ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠩᠭ᠋ᠠᠨ ᠠᠶ᠋ᠢᠮᠠᠭ᠎ᠤᠨ ᠰᠢᠨ ᠱᠧᠩ ᠳ᠋ᠡ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠬᠡ ᠲᠠᠩᠰᠠ ᠵᠢᠨ ᠲᠡᠮᠳᠡᠭᠯᠡᠯ᠎ᠢ ᠲᠣᠭᠲᠠᠭ᠋ᠠᠯ ᠶᠣᠰᠣᠭ᠋ᠠᠷ ᠪᠠᠢ᠌ᠭᠤᠯᠤᠭᠰᠠᠨ ᠦᠭᠡᠢ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠲᠥᠬᠦᠭᠡᠷᠦᠮᠵᠢ ᠵᠢᠨ ᠬᠡᠷᠡᠭᠯᠡᠯᠲᠡ ᠵᠢᠨ ᠲᠣᠭᠲᠠᠭ᠋ᠠᠯ᠎ᠢ ᠵᠥᠷᠢᠴᠡᠭᠰᠡᠨ ᠬᠡᠷᠡᠭ᠃
[ᠬᠡᠷᠡᠭ᠎ᠤᠨ ᠲᠣᠪᠴᠢ ᠲᠠᠨᠢᠯᠴᠠᠭᠤᠯᠭ᠎ᠠ]
2023 ᠣᠨ᠎ᠤ 5 ᠰᠠᠷ᠎ᠠ ᠵᠢᠨ 15᠎ᠤ ᠡᠳᠦᠷ᠂ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠬᠠᠩᠭ᠋ᠠᠭᠰᠠᠨ ᠰᠦᠪᠡᠭᠴᠢ ᠵᠢ ᠦᠨᠳᠦᠰᠦᠯᠡᠵᠦ᠂ ᠬᠢᠩᠭ᠋ᠠᠨ ᠠᠶ᠋ᠢᠮᠠᠭ᠎ᠤᠨ ᠰᠢᠨ ᠱᠧᠩ ᠳ᠋ᠡ ᠠᠮᠢᠳᠤ ᠪᠣᠳᠠᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠢᠵᠠᠭ᠋ᠠᠷᠲᠤ ᠺᠣᠮᠫᠠᠨᠢ᠎ᠳᠤ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ ᠬᠢᠵᠦ᠂ ᠲᠤᠰ ᠺᠣᠮᠫᠠᠨᠢ ᠵᠢᠨ ᠲᠦᠭᠦᠬᠡᠢ ᠮᠠᠲ᠋ᠧᠷᠢᠶᠠᠯ᠎ᠤᠨ ᠬᠡᠮᠬᠡᠯᠡᠬᠦ ᠦᠢ᠍ᠯᠡᠳᠪᠦᠷᠢ ᠵᠢᠨ ᠲᠠᠰᠤᠭ᠎ᠤᠨ ᠡᠭᠦᠳᠡ᠎ᠪᠠᠨ ᠨᠡᠭᠡᠭᠡᠨ ᠦᠢ᠍ᠯᠡᠳᠪᠦᠷᠢᠯᠡᠵᠦ᠂ ᠬᠡᠮᠬᠡᠯᠡᠬᠦ ᠠᠵᠢᠯ᠎ᠤᠨ ᠳᠠᠷᠠᠭ᠋ᠠᠯᠠᠯ᠎ᠠᠴᠠ ᠡᠭᠦᠰᠦᠭᠰᠡᠨ ᠲᠣᠭᠣᠰᠣ ᠰᠢᠷᠣᠢ ᠵᠢ ᠵᠣᠬᠢᠶᠠᠨ ᠪᠠᠢ᠌ᠭᠤᠯᠤᠯᠲᠠ ᠦᠭᠡᠢ᠎ᠪᠠᠷ ᠭᠠᠳᠠᠭᠰᠢᠯᠠᠭᠤᠯᠬᠤ ᠵᠢ ᠪᠦᠲᠦᠮᠵᠢᠲᠡᠢ ᠴᠤᠭᠯᠠᠭᠤᠯᠵᠤ ᠳᠡᠢ᠌ᠯᠦᠭᠰᠡᠨ ᠦᠭᠡᠢ ᠵᠢ ᠣᠯᠵᠤ ᠮᠡᠳᠡᠪᠡ; ᠲᠤᠬᠠᠢ ᠵᠢᠨ ᠲᠠᠯᠠᠪᠤᠷ᠎ᠲᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠡᠭᠡᠷ᠎ᠡ ᠳᠤᠷᠠᠳᠤᠭᠰᠠᠨ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠢ ᠵᠢᠨ ᠲᠠᠯᠠᠪᠤᠷ᠎ᠲᠤ 《ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ (ᠬᠠᠢ᠌ᠨ ᠪᠠᠢ᠌ᠴᠠᠭ᠋ᠠᠯᠲᠠ) ᠵᠢᠨ ᠲᠡᠮᠳᠡᠭᠯᠡᠯ》 《ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠪᠠᠢ᠌ᠴᠠᠭ᠋ᠠᠨ ᠠᠰᠠᠭᠤᠭᠰᠠᠨ ᠲᠡᠮᠳᠡᠭᠯᠡᠯ》᠎ᠢ ᠦᠢ᠍ᠯᠡᠳᠦᠭᠰᠡᠨ ᠪᠠᠢ᠌ᠨ᠎ᠠ᠃
[ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
ᠲᠤᠰ ᠨᠢᠭᠡᠴᠢ ᠲᠥᠪᠯᠡᠷᠡᠭᠦᠯᠦᠨ ᠴᠤᠭᠯᠠᠭᠤᠯᠵᠤ ᠰᠢᠢ᠍ᠳᠪᠦᠷᠢᠯᠡᠬᠦ᠂ ᠪᠢᠲᠡᠭᠦᠮᠵᠢᠯᠡᠬᠦ᠂ ᠬᠦᠷᠢᠶᠡᠯᠡᠨ ᠬᠠᠰᠢᠬᠤ᠂ ᠪᠦᠲᠡᠭᠡᠬᠦ᠂ ᠴᠡᠪᠡᠷᠯᠡᠬᠦ᠂ ᠤᠰᠤ ᠰᠦᠷᠴᠢᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠦᠭᠡᠢ᠂ ᠨᠠᠷᠢᠨ ᠲᠣᠭᠣᠰᠣ ᠪᠠ ᠬᠡᠢ ᠲᠥᠯᠥᠪᠲᠦ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠨ ᠪᠠᠭ᠋ᠠᠰᠬᠠᠬᠤ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠤᠯᠢ》 ᠵᠢᠨ ᠳᠥᠴᠢᠨ ᠨᠠᠢ᠍ᠮᠠᠳᠤᠭ᠋ᠠᠷ ᠵᠦᠢ᠍ᠯ᠎ᠤᠨ ᠬᠣᠶᠠᠳᠤᠭ᠋ᠠᠷ ᠵᠤᠷᠪᠤᠰ᠎ᠲᠤ᠄ 《ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠠᠵᠤ ᠠᠬᠤᠢ᠌ᠯᠠᠯ᠎ᠤᠳ ᠨᠢᠭᠲᠠ ᠪᠢᠲᠡᠭᠦᠮᠵᠢᠯᠡᠬᠦ᠂ ᠬᠦᠷᠢᠶᠡᠯᠡᠨ ᠬᠠᠰᠢᠬᠤ᠂ ᠬᠠᠯᠬᠠᠯᠠᠬᠤ᠂ ᠱᠦᠭᠦᠷᠳᠡᠨ ᠴᠡᠪᠡᠷᠯᠡᠬᠦ᠂ ᠤᠰᠤ ᠰᠦᠷᠴᠢᠬᠦ ᠵᠡᠷᠭᠡ ᠠᠷᠭ᠎ᠠ ᠬᠡᠮᠵᠢᠶ᠎ᠡ ᠠᠪᠴᠤ᠂ ᠳᠣᠲᠣᠭ᠋ᠠᠳᠤ ᠵᠢᠨ ᠪᠣᠳᠠᠰ᠎ᠤᠨ ᠮᠠᠲ᠋ᠧᠷᠢᠶᠠᠯ᠎ᠢ ᠣᠪᠣᠭ᠋ᠠᠯᠠᠨ ᠬᠠᠳᠠᠭ᠋ᠠᠯᠠᠬᠤ᠂ ᠳᠠᠮᠵᠢᠭᠤᠯᠬᠤ᠂ ᠠᠴᠢᠶᠠᠯᠠᠵᠤ ᠪᠠᠭᠤᠯᠭ᠋ᠠᠬᠤ ᠵᠡᠷᠭᠡ᠎ᠳᠤ ᠪᠤᠢ ᠪᠣᠯᠤᠭᠰᠠᠨ ᠨᠠᠷᠢᠨ ᠲᠣᠭᠣᠰᠣ ᠪᠠ ᠬᠡᠢ ᠲᠥᠯᠥᠪᠲᠦ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠬᠡᠷᠡᠭᠲᠡᠶ》 ᠭᠡᠬᠦ ᠲᠣᠭᠲᠠᠭ᠋ᠠᠯ ᠪᠤᠢ; ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠬᠡ ᠳᠠᠩᠰᠠ ᠵᠢᠨ ᠲᠡᠮᠳᠡᠭᠯᠡᠯ᠎ᠤᠨ ᠳᠦᠷᠢᠮ᠎ᠢ ᠪᠠᠢ᠌ᠭᠤᠯᠤᠭᠰᠠᠨ ᠦᠭᠡᠢ᠎ᠨᠢ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ 《ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ》᠎ᠤᠨ ᠬᠣᠷᠢᠨ ᠨᠢᠭᠡᠳᠦᠭᠡᠷ ᠵᠦᠢ᠍ᠯ᠎ᠢ ᠵᠥᠷᠢᠴᠡᠪᠡ᠄ 《ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠬᠡ ᠲᠠᠩᠰᠠ ᠵᠢ ᠲᠡᠮᠳᠡᠭᠯᠡᠬᠦ ᠳᠦᠷᠢᠮ᠎ᠢ ᠪᠠᠢ᠌ᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠳᠤ ᠲᠣᠭᠲᠠᠭ᠋ᠠᠭᠰᠠᠨ ᠵᠠᠭᠪᠤᠷ᠂ ᠠᠭᠤᠯᠭ᠎ᠠ ᠪᠠ ᠤᠳᠠᠭ᠎ᠠ ᠳᠠᠷᠠᠭ᠎ᠠ ᠶᠣᠰᠣᠭ᠋ᠠᠷ᠂ ᠭᠣᠣᠯ ᠪᠣᠯᠬᠤ ᠦᠢ᠍ᠯᠡᠳᠪᠦᠷᠢᠯᠡᠯ᠎ᠤᠨ ᠲᠥᠬᠦᠭᠡᠷᠦᠮᠵᠢ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ ᠵᠢᠴᠢ ᠪᠣᠬᠢᠷᠲᠤᠯ ᠪᠣᠳᠠᠰ ᠭᠠᠳᠠᠭᠰᠢᠯᠠᠭᠤᠯᠬᠤ ᠥᠳᠬᠡᠴᠡ᠂ ᠭᠠᠳᠠᠭᠰᠢᠯᠠᠭᠤᠯᠬᠤ ᠬᠡᠮᠵᠢᠶ᠎ᠡ ᠵᠢ ᠦᠨᠡᠨ ᠮᠥᠨ ᠵᠶ᠋ᠡᠷ᠎ᠨᠢ ᠲᠡᠮᠳᠡᠭᠯᠡᠬᠦ ᠬᠡᠷᠡᠭᠲᠡᠶ᠃ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠡᠬᠡ ᠳᠠᠩᠰᠠ ᠵᠢᠨ ᠲᠡᠮᠳᠡᠭᠯᠡᠯ᠎ᠢ ᠬᠠᠳᠠᠭ᠋ᠠᠯᠠᠬᠤ ᠬᠤᠭᠤᠴᠠᠭ᠎ᠠ ᠵᠢ 5 ᠵᠢᠯ᠎ᠠᠴᠠ ᠳᠤᠲᠠᠭᠤ ᠪᠠᠢ᠌ᠯᠭ᠋ᠠᠵᠤ ᠪᠣᠯᠬᠤ ᠦᠭᠡᠢ》 ᠭᠡᠵᠦ ᠲᠣᠭᠲᠠᠭ᠋ᠠᠵᠠᠢ᠃
ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠬᠠᠮᠲᠤ ᠵᠢᠨ ᠶᠠᠷᠢᠯᠴᠠᠭ᠎ᠠ᠎ᠪᠠᠷ ᠳᠡᠮᠵᠢᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ》᠎ᠤᠨ ᠶᠣᠰᠣᠭ᠋ᠠᠷ᠂ ᠲᠣᠰ ᠨᠢᠭᠡᠴᠢ ᠲᠥᠪᠯᠡᠷᠡᠭᠦᠯᠦᠨ ᠴᠤᠭᠯᠠᠭᠤᠯᠵᠤ ᠰᠢᠢ᠍ᠳᠪᠦᠷᠢᠯᠡᠬᠦ᠂ ᠨᠢᠭᠲᠠ ᠪᠢᠲᠡᠭᠦᠮᠵᠢᠯᠡᠬᠦ᠂ ᠬᠦᠷᠢᠶᠡᠯᠡᠨ ᠬᠠᠰᠢᠬᠤ᠂ ᠬᠠᠯᠬᠠᠯᠠᠬᠤ᠂ ᠴᠡᠪᠡᠷᠯᠡᠬᠦ᠂ ᠤᠰᠤ ᠰᠦᠷᠴᠢᠬᠦ ᠵᠡᠷᠭᠡ ᠠᠷᠭ᠎ᠠ ᠬᠡᠮᠵᠢᠶ᠎ᠡ ᠠᠪᠤᠭᠰᠠᠨ ᠦᠭᠡᠢ᠎ᠪᠠᠷ ᠨᠠᠷᠢᠨ ᠲᠣᠭᠣᠰᠣ ᠪᠠ ᠬᠡᠢ ᠪᠡᠶᠡᠲᠦ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠨ ᠪᠠᠭ᠋ᠠᠰᠬᠠᠭᠰᠠᠨ ᠵᠢᠴᠢ ᠣᠷᠴᠢᠨ ᠠᠬᠤᠢ ᠵᠢᠨ ᠬᠠᠮᠢᠶᠠᠷᠤᠯᠲᠠ ᠵᠢᠨ ᠡᠬᠡ ᠲᠠᠩᠰᠠ ᠪᠠᠢ᠌ᠭᠤᠯᠤᠭᠰᠠᠨ ᠦᠭᠡᠢ᠎ᠪᠠᠷ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠠᠩᠬ᠎ᠠ ᠤᠳᠠᠭ᠎ᠠ ᠬᠠᠤᠯᠢ᠎ᠠᠴᠠ ᠵᠥᠷᠢᠴᠡᠭᠰᠡᠨ ᠮᠥᠷᠲᠡᠭᠡᠨ ᠬᠣᠣᠷ ᠬᠥᠨᠥᠭᠡᠯ᠎ᠤᠨ ᠦᠷ᠎ᠡ ᠳ᠋ᠦᠩ᠎ᠨᠢ ᠬᠥᠩᠭᠡᠨ ᠪᠥᠭᠡᠳ ᠴᠠᠭ ᠲᠤᠬᠠᠢᠳᠤᠨᠢ ᠵᠠᠯᠠᠷᠠᠭᠤᠯᠤᠭᠰᠠᠨ ᠪᠠᠶ᠋ᠢᠳᠠᠯ᠎ᠳᠤ ᠨᠡᠢ᠌ᠴᠡᠭᠰᠡᠨ ᠪᠣᠯᠬᠣᠷ ᠵᠠᠰᠠᠭ ᠵᠠᠬᠢᠷᠭ᠋ᠠᠨ᠎ᠤ ᠰᠢᠳᠬᠡᠯ ᠥᠭᠭᠦᠭᠰᠡᠨ ᠦᠭᠡᠢ ᠪᠥᠭᠡᠳ ᠬᠠᠮᠲᠤᠳᠤᠨᠢ ᠰᠤᠷᠭ᠋ᠠᠨ ᠬᠥᠮᠥᠵᠢᠭᠦᠯᠪᠡ᠃
《ᠰᠡᠩᠬᠡᠷᠡᠭᠦᠯᠦᠯ᠎ᠤᠨ ᠤᠳᠬ᠎ᠠ ᠠᠭᠤᠯᠭ᠎ᠠ》
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠰᠢᠰᠲ᠋ᠧᠮ᠎ᠤᠨ ᠵᠠᠰᠠᠭ ᠵᠠᠬᠢᠷᠭ᠋ᠠᠨ᠎ᠤ ᠰᠢᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢᠨ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠨᠡᠢ᠌ᠲᠡᠯᠡᠨ ᠬᠡᠷᠡᠭᠵᠢᠭᠦᠯᠦᠭᠰᠡᠨ ᠠᠬᠤᠢ ᠪᠠᠶ᠋ᠢᠳᠠᠯ ᠳᠣᠣᠷ᠎ᠠ᠂ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠠᠰᠤᠯᠤᠯᠲᠠ ᠵᠢᠨ ᠰᠠᠭᠤᠷᠢ ᠪᠠᠷᠢᠮᠵᠢᠶ᠎ᠠ ᠵᠢ ᠬᠡᠷᠡᠭᠯᠡᠬᠦ᠎ᠳᠤ᠂ ᠪᠣᠳᠠᠲᠤ ᠬᠡᠷᠡᠭ ᠵᠶ᠋ᠡᠷ ᠦᠨᠳᠦᠰᠦᠯᠡᠯ ᠪᠣᠯᠭ᠋ᠠᠵᠤ᠂ ᠬᠠᠤᠯᠢ ᠴᠠᠭ᠋ᠠᠵᠠ᠎ᠪᠠᠷ ᠪᠠᠷᠢᠮᠵᠢᠶ᠎ᠠ ᠪᠣᠯᠭ᠋ᠠᠵᠤ᠂ ᠬᠠᠤᠯᠢ᠎ᠳᠤ ᠨᠡᠶ᠋ᠢᠴᠡᠬᠦ ᠵᠠᠷᠴᠢᠮ᠂ ᠵᠦᠢ ᠵᠣᠬᠢᠰᠲᠠᠢ ᠵᠠᠷᠴᠢᠮ᠂ ᠬᠡᠲᠦᠷᠡᠭᠦᠯᠦᠨ ᠲᠣᠷᠭ᠋ᠠᠬᠤ ᠵᠢ ᠬᠠᠷᠢᠯᠴᠠᠨ ᠵᠣᠬᠢᠴᠠᠭᠤᠯᠬᠤ ᠵᠠᠷᠴᠢᠮ᠂ ᠢᠯᠡ ᠲᠣᠳᠣ ᠡᠷᠬᠡ ᠲᠡᠭᠰᠢ ᠲᠥᠪ ᠭᠣᠣᠯᠴᠢ ᠪᠠᠶ᠋ᠢᠬᠤ ᠵᠠᠷᠴᠢᠮ᠂ ᠲᠣᠷᠭ᠋ᠠᠬᠤ ᠪᠠ ᠰᠤᠷᠭ᠋ᠠᠨ ᠬᠥᠮᠥᠵᠢᠭᠦᠯᠬᠦ ᠵᠢ ᠬᠠᠷᠢᠯᠴᠠᠨ ᠤᠶᠠᠯᠳᠤᠭᠤᠯᠬᠤ ᠵᠠᠷᠴᠢᠮ᠎ᠢ ᠵᠢᠷᠤᠮᠯᠠᠬᠤ ᠬᠡᠷᠡᠭᠲᠡᠶ᠃ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠰᠢᠨ᠎ᠡ ᠲᠣᠭᠲᠠᠭ᠋ᠠᠯ᠎ᠢ ᠪᠥᠬᠥ ᠲᠠᠯ᠎ᠠ᠎ᠪᠠᠷ ᠣᠢ᠌ᠯᠠᠭ᠋ᠠᠵᠤ᠂ ᠬᠠᠤᠯᠢ ᠵᠢ ᠴᠢᠩᠭ᠎ᠠ ᠬᠡᠷᠡᠭᠵᠢᠭᠦᠯᠬᠦ ᠵᠢᠨ ᠵᠡᠷᠭᠡ᠎ᠳᠤ ᠰᠢᠳᠬᠡᠯ ᠦᠯᠦ ᠥᠭᠬᠦ ᠬᠡᠷᠡᠭ᠎ᠢ ᠬᠠᠤᠯᠢ ᠶᠣᠰᠣᠭ᠋ᠠᠷ ᠰᠢᠢ᠍ᠳᠪᠦᠷᠢᠯᠡᠵᠦ᠂ ᠬᠠᠤᠯᠢ᠎ᠪᠠᠷ ᠵᠠᠰᠠᠬᠤ ᠡᠵᠡᠩᠨᠡᠯᠲᠡ ᠵᠢᠨ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠠ ᠠᠮᠢ ᠠᠬᠤᠢ ᠵᠢᠨ ᠣᠷᠴᠢᠨ ᠨᠥᠬᠥᠴᠡᠯ᠎ᠤᠨ ᠶᠠᠰᠤ ᠴᠢᠨᠠᠷ᠎ᠢ ᠬᠠᠮᠠᠭ᠋ᠠᠯᠠᠬᠤ ᠬᠣᠣᠰ ᠠᠮᠵᠢᠯᠲᠠ ᠵᠢ ᠪᠡᠶᠡᠯᠡᠭᠦᠯᠪᠡ᠃
[ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
ᠬᠡᠷᠡᠭ ᠰᠢᠢ᠍ᠳᠪᠦᠷᠢᠯᠡᠬᠦ ᠨᠢᠭᠡᠴᠢ᠄ ᠬᠢᠩᠭ᠋ᠠᠨ ᠠᠶ᠋ᠢᠮᠠᠭ᠎ᠤᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠵᠠᠯᠠᠢ᠌ᠳ ᠬᠣᠰᠢᠭᠤᠨ᠎ᠤ ᠬᠤᠪᠢᠶᠠᠷᠢ ᠲᠣᠪᠴᠢᠶ᠎ᠠ
ᠬᠡᠷᠡᠭ ᠰᠢᠳᠬᠡᠭᠴᠢ᠄ ᠶᠠᠨ ᠵᠧ᠂ ᠯᠢ ᠴᠢᠤᠸᠠᠨ᠂ ᠣᠣ ᠸᠸᠨ ᠵᠢᠶᠦ᠋ᠨ᠂ ᠫᠠᠩ ᠯᠦᠩ ᠹᠧᠢ