8 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠶᠠᠩ ᠵᠢᠶᠧ ᠬᠤᠤᠯᠢᠩᠭᠤᠤᠯ ᠬᠣᠲᠠ᠎ᠳᠤ ᠬᠦᠷᠴᠦ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠪᠠᠶ᠋ᠢᠴᠠᠭ᠋ᠠᠨ ᠰᠤᠳᠤᠯᠪᠠ᠃

ᠵᠢᠷᠤᠭ ᠨᠢᠭᠡ᠄ (ᠥᠪᠥᠷ ᠮᠣᠩᠭᠣᠯ᠎ᠤᠨ ᠴᠤᠸᠠᠩ ᠶᠤᠸᠠᠨ ᠲᠡᠮᠦᠷᠯᠢᠭ᠎ᠤᠨ ᠺᠣᠮᠫᠠᠨᠢ ᠵᠢᠨ ᠬᠥᠩᠭᠡᠨ ᠴᠠᠭ᠋ᠠᠨ ᠴᠠᠬᠢᠯᠭ᠋ᠠᠨ ᠵᠠᠳᠠᠯᠤᠯᠲᠠ ᠵᠢᠨ ᠤᠳᠤᠭ᠎ᠠ ᠬᠡᠢ ᠵᠢᠨ ᠵᠢᠱ᠌ᠢᠶ᠎ᠡ ᠦᠵᠡᠭᠦᠯᠬᠦ ᠢᠨᠵᠧᠨᠧᠷᠢᠩ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ)
ᠶᠠᠩ ᠵᠢᠶᠧ ᠤᠷᠢᠳ ᠬᠣᠵᠢᠳ ᠥᠪᠥᠷ ᠮᠣᠩᠭᠣᠯ᠎ᠤᠨ ᠴᠤᠸᠠᠩ ᠶᠤᠸᠠᠨ ᠲᠡᠮᠦᠷᠯᠢᠭ᠎ᠤᠨ ᠺᠣᠮᠫᠠᠨᠢ᠂ ᠬᠤᠤᠯᠢᠩᠭᠤᠤᠯ᠎ᠤᠨ ᠲᠢᠶᠠᠨ ᠾᠧ ᠭᠣᠤᠯ᠎ᠤᠨ ᠤᠰᠤᠨ᠎ᠤ ᠶᠠᠪᠤᠳᠠᠯ᠎ᠤᠨ ᠺᠣᠮᠫᠠᠨᠢ ᠵᠢᠨ ᠪᠣᠬᠢᠷ ᠤᠰᠤ ᠰᠢᠢ᠍ᠳᠪᠤᠷᠢᠯᠡᠬᠦ ᠦᠢ᠍ᠯᠡᠳᠪᠤᠷᠢ ᠪᠣᠯᠤᠨ ᠬᠣᠣᠯᠢᠨ ᠭᠣᠤᠯ ᠬᠣᠲᠠ ᠵᠢᠨ ᠡᠷᠭᠢᠨ ᠲᠣᠭᠣᠷᠢᠨ᠎ᠤ ᠲᠠᠯ᠎ᠠ ᠨᠤᠲᠤᠭ᠎ᠲᠤ ᠭᠦᠨᠵᠡᠭᠡᠶ᠋ᠢᠷᠡᠨ ᠲᠤᠬᠠᠶ ᠵᠢᠨ ᠭᠠᠵᠠᠷ᠎ᠲᠤ ᠪᠠᠶ᠋ᠢᠴᠠᠭ᠋ᠠᠨ ᠰᠤᠳᠤᠯᠤᠯᠲᠠ ᠬᠢᠵᠡᠶ᠃ ᠴᠤᠸᠠᠩ ᠶᠤᠸᠠᠨ ᠲᠡᠮᠦᠷᠯᠢᠭ᠎ᠤᠨ ᠺᠣᠮᠫᠠᠨᠢ ᠵᠢᠨ ᠬᠥᠩᠭᠡᠨ ᠴᠠᠭ᠋ᠠᠨ᠎ᠤ ᠴᠠᠬᠢᠯᠭ᠋ᠠᠨ ᠵᠠᠳᠠᠯᠤᠯᠲᠠ ᠵᠢᠨ ᠤᠲᠤᠭ᠎ᠠ ᠬᠡᠢ ᠵᠢ ᠬᠡᠲᠦ ᠳᠣᠣᠷ᠎ᠠ ᠭᠠᠳᠠᠭᠰᠢᠯᠠᠭᠤᠯᠬᠤ ᠵᠢᠱ᠌ᠢᠶ᠎ᠡ ᠦᠵᠡᠭᠦᠯᠬᠦ ᠢᠨᠵᠧᠨᠧᠷᠢᠩ᠂ ᠭᠠᠯ ᠴᠠᠬᠢᠯᠭ᠋ᠠᠨ ᠮᠠᠰᠢᠨ ᠴᠣᠭᠴᠠᠯᠠᠪᠤᠷᠢ ᠵᠢᠨ ᠬᠡᠲᠦ ᠳᠣᠤᠷ᠎ᠠ ᠭᠠᠳᠠᠭᠰᠢᠯᠠᠭᠤᠯᠬᠤ ᠢᠨᠵᠧᠨᠧᠷᠢᠩ᠎ᠤᠨ ᠲᠤᠬᠠᠶ ᠬᠠᠷᠢᠭᠤ ᠮᠡᠳᠡᠭᠦᠯᠦᠯᠲᠡ ᠵᠢ ᠰᠣᠨᠣᠰᠴᠤ᠂ ᠲᠢᠶᠠᠨ ᠾᠧ ᠤᠰᠤᠨ᠎ᠤ ᠶᠠᠪᠤᠳᠠᠯ᠎ᠤᠨ ᠺᠣᠮᠫᠠᠨᠢ ᠵᠢᠨ ᠪᠣᠬᠢᠷ ᠤᠰᠤ ᠰᠢᠢ᠍ᠳᠪᠤᠷᠢᠯᠡᠬᠦ ᠦᠢ᠍ᠯᠡᠳᠪᠤᠷᠢ ᠵᠢᠨ ᠰᠢᠢ᠍ᠳᠪᠤᠷᠢᠯᠡᠬᠦ ᠤᠷ᠎ᠠ ᠮᠡᠷᠭᠡᠵᠢᠯ ᠪᠣᠯᠤᠨ ᠪᠠᠷᠢᠮᠵᠢᠶ᠎ᠠ᠎ᠳᠤ ᠬᠦᠷᠬᠦ ᠭᠠᠳᠠᠭᠰᠢᠯᠠᠭᠤᠯᠤᠯᠲᠠ ᠵᠢᠨ ᠪᠠᠶ᠋ᠢᠳᠠᠯ᠎ᠢ ᠨᠠᠷᠢᠨ ᠣᠶ᠋ᠢᠯᠠᠭ᠋ᠠᠵᠤ᠂ ᠬᠤᠤᠯᠢᠩᠭᠤᠤᠯ ᠬᠣᠲᠠ ᠵᠢᠨ ᠡᠷᠭᠢᠨ ᠲᠣᠭᠣᠷᠢᠨ᠎ᠤ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢᠨ ᠤᠷᠭᠤᠯᠲᠠ ᠵᠢᠨ ᠪᠠᠶ᠋ᠢᠳᠠᠯ᠎ᠢ ᠪᠣᠳᠠᠲᠤ ᠭᠠᠵᠠᠷ᠎ᠲᠤᠨᠢ ᠪᠠᠶ᠋ᠢᠴᠠᠭ᠋ᠠᠨ ᠦᠵᠡᠪᠡ᠃

ᠵᠢᠷᠤᠭ ᠬᠤᠶᠠᠷ; (ᠬᠤᠤᠯᠢᠩᠭᠤᠤᠯ ᠬᠣᠲᠠ ᠵᠢᠨ ᠲᠢᠶᠠᠨ ᠾᠧ ᠭᠣᠤᠯ᠎ᠤᠨ ᠤᠰᠤᠨ᠎ᠤ ᠶᠠᠪᠤᠳᠠᠯ᠎ᠤᠨ ᠺᠣᠮᠫᠠᠨᠢ ᠵᠢᠨ ᠪᠣᠬᠢᠷ ᠤᠰᠤ ᠰᠢᠢ᠍ᠳᠪᠤᠷᠢᠯᠡᠬᠦ ᠦᠢ᠍ᠯᠡᠳᠪᠤᠷᠢ ᠵᠢᠨ ᠠᠵᠢᠯᠯᠠᠭ᠎ᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ)
ᠶᠠᠩ ᠵᠢᠶᠧ᠂ ᠬᠤᠤᠯᠢᠩᠭᠤᠤᠯ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠪᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠬᠦᠢ᠍ᠴᠡᠳ ᠨᠤᠲᠠᠯᠠᠵᠤ᠂ ᠠᠮᠢ ᠠᠬᠤᠶ ᠵᠢ ᠲᠡᠷᠢᠭᠦᠨ᠎ᠳᠤ ᠲᠠᠯᠪᠢᠨ᠂ ᠪᠣᠬᠢᠷᠲᠤᠯ ᠦᠭᠡᠢ ᠬᠥᠭᠵᠢᠭᠦᠯᠬᠦ ᠲᠣᠳᠣᠷᠬᠠᠢ ᠤᠳᠤᠷᠢᠳᠤᠮᠵᠢ ᠵᠢ ᠪᠠᠲᠤ ᠪᠡᠬᠢ ᠪᠤᠢ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠵᠠᠶ᠂ ᠬᠥᠭᠵᠢᠭᠦᠯᠬᠦ ᠳᠤᠮᠳᠠ ᠬᠠᠮᠠᠭ᠋ᠠᠯᠠᠨ᠂ ᠬᠠᠮᠠᠭ᠋ᠠᠯᠠᠬᠤ ᠳᠤᠮᠳᠠ ᠬᠥᠭᠵᠢᠭᠦᠯᠬᠦ ᠵᠢ ᠪᠠᠷᠢᠮᠲᠠᠯᠠᠵᠤ᠂ ᠠᠵᠤ ᠦᠢ᠍ᠯᠡᠰ᠎ᠤᠨ ᠡᠷᠡᠭᠦᠯ ᠵᠶ᠋ᠠᠷ ᠬᠥᠭᠵᠢᠬᠦ ᠪᠠ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤ ᠵᠢᠨ ᠢᠯᠠᠯᠲᠠ ᠵᠢ ᠣᠯᠣᠨ᠎ᠠ᠃ ᠲᠠᠯ᠎ᠠ ᠨᠤᠲᠤᠭ᠎ᠤᠨ ᠠᠮᠢ ᠠᠬᠤᠶ ᠵᠢ ᠰᠢᠨᠵᠢᠯᠡᠬᠦ ᠤᠬᠠᠭ᠋ᠠᠨᠴᠢ᠎ᠪᠠᠷ ᠬᠠᠮᠠᠭ᠋ᠠᠯᠠᠵᠤ᠂ ᠰᠢᠨᠵᠢᠯᠡᠬᠦ ᠤᠬᠠᠭ᠋ᠠᠨᠴᠢ᠎ᠪᠠᠷ ᠦᠨᠡᠯᠡᠨ ᠵᠢᠱ᠌ᠢᠭᠰᠡᠨ ᠰᠠᠭᠤᠷᠢᠨ ᠳᠡᠭᠡᠷ᠎ᠡ ᠪᠠ ᠪᠠᠶ᠋ᠢᠭ᠋ᠠᠯᠢ ᠵᠢᠨ ᠵᠢᠮ᠎ᠡ ᠶᠣᠰᠣ ᠵᠢ ᠬᠦᠨᠳᠦᠳᠬᠡᠬᠦ ᠤᠷᠢᠲᠠᠯ ᠳᠣᠤᠷ᠎ᠠ᠂ ᠨᠤᠲᠤᠭ ᠪᠡᠯᠴᠢᠭᠡᠷ᠎ᠢ ᠵᠦᠶ ᠵᠣᠬᠢᠰᠲᠠᠶ ᠨᠡᠭᠡᠭᠡᠨ ᠠᠰᠢᠭᠯᠠᠵᠤ᠂ ᠡᠪᠡᠰᠦ ᠪᠡᠯᠴᠢᠭᠡᠷ ᠮᠠᠯ ᠤᠨᠤᠭ᠋ᠠᠨ᠎ᠤ ᠲᠡᠩᠴᠡᠭᠦᠷᠢ ᠵᠢ ᠪᠠᠲᠤᠯᠠᠨ᠎ᠠ᠃ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠵᠢ ᠴᠢᠩᠭ᠋ᠠᠳᠬᠠᠵᠤ᠂ ᠣᠯᠠᠨ ᠠᠷᠭ᠎ᠠ ᠬᠡᠮᠵᠢᠶ᠎ᠡ ᠵᠢᠨ ᠳᠠᠭ᠋ᠠᠤ ᠮᠡᠷᠭᠡᠵᠢᠯ᠎ᠤᠨ ᠰᠢᠨ᠎ᠡ ᠵᠢᠨ ᠡᠭᠦᠳᠦᠯᠲᠡ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠥᠭᠡᠷᠦᠮᠵᠢ ᠵᠢᠨ ᠳᠡᠰ ᠳᠡᠪᠰᠢᠬᠦ ᠥᠭᠡᠷᠡᠴᠢᠯᠡᠯᠲᠡ ᠵᠢ ᠲᠦᠯᠬᠢᠨ ᠠᠬᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠵᠢ ᠴᠢᠷᠮᠠᠶ᠋ᠢᠨ ᠪᠡᠶᠡᠯᠡᠭᠦᠯᠵᠦ᠂ ᠠᠵᠤ ᠠᠬᠤᠶ᠋ᠢᠯᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠢᠷᠢ ᠲᠦᠪᠰᠢᠨ᠎ᠢ ᠳᠡᠭᠡᠭᠰᠢᠯᠡᠭᠦᠯᠬᠦ᠎ᠳᠤ ᠬᠦᠴᠦ ᠨᠡᠮᠡᠷᠢᠯᠡᠨ᠎ᠡ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠡᠷᠴᠢᠮ᠎ᠢ ᠴᠢᠩᠭ᠋ᠠᠷᠠᠭᠤᠯᠵᠤ᠂ ᠣᠳᠣᠬᠢᠴᠢᠯᠠᠭᠰᠠᠨ ᠠᠷᠭ᠎ᠠ ᠪᠠᠷᠢᠯ᠎ᠢ ᠬᠦᠢ᠍ᠴᠡᠳ ᠬᠡᠷᠡᠭᠯᠡᠨ ᠠᠵᠤ ᠠᠬᠤᠶ᠋ᠢᠯᠠᠯ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠠᠵᠤ ᠠᠬᠤᠶ᠋ᠢᠯᠠᠯ᠎ᠤᠨ ᠬᠠᠤᠯᠢ ᠵᠦᠷᠢᠴᠡᠬᠦ ᠥᠪᠡᠷ᠎ᠤᠨ ᠥᠷᠲᠡᠭ᠎ᠢ ᠳᠡᠭᠡᠭᠰᠢᠯᠡᠭᠦᠯᠦᠨ᠂ ᠠᠵᠤ ᠠᠬᠤᠶ᠋ᠢᠯᠠᠯ᠎ᠤᠨ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ᠂ ᠰᠠᠨᠠᠭ᠋ᠠᠴᠢᠯᠠᠭ᠎ᠠ᠎ᠠᠴᠠ᠎ᠪᠠᠨ ᠪᠣᠬᠢᠷᠲᠤᠯ᠎ᠢ ᠵᠠᠰᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠶ ᠭᠡᠪᠡ᠃

ᠵᠢᠷᠤᠭ ᠭᠤᠷᠪᠠ᠄ (ᠬᠤᠤᠯᠢᠩᠭᠤᠤᠯ ᠬᠣᠲᠠ ᠵᠢᠨ ᠡᠷᠬᠢᠨ ᠲᠣᠭᠣᠷᠢᠨ᠎ᠤ ᠨᠤᠲᠤᠭ ᠪᠡᠯᠴᠢᠭᠡᠷ᠎ᠤᠨ ᠤᠷᠭᠤᠮᠠᠯ ᠬᠤᠴᠢᠯᠭ᠎ᠠ ᠵᠢᠨ ᠤᠷᠭᠤᠯᠲᠠ ᠵᠢᠨ ᠪᠠᠶ᠋ᠢᠳᠠᠯ᠎ᠢ ᠪᠠᠶ᠋ᠢᠴᠠᠭ᠋ᠠᠨ ᠦᠵᠡᠪᠡ)
ᠲᠦᠩᠯᠢᠶᠣᠤ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠡᠳ᠋ ᠳᠠᠷᠤᠭ᠎ᠠ ᠬᠤᠤ ᠮᠢᠩ ᠱᠧᠩ ᠪᠠᠷ᠎ᠠ ᠪᠣᠯᠵᠣ ᠪᠠᠶ᠋ᠢᠴᠠᠭ᠋ᠠᠨ ᠰᠤᠳᠤᠯᠤᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠤᠨ ᠠᠯᠪᠠᠨ ᠬᠡᠷ᠎ᠤᠨ ᠡᠷᠬᠢᠯᠡᠭᠴᠢ ᠶᠢᠨ ᠱᠤ᠌ ᠭᠠᠩ᠂ ᠲᠦᠩᠯᠢᠶᠣᠤ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠲᠣᠪᠴᠢᠶᠠᠨ ᠳᠠᠷᠤᠭ᠎ᠠ ᠰᠢᠤᠸᠠᠢ ᠢᠦᠶ ᠴᠧᠩ᠂ ᠬᠤᠤᠯᠢᠩᠭᠤᠤᠯ ᠬᠣᠲᠠ ᠵᠢᠨ ᠳᠡᠳ᠋ ᠳᠠᠷᠤᠭ᠎ᠠ ᠨᠢᠶᠧ ᠸᠸᠨ ᠬᠣᠶ᠂ ᠬᠤᠤᠯᠢᠩᠭᠤᠤᠯ ᠬᠣᠲᠠ ᠵᠢᠨ ᠠᠮᠢ ᠠᠬᠤᠶ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ᠂ ᠵᠠᠷᠤᠳ ᠬᠣᠰᠢᠭᠤᠨ᠎ᠤ ᠠᠮᠢ ᠠᠬᠤᠶ ᠣᠷᠴᠢᠨ ᠲᠣᠭᠣᠷᠢᠨ᠎ᠤ ᠬᠤᠪᠢᠶᠠᠷᠢ ᠲᠣᠪᠴᠢᠶ᠎ᠠ ᠵᠢᠨ ᠪᠠᠭ᠎ᠤᠨ ᠭᠡᠰᠢᠬᠦᠨ ᠨᠦᠬᠦᠳ ᠪᠠᠶ᠋ᠢᠴᠠᠭ᠋ᠠᠨ ᠰᠤᠳᠤᠯᠤᠯᠲᠠ᠎ᠳᠤ ᠣᠷᠣᠯᠴᠠᠪᠠ᠃