ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠣᠷᠳᠣᠰ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠪᠠ
ᠨᠡᠶ᠋ᠢᠲᠡᠯᠡᠭᠰᠡᠨ ᠴᠠᠭ᠄ 2024-10-15

      ᠦᠨᠡᠨᠴᠢ ᠢᠲᠡᠭᠡᠮᠵᠢᠲᠡᠢ ᠪᠠᠶ᠋ᠢᠬᠤ ᠪᠣᠯ ᠨᠡᠢ᠌ᠭᠡᠮ᠎ᠤᠨ ᠬᠥᠭᠵᠢᠯᠲᠡ ᠵᠢᠨ ᠰᠠᠭᠤᠷᠢ ᠮᠥᠨ᠂ ᠪᠠᠰᠠ ᠴᠤ᠌ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠴᠢᠬᠤᠯᠠ ᠲᠦᠰᠢᠭ ᠲᠤᠯᠭ᠋ᠠᠭᠤᠷᠢ ᠮᠥᠨ᠃ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠥᠷᠨᠢᠭᠦᠯᠦᠭᠰᠡᠨ᠎ᠠᠴᠠ ᠨᠠᠭ᠋ᠠᠰᠢ᠂ ᠣᠷᠳᠣᠰ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠡᠭᠦᠷᠭᠡ ᠴᠢᠳᠠᠪᠤᠷᠢ᠎ᠳᠠᠭᠠᠨ ᠰᠠᠭᠤᠷᠢᠯᠠᠨ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠡᠯ᠎ᠡ ᠵᠦᠢ᠍ᠯ᠎ᠤᠨ ᠠᠵᠢᠯ᠎ᠳᠤ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ ᠣᠯᠬᠤ ᠵᠢ ᠠᠬᠢᠭᠤᠯᠪᠠ᠃
      ᠲᠤᠰᠬᠠᠢ ᠰᠡᠳᠦᠪᠲᠦ ᠰᠤᠷᠤᠯᠴᠠᠯᠭ᠎ᠠ ᠵᠢ ᠵᠣᠬᠢᠶᠠᠨ ᠪᠠᠢ᠌ᠭᠤᠯᠵᠤ᠂ ᠦᠨᠡᠨᠴᠢ ᠢᠲᠡᠭᠡᠮᠵᠢ ᠵᠢᠨ ᠰᠤᠷᠤᠯᠴᠠᠯᠭ᠎ᠠ ᠬᠥᠮᠦᠵᠢᠯ᠎ᠢ ᠴᠢᠩᠭ᠋ᠠᠳᠬᠠᠪᠠ᠃ 2024 ᠣᠨ᠎ᠳᠤ ᠤᠷᠢᠳ ᠬᠣᠵᠢᠳ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠂ ᠲᠤᠰᠬᠠᠢ ᠰᠡᠳᠦᠪᠲᠦ ᠬᠤᠷᠠᠯ᠎ᠢ 4 ᠤᠳᠠᠭ᠎ᠠ ᠬᠤᠷᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠪᠠ ᠬᠣᠲᠠ ᠵᠢᠨ ᠲᠣᠰ ᠱᠠᠲᠤᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠠᠮᠢᠶ᠎ᠠ ᠪᠦᠬᠦᠢ ᠬᠤᠷᠠᠯ ᠪᠠ ᠡᠭᠦᠷᠭᠡ ᠵᠢ ᠴᠠᠭ ᠲᠤᠬᠠᠢ᠎ᠳᠤᠨᠢ ᠤᠯᠠᠮᠵᠢᠯᠠᠨ ᠪᠠᠢ᠌ᠷᠢᠯᠠᠭᠤᠯᠪᠠ᠃ ᠶᠡᠷᠦᠩᠬᠡᠢ ᠱᠦᠵᠢ ᠰᠢ ᠵᠢᠨ ᠫᠢᠩ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠲᠠᠯ᠎ᠠ᠎ᠪᠠᠷ᠎ᠬᠢ ᠴᠢᠬᠤᠯᠠ ᠥᠭᠦᠯᠡᠯᠲᠡ ᠵᠢ ᠨᠠᠮ᠎ᠤᠨ ᠤᠳᠤᠷᠢᠳᠬᠤ ᠳᠤᠭᠤᠢ᠌ᠯᠠᠩ᠎ᠤᠨ ᠤᠨᠤᠯ ᠰᠤᠷᠤᠯᠴᠠᠬᠤ ᠭᠣᠣᠯ ᠳᠤᠭᠤᠢ᠌ᠯᠠᠩ᠎ᠤᠨ ᠭᠣᠣᠯᠳᠠᠯᠭ᠎ᠠ᠎ᠲᠠᠢ ᠰᠤᠷᠤᠯᠴᠠᠬᠤ ᠠᠭᠤᠯᠭ᠎ᠠ᠎ᠳᠤ ᠣᠷᠣᠭᠤᠯᠪᠠ᠃ ᠲᠤᠰᠬᠠᠢ ᠰᠡᠳᠦᠪᠲᠦ ᠰᠤᠷᠤᠯᠴᠠᠯᠭ᠎ᠠ᠎ᠪᠠᠷ ᠳᠠᠮᠵᠢᠨ᠂ ᠪᠦᠬᠦ ᠺᠠᠳ᠋ᠷ ᠠᠵᠢᠯᠲᠠᠨ ᠠᠵᠢᠯᠴᠢᠨ᠎ᠤ ᠦᠨᠡᠨᠴᠢ ᠢᠲᠡᠭᠡᠮᠵᠢ ᠵᠢᠨ ᠤᠬᠠᠮᠰᠠᠷ᠎ᠢ ᠲᠠᠰᠤᠷᠠᠯᠲᠠ ᠦᠭᠡᠢ ᠴᠢᠩᠭ᠋ᠠᠳᠬᠠᠵᠤ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠬᠦᠴᠦᠲᠡᠢ ᠠᠬᠢᠭᠤᠯᠪᠠ᠃
      ᠲᠣᠬᠢᠷᠠᠭᠤᠯᠵᠤ ᠱᠠᠯᠠᠪᠳᠠᠭᠤᠯᠤᠨ ᠭᠦᠢ᠍ᠴᠡᠳᠬᠡᠬᠦ ᠵᠢ ᠴᠢᠩᠭ᠋ᠠᠳᠬᠠᠵᠤ᠂ ᠦᠨᠡᠨᠴᠢ ᠢᠲᠡᠭᠡᠮᠵᠢ ᠵᠢᠨ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠪᠣᠳᠠᠲᠠᠢ᠌ᠵᠢᠭᠤᠯᠪᠠ᠃ ᠥᠪᠡᠷᠲᠡᠭᠡᠨ ᠵᠠᠰᠠᠬᠤ ᠣᠷᠣᠨ ᠪᠠ ᠬᠣᠲᠠ ᠵᠢᠨ ᠲᠣᠰ ᠱᠠᠲᠤᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠲᠣᠬᠢᠷᠠᠭᠤᠯᠤᠯᠲᠠ ᠪᠠᠢ᠌ᠷᠢᠯᠠᠭᠤᠯᠤᠯᠲᠠ ᠵᠢ ᠭᠦᠨᠵᠡᠭᠡᠢ ᠰᠤᠳᠤᠯᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠠᠮᠢ ᠠᠬᠤᠢ ᠣᠷᠴᠢᠨ ᠲᠣᠭᠣᠷᠢᠨ᠎ᠤ ᠬᠦᠷᠢᠶ᠎ᠡ ᠴᠠᠷᠠᠭ᠎ᠠ᠎ᠳᠤ ᠬᠣᠯᠪᠣᠭᠳᠠᠬᠤ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠡᠮᠬᠢᠯᠡᠪᠡ᠃ ᠪᠣᠳᠠᠲᠠᠢ ᠠᠵᠢᠯ᠎ᠤᠨ ᠡᠭᠦᠷᠭᠡ ᠵᠢ ᠡᠯ᠎ᠡ ᠰᠠᠯᠠᠭ᠎ᠠ ᠲᠠᠰᠤᠭ᠂ ᠬᠣᠶᠠᠳᠤᠭ᠋ᠠᠷ ᠳᠡᠰ᠎ᠤᠨ ᠨᠢᠭᠡᠴᠢ᠎ᠳᠤ ᠬᠤᠪᠢᠶᠠᠨ ᠥᠭᠴᠦ᠂ ᠠᠵᠢᠯ᠎ᠤᠨ ᠠᠬᠢᠴᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠪᠠ᠃ ᠠᠵᠢᠯ᠎ᠤᠨ ᠠᠬᠢᠴᠠ ᠵᠢᠨ ᠪᠠᠶ᠋ᠢᠳᠠᠯ᠎ᠢ ᠦᠨᠳᠦᠰᠦᠯᠡᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ 《ᠴᠢᠬᠤᠯᠠ ᠪᠠᠶ᠋ᠢᠳᠠᠯ᠎ᠤᠨ ᠲᠤᠰᠬᠠᠢ ᠮᠡᠳᠡᠭᠦᠯᠦᠯᠲᠡ》 ᠵᠢ ᠨᠠᠢ᠌ᠷᠠᠭᠤᠯᠤᠨ ᠪᠢᠴᠢᠵᠦ᠂ ᠲᠣᠪᠴᠢᠶ᠎ᠠ ᠵᠢᠨ ᠤᠳᠤᠷᠢᠳᠬᠤ ᠪᠠᠭ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠯᠠᠪᠯᠠᠯᠲᠠ ᠬᠠᠩᠭ᠋ᠠᠪᠠ᠃ ᠠᠬᠢᠭᠤᠯᠬᠤ ᠬᠤᠷᠳᠤᠴᠠ᠎ᠨᠢ ᠨᠡᠯᠢᠶᠡᠳ ᠤᠳᠠᠭ᠋ᠠᠨ ᠪᠠᠶ᠋ᠢᠬᠤ ᠠᠵᠢᠯ᠎ᠤᠨ ᠡᠭᠦᠷᠭᠡ᠎ᠳᠤ ᠪᠢᠴᠢᠭ᠎ᠤᠨ ᠬᠡᠯᠪᠡᠷᠢ ᠵᠢᠨ 《ᠠᠵᠢᠯ᠎ᠤᠨ ᠰᠠᠨᠠᠭᠤᠯᠤᠮᠵᠢ》 ᠵᠢ ᠪᠦᠷᠢᠯᠳᠦᠭᠦᠯᠵᠦ᠂ ᠱᠠᠯᠠᠪᠳᠠᠭᠤᠯᠤᠨ ᠰᠢᠢ᠍ᠳᠪᠦᠷᠢᠯᠡᠭᠦᠯᠵᠦ᠂ ᠬᠤᠪᠢᠳᠠᠨ ᠬᠠᠮᠢᠶᠠᠷᠴᠤ ᠪᠠᠢ᠌ᠭ᠎ᠠ ᠤᠳᠤᠷᠢᠳᠤᠯᠭ᠎ᠠ ᠪᠠ ᠬᠠᠷᠢᠭᠤᠴᠠᠯᠭ᠋ᠠᠲᠤ ᠰᠠᠯᠠᠭ᠎ᠠ ᠲᠠᠰᠤᠭ᠎ᠲᠤ ᠴᠢᠬᠤᠯᠠᠴᠢᠯᠠᠭ᠎ᠠ ᠵᠢᠨ ᠬᠡᠮᠵᠢᠶ᠎ᠡ᠎ᠪᠠᠨ ᠳᠡᠭᠡᠭᠰᠢᠯᠡᠭᠦᠯᠬᠦ ᠵᠢ ᠰᠠᠨᠠᠭᠤᠯᠵᠤ᠂ ᠠᠵᠢᠯ᠎ᠤᠨ ᠠᠷᠭ᠎ᠠ᠎ᠪᠠᠨ ᠰᠠᠢ᠌ᠵᠢᠷᠠᠭᠤᠯᠤᠨ᠂ ᠰᠢᠢ᠍ᠳᠪᠦᠷᠢᠯᠡᠬᠦ ᠠᠷᠭ᠎ᠠ ᠠᠪᠴᠤ᠂ ᠠᠵᠢᠯ᠎ᠤᠨ ᠠᠬᠢᠴᠠ᠎ᠪᠠᠨ ᠲᠦᠷᠭᠡᠳᠬᠡᠵᠦ᠂ ᠴᠠᠭ᠎ᠤᠨ ᠵᠠᠩᠭᠢᠯᠠᠭ᠎ᠠ ᠵᠢᠨ ᠴᠡᠭ ᠶᠣᠰᠣᠭ᠋ᠠᠷ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ᠎ᠪᠠᠨ ᠴᠢᠨᠠᠷ ᠰᠠᠢ᠌ᠲᠠᠢ ᠪᠡᠶᠡᠯᠡᠭᠦᠯᠬᠦ ᠵᠢ ᠪᠠᠲᠤᠯᠠᠪᠠ᠃
      ᠤᠬᠠᠭᠤᠯᠭ᠎ᠠ ᠬᠥᠮᠦᠵᠢᠯ᠎ᠢ ᠥᠷᠨᠢᠭᠦᠯᠵᠦ᠂ ᠦᠨᠡᠨᠴᠢ ᠢᠲᠡᠭᠡᠮᠵᠢᠲᠡᠢ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠪᠠ᠃ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠡᠭᠦᠷᠭᠡ ᠴᠢᠳᠠᠪᠤᠷᠢ ᠵᠢᠨ ᠲᠣᠭᠣᠷᠢᠨ᠎ᠳᠤ᠂ ᠠᠵᠤ ᠠᠬᠤᠢ᠌ᠯᠠᠯ᠎ᠳᠤ ᠣᠷᠣᠭᠤᠯᠬᠤ ᠲᠥᠷᠥ ᠵᠢᠨ ᠪᠣᠳᠣᠯᠭ᠎ᠠ ᠬᠦᠷᠭᠡᠬᠦ ᠦᠢ᠍ᠯᠡᠴᠢᠯᠡᠭᠡ ᠬᠦᠷᠭᠡᠬᠦ ᠠᠵᠢᠯᠯᠠᠭ᠎ᠠ᠎ᠲᠠᠢ ᠤᠶᠠᠯᠳᠤᠭᠤᠯᠤᠨ᠂ 《ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠤ ᠲᠥᠷᠥ ᠵᠢᠨ ᠪᠣᠳᠣᠯᠭ᠎ᠠ ᠵᠢᠨ ᠦᠢ᠍ᠯᠡᠴᠢᠯᠡᠭᠡᠨ᠎ᠤ ᠪᠣᠭᠣᠳᠠᠯ》᠎ᠤᠨ ᠤᠬᠠᠭᠤᠯᠭ᠎ᠠ ᠵᠢᠨ ᠳᠡᠪᠲᠡᠷ᠎ᠲᠤ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠠᠭᠤᠯᠭ᠎ᠠ ᠵᠢ ᠣᠷᠣᠭᠤᠯᠬᠤ ᠵᠢᠨ ᠬᠠᠮᠲᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠣᠬᠢᠷᠲᠤᠯ ᠭᠠᠳᠠᠭᠰᠢᠯᠠᠭᠤᠯᠬᠤ ᠨᠢᠭᠡᠴᠢ ᠵᠢᠨ ᠠᠮᠢ ᠠᠬᠤᠢ ᠣᠷᠴᠢᠨ ᠲᠣᠭᠣᠷᠢᠨ᠎ᠤ ᠢᠲᠡᠭᠡᠮᠵᠢ ᠵᠢᠨ ᠦᠨᠡᠯᠡᠯᠲᠡ ᠵᠢᠨ ᠬᠠᠮᠢᠶᠠᠷᠤᠯᠲᠠ ᠵᠢᠨ ᠠᠷᠭ᠎ᠠ (ᠲᠤᠷᠰᠢᠨ ᠬᠡᠷᠡᠭᠵᠢᠭᠦᠯᠬᠦ)》 ᠵᠢ ᠭᠣᠣᠯᠳᠠᠯᠭ᠎ᠠ᠎ᠲᠠᠢ ᠤᠬᠠᠭᠤᠯᠤᠨ ᠲᠠᠢ᠌ᠯᠪᠤᠷᠢᠯᠠᠵᠤ᠂ ᠠᠵᠤ ᠠᠬᠤᠢ᠌ᠯᠠᠯ᠎ᠤᠨ ᠬᠠᠤᠯᠢ ᠵᠢ ᠰᠠᠬᠢᠵᠤ ᠡᠵᠡᠩᠨᠡᠬᠦ᠂ ᠦᠨᠡᠨᠴᠢ ᠢᠲᠡᠭᠡᠮᠵᠢᠲᠡᠢ᠎ᠪᠠᠷ ᠡᠵᠡᠩᠨᠡᠬᠦ ᠵᠢ ᠬᠥᠲᠥᠯᠥᠨ᠂ ᠠᠮᠢ ᠠᠬᠤᠢ ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ᠎ᠤᠨ 《ᠵᠢᠷᠭᠤᠭ᠎ᠠ ᠵᠢ ᠠᠬᠢᠭᠤᠯᠬᠤ》 ᠠᠵᠢᠯᠯᠠᠭ᠎ᠠ᠎ᠲᠠᠢ ᠤᠶᠠᠯᠳᠤᠭᠤᠯᠤᠨ᠂ ᠤᠯᠠᠨ ᠤᠯᠤᠰ᠎ᠤᠨ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠡᠳᠦᠷ᠂ 《6 · 5》 ᠵᠢᠨ ᠣᠷᠴᠢᠨ ᠲᠣᠭᠣᠷᠢᠨ᠎ᠤ ᠡᠳᠦᠷ᠂ ᠪᠥᠬᠥ ᠤᠯᠤᠰ᠎ᠤᠨ ᠠᠮᠢ ᠠᠬᠤᠢ ᠵᠢᠨ ᠡᠳᠦᠷ ᠵᠡᠷᠭᠡ ᠴᠢᠬᠤᠯᠠ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠢ ᠠᠰᠢᠭᠯᠠᠨ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠬᠠᠮᠢᠶ᠎ᠠ ᠪᠦᠬᠦᠢ ᠠᠭᠤᠯᠭ᠎ᠠ ᠵᠢ ᠵᠡᠷᠭᠡ᠎ᠳᠤᠨᠢ ᠤᠬᠠᠭᠤᠯᠵᠤ᠂ ᠤᠯᠠᠨ ᠨᠠᠢ᠌ᠳᠠ ᠵᠢ ᠬᠥᠲᠥᠯᠥᠨ ᠵᠢᠯᠤᠭᠣᠳᠴᠤ ᠪᠠᠶ᠋ᠢᠭ᠋ᠠᠳ ᠢᠲᠡᠭᠡᠮᠵᠢ ᠵᠢᠨ ᠤᠬᠠᠮᠰᠠᠷ᠎ᠢ᠎ᠨᠢ ᠳᠡᠭᠡᠭᠰᠢᠯᠡᠭᠦᠯᠵᠦ᠂ ᠦᠨᠡᠨᠴᠢ ᠢᠲᠡᠭᠡᠮᠵᠢ ᠵᠢ ᠡᠷᠬᠢᠮᠯᠡᠬᠦ᠂ ᠠᠮᠠᠯᠠᠯᠲᠠ ᠵᠢ ᠴᠢᠬᠤᠯᠠᠴᠢᠯᠠᠬᠤ᠂ ᠶᠣᠰᠣ ᠮᠣᠷᠠᠯ᠎ᠢ ᠵᠢᠷᠤᠮᠯᠠᠬᠤ᠂ ᠬᠠᠤᠯᠢ ᠰᠠᠬᠢᠯᠭ᠎ᠠ ᠵᠢ ᠰᠠᠬᠢᠬᠤ ᠰᠠᠶ᠋ᠢᠨ ᠰᠠᠢ᠌ᠬᠠᠨ ᠨᠡᠢ᠌ᠭᠡᠮ᠎ᠤᠨ ᠢᠲᠡᠭᠡᠮᠵᠢ ᠵᠢᠨ ᠣᠷᠴᠢᠨ ᠲᠣᠭᠣᠷᠢᠨ᠎ᠢ ᠢᠳᠡᠪᠬᠢᠲᠡᠢ ᠪᠤᠢ ᠪᠣᠯᠭ᠋ᠠᠪᠠ᠃
      ᠳᠠᠷᠠᠭ᠋ᠠᠴᠢ ᠵᠢᠨ ᠠᠯᠬᠤᠮ᠎ᠳᠤ᠂ ᠣᠷᠳᠣᠰ ᠬᠤᠳᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠢᠳᠡᠪᠬᠢᠲᠡᠢ᠎ᠪᠠᠷ ᠬᠠᠢ᠌ᠨ ᠰᠦᠪᠡᠭᠴᠢᠯᠡᠵᠦ᠂ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠵᠤ᠂ ᠠᠵᠢᠯ ᠳᠦᠷᠦᠯ᠎ᠤᠨ ᠣᠨᠴᠠᠯᠢᠭ᠎ᠲᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ᠎ᠤᠨ ᠬᠢᠯᠠᠰ ᠴᠡᠭ᠎ᠢ ᠲᠤᠪᠤᠢ᠍ᠢ᠍ᠯᠭ᠋ᠠᠵᠦ᠂ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠢ ᠴᠢᠨᠠᠷ ᠰᠠᠢ᠌ᠲᠠᠢ ᠢᠨᠵᠧᠨᠧᠷᠢᠩ᠂ ᠳᠦᠷᠦᠯ ᠲᠡᠮᠳᠡᠭ᠎ᠤᠨ ᠢᠨᠵᠧᠨᠧᠷᠢᠩ ᠪᠣᠯᠭ᠋ᠠᠨ ᠪᠠᠢ᠌ᠭᠤᠯᠵᠤ᠂ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠪᠤᠭᠤᠲᠤ ᠬᠤᠳᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ 《ᠢᠲᠡᠭᠡᠮᠵᠢ +》 ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠦᠬᠦ ᠲᠠᠯ᠎ᠠ᠎ᠪᠠᠷ ᠨᠡᠢ᠌ᠳᠡᠮ᠎ᠳᠤᠨᠢ ᠪᠦᠷᠬᠦᠭᠦᠯᠦᠭᠰᠡᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠪᠠ
ᠪᠤᠭᠤᠲᠤ ᠬᠤᠳᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ 《ᠢᠲᠡᠭᠡᠮᠵᠢ +》 ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠦᠬᠦ ᠲᠠᠯ᠎ᠠ᠎ᠪᠠᠷ ᠨᠡᠢ᠌ᠳᠡᠮ᠎ᠳᠤᠨᠢ ᠪᠦᠷᠬᠦᠭᠦᠯᠦᠭᠰᠡᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (ᠨᠢᠭᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (ᠳᠥᠷᠪᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (2)
 
             蒙ICP备05000248号