ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠬᠢᠩᠭ᠋ᠠᠨ᠎ᠤ ᠼᠦᠢ ᠯᠢᠨ ᠠᠮᠤ ᠲᠣᠰᠣᠨ᠎ᠤ ᠬᠢᠵᠠᠭ᠋ᠠᠷᠲᠤ ᠺᠣᠮᠫᠠᠨᠢ (ᠤᠤᠯ ᠨᠡᠷ᠎ᠡ᠎ᠨᠢ ᠬᠢᠩᠭ᠋ᠠᠨ᠎ᠤ ᠾᠧᠩ ᠳ᠋ᠡ ᠠᠮᠤ ᠲᠣᠰᠣᠨ᠎ᠤ ᠬᠢᠵᠠᠭ᠋ᠠᠷᠲᠤ ᠺᠣᠮᠫᠠᠨᠢ)᠎ᠳᠤ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ》᠎ᠤᠨ ᠳᠦᠷᠢᠮ᠎ᠢ ᠵᠥᠷᠢᠴᠡᠭᠰᠡᠨ ᠰᠡᠵᠢᠭᠯᠡᠯᠲᠡᠢ ᠬᠡᠷᠡᠭ ᠣᠷᠣᠰᠢᠵᠤ ᠪᠤᠢ
ᠨᠡᠶ᠋ᠢᠲᠡᠯᠡᠭᠰᠡᠨ ᠴᠠᠭ᠄ 2023-12-28

      [ᠰᠦᠷᠳᠡᠭᠦᠯᠬᠦ ᠬᠥᠮᠦᠵᠢᠯ᠎ᠤᠨ ᠲᠥᠷᠥᠯ]

      ᠬᠢᠩᠭ᠋ᠠᠨ᠎ᠤ ᠼᠦᠢ ᠯᠢᠨ ᠠᠮᠤ ᠲᠣᠰᠣᠨ᠎ᠤ ᠬᠢᠵᠠᠭ᠋ᠠᠷᠲᠤ ᠺᠣᠮᠫᠠᠨᠢ (ᠤᠤᠯ ᠨᠡᠷ᠎ᠡ᠎ᠨᠢ ᠬᠢᠩᠭ᠋ᠠᠨ᠎ᠤ ᠾᠧᠩ ᠳ᠋ᠡ ᠠᠮᠤ ᠲᠣᠰᠣᠨ᠎ᠤ ᠬᠢᠵᠠᠭ᠋ᠠᠷᠲᠤ ᠺᠣᠮᠫᠠᠨᠢ)᠎ᠳᠤ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ》᠎ᠤᠨ ᠳᠦᠷᠢᠮ᠎ᠢ ᠵᠥᠷᠢᠴᠡᠭᠰᠡᠨ ᠰᠡᠵᠢᠭᠯᠡᠯᠲᠡᠢ ᠬᠡᠷᠡᠭ ᠣᠷᠣᠰᠢᠵᠤ ᠪᠤᠢ

      [ᠬᠡᠷᠡᠭ᠎ᠤᠨ ᠲᠣᠪᠴᠢ ᠲᠠᠨᠢᠯᠴᠠᠭᠤᠯᠭ᠎ᠠ]

      2023 ᠣᠨ᠎ᠤ 3 ᠰᠠᠷ᠎ᠠ ᠵᠢᠨ 1᠎ᠤ ᠡᠳᠦᠷ᠎ᠠᠴᠠ 3᠎ᠤ ᠡᠳᠦᠷ ᠪᠣᠯᠲᠠᠯ᠎ᠠ᠂ ᠵᠠᠯᠠᠢ᠌ᠳ ᠬᠣᠰᠢᠭᠤᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠵᠢᠨ ᠲᠠᠯᠠᠪᠤᠷ᠎ᠲᠤ ᠬᠠᠢ᠌ᠨ ᠪᠠᠢ᠌ᠴᠠᠭ᠋ᠠᠯᠲᠠ ᠬᠢᠬᠦ᠎ᠳᠡᠭᠡᠨ ᠣᠯᠵᠤ ᠮᠡᠳᠡᠭᠰᠡᠨ᠎ᠨᠢ᠄ ᠲᠣᠰ ᠠᠵᠤ ᠠᠬᠤᠢ᠌ᠯᠠᠯ ᠬᠡᠪ᠎ᠤᠨ ᠦᠢ᠍ᠯᠡᠳᠪᠦᠷᠢᠯᠡᠯ ᠵᠶ᠋ᠡᠨ ᠡᠷᠬᠢᠯᠡᠵᠦ ᠪᠠᠢ᠌ᠨ᠎ᠠ; 2011 ᠣᠨ᠎ᠤ 5 ᠰᠠᠷ᠎ᠠ ᠵᠢᠨ 10᠎ᠤ ᠡᠳᠦᠷ ᠬᠢᠩᠭ᠋ᠠᠨ ᠠᠶ᠋ᠢᠮᠠᠭ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠪᠴᠢᠶ᠎ᠠ ᠵᠢᠨ ᠬᠢᠨᠠᠨ ᠵᠥᠪᠰᠢᠶᠡᠷᠡᠭᠰᠡᠨ ᠰᠠᠨᠠᠯ᠎ᠢ ᠣᠯᠵᠠᠢ᠂ ᠨᠣᠮᠧᠷ᠎ᠨᠢ ᠬᠢᠩᠭ᠋ᠠᠨ᠎ᠤ ᠣᠷᠴᠢᠨ ᠲᠣᠭᠣᠷᠢᠨ᠎ᠤ ᠬᠢᠨᠠᠨ ᠪᠠᠢ᠌ᠴᠠᠭ᠋ᠠᠭᠰᠠᠨ [2011] 98 ᠲᠣᠭ᠋ᠠᠲᠤ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠨᠠᠢ᠌ᠷᠠᠭᠤᠯᠤᠨ ᠵᠣᠬᠢᠶᠠᠭᠰᠠᠨ ᠡᠳᠦᠷ ᠬᠤᠭᠤᠴᠠᠭ᠎ᠠ᠎ᠨᠢ 2014 ᠣᠨ᠎ᠤ 5 ᠰᠠᠷ᠎ᠠ ᠵᠢᠨ 4᠎ᠤ ᠡᠳᠦᠷ ᠪᠣᠯᠣᠨ᠎ᠠ᠃ ᠠᠵᠤ ᠠᠬᠤᠢ᠌ᠯᠠᠯ᠎ᠨᠢ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠪᠠᠷᠢᠯᠭ᠎ᠠ ᠳᠠᠭᠤᠰᠤᠭᠰᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠯᠭ᠋ᠠᠨ ᠠᠪᠤᠭᠰᠠᠨ ᠮᠡᠳᠡᠭᠦᠯᠦᠯᠲᠡ ᠬᠠᠩᠭ᠋ᠠᠵᠤ ᠳᠡᠢ᠌ᠯᠬᠦ ᠦᠭᠡᠢ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠭᠠᠷᠳᠠᠮ ᠭᠦᠢ᠍ᠴᠡᠳᠬᠡᠭᠰᠡᠨ ᠦᠭᠡᠢ᠂ ᠬᠢᠩᠭ᠋ᠠᠨ᠎ᠤ ᠼᠦᠢ ᠯᠢᠨ ᠠᠮᠤ ᠲᠣᠰᠣᠨ᠎ᠤ ᠬᠢᠵᠠᠭ᠋ᠠᠷᠲᠤ ᠺᠣᠮᠫᠠᠨᠢ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠣᠭᠰᠠᠨ ᠦᠭᠡᠢ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠪᠠᠶ᠋ᠢᠳᠠᠯ ᠣᠷᠣᠰᠢᠵᠤ ᠪᠤᠢ᠃

      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]

      ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠬᠠᠮᠲᠤ᠎ᠪᠠᠷ ᠶᠠᠷᠢᠯᠴᠠᠨ ᠲᠣᠭᠲᠠᠭᠰᠠᠨ ᠵᠶ᠋ᠠᠷ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠤᠨ ᠬᠣᠯᠪᠣᠭᠳᠠᠯ ᠪᠦᠬᠦᠢ ᠲᠣᠭᠲᠠᠭ᠋ᠠᠯ᠎ᠲᠠᠢ ᠤᠶᠠᠯᠳᠤᠭᠤᠯᠤᠨ᠎ᠠ᠃ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠣᠯᠣᠭᠰᠠᠨ ᠦᠭᠡᠢ᠎ᠪᠠᠷ ᠪᠣᠬᠢᠷᠲᠤᠯ ᠪᠣᠳᠠᠰ ᠭᠠᠳᠠᠭᠰᠢᠯᠠᠭᠤᠯᠬᠤ》 ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠭᠯᠡᠭᠦᠯᠦᠨ᠂ ᠬᠢᠩᠭ᠋ᠠᠨ᠎ᠤ ᠼᠦᠢ ᠯᠢᠨ ᠠᠮᠤ ᠲᠣᠰᠣᠨ᠎ᠤ ᠬᠢᠵᠠᠭ᠋ᠠᠷᠲᠤ ᠺᠣᠮᠫᠠᠨᠢ ᠵᠢᠨ ᠲᠣᠰ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ 20 ᠲᠦᠮᠡᠨ ᠲᠥᠭᠥᠷᠢᠭ ᠵᠶ᠋ᠡᠷ ᠲᠣᠷᠭ᠋ᠠᠬᠤ᠎ᠪᠠᠷ ᠰᠢᠳᠬᠡᠪᠡ᠃

      《ᠰᠡᠩᠬᠡᠷᠡᠭᠦᠯᠦᠯ᠎ᠤᠨ ᠤᠳᠬ᠎ᠠ ᠠᠭᠤᠯᠭ᠎ᠠ》

      ᠠᠵᠤ ᠠᠬᠤᠢ᠌ᠯᠠᠯ᠎ᠤᠨ ᠬᠠᠤᠯᠢ ᠵᠢ ᠵᠥᠷᠢᠴᠡᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠬᠡᠷᠡᠭ᠎ᠢ ᠣᠯᠠᠨᠲᠠ ᠴᠠᠭ᠋ᠠᠵᠠᠯᠠᠭ᠋ᠠᠳ ᠵᠣᠭᠰᠣᠭ᠋ᠠᠵᠤ ᠳᠡᠢ᠌ᠯᠬᠦ ᠦᠭᠡᠢ ᠪᠠᠶ᠋ᠢᠬᠤ ᠵᠢᠨ ᠭᠣᠣᠯ ᠰᠢᠯᠲᠠᠭ᠋ᠠᠨ᠎ᠨᠢ ᠭᠡᠪᠡᠯ᠂ ᠣᠷᠴᠢᠨ ᠲᠣᠭᠣᠷᠢᠨ᠎ᠢ ᠬᠠᠮᠠᠭ᠋ᠠᠯᠠᠬᠤ ᠤᠬᠠᠮᠰᠠᠷ ᠵᠶ᠋ᠠᠷ ᠪᠠᠭᠤᠷᠠᠢ ᠪᠠᠢ᠌ᠵᠤ᠂ ᠣᠯᠠᠩᠬᠢ ᠠᠵᠤ ᠠᠬᠤᠢ᠌ᠯᠠᠯ᠎ᠨᠢ ᠪᠣᠬᠢᠷᠲᠤᠯ᠎ᠢ ᠰᠡᠷᠭᠡᠢ᠌ᠯᠡᠨ ᠵᠠᠰᠠᠬᠤ ᠲᠣᠨᠣᠭ ᠲᠥᠬᠦᠭᠡᠷᠦᠮᠵᠢ᠎ᠲᠠᠢ ᠪᠣᠯᠤᠭᠰᠠᠨ ᠮᠥᠷᠲᠡᠭᠡᠨ ᠭᠠᠳᠠᠭᠰᠢᠯᠠᠭᠤᠯᠤᠭᠰᠠᠨ ᠪᠣᠬᠢᠷᠲᠤᠯ ᠪᠣᠳᠠᠰ᠎ᠨᠢ ᠪᠠᠷᠢᠮᠵᠢᠶ᠎ᠠ᠎ᠳᠤ ᠭᠦᠷᠦᠭᠰᠡᠨ ᠪᠠᠢ᠌ᠪᠠᠯ ᠣᠷᠴᠢᠨ ᠲᠣᠭᠣᠷᠢᠨ᠎ᠳᠤ ᠨᠥᠯᠥᠭᠡ ᠪᠣᠯᠬᠤ ᠦᠭᠡᠢ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ ᠭᠤᠶᠤᠴᠢᠯᠠᠬᠤ ᠴᠢᠬᠤᠯᠠ ᠦᠭᠡᠢ ᠭᠡᠵᠦ ᠦᠵᠡᠵᠦ ᠪᠠᠢ᠌ᠨ᠎ᠠ; ᠬᠣᠶᠠᠷ᠎ᠲᠤ᠂ ᠠᠵᠤ ᠠᠬᠤᠢ᠌ᠯᠠᠯ᠎ᠤᠨ ᠬᠠᠤᠯᠢ ᠵᠢ ᠰᠠᠬᠢᠬᠤ ᠤᠬᠠᠮᠰᠠᠷ ᠪᠠᠭᠤᠷᠠᠢ ᠪᠠᠢ᠌ᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠭᠤᠶᠤᠴᠢᠯᠠᠨ ᠠᠪᠬᠤ ᠪᠣᠯ ᠳᠠᠷᠤᠢ ᠥᠪᠡᠷ᠎ᠤᠨ ᠪᠡᠶ᠎ᠡ᠎ᠳᠡᠭᠡᠨ 《ᠴᠢᠩᠭ᠎ᠠ ᠲᠠᠷᠨᠢ》 ᠨᠡᠮᠡᠭᠰᠡᠨ ᠶᠠᠪᠤᠳᠠᠯ ᠮᠥᠨ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ ᠪᠣᠯ ᠨᠢᠭᠡᠨ ᠦᠶ᠎ᠡ ᠵᠢᠨ ᠰᠠᠯᠬᠢ ᠮᠥᠨ᠂ ᠪᠠᠰᠠ ᠪᠠᠶ᠋ᠢᠳᠠᠯ᠎ᠢ ᠠᠵᠢᠵᠤ ᠪᠠᠢ᠌ᠬᠤ ᠬᠥᠮᠥᠰ ᠪᠠᠢ᠌ᠵᠤ᠂ ᠬᠠᠤᠯᠢ ᠵᠢ ᠰᠠᠬᠢᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠬᠦ ᠳᠤᠷ᠎ᠠ ᠦᠭᠡᠢ ᠪᠠᠢ᠌ᠨ᠎ᠠ᠃ ᠲᠤᠬᠠᠢ ᠵᠢᠨ ᠲᠠᠯᠠᠪᠤᠷ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠤᠬᠠᠭᠤᠯᠭ᠎ᠠ ᠬᠥᠮᠦᠵᠢᠯ ᠵᠶ᠋ᠡᠷ ᠳᠡᠮᠵᠢᠨ᠂ ᠠᠵᠤ ᠠᠬᠤᠢ᠌ᠯᠠᠯ᠎ᠨᠢ ᠰᠠᠨᠠᠭ᠋ᠠᠴᠢᠯᠠᠭ᠎ᠠ᠎ᠠᠴᠠ᠎ᠪᠠᠨ ᠪᠤᠷᠤᠭᠤ᠎ᠪᠠᠨ ᠮᠡᠳᠡᠷᠡᠭᠰᠡᠨ ᠪᠥᠭᠡᠳ ᠲᠡᠷᠡ ᠳᠠᠷᠤᠢ᠎ᠳᠤᠨᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠨ᠎ᠠ᠃

      ᠲᠣᠰ ᠬᠡᠷᠡᠭ᠎ᠤᠨ ᠬᠣᠯᠪᠣᠭᠳᠠᠯ ᠪᠦᠬᠦᠢ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠳᠤ ᠵᠠᠰᠠᠭ ᠵᠠᠬᠢᠷᠭ᠋ᠠᠨ᠎ᠤ ᠰᠢᠳᠬᠡᠯ ᠥᠭᠬᠦ ᠪᠣᠯ ᠡᠴᠦᠰ᠎ᠤᠨ ᠵᠣᠷᠢᠯᠭ᠎ᠠ ᠪᠢᠰᠢ᠂ ᠪᠣᠬᠢᠷᠲᠤᠯ ᠦᠭᠡᠢ ᠣᠷᠴᠢᠨ ᠲᠣᠭᠣᠷᠢᠨ᠎ᠢ ᠬᠠᠮᠠᠭ᠋ᠠᠯᠠᠬᠤ ᠣᠢ᠌ᠯᠠᠭ᠋ᠠᠭᠳᠠᠬᠤᠨ᠎ᠢ ᠪᠤᠢ ᠪᠣᠯᠭ᠋ᠠᠵᠤ᠂ ᠬᠠᠤᠯᠢ ᠵᠢ ᠰᠠᠬᠢᠬᠤ ᠪᠡᠶᠡᠴᠢ ᠴᠣᠭᠴᠠ ᠵᠢᠨ ᠬᠠᠷᠢᠭᠤᠴᠠᠯᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠡᠭᠦᠷᠭᠡᠯᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠳᠦᠷᠢᠮ᠎ᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠵᠤ ᠠᠵᠤ ᠠᠬᠤᠢ᠌ᠯᠠᠯ ᠡᠵᠡᠩᠨᠡᠭᠴᠢᠳ᠎ᠤᠨ ᠣᠷᠴᠢᠨ ᠲᠣᠭᠣᠷᠢᠨ᠎ᠤ ᠬᠠᠤᠯᠢ ᠵᠢ ᠰᠠᠬᠢᠬᠤ ᠤᠬᠠᠮᠰᠠᠷ᠎ᠢ ᠳᠡᠭᠡᠭᠰᠢᠯᠡᠭᠦᠯᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠨᠡᠢ᠌ᠲᠡᠯᠡᠨ ᠬᠡᠷᠡᠭᠵᠢᠭᠦᠯᠦᠭᠰᠡᠨ ᠠᠬᠤᠢ ᠪᠠᠶ᠋ᠢᠳᠠᠯ ᠳᠣᠣᠷ᠎ᠠ᠂ ᠬᠠᠤᠯᠢ ᠬᠡᠷᠡᠭᠵᠢᠭᠦᠯᠬᠦ ᠠᠵᠢᠯᠲᠠᠨ᠎ᠤ ᠤᠯᠠᠨ ᠵᠦᠢ᠍ᠯ᠎ᠤᠨ ᠬᠡᠯᠪᠡᠷᠢ ᠵᠢᠨ ᠣᠷᠴᠢᠨ ᠲᠣᠭᠣᠷᠢᠨ᠎ᠤ ᠬᠥᠮᠦᠵᠢᠯ᠎ᠢ ᠢᠳᠡᠪᠬᠢᠲᠡᠢ ᠥᠷᠨᠢᠭᠦᠯᠬᠦ᠎ᠪᠠᠷ ᠳᠠᠮᠵᠢᠭᠤᠯᠤᠨ ᠠᠵᠤ ᠠᠬᠤᠢ᠌ᠯᠠᠯ᠎ᠢ ᠤᠬᠠᠮᠰᠠᠷ᠎ᠠᠴᠠ᠎ᠪᠠᠨ ᠬᠠᠤᠯᠢ ᠵᠢ ᠰᠠᠬᠢᠬᠤ ᠵᠢᠨ ᠤᠯᠠᠮ ᠵᠶ᠋ᠠᠷ ᠠᠮᠢ ᠠᠬᠤᠢ ᠵᠢᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠡᠭᠦᠰᠬᠦ ᠵᠢ ᠰᠡᠷᠭᠡᠢ᠌ᠯᠡᠬᠦ ᠪᠤᠶᠤ ᠪᠠᠭ᠋ᠠᠰᠬᠠᠨ᠎ᠠ᠃


ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠦᠬᠠᠢ ᠬᠣᠲᠠ ᠵᠢᠨ ᠨᠢᠭᠡᠨ ᠬᠢᠮᠢ ᠵᠢᠨ ᠠᠵᠤ ᠦᠢ᠍ᠯᠡᠳᠪᠦᠷᠢ ᠵᠢᠨ ᠬᠢᠵᠠᠭ᠋ᠠᠷᠲᠤ ᠺᠣᠮᠫᠠᠨᠢ ᠵᠢᠨ ᠪᠠᠷᠢᠮᠵᠢᠶ᠎ᠠ᠎ᠠᠴᠠ ᠬᠡᠲᠦᠷᠡᠭᠰᠡᠨ᠂ ᠶᠡᠷᠦᠩᠬᠡᠢ ᠬᠡᠮᠵᠢᠶ᠎ᠡ᠎ᠠᠴᠠ ᠬᠡᠲᠦᠷᠡᠭᠦᠯᠦᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠬᠡᠷᠡᠭ
ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠯᠠᠢ᠌ᠳ ᠬᠣᠰᠢᠭᠤᠨ᠎ᠤ ᠬᠤᠪᠢᠶᠠᠷᠢ ᠲᠣᠪᠴᠢᠶ᠎ᠠ (ᠵᠠᠰᠠᠭ ᠵᠠᠬᠢᠷᠭ᠋ᠠᠨ᠎ᠤ ᠰᠢᠢ᠍ᠳᠬᠡᠯ᠎ᠠᠴᠠ ᠬᠡᠯᠲᠦᠷᠢᠭᠦᠯᠬᠦ) ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ
ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠬᠦᠨ᠎ᠢ ᠬᠠᠤᠯᠢ ᠪᠤᠰᠤ᠎ᠪᠠᠷ ᠵᠠᠳᠠᠯᠬᠤ ᠲᠤᠰᠬᠠᠢ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠪᠡ
 
             蒙ICP备05000248号