ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ  ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠣᠷᠳᠣᠰ ᠬᠣᠲᠠ᠎ᠳᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ ᠦᠷᠨᠢᠬᠦᠯᠬᠦ ᠳᠠᠶ᠋ᠢᠴᠢᠯᠠᠯᠲᠠ ᠵᠢᠨ ᠬᠤᠷᠠᠯ ᠬᠤᠷᠠᠯᠳᠤᠪᠠ
ᠨᠡᠶ᠋ᠢᠲᠡᠯᠡᠭᠰᠡᠨ ᠴᠠᠭ᠄ 2020-09-05

      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 《ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠲᠣᠭᠲᠠᠭ᠋ᠠᠯ》 ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠵᠢᠨ 〈ᠡᠷᠬᠢᠨ ᠬᠠᠷᠠᠬᠤ〉 ᠵᠢᠴᠢ ᠨᠤᠲᠤᠭ ᠪᠡᠯᠴᠢᠭᠡᠷ᠎ᠤᠨ ᠠᠮᠢ ᠠᠬᠤᠶ ᠣᠷᠴᠢᠨ ᠲᠣᠭᠣᠷᠢᠨ᠎ᠤ ᠠᠰᠠᠭᠤᠳᠠᠯ᠎ᠤᠨ ᠲᠤᠰᠬᠠᠶ ᠬᠢᠨᠠᠨ ᠪᠠᠶ᠋ᠢᠴᠠᠭ᠋ᠠᠵᠤ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠶ᠋ᠢᠵᠢᠷᠠᠭᠤᠯᠬᠤ ᠲᠥᠰᠦᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠲᠦᠷᠦᠭᠦᠬᠡᠨ ᠣᠷᠳᠣᠰ ᠬᠣᠲᠠ᠎ᠳᠤ ᠣᠷᠣᠵᠤ ᠰᠠᠭᠤᠭ᠋ᠠᠳ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠯᠲᠠ ᠵᠢ ᠥᠷᠨᠢᠭᠦᠯᠪᠡ᠃

      ᠵᠢᠷᠤᠭ ᠨᠢᠭᠡ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠣᠷᠳᠣᠰ ᠬᠣᠲᠠ᠎ᠳᠤ ᠬᠢᠨᠠᠨ ᠪᠠᠶ᠋ᠢᠴᠠᠭ᠋ᠠᠬᠤ ᠠᠵᠢᠯ ᠥᠷᠨᠢᠭᠦᠯᠬᠦ ᠲᠠᠢ᠍ᠢ᠍ᠴᠢᠯᠠᠯᠳᠠ ᠵᠢᠨ ᠬᠤᠷᠠᠯ ᠤᠷᠳᠤᠰ ᠬᠤᠳᠠ᠎ᠳᠤ ᠬᠤᠷᠠᠯᠳᠤᠪᠠ

     9 ᠰᠠᠷ᠎ᠠ ᠵᠢᠨ 2᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ᠎ᠬᠢᠨ ᠤᠷᠳᠤᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠠᠵᠢᠯ ᠥᠷᠨᠢᠭᠦᠯᠬᠦ ᠲᠠᠢ᠍ᠢ᠍ᠴᠢᠯᠠᠯᠳᠠ ᠵᠢᠨ ᠬᠤᠷᠠᠯ ᠬᠤᠷᠠᠯᠳᠤᠵᠤ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠰᠦᠨ ᠬᠤᠢ ᠮᠢᠨ᠂ ᠳᠡᠳ᠋ ᠳᠤᠭᠤᠶ᠋ᠢᠯᠠᠩ᠎ᠤᠨ ᠳᠠᠷᠤᠭ᠎ᠠ ᠬᠤᠤ ᠴᠢᠩ ᠸᠧᠨ ᠬᠢᠨᠠᠨ ᠪᠠᠶ᠋ᠢᠴᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠢ ᠲᠤᠰ ᠲᠤᠰ ᠶᠠᠷᠢᠶ᠎ᠠ ᠲᠠᠯᠪᠢᠵᠠᠢ᠃ ᠣᠷᠳᠣᠰ ᠬᠣᠲᠠ ᠵᠢᠨ ᠨᠠᠮ᠎ᠤᠨ ᠬᠣᠷᠢᠶᠠᠨ᠎ᠤ ᠱᠦᠵᠢ ᠨᠢᠦ ᠵᠢᠶᠦ᠋ᠨ ᠶᠠᠨ ᠳᠠᠶ᠋ᠢᠴᠢᠯᠠᠯᠲᠠ ᠵᠢᠨ ᠶᠠᠷᠢᠶ᠎ᠠ ᠲᠠᠯᠪᠢᠵᠤ᠂ ᠣᠷᠳᠣᠰ ᠬᠣᠲᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠵᠢᠨ ᠡᠤ ᠬᠤᠷᠠᠯ᠎ᠢ ᠡᠷᠭᠢᠯᠡᠪᠡ᠃ ᠰᠦᠨ ᠬᠤᠢ ᠮᠢᠨ ᠵᠢᠭ᠋ᠠᠵᠤ ᠭᠠᠷᠭ᠋ᠠᠭᠰᠠᠨ᠎ᠨᠢ᠂ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠠᠷ ᠭᠣᠤᠯᠯᠠᠭᠤᠯᠤᠭᠰᠠᠨ ᠨᠠᠮ᠎ᠤᠨ ᠲᠥᠪ ᠬᠣᠷᠢᠶ᠎ᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ 《ᠲᠠᠪᠤ ᠵᠢ ᠨᠢᠭᠡ ᠴᠤᠭᠴᠠᠵᠢᠭᠤᠯᠬᠤ》 ᠶᠡᠷᠦᠩᠬᠡᠶ ᠪᠠᠶ᠋ᠢᠷᠢᠯᠠᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ 《ᠲᠦᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠵᠣᠬᠢᠴᠠᠭᠤᠯᠤᠨ ᠠᠬᠢᠭᠤᠯᠬᠤ ᠵᠢᠨ ᠴᠢᠬᠤᠯᠠ ᠠᠭᠤᠯᠭ᠎ᠠ ᠪᠣᠯᠭ᠋ᠠᠪᠠ᠃ ᠠᠯᠢ ᠤᠯᠠᠨ ᠦᠨᠳᠦᠰᠦᠨ ᠴᠢᠨᠠᠷᠲᠠᠶ᠂ ᠡᠭᠦᠳᠦᠯᠲᠡ ᠵᠢᠨ ᠴᠢᠨᠠᠷᠲᠠᠶ᠂ ᠠᠯᠤᠰ ᠬᠡᠳᠦ ᠵᠢᠨ ᠴᠢᠨᠠᠷᠲᠠᠶ ᠠᠵᠢᠯ᠎ᠢ ᠲᠥᠯᠥᠪᠯᠡᠨ ᠥᠷᠨᠢᠭᠦᠯᠵᠦ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠤᠭᠰᠠᠨ᠎ᠠᠴᠠ ᠦᠢ᠍ᠯᠡᠳᠦᠯᠭᠡ᠎ᠳᠤ ᠬᠦᠷᠲᠡᠯ᠎ᠡ ᠭᠦᠨᠵᠡᠭᠡᠶ ᠲᠡᠤᠬᠡᠲᠦ ᠴᠢᠨᠠᠷᠲᠠᠶ ᠬᠤᠪᠢᠷᠠᠯᠲᠠ ᠭᠠᠷᠴᠠᠶ ᠭᠡᠪᠡ᠃
     2019 ᠣᠨ᠎ᠤ 6 ᠰᠠᠷ᠎ᠠ ᠵᠢᠨ 17᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠠᠵᠢᠯ᠎ᠤᠨ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ᠎ᠳᠤ ᠲᠥᠪ ᠪᠠ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠬᠣᠶᠠᠷ ᠱᠠᠲᠤᠨ᠎ᠤ ᠬᠢᠨᠠᠨ ᠪᠠᠶ᠋ᠢᠴᠠᠭ᠋ᠠᠬᠤ ᠪᠠᠶ᠋ᠢᠭᠤᠯᠤᠯ᠎ᠢ ᠬᠡᠷᠡᠭᠵᠢᠭᠦᠯᠦᠨ᠎ᠡ ᠭᠡᠵᠦ ᠲᠣᠳᠣᠷᠬᠠᠶ ᠱᠠᠭ᠋ᠠᠷᠳᠠᠪᠠ᠃ ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ᠎ᠨᠢ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠯᠲᠠ ᠵᠢᠨ ᠦᠷᠬᠦᠯᠵᠢᠯᠡᠯ ᠪᠠ ᠨᠦᠬᠦᠪᠦᠷᠢ ᠪᠤᠯᠤᠭᠰᠠᠨ᠎ᠤ ᠬᠤᠪᠢ᠎ᠳᠤ ᠬᠢᠨᠠᠨ ᠪᠠᠶ᠋ᠢᠴᠠᠭ᠋ᠠᠬᠤ ᠬᠠᠮᠲᠤᠷᠠᠯ ᠬᠦᠴᠦᠨ᠎ᠢ ᠪᠦᠷᠢᠯᠳᠦᠭᠦᠯᠦᠨ᠎ᠡ᠃ ᠬᠢᠨᠠᠨ ᠪᠠᠶ᠋ᠢᠴᠠᠭ᠋ᠠᠬᠤ ᠲᠣᠭᠲᠠᠭ᠋ᠠᠯ᠎ᠳᠤ ᠲᠤᠭᠳᠠᠭ᠋ᠠᠭᠰᠠᠨ ᠮᠤᠵᠢ ᠵᠢᠨ ᠱᠠᠲᠤᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠥᠷᠨᠢᠭᠦᠯᠬᠦ ᠲᠤᠬᠠᠶ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ᠂ ᠤᠯᠠᠮ ᠨᠢᠭᠡ ᠠᠯᠬᠤᠮ ᠳᠠᠷᠤᠮᠲᠠ ᠵᠢ ᠳᠠᠮᠵᠢᠭᠤᠯᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠠᠰᠠᠭᠤᠳᠠᠯ᠎ᠢ ᠰᠢᠢ᠍ᠳᠪᠤᠷᠢᠯᠡᠬᠦ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠪᠠᠶ᠋ᠢᠷᠢᠯᠠᠭᠤᠯᠤᠯᠲᠠ ᠵᠢ ᠦᠨᠳᠦᠰᠦᠯᠡᠪᠡᠯ᠂ ᠲᠣᠰ ᠤᠳᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠤᠨ ᠶᠡᠷᠦᠩᠬᠡᠶ ᠰᠡᠳᠬᠢᠬᠦᠢ ᠪᠣᠯ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠣᠯᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠂ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠤᠨ᠎ᠠ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ 《ᠳᠥᠷᠪᠡᠨ ᠤᠬᠠᠮᠰᠠᠷ》᠎ᠢ ᠪᠠᠲᠤ ᠪᠡᠬᠢ ᠪᠤᠢ ᠪᠣᠯᠭ᠋ᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠵᠣᠷᠢᠭᠲᠠᠶ᠎ᠪᠠᠷ ᠦᠨᠡᠨ᠎ᠢ ᠪᠠᠷᠢᠮᠲᠠᠯᠠᠨ ᠬᠠᠲᠠᠭᠤ᠎ᠲᠠᠢ ᠬᠠᠯᠳᠠᠵᠤ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡᠪᠡᠷ ᠵᠠᠰᠠᠵᠤ᠂ ᠬᠠᠤᠯᠢ ᠲᠣᠭᠲᠠᠭ᠋ᠠᠯ ᠶᠣᠰᠣᠭ᠋ᠠᠷ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠬᠢᠨᠠᠨ ᠪᠠᠶ᠋ᠢᠴᠠᠭ᠋ᠠᠬᠤ ᠵᠢᠴᠢ ᠡᠷᠭᠢᠨ ᠬᠠᠷᠠᠬᠤ᠎ᠳᠤ ᠬᠠᠷᠢᠭᠤ ᠲᠤᠰᠬᠠᠭᠰᠠᠨ ᠠᠰᠠᠭᠤᠳᠠᠯ᠎ᠢ ᠴᠢᠩᠬ᠎ᠠ ᠠᠩᠬᠠᠷᠴᠤ᠂ ᠴᠡᠭᠴᠡᠯᠡᠨ ᠰᠠᠶ᠋ᠢᠵᠢᠷᠠᠭᠤᠯᠬᠤ ᠵᠢ ᠪᠠᠳᠤᠯᠠᠨ᠎ᠠ᠃ ᠭᠣᠣᠯᠳᠠᠯᠭ᠎ᠠ᠎ᠲᠠᠢ ᠣᠷᠣᠨ ᠪᠦᠰᠡ ᠪᠠ ᠲᠣᠪᠣᠢ᠍ᠮ᠎ᠠ ᠠᠰᠠᠭᠤᠳᠠᠯ᠎ᠢ ᠴᠢᠩᠭ᠎ᠠ ᠬᠢᠨᠠᠨ ᠪᠠᠶ᠋ᠢᠴᠠᠭ᠋ᠠᠵᠤ᠂ ᠠᠷᠤ᠎ᠳᠠᠬᠢ ᠬᠠᠷᠢᠭᠤᠴᠠᠯᠭ᠎ᠠ᠎ᠪᠠᠨ ᠭᠦᠨ ᠠᠭᠤᠳᠠᠯᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠨᠠᠮ ᠵᠠᠰᠠᠭ ᠠᠳᠠᠯᠢ ᠬᠠᠷᠢᠭᠤᠴᠠᠯᠭ᠎ᠠ》 ᠪᠠ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ᠎ᠲᠠᠢ》 ᠪᠠᠢ᠌ᠬᠤ ᠵᠢ ᠴᠢᠩᠭ᠋ᠠᠳᠬᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠬᠦᠴᠦᠷᠬᠡᠭ ᠶᠡᠬᠡ ᠬᠦᠴᠦᠨ ᠨᠡᠮᠡᠷᠢᠯᠡᠨ᠎ᠡ  ᠃



      ᠵᠢᠷᠤᠭ ᠬᠤᠶᠠᠷ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠠᠷᠤᠭ᠎ᠠ ᠰᠦᠨ ᠬᠤᠢ ᠮᠢᠨ ᠶᠠᠷᠢᠶ᠎ᠠ ᠲᠠᠯᠪᠢᠵᠠᠢ

      ᠰᠦᠨ ᠬᠤᠢ ᠮᠢᠨ᠂ ᠡᠨᠡ ᠤᠳᠠᠭ᠎ᠠ ᠤᠷᠳᠤᠰ ᠬᠤᠳᠠ ᠵᠢᠨ᠎ᠬᠢᠨ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ ᠵᠢᠴᠢ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠤᠭᠰᠠᠨ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ ; ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠰᠢᠢ᠍ᠳᠪᠤᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠢ᠍ᠳᠠᠪᠤᠷᠢᠵᠢᠭᠤᠯᠤᠭᠰᠠᠨ ᠪᠠᠢ᠌ᠳᠠᠯ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠲᠦᠷᠢᠮ᠂ ᠪᠠᠷᠢᠮᠵᠢᠶ᠎ᠠ ᠵᠢᠨ ᠵᠢᠷᠤᠮᠵᠢᠯ᠂ ᠲᠥᠯᠥᠪᠵᠢᠭᠦᠯᠭᠡ ᠲᠥᠯᠥᠪᠯᠡᠭᠡ ᠵᠢ ᠬᠡᠷᠡᠭᠵᠢᠭᠦᠯᠦᠭᠰᠡᠨ ᠪᠠᠶ᠋ᠢᠳᠠᠯ; ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠵᠢᠴᠢ 《ᠡᠷᠬᠢᠨ ᠬᠠᠷᠠᠬᠤ》 ᠵᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ; ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ 《ᠨᠠᠮ ᠵᠠᠰᠠᠭ ᠠᠳᠠᠯᠢ ᠬᠠᠷᠢᠭᠤᠴᠠᠯᠭ᠎ᠠ》 ᠪᠠ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ》 ᠵᠢ ᠴᠢᠩᠭ᠋ᠠᠳᠬᠠᠵᠤ᠂ ᠠᠮᠢ ᠠᠬᠤᠶ ᠣᠷᠴᠢᠨ ᠲᠣᠭᠣᠷᠢᠨ᠎ᠤ ᠲᠣᠪᠣᠶ᠋ᠢᠮ᠎ᠠ ᠠᠰᠠᠭᠤᠳᠠᠯ ᠪᠠ ᠠᠷᠠᠳ ᠣᠯᠠᠨ᠎ᠤ ᠴᠢᠩᠭ᠎ᠠ ᠲᠤᠰᠬᠠᠭᠰᠠᠨ ᠠᠰᠠᠭᠤᠳᠠᠯ᠎ᠢ ᠰᠢᠢ᠍ᠳᠪᠤᠷᠢᠯᠡᠭᠰᠡᠨ ᠵᠡᠷᠭᠡ ᠪᠠᠶ᠋ᠢᠳᠠᠯ᠎ᠢ ᠭᠤᠤᠯᠳᠠᠯᠭ᠎ᠠ᠎ᠲᠠᠢ ᠬᠢᠨᠠᠨ ᠪᠠᠢ᠌ᠴᠠᠭ᠋ᠠᠨ᠎ᠠ᠃ ᠣᠷᠳᠣᠰ ᠬᠣᠲᠠ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠪᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠢ ᠠᠬᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠎ᠠ᠃ ᠲᠤᠰ ᠤᠳᠠᠭ᠋ᠠᠨ᠎ᠤ ᠬᠢᠨᠠᠨ ᠪᠠᠶ᠋ᠢᠴᠠᠭ᠋ᠠᠯᠲᠠ᠂ ᠦᠢ᠍ᠯᠡᠴᠢᠯᠡᠭᠡ᠎ᠳᠤ ᠰᠠᠭᠤᠷᠢᠯᠠᠵᠤ ᠵᠢᠷᠭᠤᠭ᠎ᠠ ᠵᠢ ᠲᠣᠭᠲᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠵᠦ᠂ ᠵᠢᠷᠭᠤᠭ᠎ᠠ ᠵᠢ ᠪᠠᠲᠤᠯᠠᠬᠤ ᠡᠭᠦᠷᠭᠡ ᠵᠢ ᠨᠠᠢ᠌ᠳᠠᠪᠤᠷᠢᠵᠢᠭᠤᠯᠤᠨ᠎ᠠ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠪᠠ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠨᠠᠷᠢᠯᠢᠭ ᠣᠨᠣᠪᠴᠢᠲᠠᠢ᠂ ᠰᠢᠨᠵᠢᠯᠡᠬᠦ ᠤᠬᠠᠭ᠋ᠠᠨᠴᠢ᠂ ᠬᠠᠤᠯᠢ ᠶᠣᠰᠣᠭ᠋ᠠᠷ ᠠᠵᠢᠯᠯᠠᠵᠤ᠂ ᠠᠰᠠᠭᠤᠳᠠᠯ᠎ᠢ ᠢᠯᠡᠷᠡᠭᠦᠯᠬᠦ᠂ ᠲᠠᠨᠢᠯᠲᠠ᠎ᠪᠠᠨ ᠳᠡᠭᠡᠭᠰᠢᠯᠡᠭᠦᠯᠬᠦ᠂ ᠺᠠᠳ᠋ᠷ᠎ᠢ ᠬᠥᠮᠦᠵᠢᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ ᠦᠷ᠎ᠡ ᠪᠦᠲᠦᠮᠵᠢ᠎ᠳᠤ ᠬᠦᠷᠭᠡᠨ᠎ᠡ᠃ ᠣᠷᠳᠣᠰ ᠬᠣᠲᠠ ᠵᠢᠨ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ 《ᠳᠥᠷᠪᠡᠨ ᠤᠬᠠᠮᠰᠠᠷ》᠎ᠢ ᠪᠠᠲᠤ ᠪᠡᠬᠢ ᠪᠤᠢ ᠪᠣᠯᠭ᠋ᠠᠵᠤ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ᠎ᠳᠤ ᠢᠳᠡᠪᠬᠢᠲᠡᠢ ᠬᠠᠮᠵᠢᠯᠴᠠᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠡᠯ᠎ᠡ ᠵᠦᠢ᠍ᠯ᠎ᠤᠨ ᠠᠵᠢᠯ᠎ᠤᠨ ᠤᠷᠤᠭᠰᠢᠲᠠᠢ ᠪᠡᠶᠡᠯᠡᠭᠳᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

      ᠵᠢᠷᠤᠭ ᠭᠤᠷᠪᠠ᠄ ᠤᠷᠳᠤᠰ ᠬᠤᠳᠠ ᠵᠢᠨ ᠨᠠᠮ᠎ᠤᠨ ᠬᠣᠷᠢᠶᠠᠨ᠎ᠤ ᠱᠦᠵᠢ ᠨᠢᠦ ᠵᠢᠶᠦ᠋ᠨ ᠶᠠᠨ ᠲᠠᠢ᠍ᠢ᠍ᠴᠢᠯᠠᠯᠳᠠ ᠵᠢᠨ ᠶᠠᠷᠢᠶ᠎ᠠ ᠲᠠᠯᠪᠢᠪᠠ

      ᠨᠢᠤ ᠵᠢᠶᠦ᠋ᠨ ᠶᠠᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ ᠪᠣᠯ ᠮᠠᠨ᠎ᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠪᠦᠲᠦᠭᠡᠨ ᠪᠠᠶ᠋ᠢᠭᠤᠯᠤᠯᠲᠠ ᠵᠢᠨ ᠨᠢᠭᠡ ᠤᠳᠠᠭ᠋ᠠᠨ᠎ᠤ ᠬᠦᠴᠦᠲᠡᠢ ᠠᠬᠢᠭᠤᠯᠤᠯᠲᠠ ᠮᠥᠨ᠂ ᠮᠠᠨ᠎ᠤ ᠬᠣᠲᠠ ᠵᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠨᠢᠭᠡ ᠤᠳᠠᠭ᠋ᠠᠨ᠎ᠤ ᠪᠦᠬᠦ ᠲᠠᠯ᠎ᠠ ᠵᠢᠨ 《ᠠᠵᠢᠯ᠎ᠤᠨ ᠪᠡᠶ᠎ᠡ ᠵᠢᠨ ᠪᠠᠶ᠋ᠢᠴᠠᠭ᠋ᠠᠯᠲᠠ》 ᠮᠥᠨ᠃ ᠮᠥᠨ ᠴᠦ᠍ ᠮᠠᠨ᠎ᠤ ᠬᠣᠲᠠ ᠵᠢᠨ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠲᠤᠤᠱᠯᠠᠭᠤᠯᠤᠨ ᠨᠠᠢ᠍ᠳᠠᠪᠤᠷᠢᠵᠢᠭᠤᠯᠤᠭᠰᠠᠨ ᠨᠢᠭᠡ ᠤᠳᠠᠭ᠋ᠠᠨ᠎ᠤ ᠲᠥᠪᠯᠡᠷᠡᠩᠭᠦᠢ 《ᠤᠯᠤᠰ ᠲᠥᠷᠦ ᠵᠢᠨ ᠪᠡᠶ᠎ᠡ ᠵᠢᠨ ᠪᠠᠶ᠋ᠢᠴᠠᠭ᠋ᠠᠯᠲᠠ》 ᠪᠣᠯᠤᠨ᠎ᠠ᠃ ᠪᠦᠬᠦ ᠬᠣᠲᠠ ᠳᠠᠶᠠᠭ᠋ᠠᠷ ᠤᠯᠤᠰ ᠲᠥᠷᠥ ᠵᠢ ᠡᠷᠬᠢᠮᠯᠡᠬᠦ᠂ ᠦᠨᠡᠨᠴᠢ ᠰᠢᠳᠤᠷᠭᠤ ᠵᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠬᠦ ᠵᠢ ᠡᠷᠬᠢᠮᠯᠡᠬᠦ ᠦᠨᠳᠦᠷᠴᠡ᠎ᠠᠴᠠ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠎ᠠ ᠪᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠵᠤ᠂ ᠨᠠᠮ᠎ᠤᠨ ᠲᠥᠪ ᠬᠣᠷᠢᠶᠠᠨ᠎ᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠰᠢᠢ᠍ᠳᠪᠤᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠶ ᠲᠠᠨᠢᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠯᠲᠠ ᠵᠢᠨ ᠡᠯ᠎ᠡ ᠵᠤᠢ᠌ᠯ᠎ᠤᠨ ᠠᠵᠢᠯ᠎ᠤᠨ ᠱᠠᠭ᠋ᠠᠷᠳᠠᠯᠭ᠎ᠠ ᠵᠢ ᠣᠨᠣᠪᠴᠢᠲᠠᠶ ᠡᠵᠡᠮᠰᠢᠨ᠂ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠬᠢᠨᠠᠨ ᠪᠠᠶ᠋ᠢᠴᠠᠭ᠋ᠠᠯᠲᠠ᠎ᠳᠤ ᠴᠢᠩᠬ᠎ᠠ ᠬᠢᠨᠠᠮᠠᠭ᠋ᠠᠶ ᠬᠠᠨᠳᠤᠨ᠎ᠠ᠃ ᠰᠠᠨᠠᠭ᠋ᠠᠴᠢᠯᠠᠭ᠎ᠠ᠎ᠠᠴᠠ᠎ᠪᠠᠨ ᠬᠢᠨᠠᠨ ᠪᠠᠶ᠋ᠢᠴᠠᠭ᠋ᠠᠯᠲᠠ ᠵᠢ ᠦᠨᠡᠨᠴᠢ᠎ᠪᠠᠷ ᠬᠦᠯᠢᠶᠡᠨ ᠠᠪᠴᠤ᠂ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ ᠣᠷᠣᠰᠢᠵᠤ ᠪᠠᠶ᠋ᠢᠭ᠎ᠠ ᠲᠦᠭᠰᠢᠭᠦᠷᠢ ᠵᠢᠨ ᠳᠠᠯᠳᠠ ᠭᠡᠮ ᠪᠣᠯᠤᠨ ᠳᠤᠲᠠᠭᠤᠳᠠᠯ ᠪᠠᠭᠤᠷᠠᠶ ᠲᠠᠯ᠎ᠠ ᠵᠢ ᠨᠠᠷᠢᠨ ᠬᠢᠨᠠᠮᠠᠭ᠋ᠠᠶ ᠪᠠᠶ᠋ᠢᠴᠠᠭ᠋ᠠᠨ ᠡᠮᠬᠢᠯᠡᠵᠦ᠂ ᠠᠷᠠᠳ ᠣᠯᠠᠨ᠎ᠤ ᠲᠤᠰᠬᠠᠯ ᠶᠡᠬᠡ ᠳᠣᠪᠣᠶ᠋ᠢᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠨ᠎ᠡ᠃ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠯᠲᠡ᠎ᠪᠠᠷ ᠤᠳᠤᠷᠢᠳᠤᠮᠵᠢ ᠪᠣᠯᠭ᠋ᠠᠭᠰᠠᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠵᠠᠮ ᠵᠶ᠋ᠠᠷ ᠡᠷᠡᠰ ᠭᠤᠶ᠋ᠢᠪᠢᠰᠢ ᠥᠬᠡᠶ ᠰᠠᠶ᠋ᠢᠲᠤᠷ ᠵᠠᠮᠨᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠠᠵᠢᠯ᠎ᠤᠨ ᠡᠷᠬᠡ ᠰᠦᠷᠲᠦ ᠴᠢᠨᠠᠷ᠂ ᠲᠥᠪ ᠴᠢᠩᠭ᠎ᠠ ᠴᠢᠨᠠᠷ ᠪᠠ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠵᠣᠬᠢᠶᠠᠨ ᠪᠠᠢ᠌ᠭᠤᠯᠤᠯᠳᠠ᠂ ᠣᠯᠠᠨ ᠲᠦᠮᠡᠨ᠂ ᠠᠵᠢᠯ ᠦᠢ᠍ᠯᠡᠰ᠎ᠲᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠵᠣᠷᠢᠭ ᠰᠠᠨᠠᠭ᠎ᠠ᠎ᠪᠠᠷ᠂ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠠᠵᠢᠯ ᠵᠶ᠋ᠠᠨ ᠥᠷᠨᠢᠭᠦᠯᠬᠦ᠎ᠳᠤ ᠪᠥᠬᠥ ᠬᠦᠴᠦᠨ ᠵᠶ᠋ᠠᠷ ᠬᠠᠮᠵᠢᠯᠴᠠᠵᠤ᠂ ᠲᠥᠪ ᠴᠢᠩᠭ᠎ᠠ ᠣᠪᠣᠷ᠂ ᠲᠥᠪ ᠴᠢᠩᠭ᠎ᠠ ᠰᠠᠬᠢᠯᠭ᠎ᠠ ᠪᠠᠲᠤ᠂ ᠲᠥᠪ ᠴᠢᠩᠭ᠎ᠠ ᠣᠪᠣᠷ ᠰᠤᠷᠲᠠᠯ ᠵᠶ᠋ᠠᠷ᠂ ᠬᠢᠨᠠᠨ ᠪᠠᠶ᠋ᠢᠴᠠᠭ᠋ᠠᠬᠤ ᠠᠵᠢᠯ᠎ᠤᠨ ᠣᠷᠳᠣᠰ ᠬᠣᠲᠠ᠎ᠳᠤ ᠤᠷᠤᠭᠰᠢᠲᠠᠶ ᠪᠥᠭᠡᠳ ᠪᠦᠲᠦᠮᠵᠢᠲᠡᠶ ᠥᠷᠨᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠡᠷᠡᠰ ᠪᠠᠲᠤ ᠴᠢᠨᠠᠷ᠎ᠤᠨ ᠤᠬᠠᠮᠰᠠᠷᠲᠤ ᠴᠢᠨᠠᠷ᠎ᠢ ᠦᠨᠡᠨ ᠬᠦ᠌ ᠴᠢᠩᠭ᠋ᠠᠳᠬᠠᠵᠤ᠂ ᠬᠢᠨᠠᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠴᠢᠬᠤᠯᠠ ᠶᠡᠬᠡ ᠤᠯᠤᠰ ᠲᠦᠷᠦ ᠵᠢᠨ ᠡᠭᠦᠷᠭᠡ᠂ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠂ ᠴᠢᠬᠤᠯᠠ ᠶᠡᠬᠡ ᠬᠥᠭᠵᠢᠯᠲᠡ ᠵᠢᠨ ᠠᠵᠠ ᠲᠣᠬᠢᠶᠠᠯ ᠪᠣᠯᠭ᠋ᠠᠵᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠲᠦᠷᠦᠯ ᠬᠤᠪᠢᠶᠠᠨ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠠᠤᠯᠢ ᠴᠠᠭ᠋ᠠᠵᠠ ᠰᠠᠬᠢᠯᠭ᠎ᠠ ᠪᠠᠲᠤ ᠵᠢ ᠴᠢᠩᠭ᠎ᠠ ᠲᠣᠭᠲᠠᠭ᠋ᠠᠨ᠎ᠠ᠃ ᠲᠡᠮᠦᠷ ᠮᠡᠲᠦ ᠬᠠᠷᠢᠭᠤᠴᠠᠯᠭ᠎ᠠ ᠡᠭᠦᠷᠭᠡᠯᠡᠵᠦ᠂ ᠬᠠᠷᠢᠭᠤᠴᠠᠯᠭ᠎ᠠ᠎ᠪᠠᠨ ᠭᠦᠢ᠍ᠴᠡᠳᠬᠡᠨ᠂ ᠲᠥᠪ ᠴᠢᠩᠭ᠎ᠠ ᠠᠷᠭ᠎ᠠ ᠪᠠᠷᠢᠯ ᠵᠶ᠋ᠠᠷ ᠡᠪᠡᠳᠴᠢᠨ᠎ᠢ ᠵᠠᠰᠠᠨ᠂ ᠲᠥᠪ ᠬᠠᠲᠠᠭᠤ ᠰᠡᠳᠬᠢᠯ ᠵᠶ᠋ᠠᠷ ᠬᠠᠷᠢᠭᠤᠴᠠᠯᠭ᠎ᠠ ᠨᠡᠬᠡᠮᠵᠢᠯᠡᠬᠦ᠂ ᠲᠥᠪ ᠴᠢᠩᠭ᠎ᠠ ᠠᠷᠭ᠎ᠠ᠎ᠪᠠᠷ ᠦᠨᠳᠦᠰᠦ ᠵᠢ᠎ᠨᠢ ᠵᠠᠰᠠᠨ ᠴᠢᠩᠭ᠎ᠠ ᠪᠥᠭᠡᠳ ᠪᠣᠳᠠᠲᠠᠶ᠂ ᠦᠨᠡᠨ ᠪᠣᠳᠠᠲᠠᠶ ᠠᠵᠢᠯᠯᠠᠵᠤ ᠠᠯᠢᠪᠠ ᠬᠡᠷᠡᠭ᠎ᠢ ᠴᠡᠭᠴᠡᠯᠡᠨ ᠰᠠᠶ᠋ᠢᠵᠢᠷᠠᠭᠤᠯᠵᠤ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠠᠳᠬᠤᠨ᠎ᠠ᠃ ᠨᠢᠭᠡ᠎ᠠᠴᠠ ᠨᠥᠭᠥᠭᠡ ᠵᠢ ᠵᠦᠢ᠍ᠴᠢᠯᠡᠨ᠂ ᠥᠩᠭᠡᠨ ᠲᠠᠯ᠎ᠠ ᠪᠠ ᠦᠨᠳᠦᠰᠦ ᠰᠤᠷᠪᠤᠯᠵᠢ ᠵᠢ ᠵᠡᠷᠭᠡᠪᠡᠷ ᠵᠠᠰᠠᠬᠤ ᠵᠢ ᠪᠠᠷᠢᠮᠲᠠᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠬᠤ᠎ᠲᠠᠢ ᠤᠶᠠᠯᠳᠤᠭᠤᠯᠤᠨ᠂ ᠡᠬᠢ ᠡᠭᠦᠰᠦᠯ᠎ᠠᠴᠠ᠎ᠨᠢ ᠠᠳᠬᠤᠬᠤ᠂ ᠦᠨᠳᠦᠰᠦ᠎ᠠᠴᠠ᠎ᠨᠢ ᠵᠠᠰᠠᠬᠤ᠂ ᠠᠯᠤᠰ ᠬᠡᠳᠦ ᠵᠢ ᠬᠠᠮᠢᠶᠠᠷᠬᠤ ᠳᠦᠷᠢᠮ᠎ᠤᠨ ᠰᠢᠰᠲ᠋ᠧᠮᠵᠢ ᠪᠣᠯᠤᠨ ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠮᠢ ᠠᠬᠤᠶ ᠣᠷᠴᠢᠨ ᠲᠣᠭᠣᠷᠢᠨ᠎ᠢ ᠵᠠᠰᠠᠬᠤ ᠴᠢᠳᠠᠪᠤᠷᠢ ᠵᠢ ᠲᠠᠰᠤᠷᠠᠯᠲᠠ ᠤᠢ᠍ᠭᠡᠢ ᠳᠡᠭᠡᠭᠰᠢᠯᠡᠭᠦᠯᠦᠨ᠎ᠡ᠃ ᠮᠠᠨ᠎ᠤ ᠤᠯᠤᠰ᠎ᠤᠨ ᠤᠮᠠᠷᠠᠲᠤ ᠣᠷᠣᠨ᠎ᠤ ᠴᠢᠬᠤᠯᠠ ᠠᠮᠢ ᠠᠬᠤᠶ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠢᠯᠡᠷᠬᠡᠢ᠍ᠯᠡᠪᠡ᠃

      ᠵᠢᠷᠤᠭ ᠲᠦᠷᠪᠡ᠄ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠳᠡᠳ᠋ ᠳᠠᠷᠤᠭ᠎ᠠ ᠬᠤᠤ ᠴᠢᠩ ᠸᠸᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠪᠠᠶ᠋ᠢᠴᠠᠭ᠋ᠠᠬᠤ ᠠᠵᠢᠯ᠎ᠢ ᠬᠠᠮᠵᠢᠯᠴᠠᠨ ᠰᠠᠶ᠋ᠢᠲᠤᠷ ᠬᠢᠬᠦ ᠲᠤᠬᠠᠶ ᠱᠠᠭ᠋ᠠᠷᠳᠠᠯᠭ᠎ᠠ ᠳᠤᠷᠠᠳᠪᠠ

      ᠬᠤᠷᠠᠯ ᠳᠡᠭᠡᠷ᠎ᠡ᠂ ᠬᠤᠤ ᠴᠢᠩ ᠸᠸᠨ ᠬᠢᠨᠠᠨ ᠪᠠᠢ᠌ᠴᠠᠭ᠋ᠠᠬᠤ ᠠᠵᠢᠯ᠎ᠳᠤ ᠬᠠᠮᠵᠢᠯᠴᠠᠬᠤ᠂ ᠬᠢᠨᠠᠨ ᠪᠠᠢ᠌ᠴᠠᠭ᠋ᠠᠬᠤ ᠵᠢᠨ ᠳᠠᠭ᠋ᠠᠤ ᠬᠠᠯᠠᠨ ᠰᠠᠶ᠋ᠢᠵᠢᠷᠠᠭᠤᠯᠬᠤ᠂ ᠮᠡᠳᠡᠭᠡ ᠵᠠᠩᠭᠢ ᠵᠢ ᠢᠯᠡ ᠪᠣᠯᠭ᠋ᠠᠬᠤ᠂ 《ᠵᠢᠷᠭᠤᠭ᠎ᠠ ᠵᠢ ᠲᠣᠭᠲᠠᠭᠤᠨ ᠪᠠᠶ᠋ᠢᠯᠭ᠋ᠠᠬᠤ》᠂ 《ᠵᠢᠷᠭᠤᠭ᠎ᠠ ᠵᠢ ᠪᠠᠲᠤᠯᠠᠬᠤ》 ᠦᠢ᠍ᠯᠡᠴᠢᠯᠡᠭᠡ ᠵᠡᠷᠭᠡ ᠠᠵᠢᠯ᠎ᠤᠨ ᠲᠤᠬᠠᠶ ᠱᠠᠭ᠋ᠠᠷᠳᠠᠯᠭ᠎ᠠ ᠳᠤᠷᠠᠳᠤᠭᠰᠠᠨ ᠪᠥᠭᠡᠳ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠥᠬᠥ ᠪᠦᠷᠢᠯᠳᠦᠬᠦᠨ᠎ᠤ 《ᠲᠥᠪ᠎ᠤᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ   ᠬᠢᠨᠠᠨ ᠪᠠᠶ᠋ᠢᠴᠠᠭ᠋ᠠᠬᠤ ᠰᠠᠬᠢᠯᠭ᠎ᠠ ᠪᠠᠲᠤ ᠵᠢᠨ ᠲᠣᠭᠲᠠᠭ᠋ᠠᠯ》᠎ᠢ ᠴᠢᠩᠭ᠎ᠠ   ᠰᠠᠬᠢᠵᠤ᠂   ᠨᠡᠶ᠋ᠢᠭᠡᠮ᠎ᠤᠨ ᠬᠢᠨᠠᠯᠲᠠ ᠵᠢ ᠬᠦᠯᠢᠶᠡᠨ ᠠᠪᠬᠤ ᠣᠪᠣᠷ ᠵᠶ᠋ᠠᠨ ᠢᠯᠡᠳᠬᠡᠭᠰᠡᠨ ᠪᠠᠢ᠍ᠨ᠎ᠠ᠃

      ᠵᠢᠷᠤᠭ ᠲᠠᠪᠤ᠄ ᠣᠷᠳᠣᠰ ᠬᠣᠲᠠ ᠵᠢᠨ ᠪᠠᠶ᠋ᠢᠩᠭᠤ ᠵᠢᠨ ᠳᠡᠳ᠋ ᠳᠠᠷᠤᠭ᠎ᠠ ᠵᠢᠨ ᠡᠤ ᠬᠤᠷᠠᠯ ᠡᠷᠭᠢᠯᠡᠪᠡ

      ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠪᠦᠬᠦ   ᠭᠡᠰᠢᠬᠦᠨ᠂ ᠣᠷᠳᠣᠰ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠎ᠤ ᠭᠣᠤᠯ ᠬᠠᠷᠢᠭᠤᠴᠠᠯᠭ᠋ᠠᠲᠠᠨ᠂ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠬᠣᠲᠠ ᠵᠢᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠤᠯᠤᠰ ᠲᠥᠷᠥ ᠵᠢᠨ ᠵᠥᠪᠯᠡᠯᠭᠡᠨ᠎ᠤ ᠠᠮᠢ ᠠᠬᠤᠶ ᠣᠷᠴᠢᠨ ᠲᠣᠭᠣᠷᠢᠨ᠎ᠢ ᠬᠠᠮᠠᠭ᠋ᠠᠯᠠᠬᠤ ᠠᠵᠢᠯ᠎ᠤᠨ ᠬᠠᠷᠢᠭᠤᠴᠠᠯᠭ᠋ᠠᠲᠠᠨ᠂ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶ᠎ᠠ᠂ ᠬᠣᠲᠠ ᠵᠢᠨ ᠠᠷᠠᠳ᠎ᠤᠨ ᠪᠠᠶ᠋ᠢᠴᠠᠭ᠋ᠠᠬᠤ ᠬᠣᠷᠢᠶᠠᠨ᠎ᠤ ᠭᠣᠤᠯ ᠬᠠᠷᠢᠭᠤᠴᠠᠯᠭ᠋ᠠᠲᠠᠨ᠂ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠦᠬᠦᠳ ᠬᠤᠷᠠᠯ᠎ᠳᠤ ᠰᠤᠯᠠ ᠣᠷᠣᠯᠴᠠᠪᠠ᠃ ᠡᠯ᠎ᠡ ᠬᠣᠰᠢᠭᠤ ᠲᠣᠭᠣᠷᠢᠭ᠎ᠤᠨ ᠨᠠᠮ ᠵᠠᠰᠠᠭ᠎ᠤᠨ ᠭᠣᠣᠯ ᠤᠳᠤᠷᠢᠳᠤᠯᠭ᠎ᠠ ᠪᠣᠯᠤᠨ ᠪᠠᠭ᠎ᠤᠨ ᠪᠦᠷᠢᠯᠳᠦᠬᠦᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠲᠤᠬᠠᠢ ᠵᠢᠨ ᠭᠠᠵᠠᠷ᠎ᠲᠤ ᠸᠢᠳᠢᠣ᠋ ᠬᠤᠷᠠᠯ᠎ᠤᠨ ᠬᠡᠯᠪᠡᠷᠢ᠎ᠪᠠᠷ ᠬᠤᠷᠠᠯ᠎ᠳᠤ ᠰᠤᠯᠠ ᠣᠷᠣᠯᠴᠠᠪᠠ᠃
      ᠲᠣᠬᠢᠷᠠᠭᠤᠯᠤᠯᠲᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠬᠢᠨᠠᠨ ᠪᠠᠶ᠋ᠢᠴᠠᠭ᠋ᠠᠬᠤ ᠴᠠᠭ᠎ᠨᠢ 25 ᠡᠳᠦᠷ᠃ ᠣᠷᠣᠵᠤ ᠰᠠᠭᠤᠬᠤ ᠬᠤᠭᠤᠴᠠᠭ᠋ᠠᠨ᠎ᠳᠤ (2020 ᠣᠨ᠎ᠤ 9 ᠰᠠᠷ᠎ᠠ ᠵᠢᠨ 2᠎ᠤᠨ ᠡᠳᠦᠷ — 9 ᠰᠠᠷ᠎ᠠ ᠵᠢᠨ 26᠎ᠤ ᠡᠳᠦᠷ) ᠲᠤᠰᠬᠠᠶ ᠵᠢᠵᠢᠭᠦᠷᠯᠡᠬᠦ ᠤᠲᠠᠰᠤ ᠭᠠᠷᠭ᠋ᠠᠪᠠ᠄ 0477 — 8324018᠂ ᠲᠤᠰᠬᠠᠢ ᠰᠢᠦᠳᠠᠨ ᠬᠠᠶ᠋ᠢᠷᠴᠠᠭ᠄ ᠤᠷᠳᠤᠰ ᠬᠤᠳᠠ ᠵᠢᠨ 10001 ᠨᠣᠮᠧᠷᠲᠤ ᠰᠢᠦᠳᠠᠨ ᠬᠠᠶ᠋ᠢᠷᠴᠠᠭ᠃ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠳᠤ ᠢᠯᠡᠴᠢᠯᠡᠨ ᠮᠡᠳᠡᠭᠦᠯᠬᠦ ᠴᠠᠭ᠎ᠨᠢ ᠡᠳᠦᠷ ᠪᠦᠷᠢ ᠵᠢᠨ 8᠄ 00 ~ 20᠄ 00 ᠪᠣᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠱᠠᠭ᠋ᠠᠷᠳᠠᠯᠭ᠎ᠠ ᠪᠠ ᠬᠢᠨᠠᠨ ᠪᠠᠶ᠋ᠢᠴᠠᠭ᠋ᠠᠬᠤ ᠳᠤᠭᠤᠶ᠋ᠢᠯᠠᠩ᠎ᠤᠨ ᠡᠭᠦᠷᠭᠡ ᠬᠠᠷᠢᠭᠤᠴᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠣᠶᠠᠳᠤᠭ᠋ᠠᠷ ᠬᠢᠨᠠᠨ ᠪᠠᠶ᠋ᠢᠴᠠᠭ᠋ᠠᠬᠤ ᠳᠤᠭᠤᠶ᠋ᠢᠯᠠᠩ ᠭᠣᠤᠯᠳᠠᠭᠤ ᠣᠷᠳᠣᠰ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠠᠯ᠎ᠠ᠎ᠪᠠᠷ᠎ᠬᠢ ᠵᠠᠬᠢᠳᠠᠯ ᠪᠤᠶᠤ ᠤᠲᠠᠰᠤᠨ᠎ᠤ ᠢᠯᠡᠴᠢᠯᠡᠯᠲᠡ ᠵᠢ ᠭᠥᠯᠢᠶᠡᠨ ᠠᠪᠴᠤ ᠰᠢᠢ᠍ᠳᠪᠤᠷᠢᠯᠡᠨ᠎ᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠄ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠯᠤᠰ ᠲᠥᠷᠥ ᠵᠢᠨ ᠤᠬᠠᠮᠰᠠᠷ ᠵᠶ᠋ᠠᠨ ᠤᠯᠠᠮ ᠴᠢᠨᠠᠭᠰᠢᠳᠠ ᠴᠢᠩᠭ᠋ᠠᠳᠬᠠᠵᠤ᠂ ᠴᠠᠭ᠋ᠠᠨᠨᠠᠭᠤᠷ᠎ᠤᠨ ᠠᠮᠢ ᠠᠬᠤᠢ ᠵᠢᠨ ᠵᠠᠰᠠᠯᠲᠠ ᠵᠢᠨ ᠠᠵᠢᠯ᠎ᠢ ᠡᠷᠡᠰ ᠰᠠᠢ᠌ᠲᠤᠷ ᠬᠢᠬᠦ ᠬᠡᠷᠡᠭᠲᠡᠢ
ᠬᠢᠵᠢᠭ᠎ᠤᠨ ᠬᠤᠭᠤᠴᠠᠭ᠋ᠠᠨ᠎ᠳᠤ ᠰᠢᠨᠵᠢᠯᠡᠬᠦ ᠤᠬᠠᠭ᠋ᠠᠨ ᠮᠡᠷᠭᠡᠵᠢᠯ ᠵᠶ᠋ᠠᠷ ᠲᠤᠰᠠᠯᠠᠵᠤ᠂ 《ᠬᠠᠶᠠᠭᠳᠠᠮᠠᠯ᠎ᠢ ᠠᠷᠢᠯᠭ᠋ᠠᠬᠤ ᠠᠵᠢᠯᠯᠠᠭ᠎ᠠ》 《ᠠᠯᠤᠰ ᠰᠡᠷᠡᠯ᠎ᠤᠨ ᠬᠠᠤᠯᠢ ᠬᠡᠷᠡᠭᠵᠢᠭᠦᠯᠦᠯᠲᠡ ᠵᠢᠨ ᠠᠵᠢᠯᠯᠠᠭ᠎ᠠ》 ᠥᠷᠨᠢᠭᠦᠯᠪᠡ
ᠮᠠᠨ᠎ᠤ ᠣᠷᠣᠨ᠎ᠤ ᠠᠮᠢ ᠠᠬᠤᠶ ᠵᠢᠨ ᠪᠣᠯᠪᠠᠰᠤᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠶ᠋ᠢᠭᠤᠯᠤᠯᠲᠠ ᠳᠠᠬᠢᠨᠲᠠ ᠰᠢᠯᠢᠳᠡᠭ ᠠᠮᠵᠢᠯᠲᠠ ᠤᠯᠪᠠ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠣᠨᠣᠯ᠎ᠤᠨ ᠰᠤᠷᠤᠯᠴᠠᠯᠭ᠎ᠠ ᠵᠢᠨ ᠭᠣᠤᠯ ᠳᠤᠭᠤᠶ᠋ᠢᠯᠠᠩ᠎ᠤᠨ (ᠥᠷᠭᠡᠳᠬᠡᠭᠰᠡᠨ) 2020 ᠣᠨ᠎ᠤ 13 ᠳ᠋ᠤᠭ᠋ᠠᠷ ᠤᠳᠠᠭ᠋ᠠᠨ᠎ᠤ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
《12369》 ᠵᠠᠭᠪᠤᠷ᠎ᠨᠢ ᠶᠠᠭᠤ ᠪᠣᠶ? ᠶᠦᠩᠺᠠᠩ᠎ᠤᠨ ᠡᠨᠡᠬᠦ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠠᠬᠢ ᠰᠢᠨ᠎ᠡ ᠡᠭᠦᠳᠦᠯᠲᠡ᠎ᠨᠢ ᠬᠢᠨᠠᠨ ᠬᠠᠮᠢᠶᠠᠷᠤᠯᠲᠠ ᠵᠢᠨ ᠨᠢᠭᠡᠨ ᠬᠦᠴᠢᠷ ᠠᠰᠠᠭᠤᠳᠠᠯ᠎ᠢ ᠰᠢᠢ᠍ᠳᠪᠦᠷᠢᠯᠡᠪᠡ
 
             蒙ICP备05000248号