[ᠬᠡᠷᠡᠭ᠎ᠤᠨ ᠲᠣᠪᠴᠢ ᠲᠠᠨᠢᠯᠴᠠᠭᠤᠯᠭ᠎ᠠ]
ᠡᠨᠡ ᠵᠢᠯ᠎ᠠᠴᠠ ᠨᠠᠭ᠋ᠠᠰᠢ᠂ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢᠨ ᠲᠥᠯᠥᠭᠡ᠂ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠵᠢᠨ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠳᠤ ᠦᠵᠡᠭᠦᠯᠬᠦ ᠨᠥᠯᠥᠭᠡ ᠵᠢ ᠪᠠᠭ᠋ᠠᠰᠬᠠᠪᠠ᠃ ᠬᠠᠢ᠌ᠨᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯᠲᠠᠳ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠨᠡᠮᠡᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ᠎ᠤᠨ ᠡᠬᠢ ᠵᠢ ᠬᠢᠨᠠᠨ ᠬᠡᠮᠵᠢᠭᠰᠡᠨ ᠲᠣᠭ᠎ᠠ ᠪᠠᠷᠢᠮᠲᠠ ᠵᠢᠨ ᠬᠠᠮᠢᠶᠠᠷᠤᠯᠲᠠ ᠪᠣᠯᠣᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠠᠪᠴᠠᠩ ᠵᠶ᠋ᠠᠷ ᠳᠠᠮᠵᠢᠭᠤᠯᠤᠨ ᠠᠵᠤ ᠠᠬᠤᠢ᠌ᠯᠠᠯ᠎ᠤᠨ ᠪᠣᠬᠢᠷᠲᠤᠯ ᠪᠣᠳᠠᠰ᠎ᠢ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠤᠭᠰᠠᠨ ᠪᠠᠶ᠋ᠢᠳᠠᠯ᠎ᠢ ᠴᠠᠭ ᠲᠤᠬᠠᠢᠳᠤᠨᠢ ᠬᠢᠨᠠᠨ ᠡᠵᠡᠮᠳᠡᠬᠦ᠎ᠨᠢ ᠨᠢᠭᠡᠨᠲᠡ ᠠᠵᠤ ᠠᠬᠤᠢ᠌ᠯᠠᠯ᠎ᠤᠨ ᠬᠠᠤᠯᠢ ᠵᠢ ᠵᠥᠷᠢᠴᠡᠨ ᠪᠣᠬᠢᠷᠲᠤᠯ ᠭᠠᠳᠠᠭᠰᠢᠯᠠᠭᠤᠯᠤᠭᠰᠠᠨ ᠶᠠᠪᠤᠳᠠᠯ᠎ᠳᠤ ᠬᠦᠴᠦᠲᠡᠢ ᠴᠣᠬᠢᠯᠲᠠ ᠥᠭᠬᠦ᠂ ᠰᠦᠯᠵᠢᠶᠡᠨ ᠳᠡᠭᠡᠷᠡᠬᠢ ᠬᠢᠨᠠᠨ ᠬᠡᠮᠵᠢᠭᠰᠡᠨ ᠲᠣᠭ᠎ᠠ ᠪᠠᠷᠢᠮᠲᠠ ᠬᠡᠪ᠎ᠤᠨ ᠪᠤᠰᠤ ᠪᠠᠶ᠋ᠢᠬᠤ ᠡᠰᠡᠬᠦ ᠵᠢ ᠬᠢᠨᠠᠨ ᠲᠣᠳᠣᠯᠠᠬᠤ ᠴᠢᠬᠤᠯᠠ ᠠᠷᠭ᠎ᠠ ᠪᠠᠷᠢᠯ ᠪᠣᠯᠤᠭᠰᠠᠨ ᠪᠠᠢ᠌ᠨ᠎ᠠ᠃
2023 ᠣᠨ᠎ᠤ 9 ᠰᠠᠷ᠎ᠠ ᠵᠢᠨ 8᠎ᠤ ᠡᠳᠦᠷ᠂ ᠮᠠᠨ᠎ᠤ ᠲᠣᠪᠴᠢᠶ᠎ᠠ ᠵᠢᠨ ᠬᠠᠤᠯᠢ ᠬᠡᠷᠡᠭᠵᠢᠭᠦᠯᠬᠦ ᠠᠵᠢᠯᠲᠠᠨ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠢᠨ ᠤᠯᠤᠰ᠎ᠠᠴᠠ ᠲᠠᠷᠬᠠᠭ᠋ᠠᠭᠰᠠᠨ ᠲᠠᠪᠴᠠᠩ᠎ᠢ ᠬᠡᠷᠡᠭᠯᠡᠨ ᠦᠬᠠᠢ ᠬᠣᠲᠠ ᠵᠢᠨ ᠨᠢᠭᠡᠨ ᠬᠢᠮᠢ ᠵᠢᠨ ᠠᠵᠤ ᠦᠢ᠍ᠯᠡᠳᠪᠦᠷᠢ ᠵᠢᠨ ᠺᠣᠮᠫᠠᠨᠢ ᠵᠢᠨ ᠬᠠᠶᠠᠭᠳᠠᠮᠠᠯ ᠬᠡᠢ ᠵᠢᠨ ᠭᠠᠳᠠᠭᠰᠢᠯᠠᠭᠤᠯᠤᠯᠲᠠ ᠵᠢᠨ ᠰᠦᠯᠵᠢᠶᠡᠨ ᠳᠡᠭᠡᠷᠡᠬᠢ ᠬᠢᠨᠠᠨ ᠬᠡᠮᠵᠢᠯᠲᠡ ᠵᠢᠨ ᠲᠣᠭ᠎ᠠ ᠪᠠᠷᠢᠮᠲᠠ᠎ᠳᠤ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠬᠢᠵᠦ᠂ ᠨᠢᠭᠡᠨ ᠭᠠᠳᠠᠭᠰᠢᠯᠠᠭᠤᠯᠬᠤ ᠠᠮᠠᠰᠠᠷ᠎ᠤᠨ ᠠᠽᠣᠲ᠎ᠤᠨ ᠢᠰᠦᠮᠡᠭ᠎ᠤᠨ ᠡᠳᠦᠷ᠎ᠤᠨ ᠳᠤᠮᠳᠠᠴᠢ ᠥᠳᠬᠡᠴᠡ ᠵᠢᠨ ᠬᠡᠮᠵᠢᠶ᠎ᠡ᠎ᠨᠢ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠠᠴᠠ ᠳᠠᠪᠠᠭᠰᠠᠨ ᠦᠵᠡᠭᠳᠡᠯ ᠭᠠᠷᠤᠭᠰᠠᠨ᠎ᠢ ᠣᠯᠵᠤ ᠮᠠᠲᠠᠵᠠᠢ᠃ ᠲᠤᠰ ᠺᠣᠮᠫᠠᠨᠢ ᠵᠢᠨ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠬᠡᠷᠡᠭ ᠪᠣᠯᠭ᠋ᠠᠨ ᠲᠠᠨᠭ᠌ᠰᠠᠯᠠᠵᠤ ᠪᠠᠢ᠌ᠴᠠᠭ᠋ᠠᠬᠤ᠎ᠪᠠᠷ ᠲᠣᠪᠴᠢᠶ᠎ᠠ᠎ᠠᠴᠠ ᠬᠠᠮᠲᠤ᠎ᠪᠠᠷ ᠰᠤᠳᠤᠯᠤᠨ ᠲᠣᠭᠲᠠᠭ᠋ᠠᠪᠠ᠃
ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ᠎ᠪᠠᠷ ᠳᠡᠮᠵᠢᠨ᠂ 2023 ᠣᠨ᠎ᠤ 9 ᠰᠠᠷ᠎ᠠ ᠵᠢᠨ 7᠎ᠤ ᠡᠳᠦᠷ᠂ ᠲᠣᠰ ᠺᠣᠮᠫᠠᠨᠢ ᠵᠢᠨ ᠨᠢᠭᠡᠨ ᠭᠠᠳᠠᠭᠰᠢᠯᠠᠭᠤᠯᠬᠤ ᠠᠮᠠᠰᠠᠷ᠎ᠤᠨ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠬᠡᠪ᠎ᠤᠨ ᠶᠣᠰᠣᠭ᠋ᠠᠷ ᠠᠵᠢᠯᠯᠠᠵᠤ᠂ ᠲᠣᠭ᠎ᠠ ᠪᠠᠷᠢᠮᠲᠠ ᠵᠢ ᠲᠣᠭᠲᠠᠭᠤᠨ ᠵᠶ᠋ᠠᠷ ᠳᠠᠮᠵᠢᠭᠤᠯᠪᠠ᠃ ᠲᠤᠬᠠᠢ ᠵᠢᠨ ᠡᠳᠦᠷ᠎ᠲᠤ ᠰᠦᠯᠵᠢᠶᠡᠨ᠎ᠳᠠᠬᠢ ᠠᠽᠣᠲ᠎ᠤᠨ ᠢᠰᠦᠮᠡᠭ᠎ᠤᠨ ᠲᠣᠭ᠎ᠠ ᠪᠠᠷᠢᠮᠲᠠ ᠵᠢ ᠨᠤᠭᠤᠯᠤᠨ ᠪᠤᠳᠤᠭᠰᠠᠨ ᠬᠡᠮᠵᠢᠭᠳᠡᠯ᠎ᠨᠢ 102.9mg/m᠂ ᠪᠠᠷᠢᠮᠵᠢᠶ᠎ᠠ᠎ᠠᠴᠠ 0.029 ᠳᠠᠬᠢᠨ ᠳᠠᠪᠠᠵᠤ᠂ ᠪᠠᠷᠢᠮᠵᠢᠶ᠎ᠠ᠎ᠠᠴᠠ ᠬᠡᠲᠦᠷᠡᠭᠦᠯᠦᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠦᠷᠢᠯᠳᠦᠭᠦᠯᠵᠡᠢ᠃ ᠠᠵᠤ ᠠᠬᠤᠢ᠌ᠯᠠᠯ᠎ᠤᠨ᠎ᠬᠢᠨ ᠠᠽᠣᠲ᠎ᠤᠨ ᠢᠰᠦᠮᠡᠭᠢ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨᠢ ᠢᠯᠡᠷᠡᠭᠦᠯᠦᠭᠰᠡᠨ᠎ᠤ ᠳᠠᠷᠠᠭ᠎ᠠ᠂ ᠠᠵᠢᠯ᠎ᠤᠨ ᠪᠠᠶ᠋ᠢᠳᠠᠯ ᠵᠶ᠋ᠠᠨ ᠴᠠᠭ ᠲᠤᠬᠠᠢᠳᠤᠨᠢ ᠲᠣᠬᠢᠷᠠᠭᠤᠯᠬᠤ ᠵᠢᠨ ᠬᠠᠮᠲᠤ ᠭᠤᠷᠪᠠᠳᠠᠭᠢ ᠡᠲᠡᠭᠡᠳ᠎ᠤᠨ ᠠᠵᠢᠯᠯᠠᠭᠤᠯᠵᠤ ᠪᠠᠲᠤᠯᠠᠬᠤ ᠨᠢᠭᠡᠴᠢ᠎ᠲᠠᠢ ᠬᠠᠷᠢᠯᠴᠠᠵᠤ ᠰᠦᠯᠵᠢᠶᠡᠨ ᠳᠡᠭᠡᠷᠡᠬᠢ ᠬᠢᠨᠠᠨ ᠬᠡᠮᠵᠢᠬᠦ ᠲᠥᠬᠦᠭᠡᠷᠦᠮᠵᠢ ᠵᠢ ᠪᠠᠢ᠌ᠴᠠᠭ᠋ᠠᠨ ᠦᠵᠡᠵᠦ᠂ 9 ᠰᠠᠷ᠎ᠠ ᠵᠢᠨ 8᠎ᠤ ᠡᠳᠦᠷ᠎ᠤᠨ 12 ᠴᠠᠭ᠎ᠲᠤ ᠰᠦᠯᠵᠢᠶᠡᠨ ᠳᠡᠭᠡᠷᠡᠬᠢ ᠬᠢᠨᠠᠨ ᠬᠡᠮᠵᠢᠭᠰᠡᠨ ᠲᠣᠭ᠎ᠠ ᠪᠠᠷᠢᠮᠲᠠ ᠬᠡᠪ᠎ᠤᠨ ᠪᠠᠶ᠋ᠢᠳᠠᠯ᠎ᠳᠠᠭᠠᠨ ᠣᠷᠣᠵᠤ᠂ ᠪᠣᠬᠢᠷᠲᠤᠯ ᠪᠣᠳᠠᠰ᠎ᠢ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠪᠠ᠃
[ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ]
(ᠨᠢᠭᠡ) ᠵᠥᠷᠢᠴᠡᠭᠰᠡᠨ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ
ᠳᠡᠭᠡᠷ᠎ᠡ ᠳᠤᠷᠠᠳᠤᠭᠰᠠᠨ ᠦᠢ᠍ᠯᠡ ᠠᠵᠢᠯᠯᠠᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ ᠠᠷᠪᠠᠨ ᠨᠠᠢ᠍ᠮᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠵᠦ᠂ 《ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ ᠪᠣᠯᠣᠨ ᠪᠤᠰᠤᠳ ᠦᠢ᠍ᠯᠡᠳᠪᠦᠷᠢᠯᠡᠨ ᠡᠵᠡᠩᠨᠡᠭᠴᠢ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠳᠤ ᠨᠥᠯᠥᠭᠡ᠎ᠲᠠᠢ ᠳᠦᠷᠦᠯ ᠵᠦᠢ᠍ᠯ᠎ᠢ ᠪᠦᠲᠦᠭᠡᠨ ᠪᠠᠢ᠌ᠭᠤᠯᠬᠤ᠎ᠳᠠᠭᠠᠨ ᠬᠠᠤᠯᠢ ᠶᠣᠰᠣᠭ᠋ᠠᠷ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠬᠢᠵᠦ᠂ ᠣᠷᠴᠢᠨ ᠲᠣᠭᠣᠷᠢᠨ᠎ᠤ ᠨᠥᠯᠥᠭᠡᠯᠡᠯ᠎ᠤᠨ ᠦᠨᠡᠯᠡᠯᠲᠡ ᠵᠢᠨ ᠪᠢᠴᠢᠭ ᠮᠠᠲ᠋ᠧᠷᠢᠶᠠᠯ᠎ᠢ ᠢᠯᠡ ᠪᠣᠯᠭ᠋ᠠᠬᠤ ᠬᠡᠷᠡᠭᠲᠡᠶ; ᠠᠭ᠋ᠠᠷ ᠮᠠᠨᠳᠠᠯ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ᠎ᠳᠠᠭᠠᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ᠎ᠳᠤ ᠨᠡᠢ᠌ᠴᠡᠭᠦᠯᠵᠦ᠂ ᠭᠣᠣᠯᠳᠠᠯᠭ᠎ᠠ᠎ᠲᠠᠢ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠱᠠᠭ᠋ᠠᠷᠳᠠᠯᠭ᠎ᠠ ᠵᠢ ᠵᠢᠷᠤᠮᠯᠠᠬᠤ ᠬᠡᠷᠡᠭᠲᠡᠢ》᠃
(ᠬᠣᠶᠠᠷ) ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ
1. 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ ᠶᠡᠷᠡ ᠶᠢᠰᠦᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠎ᠤᠨ ᠲᠣᠭᠲᠠᠭ᠋ᠠᠯ᠎ᠢ ᠦᠨᠳᠦᠰᠦᠯᠡᠪᠡᠯ᠂ 《ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠢ᠌ᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠᠮᠢ ᠠᠬᠤᠢ ᠣᠷᠴᠢᠨ ᠲᠣᠭᠣᠷᠢᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠬᠤ ᠪᠤᠶᠤ ᠦᠢ᠍ᠯᠡᠳᠪᠦᠷᠢᠯᠡᠬᠦ ᠵᠢ᠎ᠨᠢ ᠬᠢᠵᠠᠭ᠋ᠠᠷᠯᠠᠵᠤ᠂ ᠦᠢ᠍ᠯᠡᠳᠪᠦᠷᠢᠯᠡᠯ᠎ᠢ᠎ᠨᠢ ᠵᠣᠭᠰᠣᠭ᠋ᠠᠨ ᠴᠡᠭᠴᠡᠯᠡᠨ ᠵᠠᠰᠠᠭᠤᠯᠵᠤ᠂ ᠠᠷᠪᠠᠨ ᠲᠦᠮᠡᠨ ᠲᠥᠭᠥᠷᠢᠭ᠎ᠠᠴᠠ ᠳᠡᠭᠡᠭᠰᠢ ᠵᠠᠭᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠳᠬᠡᠨ᠎ᠡ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠢ᠌ᠪᠠᠯ᠂ ᠵᠥᠪᠰᠢᠶᠡᠷᠡᠬᠦ ᠡᠷᠬᠡ ᠪᠦᠬᠦᠢ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ ᠵᠥᠪᠰᠢᠶᠡᠷᠡᠭᠦᠯᠦᠭᠡᠳ ᠵᠠᠷᠯᠢᠭᠳᠠᠵᠤ ᠪᠠᠶ᠋ᠢᠭ᠋ᠠᠳ ᠠᠵᠢᠯ᠎ᠢ᠎ᠨᠢ ᠵᠣᠭᠰᠣᠭ᠋ᠠᠵᠤ᠂ ᠡᠭᠦᠳᠡ ᠵᠢ᠎ᠨᠢ ᠬᠠᠭ᠋ᠠᠯᠭ᠋ᠠᠨ᠎ᠠ; (ᠬᠣᠶᠠᠷ) ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶ᠎ᠠ᠎ᠠᠴᠠ ᠬᠡᠲᠦᠷᠡᠭᠦᠯᠦᠭᠰᠡᠨ ᠪᠤᠶᠤ ᠭᠣᠣᠯᠳᠠᠯᠭ᠎ᠠ᠎ᠲᠠᠢ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ᠎ᠠᠴᠠ ᠬᠡᠲᠦᠷᠡᠭᠦᠯᠦᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠤᠭᠰᠠᠨ》
2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)᠎ᠢ ᠨᠡᠢ᠌ᠲᠡᠯᠡᠨ ᠬᠡᠷᠡᠭᠵᠢᠭᠦᠯᠬᠦ ᠲᠤᠬᠠᠢ ᠠᠯᠪᠠᠨ ᠵᠠᠷ》᠎ᠤᠨ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ 《ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠬᠥᠩᠭᠡᠨ ᠪᠥᠭᠡᠳ ᠴᠠᠭ ᠲᠤᠬᠠᠢᠳᠤᠨᠢ ᠵᠠᠯᠠᠷᠠᠭᠤᠯᠵᠤ᠂ ᠬᠣᠣᠷ ᠬᠥᠨᠥᠭᠡᠯ᠎ᠤᠨ ᠦᠷ᠎ᠡ ᠳ᠋ᠦᠩ ᠭᠠᠷᠭ᠋ᠠᠭᠰᠠᠨ ᠦᠭᠡᠢ ᠪᠠᠢ᠌ᠪᠠᠯ᠂ ᠵᠠᠰᠠᠭ ᠵᠠᠬᠢᠷᠭ᠋ᠠᠨ᠎ᠤ ᠰᠢᠢ᠍ᠳᠬᠡᠯ ᠥᠭᠬᠦ ᠠᠩᠬ᠎ᠠ ᠤᠳᠠᠭ᠎ᠠ ᠬᠠᠤᠯᠢ ᠵᠢ ᠵᠥᠷᠢᠴᠡᠭᠰᠡᠨ ᠪᠥᠭᠡᠳ ᠬᠣᠣᠷ ᠬᠥᠨᠥᠭᠡᠯ᠎ᠤᠨ ᠦᠷ᠎ᠡ ᠨᠥᠯᠥᠭᠡ᠎ᠨᠢ ᠬᠥᠩᠭᠡᠪᠲᠦᠷ ᠪᠥᠭᠡᠳ ᠴᠠᠭ ᠲᠤᠬᠠᠢᠳᠤᠨᠢ ᠵᠠᠯᠠᠷᠠᠭᠤᠯᠤᠭᠰᠠᠨ ᠪᠠᠢ᠌ᠪᠠᠯ᠂ ᠵᠠᠰᠠᠭ ᠵᠠᠬᠢᠷᠭ᠋ᠠᠨ᠎ᠤ ᠰᠢᠳᠬᠡᠯ ᠥᠭᠬᠦ ᠦᠭᠡᠢ ᠪᠠᠢ᠌ᠵᠤ ᠪᠣᠯᠣᠨ᠎ᠠ》 ᠠᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠳᠤ 《ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠳᠤ ᠨᠡᠢ᠌ᠴᠡᠵᠦ᠂ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠢ᠌ᠪᠠᠯ᠂ ᠵᠠᠰᠠᠭ ᠵᠠᠬᠢᠷᠭ᠋ᠠᠨ᠎ᠤ ᠰᠢᠳᠬᠡᠯ ᠥᠭᠬᠦ ᠦᠭᠡᠢ᠄ (ᠵᠢᠷᠭᠤᠭ᠎ᠠ) ᠭᠠᠳᠠᠭᠰᠢᠯᠠᠭᠤᠯᠤᠭᠰᠠᠨ ᠪᠣᠬᠢᠷᠲᠤᠯ ᠪᠣᠳᠠᠰ᠎ᠨᠢ ᠤᠯᠤᠰ᠎ᠤᠨ ᠪᠤᠶᠤ ᠣᠷᠣᠨ ᠨᠤᠲᠤᠭ᠎ᠤᠨ ᠪᠠᠷᠢᠮᠵᠢᠶ᠎ᠠ᠎ᠠᠴᠠ ᠬᠡᠲᠦᠷᠡᠭᠰᠡᠨ᠂ ᠪᠣᠬᠢᠷᠲᠤᠯ ᠪᠣᠳᠠᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠲᠠᠬᠢᠨ ᠲᠣᠭ᠎ᠠ᠎ᠨᠢ 0.1 ᠲᠠᠬᠢᠨ᠎ᠠᠴᠠ ᠳᠣᠭᠣᠭᠰᠢ ᠪᠠᠢ᠌ᠵᠤ᠂ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠰᠠᠨ᠎ᠤ ᠳᠠᠷᠠᠭ᠎ᠠ ᠴᠠᠭ ᠲᠤᠬᠠᠢᠳᠤᠨᠢ ᠵᠠᠯᠠᠷᠠᠭᠤᠯᠬᠤ ᠵᠢᠨ ᠬᠠᠮᠲᠤ ᠬᠢᠨᠠᠨ ᠰᠢᠯᠭ᠋ᠠᠭ᠋ᠠᠳ ᠪᠠᠷᠢᠮᠵᠢᠶ᠎ᠠ᠎ᠳᠤ ᠬᠦᠷᠦᠭᠦᠯᠦᠨ ᠭᠠᠳᠠᠭᠰᠢᠯᠠᠭᠤᠯᠤᠭᠰᠠᠨ》
[ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
ᠪᠠᠢ᠌ᠴᠠᠭ᠋ᠠᠯᠲᠠ᠎ᠪᠠᠷ ᠳᠠᠮᠵᠢᠭ᠋ᠠᠳ᠂ ᠲᠣᠰ ᠺᠣᠮᠫᠠᠨᠢ ᠵᠢᠨ 2023 ᠣᠨ᠎ᠤ 9 ᠰᠠᠷ᠎ᠠ ᠵᠢᠨ 7᠎ᠤ ᠡᠳᠦᠷ᠎ᠤᠨ ᠠᠽᠣᠲ᠎ᠤᠨ ᠢᠰᠦᠮᠡᠭᠢ ᠨᠤᠭᠤᠯᠤᠨ ᠪᠤᠳᠤᠭᠰᠠᠨ ᠬᠡᠮᠵᠢᠭᠳᠡᠯ᠎ᠨᠢ 102.9 mg/m ᠪᠠᠢ᠌ᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠳᠤ ᠪᠠᠷᠢᠮᠵᠢᠶ᠎ᠠ ᠵᠢᠨ ᠬᠢᠵᠠᠭ᠋ᠠᠷ ᠬᠡᠮᠵᠢᠭᠳᠡᠯ᠎ᠨᠢ 100mg/m ᠪᠠᠢ᠌ᠵᠤ᠂ ᠪᠠᠷᠢᠮᠵᠢᠶ᠎ᠠ᠎ᠠᠴᠠ 0.029 ᠳᠠᠬᠢᠨ ᠬᠡᠲᠦᠷᠡᠵᠡᠢ᠂ ᠪᠠᠷᠢᠮᠵᠢᠶ᠎ᠠ᠎ᠠᠴᠠ ᠬᠡᠲᠦᠷᠡᠭᠰᠡᠨ᠎ᠢ ᠣᠯᠵᠤ ᠮᠡᠳᠡᠭᠰᠡᠨ᠎ᠤ ᠳᠠᠷᠠᠭ᠎ᠠ ᠠᠵᠤ ᠠᠬᠤᠢ᠌ᠯᠠᠯ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠠᠷᠭ᠎ᠠ ᠬᠡᠮᠵᠢᠶ᠎ᠡ ᠠᠪᠴᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠪᠠᠭ᠋ᠠᠰᠬᠠᠵᠤ᠂ ᠨᠡᠯᠢᠶᠡᠳ ᠣᠬᠣᠷᠬᠠᠨ ᠬᠤᠭᠤᠴᠠᠭ᠋ᠠᠨ᠎ᠳᠤ ᠪᠠᠷᠢᠮᠵᠢᠶ᠎ᠠ᠎ᠳᠤ ᠬᠦᠷᠭᠡᠵᠦ ᠭᠠᠳᠠᠭᠰᠢᠯᠠᠭᠤᠯᠬᠤ ᠵᠢ ᠪᠡᠶᠡᠯᠡᠭᠦᠯᠵᠡᠢ᠂ ᠲᠡᠭᠦᠨ᠎ᠤ ᠦᠢ᠍ᠯᠡ ᠠᠵᠢᠯᠯᠠᠭ᠎ᠠ᠎ᠨᠢ ᠳᠡᠭᠡᠷ᠎ᠡ ᠳᠤᠷᠠᠳᠤᠭᠰᠠᠨ ᠵᠠᠰᠠᠭ ᠵᠠᠬᠢᠷᠭ᠋ᠠᠨ᠎ᠤ ᠰᠢᠳᠬᠡᠯ ᠦᠯᠦ ᠥᠭᠬᠦ ᠪᠠᠶ᠋ᠢᠳᠠᠯ᠎ᠲᠠᠢ ᠨᠡᠢ᠌ᠴᠡᠵᠦ ᠪᠠᠢ᠌ᠨ᠎ᠠ᠃ ᠬᠠᠤᠯᠢ ᠶᠣᠰᠣᠨ᠎ᠤ ᠵᠦᠢ ᠵᠣᠬᠢᠰᠲᠠᠢ᠂ ᠬᠡᠲᠦᠷᠡᠭᠦᠯᠦᠨ ᠲᠣᠷᠭ᠋ᠠᠬᠤ ᠵᠢ ᠠᠳᠠᠯᠢ ᠪᠠᠢ᠌ᠯᠭ᠋ᠠᠬᠤ ᠪᠠ ᠲᠣᠷᠭ᠋ᠠᠬᠤ ᠰᠤᠷᠭ᠋ᠠᠨ ᠬᠥᠮᠥᠵᠢᠭᠦᠯᠬᠦ ᠵᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭ᠋ᠠᠷ᠂ ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠵᠢᠨ ᠲᠤᠰᠠᠳᠠ᠂ ᠲᠣᠰ ᠺᠣᠮᠫᠠᠨᠢ ᠵᠢᠨ ᠪᠠᠷᠢᠮᠵᠢᠶ᠎ᠠ᠎ᠠᠴᠠ ᠬᠡᠲᠦᠷᠡᠭᠰᠡᠨ᠂ ᠶᠡᠷᠦᠩᠬᠡᠢ ᠬᠡᠮᠵᠢᠶ᠎ᠡ᠎ᠠᠴᠠ ᠬᠡᠲᠦᠷᠡᠭᠦᠯᠦᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠳᠬᠡᠯ ᠥᠭᠬᠦ ᠦᠭᠡᠢ᠃
2023 ᠣᠨ᠎ᠤ 9 ᠰᠠᠷ᠎ᠠ ᠵᠢᠨ 20᠎ᠤ ᠡᠳᠦᠷ᠂ ᠦᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠲᠣᠰ ᠠᠵᠤ ᠠᠬᠤᠢ᠌ᠯᠠᠯ᠎ᠤᠨ ᠪᠠᠷᠢᠮᠵᠢᠶ᠎ᠠ᠎ᠠᠴᠠ ᠬᠡᠲᠦᠷᠡᠭᠰᠡᠨ᠂ ᠶᠡᠷᠦᠩᠬᠡᠢ ᠬᠡᠮᠵᠢᠶ᠎ᠡ᠎ᠠᠴᠠ ᠬᠡᠲᠦᠷᠡᠭᠦᠯᠦᠨ ᠪᠣᠬᠢᠷᠲᠤᠯ ᠪᠣᠳᠠᠰ ᠭᠠᠳᠠᠭᠰᠢᠯᠠᠭᠤᠯᠤᠭᠰᠠᠨ ᠠᠰᠠᠭᠤᠳᠠᠯ᠎ᠳᠤ 《ᠵᠠᠰᠠᠭ ᠵᠠᠬᠢᠷᠭ᠋ᠠᠨ᠎ᠤ ᠰᠢᠳᠬᠡᠯ ᠦᠯᠦ ᠥᠭᠬᠦ ᠲᠣᠭᠲᠠᠭ᠋ᠠᠯ᠎ᠤᠨ ᠪᠢᠴᠢᠭ》 ( ᠦᠬᠠᠢ ᠵᠢᠨ ᠣᠷᠴᠢᠨ ᠲᠣᠭᠣᠷᠢᠨ᠎ᠤ ᠦᠯᠦ ᠳᠤᠷᠠᠢ᠌ᠯᠭ᠋ᠠᠬᠤ ᠪᠢᠴᠢᠭ [ᠡᠮᠦᠨ᠎ᠡ] [2023] 02 ᠲᠣᠭ᠋ᠠᠲᠤ) ᠪᠠᠭᠤᠯᠭ᠋ᠠᠪᠠ᠃
《ᠰᠡᠩᠬᠡᠷᠡᠭᠦᠯᠦᠯ᠎ᠤᠨ ᠤᠳᠬ᠎ᠠ ᠠᠭᠤᠯᠭ᠎ᠠ》
ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠢ ᠤᠯᠠᠮ ᠴᠢᠨᠠᠭᠰᠢᠳᠠ ᠰᠢᠯᠢᠳᠡᠭᠵᠢᠭᠦᠯᠬᠦ ᠵᠢᠨ ᠲᠥᠯᠥᠭᠡ᠂ ᠬᠠᠢ᠌ᠨᠠᠨ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ᠎ᠠᠴᠠ ᠪᠠᠭᠲᠠᠭ᠋ᠠᠮᠵᠢᠲᠠᠢ ᠪᠣᠯᠭᠣᠮᠵᠢᠲᠠᠢ ᠪᠠᠶ᠋ᠢᠬᠤ ᠪᠠ ᠤᠶᠠᠨ ᠬᠠᠳᠠᠨ ᠵᠶ᠋ᠠᠷ ᠬᠠᠤᠯᠢ ᠬᠡᠷᠡᠭᠵᠢᠭᠦᠯᠬᠦ ᠠᠷᠭ᠎ᠠ ᠬᠡᠯᠪᠡᠷᠢ ᠵᠢ ᠢᠳᠡᠪᠬᠢᠲᠡᠢ ᠰᠦᠪᠡᠭᠴᠢᠯᠡᠵᠦ᠂ ᠬᠠᠤᠯᠢ ᠵᠢ ᠵᠥᠷᠢᠴᠡᠭᠰᠡᠨ ᠬᠥᠩᠭᠡᠪᠲᠦᠷ ᠠᠵᠢᠯᠯᠠᠭ᠎ᠠ᠎ᠳᠤ ᠵᠠᠰᠠᠭ ᠵᠠᠬᠢᠷᠭ᠋ᠠᠨ᠎ᠤ ᠰᠢᠳᠬᠡᠯ ᠥᠭᠬᠦ ᠦᠭᠡᠢ ᠪᠠᠢ᠌ᠵᠤ᠂ ᠡᠵᠡᠩᠨᠡᠯᠲᠡ ᠵᠢᠨ ᠭᠣᠣᠯ ᠴᠣᠭᠴᠠ ᠵᠢ ᠦᠨᠡᠨᠬᠦ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠵᠦ ᠥᠭᠪᠡ; ᠡᠭᠦᠨ᠎ᠤ ᠵᠡᠷᠭᠡᠴᠡᠭᠡ᠎ᠪᠠᠷ ᠪᠠᠰᠠ 《ᠲᠣᠷᠭ᠋ᠠᠬᠤ ᠵᠢᠨ ᠲᠥᠯᠥᠭᠡ ᠲᠣᠷᠭ᠋ᠠᠬᠤ》 ᠪᠤᠷᠤᠭᠤ ᠬᠠᠤᠯᠢ ᠬᠡᠷᠡᠭᠵᠢᠭᠦᠯᠬᠦ ᠤᠳᠤᠷᠢᠳᠤᠮᠵᠢ᠎ᠠᠴᠠ ᠵᠠᠢ᠌ᠯᠠᠰᠬᠢᠵᠦ᠂ 《ᠬᠠᠯᠠᠭᠤᠮᠰᠤᠭ ᠵᠶ᠋ᠠᠷ ᠬᠠᠤᠯᠢ ᠬᠡᠷᠡᠭᠵᠢᠭᠦᠯᠬᠦ》 ᠵᠢ ᠢᠯᠡᠷᠡᠭᠦᠯᠵᠦ᠂ ᠬᠠᠤᠯᠢᠵᠢᠯ᠎ᠤᠨ ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠤ ᠪᠠᠢ᠌ᠭᠤᠯᠤᠯᠲᠠ ᠵᠢ ᠭᠦᠨᠵᠡᠭᠡᠢ᠌ᠷᠡᠭᠦᠯᠬᠦ᠎ᠳᠤ ᠴᠢᠬᠤᠯᠠ ᠠᠴᠢ ᠬᠣᠯᠪᠣᠭᠳᠠᠯ᠎ᠲᠠᠢ ᠪᠥᠭᠡᠳ ᠠᠵᠤ ᠠᠬᠤᠢ᠌ᠯᠠᠯ᠎ᠤᠨ ᠬᠠᠤᠯᠢ ᠵᠢ ᠰᠠᠬᠢᠵᠤ ᠡᠵᠡᠩᠨᠡᠬᠦ ᠵᠢ ᠠᠬᠢᠭᠤᠯᠬᠤ᠂ ᠠᠵᠤ ᠠᠬᠤᠢ ᠨᠡᠢ᠌ᠭᠡᠮ᠎ᠤᠨ ᠡᠮᠬᠢ ᠵᠢᠷᠤᠮ᠎ᠢ ᠬᠠᠮᠠᠭ᠋ᠠᠯᠠᠬᠤ᠂ ᠬᠠᠤᠯᠢ ᠬᠡᠷᠡᠭᠵᠢᠭᠦᠯᠬᠦ ᠵᠣᠷᠢᠯᠭ᠎ᠠ ᠵᠢ ᠪᠡᠶᠡᠯᠡᠭᠦᠯᠬᠦ᠎ᠳᠤ ᠨᠡᠩ ᠠᠰᠢᠭᠲᠠᠢ ᠶᠤᠮ᠃
ᠬᠡᠷᠡᠭ ᠰᠢᠢ᠍ᠳᠪᠦᠷᠢᠯᠡᠬᠦ ᠨᠢᠭᠡᠴᠢ᠄ ᠦᠬᠠᠢ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠢ᠌ᠨᠠᠨ᠎ᠤ ᠬᠤᠪᠢᠶᠠᠷᠢ ᠲᠣᠭᠣᠷᠢᠭ᠎ᠤᠨ ᠲᠣᠪᠴᠢᠶ᠎ᠠ
ᠬᠡᠷᠡᠭ ᠰᠢᠳᠬᠡᠭᠴᠢ᠄ ᠯᠢ ᠷᠦ᠋ ᠰᠢᠶᠠᠩ᠂ ᠲᠠᠨ᠎ᠠ