᠳᠠᠭᠰᠠᠨ 33 ᠴᠡᠭ᠎ᠨᠢ 《ᠡᠭᠦᠯᠡᠨ ᠵᠤᠭᠰᠤᠭ᠋ᠠᠯᠳᠠ》 ᠵᠢ ᠪᠡᠶᠡᠯᠡᠭᠦᠯᠦᠭᠰᠡᠨ ᠪᠥᠭᠡᠳ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠠᠯᠪᠠᠨ ᠰᠦᠯᠵᠢᠶ᠎ᠡ᠎ᠳᠤ ᠢᠯᠡ ᠨᠡᠢ᠌ᠳᠡᠯᠡᠭᠰᠡᠨ ᠪᠠᠢ᠍ᠢ᠍ᠨ᠎ᠠ᠃
      ᠵᠠᠯᠭ᠋ᠠᠭ᠋ᠠᠳ ᠠᠮᠢ ᠠᠬᠤᠶ ᠣᠷᠴᠢᠨ ᠲᠣᠭᠣᠷᠢᠨ᠎ᠤ ᠶᠠᠮᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠵᠢ ᠦᠷᠭᠦᠯᠵᠢᠯᠡᠨ ᠱᠠᠯᠠᠪᠳᠠᠭᠤᠯᠵᠤ᠂ ᠠᠮᠢ ᠠᠬᠤᠶ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠳᠤᠮᠳᠠᠬᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢ᠍ᠯᠡᠳᠦᠯ᠎ᠢ ᠤᠯᠠᠮ ᠴᠢᠩᠭ᠋ᠠᠳᠬᠠᠵᠤ᠂ ᠲᠤᠬᠠᠶ ᠵᠢᠨ ᠲᠠᠯᠠᠪᠤᠷ᠎ᠤᠨ ᠪᠤᠰᠤ ᠬᠢᠨᠠᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠦᠯᠲᠡ ᠵᠢ ᠲᠦᠯᠬᠢᠨ ᠠᠬᠢᠭᠤᠯᠤᠨ᠎ᠠ᠃ ᠡᠭᠦᠨ᠎ᠤ ᠬᠠᠮᠲᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠤᠬᠠᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠣᠯᠠᠨ ᠨᠡᠶ᠋ᠢᠲᠡ ᠵᠢᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》᠂ 《ᠵᠢᠷᠭᠤᠭ᠎ᠠ ᠵᠢ ᠪᠠᠲᠤᠯᠠᠬᠤ》 ᠵᠢ ᠪᠣᠳᠠᠲᠠᠶ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠮᠠᠨ᠎ᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠶ᠋ᠢᠭᠤᠯᠤᠯᠲᠠ ᠳᠠᠬᠢᠨᠲᠠ ᠰᠢᠯᠢᠳᠡᠭ ᠠᠮᠵᠢᠯᠲᠠ ᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ᠎ᠤᠨ (ᠥᠷᠭᠡᠳᠬᠡᠭᠰᠡᠨ) 2020 ᠣᠨ᠎ᠤ 13 ᠳ᠋ᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
《12369》 ᠵᠠᠭᠪᠤᠷ᠎ᠨᠢ ᠶᠠᠭᠤ ᠪᠣᠶ? ᠶᠦᠩᠺᠠᠩ᠎ᠤᠨ ᠡᠨᠡᠬᠦ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠠᠬᠢ ᠰᠢᠨ᠎ᠡ ᠡᠭᠦᠳᠦᠯᠲᠡ᠎ᠨᠢ ᠬᠢᠨᠠᠨ ᠬᠠᠮᠢᠶᠠᠷᠤᠯᠲᠠ ᠵᠢᠨ ᠨᠢᠭᠡᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ
ᠰᠢᠯᠢ ᠵᠢᠨ ᠭᠣᠤᠯ ᠠᠶ᠋ᠢᠮᠠᠭ ᠡᠪᠦᠯ᠎ᠤᠨ ᠤᠯᠠᠷᠢᠯ᠎ᠤᠨ ᠴᠡᠪᠡᠷ ᠳᠤᠯᠠᠭ᠋ᠠᠯᠠᠭ᠎ᠠ ᠬᠠᠩᠭ᠋ᠠᠬᠤ ᠠᠵᠢᠯ᠎ᠢ ᠪᠥᠬᠥ ᠬᠦᠴᠦᠨ ᠵᠶ᠋ᠠᠷ ᠠᠬᠢᠭᠤᠯᠵᠤ ᠪᠣᠶ
ᠦᠬᠠᠢ ᠬᠤᠲᠠ ᠤᠯᠠᠨ ᠲᠠᠯ᠎ᠠ ᠵᠢᠨ ᠠᠷᠭ᠎ᠠ ᠬᠡᠮᠵᠢᠶ᠎ᠡ ᠠᠪᠴᠤ᠂ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠪᠤᠭᠤᠮᠳᠠ ᠰᠢᠪᠳᠤᠯᠬᠤ ᠠᠵᠢᠯ᠎ᠢ ᠡᠷᠡᠰ ᠰᠢᠭᠤᠷᠬᠠᠢ ᠪᠡᠶᠡᠯᠡᠭᠦᠯᠵᠤ ᠪᠠᠢ᠌ᠨ᠎ᠠ
 
             蒙ICP备05000248号