ᠴᠧᠨ ᠰᠢ ᠪᠣᠯ ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠶᠡᠷᠦᠩᠬᠡᠢ᠌ᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠪᠤᠷᠢ ᠠᠩᠭᠢ ᠵᠢᠨ ᠠᠷᠤ ᠬᠣᠷᠴᠢᠨ ᠬᠣᠰᠢᠭᠤᠨ᠎ᠤ ᠶᠡᠬᠡ ᠠᠩᠭᠢ ᠵᠢᠨ ᠦᠨᠳᠦᠰᠦᠨ ᠱᠠᠲᠤᠨ᠎ᠤ ᠨᠢᠭᠡᠳᠦᠭᠡᠷ ᠹᠷᠣᠨᠲ᠎ᠤᠨ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠠᠩᠭᠢ ᠵᠢᠨ ᠭᠡᠰᠢᠭᠦᠨ ᠪᠣᠯᠣᠨ᠎ᠠ᠃ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠡᠩᠨᠡᠭᠡ᠎ᠳᠤ ᠣᠷᠣᠯᠴᠠᠭᠰᠠᠨ᠎ᠠᠴᠠ ᠨᠠᠭ᠋ᠠᠰᠢ᠂ ᠲᠡᠷᠡ ᠢᠮᠠᠭᠲᠠ ᠬᠠᠤᠯᠢ ᠬᠡᠷᠡᠭᠵᠢᠭᠦᠯᠬᠦ ᠡᠮᠦᠨ᠎ᠡ ᠹᠷᠣᠨᠲ᠎ᠲᠤ ᠭᠠᠪᠰᠢᠭ᠋ᠠᠢ᠌ᠯᠠᠵᠤ᠂ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ᠂ ᠱᠠᠯᠠᠪᠳᠠᠭᠤᠯᠤᠨ ᠪᠠᠢ᠌ᠴᠠᠭ᠋ᠠᠵᠤ ᠬᠠᠪᠰᠤᠷᠤᠨ ᠲᠡᠳᠬᠦᠬᠦ᠂ ᠵᠠᠬᠢᠳᠠᠯ ᠰᠣᠷᠪᠤᠯᠵᠢᠯᠠᠭ᠎ᠠ ᠵᠢ ᠡᠶᠡᠳᠡᠭᠦᠯᠦᠨ ᠰᠢᠢ᠍ᠳᠪᠦᠷᠢᠯᠡᠬᠦ ᠵᠡᠷᠭᠡ ᠡᠯ᠎ᠡ ᠵᠦᠢ᠍ᠯ᠎ᠤᠨ ᠠᠵᠢᠯ᠎ᠳᠤ ᠢᠳᠡᠪᠬᠢᠲᠡᠢ ᠣᠷᠣᠯᠴᠠᠵᠤ᠂ ᠨᠢᠭᠡᠨ ᠬᠠᠤᠯᠢ ᠬᠡᠷᠡᠭᠵᠢᠭᠦᠯᠬᠦ ᠰᠢᠨ᠎ᠡ ᠴᠡᠷᠢᠭ ᠪᠠᠢ᠌ᠭᠰᠠᠨ᠎ᠠᠴᠠ᠎ᠪᠠᠨ ᠠᠯᠬᠤᠮ ᠠᠯᠬᠤᠮ ᠵᠶ᠋ᠠᠷ ᠤᠨᠤᠯ᠎ᠳᠤ ᠨᠡᠪᠲᠡᠷᠡᠭᠰᠡᠨ᠂ ᠮᠡᠷᠭᠡᠵᠢᠯ᠎ᠳᠡᠭᠡᠨ ᠴᠠᠭ᠋ᠠᠷᠠᠭᠰᠠᠨ᠂ ᠬᠠᠤᠯᠢ ᠬᠡᠷᠡᠭᠵᠢᠭᠦᠯᠬᠦ᠎ᠪᠠᠷ ᠴᠢᠩᠭ᠎ᠠ ᠥᠨᠳᠥᠷ ᠬᠡᠪ ᠪᠣᠯᠪᠠᠰᠤᠷᠠᠯ᠎ᠲᠠᠢ ᠠᠮᠢ ᠠᠬᠤᠢ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠦᠭᠴᠢ ᠪᠣᠯᠤᠭᠰᠠᠨ ᠪᠠᠢ᠌ᠨ᠎ᠠ᠃
ᠲᠤᠬᠠᠢ᠌ᠯᠠᠭᠰᠠᠨ ᠠᠵᠢᠯ ᠵᠶ᠋ᠠᠨ ᠰᠤᠷᠤᠯᠴᠠᠵᠤ᠂ ᠤᠷ᠎ᠠ ᠴᠢᠳᠠᠪᠤᠷᠢ᠎ᠪᠠᠨ ᠳᠡᠭᠡᠭᠰᠢᠯᠡᠭᠦᠯᠵᠦ᠂ ᠵᠣᠷᠢᠭᠲᠠᠢ᠎ᠪᠠᠷ 《ᠰᠢᠨ᠎ᠡ ᠣᠳᠣᠨ》 ᠪᠣᠯᠪᠠ
ᠬᠠᠤᠯᠢ ᠬᠡᠷᠡᠭᠵᠢᠭᠦᠯᠬᠦ ᠠᠵᠢᠯ᠎ᠤᠨ ᠳᠤᠮᠳᠠ ᠲᠡᠷᠡ ᠬᠠᠷᠢᠶ᠎ᠠ ᠣᠷᠣᠨ᠎ᠤ᠎ᠪᠠᠨ ᠠᠮᠢ ᠠᠬᠤᠢ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠭᠣᠣᠯᠳᠠᠯᠭ᠎ᠠ ᠵᠢᠨ ᠲᠣᠭᠣᠷᠢᠨ᠎ᠳᠤ᠂ ᠪᠠᠢ᠌ᠴᠠᠭ᠋ᠠᠬᠤ ᠲᠥᠰᠥᠯ᠎ᠢ ᠨᠠᠷᠢᠨ ᠬᠢᠨᠠᠮᠠᠭ᠋ᠠᠢ ᠵᠣᠬᠢᠶᠠᠵᠤ᠂ ᠪᠠᠢ᠌ᠴᠠᠭ᠋ᠠᠬᠤ ᠭᠣᠣᠯᠳᠠᠯᠭ᠎ᠠ᠎ᠪᠠᠨ ᠨᠠᠷᠢᠯᠢᠭᠵᠢᠭᠤᠯᠤᠨ ᠡᠮᠬᠢᠯᠡᠪᠡ᠃ ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ᠂ ᠲᠡᠷᠡ ᠯᠣᠭᠢᠭ᠎ᠤᠨ ᠪᠦᠷᠢᠨ ᠪᠦᠲᠦᠨ ᠴᠢᠨᠠᠷ᠎ᠢ ᠴᠢᠬᠤᠯᠠᠴᠢᠯᠠᠳᠠᠭ ᠵᠶ᠋ᠠᠷ ᠪᠠᠷᠠᠬᠤ ᠦᠭᠡᠢ ᠪᠠᠰᠠ ᠭᠡᠷᠡᠴᠢ ᠪᠠᠷᠢᠮᠲᠠ ᠵᠢᠨ ᠪᠦᠷᠢᠨ ᠭᠦᠢ᠍ᠴᠡᠳ ᠴᠢᠨᠠᠷ᠎ᠢ ᠠᠩᠬᠠᠷᠴᠤ᠂ ᠵᠢᠷᠤᠮ᠎ᠤᠨ ᠳᠦᠷᠢᠮᠵᠢᠯᠲᠦ ᠴᠢᠨᠠᠷ᠎ᠢ ᠴᠢᠬᠤᠯᠠᠴᠢᠯᠠᠵᠤ᠂ ᠥᠴᠥᠬᠡᠨ ᠴᠦ᠍ ᠣᠰᠣᠯᠳᠠᠬᠤ ᠦᠭᠡᠢ᠂ ᠨᠢᠭᠲᠠ᠎ᠠᠴᠠ ᠨᠢᠭᠲᠠ ᠪᠠᠶ᠋ᠢᠬᠤ᠎ᠪᠠᠷ ᠴᠢᠷᠮᠠᠢ᠌ᠵᠠᠢ᠂ ᠲᠡᠭᠦᠨ᠎ᠤ ᠰᠢᠢ᠍ᠳᠪᠦᠷᠢᠯᠡᠭᠰᠡᠨ ᠬᠡᠷᠡᠭ᠎ᠲᠤ ᠵᠠᠰᠠᠭ ᠵᠠᠬᠢᠷᠭ᠋ᠠᠨ᠎ᠤ ᠳᠠᠬᠢᠨ ᠵᠥᠪᠯᠡᠯᠲᠡ ᠪᠠ ᠵᠠᠰᠠᠭ ᠵᠠᠬᠢᠷᠭ᠋ᠠᠨ᠎ᠤ ᠵᠠᠷᠭᠤ ᠭᠡᠵᠦ ᠨᠢᠭᠡ ᠴᠦ᠍ ᠪᠠᠶ᠋ᠢᠬᠤ ᠦᠭᠡᠢ᠃
ᠬᠡᠳᠦᠶ᠋ᠢᠪᠡᠷ ᠲᠡᠭᠦᠨ᠎ᠤ ᠪᠠᠢ᠌ᠭ᠎ᠠ ᠭᠠᠵᠠᠷ ᠣᠷᠣᠨ᠎ᠨᠢ ᠲᠠᠷᠢᠶᠠᠯᠠᠩ ᠮᠠᠯ ᠠᠵᠤ ᠠᠬᠤᠢ᠎ᠪᠠᠷ ᠭᠣᠣᠯ ᠪᠣᠯᠭ᠋ᠠᠭᠰᠠᠨ᠂ ᠠᠵᠤ ᠦᠢ᠍ᠯᠡᠳᠪᠦᠷᠢ ᠠᠵᠤ ᠠᠬᠤᠢ᠌ᠯᠠᠯ ᠴᠥᠭᠡᠨ᠂ ᠠᠶᠤᠯᠲᠠᠢ ᠬᠠᠶᠠᠭᠳᠠᠮᠠᠯ ᠪᠣᠳᠠᠰ᠎ᠤᠨ ᠭᠠᠷᠤᠯᠲᠠ ᠵᠢᠨ ᠬᠡᠮᠵᠢᠶ᠎ᠡ ᠴᠦ᠍ ᠮᠠᠰᠢ ᠳᠣᠣᠷ᠎ᠠ᠂ ᠭᠡᠪᠡᠴᠦ ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠤᠰᠬᠠᠢ ᠠᠵᠢᠯᠯᠠᠭ᠎ᠠ ᠥᠷᠨᠢᠭᠦᠯᠬᠦ ᠳᠤᠮᠳᠠ᠂ ᠲᠡᠷᠡ ᠥᠪᠡᠷ ᠵᠶ᠋ᠡᠨ ᠶᠡᠷᠦ᠎ᠠᠴᠠ ᠰᠣᠨᠣᠷ ᠰᠡᠷᠡᠮᠵᠢ᠎ᠪᠠᠨ ᠰᠤᠯᠠᠷᠠᠭᠤᠯᠤᠭᠰᠠᠨ ᠦᠭᠡᠢ᠂ ᠬᠠᠷᠢᠶᠠᠲᠤ ᠣᠷᠣᠨ᠎ᠤ ᠳᠣᠲᠣᠷᠠᠬᠢ ᠠᠶᠤᠯᠲᠠᠢ ᠬᠠᠶᠠᠭᠳᠠᠮᠠᠯ ᠪᠣᠳᠠᠰ᠎ᠢ ᠦᠢ᠍ᠯᠡᠳᠪᠦᠷᠢᠯᠡᠬᠦ᠂ ᠬᠠᠳᠠᠭ᠋ᠠᠯᠠᠬᠤ᠂ ᠲᠡᠭᠡᠭᠡᠪᠦᠷᠢᠯᠡᠬᠦ ᠪᠠ ᠰᠢᠢ᠍ᠳᠪᠦᠷᠢᠯᠡᠬᠦ ᠭᠣᠭᠴᠣᠭ᠎ᠠ ᠵᠢ ᠲᠤᠬᠠᠢ ᠵᠢᠨ ᠲᠠᠯᠠᠪᠤᠷᠲᠤᠨᠢ ᠪᠥᠬᠥ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠬᠤ ᠵᠢᠨ ᠬᠠᠮᠲᠤ᠂ ᠵᠢᠯᠣᠭᠣᠴᠢ ᠦᠭᠡᠢ ᠨᠢᠰᠬᠡᠯ ᠵᠡᠷᠭᠡ ᠲᠣᠨᠣᠭ ᠲᠥᠬᠦᠭᠡᠷᠦᠮᠵᠢ ᠵᠢ ᠬᠡᠷᠡᠭᠯᠡᠨ ᠬᠠᠶᠠᠭᠳᠠᠮᠠᠯ ᠦᠢ᠍ᠯᠡᠳᠪᠦᠷᠢ ᠵᠢᠨ ᠲᠣᠭᠣᠷᠢᠭ᠂ ᠦᠢ᠍ᠯᠡᠳᠪᠦᠷᠢ ᠵᠢᠨ ᠪᠠᠢ᠌ᠰᠢᠩ᠂ ᠠᠭᠤᠷᠬᠠᠢ ᠵᠢᠨ ᠨᠦᠬᠡ ᠵᠢᠴᠢ ᠪᠤᠢ᠌ᠳᠠ ᠪᠥᠭᠯᠡᠭᠦᠦ ᠭᠣᠣᠯ ᠮᠥᠷᠡᠨ᠂ ᠭᠣᠣ ᠭᠠᠩᠭ᠎ᠠ᠂ ᠬᠥᠮᠥᠨ ᠦᠭᠡᠢ ᠬᠦᠷᠢᠶ᠎ᠡ ᠬᠠᠰᠢᠶ᠎ᠠ ᠵᠡᠷᠭᠡ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠭᠠᠷᠭ᠋ᠠᠬᠤ᠂ ᠬᠠᠳᠠᠭ᠋ᠠᠯᠠᠬᠤ᠂ ᠠᠰᠢᠭᠯᠠᠬᠤ᠂ ᠰᠢᠢ᠍ᠳᠪᠦᠷᠢᠯᠡᠬᠦ ᠠᠵᠢᠯ᠎ᠢ ᠬᠢᠵᠦ ᠮᠡᠳᠡᠬᠦ ᠲᠠᠯᠠᠪᠤᠷ ᠭᠠᠵᠠᠷ᠎ᠲᠤ ᠤᠯᠠᠨ ᠲᠠᠯ᠎ᠠ᠎ᠠᠴᠠ ᠲᠣᠭᠣᠷᠢᠨ ᠪᠠᠢ᠌ᠴᠠᠭ᠋ᠠᠯᠲᠠ ᠬᠢᠪᠡ᠃ ᠨᠢᠭᠡ ᠤᠳᠠᠭ᠋ᠠᠨ᠎ᠤ ᠬᠣᠣᠰ ᠲᠣᠬᠢᠶᠠᠯᠳᠤᠯ ᠵᠶ᠋ᠠᠷ ᠲᠤᠬᠠᠢ ᠵᠢᠨ ᠲᠠᠯᠠᠪᠠᠢ᠎ᠳᠤ ᠪᠠᠢ᠌ᠴᠠᠭ᠋ᠠᠯᠲᠠ ᠬᠢᠬᠦ ᠶᠠᠪᠤᠴᠠ᠎ᠳᠤ᠂ ᠲᠡᠷᠡ ᠵᠢᠯᠣᠭᠣᠴᠢ ᠦᠭᠡᠢ ᠨᠢᠰᠬᠡᠯ᠎ᠢ ᠠᠰᠢᠭᠯᠠᠨ ᠨᠤᠲᠤᠭ ᠪᠡᠯᠴᠢᠭᠡᠷ ᠳᠡᠭᠡᠷ᠎ᠡ᠎ᠠᠴᠠ ᠬᠠᠶᠠᠭᠳᠠᠮᠠᠯ ᠲᠣᠰᠣ ᠰᠢᠪᠠᠷ᠎ᠤᠨ ᠠᠶᠤᠯᠲᠠᠢ ᠬᠠᠶᠠᠭᠳᠠᠮᠠᠯ ᠪᠣᠳᠠᠰ᠎ᠢ ᠬᠠᠤᠯᠢ ᠪᠤᠰᠤ᠎ᠪᠠᠷ ᠴᠢᠳᠬᠤᠭᠰᠠᠨ ᠰᠦᠪᠡᠭᠴᠢ ᠵᠢ ᠢᠯᠡᠷᠡᠭᠦᠯᠦᠭᠰᠡᠨ ᠪᠥᠭᠡᠳ ᠭᠦᠨᠵᠡᠭᠡᠢ ᠬᠠᠢ᠌ᠨ ᠪᠠᠢ᠌ᠴᠠᠭ᠋ᠠᠬᠤ᠎ᠪᠠᠷ ᠳᠠᠮᠵᠢᠭᠤᠯᠵᠤ᠂ ᠰᠦᠪᠡᠭᠴᠢ ᠵᠢ ᠲᠠᠰᠤᠷᠠᠯᠳᠡ ᠦᠭᠡᠢ ᠭᠦᠨ ᠠᠭᠤᠳᠠᠯᠵᠤ᠂ ᠡᠴᠦᠰ᠎ᠲᠡᠭᠡᠨ ᠰᠡᠵᠢᠭᠲᠡᠨ᠎ᠢ ᠲᠣᠭᠲᠠᠭ᠋ᠠᠬᠤ ᠵᠢᠨ ᠬᠠᠮᠲᠤ ᠭᠡᠷᠡᠴᠢ ᠪᠠᠷᠢᠮᠲᠠ ᠵᠢ ᠲᠣᠭᠲᠠᠪᠤᠷᠢᠵᠢᠭᠤᠯᠵᠤ᠂ ᠠᠶᠤᠯᠲᠠᠢ ᠬᠠᠶᠠᠭᠳᠠᠮᠠᠯ ᠪᠣᠳᠠᠰ᠎ᠢ ᠴᠢᠳᠬᠤᠭᠰᠠᠨ ᠡᠷᠡᠭᠦᠦ ᠵᠢᠨ ᠬᠡᠷᠡᠭ᠎ᠢ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠳᠤ ᠤᠷᠤᠭᠰᠢᠲᠠᠢ᠎ᠪᠠᠷ ᠰᠢᠯᠵᠢᠭᠦᠯᠦᠨ ᠬᠦᠷᠭᠡᠪᠡ᠃
ᠪᠣᠳᠠᠲᠠᠢ ᠠᠵᠢᠯᠯᠠᠬᠤ ᠵᠢ ᠯᠠ ᠡᠷᠬᠢᠮᠯᠡᠵᠦ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠳᠡᠭ
ᠲᠤᠬᠠᠢ᠌ᠯᠠᠭᠰᠠᠨ ᠠᠵᠢᠯ᠎ᠤᠨ ᠭᠣᠣᠯᠯᠠᠭᠴᠢ ᠪᠣᠯᠤᠭᠰᠠᠨ᠎ᠤ ᠬᠤᠪᠢ᠎ᠳᠤ᠂ ᠲᠡᠷᠡ ᠭᠣᠣᠯᠳᠠᠯᠭ᠎ᠠ᠎ᠲᠠᠢ ᠣᠷᠣᠨ ᠪᠦᠰᠡ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠣᠯᠠᠨᠲᠠ ᠣᠷᠣᠯᠴᠠᠵᠤ᠂ ᠠᠵᠢᠯ᠎ᠤᠨ ᠳᠤᠮᠳᠠ᠎ᠪᠠᠨ ᠲᠡᠷᠡ ᠠᠶᠤᠯ ᠲᠦᠭᠰᠢᠭᠦᠷᠢ᠎ᠠᠴᠠ ᠠᠶᠤᠬᠤ ᠦᠭᠡᠢ᠂ ᠵᠣᠷᠢᠭᠲᠠᠢ᠎ᠪᠠᠷ ᠬᠠᠷᠢᠭᠤᠴᠠᠯᠭ᠎ᠠ ᠡᠭᠦᠷᠭᠡᠯᠡᠵᠦ᠂ ᠨᠠᠷᠢᠨ ᠬᠢᠨᠠᠮᠠᠭ᠋ᠠᠢ ᠵᠢᠭᠰᠠᠭ᠋ᠠᠨ ᠪᠠᠢ᠌ᠴᠠᠭ᠋ᠠᠵᠤ᠂ ᠬᠤᠯᠠᠩᠳᠤ ᠠᠪᠠᠷᠢᠬᠤ᠂ ᠰᠤᠪᠤᠷᠭ᠎ᠠ ᠵᠢᠨ ᠣᠷᠣᠢ᠎ᠳᠤ ᠭᠠᠷᠬᠤ᠂ ᠭᠠᠳᠠᠭᠰᠢᠯᠠᠭᠤᠯᠬᠤ ᠠᠮᠠᠰᠠᠷ᠎ᠢ ᠪᠠᠢ᠌ᠴᠠᠭ᠋ᠠᠬᠤ ᠪᠣᠯ ᠠᠵᠢᠯ᠎ᠤᠨ ᠬᠡᠪ᠎ᠤᠨ ᠪᠠᠶ᠋ᠢᠳᠠᠯ ᠪᠣᠯᠵᠠᠢ᠃ ᠬᠡᠰᠡᠭ ᠠᠵᠤ ᠠᠬᠤᠢ᠌ᠯᠠᠯ᠎ᠳᠤ ᠪᠣᠬᠢᠷᠲᠤᠯ᠎ᠢ ᠰᠡᠷᠭᠡᠢ᠌ᠯᠡᠨ ᠵᠠᠰᠠᠬᠤ ᠲᠥᠬᠦᠭᠡᠷᠦᠮᠵᠢ ᠵᠢᠨ ᠬᠡᠪ᠎ᠤᠨ ᠪᠤᠰᠤ᠎ᠪᠠᠷ ᠠᠵᠢᠯᠯᠠᠬᠤ᠂ ᠰᠦᠯᠵᠢᠶᠡᠨ ᠳᠡᠭᠡᠷ᠎ᠡ ᠬᠢᠨᠠᠨ ᠡᠵᠡᠮᠳᠡᠬᠦ ᠬᠡᠪ᠎ᠤᠨ ᠪᠤᠰᠤ᠎ᠪᠠᠷ ᠠᠵᠢᠯᠯᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠣᠷᠣᠰᠢᠵᠤ ᠪᠠᠶ᠋ᠢᠬᠤ ᠵᠢ ᠢᠯᠡᠷᠡᠭᠦᠯᠬᠦ ᠵᠢᠨ ᠬᠠᠮᠲᠤ ᠪᠠᠢ᠌ᠴᠠᠭ᠋ᠠᠨ ᠲᠣᠳᠣᠯᠠᠵᠤ᠂ 2024 ᠣᠨ᠎ᠤ 1 ᠰᠠᠷ᠎ᠠ ᠵᠢᠨ ᠨᠢᠭᠡᠳᠦᠭᠡᠷ ᠡᠭᠡᠯᠵᠢ ᠵᠢᠨ ᠠᠭ᠋ᠠᠷ᠎ᠤᠨ ᠶᠠᠰᠤ ᠴᠢᠨᠠᠷ᠎ᠢ ᠰᠠᠢ᠌ᠵᠢᠷᠠᠭᠤᠯᠬᠤ᠎ᠳᠤ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ ᠠᠵᠢᠯ᠎ᠳᠤ ᠲᠡᠭᠦᠨ᠎ᠤ ᠪᠠᠢ᠌ᠭ᠎ᠠ ᠲᠤᠰᠬᠠᠢ ᠮᠡᠷᠭᠡᠵᠢᠯ᠎ᠤᠨ 5 ᠳᠤᠭᠤᠢ᠌ᠯᠠᠩ᠎ᠨᠢ ᠪᠦᠯᠬᠦᠮ᠎ᠤᠨ ᠨᠢᠭᠡᠳᠦᠭᠡᠷ ᠬᠢᠷᠢ ᠪᠦᠲᠦᠮᠵᠢ ᠵᠢ ᠣᠯᠵᠠᠢ᠂ ᠲᠡᠭᠦᠨ᠎ᠤ ᠬᠤᠪᠢ ᠬᠥᠮᠥᠨ᠎ᠨᠢ ᠴᠦ᠍ ᠲᠣᠪᠣᠢ᠌ᠮ᠎ᠠ ᠢᠯᠡᠷᠡᠯ᠎ᠲᠠᠢ᠎ᠠᠴᠠ ᠪᠣᠯᠵᠤ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠵᠠᠷᠯᠠᠨ ᠰᠠᠢ᠌ᠰᠢᠶᠠᠯ᠎ᠢ ᠣᠯᠣᠭᠰᠠᠨ ᠪᠠᠢ᠌ᠵᠠᠢ᠃
ᠲᠤᠰ ᠨᠥᠬᠥᠷ᠎ᠤᠨ ᠬᠡᠷᠡᠭ᠎ᠤᠨ ᠡᠪᠬᠡᠮᠡᠯ᠎ᠢ ᠪᠠᠢ᠌ᠴᠠᠭ᠋ᠠᠨ ᠰᠢᠢ᠍ᠳᠪᠦᠷᠢᠯᠡᠬᠦ᠂ ᠬᠢᠨᠠᠯᠲᠠ ᠲᠠᠯᠪᠢᠵᠤ ᠬᠠᠪᠰᠤᠷᠤᠨ ᠲᠡᠳᠬᠦᠬᠦ᠂ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠰᠢᠢ᠍ᠳᠪᠦᠷᠢᠯᠡᠬᠦ᠂ ᠪᠣᠳᠠᠲᠤ ᠪᠠᠢ᠌ᠯᠳᠤᠭ᠋ᠠᠨ᠎ᠤ ᠮᠥᠷᠥᠢ᠌ᠴᠡᠭᠡᠨ᠎ᠤ ᠢᠯᠡᠷᠡᠯ ᠵᠡᠷᠭᠡ ᠲᠠᠯ᠎ᠠ᠎ᠪᠠᠷ᠎ᠬᠢ ᠶᠡᠷᠦᠩᠬᠡᠢ ᠢᠯᠡᠷᠡᠯ᠎ᠢ ᠦᠨᠳᠦᠰᠦᠯᠡᠨ᠂ 2023 ᠣᠨ᠎ᠳᠤ ᠢᠯᠡᠷᠡᠯ ᠲᠣᠪᠣᠢ᠌ᠮ᠎ᠠ ᠬᠤᠪᠢ ᠬᠥᠮᠥᠨ᠎ᠤ ᠬᠤᠪᠢ᠎ᠪᠠᠷ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠤᠨ ᠰᠢᠯᠭ᠋ᠠᠷᠠᠭᠤᠯᠤᠯᠲᠠ᠎ᠳᠤ ᠣᠷᠣᠯᠴᠠᠭᠰᠠᠨ ᠪᠥᠭᠡᠳ ᠪᠦᠬᠦ ᠤᠯᠤᠰ᠎ᠤᠨ ᠬᠠᠤᠯᠢ ᠬᠡᠷᠡᠭᠵᠢᠭᠦᠯᠬᠦ ᠶᠡᠬᠡ ᠪᠣᠯᠪᠠᠰᠤᠷᠠᠯ᠎ᠤᠨ ᠢᠯᠡᠷᠡᠯ ᠲᠣᠪᠣᠢ᠌ᠮ᠎ᠠ ᠬᠤᠪᠢ ᠬᠥᠮᠥᠨ᠎ᠤ ᠢᠷᠠᠭᠤ ᠠᠯᠳᠠᠷ᠎ᠤᠨ ᠴᠣᠯᠠ ᠵᠢ ᠬᠦᠷᠲᠡᠵᠡᠢ᠃