11 ᠰᠠᠷ᠎ᠠ ᠵᠢᠨ 30ᠤ ᠦᠳᠡ ᠵᠢᠨ ᠬᠣᠶ᠋ᠢᠨ᠎ᠠ᠂ ᠠᠮᠢ ᠠᠬᠤᠶ ᠣᠷᠴᠢᠨ ᠲᠣᠭᠣᠷᠢᠨᠤ ᠶᠠᠮᠤᠨ ᠪᠡᠭᠡᠵᠢᠩᠳᠤ ᠳᠥᠷᠪᠡᠳᠦᠭᠡᠷ ᠪᠦᠯᠦᠭ ᠤᠯᠤᠰᠤᠨ ᠠᠮᠢ ᠠᠬᠤᠶ ᠵᠢᠨ ᠪᠣᠯᠪᠠᠰᠤᠨᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢ ᠡᠭᠦᠳᠦᠨ ᠪᠠᠶ᠋ᠢᠭᠤᠯᠬᠤ ᠰᠠᠭᠤᠷᠢᠨ ᠭᠠᠵᠠᠷ᠎ᠲᠤ ᠫᠠᠶ᠋ᠢᠰᠠ ᠣᠯᠭᠣᠬᠤ ᠠᠵᠢᠯᠯᠠᠭ᠎ᠠ ᠥᠷᠨᠢᠭᠦᠯᠪᠡ᠃ ᠮᠠᠨᠤ ᠣᠷᠣᠨᠤ ᠬᠢᠩᠭ᠋ᠠᠨ ᠠᠶ᠋ᠢᠮᠠᠭ᠂ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠂ ᠣᠷᠳᠣᠰ ᠬᠣᠲᠠ ᠵᠢᠨ ᠣᠲᠣᠭᠤᠨ ᠡᠮᠦᠨᠡᠲᠦ ᠬᠣᠰᠢᠭᠤ ᠳᠥᠷᠪᠡᠳᠦᠭᠡᠷ ᠪᠦᠯᠦᠭ ᠤᠯᠤᠰᠤᠨ ᠠᠮᠢ ᠠᠬᠤᠶ ᠵᠢᠨ ᠪᠣᠯᠪᠠᠰᠤᠨᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨᠤ ᠴᠣᠯᠠ ᠬᠦᠷᠲᠡᠪᠡ᠃ ᠪᠠᠶᠠᠨᠨᠠᠭᠤᠷ ᠬᠣᠲᠠ ᠵᠢᠨ ᠤᠯᠠᠭ᠋ᠠᠨᠪᠤᠬᠠ ᠡᠯᠡᠰᠦᠨ ᠴᠥᠯᠢ ᠵᠠᠰᠠᠬᠤ ᠣᠷᠣᠨ᠂ ᠬᠢᠩᠭ᠋ᠠᠨ ᠠᠶ᠋ᠢᠮᠠᠭᠤᠨ ᠬᠣᠷᠴᠢᠨ ᠪᠠᠷᠠᠭᠤᠨ ᠭᠠᠷᠤᠨ ᠳᠤᠮᠳᠠᠳᠤ ᠬᠣᠰᠢᠭᠤ ᠵᠢ ᠳᠥᠷᠪᠡᠳᠦᠭᠡᠷ ᠪᠦᠯᠦᠭᠤᠨ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ ᠭᠡᠵᠦ ᠨᠡᠷᠡᠶ᠋ᠢᠳᠪᠡ᠃
ᠣᠳᠣ ᠪᠣᠯᠲᠠᠯ᠎ᠠ᠂ ᠮᠠᠨᠤ ᠣᠷᠣᠨᠳᠤ ᠨᠡᠶ᠋ᠢᠲᠡ 7 ᠠᠶ᠋ᠢᠮᠠᠭ ᠬᠣᠲᠠ᠂ ᠬᠣᠰᠢᠭᠤ ᠰᠢᠶᠠᠨ 《ᠤᠯᠤᠰᠤᠨ ᠠᠮᠢ ᠠᠬᠤᠶ ᠵᠢᠨ ᠪᠣᠯᠪᠠᠰᠤᠨᠤ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠬᠣᠲᠠ ᠰᠢᠶᠠᠨ》 ᠭᠡᠬᠦ ᠴᠣᠯᠠ ᠬᠦᠷᠲᠡᠵᠦ᠂ 4 ᠭᠠᠵᠠᠷ ᠣᠷᠣᠨᠨᠢ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠳᠠᠷᠤᠶ ᠠᠯᠲᠠᠨ ᠠᠭᠤᠯᠠ ᠮᠥᠩᠭᠥᠨ ᠠᠭᠤᠯᠠ ᠮᠥᠨ》 ᠭᠡᠬᠦ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠰᠠᠭᠤᠷᠢᠨ ᠭᠠᠵᠠᠷ ᠬᠡᠮᠡᠨ ᠨᠡᠷᠡᠯᠡᠭᠳᠡᠪᠡ᠃


ᠥᠪᠡᠷᠲᠡᠭᠡᠨ ᠵᠠᠰᠠᠬᠤ ᠣᠷᠣᠨᠤ ᠨᠠᠮᠤᠨ ᠬᠣᠷᠢᠶᠠᠨᠤ ᠪᠠᠶ᠋ᠢᠩᠭᠤ ᠵᠢᠨ ᠭᠡᠰᠢᠭᠦᠨ᠂ ᠬᠢᠩᠭ᠋ᠠᠨ ᠠᠶ᠋ᠢᠮᠠᠭᠤᠨ ᠨᠠᠮᠤᠨ ᠬᠣᠷᠢᠶᠠᠨᠤ ᠱᠦᠵᠢ ᠵᠠᠩ ᠧᠨ ᠬᠣᠶ᠂ ᠪᠠᠶᠠᠨᠨᠠᠭᠤᠷ ᠬᠣᠲᠠ ᠵᠢᠨ ᠳᠠᠷᠤᠭ᠎ᠠ ᠵᠠᠩ ᠰᠢᠶᠤᠤ ᠪᠢᠩ ᠵᠡᠷᠭᠡ 5 ᠠᠶ᠋ᠢᠮᠠᠭ ᠬᠣᠲᠠ᠂ ᠬᠣᠰᠢᠭᠤ ᠰᠢᠶᠠᠨᠤ ᠭᠣᠤᠯ ᠬᠠᠷᠢᠭᠤᠴᠠᠯᠭ᠋ᠠᠲᠠᠨ ᠨᠥᠬᠥᠳ ᠲᠠᠶ᠋ᠢᠰᠠᠨᠳᠤ ᠭᠠᠷᠴᠤ ᠱᠠᠩᠨᠠᠯ ᠭᠠᠷᠳᠠᠪᠠ᠃

ᠥᠪᠡᠷᠲᠡᠭᠡᠨ ᠵᠠᠰᠠᠬᠤ ᠣᠷᠣᠨᠤ ᠠᠮᠢ ᠠᠬᠤᠶ ᠣᠷᠴᠢᠨ ᠲᠣᠭᠣᠷᠢᠨᠤ ᠲᠢᠩᠬᠢᠮ᠂ ᠬᠠᠮᠢᠶ᠎ᠠ ᠪᠦᠬᠦᠢ ᠠᠶ᠋ᠢᠮᠠᠭ ᠬᠣᠲᠠ᠂ ᠬᠣᠰᠢᠭᠤ ᠰᠢᠶᠠᠨᠤ ᠠᠮᠢ ᠠᠬᠤᠶ ᠣᠷᠴᠢᠨ ᠲᠣᠭᠣᠷᠢᠨᠤ ᠲᠣᠪᠴᠢᠶ᠎ᠠ ᠵᠡᠷᠭᠡᠪᠡᠷ ᠸᠢᠳᠢᠣ᠋ ᠬᠤᠷᠠᠯᠳᠤ ᠣᠷᠣᠯᠴᠠᠪᠠ᠃

ᠬᠢᠩᠭ᠋ᠠᠨ ᠠᠶ᠋ᠢᠮᠠᠭᠤᠨ ᠳᠡᠳ᠋ ᠠᠶ᠋ᠢᠮᠠᠭᠤᠨ ᠳᠠᠷᠤᠭ᠎ᠠ ᠵᠠᠩ ᠯᠢ ᠸᠧᠨ ᠨᠡᠶ᠋ᠢᠲᠡᠯᠢᠭ ᠶᠠᠷᠢᠶ᠎ᠠ ᠲᠠᠯᠪᠢᠪᠠ᠃