ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠣᠢ᠌ᠯᠭ᠋ᠠᠭᠰᠠᠨ ᠵᠶ᠋ᠠᠷ᠂ ᠥᠪᠥᠷ ᠮᠣᠩᠭᠣᠯ ᠣᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠵᠢᠭᠦᠯᠵᠦ ᠂ ᠴᠢᠬᠤᠯᠠ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠬᠤ ᠠᠵᠢᠯ᠎ᠢ ᠦᠷᠭᠦᠯᠵᠢᠯᠡᠨ ᠴᠢᠩᠭ᠋ᠠᠳᠬᠠᠵᠤ ᠪᠣᠢ᠃ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠬᠠᠮᠢᠶᠠᠷᠤᠨ ᠡᠵᠡᠮᠳᠡᠬᠦ᠎ᠪᠠᠷ ᠳᠡᠮᠵᠢᠨ᠂ ᠴᠤᠤᠯ ᠭᠣᠣᠯ᠂ ᠶᠠᠯᠦ ᠮᠦᠷᠠᠨ ᠵᠡᠷᠭᠡ ᠮᠤᠵᠢ ᠣᠷᠣᠨ ᠠᠯᠤᠰᠯᠠᠭᠰᠠᠨ ᠭᠣᠣᠯ ᠮᠥᠷᠡᠨ ᠵᠠᠯᠭ᠋ᠠᠭ᠎ᠠ᠎ᠪᠠᠷ 2 ᠵᠢᠯ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠬᠤ ᠬᠠᠷᠠᠯᠲᠠ᠎ᠳᠤ ᠬᠦᠷᠴᠦ᠂ 《 ᠬᠥᠯᠥᠨ ᠨᠠᠭᠤᠷ ᠤᠯᠠᠭ᠋ᠠᠨᠰᠤᠬᠠᠢ ᠲᠠᠢ᠌ᠭ᠎ᠠ ᠵᠢᠨ ᠨᠠᠭᠤᠷ 》 ᠤᠨ ᠨᠠᠭᠤᠷ᠎ᠲᠤ ᠴᠢᠳᠬᠤᠬᠤ ᠤᠰᠤᠨ᠎ᠤ ᠬᠡᠮᠵᠢᠶ᠎ᠡ ᠪᠠ ᠤᠰᠤᠨ᠎ᠤ ᠭᠠᠳᠠᠷᠭᠤ ᠵᠢᠨ ᠲᠠᠯᠠᠪᠠᠶ ᠲᠣᠭᠲᠠᠪᠤᠷᠢᠲᠠᠢ ᠪᠠᠢ᠌ᠬᠤ ᠵᠢ ᠪᠠᠲᠤᠯᠠᠵᠤ᠂ ᠰᠢᠷᠠᠮᠥ᠋ᠷᠡᠨ ᠭᠣᠣᠯ᠎ᠤᠨ ᠰᠠᠪᠠ ᠭᠠᠵᠠᠷ᠎ᠤᠨ 3 ᠵᠢᠯ᠎ᠤᠨ ᠳᠣᠲᠣᠷ᠎ᠠ 《ᠤᠰᠤ᠎ᠲᠠᠢ》 ᠭᠣᠣᠯ᠎ᠤᠨ ᠬᠡᠰᠡᠭ ᠵᠢᠯ ᠳᠠᠷᠠᠭ᠋ᠠᠯᠠᠨ ᠤᠷᠲᠤᠳᠴᠤ᠂ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠰᠡᠷᠭᠦᠯᠲᠡ ᠢᠯᠡᠳᠲᠡ ᠦᠷ᠎ᠡ ᠪᠦᠲᠦᠮᠵᠢ ᠣᠯᠪᠠ ᠃
ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭᠯᠠᠯᠲᠠ ᠵᠢᠨ ᠲᠢᠩᠬᠢᠮ᠎ᠠᠴᠠ ᠴᠢᠬᠤᠯᠠ ᠭᠣᠣᠯ ᠮᠥᠷᠡᠨ ᠨᠠᠭᠤᠷ ᠴᠥᠭᠥᠷᠥᠮ᠎ᠤᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠬᠤ ᠲᠥᠰᠥᠯ᠎ᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠭᠣᠣᠯ ᠮᠥᠷᠡᠨ ᠨᠠᠭᠤᠷ ᠴᠥᠭᠥᠷᠥᠮ ᠪᠦᠷᠢ ᠵᠢᠨ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ᠵᠢ ᠪᠠᠲᠤᠯᠠᠬᠤ ᠬᠠᠷᠠᠯᠲᠠ ᠵᠢ ᠲᠣᠭᠲᠠᠭ᠋ᠠᠪᠠ᠃ ᠴᠢᠬᠤᠯᠠ ᠭᠣᠣᠯ ᠮᠥᠷᠡᠨ ᠨᠠᠭᠤᠷ ᠴᠥᠭᠥᠷᠥᠮ᠎ᠤᠨ ᠭᠣᠣᠯᠳᠠᠯᠭ᠎ᠠ᠎ᠲᠠᠢ ᠬᠢᠨᠠᠨ ᠡᠵᠡᠮᠳᠡᠬᠦ ᠣᠭᠲᠣᠯᠣᠭ᠋ᠠᠰᠤ ᠵᠢᠨ ᠤᠰᠤᠨ ᠵᠦᠢ ᠵᠢᠨ ᠬᠢᠨᠠᠨ ᠰᠢᠨᠵᠢᠯᠡᠬᠦ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠵᠦ ᠂ 11 ᠭᠣᠣᠯ ᠮᠥᠷᠡᠨ᠎ᠤ ᠴᠢᠬᠤᠯᠠ ᠴᠡᠭ ᠳᠠᠬᠢ ᠣᠭᠲᠣᠯᠣᠭ᠋ᠠᠰᠤ ᠵᠢᠴᠢ 3 ᠨᠠᠭᠤᠷ ᠴᠥᠭᠥᠷᠥᠮ᠎ᠳᠤ ᠠᠮᠢ ᠠᠬᠤᠢ ᠵᠢᠨ ᠤᠷᠤᠰᠬᠠᠯ᠎ᠤᠨ ᠬᠡᠮᠵᠢᠶ᠎ᠡ ( ᠤᠰᠤᠨ᠎ᠤ ᠬᠡᠮᠵᠢᠶ᠎ᠡ ) ᠵᠢ ᠬᠢᠨᠠᠨ ᠰᠢᠨᠵᠢᠯᠡᠬᠦ 18 ᠦᠷᠳᠡᠭᠡ ᠵᠢ ᠪᠠᠢ᠌ᠭᠤᠯᠪᠡ᠃ ᠤᠰᠤᠨ ᠠᠰᠢᠭᠯᠠᠯᠲᠠ ᠵᠢᠨ ᠶᠠᠮᠤᠨ ᠪᠣᠯᠣᠨ ᠰᠠᠪᠠ ᠭᠠᠵᠠᠷ᠎ᠤᠨ ᠪᠠᠢ᠌ᠭᠤᠯᠤᠮᠵᠢ ᠵᠢᠨ ᠪᠠᠭᠤᠯᠭ᠋ᠠᠭᠰᠠᠨ ᠬᠠᠲᠤᠨ ᠭᠣᠣᠯ ᠂ ᠨᠤᠨ ᠮᠥᠷᠡᠨ ᠵᠡᠷᠭᠡ ᠮᠤᠵᠢ ᠣᠷᠣᠨ ᠠᠯᠤᠰᠯᠠᠭᠰᠠᠨ ᠭᠣᠣᠯ ᠮᠥᠷᠡᠨ᠎ᠢ ᠲᠣᠬᠢᠷᠠᠭᠤᠯᠬᠤ ᠵᠢᠭ᠋ᠠᠪᠤᠷᠢ ᠵᠢ ᠴᠢᠩᠭ᠎ᠠ ᠬᠡᠷᠡᠭᠵᠢᠭᠦᠯᠵᠦ᠂ ᠵᠢᠯ᠎ᠤᠨ ᠤᠰᠤ ᠬᠡᠷᠡᠭᠯᠡᠬᠦ ᠲᠥᠯᠥᠪᠯᠡᠭᠡ ᠪᠣᠯᠣᠨ ᠤᠰᠤᠨ᠎ᠤ ᠬᠡᠮᠵᠢᠶ᠎ᠡ ᠵᠢ ᠲᠣᠬᠢᠷᠠᠭᠤᠯᠬᠤ ᠲᠥᠰᠥᠯ᠎ᠢ ᠴᠢᠩᠭ᠎ᠠ ᠨᠢᠮᠪᠠᠢ ᠲᠣᠭᠲᠠᠭ᠋ᠠᠵᠠᠢ ᠃ ᠴᠠᠭ ᠠᠭᠤᠷ᠎ᠤᠨ ᠰᠠᠯᠠᠭ᠎ᠠ ᠮᠥᠴᠢᠷ᠎ᠯᠦᠭᠡ ᠵᠢᠨ ᠬᠠᠮᠵᠢᠯᠴᠠᠭ᠎ᠠ᠎ᠪᠠᠨ ᠴᠢᠩᠭ᠋ᠠᠳᠬᠠᠵᠤ᠂ ᠬᠤᠷ᠎ᠠ ᠪᠣᠷᠣᠭ᠋ᠠᠨ᠎ᠤ ᠪᠠᠢ᠌ᠳᠠᠯ᠎ᠢ ᠤᠷᠢᠳᠴᠢᠯᠠᠨ ᠲᠥᠰᠥᠭᠡᠯᠡᠵᠦ ᠤᠷᠢᠳᠴᠢᠯᠠᠨ ᠮᠡᠳᠡᠭᠡᠯᠡᠵᠦ ᠵᠠᠳᠠᠯᠤᠯᠲᠠ ᠬᠢᠬᠦ ᠵᠢ ᠴᠢᠩᠭ᠋ᠠᠳᠬᠠᠨ᠂ ᠴᠠᠭ ᠲᠤᠬᠠᠢᠳᠤᠨᠢ ᠲᠣᠬᠢᠷᠠᠭᠤᠯᠤᠯᠲᠠ ᠬᠢᠵᠦ᠂ ᠦᠢ᠍ᠯᠡᠳᠪᠦᠷᠢᠯᠡᠯ ᠠᠮᠢᠳᠤᠷᠠᠯ ᠠᠮᠢ ᠠᠬᠤᠢ ᠵᠢᠨ ᠤᠰᠤ ᠬᠡᠷᠡᠭᠯᠡᠬᠦ ᠵᠢ ᠨᠢᠭᠡᠳᠦᠯᠲᠡᠢ ᠲᠥᠯᠥᠪᠯᠡᠨ᠂ ᠭᠣᠣᠯ ᠮᠥᠷᠡᠨ ᠨᠠᠭᠤᠷ ᠴᠥᠭᠥᠷᠥᠮ᠎ᠤᠨ ᠦᠨᠳᠦᠰᠦᠨ ᠠᠮᠢ ᠠᠬᠤᠢ ᠵᠢᠨ ᠬᠡᠷᠡᠭᠯᠡᠬᠦ ᠤᠰᠤᠨ᠎ᠤ ᠬᠡᠷᠡᠭᠴᠡᠭᠡ ᠱᠠᠭ᠋ᠠᠷᠳᠠᠯᠭ᠎ᠠ ᠵᠢ ᠤᠷᠢᠳ ᠵᠶ᠋ᠠᠷ ᠬᠠᠩᠭ᠋ᠠᠵᠤ᠂ ᠭᠣᠣᠯ ᠮᠥᠷᠡᠨ ᠨᠠᠭᠤᠷ ᠴᠥᠭᠥᠷᠥᠮ᠎ᠤᠨ ᠰᠡᠷᠭᠦᠯᠲᠡ ᠵᠢ ᠠᠬᠢᠭᠤᠯᠤᠭᠰᠠᠨ ᠪᠠᠢ᠌ᠨ᠎ᠠ ᠃