ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠬᠠᠲᠤᠨ ᠭᠣᠣᠯ᠎ᠤᠨ ᠥᠪᠥᠷ ᠮᠣᠩᠭᠣᠯ᠎ᠤᠨ ᠬᠡᠰᠡᠭ ᠪᠥᠬᠥ ᠱᠤᠭᠤᠮ ᠵᠶ᠋ᠠᠷ ᠵᠶ᠋ᠠᠨ ᠬᠥᠯᠳᠡᠪᠡ
ᠨᠡᠶ᠋ᠢᠲᠡᠯᠡᠭᠰᠡᠨ ᠴᠠᠭ᠄ 2023-01-05

      ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠠᠭ᠋ᠠᠭᠰᠠᠨ ᠵᠶ᠋ᠠᠷ᠂ 1 ᠳ᠋ᠦ᠍ᠭᠡᠷ ᠰᠠᠷ᠎ᠠ ᠵᠢᠨ 2᠎ᠤᠨ ᠡᠳᠦᠷ᠂ ᠬᠠᠲᠤᠨ ᠭᠣᠣᠯ᠎ᠤᠨ ᠬᠥᠯᠳᠡᠭᠰᠡᠨ ᠬᠡᠰᠡᠭ᠎ᠤᠨ ᠪᠠᠷᠠᠭᠤᠨ ᠡᠷᠭᠢ᠎ᠨᠢ ᠥᠪᠥᠷ ᠮᠣᠩᠭᠣᠯ ᠪᠣᠯᠣᠨ ᠨᠢᠩᠰᠢᠶᠠ ᠵᠢᠨ ᠠᠭᠤᠯᠵᠠᠷ᠎ᠲᠠᠬᠢ ᠭᠠᠰᠢᠭᠤᠨ ᠤᠰᠤᠨ᠎ᠤ ᠭᠤᠤ ᠵᠢᠨ ᠬᠠᠲᠤᠨ ᠭᠣᠣᠯ᠎ᠳᠤ ᠴᠢᠳᠬᠤᠬᠤ ᠬᠡᠰᠡᠭ᠎ᠲᠤ ᠬᠦᠷᠴᠦ᠂ ᠬᠠᠲᠤᠨ ᠭᠣᠣᠯ᠎ᠤᠨ ᠥᠪᠥᠷ ᠮᠣᠩᠭᠣᠯ᠎ᠳᠠᠬᠢ 720 ᠺᠢᠯᠣᠮᠧᠲᠷ ᠤᠷᠲᠤ ᠬᠡᠰᠡᠭ᠎ᠨᠢ ᠪᠥᠬᠥ ᠱᠤᠭᠤᠮ ᠵᠶ᠋ᠠᠷ ᠵᠶ᠋ᠡᠨ ᠬᠥᠯᠳᠡᠵᠦ᠂ ᠲᠣᠭᠲᠠᠪᠤᠷᠢᠲᠠᠢ ᠬᠥᠯᠳᠡᠬᠦ ᠬᠤᠭᠤᠴᠠᠭ᠋ᠠᠨ᠎ᠳᠤ ᠣᠷᠣᠪᠠ᠃ 34 ᠡᠳᠦᠷ ᠦᠷᠭᠦᠯᠵᠢᠯᠡᠨ ᠬᠥᠯᠳᠡᠵᠦ᠂ ᠤᠰᠤᠨ ᠲᠦᠪᠰᠢᠨ ᠦᠨᠳᠦᠰᠦᠨ᠎ᠳᠤ᠎ᠪᠠᠨ ᠲᠣᠭᠲᠠᠭᠤᠨ ᠪᠣᠯᠪᠠ᠃

      ᠲᠣᠰ ᠤᠳᠠᠭ᠋ᠠᠨ᠎ᠤ ᠭᠣᠣᠯ ᠬᠥᠯᠳᠡᠬᠦ ᠦᠶ᠎ᠡ ᠵᠢᠨ ᠠᠩᠬᠠᠨ᠎ᠤ ᠬᠠᠯᠢᠶ᠎ᠠ ᠵᠢᠨ ᠴᠠᠭ᠎ᠨᠢ ᠪᠠᠬᠠᠨ ᠣᠷᠣᠢ᠂ ᠠᠩᠬ᠎ᠠ ᠬᠥᠯᠳᠡᠭᠰᠡᠨ ᠴᠠᠭ᠎ᠨᠢ ᠪᠠᠬᠠᠨ ᠡᠷᠲᠡ ᠪᠠᠢ᠌ᠵᠤ᠂ ᠠᠩᠬᠠᠨ᠎ᠤ ᠬᠠᠯᠢᠶ᠎ᠠ ᠵᠢᠨ ᠴᠠᠭ᠎ᠨᠢ ᠡᠩ᠎ᠤᠨ ᠵᠢᠯ᠎ᠤᠨ᠎ᠬᠢ᠎ᠠᠴᠠ 9 ᠡᠳᠦᠷ ᠣᠷᠣᠢ᠌ᠲᠠᠵᠤ᠂ ᠠᠩᠬ᠎ᠠ ᠬᠥᠯᠳᠡᠭᠰᠡᠨ ᠴᠠᠭ᠎ᠨᠢ ᠡᠩ᠎ᠤᠨ ᠵᠢᠯ᠎ᠤᠨ᠎ᠬᠢ᠎ᠠᠴᠠ 3 ᠡᠳᠦᠷ ᠡᠷᠲᠡᠯᠡᠵᠦ᠂ ᠠᠩᠬᠠᠨ᠎ᠤ ᠬᠠᠯᠢᠶ᠎ᠠ᠎ᠠᠴᠠ ᠬᠥᠯᠳᠡᠬᠦ ᠬᠦᠷᠲᠡᠯ᠎ᠡ ᠨᠢᠭᠡ ᠯᠡ ᠡᠳᠦᠷ ᠵᠥᠷᠢᠵᠦ᠂ ᠲᠡᠦᠬᠡᠨ᠎ᠳᠠᠬᠢ ᠬᠠᠮᠤᠭ᠎ᠤᠨ ᠣᠬᠣᠷ ᠴᠠᠭ ᠪᠣᠯᠪᠠ; ᠡᠬᠢᠨ᠎ᠤ ᠬᠤᠭᠤᠴᠠᠭ᠋ᠠᠨ᠎ᠤ ᠬᠦᠢ᠍ᠲᠡᠨ ᠠᠭ᠋ᠠᠷ᠎ᠤᠨ ᠨᠥᠯᠥᠭᠡ᠎ᠠᠴᠠ ᠪᠣᠯᠵᠤ᠂ ᠭᠣᠣᠯ ᠬᠥᠯᠳᠡᠬᠦ ᠬᠤᠷᠳᠤᠴᠠ᠎ᠨᠢ ᠲᠦᠷᠭᠡᠨ ᠪᠠᠢ᠌ᠪᠠ; ᠭᠣᠣᠯ ᠬᠥᠯᠳᠡᠬᠦ᠎ᠨᠢ ᠲᠣᠭᠲᠠᠭᠤᠨ᠂ ᠭᠣᠣᠯ ᠬᠥᠯᠳᠡᠬᠦ ᠬᠤᠭᠤᠴᠠᠭ᠋ᠠᠨ᠎ᠳᠤ ᠶᠡᠬᠡ ᠲᠦᠭᠰᠢᠭᠦᠷᠢᠲᠦ ᠪᠠᠢ᠌ᠳᠠᠯ ᠭᠠᠷᠤᠭᠰᠠᠨ ᠦᠭᠡᠢ᠂ ᠪᠦᠬᠦ ᠱᠤᠭᠤᠮ ᠵᠶ᠋ᠠᠷ ᠵᠶ᠋ᠠᠨ ᠮᠥᠰᠥᠲᠦᠯᠭᠡ ᠵᠢᠨ ᠵᠠᠭ᠋ᠠᠭ ᠨᠡᠯᠢᠶᠡᠳ ᠠᠷᠪᠢᠨ ᠪᠠᠢ᠌ᠪᠠ᠃

      ᠣᠢ᠌ᠯᠠᠭ᠋ᠠᠭᠰᠠᠨ ᠵᠶ᠋ᠠᠷ᠂ ᠬᠠᠲᠤᠨ ᠭᠣᠣᠯ᠎ᠤᠨ ᠬᠠᠯᠢᠶ᠎ᠠ ᠦᠶᠡᠷ᠎ᠤᠨ ᠬᠤᠭᠤᠴᠠᠭ᠋ᠠᠨ᠎ᠳᠤ ᠲᠣᠭᠲᠠᠭᠤᠨ ᠵᠶ᠋ᠠᠷ ᠬᠥᠯᠳᠡᠬᠦ ᠵᠢ ᠠᠮᠤᠷ ᠲᠦᠪᠰᠢᠨ ᠵᠶ᠋ᠡᠷ ᠥᠩᠭᠡᠷᠡᠭᠦᠯᠬᠦ ᠵᠢ ᠪᠠᠲᠤᠯᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠬᠠᠲᠤᠨ ᠭᠣᠣᠯ᠎ᠤᠨ ᠰᠦᠩ ᠬᠠᠯᠢᠶ᠎ᠠ ᠵᠢ ᠰᠡᠷᠭᠡᠢ᠌ᠯᠡᠬᠦ ᠠᠵᠢᠯ᠎ᠢ ᠪᠦᠬᠦ ᠲᠠᠯ᠎ᠠ᠎ᠪᠠᠷ ᠪᠠᠢ᠌ᠷᠢᠯᠠᠭᠤᠯᠵᠤ᠂ ᠠᠵᠢᠯᠯᠠᠬᠤ ᠳᠤᠭᠤᠢ᠌ᠯᠠᠩ᠎ᠤᠨ᠎ᠬᠢᠨ ᠬᠠᠳᠤᠨ ᠭᠣᠣᠯ ᠳᠠᠭ᠋ᠠᠤ ᠡᠮᠦᠨ᠎ᠡ ᠹᠷᠣᠨᠲ᠎ᠲᠤ ᠤᠯᠠᠨ ᠤᠳᠠᠭ᠎ᠠ ᠬᠦᠷᠴᠦ ᠰᠦᠩ ᠬᠠᠯᠢᠶ᠎ᠠ ᠵᠢ ᠰᠡᠷᠭᠡᠢ᠌ᠯᠡᠬᠦ ᠠᠵᠢᠯ᠎ᠢ ᠬᠢᠨᠠᠨ ᠵᠢᠯᠤᠭᠣᠳᠴᠤ ᠪᠠᠢ᠌ᠴᠠᠭ᠋ᠠᠨ ᠰᠤᠳᠤᠯᠵᠤ᠂ ᠬᠠᠳᠤᠨ ᠭᠣᠣᠯ ᠳᠠᠭ᠋ᠠᠤ ᠡᠯ᠎ᠡ ᠭᠠᠵᠠᠷ ᠪᠣᠯᠣᠨ ᠬᠣᠯᠪᠣᠭᠳᠠᠯ ᠪᠦᠬᠦᠢ ᠨᠢᠭᠡᠴᠢ᠎ᠨᠦᠭᠦᠳ ᠰᠦᠩ ᠬᠠᠯᠢᠶ᠎ᠠ ᠵᠢ ᠰᠡᠷᠭᠡᠢ᠌ᠯᠡᠬᠦ ᠡᠯ᠎ᠡ ᠵᠦᠢ᠍ᠯ᠎ᠤᠨ ᠬᠠᠷᠢᠭᠤᠴᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠬᠠᠳᠤᠨ ᠭᠣᠣᠯ᠎ᠤᠨ ᠬᠠᠰᠢᠯᠭ᠎ᠠ ᠵᠢ ᠨᠡᠪᠲᠡᠯᠦᠭᠰᠡᠨ 320 ᠭᠤᠯᠳᠤᠩ ᠠᠭᠤᠢ (ᠬᠠᠭ᠋ᠠᠯᠲᠠ) ᠵᠢ ᠪᠦᠬᠦᠨ᠎ᠢ ᠪᠥᠭᠯᠡᠭᠰᠡᠨ ᠪᠥᠭᠡᠳ ᠬᠠᠳᠤᠨ ᠭᠣᠣᠯ᠎ᠤᠨ 86 ᠭᠣᠣᠯᠳᠠᠯᠭ᠎ᠠ᠎ᠲᠠᠢ ᠬᠡᠰᠡᠭ᠎ᠤᠨ 《ᠭᠤᠷᠪᠠᠨ》 ᠬᠠᠷᠢᠭᠤᠴᠠᠯᠭ᠋ᠠᠲᠠᠨ᠎ᠢ ᠨᠠᠢ᠌ᠳᠠᠪᠤᠷᠢᠵᠢᠭᠤᠯᠵᠤ᠂ ᠵᠠᠪᠳᠤᠨ ᠬᠠᠮᠠᠭ᠋ᠠᠯᠠᠬᠤ ᠪᠡᠯᠡᠳᠬᠡᠯ ᠠᠵᠢᠯ᠎ᠢ ᠴᠠᠭ ᠲᠤᠬᠠᠢ᠎ᠳᠤ᠎ᠨᠢ ᠰᠠᠢ᠌ᠲᠤᠷ ᠬᠢᠬᠦ ᠵᠢᠨ ᠬᠠᠮᠲᠤ᠂ ᠤᠰᠤᠨ ᠠᠰᠢᠭᠯᠠᠯᠲᠠ ᠵᠢᠨ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠠᠢ᠃

      ᠲᠣᠭᠲᠠᠭᠤᠨ ᠵᠶ᠋ᠠᠷ ᠭᠣᠣᠯ ᠬᠥᠯᠳᠡᠭᠰᠡᠨ ᠲᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ ᠪᠣᠯᠣᠨ ᠬᠠᠳᠤᠨ ᠭᠣᠣᠯ ᠳᠠᠭ᠋ᠠᠤ ᠵᠢᠨ ᠡᠯ᠎ᠡ ᠭᠠᠵᠠᠷ ᠵᠢᠴᠢ ᠬᠣᠯᠪᠣᠭᠳᠠᠯ ᠪᠦᠬᠦᠢ ᠨᠢᠭᠡᠴᠢ ᠵᠢᠨ᠎ᠬᠢᠨ ᠰᠦᠩ ᠬᠠᠯᠢᠶ᠎ᠠ ᠵᠢᠨ ᠪᠠᠢ᠌ᠳᠠᠯ᠎ᠤᠨ ᠬᠤᠪᠢᠷᠠᠯᠲᠠ ᠵᠢ ᠦᠷᠭᠦᠯᠵᠢᠯᠡᠨ ᠨᠢᠭᠲᠠ ᠬᠢᠨᠠᠨ ᠠᠵᠢᠭᠯᠠᠵᠤ᠂ ᠥᠪᠡᠷᠲᠡᠭᠡᠨ ᠵᠠᠰᠠᠬᠤ ᠣᠷᠣᠨ᠎ᠤ ᠦᠶᠡᠷ᠎ᠢ ᠰᠡᠷᠭᠡᠢ᠌ᠯᠡᠬᠦ ᠠᠵᠢᠯ᠎ᠤᠨ ᠠᠯᠪᠠᠨ ᠭᠡᠷ ᠪᠠ ᠴᠠᠭ ᠠᠭᠤᠷ᠎ᠤᠨ ᠰᠠᠯᠠᠭ᠎ᠠ ᠮᠥᠴᠢᠷ᠎ᠯᠦᠭᠡ ᠵᠥᠪᠳᠡᠯᠴᠡᠵᠦ ᠰᠤᠳᠤᠯᠤᠨ ᠮᠠᠭ᠋ᠠᠳᠯᠠᠬᠤ᠎ᠪᠠᠨ ᠴᠢᠩᠭ᠋ᠠᠳᠬᠠᠵᠤ᠂ ᠤᠳᠤᠷᠢᠳᠤᠯᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠬᠤ᠂ ᠬᠠᠷᠢᠭᠤᠴᠠᠯᠭ᠎ᠠ᠎ᠪᠠᠨ ᠨᠠᠢ᠌ᠳᠠᠪᠤᠷᠢᠵᠢᠭᠤᠯᠬᠤ᠂ ᠪᠡᠯᠡᠳᠬᠡᠯ ᠲᠥᠰᠥᠯ ᠵᠶ᠋ᠡᠨ ᠲᠡᠭᠦᠯᠳᠡᠷᠵᠢᠭᠦᠯᠬᠦ ᠪᠠ ᠠᠷᠭ᠎ᠠ ᠬᠡᠮᠵᠢᠶ᠎ᠡ᠎ᠪᠠᠨ ᠨᠠᠢ᠌ᠳᠠᠪᠤᠷᠢᠵᠢᠭᠤᠯᠵᠤ᠂ ᠰᠦᠩ ᠬᠠᠯᠢᠶ᠎ᠠ ᠵᠢᠨ ᠪᠠᠢ᠌ᠳᠠᠯ᠎ᠢ ᠬᠢᠨᠠᠨ ᠰᠢᠨᠵᠢᠯᠡᠬᠦ ᠪᠠ ᠲᠣᠭᠣᠷᠢᠨ ᠪᠠᠢ᠌ᠴᠠᠭ᠋ᠠᠵᠤ ᠵᠢᠵᠢᠭᠦᠷᠯᠡᠨ ᠰᠠᠬᠢᠬᠤ ᠵᠢ ᠴᠢᠩᠭ᠎ᠠ ᠠᠳᠬᠤᠵᠤ᠂ ᠭᠣᠣᠯ ᠭᠡᠰᠬᠦ ᠬᠤᠭᠤᠴᠠᠭ᠋ᠠᠨ᠎ᠤ ᠰᠦᠩ ᠬᠠᠯᠢᠶ᠎ᠠ ᠵᠢ ᠰᠡᠷᠭᠡᠢ᠌ᠯᠡᠬᠦ ᠠᠮᠤᠷ ᠲᠦᠪᠰᠢᠨ᠎ᠢ ᠪᠠᠲᠤᠯᠠᠬᠤ᠎ᠳᠤ ᠭᠦᠢ᠍ᠴᠡᠳ ᠪᠡᠯᠡᠳᠬᠡᠯ ᠬᠢᠵᠦ ᠪᠣᠢ᠃

ᠢᠷᠡᠯᠲᠡ᠄ ᠥᠪᠥᠷ ᠮᠣᠩᠭᠣᠯ᠎ᠤᠨ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ ᠴᠢᠬᠤᠯᠠ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠠ ᠵᠢ ᠦᠷᠭᠦᠯᠵᠢᠯᠡᠨ ᠪᠠᠲᠤᠯᠠᠵᠤ ᠪᠣᠶ
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢᠨ ᠶᠢᠷᠲᠢᠨᠴᠦ ᠵᠢᠨ ᠦᠵᠡᠯᠲᠡ ᠪᠠ ᠠᠷᠭ᠎ᠠ ᠵᠢᠨ ᠤᠨᠤᠯ ᠵᠶ᠋ᠠᠷ ᠰᠢᠨ᠎ᠡ ᠦᠢ᠍ᠯᠡᠳᠦᠯᠭᠡ᠎ᠪᠠᠨ ᠵᠢᠯᠣᠭᠣᠳᠤᠭᠤᠯᠬᠤ ᠵᠢ ᠪᠠᠷᠢᠮᠲᠠᠯᠠᠶ᠎ᠠ
10 ᠵᠢᠯ ᠬᠠᠶᠠᠭᠳᠠᠭᠰᠠᠨ S24 ᠵᠡᠭᠦᠨᠭ᠋ᠠᠷ᠎ᠠᠴᠠ ᠰᠢᠩ ᠡᠾᠸ ᠬᠦᠷᠬᠦ ᠬᠦᠨᠳᠦ ᠠᠴᠢᠶᠠᠨ᠎ᠤ ᠥᠨᠳᠥᠷ ᠬᠤᠷᠳᠤᠴᠠᠲᠤ ᠵᠠᠰᠠᠮᠠᠯ ᠵᠠᠮ᠎ᠤᠨ ᠦᠯᠡᠳᠡᠭᠳᠡᠯ ᠢᠨᠵᠧᠨᠧᠷᠢᠩ᠎ᠢ ᠵᠠᠰᠠᠵᠤ ᠨᠡᠪᠲᠡᠷᠡᠭᠦᠯᠪᠡ
 
             蒙ICP备05000248号