ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠬᠦᠨ᠎ᠢ ᠬᠠᠤᠯᠢ ᠪᠤᠰᠤ᠎ᠪᠠᠷ ᠵᠠᠳᠠᠯᠬᠤ᠂ ᠠᠰᠢᠭᠯᠠᠬᠤ ᠪᠠ ᠰᠢᠢ᠍ᠳᠪᠦᠷᠢᠯᠡᠬᠦ ᠵᠢ ᠰᠡᠷᠭᠡᠢ᠌ᠯᠡᠵᠦ ᠣᠷᠴᠢᠨ ᠲᠣᠭᠣᠷᠢᠨ᠎ᠢ ᠪᠣᠬᠢᠷᠲᠤᠭᠤᠯᠬᠤ᠎ᠠᠴᠠ ᠰᠡᠷᠭᠡᠢ᠌ᠯᠡᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠮᠢᠶ᠎ᠠ ᠪᠦᠬᠦᠢ ᠠᠵᠢᠯ᠎ᠤᠨ ᠪᠠᠢ᠌ᠷᠢᠯᠠᠭᠤᠯᠤᠯᠲᠠ ᠶᠣᠰᠣᠭ᠋ᠠᠷ᠂ ᠣᠢ᠌ᠷ᠎ᠠ ᠵᠢᠨ ᠬᠤᠭᠤᠴᠠᠭ᠋ᠠᠨ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠪᠥᠬᠥ ᠣᠷᠣᠨ᠎ᠤ ᠲᠤᠬᠠᠢ ᠵᠢᠨ ᠲᠠᠯᠠᠪᠤᠷ᠎ᠲᠤ ᠬᠠᠤᠯᠢ ᠬᠡᠷᠡᠭᠵᠢᠭᠦᠯᠬᠦ ᠡᠯᠪᠡᠭ ᠪᠠᠶᠠᠯᠢᠭ ᠲᠤᠷᠰᠢᠯᠭ᠎ᠠ᠎ᠲᠠᠢ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠭᠣᠣᠯᠯᠠᠭᠴᠢ ᠬᠦᠴᠦᠨ ᠵᠢᠴᠢ ᠠᠵᠢᠯ ᠲᠥᠷᠥᠯ᠎ᠤᠨ ᠮᠡᠷᠭᠡᠵᠢᠯ᠎ᠤᠨ ᠲᠤᠰᠬᠠᠢ ᠮᠡᠷᠭᠡᠵᠢᠯᠲᠡᠨ᠎ᠢ ᠵᠣᠬᠢᠶᠠᠨ ᠪᠠᠢ᠌ᠭᠤᠯᠵᠤ ᠬᠥᠬᠡᠬᠣᠲᠠ᠂ ᠪᠤᠭᠤᠲᠤ ᠬᠣᠲᠠ᠂ ᠤᠯᠠᠭ᠋ᠠᠨᠴᠠᠪ ᠬᠣᠲᠠ᠂ ᠬᠥᠯᠥᠨ ᠪᠣᠢ᠌ᠷ ᠬᠣᠲᠠ ᠵᠢᠨ 13 ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠡᠭᠡᠭᠦᠯᠦᠨ ᠬᠤᠷᠢᠶᠠᠬᠤ ᠭᠣᠣᠯᠳᠠᠯᠭ᠎ᠠ᠎ᠲᠠᠢ ᠴᠡᠭᠴᠡᠯᠡᠨ ᠵᠠᠰᠠᠬᠤ ᠴᠡᠭ᠎ᠲᠤ ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠬᠠᠤᠯᠢ ᠪᠤᠰᠤ᠎ᠪᠠᠷ ᠵᠠᠳᠠᠯᠬᠤ ᠬᠠᠤᠯᠢ ᠬᠡᠷᠡᠭᠵᠢᠭᠦᠯᠦᠯᠲᠡ ᠵᠢᠨ ᠲᠤᠰᠬᠠᠢ ᠪᠠᠢ᠌ᠴᠠᠭ᠋ᠠᠯᠲᠠ ᠵᠢᠨ ᠠᠵᠢᠯᠯᠠᠭ᠎ᠠ ᠵᠢ ᠥᠷᠨᠢᠭᠦᠯᠪᠡ᠃
ᠬᠠᠤᠯᠢ ᠬᠡᠷᠡᠭᠵᠢᠭᠦᠯᠬᠦ ᠪᠠᠢ᠌ᠴᠠᠭ᠋ᠠᠯᠲᠠ ᠵᠢᠨ ᠳᠤᠭᠤᠢ᠌ᠯᠠᠩ᠎ᠨᠢ ᠡᠮᠦᠨᠡᠬᠢ ᠬᠤᠭᠤᠴᠠᠭ᠋ᠠᠨ᠎ᠤ ᠰᠦᠪᠡᠭᠴᠢ ᠵᠢ ᠦᠨᠳᠦᠰᠦᠯᠡᠨ᠂ ᠵᠢᠯᠣᠭᠣᠴᠢ ᠦᠭᠡᠢ ᠨᠢᠰᠬᠡᠯ᠎ᠢ ᠠᠰᠢᠭᠯᠠᠨ ᠭᠣᠣᠯᠳᠠᠯᠭ᠎ᠠ᠎ᠲᠠᠢ ᠣᠷᠣᠨ ᠪᠦᠰᠡ ᠵᠢᠴᠢ ᠬᠠᠶᠠᠭᠳᠠᠮᠠᠯ ᠡᠳ᠋᠎ᠢ ᠬᠣᠷᠢᠶᠠᠨ ᠠᠪᠴᠢᠷᠠᠬᠤ ᠲᠥᠪᠯᠡᠷᠡᠭᠰᠡᠨ ᠣᠷᠣᠨ ᠪᠦᠰᠡ᠎ᠳᠤ ᠥᠨᠳᠥᠷ ᠪᠠᠶ᠋ᠢᠷᠢ᠎ᠲᠠᠢ ᠳᠦᠷᠰᠦ ᠰᠢᠩᠭᠡᠭᠡᠯᠲᠡ ᠵᠢᠨ ᠮᠠᠲ᠋ᠧᠷᠢᠶᠠᠯ᠎ᠢ ᠴᠤᠭᠯᠠᠭᠤᠯᠵᠤ᠂ ᠪᠦᠬᠦᠨ᠎ᠳᠤ ᠪᠦᠷᠬᠦᠭᠦᠯᠬᠦ ᠪᠠᠢ᠌ᠴᠠᠭ᠋ᠠᠯᠲᠠ᠎ᠪᠠᠷ ᠳᠡᠮᠵᠢᠨ᠂ ᠬᠠᠷᠠᠯᠲᠠ ᠵᠢᠨ ᠴᠡᠭ᠎ᠤᠨ ᠪᠠᠶ᠋ᠢᠷᠢ ᠵᠢ ᠲᠦᠷᠭᠡᠨ ᠪᠥᠭᠡᠳ ᠨᠠᠷᠢᠯᠢᠭ ᠣᠨᠣᠴᠠᠲᠠᠢ᠎ᠪᠠᠷ ᠲᠣᠭᠲᠠᠭ᠋ᠠᠪᠠ᠃ ᠪᠠᠢ᠌ᠴᠠᠭ᠋ᠠᠬᠤ ᠶᠠᠪᠤᠴᠠ᠎ᠳᠤ᠂ ᠬᠠᠤᠯᠢ ᠬᠡᠷᠡᠭᠵᠢᠭᠦᠯᠬᠦ ᠠᠵᠢᠯᠲᠠᠨ ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠰᠢᠢ᠍ᠳᠪᠦᠷᠢᠯᠡᠬᠦ ᠬᠢᠷᠢ ᠬᠡᠮ᠎ᠤᠨ ᠦᠨᠡᠮᠯᠡᠯ᠎ᠢ ᠣᠯᠣᠭᠰᠠᠨ ᠡᠰᠡᠬᠦ᠎ᠠᠴᠠ ᠬᠠᠶᠠᠭᠳᠠᠮᠠᠯ ᠴᠠᠬᠢᠯᠭ᠋ᠠᠨ ᠬᠡᠷᠡᠭᠰᠡᠯ᠎ᠢ ᠰᠢᠢ᠍ᠳᠪᠦᠷᠢᠯᠡᠬᠦ ᠬᠢᠷᠢ ᠬᠡᠮ᠎ᠤᠨ ᠦᠨᠡᠮᠯᠡᠯ᠎ᠢ ᠬᠠᠭᠤᠷᠮᠠᠭᠯᠠᠨ ᠵᠣᠬᠢᠶᠠᠭᠰᠠᠨ ᠪᠤᠶᠤ ᠬᠤᠪᠢᠷᠠᠭᠤᠯᠤᠨ ᠵᠣᠬᠢᠶᠠᠭᠰᠠᠨ ᠵᠢᠴᠢ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ ᠵᠢᠨ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠠᠵᠢᠯᠯᠠᠭ᠎ᠠ ᠣᠷᠣᠰᠢᠵᠤ ᠪᠠᠶ᠋ᠢᠬᠤ ᠡᠰᠡᠬᠦ᠂ ᠬᠠᠶᠠᠭᠳᠠᠮᠠᠯ ᠬᠠᠭᠤᠴᠢᠨ ᠴᠠᠬᠢᠯᠭ᠋ᠠᠨ ᠬᠡᠷᠡᠭᠰᠡᠯ᠎ᠢ ᠵᠠᠳᠠᠯᠤᠭ᠋ᠠᠳ ᠭᠠᠷᠭ᠋ᠠᠭᠰᠠᠨ ᠠᠶᠤᠯᠲᠠᠢ ᠬᠠᠶᠠᠭᠳᠠᠮᠠᠯ ᠪᠣᠳᠠᠰ᠎ᠢ ᠠᠶᠤᠯᠲᠠᠢ ᠬᠠᠶᠠᠭᠳᠠᠮᠠᠯ ᠪᠣᠳᠠᠰ᠎ᠢ ᠡᠵᠡᠩᠨᠡᠬᠦ ᠵᠥᠪᠰᠢᠶᠡᠷᠡᠯ᠎ᠤᠨ ᠦᠨᠡᠮᠯᠡᠯ᠎ᠲᠠᠢ ᠪᠥᠭᠡᠳ ᠵᠣᠬᠢᠴᠠᠩᠭᠤᠢ ᠡᠵᠡᠩᠨᠡᠯᠲᠡ ᠵᠢᠨ ᠬᠦᠷᠢᠶ᠎ᠡ ᠬᠡᠪᠴᠢᠶ᠎ᠡ᠎ᠲᠠᠢ ᠨᠢᠭᠡᠴᠢ᠎ᠳᠤ ᠲᠤᠰᠢᠶᠠᠨ ᠥᠭᠴᠦ ᠰᠢᠢ᠍ᠳᠪᠦᠷᠢᠯᠡᠭᠦᠯᠦᠭᠰᠡᠨ ᠡᠰᠡᠬᠦ᠂ ᠡᠯᠧᠺᠲᠷᠣᠨ ᠬᠠᠶᠠᠭᠳᠠᠮᠠᠯ ᠪᠣᠳᠠᠰ᠎ᠢ ᠰᠢᠯᠵᠢᠭᠦᠯᠬᠦ ᠶᠠᠪᠤᠴᠠ ᠵᠢ ᠵᠢᠷᠤᠮᠵᠢᠭᠤᠯᠤᠭᠰᠠᠨ ᠡᠰᠡᠬᠦ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ ᠪᠠᠢ᠌ᠴᠠᠭ᠋ᠠᠭᠰᠠᠨ ᠡᠰᠡᠬᠦ ᠵᠡᠷᠭᠡ ᠲᠠᠯ᠎ᠠ᠎ᠪᠠᠷ ᠭᠣᠣᠯᠳᠠᠯᠭ᠎ᠠ᠎ᠲᠠᠢ᠎ᠪᠠᠷ ᠪᠠᠢ᠌ᠴᠠᠭ᠋ᠠᠵᠤ᠂ ᠬᠠᠤᠯᠢ ᠪᠤᠰᠤ᠎ᠪᠠᠷ ᠵᠠᠳᠠᠯᠤᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠨᠠᠢ᠌ᠳᠠ 6 ᠤᠳᠠᠭ᠎ᠠ ᠪᠠᠢ᠌ᠴᠠᠭ᠋ᠠᠨ ᠰᠢᠢ᠍ᠳᠪᠦᠷᠢᠯᠡᠪᠡ᠃
ᠡᠭᠦᠨ᠎ᠤ ᠬᠠᠮᠲᠤ᠂ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ》 ᠱᠠᠭ᠋ᠠᠷᠳᠠᠯᠭ᠎ᠠ ᠶᠣᠰᠣᠭ᠋ᠠᠷ᠂ ᠶᠣᠰᠣ ᠶᠠᠷᠢᠬᠤ ᠬᠡᠯᠪᠡᠷᠢ᠎ᠪᠠᠷ ᠬᠠᠤᠯᠢ ᠬᠡᠷᠡᠭᠵᠢᠭᠦᠯᠬᠦ ᠵᠢ ᠥᠷᠨᠢᠭᠦᠯᠵᠦ᠂ ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠬᠣᠷᠢᠶᠠᠨ ᠠᠪᠬᠤ ᠥᠷᠲᠡᠭᠡ ᠴᠡᠭ᠎ᠲᠤ 《ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠬᠣᠷᠢᠶᠠᠨ ᠠᠪᠴᠤ ᠰᠢᠢ᠍ᠳᠪᠦᠷᠢᠯᠡᠬᠦ ᠬᠠᠮᠢᠶᠠᠷᠤᠯᠲᠠ ᠵᠢᠨ ᠳᠦᠷᠢᠮ》 《ᠡᠯᠧᠺᠲᠷᠣᠨ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠮᠢᠶᠠᠷᠤᠯᠲᠠ ᠵᠢᠨ ᠠᠷᠭ᠎ᠠ》 ᠵᠡᠷᠭᠡ ᠬᠠᠮᠢᠶ᠎ᠠ ᠪᠦᠬᠦᠢ ᠲᠣᠭᠲᠠᠭ᠋ᠠᠯ᠎ᠢ ᠤᠬᠠᠭᠤᠯᠵᠤ᠂ ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠬᠦᠨ᠎ᠤ ᠣᠷᠴᠢᠨ ᠲᠣᠭᠣᠷᠢᠨ᠎ᠳᠤ ᠤᠴᠠᠷᠠᠭᠤᠯᠬᠤ ᠬᠣᠣᠷ ᠬᠥᠨᠥᠭᠡᠯ ᠵᠢᠴᠢ ᠬᠠᠷᠢᠭᠤᠴᠠᠯᠭ᠎ᠠ᠎ᠲᠠᠢ ᠬᠥᠮᠥᠰ᠎ᠤᠨ ᠬᠠᠤᠯᠢ ᠴᠠᠭ᠋ᠠᠵᠠ ᠵᠢᠨ ᠠᠶᠤᠯ ᠲᠦᠭᠰᠢᠭᠦᠷᠢ ᠵᠡᠷᠭᠡ ᠬᠠᠮᠢᠶ᠎ᠠ ᠪᠦᠬᠦᠢ ᠠᠭᠤᠯᠭ᠎ᠠ ᠵᠢ ᠲᠠᠢ᠌ᠯᠪᠤᠷᠢᠯᠠᠵᠤ᠂ ᠬᠣᠯᠪᠣᠭᠳᠠᠯ ᠪᠦᠬᠦᠢ ᠨᠢᠭᠡᠴᠢ ᠵᠢᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠪᠠ᠃
ᠲᠠᠷᠠᠭ᠋ᠠᠴᠢ ᠵᠢᠨ ᠠᠯᠬᠤᠮ᠎ᠳᠤ᠂ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠠᠴᠠ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ᠎ᠲᠠᠢ ᠤᠶᠠᠯᠳᠤᠭᠤᠯᠤᠨ᠂ ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠬᠠᠤᠯᠢ ᠪᠤᠰᠤ᠎ᠪᠠᠷ ᠵᠠᠳᠠᠯᠬᠤ᠎ᠳᠤ ᠴᠣᠬᠢᠯᠲᠠ ᠥᠭᠬᠦ ᠥᠨᠳᠥᠷ ᠳᠠᠷᠤᠯᠲᠠᠲᠤ ᠪᠠᠶ᠋ᠢᠳᠠᠯ᠎ᠢ ᠦᠷᠭᠦᠯᠵᠢᠯᠡᠨ ᠪᠠᠲᠤᠯᠠᠵᠤ᠂ ᠣᠷᠴᠢᠨ ᠲᠣᠭᠣᠷᠢᠨ᠎ᠤ ᠲᠦᠭᠰᠢᠭᠦᠷᠢ ᠵᠢ ᠡᠷᠡᠰ ᠰᠡᠷᠭᠡᠢ᠌ᠯᠡᠨ ᠠᠷᠢᠯᠭ᠋ᠠᠵᠤ᠂ ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠵᠠᠳᠠᠯᠬᠤ ᠠᠵᠢᠯ ᠲᠥᠷᠥᠯ᠎ᠤᠨ ᠡᠷᠡᠭᠦᠯ ᠪᠥᠭᠡᠳ ᠵᠢᠷᠤᠮᠵᠢᠯ᠎ᠲᠠᠢ ᠬᠥᠭᠵᠢᠬᠦ ᠵᠢ ᠠᠬᠢᠭᠤᠯᠪᠠ᠃