ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (ᠳᠥᠷᠪᠡ)
ᠨᠡᠶ᠋ᠢᠲᠡᠯᠡᠭᠰᠡᠨ ᠴᠠᠭ᠄ 2024-11-20

      ᠨᠡᠢ᠌ᠲᠡᠯᠢᠭ ᠬᠡᠷᠡᠭ᠎ᠤᠨ ᠵᠢᠱ᠌ᠢᠶ᠎ᠡ ᠨᠠᠢ᠍ᠮᠠ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠳᠤ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠭᠰᠠᠨ ᠬᠡᠷᠡᠭ᠎ᠢ ᠢᠯᠡᠷᠡᠭᠦᠯᠪᠡ
      [ᠬᠡᠷᠡᠭ᠎ᠤᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ]
      2023 ᠣᠨ᠎ᠤ 3 ᠰᠠᠷ᠎ᠠ ᠵᠢᠨ 1᠎ᠤ ᠡᠳᠦᠷ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠬᠡ ᠠᠩᠭᠢ ᠵᠢᠨ ᠬᠠᠤᠯᠢ ᠬᠡᠷᠡᠭᠵᠢᠭᠦᠯᠬᠦ ᠠᠵᠢᠯᠲᠠᠨ ᠡᠳᠦᠷ ᠲᠤᠲᠤᠮ᠎ᠤᠨ ᠪᠠᠢ᠌ᠴᠠᠭ᠋ᠠᠯᠲᠠ ᠵᠢᠨ ᠶᠠᠪᠤᠴᠠ᠎ᠳᠤ ᠠᠷᠤ ᠬᠣᠷᠴᠢᠨ ᠬᠣᠰᠢᠭᠤᠨ᠎ᠤ ᠱᠤᠤᠭᠢᠨ ᠪᠠᠯᠭ᠋ᠠᠰᠤᠨ᠎ᠤ ᠨᠢᠭᠡᠨ ᠭᠠᠵᠠᠷ᠎ᠲᠤ ᠲᠣᠳᠣᠷᠬᠠᠢ ᠪᠤᠰᠤ ᠬᠠᠷ᠎ᠠ ᠥᠩᠭᠡᠲᠡᠢ ᠬᠠᠲᠠᠭᠤ ᠪᠡᠶᠡᠲᠦ ᠬᠠᠶᠠᠭᠳᠠᠮᠠᠯ ᠪᠣᠳᠠᠰ ᠴᠢᠳᠬᠤᠭᠰᠠᠨ᠎ᠢ ᠢᠯᠡᠷᠡᠭᠦᠯᠪᠡ᠃ ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ᠎ᠠᠴᠠ ᠦᠵᠡᠪᠡᠯ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠨᠢ ᠬᠠᠷ᠎ᠠ ᠰᠢᠪᠠᠷ ᠬᠡᠯᠪᠡᠷᠢ᠎ᠲᠠᠢ᠂ ᠰᠡᠳᠡᠯᠲᠡ ᠵᠢᠨ ᠴᠢᠨᠠᠷᠲᠠᠢ ᠦᠨᠦᠷ᠎ᠲᠠᠢ᠂ ᠳᠣᠲᠣᠷᠯᠠᠭᠰᠠᠨ ᠰᠦᠯᠢᠶᠥᠦ ᠤᠭᠤᠲᠠ᠎ᠪᠠᠷ ᠪᠠᠭᠯᠠᠨ ᠣᠪᠣᠭ᠋ᠠᠯᠠᠵᠤ᠂ ᠤᠤᠯ᠎ᠤᠨ ᠪᠦᠲᠡᠭᠡᠭᠰᠡᠨ ᠬᠠᠷ᠎ᠠ ᠥᠩᠭᠡ ᠵᠢᠨ ᠰᠦᠯᠢᠶᠥᠦ ᠪᠥᠰ᠎ᠨᠢ ᠨᠢᠭᠡᠨᠲᠡ ᠡᠪᠳᠡᠷᠡᠵᠦ᠂ ᠨᠡᠪᠴᠢᠬᠦ ᠵᠢ ᠰᠡᠷᠭᠡᠢ᠌ᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ᠎ᠪᠠᠷ ᠵᠠᠳᠠᠭ᠋ᠠᠢ ᠣᠪᠣᠭ᠋ᠠᠯᠠᠵᠤ ᠪᠠᠢ᠌ᠪᠠ᠃ ᠬᠠᠤᠯᠢ ᠬᠡᠷᠡᠭᠵᠢᠭᠦᠯᠬᠦ ᠠᠵᠢᠯᠲᠠᠨ ᠡᠷᠬᠢᠨ ᠲᠣᠭᠣᠷᠢᠨ᠎ᠤ ᠠᠵᠤ ᠠᠬᠤᠢ᠌ᠯᠠᠯ᠎ᠤᠨ ᠬᠠᠮᠢᠶ᠎ᠠ ᠪᠦᠬᠦᠢ ᠬᠥᠮᠥᠰ᠎ᠠᠴᠠ ᠵᠢᠭᠰᠠᠭ᠋ᠠᠨ ᠪᠠᠢ᠌ᠴᠠᠭ᠋ᠠᠬᠤ ᠪᠠ ᠯᠠᠪᠯᠠᠨ ᠠᠰᠠᠭᠤᠬᠤ᠎ᠪᠠᠷ ᠳᠡᠮᠵᠢᠨ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠰᠬᠠᠵᠤ ᠴᠢᠳᠬᠤᠭᠰᠠᠨ ᠲᠤᠬᠠᠢ ᠵᠢᠨ ᠬᠥᠮᠥᠨ ᠵᠢᠴᠢ ᠠᠰᠬᠠᠵᠤ ᠴᠢᠳᠬᠤᠭᠰᠠᠨ ᠴᠠᠭ᠎ᠢ ᠲᠣᠭᠲᠠᠭ᠋ᠠᠵᠤ ᠳᠡᠢ᠌ᠯᠦᠭᠰᠡᠨ ᠦᠭᠡᠢ᠃ ᠤᠯᠠᠮ ᠨᠢᠭᠡ ᠠᠯᠬᠤᠮ ᠬᠢᠨᠠᠨ ᠮᠠᠭ᠋ᠠᠳᠯᠠᠭᠰᠠᠨ ᠵᠶ᠋ᠠᠷ᠂ ᠠᠰᠬᠠᠭᠰᠠᠨ ᠴᠡᠭ ᠪᠣᠯᠣᠨ ᠡᠷᠬᠢᠨ ᠲᠣᠭᠣᠷᠢᠨ᠎ᠳᠤ ᠡᠮᠦᠨ᠎ᠡ᠎ᠨᠢ ᠡᠶ᠋ᠢᠮᠦᠷᠬᠦ ᠬᠡᠷᠡᠭ ᠭᠠᠷᠴᠤ ᠥᠩᠭᠡᠷᠡᠭᠰᠡᠨ ᠦᠭᠡᠢ᠃ ᠲᠣᠳᠣᠷᠬᠠᠢ ᠪᠤᠰᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠡᠷᠬᠢᠨ ᠲᠣᠭᠣᠷᠢᠨ᠎ᠤ ᠣᠷᠴᠢᠨ ᠲᠣᠭᠣᠷᠢᠨ᠎ᠳᠤ ᠨᠥᠯᠥᠭᠡ ᠦᠵᠡᠭᠦᠯᠬᠦ ᠵᠢ ᠰᠡᠷᠭᠡᠢ᠌ᠯᠡᠬᠦ ᠵᠢᠨ ᠲᠥᠯᠥᠭᠡ᠂ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠭᠴᠢ ᠲᠤᠬᠠᠢ ᠵᠢᠨ ᠲᠠᠯᠠᠪᠤᠷ᠎ᠲᠤ ᠲᠣᠳᠣᠷᠬᠠᠢ ᠪᠤᠰᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠴᠠᠭ ᠲᠤᠬᠠᠢ᠎ᠳᠤᠨᠢ ᠬᠣᠷᠢᠶᠠᠨ ᠴᠤᠭᠯᠠᠭᠤᠯᠵᠤ᠂ ᠬᠦᠨᠳᠦ ᠵᠢ᠎ᠨᠢ ᠬᠡᠮᠵᠢᠬᠦ᠎ᠳᠤ 4.36 ᠲᠣᠨ ᠪᠠᠢ᠌ᠵᠤ᠂ ᠬᠦᠨᠳᠦ ᠵᠢ᠎ᠨᠢ ᠵᠢᠩᠯᠡᠭᠰᠡᠨ᠎ᠤ ᠳᠠᠷᠠᠭ᠎ᠠ ᠲᠣᠳᠣᠷᠬᠠᠢ ᠪᠤᠰᠤ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠬᠥᠮᠥᠷᠭᠡ᠎ᠳᠤ ᠰᠢᠯᠵᠢᠭᠦᠯᠦᠨ ᠲᠦᠷ ᠬᠠᠳᠠᠭ᠋ᠠᠯᠠᠵᠤ᠂ ᠬᠥᠮᠥᠷᠭᠡ ᠵᠢ᠎ᠨᠢ ᠪᠢᠲᠡᠭᠦᠮᠵᠢᠯᠡᠵᠦ ᠣᠨᠢᠰᠤᠯᠠᠬᠤ ᠵᠢᠨ ᠬᠠᠮᠲᠤ ᠪᠢᠲᠡᠭᠦᠮᠵᠢᠯᠡᠬᠦ ᠬᠠᠭᠤᠳᠠᠰᠤ ᠨᠠᠭ᠋ᠠᠵᠤ ᠠᠶᠤᠯᠭᠦᠢ ᠵᠢ ᠪᠠᠲᠤᠯᠠᠪᠠ᠃ ᠡᠭᠦᠨ᠎ᠤ ᠵᠡᠷᠭᠡᠴᠡᠭᠡ᠎ᠪᠠᠷ᠂ ᠭᠤᠷᠪᠠᠳᠠᠭᠢ ᠡᠲᠡᠭᠡᠳ᠎ᠤᠨ ᠪᠠᠢ᠌ᠭᠤᠯᠤᠮᠵᠢ᠎ᠳᠤ ᠨᠠᠶ᠋ᠢᠳᠠᠵᠤ ᠠᠶᠤᠯ ᠲᠦᠭᠰᠢᠭᠦᠷᠢ ᠵᠢᠨ ᠥᠪᠡᠷᠮᠢᠴᠡ ᠴᠢᠨᠠᠷ᠎ᠢ ᠢᠯᠭ᠋ᠠᠨ ᠲᠣᠳᠣᠯᠠᠬᠤ ᠠᠵᠢᠯ᠎ᠢ ᠥᠷᠨᠢᠭᠦᠯᠵᠡᠢ᠃ ᠢᠯᠭ᠋ᠠᠨ ᠲᠣᠳᠣᠯᠠᠬᠤ᠎ᠪᠠᠷ ᠳᠠᠮᠵᠢᠨ ᠡᠳᠡᠭᠡᠷ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠨᠢ ᠠᠶᠤᠯ ᠲᠦᠭᠰᠢᠭᠦᠷᠢ ᠵᠢᠨ ᠥᠪᠡᠷᠮᠢᠴᠡ ᠴᠢᠨᠠᠷ᠎ᠲᠠᠢ ᠪᠠᠢ᠌ᠵᠤ᠂ ᠠᠶᠤᠯᠲᠠᠢ ᠬᠠᠶᠠᠭᠳᠠᠮᠠᠯ ᠪᠣᠳᠠᠰ᠎ᠲᠤ ᠬᠠᠷᠢᠶᠠᠯᠠᠭᠳᠠᠬᠤ ᠵᠢ ᠲᠣᠳᠣᠯᠠᠪᠠ᠃ ᠬᠠᠶᠠᠭᠳᠠᠮᠠᠯ ᠪᠣᠳᠠᠰ᠎ᠤᠨ ᠲᠥᠯᠥᠭᠡᠯᠡᠬᠦ ᠨᠣᠮᠧᠷ᠎ᠨᠢ 《071—001—08》᠂ ᠠᠶᠤᠯᠲᠠᠢ ᠬᠠᠶᠠᠭᠳᠠᠮᠠᠯ ᠪᠣᠳᠠᠰ᠎ᠤᠨ ᠥᠪᠡᠷᠮᠢᠴᠡ ᠴᠢᠨᠠᠷ᠎ᠨᠢ 《T᠂ I》 ᠪᠠᠢ᠌ᠵᠤ᠂ ᠠᠮᠢ ᠠᠬᠤᠢ ᠣᠷᠴᠢᠨ ᠲᠣᠭᠣᠷᠢᠨ ᠪᠠ ᠬᠥᠮᠥᠨ᠎ᠤ ᠡᠷᠡᠭᠦᠯ ᠮᠠᠨᠳᠤ᠎ᠳᠤ ᠬᠣᠣᠷ ᠨᠥᠯᠥᠭᠡ᠎ᠲᠠᠢ ᠬᠣᠣᠷᠲᠤ ᠴᠢᠨᠠᠷᠲᠠᠢ᠂ ᠰᠢᠲᠠᠮᠠᠬᠠᠢ ᠴᠢᠨᠠᠷᠲᠠᠢ ᠪᠣᠳᠠᠰ᠎ᠲᠤ ᠲᠣᠭ᠋ᠠᠴᠠᠭᠳᠠᠨ᠎ᠠ᠃
      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
      ᠲᠣᠰ ᠬᠡᠷᠡᠭ᠎ᠨᠢ ᠭᠤᠷᠪᠠᠨ ᠲᠣᠨ᠎ᠠᠴᠠ ᠳᠡᠭᠡᠭᠰᠢ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠭᠰᠠᠨ ᠰᠡᠵᠢᠭᠯᠡᠯᠲᠡᠢ ᠪᠠᠢ᠌ᠵᠤ᠂ 《ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠡᠷᠡᠭᠦᠦ ᠵᠢᠨ ᠬᠡᠷᠡᠭ᠎ᠢ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠳ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶ᠎ᠠ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶᠠᠨ᠎ᠤ ᠲᠠᠢ᠌ᠯᠪᠤᠷᠢᠯᠠᠯᠲᠠ》(ᠰᠢᠭᠦᠬᠦ ᠲᠠᠢ᠌ᠯᠪᠤᠷᠢᠯᠠᠯᠲᠠ  [2016] 29 ᠳ᠋ᠦ᠍ᠭᠡᠷ ᠲᠣᠭ᠋ᠠᠲᠤ) ᠵᠢᠨ ᠨᠢᠭᠡᠳᠦᠭᠡᠷ ᠵᠦᠢ᠍ᠯ᠎ᠤᠨ (ᠬᠣᠶᠠᠳᠤᠭ᠋ᠠᠷ) ᠵᠤᠷᠪᠤᠰ᠎ᠤᠨ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠢ᠌ᠴᠡᠨ᠎ᠡ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠡᠷᠡᠭᠦᠦ ᠵᠢᠨ ᠬᠠᠤᠯᠢ》 ᠵᠢᠨ ᠭᠤᠷᠪᠠᠨ ᠵᠠᠭᠤ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠎ᠤᠨ ᠲᠣᠭᠲᠠᠭ᠋ᠠᠯ᠂ ᠮᠥᠨ 《〈ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠬᠢᠭᠡᠳ ᠡᠷᠡᠭᠦᠦ ᠵᠢᠨ ᠬᠡᠷᠡᠭ᠎ᠤᠨ ᠬᠠᠤᠯᠢ ᠪᠠᠷᠢᠮᠲᠠ ᠵᠢ ᠵᠣᠯᠭ᠋ᠠᠭᠤᠯᠬᠤ ᠠᠵᠢᠯ᠎ᠤᠨ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ ᠠᠷᠠᠳ᠎ᠤᠨ ᠳᠡᠭᠡᠳᠦ ᠪᠠᠢ᠌ᠴᠠᠭ᠋ᠠᠬᠤ ᠬᠣᠷᠢᠶᠠᠨ᠎ᠤ ᠮᠡᠳᠡᠭᠳᠡᠯ》 (ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠯᠲᠠ [2017] 17 ᠲᠣᠭ᠋ᠠᠲᠤ)᠎ᠤᠨ ᠲᠠᠪᠤᠳᠤᠭ᠋ᠠᠷ ᠵᠦᠢ᠍ᠯ᠂ ᠵᠢᠷᠭᠤᠳᠤᠭ᠋ᠠᠷ ᠵᠦᠢ᠍ᠯ᠎ᠤᠨ ᠲᠣᠭᠲᠠᠭ᠋ᠠᠯ ᠶᠣᠰᠣᠭ᠋ᠠᠷ᠂ ᠲᠣᠰ ᠬᠡᠷᠡᠭ᠎ᠨᠢ ᠭᠤᠷᠪᠠᠨ ᠲᠣᠨ᠎ᠠᠴᠠ ᠳᠡᠭᠡᠭᠰᠢ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠭᠰᠠᠨ᠂ ᠣᠷᠴᠢᠨ ᠲᠣᠭᠣᠷᠢᠨ᠎ᠢ ᠪᠣᠬᠢᠷᠲᠤᠭᠤᠯᠤᠭᠰᠠᠨ ᠶᠠᠯ᠎ᠠ᠎ᠪᠠᠷ ᠰᠡᠵᠢᠭᠯᠡᠭᠳᠡᠭᠰᠡᠨ ᠪᠠᠢ᠌ᠨ᠎ᠠ᠃ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ 2023 ᠣᠨ᠎ᠤ 6 ᠰᠠᠷ᠎ᠠ ᠵᠢᠨ 19᠎ᠤ ᠡᠳᠦᠷ ᠲᠣᠰ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠵᠦ᠂ 2023 ᠣᠨ᠎ᠤ 6 ᠰᠠᠷ᠎ᠠ ᠵᠢᠨ 26᠎ᠤ ᠡᠳᠦᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠬᠡᠷᠡᠭ ᠪᠣᠯᠭ᠋ᠠᠨ ᠳᠡᠩᠰᠡᠯᠡᠵᠦ ᠲᠠᠩᠨᠠᠨ ᠪᠠᠢ᠌ᠴᠠᠭ᠋ᠠᠵᠤ ᠳᠠᠭᠤᠰᠬᠠᠭ᠋ᠠᠳ᠂ ᠪᠠᠢ᠌ᠴᠠᠭ᠋ᠠᠬᠤ ᠬᠣᠷᠢᠶ᠎ᠠ᠎ᠳᠤ ᠰᠢᠯᠵᠢᠭᠦᠯᠦᠨ ᠲᠤᠰᠢᠶᠠᠵᠤ ᠰᠢᠢ᠍ᠳᠪᠦᠷᠢᠯᠡᠭᠦᠯᠪᠡ᠃
      《ᠰᠡᠩᠬᠡᠷᠡᠭᠦᠯᠬᠦ ᠠᠴᠢ ᠬᠣᠯᠪᠣᠭᠳᠠᠯ》
      ᠲᠣᠰ ᠬᠡᠷᠡᠭ᠎ᠲᠤ᠂ ᠠᠶᠤᠯᠲᠠᠢ ᠬᠠᠶᠠᠭᠳᠠᠮᠠᠯ ᠪᠣᠳᠠᠰ ᠠᠰᠬᠠᠵᠤ ᠴᠢᠳᠬᠤᠭᠰᠠᠨ ᠭᠠᠵᠠᠷ ᠠᠷᠤ ᠬᠣᠷᠴᠢᠨ ᠬᠣᠰᠢᠭᠤ ᠪᠣᠯ ᠲᠠᠷᠢᠶᠠᠯᠠᠩ ᠮᠠᠯ ᠠᠵᠤ ᠠᠬᠤᠢ᠎ᠪᠠᠷ ᠭᠣᠣᠯ ᠪᠣᠯᠭ᠋ᠠᠵᠤ᠂ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠴᠥᠭᠡᠨ᠂ ᠠᠶᠤᠯᠲᠠᠢ ᠬᠠᠶᠠᠭᠳᠠᠮᠠᠯ ᠪᠣᠳᠠᠰ ᠭᠠᠷᠭ᠋ᠠᠬᠤ ᠬᠡᠮᠵᠢᠶ᠎ᠡ ᠬᠠᠷᠢᠴᠠᠩᠭᠤᠢ ᠳᠣᠣᠷ᠎ᠠ ᠪᠠᠢ᠌ᠳᠠᠭ᠃ ᠭᠡᠪᠡᠴᠦ ᠬᠠᠷᠢᠶᠠᠲᠤ ᠭᠠᠵᠠᠷ᠎ᠤᠨ ᠬᠠᠤᠯᠢ ᠬᠡᠷᠡᠭᠵᠢᠭᠦᠯᠬᠦ ᠠᠵᠢᠯᠲᠠᠨ ᠰᠣᠨᠣᠷ ᠰᠡᠷᠡᠮᠵᠢ᠎ᠪᠠᠨ ᠶᠡᠷᠦ᠎ᠠᠴᠠ ᠰᠤᠯᠠᠷᠠᠭᠤᠯᠤᠯ ᠦᠭᠡᠢ ᠪᠠᠢ᠌ᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ ᠡᠳᠦᠷ ᠲᠤᠲᠤᠮ᠎ᠤᠨ ᠲᠣᠭᠣᠷᠢᠨ ᠪᠠᠢ᠌ᠴᠠᠭ᠋ᠠᠯᠲᠠ ᠬᠢᠳᠡᠭ ᠪᠠᠢ᠌ᠨ᠎ᠠ᠃ ᠠᠰᠠᠭᠤᠳᠠᠯ᠎ᠢ ᠢᠯᠡᠷᠡᠭᠦᠯᠦᠭᠰᠡᠨ᠎ᠤ ᠳᠠᠷᠠᠭ᠎ᠠ᠂ ᠡᠩ ᠲᠡᠷᠢᠭᠦᠨ᠎ᠳᠤ ᠠᠩᠬ᠎ᠠ ᠠᠯᠬᠤᠮ᠎ᠤᠨ ᠰᠤᠳᠤᠯᠤᠨ ᠮᠠᠭ᠋ᠠᠳᠯᠠᠬᠤ ᠠᠵᠢᠯ᠎ᠢ ᠥᠷᠨᠢᠭᠦᠯᠵᠦ᠂ ᠠᠰᠬᠠᠵᠤ ᠴᠢᠳᠬᠤᠭᠰᠠᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠠᠶᠤᠯᠲᠠᠢ ᠬᠠᠶᠠᠭᠳᠠᠮᠠᠯ ᠪᠣᠳᠠᠰ ᠵᠶ᠋ᠠᠷ ᠮᠠᠭ᠋ᠠᠳᠯᠠᠨ ᠲᠣᠭᠲᠠᠭ᠋ᠠᠭᠰᠠᠨ᠎ᠤ ᠳᠠᠷᠠᠭ᠎ᠠ᠂ ᠬᠠᠤᠯᠢ ᠬᠡᠷᠡᠭᠵᠢᠭᠦᠯᠬᠦ ᠠᠵᠢᠯᠲᠠᠨ ᠦᠳᠲᠡᠷ ᠲᠦᠷᠭᠡᠨ ᠬᠥᠳᠡᠯᠦᠯᠴᠡᠵᠦ᠂ ᠪᠠᠢ᠌ᠴᠠᠭ᠋ᠠᠨ ᠭᠡᠷᠡᠴᠢ ᠠᠪᠬᠤ᠂ ᠲᠤᠬᠠᠢ ᠵᠢᠨ ᠲᠠᠯᠠᠪᠤᠷ᠎ᠲᠤ ᠭᠡᠷᠡᠴᠢ᠎ᠪᠠᠨ ᠪᠠᠲᠤᠳᠬᠠᠬᠤ᠂ ᠲᠤᠬᠠᠢ ᠵᠢᠨ ᠲᠠᠯᠠᠪᠤᠷ᠎ᠲᠤ ᠬᠠᠢ᠌ᠨ ᠰᠢᠯᠭ᠋ᠠᠬᠤ᠂ ᠠᠶᠤᠯᠲᠠᠢ ᠬᠠᠶᠠᠭᠳᠠᠮᠠᠯ ᠪᠣᠳᠠᠰ᠎ᠢ ᠢᠯᠭ᠋ᠠᠨ ᠲᠣᠳᠣᠯᠠᠵᠤ ᠮᠠᠭ᠋ᠠᠳᠯᠠᠨ ᠲᠣᠭᠲᠠᠭ᠋ᠠᠬᠤ ᠵᠡᠷᠭᠡ ᠠᠯᠢ ᠤᠯᠠᠨ ᠠᠵᠢᠯ᠎ᠢ ᠦᠳᠲᠡᠷ ᠲᠦᠷᠭᠡᠨ ᠥᠷᠨᠢᠭᠦᠯᠵᠦ᠂ ᠬᠠᠤᠯᠢ ᠬᠡᠷᠡᠭᠵᠢᠭᠦᠯᠬᠦ ᠠᠵᠢᠯᠲᠠᠨ᠎ᠤ ᠠᠮᠢ ᠠᠬᠤᠢ ᠣᠷᠴᠢᠨ ᠲᠣᠭᠣᠷᠢᠨ᠎ᠢ ᠰᠠᠶ᠋ᠢᠲᠤᠷ ᠬᠠᠮᠠᠭ᠋ᠠᠯᠠᠬᠤ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠪᠠᠲᠤᠳᠬᠠᠬᠤ ᠵᠢ ᠦᠷᠭᠦᠯᠵᠢ ᠴᠢᠩᠭ᠋ᠠᠳᠬᠠᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠬᠠᠤᠯᠢ ᠬᠡᠷᠡᠭᠵᠢᠭᠦᠯᠬᠦ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠵᠢ ᠲᠡᠭᠡᠭᠰᠢᠯᠡᠬᠦᠯᠵᠦ᠂ ᠵᠠᠩᠭᠢᠯᠠᠭ᠎ᠠ ᠵᠢᠨ ᠦᠶ᠎ᠡ᠎ᠳᠤ ᠰᠢᠪᠲᠤᠯᠵᠤ ᠳᠡᠢ᠌ᠯᠬᠦ ᠮᠥᠷᠲᠡᠭᠡᠨ ᠢᠯᠠᠯᠲᠠ ᠣᠯᠵᠤ ᠳᠡᠢ᠌ᠯᠬᠦ ᠴᠢᠬᠤᠯᠠ ᠴᠢᠨᠠᠷ᠎ᠢ ᠢᠯᠡᠷᠡᠭᠦᠯᠪᠡ᠃
      [ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
      ᠬᠡᠷᠡᠭ ᠰᠢᠢ᠍ᠳᠪᠦᠷᠢᠯᠡᠭᠰᠡᠨ ᠨᠢᠭᠡᠴᠢ᠄ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤᠨ᠎ᠤ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠶᠡᠬᠡ ᠠᠩᠭᠢ
      ᠬᠡᠷᠡᠭ ᠰᠢᠢ᠍ᠳᠪᠦᠷᠢᠯᠡᠭᠴᠢ᠄ ᠴᠧᠨ ᠰᠢ᠂ ᠪᠠᠶᠠᠰᠬᠤᠯᠠᠩ
      ᠨᠡᠢ᠌ᠲᠡᠯᠢᠭ ᠬᠡᠷᠡᠭ᠎ᠤᠨ ᠵᠢᠱ᠌ᠢᠶ᠎ᠡ ᠶᠢᠰᠦ ᠲᠦᠩᠯᠢᠶᠣᠣ ᠬᠣᠲᠠ ᠵᠢᠨ ᠨᠢᠭᠡᠨ ᠮᠠᠰᠢᠨ ᠲᠡᠷᠭᠡ ᠰᠡᠯᠪᠢᠨ ᠵᠠᠰᠠᠬᠤ ᠭᠠᠵᠠᠷ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠬᠠᠶᠠᠭᠳᠠᠮᠠᠯ ᠭᠤᠯᠭᠤᠭᠤᠷ ᠲᠣᠰᠣ ᠵᠢ ᠳᠤᠷ᠎ᠠ᠎ᠪᠠᠷ ᠵᠶ᠋ᠠᠨ ᠣᠪᠣᠭ᠋ᠠᠯᠠᠨ ᠲᠠᠯᠪᠢᠵᠤ ᠨᠡᠪᠴᠢᠭᠦᠯᠦᠨ ᠭᠣᠭᠣᠵᠢᠭᠤᠯᠤᠭᠰᠠᠨ ᠬᠡᠷᠡᠭ
      [ᠬᠡᠷᠡᠭ᠎ᠤᠨ ᠪᠠᠶ᠋ᠢᠳᠠᠯ᠎ᠤᠨ ᠲᠣᠪᠴᠢ ᠲᠠᠨᠢᠯᠴᠠᠭᠤᠯᠭ᠎ᠠ]
      2023 ᠣᠨ᠎ᠤ 10 ᠰᠠᠷ᠎ᠠ ᠵᠢᠨ 11᠎ᠤ ᠡᠳᠦᠷ᠂ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠬᠠᠤᠯᠢ ᠬᠡᠷᠡᠭᠵᠢᠭᠦᠯᠬᠦ ᠠᠵᠢᠯᠲᠠᠨ ᠵᠢᠯᠣᠭᠣᠴᠢ ᠦᠭᠡᠢ ᠨᠢᠰᠬᠡᠯ᠎ᠤᠨ ᠨᠢᠰᠦᠯᠲᠡ ᠵᠢᠨ ᠪᠠᠢ᠌ᠴᠠᠭ᠋ᠠᠯᠲᠠ ᠬᠢᠬᠦ ᠳᠤᠮᠳᠠ᠂ ᠲᠦᠩᠯᠢᠶᠣᠣ ᠬᠣᠲᠠ ᠵᠢᠨ ᠬᠣᠷᠴᠢᠨ ᠲᠣᠭᠣᠷᠢᠭ᠎ᠤᠨ ᠨᠢᠭᠡᠨ ᠵᠡᠭᠡᠯᠢ ᠭᠤᠳᠤᠮᠵᠢ ᠵᠢᠨ ᠬᠣᠭᠣᠰᠤᠨ ᠭᠠᠵᠠᠷ᠎ᠲᠤ ᠮᠠᠰᠢ ᠤᠯᠠᠨ ᠲᠡᠮᠦᠷ ᠲᠣᠰᠣᠨ ᠰᠠᠭᠤᠯᠠᠭ᠎ᠠ ᠣᠪᠣᠭ᠋ᠠᠷᠠᠵᠤ ᠪᠠᠶ᠋ᠢᠬᠤ ᠵᠢ ᠣᠯᠵᠤ ᠮᠡᠳᠡᠭᠡᠳ᠂ ᠲᠡᠷᠡ ᠳᠠᠷᠤᠢ᠎ᠳᠤᠨᠢ ᠮᠠᠰᠢᠨ ᠲᠡᠷᠭᠡ᠎ᠪᠠᠷ ᠲᠤᠬᠠᠢ ᠵᠢᠨ ᠲᠠᠯᠠᠪᠤᠷ᠎ᠲᠤ ᠬᠦᠷᠴᠦ ᠬᠠᠢ᠌ᠨ ᠪᠠᠢ᠌ᠴᠠᠭ᠋ᠠᠯᠲᠠ ᠬᠢᠪᠡ᠃ ᠪᠠᠢ᠌ᠴᠠᠭ᠋ᠠᠯᠲᠠ᠎ᠪᠠᠷ ᠳᠡᠮᠵᠢᠨ ᠣᠯᠵᠤ ᠮᠡᠳᠡᠭᠰᠡᠨ᠎ᠨᠢ᠂ ᠡᠲᠡᠭᠡᠷ ᠲᠣᠰᠣᠨ ᠰᠠᠭᠤᠯᠠᠭ᠎ᠠ ᠵᠢ ᠣᠪᠣᠭ᠋ᠠᠯᠠᠨ ᠲᠠᠯᠪᠢᠵᠤ ᠪᠠᠢ᠌ᠭ᠎ᠠ᠎ᠨᠢ ᠨᠢᠭᠡᠨ ᠮᠠᠰᠢᠨ ᠲᠡᠷᠭᠡ ᠰᠡᠯᠪᠢᠨ ᠵᠠᠰᠠᠬᠤ ᠭᠠᠵᠠᠷ ᠪᠠᠢ᠌ᠵᠤ᠂ ᠲᠣᠰᠣᠨ ᠰᠠᠭᠤᠯᠠᠭ᠎ᠠ ᠵᠢᠨ ᠳᠣᠲᠣᠷ᠎ᠠ ᠬᠠᠶᠠᠭᠳᠠᠮᠠᠯ ᠭᠤᠯᠭᠤᠭᠤᠷ ᠲᠣᠰᠣ ᠰᠠᠪᠠᠯᠠᠵᠤ ᠪᠠᠢ᠌ᠬᠤ ᠪᠥᠭᠡᠳ ᠲᠡᠮᠦᠷ ᠲᠣᠰᠣᠨ ᠰᠠᠭᠤᠯᠠᠭ᠎ᠠ ᠵᠢ ᠣᠪᠣᠭ᠋ᠠᠯᠠᠨ ᠲᠠᠯᠪᠢᠵᠤ ᠪᠠᠢ᠌ᠭ᠎ᠠ ᠭᠠᠵᠠᠷ᠎ᠤᠨ ᠭᠠᠳᠠᠷᠭᠤ ᠳᠡᠭᠡᠷ᠎ᠡ ᠬᠠᠶᠠᠭᠳᠠᠮᠠᠯ ᠭᠤᠯᠭᠤᠭᠤᠷ ᠲᠣᠰᠣ ᠠᠰᠬᠠᠭᠰᠠᠨ ᠪᠤᠶᠤ ᠭᠣᠭᠣᠵᠢᠭᠰᠠᠨ ᠪᠠᠶ᠋ᠢᠳᠠᠯ᠎ᠲᠠᠢ ᠪᠠᠢ᠌ᠵᠤ᠂ ᠨᠡᠪᠴᠢᠬᠦ᠎ᠠᠴᠠ ᠰᠡᠷᠭᠡᠢ᠌ᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ ᠪᠠᠢ᠌ᠪᠠ᠃ 《ᠤᠯᠤᠰ᠎ᠤᠨ ᠠᠶᠤᠯᠲᠠᠢ ᠬᠠᠶᠠᠭᠳᠠᠮᠠᠯ ᠪᠣᠳᠠᠰ᠎ᠤᠨ ᠨᠡᠷᠡᠰ᠎ᠤᠨ ᠵᠢᠭᠰᠠᠭ᠋ᠠᠯᠲᠠ》 ᠵᠢᠨ ᠲᠣᠭᠲᠠᠭ᠋ᠠᠯ᠎ᠢ ᠦᠨᠳᠦᠰᠦᠯᠡᠪᠡᠯ᠂ ᠮᠠᠰᠢᠨᠲᠤ ᠲᠡᠷᠭᠡ ᠵᠢ ᠰᠡᠯᠪᠢᠨ ᠵᠠᠰᠠᠬᠤ ᠶᠠᠪᠤᠴᠠ᠎ᠳᠤ ᠪᠤᠢ ᠪᠣᠯᠤᠭᠰᠠᠨ ᠬᠠᠶᠠᠭᠳᠠᠮᠠᠯ ᠭᠤᠯᠭᠤᠭᠤᠷ ᠲᠣᠰᠣ ᠪᠣᠯ ᠠᠶᠤᠯᠲᠠᠢ ᠬᠠᠶᠠᠭᠳᠠᠮᠠᠯ ᠪᠣᠳᠠᠰ (ᠲᠥᠯᠥᠭᠡᠯᠡᠬᠦ ᠨᠣᠮᠧᠷ᠎ᠨᠢ 900—214—08)᠎ᠲᠤ ᠲᠣᠭ᠋ᠠᠴᠠᠭᠳᠠᠨ᠎ᠠ᠂ ᠲᠣᠰᠣᠨ ᠰᠠᠭᠤᠯᠠᠭ᠎ᠠ᠎ᠨᠢ ᠴᠤ᠌ ᠡᠷᠦᠳᠡᠰᠦ ᠵᠢᠨ ᠲᠣᠰᠣ ᠨᠠᠭ᠋ᠠᠯᠳᠤᠭᠰᠠᠨ ᠪᠣᠭᠣᠳᠠᠯ᠎ᠤᠨ ᠡᠳ᠋ ᠪᠣᠯᠬᠤ ᠪᠥᠭᠡᠳ ᠮᠥᠨ ᠠᠶᠤᠯᠲᠠᠢ ᠬᠠᠶᠠᠭᠳᠠᠮᠠᠯ ᠪᠣᠳᠠᠰ (ᠣᠷᠣᠯᠠᠬᠤ ᠨᠣᠮᠧᠷ᠎ᠨᠢ 900—249—08)᠎ᠲᠤ ᠲᠣᠭ᠋ᠠᠴᠠᠭᠳᠠᠨ᠎ᠠ᠃ ᠬᠠᠤᠯᠢ ᠬᠡᠷᠡᠭᠵᠢᠭᠦᠯᠬᠦ ᠠᠵᠢᠯᠲᠠᠨ ᠰᠡᠯᠪᠢᠨ ᠵᠠᠰᠠᠬᠤ ᠭᠠᠵᠠᠷ᠎ᠤᠨ ᠬᠠᠷᠢᠭᠤᠴᠠᠯᠭ᠋ᠠᠲᠠᠨ᠎ᠳᠤ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠬᠥᠮᠦᠵᠢᠯ ᠬᠢᠵᠦ᠂ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠪᠠᠨ ᠳᠠᠷᠤᠢ᠌ᠬᠠᠨ ᠵᠠᠯᠠᠷᠠᠭᠤᠯᠬᠤ ᠵᠢᠨ ᠬᠠᠮᠲᠤ ᠪᠣᠬᠢᠷᠲᠤᠯ᠎ᠢ ᠠᠷᠢᠯᠭ᠋ᠠᠬᠤ ᠬᠡᠷᠡᠭᠲᠡᠶ ᠭᠡᠵᠦ ᠱᠠᠭ᠋ᠠᠷᠳᠠᠵᠠᠢ᠃
      ᠲᠤᠰ ᠰᠡᠯᠪᠢᠨ ᠵᠠᠰᠠᠬᠤ ᠭᠠᠵᠠᠷ ᠲᠣᠰᠣᠨ ᠰᠠᠭᠤᠯᠠᠭ᠎ᠠ ᠵᠢᠴᠢ ᠡᠷᠭᠢᠨ ᠲᠣᠭᠣᠷᠢᠨ᠎ᠢ ᠴᠡᠪᠡᠷᠯᠡᠬᠦ ᠠᠵᠢᠯ᠎ᠢ ᠲᠡᠷᠡ ᠳᠠᠷᠤᠢ᠎ᠳᠤᠨᠢ ᠬᠢᠵᠦ ᠳᠠᠭᠤᠰᠬᠠᠬᠤ ᠵᠢᠨ ᠬᠠᠮᠲᠤ ᠪᠣᠬᠢᠷᠲᠤᠭᠰᠠᠨ ᠬᠥᠷᠥᠰᠥ ᠰᠢᠷᠣᠢ ᠵᠢ ᠬᠣᠷᠢᠶᠠᠨ ᠰᠠᠪᠠᠯᠠᠵᠤ᠂ ᠰᠠᠪᠠᠯᠠᠭᠰᠠᠨ ᠤᠭᠤᠲᠠ᠎ᠪᠠᠨ ᠬᠢᠷᠢ ᠬᠡᠮ᠎ᠲᠠᠢ ᠨᠢᠭᠡᠴᠢ᠎ᠳᠤ ᠲᠤᠰᠢᠶᠠᠨ ᠰᠢᠢ᠍ᠳᠪᠦᠷᠢᠯᠡᠭᠦᠯᠵᠡᠢ᠃
      [ᠪᠠᠢ᠌ᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ]
      ᠲᠤᠰ ᠮᠠᠰᠢᠨ ᠲᠡᠷᠭᠡ ᠰᠡᠯᠪᠢᠨ ᠵᠠᠰᠠᠬᠤ ᠭᠠᠵᠠᠷ᠎ᠨᠢ ᠠᠶᠤᠯᠲᠠᠢ ᠬᠠᠶᠠᠭᠳᠠᠮᠠᠯ ᠪᠣᠳᠠᠰ᠎ᠢ ᠨᠡᠪᠴᠢᠬᠦ ᠵᠢ ᠰᠡᠷᠭᠡᠢ᠌ᠯᠡᠬᠦ ᠠᠷᠭ᠎ᠠ ᠬᠡᠮᠵᠢᠶ᠎ᠡ ᠠᠪᠤᠭᠰᠠᠨ ᠦᠭᠡᠢ᠎ᠪᠠᠷ ᠭᠠᠵᠠᠷ ᠳᠡᠭᠡᠷ᠎ᠡ ᠳᠤᠷ᠎ᠠ᠎ᠪᠠᠷ ᠵᠶ᠋ᠠᠨ ᠣᠪᠣᠭ᠋ᠠᠯᠠᠭᠰᠠᠨ ᠠᠵᠢᠯᠯᠠᠭ᠎ᠠ᠎ᠨᠢ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠬᠣᠷᠢᠳᠤᠭ᠋ᠠᠷ ᠵᠦᠢ᠍ᠯ᠎ᠤᠨ ᠲᠣᠭᠲᠠᠭ᠋ᠠᠯ᠎ᠢ ᠵᠥᠷᠢᠴᠡᠭᠰᠡᠨ ᠪᠠᠢ᠌ᠨ᠎ᠠ᠃ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠢ ᠪᠣᠬᠢᠷᠲᠤᠭᠤᠯᠬᠤ ᠵᠢ ᠰᠡᠷᠭᠡᠢ᠌ᠯᠡᠨ ᠵᠠᠰᠠᠬᠤ ᠬᠠᠤᠯᠢ》 ᠵᠢᠨ ᠵᠠᠭᠤ ᠬᠣᠷᠢᠳᠤᠭ᠋ᠠᠷ ᠵᠦᠢ᠍ᠯ᠎ᠤᠨ ᠵᠢᠷᠭᠤᠳᠤᠭ᠋ᠠᠷ ᠵᠤᠷᠪᠤᠰ᠎ᠢ ᠦᠨᠳᠦᠰᠦᠯᠡᠨ᠂ 2023 ᠣᠨ᠎ᠤ 10 ᠰᠠᠷ᠎ᠠ ᠵᠢᠨ 16᠎ᠤ ᠡᠳᠦᠷ᠂ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠬᠠᠤᠯᠢ ᠶᠣᠰᠣᠭ᠋ᠠᠷ ᠬᠡᠷᠡᠭ᠎ᠢ ᠲᠤᠬᠠᠢ ᠵᠢᠨ ᠭᠠᠵᠠᠷ᠎ᠤᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠳᠤ ᠰᠢᠯᠵᠢᠭᠦᠯᠦᠨ ᠲᠤᠰᠢᠶᠠᠪᠠ᠃ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠳᠠᠷᠠᠭ᠎ᠠ ᠡᠳᠦᠷ᠎ᠨᠢ ᠲᠣᠰ ᠬᠡᠷᠡᠭ᠎ᠢ ᠭᠥᠯᠢᠶᠡᠨ ᠠᠪᠴᠤ ᠰᠢᠢ᠍ᠳᠪᠦᠷᠢᠯᠡᠵᠦ᠂ ᠬᠠᠷᠢᠭᠤᠴᠠᠯᠭ᠋ᠠᠲᠠᠨ᠎ᠳᠤ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠲᠦᠷ ᠬᠣᠷᠢᠬᠤ ᠠᠷᠭ᠎ᠠ ᠬᠡᠮᠵᠢᠶ᠎ᠡ ᠠᠪᠤᠭᠰᠠᠨ ᠪᠠᠢ᠌ᠨ᠎ᠠ᠃
      《ᠰᠡᠩᠬᠡᠷᠡᠭᠦᠯᠬᠦ ᠠᠴᠢ ᠬᠣᠯᠪᠣᠭᠳᠠᠯ》
      ᠲᠣᠰ ᠬᠡᠷᠡᠭ ᠪᠣᠯ ᠬᠠᠤᠯᠢ ᠬᠡᠷᠡᠭᠵᠢᠭᠦᠯᠬᠦ ᠠᠵᠢᠯᠲᠠᠨ ᠵᠢᠯᠣᠭᠣᠴᠢ ᠦᠭᠡᠢ ᠨᠢᠰᠬᠡᠯ᠎ᠤᠨ ᠨᠢᠰᠦᠯᠲᠡ ᠵᠢᠨ ᠪᠠᠢ᠌ᠴᠠᠭ᠋ᠠᠯᠲᠠ ᠬᠢᠬᠦ ᠦᠶ᠎ᠡ᠎ᠳᠤ ᠣᠯᠵᠤ ᠮᠡᠳᠡᠭᠰᠡᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠬᠡᠷᠡᠭ ᠪᠣᠯᠣᠨ᠎ᠠ᠃ ᠲᠣᠰ ᠰᠡᠯᠪᠢᠨ ᠵᠠᠰᠠᠬᠤ ᠭᠠᠵᠠᠷ᠎ᠤᠨ ᠬᠠᠶᠢᠭ᠎ᠨᠢ ᠨᠡᠯᠢᠶᠡᠳ ᠨᠢᠭᠤᠴᠠ ᠳᠠᠯᠳᠠ ᠪᠠᠢ᠌ᠵᠤ᠂ ᠬᠠᠤᠯᠢ ᠬᠡᠷᠡᠭᠵᠢᠭᠦᠯᠬᠦ ᠠᠵᠢᠯᠲᠠᠨ ᠵᠥᠪᠬᠡᠨ ᠲᠤᠬᠠᠢ ᠵᠢᠨ ᠲᠠᠯᠠᠪᠤᠷ᠎ᠲᠤ ᠵᠢᠭᠰᠠᠭ᠋ᠠᠨ ᠪᠠᠢ᠌ᠴᠠᠭ᠋ᠠᠬᠤ᠎ᠳᠤ ᠲᠦᠰᠢᠭᠯᠡᠭᠡᠳ ᠣᠯᠵᠤ ᠮᠡᠳᠡᠬᠦ᠎ᠳᠤ ᠲᠤᠩ ᠪᠡᠷᠬᠡ ᠪᠠᠢ᠌ᠳᠠᠭ᠃ ᠬᠠᠤᠯᠢ ᠬᠡᠷᠡᠭᠵᠢᠭᠦᠯᠬᠦ ᠠᠵᠢᠯᠲᠠᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠥᠬᠦᠭᠡᠷᠦᠮᠵᠢ ᠵᠢ ᠭᠦᠢ᠍ᠴᠡᠳ ᠠᠰᠢᠭᠯᠠᠨ ᠬᠠᠤᠯᠢ ᠬᠡᠷᠡᠭᠵᠢᠭᠦᠯᠦᠯᠲᠡ ᠵᠢᠨ ᠬᠢᠨᠠᠯᠲᠠ ᠪᠠᠢ᠌ᠴᠠᠭ᠋ᠠᠯᠲᠠ ᠬᠢᠬᠦ᠎ᠨᠢ ᠬᠠᠤᠯᠢ ᠬᠡᠷᠡᠭᠵᠢᠭᠦᠯᠬᠦ ᠠᠵᠢᠯ᠎ᠤᠨ ᠦᠷ᠎ᠡ ᠪᠦᠲᠦᠮᠵᠢ ᠵᠢ ᠶᠡᠬᠡ᠎ᠪᠠᠷ ᠳᠡᠭᠡᠭᠰᠢᠯᠡᠭᠦᠯᠵᠦ ᠴᠢᠳᠠᠬᠤ ᠮᠥᠷᠲᠡᠭᠡᠨ ᠪᠠᠰᠠ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ 《ᠨᠢᠭᠤᠨ ᠳᠠᠯᠳᠠᠯᠠᠵᠤ ᠳᠡᠢ᠌ᠯᠬᠦ ᠦᠭᠡᠢ》 ᠪᠣᠯᠭ᠋ᠠᠵᠤ ᠴᠢᠳᠠᠨ᠎ᠠ᠃ ᠵᠢᠯᠣᠭᠣᠴᠢ ᠦᠭᠡᠢ ᠨᠢᠰᠬᠡᠯ᠎ᠤᠨ ᠨᠢᠰᠦᠯᠲᠡ ᠵᠢᠨ ᠪᠠᠢ᠌ᠴᠠᠭ᠋ᠠᠯᠲᠠ ᠵᠡᠷᠭᠡ ᠲᠤᠬᠠᠢ ᠵᠢᠨ ᠲᠠᠯᠠᠪᠤᠷ᠎ᠤᠨ ᠪᠤᠰᠤ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠥᠷᠨᠢᠭᠦᠯᠬᠦ᠎ᠨᠢ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠬᠣᠯᠪᠣᠭᠳᠠᠯ ᠪᠦᠬᠦᠢ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ᠎ᠳᠤ ᠠᠰᠢᠭᠲᠠᠢ ᠪᠠᠢ᠌ᠵᠤ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠵᠢᠯ᠎ᠢ 《ᠤᠴᠢᠷ ᠦᠭᠡᠢ ᠪᠣᠯ ᠬᠠᠷᠰᠢᠯᠠᠬᠤ ᠦᠭᠡᠢ》 ᠪᠠᠢ᠌ᠯᠭ᠋ᠠᠬᠤ ᠵᠢᠨ ᠬᠠᠮᠲᠤ ᠪᠠᠰᠠ 《ᠤᠴᠢᠷ ᠪᠠᠢ᠌ᠪᠠᠯ ᠵᠠᠪᠠᠯ ᠮᠡᠳᠡᠬᠦ》 ᠪᠣᠯᠭ᠋ᠠᠬᠤ ᠵᠢ ᠪᠡᠶᠡᠯᠡᠭᠦᠯᠬᠦ᠎ᠳᠤ ᠠᠰᠢᠭᠲᠠᠢ ᠶᠤᠮ᠃
      [ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢᠨ ᠮᠠᠲ᠋ᠧᠷᠢᠶᠠᠯ]
      ᠬᠡᠷᠡᠭ ᠰᠢᠢ᠍ᠳᠪᠦᠷᠢᠯᠡᠭᠰᠡᠨ ᠨᠢᠭᠡᠴᠢ᠄ ᠲᠦᠩᠯᠢᠶᠣᠣ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ
      ᠬᠠᠤᠯᠢ ᠬᠡᠷᠡᠭᠵᠢᠭᠦᠯᠦᠭᠰᠡᠨ ᠠᠵᠢᠯᠲᠠᠨ᠄ ᠰᠦᠨ ᠴᠧᠨ ᠭᠤᠸᠠᠩ ᠵᠠᠩ ᠰᠧ ᠸᠧᠢ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (2)
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ ᠵᠢ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (3)
ᠰᠦᠨ ᠵᠢᠨ ᠯᠦᠩ᠄ ᠥᠭᠡᠷᠡᠴᠢᠯᠡᠯᠲᠡ᠎ᠪᠠᠷ ᠬᠥᠳᠡᠯᠭᠡᠬᠦ ᠬᠦᠴᠦᠨ ᠪᠣᠯᠭ᠋ᠠᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠤᠶ᠎ᠠ
ᠬᠠᠤᠯᠢ ᠬᠡᠷᠡᠭᠵᠢᠭᠦᠯᠬᠦ ᠶᠡᠷᠦᠩᠬᠡᠢ ᠠᠩᠭᠢ ᠵᠢᠨ ᠨᠠᠮ᠎ᠤᠨ ᠶᠡᠷᠦᠩᠬᠡᠢ ᠡᠭᠦᠷ ᠦᠨᠳᠦᠰᠦᠨ ᠬᠠᠤᠯᠢ ᠵᠢᠨ ᠤᠬᠠᠭᠤᠯᠭ᠎ᠠ ᠵᠢᠨ ᠭᠠᠷᠠᠭ᠎ᠤᠨ ᠭᠣᠣᠯ ᠰᠡᠳᠦᠪᠲᠦ ᠨᠠᠮ᠎ᠤᠨ ᠡᠳᠦᠷ᠎ᠤᠨ ᠠᠵᠢᠯᠯᠠᠭ᠎ᠠ ᠥᠷᠨᠢᠭᠦᠯᠪᠡ
ᠬᠥᠳᠡᠯᠮᠦᠷᠢ ᠦᠢ᠍ᠯᠡᠴᠢᠯᠡᠭᠡᠨ᠎ᠤ ᠨᠡᠷᠡᠲᠦ ᠲᠥᠷᠥᠯ ᠲᠡᠮᠳᠡᠭ ᠵᠶ᠋ᠡᠷ ᠠᠵᠢᠯ ᠣᠯᠭᠣᠯᠲᠠ ᠵᠢᠨ 《ᠠᠯᠲᠠᠨ ᠫᠠᠢ᠌ᠰᠠ》 ᠵᠢ ᠡᠭᠦᠳᠦᠨ᠎ᠡ
 
             蒙ICP备05000248号