ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠰᠦᠨ ᠱᠤᠤ ᠴᠧᠩ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶ᠎ᠠ᠎ᠳᠤ ᠬᠦᠷᠴᠦ ᠠᠵᠢᠯ ᠵᠶ᠋ᠡᠨ ᠵᠣᠯᠭ᠋ᠠᠭᠤᠯᠪᠠ
ᠨᠡᠶ᠋ᠢᠲᠡᠯᠡᠭᠰᠡᠨ ᠴᠠᠭ᠄ 2023-12-29


      12 ᠰᠠᠷ᠎ᠠ ᠵᠢᠨ 27᠎ᠤ ᠦᠳᠡ ᠵᠢᠨ ᠬᠣᠢ᠌ᠨ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠪᠡᠭᠡᠵᠢᠩ᠎ᠳᠤ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶ᠎ᠠ ᠵᠢᠨ ᠳᠠᠷᠤᠭ᠎ᠠ ᠭᠤᠸᠠᠨ ᡁᠢ ᠧᠦ᠎ᠲᠠᠢ ᠪᠠᠷᠠᠳᠠᠨ ᠠᠭᠤᠯᠵᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠪᠠ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠰᠠᠢ᠌ᠲᠤᠷ ᠬᠢᠬᠦ ᠵᠢᠨ ᠲᠣᠭᠣᠷᠢᠨ᠎ᠳᠤ ᠰᠣᠯᠢᠯᠴᠠᠭ᠎ᠠ ᠬᠢᠬᠦ ᠵᠢᠨ ᠬᠠᠮᠲᠤ ᠠᠵᠢᠯ ᠵᠶ᠋ᠠᠨ ᠵᠣᠯᠭ᠋ᠠᠭᠤᠯᠪᠠ᠃

       ᠰᠦᠨ ᠱᠤᠤ ᠴᠧᠩ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠡᠮᠦᠨ᠎ᠡ᠎ᠠᠴᠠ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶ᠎ᠠ ᠵᠢᠨ ᠥᠪᠥᠷ ᠮᠣᠩᠭᠣᠯ᠎ᠳᠤ ᠢᠮᠠᠭᠲᠠ ᠬᠦᠴᠦᠲᠡᠢ ᠳᠡᠮᠵᠢᠯᠭᠡ ᠦᠵᠡᠭᠦᠯᠦᠭᠰᠡᠭᠡᠷ ᠢᠷᠡᠭᠰᠡᠨ᠎ᠳᠤ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠪᠠᠢ᠌ᠳᠠᠯ᠎ᠢ ᠲᠠᠨᠢᠯᠴᠠᠭᠤᠯᠪᠠ᠃ ᠲᠡᠷᠡ᠂ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠤᠨ ᠬᠥᠭᠵᠢᠯᠲᠡ᠎ᠳᠤ ᠴᠢᠭᠯᠡᠯ᠎ᠢ ᠲᠣᠳᠣᠷᠬᠠᠢ ᠵᠢᠭ᠋ᠠᠵᠤ ᠥᠭᠴᠡᠢ᠂ ᠪᠦᠭᠦ ᠣᠷᠣᠨ ᠳᠠᠶᠠᠭ᠋ᠠᠷ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠣᠶᠠᠷ ᠶᠡᠬᠡ ᠶᠠᠪᠤᠳᠠᠯ᠎ᠢ ᠪᠦᠭᠦ ᠬᠦᠴᠦ᠎ᠪᠠᠷ ᠵᠶ᠋ᠡᠨ ᠰᠠᠢ᠌ᠲᠤᠷ ᠬᠢᠵᠦ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠰᠢᠨ᠎ᠡ ᠵᠠᠮ᠎ᠢ ᠨᠡᠭᠡᠭᠡᠵᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠵᠦ ᠪᠠᠢ᠌ᠨ᠎ᠠ᠃ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠦᠲᠦᠭᠡᠨ ᠪᠠᠢ᠌ᠭᠤᠯᠬᠤ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢᠨ ᠨᠢᠭᠡ ᠪᠣᠯᠣᠨ᠎ᠠ᠂  《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠤ ᠭᠣᠣᠯ ᠲᠡᠢ᠌ᠨ᠎ᠤ ᠲᠠᠯᠠᠪᠤᠷ᠎ᠤᠨ ᠶᠡᠬᠡᠩᠬᠢ ᠬᠡᠰᠡᠭ᠎ᠨᠢ ᠥᠪᠥᠷ ᠮᠣᠩᠭᠣᠯ᠎ᠳᠤ ᠪᠤᠶ᠂ ᠡᠨᠡ ᠵᠢᠯ᠎ᠤᠨ 6 ᠰᠠᠷ᠎ᠠ᠎ᠳᠤ ᠶᠡᠷᠦᠩᠬᠡᠢ ᠱᠦᠵᠢ ᠰᠢ ᠵᠢᠨ ᠫᠢᠩ ᠥᠪᠥᠷ ᠮᠣᠩᠭᠣᠯ᠎ᠳᠤ ᠶᠠᠷᠢᠯᠴᠠᠬᠤ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ ᠨᠠᠷᠢᠨ ᠬᠢᠨᠠᠮᠠᠭ᠋ᠠᠢ ᠰᠤᠳᠤᠯᠤᠨ ᠪᠠᠢ᠌ᠷᠢᠯᠠᠭᠤᠯᠵᠤ᠂ ᠳᠠᠢ᠌ᠯᠠᠯᠳᠤᠭ᠋ᠠᠨ᠎ᠢ ᠪᠦᠭᠦ ᠲᠠᠯ᠎ᠠ᠎ᠪᠠᠷ ᠡᠬᠢᠯᠡᠭᠦᠯᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠦᠭᠦᠳᠡ ᠬᠤᠷᠠᠯ ᠵᠢᠴᠢ ᠪᠦᠭᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠢ ᠰᠠᠶᠢᠬᠠᠨ ᠬᠤᠷᠠᠯᠳᠤᠭᠤᠯᠵᠤ᠂ 2024 ᠣᠨ᠎ᠤ ᠭᠣᠣᠯᠳᠠᠯᠭ᠎ᠠ᠎ᠲᠠᠢ ᠠᠵᠢᠯ᠎ᠤᠨ ᠲᠤᠬᠠᠢ 《ᠵᠢᠷᠭᠤᠭ᠋ᠠᠨ ᠢᠨᠵᠧᠨᠧᠷᠢᠩ》᠎ᠢ ᠳᠤᠷᠠᠳᠴᠠᠢ᠂ ᠡᠭᠦᠨ᠎ᠤ ᠳᠣᠲᠣᠷᠠᠬᠢ ᠨᠢᠭᠡ᠎ᠨᠢ ᠳᠠᠷᠤᠢ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠭᠢᠯᠭ᠋ᠠᠨ ᠭᠡᠷᠡᠯᠴᠢ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ ᠪᠣᠯᠣᠨ᠎ᠠ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠣᠯᠣᠨ ᠰᠢᠨ᠎ᠡ ᠡᠨᠧᠷᠭᠢ ᠵᠢᠨ ᠪᠦᠲᠦᠭᠡᠨ ᠪᠠᠢ᠌ᠭᠤᠯᠤᠯᠲᠠ ᠵᠢ ᠤᠶᠠᠯᠳᠤᠭᠤᠯᠤᠨ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠠᠷᠠᠭ᠋ᠠᠴᠢ ᠵᠢᠨ ᠠᠯᠬᠤᠮ᠎ᠳᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠲᠤᠰᠬᠠᠢ ᠬᠥᠮᠥᠨ ᠬᠠᠷᠢᠭᠤᠴᠠᠵᠤ ᠭᠣᠣᠯᠳᠠᠯᠭ᠎ᠠ᠎ᠲᠠᠢ ᠠᠳᠬᠤᠬᠤ ᠵᠢ ᠲᠣᠳᠣᠷᠬᠠᠢ᠌ᠯᠠᠨ᠎ᠠ᠃ ᠡᠯᠡᠰᠦᠷᠬᠡᠭᠵᠢᠯ᠎ᠢ ᠰᠡᠷᠭᠡᠢ᠌ᠯᠡᠵᠦ ᠡᠯᠡᠰᠦ ᠵᠢ ᠵᠠᠰᠠᠬᠤ ᠠᠵᠢᠯ᠎ᠢ ᠠᠬᠢᠭᠤᠯᠬᠤ᠎ᠳᠤ ᠪᠠᠰᠠ ᠪᠠᠢ᠌ᠭᠤᠯᠤᠯ ᠲᠣᠭᠲᠠᠴᠠ ᠵᠢᠨ ᠲᠠᠯ᠎ᠠ᠎ᠪᠠᠷ ᠢᠯᠡᠭᠦᠬᠡᠨ ᠠᠷᠭ᠎ᠠ ᠪᠤᠳᠣᠵᠤ᠂ ᠠᠷᠭ᠎ᠠ ᠪᠦᠭᠦᠨ᠎ᠢ ᠰᠦᠪᠡᠭᠴᠢᠯᠡᠵᠦ ᠪᠠᠢ᠌ᠭ᠋ᠠᠳ ᠠᠵᠤ ᠠᠬᠤᠢ᠌ᠯᠠᠯ ᠪᠣᠯᠣᠨ ᠣᠯᠠᠨ ᠲᠦᠮᠡᠨ᠎ᠤ ᠣᠷᠤᠯᠴᠠᠬᠤ ᠢᠳᠡᠪᠬᠢᠵᠢᠯ᠎ᠢ ᠳᠠᠢ᠌ᠴᠢᠯᠠᠬᠤ ᠬᠡᠷᠡᠭᠲᠡᠢ᠃ ᠤᠯᠤᠰ᠎ᠤᠨ ᠤᠢ ᠰᠢᠭᠤᠢ ᠪᠠ ᠲᠠᠯ᠎ᠠ ᠨᠤᠲᠤᠭ᠎ᠤᠨ ᠲᠣᠪᠴᠢᠶ᠎ᠠ ᠥᠪᠥᠷ ᠮᠣᠩᠭᠣᠯ᠎ᠢ ᠦᠷᠭᠦᠯᠵᠢᠯᠡᠨ ᠬᠠᠯᠠᠮᠵᠢᠯᠠᠵᠤ᠂ ᠨᠡᠩ ᠤᠯᠠᠨ ᠵᠢᠯᠣᠭᠣᠳᠤᠯᠭ᠎ᠠ ᠪᠠ ᠳᠡᠮᠵᠢᠯᠭᠡ ᠦᠵᠡᠭᠦᠯᠭᠦ ᠵᠢ ᠬᠦᠰᠡᠵᠦ ᠪᠠᠢ᠌ᠨ᠎ᠠ᠂ ᠪᠢᠳᠡ ᠯᠠᠪᠲᠠᠢ ᠨᠠᠢ᠌ᠳᠠᠪᠤᠷᠢᠵᠢᠭᠤᠯᠤᠯᠲᠠ ᠵᠢ ᠰᠠᠢ᠌ᠲᠤᠷ ᠠᠳᠬᠤᠨ᠎ᠠ ᠭᠡᠵᠡᠢ᠃

       ᠭᠤᠸᠠᠨ ᡁᠢ ᠧᠦ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠤᠢ ᠰᠢᠭᠤᠢ ᠲᠠᠯ᠎ᠠ ᠨᠤᠲᠤᠭ᠎ᠤᠨ ᠠᠵᠢᠯ᠎ᠢ ᠬᠠᠯᠠᠮᠵᠢᠯᠠᠨ ᠳᠡᠮᠵᠢᠭᠰᠡᠨ᠎ᠳᠤ ᠲᠠᠯᠠᠷᠬᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠢ ᠰᠢᠭᠤᠢ ᠨᠤᠲᠤᠭ ᠪᠡᠯᠴᠢᠭᠡᠷ᠎ᠤᠨ ᠠᠵᠢᠯ᠎ᠤᠨ ᠣᠯᠣᠭᠰᠠᠨ ᠠᠮᠵᠢᠯᠲᠠ ᠵᠢ ᠨᠤᠲᠠᠯᠠᠪᠠ᠂ ᠢᠯᠠᠩᠭᠤᠶ᠎ᠠ ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠴᠢᠩᠭ᠋ᠠᠳᠬᠠᠬᠤ ᠪᠠ 《ᠤᠮᠠᠷᠠᠲᠤ ᠵᠢᠨ ᠭᠤᠷᠪᠠᠨ ᠣᠷᠣᠨ》 ᠵᠡᠷᠭᠡ ᠭᠣᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠶᠠᠷᠢᠯᠴᠠᠬᠤ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠨᠳᠥᠷ ᠪᠠᠢ᠌ᠷᠢ᠎ᠠᠴᠠ ᠠᠬᠢᠭᠤᠯᠵᠤ᠂ ᠨᠠᠷᠢᠨ ᠬᠢᠨᠠᠮᠠᠭ᠋ᠠᠢ ᠲᠥᠯᠥᠪᠵᠢᠭᠦᠯᠵᠦ᠂ ᠨᠢᠮᠪᠠᠢ ᠵᠣᠬᠢᠶᠠᠨ ᠪᠠᠢ᠌ᠭᠤᠯᠵᠤ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠰᠠᠢ᠌ᠨ ᠰᠠᠢ᠌ᠬᠠᠨ ᠡᠭᠢᠯᠡᠯᠲᠡ ᠵᠢ ᠪᠡᠶᠡᠯᠡᠭᠦᠯᠪᠡ᠃ ᠡᠭᠦᠨ᠎ᠤ ᠬᠠᠮᠲᠤ᠂ ᠣᠶ ᠰᠢᠭᠤᠢ ᠵᠢᠨ ᠳᠠᠷᠤᠭ᠎ᠠ ᠵᠢᠨ ᠳᠦᠷᠢᠮ᠎ᠢ ᠭᠦᠨᠵᠡᠭᠡᠢ ᠠᠬᠢᠭᠤᠯᠤᠨ ᠪᠣᠳᠠᠲᠠᠢ᠌ᠵᠢᠭᠤᠯᠵᠤ᠂ ᠣᠶ ᠰᠢᠭᠤᠢ ᠵᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠡᠷᠬᠡ ᠣᠯᠭᠣᠵᠤ ᠣᠶ ᠰᠢᠭᠤᠢ ᠪᠠ ᠨᠤᠲᠤᠭ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠰᠢᠢ᠍ᠳᠬᠡᠨ ᠲᠣᠷᠭ᠋ᠠᠬᠤ ᠡᠷᠬᠡ ᠵᠢ ᠬᠡᠷᠡᠭᠵᠢᠭᠦᠯᠵᠦ᠂ ᠪᠦᠭᠦ ᠤᠯᠤᠰ᠎ᠲᠤ ᠮᠠᠰᠢ ᠰᠠᠢ᠌ᠨ ᠵᠢᠱ᠌ᠢᠶ᠎ᠡ ᠦᠵᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠬᠣᠶᠠᠷ ᠲᠠᠯ᠎ᠠ᠎ᠪᠠᠷ ᠵᠶ᠋ᠠᠨ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠪᠣᠭᠣᠮᠲᠠ ᠰᠢᠪᠲᠤᠯᠬᠤ ᠳᠠᠢ᠌ᠯᠠᠯᠳᠤᠭ᠋ᠠᠨ ᠪᠣᠯᠣᠨ ᠭᠤᠷᠪᠠᠨ ᠶᠡᠬᠡ ᠪᠡᠯᠭᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠤ ᠲᠣᠭᠣᠷᠢᠨ᠎ᠳᠤ᠂ ᠲᠣᠪᠴᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠬᠠᠮᠵᠢᠯᠴᠠᠭ᠎ᠠ᠂ ᠬᠠᠮᠵᠢᠯᠴᠠᠨ ᠬᠥᠳᠡᠯᠦᠯᠴᠡᠬᠦ ᠵᠢ ᠴᠢᠩᠭ᠋ᠠᠳᠬᠠᠵᠤ᠂ ᠥᠪᠥᠷ ᠮᠣᠩᠭᠣᠯ᠎ᠤᠨ ᠳᠠᠪᠠᠭᠤᠯᠢᠭ ᠪᠣᠯᠣᠨ ᠣᠨᠴᠠᠯᠢᠭ᠎ᠢ ᠭᠦᠢ᠍ᠴᠡᠳ ᠪᠠᠳᠠᠷᠠᠭᠤᠯᠵᠤ᠂ ᠪᠠᠢ᠌ᠭᠤᠯᠤᠮᠵᠢ ᠲᠣᠭᠲᠠᠴᠠ ᠵᠢᠨ ᠰᠢᠨ᠎ᠡ ᠵᠢ ᠡᠭᠦᠳᠴᠦ᠂ 《ᠤᠮᠠᠷᠠᠲᠤ ᠵᠢᠨ ᠭᠤᠷᠪᠠᠨ ᠣᠷᠣᠨ》 ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠪᠣᠯᠣᠨ ᠡᠯᠡᠰᠦᠷᠬᠡᠭᠵᠢᠯ᠎ᠢ ᠰᠡᠷᠭᠡᠢ᠌ᠯᠡᠨ ᠡᠯᠡᠰᠦ ᠵᠢ ᠵᠠᠰᠠᠬᠤ ᠥᠪᠥᠷ ᠮᠣᠩᠭᠣᠯ᠎ᠤᠨ ᠥᠯᠢᠭᠡᠷ ᠳᠠᠭᠤᠷᠢᠶᠠᠯ᠎ᠢ ᠬᠠᠮᠲᠤ᠎ᠪᠠᠷ ᠴᠣᠭᠴᠠᠯᠠᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠵᠢ ᠬᠦᠰᠡᠵᠦ ᠪᠠᠢ᠌ᠨ᠎ᠠ ᠭᠡᠵᠡᠢ᠃

       ᠥᠪᠡᠷᠲᠡᠭᠡᠨ ᠵᠠᠰᠠᠬᠤ ᠣᠷᠣᠨ᠎ᠤ ᠤᠳᠤᠷᠢᠳᠤᠯᠭ᠎ᠠ ᠢᠦᠢ ᠯᠢ ᠰᠢᠨ᠂ ᠳᠠᠢ᠌ᠴᠢᠨ᠂ ᠤᠯᠤᠰ᠎ᠤᠨ ᠣᠶ ᠰᠢᠭᠤᠢ ᠪᠠ ᠲᠠᠯ᠎ᠠ ᠨᠤᠲᠤᠭ᠎ᠤᠨ ᠲᠣᠪᠴᠢᠶ᠎ᠠ ᠵᠢᠨ ᠤᠳᠤᠷᠢᠳᠤᠯᠭ᠎ᠠ ᠲᠠᠩ ᠹᠠᠩ ᠯᠢᠨ᠂ ᠴᠧᠩ ᠬᠣᠩ ᠠᠵᠢᠯᠯᠠᠭ᠎ᠠ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠣᠯ᠎ᠤᠨ ᠡᠳᠦᠷ᠎ᠤᠨ ᠰᠣᠨᠢᠨ
          
ᠬᠠᠮᠢᠶ᠎ᠡ ᠪᠦᠬᠦᠢ ᠰᠣᠨᠢᠨ
ᠦᠢ᠍ᠯᠡᠳᠦᠯᠭᠡ ᠬᠦᠴᠦᠨ᠎ᠲᠠᠢ — ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠥᠪᠥᠷ ᠮᠣᠩᠭᠣᠯ᠎ᠤᠨ ᠦᠢ᠍ᠯᠡᠳᠦᠯᠭᠡ
《ᠲᠠᠪᠤᠨ ᠬᠠᠷᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠤᠯᠤᠰ᠎ᠤᠨ ᠠᠮᠢ ᠠᠬᠤᠢ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠪᠠ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠤᠨ᠎ᠠ
ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠷᠤ ᠬᠣᠷᠴᠢᠨ ᠬᠣᠰᠢᠭᠤᠨ᠎ᠤ ᠬᠤᠪᠢᠶᠠᠷᠢ ᠲᠣᠪᠴᠢᠶ᠎ᠠ ᠵᠢᠨ ᠴᠧᠨ ᠰᠢ ᠵᠢᠨ ᠬᠤᠪᠢ ᠬᠥᠮᠥᠨ᠎ᠤ ᠦᠢ᠍ᠯᠡ ᠠᠵᠢᠯᠯᠠᠭ᠎ᠠ ᠵᠢᠨ ᠮᠠᠲ᠋ᠧᠷᠢᠶᠠᠯ
 
             蒙ICP备05000248号