1 ᠳ᠋ᠦ᠍ᠭᠡᠷ ᠰᠠᠷ᠎ᠠ ᠵᠢᠨ 2᠎ᠤᠨ ᠡᠳᠦᠷ᠂ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠳᠤᠮᠳᠠᠳᠤ ᠤᠯᠤᠰ (ᠱᠧᠨᠵᠧᠨ)᠎ᠤᠨ ᠣᠯᠠᠨ ᠤᠯᠤᠰ᠎ᠤᠨ ᠰᠣᠶᠣᠯ᠎ᠤᠨ ᠠᠵᠤ ᠦᠢ᠍ᠯᠡᠰ᠎ᠤᠨ ᠦᠵᠡᠰᠬᠦᠯᠡᠩ (ᠳᠣᠷᠣᠭᠰᠢ ᠰᠣᠶᠣᠯ᠎ᠤᠨ ᠦᠵᠡᠰᠬᠦᠯᠡᠩ ᠭᠡᠵᠦ ᠲᠣᠪᠴᠢᠯᠠᠨ᠎ᠠ) ᠱᠧᠨᠵᠧᠨ᠎ᠳᠤ ᠥᠨᠳᠥᠷᠯᠡᠪᠡ᠃
ᠣᠢ᠌ᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ ᠰᠣᠶᠣᠯ᠎ᠤᠨ ᠦᠵᠡᠰᠬᠦᠯᠡᠩ᠎ᠳᠤ ᠨᠡᠶ᠋ᠢᠲᠡ 10 ᠲᠦᠮᠡ ᠭᠠᠷᠤᠢ ᠰᠣᠶᠣᠯ᠎ᠤᠨ ᠪᠦᠲᠦᠭᠡᠭᠳᠡᠬᠦᠨ᠎ᠢ ᠳᠡᠯᠭᠡᠨ ᠦᠵᠡᠭᠦᠯᠵᠦ᠂ 4000 ᠭᠠᠷᠤᠢ ᠰᠣᠶᠣᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠲᠥᠷᠥᠯ ᠵᠦᠢ᠍ᠯ᠎ᠢ ᠲᠤᠬᠠᠢ ᠵᠢᠨ ᠲᠠᠯᠠᠪᠤᠷ᠎ᠲᠤ ᠳᠡᠯᠭᠡᠨ ᠦᠵᠡᠭᠦᠯᠦᠭᠰᠡᠨ ᠪᠠ ᠠᠷᠠᠯᠵᠢᠶᠠᠯᠠᠵᠤ᠂ ᠡᠯ᠎ᠡ ᠲᠥᠷᠥᠯ᠎ᠤᠨ ᠠᠵᠢᠯᠯᠠᠭ᠎ᠠ ᠵᠢ ᠨᠡᠶ᠋ᠢᠲᠡ 400 ᠭᠠᠷᠤᠢ ᠵᠦᠢ᠍ᠯ ᠲᠥᠯᠥᠪᠯᠡᠵᠦ᠂ ᠭᠣᠣᠯ ᠴᠤᠭᠯᠠᠭ᠋ᠠᠨ᠎ᠤ ᠲᠠᠯᠠᠪᠠᠶ᠂ ᠬᠤᠪᠢᠶᠠᠷᠢ ᠴᠤᠭᠯᠠᠭ᠋ᠠᠨ᠎ᠤ ᠲᠠᠯᠠᠪᠠᠶ ᠪᠠ ᠡᠯ᠎ᠡ ᠬᠠᠮᠢᠶ᠎ᠠ ᠪᠦᠬᠦᠢ ᠠᠵᠢᠯᠯᠠᠭ᠎ᠠ ᠵᠢᠨ ᠴᠡᠭ᠎ᠲᠤ ᠣᠷᠣᠯᠴᠠᠭᠰᠠᠨ ᠬᠥᠮᠥᠨ᠎ᠤ ᠲᠣᠭ᠎ᠠ 200 ᠲᠦᠮᠡ ᠵᠢ ᠳᠠᠪᠠᠵᠠᠢ᠃
ᠲᠣᠰ ᠬᠤᠭᠤᠴᠠᠭ᠋ᠠᠨ᠎ᠤ ᠰᠣᠶᠣᠯ᠎ᠤᠨ ᠦᠵᠡᠰᠬᠦᠯᠡᠩ ᠳᠡᠭᠡᠷ᠎ᠡ᠂ ᠥᠪᠥᠷ ᠮᠣᠩᠭᠣᠯ ᠣᠢ᠌ᠷ᠎ᠠ ᠵᠢᠨ ᠵᠢᠯ᠎ᠤᠳ᠎ᠤᠨ ᠦᠨᠳᠦᠰᠦᠲᠡᠨ᠎ᠨᠦᠭᠦᠳ᠎ᠤᠨ ᠬᠠᠮᠲᠤ ᠵᠢᠨ ᠣᠶᠤᠨ ᠰᠠᠨᠠᠭ᠋ᠠᠨ᠎ᠤ ᠭᠡᠷ ᠣᠷᠣᠨ᠎ᠢ ᠴᠣᠭᠴᠠᠯᠠᠨ ᠪᠠᠢ᠌ᠭᠤᠯᠤᠭᠰᠠᠨ ᠣᠯᠠᠨ ᠣᠯᠠᠨ ᠪᠦᠲᠦᠭᠡᠯ᠎ᠤᠳ᠂ ᠥᠪᠥᠷ ᠮᠣᠩᠭᠣᠯ᠎ᠤᠨ ᠰᠢᠭᠤᠳ ᠬᠠᠷᠢᠶ᠎ᠠ ᠤᠯᠤᠰ᠎ᠤᠨ ᠥᠮᠴᠢᠯᠡᠯᠲᠦ ᠰᠣᠶᠣᠯ᠎ᠤᠨ ᠠᠵᠤ ᠠᠬᠤᠢ᠌ᠯᠠᠯ ᠪᠠ ᠤᠯᠤᠰ᠎ᠤᠨ ᠥᠮᠴᠢᠯᠡᠯᠲᠦ ᠤᠳᠬ᠎ᠠ ᠤᠷᠠᠯᠢᠭ᠎ᠤᠨ ᠬᠦᠷᠢᠶᠡᠯᠡᠩ ᠪᠦᠯᠬᠦᠮ᠎ᠤᠨ ᠬᠥᠭᠵᠢᠯᠲᠡ ᠵᠢᠨ ᠠᠮᠵᠢᠯᠲᠠ ᠪᠦᠲᠦᠮᠵᠢ ᠵᠢᠴᠢ ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠳᠥᠷᠪᠡᠨ ᠤᠯᠠᠷᠢᠯ᠎ᠤᠨ ᠥᠩᠭᠡ ᠦᠵᠡᠮᠵᠢ ᠵᠢ ᠲᠥᠪᠯᠡᠷᠡᠭᠦᠯᠦᠨ ᠳᠡᠯᠭᠡᠨ ᠦᠵᠡᠭᠦᠯᠵᠡᠢ᠃ 40 ᠰᠣᠶᠣᠯ ᠵᠢᠭᠤᠯᠴᠢᠯᠠᠯ᠎ᠤᠨ ᠠᠵᠤ ᠠᠬᠤᠢ᠌ᠯᠠᠯ᠎ᠤᠨ ᠠᠪᠴᠢᠷᠠᠭᠰᠠᠨ 500 ᠭᠠᠷᠤᠢ ᠵᠦᠢ᠍ᠯ (ᠢᠵᠢ)᠎ᠤᠨ ᠣᠨᠴᠠᠯᠢᠭᠲᠤ ᠰᠣᠶᠣᠯ ᠵᠢᠭᠤᠯᠴᠢᠯᠠᠯ᠎ᠤᠨ ᠪᠦᠲᠦᠭᠡᠭᠳᠡᠬᠦᠨ᠎ᠨᠢ ᠰᠣᠶᠣᠯ᠎ᠤᠨ ᠦᠵᠡᠰᠬᠦᠯᠡᠩ᠎ᠢ ᠭᠢᠯᠠᠯᠵᠠᠭᠤᠯᠵᠤ᠂ ᠪᠦᠬᠦ ᠤᠯᠤᠰ᠎ᠤᠨ ᠡᠯ᠎ᠡ ᠭᠠᠵᠠᠷ᠎ᠤᠨ ᠦᠵᠡᠭᠴᠢᠳ᠎ᠤᠨ ᠪᠠᠬᠠᠷᠬᠠᠯ᠎ᠢ ᠲᠠᠲᠠᠪᠠ᠃ ᠡᠯᠪᠡᠭ ᠪᠠᠶᠠᠯᠢᠭ ᠦᠵᠡᠭᠦᠯᠭᠡ ᠵᠢᠨ ᠵᠦᠢ᠍ᠯᠡᠰ ᠪᠠ ᠨᠠᠷᠢᠨ ᠰᠢᠯᠢᠵᠦ ᠰᠣᠩᠭᠣᠭᠰᠠᠨ ᠦᠵᠡᠭᠦᠯᠭᠡ ᠵᠢᠨ ᠠᠭᠤᠯᠭ᠎ᠠ᠎ᠨᠢ ᠥᠪᠥᠷ ᠮᠣᠩᠭᠣᠯ᠎ᠤᠨ ᠰᠣᠶᠣᠯ ᠵᠢᠭᠤᠯᠴᠢᠯᠠᠯ᠎ᠤᠨ ᠦᠢ᠍ᠯᠡᠰ᠎ᠤᠨ ᠬᠥᠭᠵᠢᠯᠲᠡ ᠵᠢᠨ ᠪᠠᠢ᠌ᠳᠠᠯ᠎ᠢ ᠭᠦᠢ᠍ᠴᠡᠳ ᠬᠠᠷᠠᠭᠤᠯᠵᠠᠢ᠃
ᠲᠠᠨᠢᠯᠴᠠᠭᠤᠯᠤᠭᠰᠠᠨ ᠵᠶ᠋ᠠᠷ᠂ ᠡᠨᠡ ᠪᠣᠯ ᠥᠪᠥᠷ ᠮᠣᠩᠭᠣᠯ᠎ᠤᠨ 18 ᠳ᠋ᠤᠭ᠋ᠠᠷ ᠤᠳᠠᠭ᠋ᠠᠨ᠎ᠤ ᠰᠣᠶᠣᠯ᠎ᠤᠨ ᠦᠵᠡᠰᠬᠦᠯᠡᠩ᠎ᠳᠤ ᠣᠷᠣᠯᠴᠠᠵᠤ ᠪᠠᠢ᠌ᠭ᠎ᠠ ᠶᠠᠪᠤᠳᠠᠯ ᠪᠣᠯᠣᠨ᠎ᠠ᠃ ᠦᠵᠡᠰᠬᠦᠯᠡᠩ᠎ᠤᠨ ᠬᠤᠭᠤᠴᠠᠭ᠋ᠠᠨ᠎ᠳᠤ᠂ ᠥᠪᠥᠷ ᠮᠣᠩᠭᠣᠯ᠎ᠤᠨ ᠤᠯᠠᠨ ᠠᠵᠤ ᠠᠬᠤᠢ᠌ᠯᠠᠯ᠎ᠠᠴᠠ ᠣᠷᠣᠨ᠎ᠤ ᠭᠠᠳᠠᠨᠠᠬᠢ ᠦᠵᠡᠰᠬᠦᠯᠡᠩ᠎ᠳᠤ ᠣᠷᠣᠯᠴᠠᠭᠰᠠᠨ ᠬᠤᠳᠠᠯᠳᠤᠭ᠋ᠠᠴᠢᠨ᠎ᠲᠠᠢ ᠬᠠᠮᠲᠤᠷᠠᠯᠴᠠᠭ᠋ᠠᠨ᠎ᠤ ᠰᠠᠨᠠᠮᠵᠢ ᠲᠣᠬᠢᠷᠠᠯᠴᠠᠵᠠᠢ᠃