ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (ᠨᠢᠭᠡ)
ᠨᠡᠶ᠋ᠢᠲᠡᠯᠡᠭᠰᠡᠨ ᠴᠠᠭ᠄ 2024-11-20

      ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠵᠢᠱ᠌ᠢᠶ᠎ᠡ ᠦᠵᠡᠭᠦᠯᠵᠦ ᠬᠥᠲᠥᠯᠥᠨ ᠵᠢᠯᠤᠭᠣᠳᠬᠤ ᠦᠢ᠍ᠯᠡᠳᠦᠯ᠎ᠢ ᠪᠠᠳᠠᠷᠠᠭᠤᠯᠬᠤ ᠵᠢᠨ ᠲᠤᠰᠠᠳᠠ᠂ ᠡᠳᠦᠭᠡ ᠨᠢᠭᠡ ᠪᠦᠯᠦᠭ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ᠎ᠤᠨ ᠨᠠᠢ᠌ᠳᠠ 9 ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ᠃ ᠬᠣᠯᠪᠣᠭᠳᠠᠯ ᠪᠦᠬᠦᠢ ᠬᠡᠷᠡᠭ ᠰᠢᠢ᠍ᠳᠪᠦᠷᠢᠯᠡᠬᠦ ᠨᠢᠭᠡᠴᠢ ᠵᠢᠴᠢ ᠬᠡᠷᠡᠭ ᠰᠢᠢ᠍ᠳᠪᠦᠷᠢᠯᠡᠬᠦ ᠠᠵᠢᠯᠲᠠᠨ᠎ᠢ ᠰᠠᠢ᠌ᠰᠢᠶᠠᠨ ᠬᠥᠬᠢᠭᠦᠯᠬᠦ᠎ᠪᠠᠷ ᠳᠤᠷᠠᠳᠪᠠ᠃
      ᠨᠡᠢ᠌ᠲᠡᠯᠢᠭ ᠬᠡᠷᠡᠭ᠎ᠤᠨ ᠵᠢᠱ᠌ᠢᠶ᠎ᠡ ᠨᠢᠭᠡ᠂ ᠯᠢᠦ ᠣᠪᠣᠭᠲᠤ ᠵᠡᠷᠭᠡ ᠬᠥᠮᠥᠰ᠎ᠤᠨ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠭᠰᠠᠨ ᠬᠡᠷᠡᠭ
      [ᠬᠡᠷᠡᠭ᠎ᠤᠨ ᠲᠣᠪᠴᠢ ᠲᠠᠨᠢᠯᠴᠠᠭᠤᠯᠭ᠎ᠠ]
      2021 ᠣᠨ᠎ᠤ 8 ᠰᠠᠷ᠎ᠠ ᠵᠢᠨ 9᠎ᠤ ᠡᠳᠦᠷ᠎ᠤᠨ 10 ᠴᠠᠭ᠎ᠲᠤ᠂ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠦᠶᠠᠩ ᠰᠢᠶᠠᠨ᠎ᠤ ᠬᠤᠪᠢᠶᠠᠷᠢ ᠲᠣᠪᠴᠢᠶ᠎ᠠ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠰᠢᠯᠵᠢᠭᠦᠯᠦᠨ ᠬᠦᠷᠭᠡᠭᠰᠡᠨ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ ᠵᠢᠨ ᠢᠯᠡᠴᠢᠯᠡᠨ ᠮᠡᠳᠡᠭᠦᠯᠦᠯᠲᠡ ᠵᠢ ᠲᠣᠰᠪᠠ᠃ ᠲᠣᠰ ᠮᠡᠳᠡᠭᠦᠯᠦᠯᠲᠡ᠎ᠳᠤ ᠭᠦᠶᠠᠩ ᠰᠢᠶᠠᠨ᠎ᠤ ᠬᠤᠸᠠᠢ ᠱᠤ᠌ ᠪᠠᠯᠭ᠋ᠠᠰᠤᠨ᠎ᠤ ᠡᠯ ᠶᠤᠸᠠᠢ ᠳ᠋ᠢ ᠲᠣᠰᠬᠤᠨ᠎ᠤ ᠭᠤᠸᠠᠩ ᠶᠤᠸᠠᠨ ᠮᠧᠬᠠᠨᠢᠭ᠎ᠤᠨ ᠦᠢ᠍ᠯᠡᠳᠪᠦᠷᠢ ᠵᠢᠨ ᠡᠮᠦᠨ᠎ᠡ ᠬᠡᠷᠡᠮ᠎ᠤᠨ ᠭᠠᠳᠠᠨ᠎ᠠ ᠲᠣᠳᠣᠷᠬᠠᠢ ᠪᠤᠰᠤ ᠰᠢᠩᠭᠡᠨ ᠪᠡᠶᠡᠲᠦ ᠰᠠᠪᠠᠯᠠᠭᠰᠠᠨ ᠶᠡᠬᠡ ᠬᠡᠮᠵᠢᠶᠡᠨ᠎ᠤ ᠲᠡᠮᠦᠷ ᠰᠠᠭᠤᠯᠠᠭ᠎ᠠ ᠢᠯᠡᠷᠡᠭᠦᠯᠦᠭᠰᠡᠨ ᠬᠡᠷᠡᠭ᠎ᠢ ᠲᠤᠰᠬᠠᠵᠠᠢ᠃ ᠢᠯᠡᠴᠢᠯᠡᠨ ᠮᠡᠳᠡᠭᠦᠯᠦᠯᠲᠡ ᠵᠢ ᠳᠤᠰᠤᠭᠰᠠᠨ᠎ᠤ ᠳᠠᠷᠠᠭ᠎ᠠ᠂ ᠭᠦᠶᠠᠩ ᠰᠢᠶᠠᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠬᠡ ᠠᠩᠭᠢ ᠵᠢᠨ ᠬᠠᠤᠯᠢ ᠬᠡᠷᠡᠭᠵᠢᠭᠦᠯᠬᠦ ᠠᠵᠢᠯᠲᠠᠨ ᠦᠳᠲᠡᠷ ᠲᠦᠷᠭᠡᠨ ᠵᠶ᠋ᠡᠷ ᠲᠤᠬᠠᠢ ᠵᠢᠨ ᠲᠠᠯᠠᠪᠤᠷ᠎ᠲᠤ ᠬᠦᠷᠴᠦ ᠪᠠᠢ᠌ᠴᠠᠭ᠋ᠠᠯᠲᠠ ᠥᠷᠨᠢᠭᠦᠯᠪᠡ᠃ ᠲᠤᠬᠠᠢ ᠵᠢᠨ ᠲᠠᠯᠠᠪᠤᠷ᠎ᠲᠤ ᠡᠲᠡᠭᠡᠷ ᠲᠣᠳᠣᠷᠬᠠᠢ ᠪᠤᠰᠤ ᠰᠢᠩᠭᠡᠨ ᠪᠡᠶᠡᠲᠦ ᠰᠠᠪᠠᠯᠠᠭᠰᠠᠨ ᠲᠡᠮᠦᠷ ᠰᠠᠭᠤᠯᠠᠭ᠎ᠠ ᠨᠠᠢ᠌ᠳᠠ 90 ᠭᠠᠷᠤᠢ ᠰᠠᠭᠤᠯᠠᠭ᠎ᠠ (ᠰᠠᠭᠤᠯᠠᠭ᠎ᠠ ᠵᠢᠨ ᠥᠨᠳᠥᠷ᠎ᠨᠢ ᠪᠠᠷᠤᠭ 89cm᠂ ᠳ᠋ᠢᠶᠠᠮᠧᠲᠷ᠎ᠨᠢ ᠪᠠᠷᠤᠭ 58cm) ᠪᠠᠶ᠋ᠢᠬᠤ ᠵᠢ ᠢᠯᠡᠷᠡᠭᠦᠯᠵᠡᠢ᠃ ᠡᠮᠬᠢ ᠵᠠᠮᠪᠠᠷᠠᠭ᠎ᠠ ᠦᠭᠡᠢ ᠣᠪᠣᠭ᠋ᠠᠯᠠᠨ ᠲᠠᠯᠪᠢᠵᠤ᠂ ᠪᠠᠷᠤᠭ 700 ᠲᠡᠭᠰᠢ ᠳᠥᠷᠪᠡᠯᠵᠢᠨ ᠮᠧᠲᠷ ᠭᠠᠵᠠᠷ ᠡᠵᠡᠯᠡᠵᠦ᠂ ᠣᠪᠣᠭ᠋ᠠᠯᠠᠨ ᠲᠠᠯᠪᠢᠭᠰᠠᠨ ᠭᠠᠵᠠᠷ᠎ᠲᠤ ᠮᠠᠰᠢᠨ ᠲᠡᠷᠭᠡ᠎ᠪᠠᠷ ᠲᠠᠭ᠋ᠠᠷᠢᠵᠤ ᠳᠠᠷᠤᠭᠰᠠᠨ ᠣᠷᠣᠮ᠎ᠲᠠᠢ᠂ ᠬᠡᠰᠡᠭ ᠲᠡᠮᠦᠷ ᠰᠠᠭᠤᠯᠠᠭ᠎ᠠ᠎ᠨᠢ ᠡᠪᠳᠡᠷᠡᠵᠦ᠂ ᠭᠠᠳᠠᠭᠰᠢ ᠭᠣᠭᠣᠵᠢᠭᠰᠠᠨ ᠰᠢᠩᠭᠡᠨ ᠪᠡᠶᠡᠲᠦ ᠵᠢᠨ ᠣᠷᠣᠮ᠎ᠲᠠᠢ᠂ ᠭᠠᠳᠠᠭᠰᠢ ᠭᠣᠭᠣᠵᠢᠭᠰᠠᠨ ᠰᠢᠩᠭᠡᠨ ᠪᠡᠶᠡᠲᠦ᠎ᠨᠢ ᠴᠠᠢ᠌ᠪᠤᠷ ᠰᠢᠷ᠎ᠠ ᠪᠤᠶᠤ ᠬᠠᠷ᠎ᠠ ᠥᠩᠭᠡ ᠵᠢᠨ ᠬᠣᠯᠢᠮᠠᠭ ᠬᠡᠯᠪᠡᠷᠢ᠎ᠲᠠᠢ ᠪᠠᠢ᠌ᠵᠤ᠂ ᠬᠠᠮᠠᠷ ᠭᠠᠳᠠᠮ᠎ᠠ ᠦᠨᠦᠷ ᠭᠠᠷᠴᠤ᠂ ᠬᠡᠰᠡᠭ ᠰᠠᠭᠤᠯᠠᠭ᠎ᠠ ᠳᠣᠲᠣᠷ᠎ᠠ᠎ᠨᠢ ᠶᠡᠬᠡ ᠬᠡᠮᠵᠢᠶᠡᠨ᠎ᠤ ᠲᠠᠯᠠᠰᠲᠤ ᠣᠷᠣᠰᠢᠵᠤ ᠪᠠᠶ᠋ᠢᠬᠤ ᠪᠥᠭᠡᠳ ᠬᠡᠰᠡᠭ ᠰᠠᠭᠤᠯᠠᠭ᠎ᠠ ᠳᠡᠭᠡᠷ᠎ᠡ᠎ᠨᠢ ᠠᠶᠤᠯᠲᠠᠢ ᠬᠠᠶᠠᠭᠳᠠᠮᠠᠯ ᠪᠣᠳᠠᠰ᠎ᠤᠨ ᠱᠣᠰᠢᠭ᠎ᠠ ᠨᠠᠭ᠋ᠠᠭ᠋ᠠᠯᠳᠠ᠎ᠲᠠᠢ᠃ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠎ᠪᠠᠷ ᠳᠠᠮᠵᠢᠭ᠋ᠠᠳ ᠴᠤᠭᠯᠠᠭᠤᠯᠤᠭᠰᠠᠨ ᠥᠯᠢᠭᠡᠷ ᠡᠳ᠋᠎ᠤᠨ ᠳᠣᠲᠣᠷ᠎ᠠ 1,2,4,5 - ᠳᠦᠷᠪᠡᠨ ᠾᠯᠣᠷᠲᠤ ᠪᠧᠨ᠋ᠽᠧᠨ᠎ᠢ ᠠᠭᠤᠯᠵᠤ᠂ 《ᠠᠶᠤᠯᠲᠠᠢ ᠬᠠᠶᠠᠭᠳᠠᠮᠠᠯ ᠪᠣᠳᠠᠰ᠎ᠢ ᠢᠯᠭ᠋ᠠᠨ ᠲᠠᠨᠢᠬᠤ ᠪᠠᠷᠢᠮᠵᠢᠶ᠎ᠠ - ᠬᠣᠣᠷᠲᠤ ᠪᠣᠳᠠᠰ᠎ᠤᠨ ᠠᠭᠤᠯᠤᠭᠳᠠᠴᠠ ᠵᠢ ᠢᠯᠭ᠋ᠠᠨ ᠲᠠᠨᠢᠬᠤ》 (GB50856-2007) ᠵᠢᠨ ᠳᠠᠭ᠋ᠠᠯᠳᠤᠭᠤᠯᠤᠯ B ᠳᠣᠲᠣᠷᠠᠬᠢ ᠬᠣᠣᠷᠲᠤ ᠪᠣᠳᠠᠰ ᠪᠣᠯᠬᠤ ᠪᠥᠭᠡᠳ ᠥᠯᠢᠭᠡᠷ ᠡᠳ᠋᠎ᠤᠳ᠎ᠤᠨ ᠳᠣᠲᠣᠷᠠᠬᠢ 1,2,4,5- ᠳᠦᠷᠪᠡᠨ ᠾᠯᠣᠷᠲᠤ ᠪᠧᠨ᠋ᠽᠧᠨ᠎ᠤ ᠠᠭᠤᠯᠤᠭᠳᠠᠴᠠ᠎ᠨᠢ 6.35%-7.16% ᠪᠠᠢ᠌ᠵᠤ᠂ ᠴᠥᠮ 3%᠎ᠠᠴᠠ ᠶᠡᠬᠡ ᠪᠠᠢ᠌ᠵᠤ᠂ ᠶᠡᠷᠦᠩᠬᠡᠢ ᠬᠦᠨᠳᠦ ᠵᠢᠨ ᠬᠡᠮᠵᠢᠶ᠎ᠡ᠎ᠨᠢ 3 ᠲᠣᠨ᠎ᠠᠴᠠ ᠬᠡᠲᠦᠷᠡᠵᠦ᠂ ᠠᠶᠤᠯᠲᠠᠢ ᠬᠠᠶᠠᠭᠳᠠᠮᠠᠯ ᠪᠣᠳᠠᠰ᠎ᠢ ᠳᠤᠷ᠎ᠠ᠎ᠪᠠᠷ ᠵᠶ᠋ᠠᠨ ᠴᠢᠳᠬᠤᠭᠰᠠᠨ᠂ ᠣᠪᠣᠭ᠋ᠠᠯᠠᠭᠰᠠᠨ ᠰᠡᠵᠢᠭᠯᠡᠯᠲᠡᠢ ᠪᠠᠢ᠌ᠪᠠ᠃
      ᠤᠯᠠᠮ ᠨᠢᠭᠡ ᠠᠯᠬᠤᠮ ᠪᠠᠢ᠌ᠴᠠᠭ᠋ᠠᠭᠰᠠᠨ ᠵᠶ᠋ᠠᠷ᠂ 8 ᠰᠠᠷ᠎ᠠ ᠵᠢᠨ 9᠎ᠤ ᠡᠳᠦᠷ᠎ᠤᠨ ᠥᠷᠯᠥᠭᠡ ᠨᠢᠭᠡ ᠮᠠᠰᠢᠨ ᠲᠡᠷᠭᠡ ᠬᠠᠶᠠᠭᠳᠠᠮᠠᠯ ᠲᠡᠮᠦᠷ ᠰᠠᠭᠤᠯᠠᠭ᠎ᠠ ᠵᠢ ᠭᠤᠸᠠᠩ ᠶᠤᠸᠠᠨ ᠮᠧᠬᠠᠨᠢᠭ᠎ᠤᠨ ᠦᠢ᠍ᠯᠡᠳᠪᠦᠷᠢ ᠵᠢᠨ ᠡᠮᠦᠨ᠎ᠡ ᠬᠡᠷᠡᠮ᠎ᠤᠨ ᠭᠠᠳᠠᠨ᠎ᠠ ᠭᠠᠵᠠᠷ᠎ᠲᠤ ᠠᠪᠠᠴᠢᠵᠤ ᠣᠪᠣᠭ᠋ᠠᠯᠠᠨ ᠲᠠᠯᠪᠢᠭᠰᠠᠨ᠎ᠢ ᠣᠯᠵᠤ ᠮᠠᠲᠠᠵᠠᠢ᠃ ᠭᠦᠶᠠᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠲᠡᠷᠡ ᠳᠠᠷᠤᠢ᠎ᠳᠤᠨᠢ ᠲᠤᠬᠠᠢ ᠵᠢᠨ ᠭᠠᠵᠠᠷ᠎ᠤᠨ ᠰᠦᠢ᠍ᠳᠬᠡᠯ ᠬᠤᠷᠢᠶᠠᠬᠤ ᠥᠷᠲᠡᠭᠡᠨ᠎ᠤ ᠵᠠᠮ᠎ᠤᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠵᠢ ᠪᠠᠢ᠌ᠴᠠᠭ᠋ᠠᠨ ᠦᠵᠡᠬᠦ᠎ᠪᠠᠷ ᠳᠠᠮᠵᠢᠨ᠂ ᠶᠠᠯ᠎ᠠ ᠬᠢᠭᠰᠡᠨ ᠮᠠᠰᠢᠨ ᠲᠡᠷᠭᠡ ᠪᠣᠯᠣᠨ ᠯᠢᠦ ᠣᠪᠣᠭᠲᠤ ᠵᠡᠷᠭᠡ 5 ᠶᠠᠯ᠎ᠠ ᠬᠢᠭᠰᠡᠨ ᠰᠡᠵᠢᠭᠲᠡᠨ᠎ᠢ ᠲᠣᠳᠣᠯᠠᠵᠠᠢ᠃ ᠯᠢᠦ ᠣᠪᠣᠭᠲᠤ ᠵᠢᠨ ᠲᠤᠰᠢᠶᠠᠭᠰᠠᠨ᠎ᠢ ᠦᠨᠳᠦᠰᠦᠯᠡᠪᠡᠯ᠂ ᠰᠠᠭᠤᠯᠠᠭ᠎ᠠ᠎ᠲᠠᠢ ᠶᠠᠭᠤᠮ᠎ᠠ ᠪᠣᠯ ᠲᠡᠭᠦᠨ᠎ᠤ ᠬᠠᠶᠠᠭᠳᠠᠮᠠᠯ ᠪᠣᠳᠠᠰ ᠬᠣᠷᠢᠶᠠᠨ ᠠᠪᠬᠤ ᠦᠶ᠎ᠡ᠎ᠳᠡᠭᠡᠨ ᠣᠯᠣᠭᠰᠠᠨ ᠡᠳ᠋ ᠪᠣᠯᠣᠨ᠎ᠠ᠂ ᠲᠡᠷᠡ ᠪᠤᠰᠤᠳ᠎ᠲᠠᠢ ᠠᠷᠠᠯᠵᠢᠶᠠᠯᠠᠬᠤ ᠭᠡᠳ ᠪᠦᠲᠦᠭᠰᠡᠨ ᠦᠭᠡᠢ ᠤᠴᠢᠷ᠎ᠠᠴᠠ ᠵᠠᠮ ᠳᠤᠮᠳᠠ᠎ᠪᠠᠨ ᠬᠤᠸᠠᠢ ᠱᠤ᠌ ᠪᠠᠯᠭ᠋ᠠᠰᠤᠨ᠎ᠤ ᠡᠯ ᠶᠤᠸᠠᠢ ᠳ᠋ᠢ ᠭᠠᠴᠠᠭ᠋ᠠᠨ᠎ᠤ ᠭᠤᠸᠠᠩ ᠶᠤᠸᠠᠨ ᠮᠧᠬᠠᠨᠢᠭ᠎ᠤᠨ ᠦᠢ᠍ᠯᠡᠳᠪᠦᠷᠢ ᠵᠢᠨ ᠡᠮᠦᠨ᠎ᠡ ᠬᠡᠷᠡᠮ᠎ᠤᠨ ᠭᠠᠳᠠᠨ᠎ᠠ ᠬᠠᠶᠠᠵᠤ ᠤᠷᠬᠢᠵᠠᠢ᠃
      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
      ᠯᠢᠦ ᠣᠪᠣᠭᠲᠤ ᠵᠡᠷᠭᠡ ᠬᠥᠮᠥᠰ᠎ᠤᠨ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠭᠰᠠᠨ ᠦᠢ᠍ᠯᠡ ᠠᠵᠢᠯᠯᠠᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠳᠠᠯᠠ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠠᠢ᠌ᠨ᠎ᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠵᠠᠭᠤ ᠬᠣᠷᠢᠨ ᠭᠤᠷᠪᠠᠳᠤᠭ᠋ᠠᠷ ᠵᠦᠢ᠍ᠯ ᠪᠠ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶᠠᠨ᠎ᠤ 《ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠲᠠᠢ᠌ᠯᠪᠤᠷᠢᠯᠠᠯᠲᠠ》 ᠵᠢᠨ ᠨᠢᠭᠡᠳᠦᠭᠡᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠪᠡᠯ᠂ ᠲᠣᠰ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯ᠎ᠠ ᠬᠢᠭᠰᠡᠨ ᠵᠶ᠋ᠡᠷ ᠰᠡᠵᠢᠭᠯᠡᠭᠳᠡᠵᠦ᠂ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠦᠶᠠᠩ ᠰᠢᠶᠠᠨ᠎ᠤ ᠬᠤᠪᠢᠶᠠᠷᠢ ᠲᠣᠪᠴᠢᠶ᠎ᠠ᠎ᠠᠴᠠ ᠲᠣᠰ ᠬᠡᠷᠡᠭ᠎ᠢ ᠭᠦᠶᠠᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠭᠦᠯᠦᠨ ᠬᠦᠷᠭᠡᠵᠦ᠂ 2021 ᠣᠨ᠎ᠤ 9 ᠰᠠᠷ᠎ᠠ ᠵᠢᠨ 7᠎ᠤ ᠡᠳᠦᠷ ᠭᠦᠶᠠᠩ ᠰᠢᠶᠠᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠬᠡᠷᠡᠭ ᠪᠣᠯᠭ᠋ᠠᠨ ᠳᠡᠩᠰᠡᠯᠡᠵᠦ ᠪᠠᠢ᠌ᠴᠠᠭ᠋ᠠᠯᠲᠠ ᠬᠢᠯᠭᠡᠪᠡ᠃
      2023 ᠣᠨ᠎ᠤ 4 ᠰᠠᠷ᠎ᠠ ᠪᠠ 6 ᠰᠠᠷ᠎ᠠ᠎ᠳᠤ᠂ ᠭᠦᠶᠠᠩ ᠰᠢᠶᠠᠨ᠎ᠤ ᠠᠷᠠᠳ᠎ᠤᠨ ᠰᠢᠭᠦᠬᠦ ᠬᠣᠷᠢᠶ᠎ᠠ᠂ ᠪᠤᠭᠤᠲᠤ ᠬᠣᠲᠠ ᠵᠢᠨ ᠠᠷᠠᠳ᠎ᠤᠨ ᠳᠤᠮᠳᠠ ᠵᠡᠷᠭᠡ ᠵᠢᠨ ᠰᠢᠭᠦᠬᠦ ᠬᠣᠷᠢᠶ᠎ᠠ ᠵᠢᠨ ᠰᠢᠭᠦᠯᠲᠡ᠎ᠪᠠᠷ ᠳᠡᠮᠵᠢᠨ᠂ ᠡᠴᠦᠰ᠎ᠲᠡᠭᠡᠨ ᠵᠠᠭ᠋ᠠᠯᠳᠤᠭᠳᠠᠭᠴᠢ ᠯᠢᠦ ᠣᠪᠣᠭᠲᠤ᠎ᠢ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯ᠎ᠠ ᠬᠢᠭᠰᠡᠨ ᠵᠶ᠋ᠠᠷ ᠲᠠᠰᠤᠯᠤᠨ ᠲᠣᠭᠲᠠᠭ᠋ᠠᠵᠤ᠂ ᠨᠢᠭᠡ ᠵᠢᠯ᠎ᠤᠨ ᠭᠠᠳᠠᠨ᠎ᠠ ᠵᠢᠷᠭᠤᠭ᠋ᠠᠨ ᠰᠠᠷ᠎ᠠ ᠵᠢᠨ ᠬᠤᠭᠤᠴᠠᠭ᠎ᠠ᠎ᠲᠠᠢ ᠬᠣᠷᠢᠵᠤ᠂ 5 ᠲᠦᠮᠡᠨ ᠲᠥᠭᠥᠷᠢᠭ ᠵᠶ᠋ᠡᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠪᠡ᠃ ᠳᠠᠭ᠋ᠠᠯᠳᠤᠭᠰᠠᠨ ᠢᠷᠭᠡᠨ᠎ᠤ ᠬᠡᠷᠡᠭ᠎ᠤᠨ ᠨᠠᠢ᠌ᠳᠠ ᠵᠢᠨ ᠠᠰᠠᠷᠠᠮᠵᠢ ᠵᠢᠨ ᠵᠠᠷᠭᠤ᠎ᠪᠠᠷ ᠵᠠᠭ᠋ᠠᠯᠳᠤᠭᠳᠠᠭᠴᠢ ᠯᠢᠦ ᠣᠪᠣᠭᠲᠤ ᠵᠡᠷᠭᠡ 5 ᠬᠥᠮᠥᠨ᠎ᠳᠤ ᠰᠢᠢ᠍ᠳᠬᠡᠯ ᠥᠭᠴᠦ᠂ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ᠎ᠠᠴᠠ ᠪᠣᠯᠤᠭᠰᠠᠨ ᠪᠣᠬᠢᠷᠲᠤᠭᠰᠠᠨ ᠬᠥᠷᠥᠰᠥ ᠰᠢᠷᠣᠢ ᠵᠢ ᠴᠡᠪᠡᠷᠯᠡᠨ ᠰᠢᠢ᠍ᠳᠪᠦᠷᠢᠯᠡᠵᠦ ᠵᠠᠰᠠᠨ ᠰᠡᠷᠭᠦᠭᠡᠬᠦ ᠵᠠᠷᠤᠳᠠᠯ 166.9968 ᠲᠦᠮᠡᠨ ᠲᠥᠭᠥᠷᠢᠭ᠂ ᠠᠮᠢ ᠠᠬᠤᠢ ᠵᠢ ᠰᠡᠷᠭᠦᠭᠡᠨ ᠵᠠᠰᠠᠬᠤ ᠵᠠᠷᠤᠳᠠᠯ 2.2869 ᠲᠦᠮᠡᠨ ᠲᠥᠭᠥᠷᠢᠭ᠂ ᠵᠠᠰᠠᠨ ᠰᠡᠷᠭᠦᠭᠡᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠵᠠᠷᠤᠳᠠᠯ 22.37 ᠲᠦᠮᠡᠨ ᠲᠥᠭᠥᠷᠢᠭ᠂ ᠬᠢᠨᠠᠨ ᠲᠣᠭᠲᠠᠭ᠋ᠠᠯᠲᠠ ᠵᠢᠨ ᠬᠡᠷᠡᠭ ᠶᠠᠪᠤᠳᠠᠯ᠎ᠤᠨ ᠴᠢᠨᠠᠷᠲᠠᠢ ᠵᠠᠷᠤᠳᠠᠯ 49.5 ᠲᠦᠮᠡᠨ ᠲᠥᠭᠥᠷᠢᠭ᠂ ᠨᠠᠢ᠌ᠳᠠ 241.1537 ᠲᠦᠮᠡᠨ ᠲᠥᠭᠥᠷᠢᠭ ᠲᠥᠯᠥᠭᠦᠯᠬᠦ᠎ᠪᠠᠷ ᠲᠠᠰᠤᠯᠵᠠᠢ᠃
      [ᠬᠡᠷᠡᠭ᠎ᠤᠨ ᠰᠡᠩᠬᠡᠷᠡᠭᠦᠯᠦᠯ]
      ᠲᠤᠰ ᠬᠡᠷᠡᠭ᠎ᠲᠤ᠂ ᠲᠤᠬᠠᠢ ᠵᠢᠨ ᠬᠥᠮᠥᠨ᠎ᠤ ᠬᠠᠤᠯᠢ ᠴᠠᠭ᠋ᠠᠵᠠ ᠵᠢᠨ ᠤᠬᠠᠮᠰᠠᠷ ᠲᠣᠷᠣᠢ᠂ ᠠᠰᠢᠭ ᠲᠤᠰᠠ ᠵᠢᠨ ᠥᠳᠥᠭᠡᠯᠭᠡ᠎ᠪᠠᠷ ᠣᠷᠴᠢᠨ ᠲᠣᠭᠣᠷᠢᠨ᠎ᠤ ᠠᠮᠤᠷ ᠲᠦᠪᠰᠢᠨ᠎ᠳᠤ ᠬᠦᠨᠳᠦ ᠨᠣᠴᠢᠲᠠᠢ ᠬᠣᠣᠷ ᠬᠥᠨᠥᠭᠡᠯ ᠤᠴᠠᠷᠠᠭᠤᠯᠬᠤ ᠬᠠᠤᠯᠢ ᠵᠢ ᠵᠥᠷᠢᠴᠡᠭᠰᠡᠨ ᠠᠵᠢᠯᠯᠠᠭ᠎ᠠ ᠬᠢᠵᠦ᠂ ᠡᠴᠦᠰ᠎ᠲᠡᠭᠡᠨ ᠬᠠᠤᠯᠢ ᠴᠠᠭ᠋ᠠᠵᠠ ᠵᠢᠨ ᠴᠢᠩᠭ᠎ᠠ ᠰᠢᠢ᠍ᠳᠬᠡᠯ᠎ᠢ ᠣᠯᠵᠠᠢ᠃ ᠡᠳᠦᠷ ᠲᠤᠲᠤᠮ᠎ᠤᠨ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠤᠨ ᠳᠤᠮᠳᠠ᠂ ᠬᠠᠤᠯᠢ ᠬᠡᠷᠡᠭᠵᠢᠭᠦᠯᠬᠦ ᠠᠵᠢᠯᠲᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠠᠷᠠᠳ ᠤᠯᠠᠨ᠎ᠤ ᠬᠠᠤᠯᠢ ᠵᠢ ᠮᠡᠳᠡᠵᠦ ᠬᠠᠤᠯᠢ ᠵᠢ ᠰᠠᠬᠢᠬᠤ ᠵᠢ ᠬᠥᠲᠥᠯᠥᠨ ᠵᠢᠯᠤᠭᠣᠳᠬᠤ ᠬᠡᠷᠡᠭᠲᠡᠶ᠃ ᠡᠭᠦᠨ᠎ᠤ ᠵᠡᠷᠭᠡ᠎ᠳᠤ ᠢᠯᠡᠴᠢᠯᠡᠨ ᠮᠡᠳᠡᠭᠦᠯᠬᠦ ᠠᠷᠭ᠎ᠠ ᠵᠠᠮ᠎ᠢ ᠥᠷᠭᠡᠳᠬᠡᠨ᠂ ᠰᠦᠪᠡᠭᠴᠢ ᠵᠢᠨ ᠢᠷᠡᠯᠲᠡ ᠵᠢ ᠥᠷᠭᠡᠳᠬᠡᠵᠦ᠂ ᠤᠯᠠᠨ ᠨᠠᠢ᠌ᠳᠠ ᠵᠢᠨ ᠣᠷᠴᠢᠨ ᠲᠣᠭᠣᠷᠢᠨ᠎ᠳᠤ ᠬᠢᠨᠠᠯᠲᠠ ᠲᠠᠯᠪᠢᠬᠤ᠎ᠳᠤ ᠢᠳᠡᠪᠬᠢᠲᠡᠢ ᠣᠷᠣᠯᠴᠠᠬᠤ ᠵᠢ ᠵᠣᠷᠢᠭᠵᠢᠭᠤᠯᠵᠤ᠂ ᠴᠤᠭᠭ᠋ᠠᠷ ᠠᠳᠬᠤᠵᠤ ᠬᠠᠮᠲᠤ᠎ᠪᠠᠷ ᠬᠠᠮᠢᠶᠠᠷᠬᠤ ᠰᠠᠶ᠋ᠢᠨ ᠰᠠᠢ᠌ᠬᠠᠨ ᠪᠠᠶ᠋ᠢᠳᠠᠯ᠎ᠢ ᠪᠤᠢ ᠪᠣᠯᠭ᠋ᠠᠬᠤ ᠬᠡᠷᠡᠭᠲᠡᠶ᠃ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯᠲᠠᠨ ᠬᠠᠮᠤᠭ᠎ᠤᠨ ᠲᠡᠷᠢᠭᠦᠨ᠎ᠳᠤ ᠵᠢᠷᠤᠭ ᠠᠪᠴᠤ ᠭᠡᠷᠡᠴᠢ ᠦᠯᠡᠳᠡᠭᠡᠨ᠂ ᠴᠠᠭ ᠲᠤᠬᠠᠢ᠎ᠳᠤᠨᠢ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠵᠤ᠂ ᠬᠠᠤᠯᠢ ᠴᠠᠭ᠋ᠠᠵᠠ᠎ᠳᠤ ᠲᠣᠭᠲᠠᠭ᠋ᠠᠭᠰᠠᠨ ᠬᠡᠪᠴᠢᠶᠡᠨ ᠳᠣᠲᠣᠷ᠎ᠠ᠂ ᠬᠠᠤᠯᠢ᠎ᠳᠤ ᠲᠣᠭᠲᠠᠭ᠋ᠠᠭᠰᠠᠨ ᠵᠢᠷᠤᠮ᠎ᠤᠨ ᠶᠣᠰᠣᠭ᠋ᠠᠷ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠷᠬᠡ᠎ᠪᠠᠨ ᠬᠡᠷᠡᠭᠵᠢᠭᠦᠯᠬᠦ ᠵᠢ ᠴᠢᠩᠳᠠᠯᠠᠬᠤ ᠬᠡᠷᠡᠭᠲᠡᠢ᠃ ᠬᠠᠤᠯᠢ᠎ᠠᠴᠠ ᠵᠥᠷᠢᠴᠡᠭᠰᠡᠨ ᠪᠣᠳᠠᠲᠤ ᠶᠠᠪᠤᠳᠠᠯ᠎ᠨᠢ ᠲᠣᠳᠣᠷᠬᠠᠢ ᠪᠠᠢ᠌ᠪᠠᠯ᠂ ᠵᠣᠬᠢᠬᠤ ᠵᠦᠢ᠍ᠯ ᠵᠤᠷᠪᠤᠰ᠎ᠢ ᠵᠣᠬᠢᠰᠲᠠᠢ ᠬᠡᠷᠡᠭᠯᠡᠨ ᠬᠠᠤᠯᠢ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠪᠦᠲᠦᠮᠵᠢᠲᠡᠢ ᠨᠠᠢ᠌ᠳᠠᠪᠤᠷᠢᠵᠢᠭᠤᠯᠬᠤ ᠬᠡᠷᠡᠭᠲᠡᠶ᠃
      [ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
      ᠬᠡᠷᠡᠭ ᠰᠢᠢ᠍ᠳᠪᠦᠷᠢᠯᠡᠭᠰᠡᠨ ᠨᠢᠭᠡᠴᠢ᠄ ᠪᠤᠭᠤᠲᠤ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠭᠦᠶᠠᠩ ᠰᠢᠶᠠᠨ᠎ᠤ ᠬᠤᠪᠢᠶᠠᠷᠢ ᠲᠣᠪᠴᠢᠶ᠎ᠠ
      ᠬᠡᠷᠡᠭ ᠭᠦᠢ᠍ᠴᠡᠳᠭᠡᠭᠴᠢ᠄ ᠶᠤᠸᠠᠢ ᠸᠧᠢ ᠶᠣᠣ ᠲᠢᠶᠠᠨ ᠴᠢ
      ᠨᠡᠢ᠌ᠲᠡᠯᠢᠭ ᠬᠡᠷᠡᠭ᠎ᠤᠨ ᠵᠢᠱ᠌ᠢᠶ᠎ᠡ ᠬᠣᠶᠠᠷ   ᠠᠤᠬᠠᠨ ᠬᠣᠰᠢᠭᠤᠨ᠎ᠤ ᠣᠷᠣᠢ ᠵᠢᠨ ᠰᠦᠮ᠎ᠡ ᠰᠤᠮᠤ ᠵᠢᠨ ᠱ᠌ᠢ ᠣᠪᠣᠭᠲᠤ ᠵᠡᠷᠭᠡ ᠬᠥᠮᠥᠰ᠎ᠤᠨ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠰᠢᠢ᠍ᠳᠪᠦᠷᠢᠯᠡᠭᠰᠡᠨ ᠬᠡᠷᠡᠭ
      [ᠬᠡᠷᠡᠭ᠎ᠤᠨ ᠲᠣᠪᠴᠢ ᠲᠠᠨᠢᠯᠴᠠᠭᠤᠯᠭ᠎ᠠ]
      ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠤᠬᠠᠨ ᠬᠣᠰᠢᠭᠤᠨ᠎ᠤ ᠬᠤᠪᠢᠶᠠᠷᠢ ᠲᠣᠪᠴᠢᠶ᠎ᠠ ᠤᠯᠠᠨ ᠲᠦᠮᠡᠨ᠎ᠤ ᠵᠠᠬᠢᠳᠠᠯ ᠰᠣᠷᠪᠤᠯᠵᠢᠯᠠᠭ᠎ᠠ ᠵᠢᠨ ᠢᠯᠡᠴᠢᠯᠡᠨ ᠮᠡᠳᠡᠭᠦᠯᠦᠯᠲᠡ ᠵᠢ ᠣᠯᠵᠤ᠂ ᠠᠤᠬᠠᠨ ᠬᠣᠰᠢᠭᠤᠨ᠎ᠤ ᠣᠷᠣᠢ ᠵᠢᠨ ᠰᠦᠮ᠎ᠡ ᠰᠤᠮᠤ ᠵᠢᠨ ᠬᠠᠪᠢᠷᠭ᠎ᠠ ᠭᠠᠴᠠᠭ᠎ᠠ᠎ᠳᠤ ᠨᠢᠭᠡᠨ ᠨᠡᠷ᠎ᠡ ᠦᠭᠡᠢ ᠦᠢ᠍ᠯᠡᠳᠪᠦᠷᠢ᠎ᠲᠠᠢ᠂ ᠦᠢ᠍ᠯᠡᠳᠪᠦᠷᠢᠯᠡᠯ᠎ᠤᠨ ᠦᠶ᠎ᠡ᠎ᠳᠤ ᠬᠠᠮᠠᠷ ᠭᠠᠳᠠᠮ᠎ᠠ ᠦᠨᠦᠷ ᠬᠠᠩᠬᠤᠯᠵᠤ᠂ ᠬᠠᠶᠠᠭᠳᠠᠮᠠᠯ ᠬᠠᠭᠤᠴᠢᠨ ᠴᠠᠬᠢᠯᠭ᠋ᠠᠨ ᠴᠡᠨᠡᠭᠯᠡᠭᠴᠢ ᠬᠢᠵᠦ ᠪᠠᠢ᠌ᠬᠤ᠎ᠪᠠᠷ ᠰᠡᠵᠢᠭᠯᠡᠭᠰᠡᠨ ᠪᠠᠶ᠋ᠢᠳᠠᠯ᠎ᠢ ᠲᠤᠰᠬᠠᠵᠠᠢ᠃ ᠤᠯᠠᠨ ᠲᠦᠮᠡᠨ᠎ᠤ ᠲᠣᠭ᠋ᠠᠴᠢᠯᠲᠠ ᠵᠢ ᠦᠨᠳᠦᠰᠦᠯᠡᠵᠦ᠂ ᠠᠵᠢᠯᠲᠠᠳ ᠲᠣᠰ ᠬᠡᠷᠡᠭ᠎ᠨᠢ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠰᠢᠢ᠍ᠳᠪᠦᠷᠢᠯᠡᠭᠰᠡᠨ ᠬᠡᠷᠡᠭ ᠪᠠᠢ᠌ᠵᠤ ᠮᠡᠳᠡᠨ᠎ᠡ ᠭᠡᠵᠦ ᠠᠩᠬ᠎ᠠ ᠠᠯᠬᠤᠮ ᠮᠠᠭ᠋ᠠᠳᠯᠠᠪᠠ᠂ ᠠᠤᠬᠠᠨ ᠬᠣᠰᠢᠭᠤᠨ᠎ᠤ ᠬᠤᠪᠢᠶᠠᠷᠢ ᠲᠣᠪᠴᠢᠶ᠎ᠠ ᠵᠢᠨ᠎ᠬᠢᠨ ᠲᠡᠷᠡ ᠳᠠᠷᠤᠢ᠎ᠳᠤᠨᠢ ᠬᠠᠤᠯᠢ ᠬᠡᠷᠡᠭᠵᠢᠭᠦᠯᠬᠦ ᠠᠵᠢᠯᠲᠠᠨ᠎ᠢ ᠵᠣᠬᠢᠶᠠᠨ ᠪᠠᠢ᠌ᠭᠤᠯᠵᠤ ᠲᠤᠬᠠᠢ ᠵᠢᠨ ᠲᠠᠯᠠᠪᠤᠷ᠎ᠲᠤ ᠣᠴᠢᠭᠤᠯᠤᠨ ᠬᠢᠨᠠᠨ ᠬᠠᠷᠭᠤᠭᠤᠯᠬᠤ ᠵᠢᠨ ᠬᠠᠮᠲᠤ ᠠᠤᠬᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠢᠳᠡᠭᠡᠨ ᠪᠠ ᠡᠮ᠎ᠤᠨ ᠵᠦᠢ᠍ᠯ ᠣᠷᠴᠢᠨ ᠲᠣᠭᠣᠷᠢᠨ᠎ᠤ ᠶᠡᠬᠡ ᠠᠩᠭᠢ ᠵᠢᠴᠢ ᠣᠷᠣᠢ ᠵᠢᠨ ᠰᠦᠮ᠎ᠡ ᠰᠤᠮᠤ ᠵᠢᠨ ᠠᠷᠠᠳ᠎ᠤᠨ ᠵᠠᠰᠠᠭ᠎ᠤᠨ ᠣᠷᠳᠣᠨ᠎ᠤ ᠠᠵᠢᠯᠲᠠᠨ ᠲᠣᠬᠢᠷᠠᠭᠤᠯᠬᠤ ᠵᠢ ᠵᠣᠬᠢᠴᠠᠭᠤᠯᠵᠤ ᠲᠤᠬᠠᠢ ᠵᠢᠨ ᠲᠠᠯᠠᠪᠤᠷ᠎ᠲᠤ ᠣᠴᠢᠭᠤᠯᠤᠨ ᠲᠤᠰᠠᠯᠠᠭᠤᠯᠵᠤ ᠬᠠᠮᠵᠢᠯᠴᠠᠭᠤᠯᠪᠠ᠃
      ᠬᠠᠤᠯᠢ ᠬᠡᠷᠡᠭᠵᠢᠭᠦᠯᠦᠭᠴᠢ ᠣᠷᠣᠢ ᠵᠢᠨ ᠰᠦᠮ᠎ᠡ ᠰᠤᠮᠤ ᠵᠢᠨ ᠬᠠᠪᠢᠷᠭ᠎ᠠ ᠭᠠᠴᠠᠭ᠎ᠠ ᠵᠢᠨ ᠨᠢᠭᠡᠨ ᠪᠤᠢ᠌ᠳᠠ ᠪᠥᠭᠯᠡᠭᠦᠦ ᠦᠢ᠍ᠯᠡᠳᠪᠦᠷᠢ ᠵᠢᠨ ᠲᠣᠭᠣᠷᠢᠭ᠎ᠲᠤ᠂ ᠲᠣᠭᠣᠰᠬ᠎ᠠ᠎ᠪᠠᠷ ᠪᠠᠷᠢᠭᠰᠠᠨ ᠰᠢᠲᠠᠭ᠋ᠠᠬᠤ ᠵᠤᠤᠬ᠎ᠠ᠎ᠪᠠᠷ ᠬᠠᠶᠠᠭᠳᠠᠮᠠᠯ ᠬᠠᠭᠤᠴᠢᠨ ᠬᠣᠷᠭᠣᠯᠵᠢᠨ ᠬᠡᠯᠬᠢᠶ᠎ᠡ ᠳ᠋ᠢᠶᠠᠨ ᡂᠢ ᠵᠢ ᠰᠢᠢ᠍ᠳᠪᠦᠷᠢᠯᠡᠵᠦ ᠪᠠᠶ᠋ᠢᠬᠤ ᠵᠢ ᠢᠯᠡᠷᠡᠭᠦᠯᠪᠡ᠂ ᠲᠤᠬᠠᠢ ᠵᠢᠨ ᠲᠠᠯᠠᠪᠤᠷ᠎ᠲᠤ ᠬᠠᠤᠯᠢ ᠵᠢ ᠵᠥᠷᠢᠴᠡᠨ ᠦᠢ᠍ᠯᠡᠳᠪᠦᠷᠢᠯᠡᠯ ᠬᠢᠵᠦ ᠪᠠᠢ᠌ᠭᠰᠠᠨ ᠬᠥᠮᠥᠨ 10᠎ᠠᠴᠠ ᠳᠡᠭᠡᠭᠰᠢ ᠪᠠᠢ᠌ᠵᠤ᠂ ᠪᠣᠳᠠᠲᠠᠢ ᠬᠠᠷᠢᠭᠤᠴᠠᠯᠭ᠋ᠠᠲᠠᠨ᠎ᠨᠢ ᠱ᠌ᠢ ᠣᠪᠣᠭᠲᠤ ᠪᠣᠯᠣᠨ᠎ᠠ᠃ ᠤᠯᠠᠮ ᠨᠢᠭᠡ ᠠᠯᠬᠤᠮ ᠪᠠᠢ᠌ᠴᠠᠭ᠋ᠠᠨ ᠮᠠᠭ᠋ᠠᠳᠯᠠᠭᠰᠠᠨ ᠵᠶ᠋ᠠᠷ᠂ ᠲᠣᠰ ᠬᠠᠤᠯᠢ ᠪᠤᠰᠤ ᠠᠵᠢᠯᠯᠠᠭ᠋ᠠᠨ᠎ᠤ ᠲᠠᠯᠠᠪᠤᠷ᠎ᠤᠨ ᠰᠢᠢ᠍ᠳᠪᠦᠷᠢᠯᠡᠭᠰᠡᠨ ᠬᠣᠷᠭᠣᠯᠵᠢᠨ ᠬᠡᠯᠬᠢᠶ᠎ᠡ ᠳ᠋ᠢᠶᠠᠨ ᡂᠢ ᠵᠢᠨ ᠬᠦᠨᠳᠦ᠎ᠨᠢ 115.22 ᠲᠣᠨ ᠪᠣᠯᠣᠨ᠎ᠠ᠃
      ᠪᠠᠢ᠌ᠴᠠᠭ᠋ᠠᠵᠤ ᠳᠠᠭᠤᠰᠤᠭᠰᠠᠨ᠎ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ ᠬᠡᠷᠡᠭ᠎ᠲᠤ ᠬᠣᠯᠪᠣᠭᠳᠠᠭᠰᠠᠨ ᠡᠳ᠋ ᠪᠣᠳᠠᠰ᠎ᠢ ᠬᠢᠷᠢ ᠬᠡᠮ ᠪᠦᠬᠦᠢ ᠠᠶᠤᠯᠲᠠᠢ ᠬᠠᠶᠠᠭᠳᠠᠮᠠᠯ ᠪᠣᠳᠠᠰ᠎ᠢ ᠭᠥᠯᠢᠶᠡᠨ ᠠᠪᠬᠤ ᠠᠵᠤ ᠠᠬᠤᠢ᠌ᠯᠠᠯ᠎ᠳᠤ ᠬᠦᠷᠭᠡᠵᠦ ᠲᠦᠷ ᠪᠢᠲᠡᠭᠦᠮᠵᠢᠯᠡᠨ ᠬᠠᠳᠠᠭ᠋ᠠᠯᠠᠵᠤ᠂ ᠠᠶᠤᠯᠲᠠᠢ ᠬᠠᠶᠠᠭᠳᠠᠮᠠᠯ ᠪᠣᠳᠠᠰ᠎ᠢ ᠪᠦᠬᠦᠨ᠎ᠢ ᠲᠣᠬᠢᠲᠠᠢ ᠰᠢᠢ᠍ᠳᠪᠦᠷᠢᠯᠡᠪᠡ᠃
      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》 ᠵᠢᠨ ᠭᠤᠷᠪᠠᠨ ᠵᠠᠭᠤ ᠭᠤᠴᠢᠨ ᠨᠠᠢ᠍ᠮᠠᠳᠤᠭ᠋ᠠᠷ ᠵᠦᠢ᠍ᠯ ᠵᠢᠴᠢ 《ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶ᠎ᠠ᠂ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶᠠᠨ᠎ᠤ ᠲᠠᠢ᠌ᠯᠪᠤᠷᠢᠯᠠᠯᠲᠠ》 ᠵᠢᠨ ᠨᠢᠭᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ᠎ᠢ ᠦᠨᠳᠦᠰᠦᠯᠡᠨ᠂ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠤᠬᠠᠨ ᠬᠣᠰᠢᠭᠤᠨ᠎ᠤ ᠬᠤᠪᠢᠶᠠᠷᠢ ᠲᠣᠪᠴᠢᠶ᠎ᠠ ᠵᠢᠨ ᠬᠠᠮᠲᠤ ᠵᠢᠨ ᠶᠠᠷᠢᠯᠴᠠᠭ᠎ᠠ᠎ᠪᠠᠷ ᠳᠡᠮᠵᠢᠨ᠂ ᠬᠡᠷᠡᠭ᠎ᠢ ᠠᠤᠬᠠᠨ ᠬᠣᠰᠢᠭᠤᠨ᠎ᠤ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ᠎ᠳᠤ ᠰᠢᠯᠵᠢᠭᠦᠯᠦᠨ ᠲᠠᠩᠨᠠᠨ ᠰᠢᠢ᠍ᠳᠪᠦᠷᠢᠯᠡᠭᠦᠯᠬᠦ ᠵᠢᠨ ᠬᠠᠮᠲᠤ ᠬᠡᠷᠡᠭ᠎ᠤᠨ ᠡᠪᠬᠡᠮᠡᠯ᠎ᠤᠨ ᠮᠠᠲ᠋ᠧᠷᠢᠶᠠᠯ᠎ᠢ ᠬᠠᠮᠲᠤ᠎ᠳᠤᠨᠢ ᠠᠤᠬᠠᠨ ᠬᠣᠰᠢᠭᠤᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠎ᠳᠤ ᠰᠢᠯᠵᠢᠭᠦᠯᠦᠨ ᠬᠦᠷᠭᠡᠪᠡ᠃ ᠲᠠᠩᠨᠠᠨ ᠪᠠᠢ᠌ᠴᠠᠭ᠋ᠠᠬᠤ᠎ᠪᠠᠷ ᠳᠡᠮᠵᠢᠨ᠂ ᠠᠤᠬᠠᠨ ᠬᠣᠰᠢᠭᠤᠨ᠎ᠤ ᠠᠷᠠᠳ᠎ᠤᠨ ᠪᠠᠢ᠌ᠴᠠᠭ᠋ᠠᠬᠤ ᠬᠣᠷᠢᠶ᠎ᠠ᠎ᠠᠴᠠ ᠰᠢᠭᠦᠬᠦ ᠬᠣᠷᠢᠶᠠᠨ᠎ᠳᠤ ᠠᠯᠪᠠᠨ ᠵᠠᠭ᠋ᠠᠯᠳᠤᠯᠭ᠎ᠠ ᠭᠠᠷᠭ᠋ᠠᠪᠠ᠃ ᠠᠤᠬᠠᠨ ᠬᠣᠰᠢᠭᠤᠨ᠎ᠤ ᠠᠷᠠᠳ᠎ᠤᠨ ᠰᠢᠭᠦᠬᠦ ᠬᠣᠷᠢᠶ᠎ᠠ᠎ᠠᠴᠠ ᠵᠠᠭ᠋ᠠᠯᠳᠤᠭᠳᠠᠭᠴᠢ ᠱ᠌ᠢ ᠣᠪᠣᠭᠲᠤ ᠵᠡᠷᠭᠡ ᠬᠥᠮᠥᠨ᠎ᠢ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯ᠎ᠠ ᠬᠢᠭᠰᠡᠨ ᠵᠶ᠋ᠡᠷ ᠰᠢᠭᠦᠨ ᠲᠠᠰᠤᠯᠵᠤ᠂ ᠬᠡᠷᠡᠭ᠎ᠲᠤ ᠬᠣᠯᠪᠣᠭᠳᠠᠭᠰᠠᠨ ᠬᠣᠯᠪᠣᠭᠳᠠᠯ ᠪᠦᠬᠦᠢ ᠬᠥᠮᠥᠨ ᠎ᠢ 2 ᠵᠢᠯ᠎ᠤᠨ ᠭᠠᠳᠠᠨ᠎ᠠ 6 ᠰᠠᠷ᠎ᠠ᠎ᠠᠴᠠ 1 ᠵᠢᠯ᠎ᠤᠨ ᠬᠤᠭᠤᠴᠠᠭ᠎ᠠ᠎ᠲᠠᠢ ᠬᠣᠷᠢᠬᠤ᠎ᠪᠠᠷ ᠰᠢᠢ᠍ᠳᠬᠡᠵᠦ᠂ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠢ᠍ᠳᠬᠡᠵᠡᠢ᠃
      [ᠬᠡᠷᠡᠭ᠎ᠤᠨ ᠰᠡᠩᠬᠡᠷᠡᠭᠦᠯᠦᠯ]
      ᠲᠤᠰ ᠬᠡᠷᠡᠭ᠎ᠤᠨ ᠡᠭᠦᠰᠦᠭᠰᠡᠨ ᠭᠠᠵᠠᠷ᠎ᠨᠢ ᠭᠣᠪᠢ ᠵᠢᠨ ᠡᠯᠡᠰᠦᠨ ᠴᠥᠯ᠎ᠤᠨ ᠬᠥᠪᠡᠭᠡ ᠵᠠᠬ᠎ᠠ᠎ᠳᠤ ᠪᠤᠢ᠂ ᠡᠶ᠋ᠢᠮᠦᠷᠬᠦ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠶᠡᠷᠦᠩᠬᠡᠢ᠎ᠳᠡᠭᠡᠨ ᠴᠥᠮ ᠨᠡᠯᠢᠶᠡᠳ ᠨᠢᠭᠤᠴᠠ ᠳᠠᠯᠳᠠ ᠪᠠᠢ᠌ᠳᠠᠭ ᠪᠣᠯᠬᠣᠷ ᠠᠮᠢ ᠠᠬᠤᠢ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠵᠢ ᠱᠠᠩᠨᠠᠨ ᠬᠥᠬᠢᠭᠦᠯᠬᠦ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠬᠤ᠎ᠪᠠᠷ ᠳᠠᠮᠵᠢᠭᠤᠯᠤᠨ᠂ ᠤᠯᠠᠨ ᠲᠦᠮᠡᠨ᠎ᠢ ᠬᠥᠲᠥᠯᠥᠨ ᠵᠢᠯᠤᠭᠣᠳᠴᠤ ᠪᠠᠶ᠋ᠢᠭ᠋ᠠᠳ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠳᠡᠪᠬᠢᠲᠡᠢ᠎ᠪᠠᠷ ᠢᠯᠡᠷᠡᠭᠦᠯᠬᠦ ᠪᠠ ᠢᠯᠡᠴᠢᠯᠡᠨ ᠮᠡᠳᠡᠭᠦᠯᠵᠦ᠂ ᠪᠥᠬᠥ ᠠᠷᠠᠳ ᠵᠶ᠋ᠠᠷ ᠵᠶ᠋ᠠᠨ ᠬᠠᠮᠲᠤ᠎ᠪᠠᠷ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠣᠬᠢᠯᠲᠠ ᠥᠭᠬᠦ ᠬᠡᠪ ᠰᠤᠷᠲᠠᠯ᠎ᠢ ᠪᠤᠢ ᠪᠣᠯᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠪᠠᠲᠤᠯᠠᠭ᠎ᠠ ᠬᠠᠩᠭ᠋ᠠᠬᠤ ᠬᠡᠷᠡᠭᠲᠡᠢ᠃
      ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ ᠪᠣᠯᠣᠨ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠬᠠᠷᠢᠯᠴᠠᠨ ᠲᠤᠰᠠᠯᠠᠯᠴᠠᠨ ᠬᠠᠮᠵᠢᠯᠴᠠᠵᠤ᠂ ᠬᠡᠷᠡᠭ᠎ᠲᠤ ᠬᠣᠯᠪᠣᠭᠳᠠᠭᠰᠠᠨ ᠡᠳ᠋ ᠪᠣᠳᠠᠰ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠳᠦᠷᠦᠯ ᠵᠦᠢ᠍ᠯ᠎ᠢ ᠮᠠᠭ᠋ᠠᠳᠯᠠᠨ ᠲᠣᠭᠲᠠᠭ᠋ᠠᠬᠤ ᠲᠠᠯ᠎ᠠ᠎ᠪᠠᠷ ᠬᠦᠴᠦ᠎ᠪᠠᠨ ᠬᠠᠮᠲᠤᠳᠬᠠᠨ ᠬᠠᠮᠵᠢᠯᠴᠠᠵᠤ᠂ 《〈ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠶᠠᠷᠢᠯᠴᠠᠬᠤ ᠬᠤᠷᠠᠯ᠎ᠤᠨ ᠲᠣᠪᠴᠢ ᠲᠡᠮᠳᠡᠭᠯᠡᠯ〉》᠎ᠤᠨ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂ 《ᠤᠯᠤᠰ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠨᠡᠷᠡᠰ᠎ᠤᠨ ᠵᠢᠭᠰᠠᠭ᠋ᠠᠯᠲᠠ》 ᠵᠢ ᠦᠨᠳᠦᠰᠦᠯᠡᠨ ᠮᠠᠭ᠋ᠠᠳᠯᠠᠨ ᠲᠣᠭᠲᠠᠭ᠋ᠠᠵᠤ᠂ ᠬᠢᠨᠠᠨ ᠲᠣᠭᠲᠠᠭ᠋ᠠᠬᠤ ᠴᠠᠭ᠎ᠢ ᠠᠷᠪᠢᠯᠠᠵᠤ᠂ ᠬᠡᠷᠡᠭ᠎ᠢ ᠰᠢᠯᠵᠢᠭᠦᠯᠦᠨ ᠬᠦᠷᠭᠡᠬᠦ᠂ ᠬᠡᠷᠡᠭ ᠪᠣᠯᠭ᠋ᠠᠨ ᠳᠠᠩᠰᠠᠯᠠᠬᠤ᠂ ᠶᠠᠯ᠎ᠠ ᠬᠢᠭᠰᠡᠨ ᠰᠡᠵᠢᠭᠯᠡᠯᠲᠡᠢ ᠬᠥᠮᠥᠨ᠎ᠢ ᠬᠢᠵᠠᠭ᠋ᠠᠷᠯᠠᠬᠤ᠎ᠳᠤ ᠨᠠᠨᠳᠢᠨ ᠴᠠᠭ᠎ᠢ ᠠᠷᠪᠢᠯᠠᠨ ᠵᠠᠢ ᠬᠤᠭᠤᠴᠠᠭ᠎ᠠ ᠣᠯᠭᠣᠵᠠᠢ᠃ ᠬᠡᠷᠡᠭ᠎ᠤᠨ ᠰᠦᠪᠡᠭᠴᠢ ᠵᠢᠴᠢ ᠬᠣᠯᠪᠣᠭᠳᠠᠯ ᠪᠦᠬᠦᠢ ᠭᠡᠷᠡᠴᠢ ᠪᠠᠷᠢᠮᠲᠠ ᠵᠢ ᠡᠵᠡᠮᠰᠢᠭᠰᠡᠨ᠎ᠤ ᠳᠠᠷᠠᠭ᠎ᠠ ᠪᠠᠢ᠌ᠴᠠᠭ᠋ᠠᠬᠤ ᠬᠣᠷᠢᠶ᠎ᠠ᠎ᠳᠤ ᠵᠡᠷᠭᠡ᠎ᠪᠠᠷ ᠰᠢᠯᠵᠢᠭᠦᠯᠦᠨ ᠬᠦᠷᠭᠡᠵᠦ᠂ ᠠᠮᠢ ᠠᠬᠤᠢ ᠣᠷᠴᠢᠨ ᠲᠣᠭᠣᠷᠢᠨ᠎ᠤ ᠰᠠᠯᠠᠭ᠎ᠠ ᠮᠥᠴᠢᠷ᠂ ᠳᠣᠲᠣᠭ᠋ᠠᠳᠤ ᠵᠢ ᠬᠠᠮᠠᠭ᠋ᠠᠯᠠᠬᠤ ᠰᠠᠯᠠᠭ᠎ᠠ ᠮᠥᠴᠢᠷ ᠪᠠ ᠪᠠᠢ᠌ᠴᠠᠭ᠋ᠠᠬᠤ ᠪᠠᠢ᠌ᠭᠤᠯᠭ᠎ᠠ ᠵᠢᠨ ᠪᠦᠲᠦᠮᠵᠢᠲᠡᠢ ᠬᠣᠯᠪᠣᠯᠳᠤᠨ ᠬᠠᠮᠵᠢᠯᠴᠠᠭ᠎ᠠ ᠵᠢ ᠪᠤᠢ ᠪᠣᠯᠭ᠋ᠠᠵᠤ᠂ ᠬᠡᠷᠡᠭ᠎ᠢ ᠤᠷᠤᠭᠰᠢᠲᠠᠢ ᠰᠢᠢ᠍ᠳᠪᠦᠷᠢᠯᠡᠬᠦ᠎ᠳᠤ ᠰᠠᠭᠤᠷᠢ ᠲᠠᠯᠪᠢᠵᠤ ᠥᠭᠪᠡ᠃
      [ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
      ᠬᠡᠷᠡᠭ ᠰᠢᠢ᠍ᠳᠪᠦᠷᠢᠯᠡᠭᠰᠡᠨ ᠨᠢᠭᠡᠴᠢ᠄ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠤᠬᠠᠨ ᠬᠣᠰᠢᠭᠤᠨ᠎ᠤ ᠬᠤᠪᠢᠶᠠᠷᠢ ᠲᠣᠪᠴᠢᠶ᠎ᠠ
      ᠬᠡᠷᠡᠭ ᠭᠦᠢ᠍ᠴᠡᠳᠭᠡᠭᠴᠢ᠄ ᠴᠧᠨ ᠰᠧ ᠶᠠᠩ   ᠵᠠᠩ ᠳ᠋ᠠ ᠸᠧᠢ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (ᠳᠥᠷᠪᠡ)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (2)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (3)
ᠰᠦᠨ ᠵᠢᠨ ᠯᠦᠩ᠄ ᠥᠭᠡᠷᠡᠴᠢᠯᠡᠯᠲᠡ᠎ᠪᠠᠷ ᠬᠥᠳᠡᠯᠭᠡᠬᠦ ᠬᠦᠴᠦᠨ ᠪᠣᠯᠭ᠋ᠠᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
 
             蒙ICP备05000248号