8 ᠰᠠᠷ᠎ᠠ ᠵᠢᠨ 23᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠤᠤ ᠴᠧᠩ ᠬᠤᠷᠠᠯ᠎ᠢ ᠡᠷᠬᠢᠯᠡᠪᠡ᠃
ᠬᠤᠷᠠᠯ᠎ᠠᠴᠠ ᠰᠢ ᠵᠢᠨ ᠫᠢᠩ ᠶᠡᠷᠦᠩᠬᠡᠢ ᠱᠦᠵᠢ ᠵᠢᠨ ᠳ᠋ᠧᠩ ᠰᠢᠶᠣᠣ ᠫᠢᠩ ᠨᠥᠬᠥᠷ᠎ᠤᠨ ᠮᠡᠨᠳᠦᠯᠡᠭᠰᠡᠨ 120 ᠵᠢᠯ᠎ᠤᠨ ᠣᠢ ᠵᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠂ ᠮᠠᠤ ᠽᠦ᠍ ᠳ᠋ᠦᠩ᠂ ᠳ᠋ᠧᠩ ᠰᠢᠶᠣᠣ ᠫᠢᠩ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠨᠡᠭᠡᠭᠡᠭᠰᠡᠨ ᠵᠠᠮ ᠵᠶ᠋ᠠᠷ ᠭᠤᠶ᠋ᠢᠪᠢᠰᠢ ᠦᠭᠡᠢ ᠵᠠᠮᠨᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠡᠷ ᠤᠷᠤᠭᠰᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠡᠷ ᠵᠶ᠋ᠡᠨ ᠰᠠᠶ᠋ᠢᠲᠤᠷ ᠬᠢᠵᠦ᠂ ᠰᠢᠨ᠎ᠡ ᠵᠠᠮ᠎ᠢ ᠨᠡᠭᠡᠭᠡᠵᠦ᠂ ᠳᠤᠮᠳᠠ ᠵᠡᠷᠭᠡ᠎ᠳᠤ ᠳᠠᠪᠰᠢᠵᠤ᠂ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠠᠬᠢᠭᠤᠯᠬᠤ᠎ᠳᠤ ᠨᠡᠩ ᠶᠡᠬᠡ ᠬᠤᠪᠢ ᠨᠡᠮᠡᠷᠢ ᠦᠵᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠨᠠᠮ᠎ᠤᠨ ᠤᠨᠤᠯ᠎ᠤᠨ ᠰᠢᠨ᠎ᠡ ᠵᠢ ᠡᠭᠦᠳᠬᠦ᠎ᠪᠠᠷ ᠰᠡᠳᠬᠢᠯ᠎ᠢ ᠨᠢᠭᠲᠠᠷᠠᠭᠤᠯᠤᠨ ᠰᠦᠭ ᠰᠦᠨᠡᠰᠦ ᠵᠢ ᠱᠤᠭᠤᠬᠤ ᠵᠢ ᠴᠥᠬᠥᠷᠡᠰᠢ ᠦᠭᠡᠢ ᠪᠠᠷᠢᠮᠲᠠᠯᠠᠵᠤ᠂ ᠲᠡᠭᠦᠨ᠎ᠤ ᠳᠤᠮᠳᠠ᠎ᠠᠴᠠ ᠣᠶᠤᠨ ᠤᠬᠠᠭ᠋ᠠᠨ ᠬᠦᠴᠦᠨ ᠴᠢᠳᠠᠯ ᠰᠢᠩᠭᠡᠬᠡᠨ ᠠᠪᠴᠤ᠂ ᠪᠣᠳᠠᠲᠤ ᠠᠰᠠᠭᠤᠳᠠᠯ᠎ᠢ ᠰᠢᠢ᠍ᠳᠪᠦᠷᠢᠯᠡᠬᠦ ᠵᠢ ᠡᠷᠢᠯᠬᠢᠯᠡᠵᠦ᠂ ᠠᠵᠢᠯ ᠵᠶ᠋ᠠᠨ ᠠᠬᠢᠭᠤᠯᠬᠤ ᠰᠡᠳᠬᠢᠴᠡ ᠠᠷᠭ᠎ᠠ ᠵᠢᠨ ᠰᠢᠨ᠎ᠡ ᠵᠢ ᠡᠭᠦᠳᠴᠦ᠂ ᠤᠨᠤᠯ ᠰᠤᠷᠤᠯᠴᠠᠬᠤ᠂ ᠤᠨᠤᠯ ᠬᠡᠷᠡᠭᠯᠡᠬᠦ ᠴᠢᠳᠠᠪᠤᠷᠢ ᠲᠦᠪᠰᠢᠨ ᠵᠶ᠋ᠡᠨ ᠳᠡᠭᠡᠭᠰᠢᠯᠡᠭᠦᠯᠬᠦ ᠬᠡᠷᠡᠭᠲᠡᠢ᠃ ᠰᠢᠨ᠎ᠡ ᠵᠢ ᠡᠭᠦᠳᠬᠦ ᠴᠢᠩᠭ᠎ᠠ ᠵᠣᠷᠢᠭ ᠰᠠᠨᠠᠭ᠎ᠠ᠎ᠪᠠᠷ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠡᠯ᠎ᠡ ᠵᠦᠢ᠍ᠯ᠎ᠤᠨ ᠠᠵᠢᠯ᠎ᠢ ᠪᠣᠳᠠᠲᠠᠢ ᠪᠥᠭᠡᠳ ᠨᠠᠷᠢᠯᠢᠭ ᠠᠳᠬᠤᠵᠤ᠂ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠥᠭᠡᠷᠡᠴᠢᠯᠡᠯᠲᠡ ᠵᠢ ᠤᠷᠤᠭᠰᠢᠯᠠᠯᠲᠠ᠎ᠲᠠᠢ᠂ ᠥᠭᠡᠷᠡᠴᠢᠯᠡᠯᠲᠡ ᠵᠢ ᠠᠮᠵᠢᠯᠲᠠ᠎ᠲᠠᠢ ᠪᠣᠯᠭ᠋ᠠᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 33 ᠳ᠋ᠤᠭ᠋ᠠᠷ ᠬᠤᠭᠤᠴᠠᠭ᠋ᠠᠨ᠎ᠤ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠳᠤᠮᠳᠠᠳᠤ ᠤᠯᠤᠰ᠎ᠤᠨ ᠪᠡᠶ᠎ᠡ ᠵᠢᠨ ᠲᠠᠮᠢᠷ᠎ᠤᠨ ᠲᠥᠯᠥᠭᠡᠯᠡᠭᠴᠢᠳ᠎ᠤᠨ ᠪᠦᠯᠬᠦᠮ᠎ᠢ ᠬᠦᠯᠢᠶᠡᠨ ᠠᠪᠴᠤ ᠠᠭᠤᠯᠵᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠤ᠂ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠣᠯᠣᠨ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠢ ᠨᠢᠭᠡᠳᠦᠯᠲᠡᠢ ᠲᠥᠯᠥᠪᠵᠢᠭᠦᠯᠦᠨ ᠰᠠᠶ᠋ᠢᠲᠤᠷ ᠠᠳᠬᠤᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠬᠦᠴᠦᠨ ᠨᠡᠮᠡᠷᠢᠯᠡᠬᠦ ᠬᠡᠷᠡᠭᠳᠡᠢ᠃ ᠳᠤᠮᠳᠠᠳᠤ ᠪᠠᠭ᠎ᠠ ᠰᠤᠷᠭ᠋ᠠᠭᠤᠯᠢ ᠵᠢᠨ ᠬᠦᠷᠢᠶᠡᠨ᠎ᠠᠴᠠ ᠡᠬᠢᠯᠡᠨ ᠪᠡᠶ᠎ᠡ ᠵᠢᠨ ᠲᠠᠮᠢᠷ᠎ᠤᠨ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠵᠤ᠂ ᠨᠢᠳᠤᠷᠭ᠋ᠠᠨ ᠲᠡᠮᠡᠴᠡᠭᠡᠨ᠂ ᠪᠤᠶ᠋ᠢᠺᠤ ᠪᠥᠮᠪᠥᠭᠡ᠂ ᠪᠥᠬᠡ ᠪᠠᠷᠢᠯᠳᠤᠬᠤ ᠵᠡᠷᠭᠡ ᠳᠠᠪᠠᠭᠤᠯᠢᠭ ᠪᠠ ᠳᠠᠯᠳᠠ ᠬᠦᠴᠦᠨ᠎ᠤ ᠲᠥᠷᠥᠯ ᠵᠦᠢ᠍ᠯ᠎ᠢ ᠪᠡᠬᠢᠵᠢᠭᠦᠯᠦᠨ ᠬᠥᠭᠵᠢᠭᠦᠯᠵᠦ᠂ ᠲᠠᠮᠢᠷᠴᠢᠳ᠎ᠢ ᠵᠣᠬᠢᠶᠠᠨ ᠪᠠᠢ᠌ᠭᠤᠯᠤᠨ ᠢᠳᠡᠪᠬᠢᠲᠡᠢ᠎ᠪᠠᠷ ᠪᠣᠯᠪᠠᠰᠤᠷᠠᠭᠤᠯᠤᠨ ᠪᠡᠯᠡᠳᠬᠡᠵᠦ᠂ ᠡᠯ᠎ᠡ ᠲᠥᠷᠥᠯ᠎ᠤᠨ ᠤᠷᠤᠯᠳᠤᠭ᠋ᠠᠨ᠎ᠳᠤ ᠣᠷᠣᠯᠴᠠᠭᠤᠯᠵᠤ᠂ ᠤᠷᠤᠯᠳᠤᠭ᠋ᠠᠨ᠎ᠤ ᠬᠢᠷᠢ ᠲᠦᠪᠰᠢᠨ᠎ᠢ ᠲᠠᠰᠤᠷᠠᠯᠲᠠ ᠦᠭᠡᠢ ᠳᠡᠬᠡᠭᠰᠢᠡᠯᠬᠦᠯᠬᠦ ᠬᠡᠷᠡᠭᠳᠡᠢ᠃ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠲᠠᠯᠠᠪᠠᠶ ᠵᠢᠨ ᠲᠣᠨᠣᠭ ᠲᠥᠬᠦᠭᠡᠷᠦᠮᠵᠢ ᠵᠢ ᠰᠠᠶ᠋ᠢᠲᠤᠷ ᠬᠡᠷᠡᠭᠯᠡᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠴᠢᠯᠡᠭᠡᠨ ᠪᠠ ᠤᠬᠠᠭᠤᠯᠭ᠎ᠠ ᠵᠢ ᠴᠢᠩᠭ᠋ᠠᠳᠬᠠᠨ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠢᠳᠡᠪᠬᠢᠲᠡᠢ ᠣᠷᠣᠯᠴᠠᠭᠤᠯᠵᠤ᠂ ᠡᠷᠡᠭᠦᠯ ᠮᠠᠨᠳᠤ ᠵᠢᠨ ᠬᠢᠷᠢ ᠲᠦᠪᠰᠢᠨ᠎ᠢ ᠲᠠᠰᠤᠷᠠᠯᠲᠠ ᠦᠭᠡᠢ ᠳᠡᠬᠡᠭᠰᠢᠯᠡᠬᠦᠯᠬᠦ ᠬᠡᠷᠡᠭᠳᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢᠨ ᠵᠥᠪᠯᠡᠯ᠎ᠤᠨ ᠡᠯ᠎ᠡ ᠲᠤᠰᠬᠠᠢ ᠳᠤᠭᠤᠢ᠌ᠯᠠᠩ ᠪᠣᠯᠣᠨ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢᠨ ᠠᠯᠪᠠᠨ ᠭᠡᠷ᠎ᠤᠨ ᠬᠠᠮᠢᠶ᠎ᠠ ᠪᠦᠬᠦᠢ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ 《〈ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠰᠠᠨᠠᠯ〉᠎ᠤᠨ ᠠᠵᠢᠯ᠎ᠤᠨ ᠬᠤᠪᠢᠶᠠᠷᠢᠯᠠᠯ᠎ᠤᠨ ᠲᠥᠰᠥᠯ》᠂ 《ᠠᠮᠢ ᠠᠬᠤᠢ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠬᠤ ᠲᠤᠬᠠᠢ ᠬᠡᠷᠡᠭᠵᠢᠭᠦᠯᠬᠦ ᠰᠠᠨᠠᠯ》᠎ᠢ ᠬᠢᠨᠠᠨ ᠵᠥᠪᠯᠡᠵᠦ ᠪᠠᠲᠤᠯᠠᠪᠠ᠃ ᠥᠭᠡᠷᠡᠴᠢᠯᠡᠯᠲᠡ ᠵᠢ ᠠᠳᠬᠤᠬᠤ᠎ᠳᠤ ᠵᠣᠷᠢᠭᠲᠠᠢ᠎ᠪᠠᠷ ᠰᠢᠨ᠎ᠡ ᠵᠢ ᠡᠭᠦᠳᠬᠦ ᠮᠥᠷᠲᠡᠭᠡᠨ ᠨᠢᠭᠡᠳᠦᠯᠲᠡᠢ ᠲᠥᠯᠥᠪᠵᠢᠭᠦᠯᠬᠦ ᠵᠢ ᠴᠦ᠍ ᠴᠢᠬᠤᠯᠠᠴᠢᠯᠠᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠣᠯᠣᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ᠎ᠤᠨ ᠠᠵᠢᠯ᠎ᠤᠨ ᠲᠣᠬᠢᠷᠠᠭᠤᠯᠤᠯᠲᠠ ᠶᠣᠰᠣᠭ᠋ᠠᠷ᠂ ᠪᠣᠳᠠᠲᠠᠢ᠎ᠲᠠᠢ ᠤᠶᠠᠯᠳᠤᠭᠤᠯᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠵᠤ᠂ ᠪᠦᠬᠦ ᠬᠦᠴᠦᠨ ᠵᠶ᠋ᠡᠷ ᠵᠶ᠋ᠡᠨ ᠪᠣᠭᠣᠮᠲᠠ ᠰᠢᠪᠲᠤᠯᠬᠤ ᠬᠡᠷᠡᠭᠲᠡᠢ᠃ ᠡᠯ᠎ᠡ ᠵᠦᠢ᠍ᠯ᠎ᠤᠨ ᠠᠵᠢᠯ᠎ᠤᠨ ᠬᠣᠭᠤᠷᠤᠨᠳᠤᠬᠢ ᠳᠣᠲᠣᠭ᠋ᠠᠳᠤ ᠬᠣᠯᠪᠣᠭ᠎ᠠ ᠵᠢ ᠰᠠᠶ᠋ᠢᠲᠤᠷ ᠡᠵᠡᠮᠳᠡᠵᠦ᠂ ᠰᠢᠰᠲ᠋ᠧᠮ᠎ᠤᠨ ᠴᠤᠭᠯᠠᠷᠠᠯ᠎ᠢ ᠴᠢᠩᠭ᠋ᠠᠳᠬᠠᠨ᠂ ᠥᠭᠡᠷᠡᠴᠢᠯᠡᠯᠲᠡ ᠵᠢ ᠰᠢᠰᠲ᠋ᠧᠮ᠎ᠲᠠᠢ᠎ᠪᠠᠷ ᠰᠤᠳᠤᠯᠤᠨ ᠠᠬᠢᠭᠤᠯᠬᠤ ᠬᠡᠷᠡᠭᠳᠡᠢ᠃ ᠥᠭᠡᠷᠡᠴᠢᠯᠡᠯᠲᠡ ᠵᠢᠨ ᠡᠭᠦᠷᠭᠡ ᠵᠢ ᠪᠡᠶᠡᠯᠡᠭᠦᠯᠦᠭᠰᠡᠨ ᠪᠠᠶ᠋ᠢᠳᠠᠯ᠎ᠢ ᠦᠨᠡᠯᠡᠵᠦ ᠬᠢᠨᠠᠨ ᠰᠢᠯᠭ᠋ᠠᠬᠤ ᠵᠢ ᠴᠢᠩᠭ᠋ᠠᠳᠬᠠᠵᠤ᠂ ᠡᠯ᠎ᠡ ᠲᠠᠯ᠎ᠠ ᠵᠢᠨ᠎ᠬᠢᠨ᠎ᠤ ᠱᠠᠯᠠᠪᠳᠠᠨ ᠬᠥᠳᠡᠯᠦᠯᠴᠡᠬᠦ ᠵᠢ ᠠᠬᠢᠭᠤᠯᠵᠤ᠂ ᠥᠭᠡᠷᠡᠴᠢᠯᠡᠯᠲᠡ᠎ᠳᠤ ᠬᠠᠮᠲᠤ᠎ᠪᠠᠷ ᠬᠦᠴᠦᠯᠡᠵᠦ᠂ ᠦᠨᠡᠨ ᠪᠣᠳᠠᠲᠠᠢ ᠦᠷ᠎ᠡ ᠪᠦᠲᠦᠮᠵᠢ ᠣᠯᠬᠤ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃