ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠪᠥᠬᠥ ᠨᠡᠢ᠌ᠭᠡᠮ ᠵᠶ᠋ᠡᠷ ᠵᠶ᠋ᠡᠨ ᠠᠮᠢ ᠠᠬᠤᠢ ᠣᠷᠴᠢᠨ ᠲᠣᠭᠣᠷᠢᠨ ᠵᠶ᠋ᠡᠨ ᠬᠠᠮᠲᠤ᠎ᠪᠠᠷ ᠬᠠᠢ᠌ᠷᠠᠯᠠᠨ ᠬᠠᠮᠠᠭ᠋ᠠᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠶ᠎ᠡ (ᠠᠷᠠᠳ᠎ᠤᠨ ᠡᠳᠦᠷ᠎ᠤᠨ ᠰᠣᠨᠢᠨ)
ᠨᠡᠶ᠋ᠢᠲᠡᠯᠡᠭᠰᠡᠨ ᠴᠠᠭ᠄ 2024-06-28

      ᠠᠮᠢ ᠠᠬᠤᠢ ᠵᠢᠨ ᠪᠣᠯᠪᠠᠰᠤᠨ ᠪᠣᠯ ᠠᠷᠠᠳ ᠤᠯᠠᠨ᠎ᠤ ᠬᠠᠮᠲᠤ᠎ᠪᠠᠷ ᠣᠷᠣᠯᠴᠠᠵᠤ ᠬᠠᠮᠲᠤ᠎ᠪᠠᠷ ᠪᠦᠲᠦᠭᠡᠨ ᠪᠠᠢ᠌ᠭᠤᠯᠵᠤ ᠬᠠᠮᠲᠤ᠎ᠪᠠᠷ ᠡᠳ᠋ᠯᠡᠬᠦ ᠦᠢ᠍ᠯᠡᠰ ᠮᠥᠨ᠂ ᠬᠥᠮᠥᠨ ᠪᠦᠬᠦᠨ ᠴᠥᠮ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠭᠴᠢ᠂ ᠪᠦᠲᠦᠭᠡᠨ ᠪᠠᠢ᠌ᠭᠤᠯᠤᠭᠴᠢ᠂ ᠠᠰᠢᠭ ᠬᠦᠷᠲᠡᠭᠴᠢ ᠮᠥᠨ᠃ ᠡᠨᠡ ᠵᠢᠯ᠎ᠤᠨ 6 ᠰᠠᠷ᠎ᠠ ᠵᠢᠨ 5᠎ᠤ ᠣᠷᠴᠢᠨ ᠲᠣᠭᠣᠷᠢᠨ᠎ᠤ ᠡᠳᠦᠷ᠎ᠠᠴᠠ ᠡᠮᠦᠨᠡᠬᠡᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ 9 ᠰᠠᠯᠠᠭ᠎ᠠ ᠮᠥᠴᠢᠷ ᠬᠠᠮᠲᠤᠷᠠᠨ ᠠᠵᠢᠯ᠎ᠤᠨ ᠲᠥᠰᠥᠯ ᠳᠠᠷᠤᠮᠠᠯᠯᠠᠨ ᠲᠠᠷᠬᠠᠭ᠋ᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠬᠦ ᠠᠷᠠᠳ᠎ᠢ ᠪᠦᠲᠦᠭᠡᠨ ᠪᠠᠢ᠌ᠭᠤᠯᠬᠤ ᠠᠵᠢᠯᠯᠠᠭ᠎ᠠ ᠵᠢ ᠠᠬᠢᠭᠤᠯᠵᠤ᠂ ᠪᠦᠬᠦ ᠨᠡᠢ᠌ᠭᠡᠮ ᠵᠶ᠋ᠡᠷ ᠵᠶ᠋ᠡᠨ ᠠᠮᠢ ᠠᠬᠤᠢ ᠣᠷᠴᠢᠨ ᠲᠣᠭᠣᠷᠢᠨ᠎ᠢ ᠬᠠᠮᠲᠤᠪᠠᠷ ᠬᠠᠢ᠌ᠷᠠᠯᠠᠨ ᠬᠠᠮᠠᠭ᠋ᠠᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠬᠥᠭᠵᠢᠭᠡᠪᠡ᠃
      ᠡᠨᠡ ᠵᠢᠯ᠎ᠤᠨ ᠵᠢᠷᠭᠤᠭ᠋ᠠᠨ ᠰᠠᠷ᠎ᠠ ᠵᠢᠨ ᠲᠠᠪᠤᠨ᠎ᠤ ᠡᠳᠦᠷ᠎ᠤᠨ ᠡᠮᠦᠨᠡᠬᠡᠨ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠲᠥᠪ᠎ᠤᠨ ᠨᠡᠢ᠌ᠭᠡᠮ᠎ᠤᠨ ᠠᠵᠢᠯ᠎ᠤᠨ ᠶᠠᠮᠤᠨ᠂ ᠲᠥᠪ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ ᠵᠡᠷᠭᠡ 9 ᠰᠠᠯᠠᠭ᠎ᠠ ᠮᠥᠴᠢᠷ ᠬᠠᠮᠲᠤᠷᠠᠨ 《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠤᠷᠤᠭᠯᠠᠭᠴᠢ〉 ᠭᠡᠬᠦ ᠰᠢᠷᠢᠰ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠠᠵᠢᠯ᠎ᠤᠨ ᠲᠥᠰᠥᠯ》 (ᠳᠣᠷᠣᠭᠰᠢ 《ᠠᠵᠢᠯ᠎ᠤᠨ ᠲᠥᠰᠥᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠬᠦ ᠠᠷᠠᠳ᠎ᠢ ᠪᠦᠲᠦᠭᠡᠨ ᠪᠠᠢ᠌ᠭᠤᠯᠬᠤ ᠠᠵᠢᠯᠯᠠᠭ᠎ᠠ ᠵᠢ ᠠᠬᠢᠭᠤᠯᠵᠤ᠂ ᠪᠦᠬᠦ ᠨᠡᠢ᠌ᠭᠡᠮ ᠵᠶ᠋ᠡᠷ ᠵᠶ᠋ᠡᠨ ᠠᠮᠢ ᠠᠬᠤᠢ ᠣᠷᠴᠢᠨ ᠲᠣᠭᠣᠷᠢᠨ᠎ᠢ ᠬᠠᠢ᠌ᠷᠠᠯᠠᠨ ᠬᠠᠮᠠᠭ᠋ᠠᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠲᠠᠰᠤᠷᠠᠯᠲᠠ ᠦᠭᠡᠢ ᠬᠥᠭᠵᠢᠭᠡᠪᠡ᠃
      6 ᠰᠠᠷ᠎ᠠ ᠵᠢᠨ 5᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠲᠥᠪ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠭᠤᠸᠠᠩᠰᠢ ᠵᠢᠨ ᠵᠤᠸᠠᠩ ᠦᠨᠳᠦᠰᠦᠲᠡᠨ᠎ᠤ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠲᠠᠢ ᠬᠠᠮᠲᠤᠷᠠᠨ ᠨᠠᠨᠨᠢᠩ ᠬᠣᠲᠠ᠎ᠳᠤ 2024 ᠣᠨ᠎ᠤ 6 ᠰᠠᠷ᠎ᠠ ᠵᠢᠨ 5᠎ᠤ ᠡᠳᠦᠷ᠎ᠤᠨ ᠤᠯᠤᠰ᠎ᠤᠨ ᠭᠣᠣᠯ ᠲᠠᠯᠠᠪᠤᠷ᠎ᠤᠨ ᠠᠵᠢᠯᠯᠠᠭ᠎ᠠ ᠵᠢ ᠡᠷᠭᠢᠯᠡᠪᠡ᠃ ᠠᠵᠢᠯᠯᠠᠭ᠎ᠠ ᠵᠢᠨ ᠲᠤᠬᠠᠢ ᠵᠢᠨ ᠲᠠᠯᠠᠪᠠᠢ᠎ᠳᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠰᠢᠷᠢᠰ ᠠᠵᠢᠯᠯᠠᠭ᠎ᠠ ᠵᠢ ᠡᠬᠢᠯᠡᠭᠦᠯᠵᠦ᠂ 2024 ᠣᠨ᠎ᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠠᠵᠢᠯᠯᠠᠭᠴᠢ》 ᠭᠡᠬᠦ ᠠᠷᠪᠠᠨ ᠰᠢᠯᠢᠳᠡᠭ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠠᠵᠢᠯᠯᠠᠭᠴᠢ᠂ ᠠᠷᠪᠠᠨ ᠰᠢᠯᠢᠳᠡᠭ ᠤᠯᠠᠨ ᠨᠠᠢ᠌ᠳᠠ ᠵᠢᠨ ᠣᠷᠣᠯᠴᠠᠭᠰᠠᠨ ᠬᠡᠷᠡᠭ᠎ᠤᠨ ᠵᠢᠱ᠌ᠢᠶ᠎ᠡ ᠪᠠ ᠠᠷᠪᠠᠨ ᠰᠢᠯᠢᠳᠡᠭ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠨᠡᠭᠡᠭᠡᠭᠰᠡᠨ ᠨᠢᠭᠡᠴᠢ ᠵᠢ ᠨᠡᠢ᠌ᠲᠡᠯᠡᠪᠡ᠃
      ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠠᠢ᠌ᠭᠤᠯᠤᠯᠲᠠ᠎ᠳᠤ ᠪᠦᠬᠦ ᠠᠷᠠᠳ ᠵᠶ᠋ᠠᠷ ᠵᠶ᠋ᠡᠨ ᠤᠷᠤᠯᠴᠠᠬᠤ ᠠᠵᠢᠯᠯᠠᠭ᠎ᠠ ᠵᠢ ᠥᠷᠨᠢᠭᠦᠯᠦᠭᠡᠳ ᠶᠠᠮᠠᠷ ᠶᠠᠮᠠᠷ ᠦᠷ᠎ᠡ ᠪᠦᠲᠦᠮᠵᠢ ᠣᠯᠣᠭᠰᠠᠨ ᠪᠤᠢ? ᠬᠣᠯᠪᠣᠭᠳᠠᠯ ᠪᠦᠬᠦᠢ ᠠᠵᠢᠯ᠎ᠢ ᠬᠡᠷᠬᠢᠨ ᠤᠯᠠᠮ ᠨᠢᠭᠡ ᠠᠯᠬᠤᠮ ᠠᠬᠢᠭᠤᠯᠬᠤ ᠪᠤᠢ?
      ᠠᠮᠢ ᠠᠬᠤᠢ ᠵᠢᠨ ᠪᠣᠯᠪᠠᠰᠤᠨ᠎ᠤ ᠤᠬᠠᠮᠰᠠᠷ ᠢᠯᠡᠳᠲᠡ ᠳᠡᠭᠡᠭᠰᠢᠯᠡᠵᠦ᠂ ᠳᠥᠭᠥᠮ ᠪᠥᠭᠡᠳ ᠲᠣᠬᠢᠷᠠᠮᠵᠢᠲᠠᠢ ᠪᠠᠢ᠌ᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ ᠬᠥᠮᠥᠰ᠎ᠤᠨ ᠰᠡᠳᠬᠢᠯ᠎ᠳᠤ ᠨᠠᠩ ᠭᠦᠨ ᠰᠠᠭᠤᠭᠳᠠᠪᠠ
      ᠵᠧᠵᠢᠶᠠᠩ ᠮᠤᠵᠢ ᠵᠢᠨ ᠳᠠᠢ᠌ᠵᠸᠦ ᠬᠤᠳᠠ ᠵᠢᠨ ᠳ᠋ᠠ ᠴᠧᠨ ᠳ᠋ᠣᠣ ᠠᠷᠠᠯ᠎ᠤᠨ ᠲᠡᠯᠡᠢ ᠵᠢᠨ ᠲᠠᠩ ᠳᠡᠭᠡᠷ᠎ᠡ᠂ ᠬᠡᠳᠦᠨ ᠲᠣᠰᠬᠤᠨ᠎ᠤ ᠠᠷᠠᠳ ᠰᠦᠯᠢᠶᠥᠦ ᠯᠣᠩᠬᠣ᠂ ᠵᠢᠭ᠋ᠠᠰᠤᠨ ᠲᠣᠣᠷ ᠲᠡᠭᠦᠵᠦ ᠪᠤᠢ᠃ ᠲᠡᠯᠡᠢ ᠳᠠᠭ᠋ᠠᠤ ᠵᠢᠨ ᠲᠣᠰᠬᠤᠨ ᠪᠠᠯᠭ᠋ᠠᠰᠤ ᠵᠢᠨ ᠠᠷᠠᠳ ᠯᠢ ᠾᠧ ᠵᠢᠶᠣᠣ ᠪᠣᠯ ᠲᠡᠭᠦᠨ᠎ᠤ ᠳᠣᠲᠣᠷᠠᠬᠢ ᠨᠢᠭᠡ᠎ᠨᠢ ᠪᠣᠯᠣᠨ᠎ᠠ᠂ 《ᠪᠢ ᠡᠳᠦᠷ ᠪᠦᠷᠢ ᠲᠡᠯᠡᠢ ᠵᠢᠨ ᠬᠥᠪᠡᠭᠡ ᠵᠢ᠎ᠲᠠᠭᠠᠨ ᠰᠦᠯᠢᠶᠥᠦ ᠬᠣᠭ᠎ᠢ ᠲᠡᠭᠦᠵᠦ᠂ 〈ᠰᠢᠶᠣᠣ ᠯᠠᠨ᠎ᠤ ᠭᠡᠷ〉᠎ᠲᠤ ᠬᠦᠷᠭᠡᠳᠡᠭ᠂ ᠨᠢᠭᠡ ᠰᠠᠷ᠎ᠠ᠎ᠳᠤ 2500 ᠭᠠᠷᠤᠢ ᠲᠥᠭᠥᠷᠢᠭ ᠣᠯᠳᠠᠭ》 ᠯᠢ ᠾᠧ ᠵᠢᠶᠣᠣ ᠵᠢᠨ ᠶᠠᠷᠢᠵᠤ ᠪᠠᠢ᠌ᠭ᠎ᠠ 《ᠰᠢᠶᠣᠣ ᠯᠠᠨ᠎ᠤ ᠭᠡᠷ》 ᠪᠣᠯ ᠵᠧᠵᠢᠶᠠᠩ᠎ᠤᠨ ᠲᠡᠯᠡᠢ ᠲᠠᠩᠭᠢᠰ᠎ᠤᠨ ᠰᠦᠯᠢᠶᠥᠦ ᠬᠠᠶᠠᠭᠳᠠᠮᠠᠯ ᠪᠣᠳᠠᠰ᠎ᠢ ᠵᠠᠰᠠᠬᠤ ᠰᠢᠨ᠎ᠡ ᠵᠠᠭᠪᠤᠷ᠎ᠤᠨ 《ᠬᠥᠬᠡ ᠥᠩᠭᠡ ᠵᠢᠨ ᠡᠷᠭᠢᠯᠲᠡ》 ᠵᠢᠨ ᠨᠢᠭᠡ ᠭᠣᠭᠴᠣᠭ᠎ᠠ ᠪᠣᠯᠣᠨ᠎ᠠ᠃
      ᠵᠧᠵᠢᠶᠠᠩ ᠮᠤᠵᠢ ᠵᠢᠨ᠎ᠬᠢᠨ 2020 ᠣᠨ᠎ᠠᠴᠠ ᠡᠬᠢᠯᠡᠨ 《ᠬᠥᠬᠡ ᠥᠩᠭᠡ ᠵᠢᠨ ᠡᠷᠭᠢᠯᠲᠡ》 ᠵᠢᠨ ᠵᠠᠭᠪᠤᠷ᠎ᠢ ᠬᠠᠢ᠌ᠨ ᠰᠦᠪᠡᠭᠴᠢᠯᠡᠵᠦ᠂ 2023 ᠣᠨ᠎ᠤ 12 ᠰᠠᠷ᠎ᠠ ᠵᠢᠨ ᠰᠡᠭᠦᠯᠴᠢ ᠪᠣᠯᠲᠠᠯ᠎ᠠ᠂ ᠡᠨᠡᠬᠦ ᠵᠠᠭᠪᠤᠷ᠎ᠨᠢ 6300 ᠭᠠᠷᠤᠢ ᠬᠥᠮᠥᠨ᠎ᠢ ᠲᠡᠯᠡᠢ ᠲᠠᠩᠭᠢᠰ᠎ᠤᠨ ᠬᠠᠶᠠᠭᠳᠠᠮᠠᠯ ᠪᠣᠳᠠᠰ᠎ᠢ ᠴᠤᠭᠯᠠᠭᠤᠯᠬᠤ ᠪᠠ ᠬᠣᠷᠢᠶᠠᠨ ᠠᠪᠬᠤ᠎ᠳᠤ ᠣᠷᠣᠯᠴᠠᠭᠤᠯᠵᠤ᠂ ᠲᠡᠯᠡᠢ ᠲᠠᠩᠭᠢᠰ᠎ᠤᠨ ᠬᠠᠶᠠᠭᠳᠠᠮᠠᠯ ᠪᠣᠳᠠᠰ᠎ᠢ 1.1 ᠲᠦᠮᠡ ᠭᠠᠷᠤᠢ ᠲᠣᠨ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢᠨ ᠬᠡᠮᠵᠢᠶ᠎ᠡ ᠵᠢ 3100 ᠲᠣᠨ ᠪᠠᠭ᠋ᠠᠰᠬᠠᠵᠤ᠂ ᠡᠷᠭᠢ ᠤᠢ᠌ᠷᠠᠯᠴᠠᠭ᠎ᠠ ᠲᠡᠯᠡᠢ ᠵᠢᠨ ᠣᠷᠣᠨ᠎ᠤ ᠣᠷᠴᠢᠨ ᠲᠣᠭᠣᠷᠢᠨ᠎ᠢ ᠪᠦᠲᠦᠮᠵᠢᠲᠡᠢ ᠰᠠᠢ᠌ᠵᠢᠷᠠᠭᠤᠯᠬᠤ ᠵᠢᠨ ᠬᠠᠮᠲᠤ ᠲᠣᠰᠬᠤᠨ᠎ᠤ ᠠᠷᠠᠳ᠎ᠢ ᠲᠠᠢ᠍ᠢ᠍ᠴᠢᠯᠠᠨ ᠣᠷᠣᠯᠭ᠎ᠠ ᠵᠢ᠎ᠨᠢ ᠨᠡᠮᠡᠭᠳᠡᠭᠦᠯᠵᠡᠢ᠃
      ᠣᠢ᠌ᠷ᠎ᠠ ᠵᠢᠨ ᠵᠢᠯ᠎ᠠᠴᠠ᠂ ᠪᠦᠬᠦ ᠨᠡᠢ᠌ᠭᠡᠮ ᠵᠶ᠋ᠡᠷ ᠵᠶ᠋ᠡᠨ ᠠᠮᠢ ᠠᠬᠤᠢ ᠣᠷᠴᠢᠨ ᠲᠣᠭᠣᠷᠢᠨ᠎ᠢ ᠬᠠᠮᠲᠤᠪᠠᠷ ᠬᠠᠢ᠌ᠷᠠᠯᠠᠨ ᠬᠠᠮᠠᠭ᠋ᠠᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠬᠡᠷᠬᠢᠨ ᠬᠥᠭᠵᠢᠭᠡᠬᠦ ᠵᠢᠨ ᠲᠣᠭᠣᠷᠢᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠰᠢᠷᠢᠰ ᠠᠵᠢᠯᠯᠠᠭ᠎ᠠ ᠵᠢ ᠵᠠᠯᠭ᠋ᠠᠪᠡᠷ ᠥᠷᠨᠢᠭᠦᠯᠪᠡ᠃
      ᠣᠷᠣᠯᠴᠠᠬᠤ ᠠᠷᠭ᠎ᠠ ᠵᠠᠮ᠎ᠢ ᠥᠷᠭᠡᠳᠬᠡᠵᠦ᠂ ᠤᠯᠠᠨ ᠨᠠᠢ᠌ᠳᠠ ᠵᠢ ᠬᠥᠲᠥᠯᠥᠨ ᠵᠢᠯᠤᠭᠣᠳᠴᠤ ᠪᠠᠶ᠋ᠢᠭ᠋ᠠᠳ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠣᠢ᠌ᠯᠠᠭ᠋ᠠᠭᠳᠠᠬᠤᠨ᠎ᠢ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠪᠠ —
      2023 ᠣᠨ᠎ᠤ 6 ᠰᠠᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠵᠡᠷᠭᠡ 5 ᠰᠠᠯᠠᠭ᠎ᠠ ᠮᠥᠴᠢᠷ ᠬᠠᠮᠲᠤᠷᠠᠨ 《ᠠᠷᠠᠳ ᠢᠷᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠠᠵᠢᠯᠯᠠᠭ᠎ᠠ ᠵᠢᠨ ᠵᠢᠷᠤᠮᠵᠢᠯ᠎ᠤᠨ ᠠᠷᠪᠠᠨ ᠵᠤᠷᠪᠤᠰ》᠎ᠢ ᠨᠡᠢ᠌ᠲᠡᠯᠡᠵᠦ᠂ ᠬᠤᠳᠠᠯᠳᠤᠨ ᠠᠪᠬᠤ ᠠᠵᠢᠯᠯᠠᠭ᠎ᠠ᠂ ᠢᠳᠡᠭᠡᠨ ᠰᠣᠩᠭᠣᠬᠤ᠂ ᠡᠨᠧᠷᠭᠢ ᠬᠡᠷᠡᠭᠯᠡᠬᠦ᠂ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠵᠡᠷᠭᠡ ᠵᠢ ᠪᠠᠭᠲᠠᠭ᠋ᠠᠭᠰᠠᠨ ᠤᠯᠠᠨ ᠨᠠᠢ᠌ᠳᠠ ᠵᠢᠨ ᠦᠨᠳᠦᠰᠦᠨ ᠠᠮᠢ ᠠᠬᠤᠢ ᠣᠷᠴᠢᠨ ᠲᠣᠭᠣᠷᠢᠨ᠎ᠤ ᠠᠵᠢᠯᠯᠠᠭ᠎ᠠ ᠵᠢ ᠬᠠᠮᠤᠷᠴᠤ᠂ ᠤᠯᠠᠨ ᠨᠠᠢ᠌ᠳᠠ ᠵᠢ ᠬᠥᠲᠥᠯᠥᠨ ᠵᠢᠯᠤᠭᠣᠳᠴᠤ ᠪᠠᠶ᠋ᠢᠭ᠋ᠠᠳ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠪᠣᠯᠣᠨ ᠬᠠᠷᠢᠭᠤᠴᠠᠯᠭ᠎ᠠ ᠵᠢ ᠦᠢ᠍ᠯᠡᠳᠦᠯᠭᠡᠵᠢᠭᠦᠯᠵᠡᠢ᠃
      ᠭᠣᠣᠯ ᠮᠥᠷᠡᠨ ᠤᠢ ᠰᠢᠭᠤᠢ ᠵᠢ ᠲᠣᠭᠣᠷᠢᠨ ᠬᠠᠮᠠᠭ᠋ᠠᠯᠠᠬᠤ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠢ ᠬᠠᠮᠠᠭ᠋ᠠᠯᠠᠬᠤ ᠁ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡ᠎ᠨᠢ ᠤᠯᠠᠨ ᠨᠠᠢ᠌ᠳᠠ ᠵᠢᠨ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠨᠢᠭᠡ ᠶᠡᠬᠡ ᠰᠣᠩᠭᠣᠯᠲᠠ ᠪᠣᠯᠵᠠᠢ᠃ ᠣᠳᠣᠬᠠᠨ ᠪᠣᠯᠲᠠᠯ᠎ᠠ᠂ ᠮᠠᠨ᠎ᠤ ᠤᠯᠤᠰ ᠨᠢᠭᠡᠨᠲᠡ 3500 ᠲᠦᠮᠡ ᠭᠠᠷᠤᠢ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠠᠵᠢᠯᠯᠠᠭᠴᠢ᠎ᠲᠠᠢ ᠪᠣᠯᠵᠠᠢ᠃
      ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠨᠡᠭᠡᠭᠡᠯᠲᠡ ᠵᠢ ᠠᠬᠢᠭᠤᠯᠵᠤ᠂ ᠠᠵᠤ ᠠᠬᠤᠢ᠌ᠯᠠᠯ ᠪᠣᠯᠣᠨ ᠤᠯᠠᠨ ᠨᠠᠢ᠌ᠳᠠ ᠵᠢᠨ ᠬᠠᠷᠢᠯᠴᠠᠭ᠋ᠠᠨ᠎ᠤ ᠬᠥᠭᠥᠷᠭᠡ ᠵᠢ ᠪᠠᠢ᠌ᠭᠤᠯᠪᠠ —
      ᠱᠠᠨ ᠰᠢ ᠮᠤᠵᠢ ᠵᠢᠨ ᠳ᠋ᠠᠲ᠋ᠦ᠋ᠩ ᠬᠣᠲᠠ᠎ᠳᠤ᠂ ᠹᠦ᠋ ᠴᠢᠶᠣᠣ ᠵᠢᠨ ᠬᠣᠭ ᠨᠣᠪᠰᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠬᠢᠵᠠᠭ᠋ᠠᠷᠲᠤ ᠺᠣᠮᠫᠠᠨᠢ᠎ᠳᠤ ᠣᠷᠣᠬᠤ᠎ᠳᠤ᠂ ᠬᠣᠲᠠ ᠵᠢᠨ ᠠᠷᠠᠳ ᠶᠠᠩ ᠰᠢᠤ ᠬᠤᠸᠠ᠄ 《ᠡᠳᠦᠷ ᠪᠦᠷᠢ ᠬᠣᠲᠠ᠎ᠳᠤ ᠡᠢ᠌ᠮᠦ ᠤᠯᠠᠨ ᠬᠣᠭ ᠨᠣᠪᠰᠢ ᠭᠠᠷᠴᠤ ᠪᠠᠢ᠌ᠨ᠎ᠠ᠂ ᠪᠢᠳᠡ ᠵᠠᠪᠠᠯ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠢ ᠰᠠᠶ᠋ᠢᠲᠤᠷ ᠬᠠᠮᠠᠭ᠋ᠠᠯᠠᠬᠤ ᠬᠡᠷᠡᠭᠲᠡᠢ》 ᠭᠡᠵᠦ ᠰᠡᠳᠬᠢᠯ ᠳᠣᠭᠳᠣᠯᠤᠨ ᠬᠡᠯᠡᠪᠡ᠃
      ᠣᠳᠣᠬᠠᠨ᠎ᠳᠤ᠂ 2101 ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠨᠡᠭᠡᠭᠡᠭᠰᠡᠨ ᠨᠢᠭᠡᠴᠢ ᠪᠦᠬᠦ ᠤᠯᠤᠰ᠎ᠤᠨ ᠪᠤᠢ ᠪᠦᠬᠦᠢ ᠲᠤᠰᠬᠠᠢ ᠣᠷᠣᠨ᠎ᠤ ᠲᠡᠰ᠎ᠠᠴᠠ ᠳᠡᠭᠡᠭᠰᠢᠬᠢ ᠬᠤᠳᠠ᠎ᠳᠤ ᠲᠦᠭᠡᠵᠦ᠂ ᠰᠣᠷᠪᠤᠯᠵᠢᠯᠠᠭ᠎ᠠ ᠵᠢ ᠬᠦᠯᠢᠶᠡᠨ ᠠᠪᠤᠭᠰᠠᠨ ᠤᠯᠠᠨ ᠲᠦᠮᠡᠨ ᠨᠠᠢ᠌ᠳᠠ 2.1 ᠳ᠋ᠦᠩᠰᠢᠭᠤᠷ ᠭᠠᠷᠤᠢ ᠬᠥᠮᠥᠨ ᠤᠳᠠᠭ᠎ᠠ᠎ᠳᠤ ᠬᠦᠷᠴᠦ᠂ ᠠᠮᠢ ᠠᠬᠤᠢ ᠵᠢᠨ ᠪᠣᠯᠪᠠᠰᠤᠨ᠎ᠤ ᠤᠬᠠᠮᠰᠠᠷ ᠵᠶ᠋ᠠᠨ ᠳᠡᠭᠡᠭᠰᠢᠯᠡᠭᠦᠯᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠨᠵᠢᠯᠡᠬᠦ ᠤᠬᠠᠭ᠋ᠠᠨ᠎ᠤ ᠮᠡᠳᠡᠯᠭᠡ ᠵᠢ ᠲᠦᠭᠡᠮᠡᠯᠵᠢᠭᠦᠯᠵᠡᠢ᠃
      ᠠᠮᠢ ᠠᠬᠤᠢ ᠵᠢᠨ ᠰᠣᠶᠣᠯ᠎ᠢ ᠪᠣᠢ᠌ᠵᠢᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠢᠯᠡᠷᠡᠭᠦᠯᠦᠨ᠎ᠡ —
      6 ᠰᠠᠷ᠎ᠠ ᠵᠢᠨ 1᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠳᠤᠮᠳᠠᠳᠤ ᠤᠯᠤᠰ᠎ᠤᠨ ᠵᠣᠬᠢᠶᠠᠯᠴᠢᠳ᠎ᠤᠨ ᠡᠪᠯᠡᠯ᠎ᠠᠴᠠ ᠭᠣᠣᠯᠯᠠᠨ ᠡᠷᠭᠢᠯᠡᠭᠰᠡᠨ 《ᠡᠬᠡ ᠳᠡᠯᠡᠬᠡᠢ ᠵᠢᠨ ᠨᠣᠮᠢᠨ ᠠᠶᠠᠯᠭᠤ》 ᠠᠮᠢ ᠠᠬᠤᠢ ᠵᠢᠨ ᠤᠳᠬ᠎ᠠ ᠵᠣᠬᠢᠶᠠᠯ᠎ᠤᠨ ᠵᠣᠬᠢᠶᠠᠯᠴᠢ ᠵᠢᠨ ᠬᠥᠳᠡᠭᠡ ᠨᠤᠲᠤᠭ ᠵᠶ᠋ᠠᠷ ᠭᠦᠨᠵᠡᠭᠡᠢ᠌ᠷᠡᠬᠦ ᠭᠤᠸᠠᠩᠰᠢ ᠵᠢᠨ ᠠᠶᠠᠯᠠᠯ ᠨᠠᠨᠨᠢᠩ ᠬᠣᠲᠠ᠎ᠳᠤ ᠡᠬᠢᠯᠡᠵᠦ᠂ ᠭᠤᠸᠠᠩᠰᠢ ᠵᠢᠨ ᠡᠬᠡ ᠬᠠᠭᠤᠷᠠᠢ ᠪᠠ ᠲᠡᠯᠡᠢ ᠲᠠᠩᠭᠢᠰ᠎ᠤᠨ ᠪᠣᠬᠢᠷᠲᠤᠯ᠎ᠢ ᠰᠡᠷᠭᠡᠢ᠌ᠯᠡᠨ ᠵᠠᠰᠠᠬᠤ ᠵᠢ ᠨᠢᠭᠡᠳᠦᠯᠲᠡᠢ ᠲᠥᠯᠥᠪᠯᠡᠨ ᠠᠬᠢᠭᠤᠯᠬᠤ᠂ ᠠᠮᠢ ᠠᠬᠤᠢ ᠵᠢ ᠰᠡᠷᠭᠦᠭᠡᠬᠦ᠂ ᠦᠵᠡᠰᠬᠦᠯᠡᠩᠲᠦ ᠰᠠᠢ᠌ᠬᠠᠨ ᠲᠡᠯᠡᠢ ᠵᠢᠨ ᠪᠤᠯᠤᠩ᠎ᠤᠨ ᠪᠦᠲᠦᠭᠡᠨ ᠪᠠᠢ᠌ᠭᠤᠯᠤᠯᠲᠠ ᠵᠢ ᠥᠷᠨᠢᠭᠦᠯᠬᠦ ᠵᠡᠷᠭᠡ ᠲᠠᠯ᠎ᠠ ᠵᠢᠨ ᠠᠭᠤᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠤᠬᠠᠢ ᠵᠢᠨ ᠭᠠᠵᠠᠷ᠎ᠲᠤᠨᠢ ᠬᠦᠷᠴᠦ᠂ ᠭᠦᠨᠵᠡᠭᠡᠢ ᠪᠠᠢ᠌ᠴᠠᠭ᠋ᠠᠨ ᠰᠤᠳᠤᠯᠤᠯᠲᠠ ᠬᠢᠪᠡ᠃
      2017 ᠣᠨ᠎ᠠᠴᠠ ᠨᠠᠭ᠋ᠠᠰᠢ᠂ ᠮᠠᠨ᠎ᠤ ᠤᠯᠤᠰ ᠵᠢᠯ ᠪᠦᠷᠢ 6.5 ᠣᠷᠴᠢᠨ ᠲᠣᠭᠣᠷᠢᠨ᠎ᠤ ᠡᠳᠦᠷ᠎ᠤᠨ ᠤᠯᠤᠰ᠎ᠤᠨ ᠭᠣᠣᠯ ᠲᠠᠯᠠᠪᠤᠷ᠎ᠤᠨ ᠠᠵᠢᠯᠯᠠᠭ᠎ᠠ ᠵᠢ ᠡᠷᠬᠢᠯᠡᠵᠦ᠂ 500 ᠭᠠᠷᠤᠢ ᠰᠢᠨ᠎ᠡ ᠵᠢ ᠡᠭᠦᠳᠬᠦ ᠴᠢᠨᠠᠷᠲᠠᠢ᠂ ᠵᠢᠱ᠌ᠢᠶ᠎ᠡ ᠦᠵᠡᠭᠦᠯᠬᠦ ᠴᠢᠨᠠᠷᠲᠠᠢ ᠤᠯᠠᠨ ᠨᠠᠢ᠌ᠳᠠ ᠵᠢᠨ ᠣᠷᠣᠯᠴᠠᠭᠰᠠᠨ ᠨᠡᠢ᠌ᠲᠡᠯᠢᠭ ᠵᠢᠱ᠌ᠢᠶ᠎ᠡ ᠵᠢ ᠳᠡᠯᠭᠡᠷᠡᠭᠦᠯᠵᠡᠢ᠃ ᠠᠮᠢ ᠠᠬᠤᠢ ᠣᠷᠴᠢᠨ ᠲᠣᠭᠣᠷᠢᠨ᠎ᠤ ᠶᠠᠮᠤᠨ 6 ᠵᠢᠯ ᠳᠠᠷᠠᠭ᠋ᠠᠯᠠᠨ ᠵᠠᠭᠤ ᠭᠠᠷᠤᠢ ᠬᠥᠮᠥᠨ ᠤᠳᠠᠭ᠎ᠠ ᠵᠣᠬᠢᠶᠠᠯᠴᠢ ᠵᠢ ᠵᠣᠬᠢᠶᠠᠨ ᠪᠠᠢ᠌ᠭᠤᠯᠵᠤ ᠡᠯ᠎ᠡ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠢᠭᠡᠳᠦᠭᠡᠷ ᠹᠷᠣᠨᠲ᠎ᠲᠤ ᠬᠦᠷᠴᠦ ᠪᠠᠢ᠌ᠴᠠᠭ᠋ᠠᠨ ᠰᠤᠳᠤᠯᠤᠯᠲᠠ ᠬᠢᠵᠦ᠂ ᠤᠳᠬ᠎ᠠ ᠵᠣᠬᠢᠶᠠᠯ᠎ᠤᠨ ᠬᠦᠴᠦᠨ ᠵᠶ᠋ᠡᠷ ᠬᠥᠮᠥᠰ᠎ᠤᠨ ᠣᠷᠴᠢᠨ ᠲᠣᠭᠣᠷᠢᠨ᠎ᠢ ᠬᠠᠮᠠᠭ᠋ᠠᠯᠠᠵᠤ᠂ ᠠᠮᠢ ᠠᠬᠤᠢ ᠵᠢ ᠨᠠᠨᠳᠢᠩᠨᠠᠨ ᠬᠠᠢ᠌ᠷᠠᠯᠠᠬᠤ ᠵᠢ ᠬᠥᠲᠥᠯᠥᠨ ᠵᠢᠯᠣᠭᠣᠳᠪᠠ᠃
      ᠬᠥᠭᠵᠢᠯᠲᠡ ᠵᠢᠨ ᠠᠷᠭ᠎ᠠ ᠮᠠᠶᠢᠭ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠲᠦᠷᠭᠡᠪᠴᠢᠯᠡᠨ ᠠᠬᠢᠭᠤᠯᠬᠤ᠎ᠳᠤ ᠤᠯᠠᠨ ᠨᠠᠢ᠌ᠳᠠ ᠵᠢᠨ ᠥᠷᠭᠡᠨ ᠳᠡᠯᠭᠡᠷ ᠳᠡᠮᠵᠢᠯᠭᠡ ᠪᠠ ᠣᠷᠤᠯᠴᠠᠯᠭ᠎ᠠ ᠵᠢ ᠱᠠᠭ᠋ᠠᠷᠳᠠᠨ᠎ᠠ
      ᠪᠡᠭᠡᠵᠢᠩ᠎ᠳᠤ᠂ ᠬᠠᠭ᠋ᠠᠨ᠎ᠤ ᠣᠷᠳᠣᠨ᠎ᠤ ᠮᠦᠽᠧᠢ ᠵᠡᠷᠭᠡ ᠨᠢᠭᠡᠴᠢ ᠬᠠᠮᠲᠤ᠎ᠪᠠᠷ 《ᠪᠣᠷᠣ ᠬᠣᠲᠠ ᠵᠢᠨ ᠡᠪᠡᠰᠦ ᠮᠣᠳᠣ ᠴᠡᠴᠡᠭ ᠰᠢᠪᠠᠭᠤ》 ᠭᠡᠬᠦ ᠭᠣᠣᠯ ᠰᠡᠳᠦᠪᠲᠦ ᠠᠵᠢᠯᠯᠠᠭ᠎ᠠ ᠵᠢ ᠡᠷᠭᠢᠯᠡᠵᠦ᠂ ᠲᠠᠢ᠌ᠯᠤᠮᠵᠢ᠎ᠪᠠᠷ ᠳᠠᠮᠵᠢᠭᠤᠯᠤᠨ ᠦᠵᠡᠭᠴᠢᠳ᠎ᠲᠤ ᠬᠠᠭ᠋ᠠᠨ᠎ᠤ ᠣᠷᠳᠣᠨ᠎ᠤ ᠡᠷᠲᠡᠨ᠎ᠤ ᠪᠦᠲᠦᠭᠡᠨ ᠪᠠᠢ᠌ᠭᠤᠯᠤᠯᠲᠠ ᠵᠢᠨ ᠬᠠᠮᠠᠭ᠋ᠠᠯᠠᠯᠲᠠ᠂ ᠴᠡᠴᠡᠷᠯᠢᠭ᠎ᠤᠨ ᠪᠦᠲᠦᠭᠡᠨ ᠪᠠᠢ᠌ᠭᠤᠯᠤᠯᠲᠠ᠂ ᠠᠮᠢᠳᠤ ᠪᠣᠳᠠᠰ᠎ᠤᠨ ᠤᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠡᠷᠭᠡ ᠠᠭᠤᠯᠭ᠎ᠠ ᠵᠢ ᠶᠠᠷᠢᠵᠤ ᠥᠭᠪᠡ᠃ 《ᠬᠠᠭ᠋ᠠᠨ᠎ᠤ ᠣᠷᠳᠣᠨ᠎ᠳᠤ ᠰᠦᠷᠯᠢᠭ ᠰᠠᠢ᠌ᠬᠠᠨ ᠪᠠᠷᠢᠯᠭ᠎ᠠ ᠪᠠ ᠬᠣᠪᠣᠷ ᠨᠠᠨᠳᠢᠨ ᠲᠡᠦᠬᠡ ᠵᠢᠨ ᠳᠤᠷᠠᠰᠬᠠᠯᠲᠤ ᠵᠦᠢ᠍ᠯᠡᠰ ᠪᠠᠶ᠋ᠢᠬᠤ᠎ᠪᠠᠷ ᠪᠠᠷᠠᠬᠤ ᠦᠭᠡᠢ ᠪᠠᠰᠠ ᠡᠯᠪᠡᠭ ᠪᠠᠶᠠᠯᠢᠭ ᠪᠣᠳᠠᠰ᠎ᠤᠨ ᠳᠦᠷᠦᠯ ᠵᠦᠢ᠍ᠯ ᠪᠤᠢ᠂ ᠲᠠᠢ᠌ᠯᠤᠮᠵᠢ᠎ᠨᠢ ᠮᠢᠨᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠤᠬᠠᠢ ᠲᠠᠨᠢᠯᠲᠠ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ》 ᠭᠡᠵᠦ ᠵᠤᠭ᠋ᠠᠴᠠᠭᠴᠢ ᠮᠢᠶᠣᠣ ᠶᠠᠩ ᠴᠢ ᠬᠡᠯᠡᠪᠡ᠃
      ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠦᠬᠦ ᠨᠡᠢ᠌ᠭᠡᠮ ᠵᠶ᠋ᠡᠷ ᠵᠶ᠋ᠡᠨ ᠬᠠᠮᠲᠤᠪᠠᠷ ᠪᠠᠢ᠌ᠭᠤᠯᠵᠤ ᠬᠠᠮᠲᠤᠪᠠᠷ ᠡᠳ᠋ᠯᠡᠬᠦ ᠵᠢ ᠪᠠᠷᠢᠮᠲᠠᠯᠠᠵᠤ᠂ ᠵᠠᠰᠠᠭ᠎ᠤᠨ ᠣᠷᠳᠣᠨ᠂ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠣᠯᠣᠨ ᠤᠯᠠᠨ ᠨᠠᠢ᠌ᠳᠠ᠎ᠪᠠᠷ ᠵᠶ᠋ᠡᠨ ᠬᠠᠮᠲᠤᠪᠠᠷ ᠣᠷᠣᠯᠴᠠᠭᠰᠠᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠠᠢ᠌ᠭᠤᠯᠬᠤ ᠪᠦᠬᠦ ᠠᠷᠠᠳ᠎ᠤᠨ ᠠᠵᠢᠯᠯᠠᠭ᠋ᠠᠨ᠎ᠤ ᠰᠢᠰᠲ᠋ᠧᠮ᠎ᠢ ᠪᠠᠢ᠌ᠭᠤᠯᠬᠤ ᠵᠢ ᠠᠬᠢᠭᠤᠯᠵᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠠᠢ᠌ᠭᠤᠯᠬᠤ ᠠᠵᠢᠯᠯᠠᠭ᠋ᠠᠨ᠎ᠤ ᠤᠬᠠᠮᠰᠠᠷ ᠵᠶ᠋ᠠᠨ ᠴᠢᠩᠭ᠋ᠠᠳᠬᠠᠨ᠎ᠠ᠃
      ᠭᠤᠸᠠᠩᠳᠦ᠋ᠩ ᠮᠤᠵᠢ ᠵᠢᠨ ᠱᠧᠨᠵᠧᠨ ᠬᠣᠲᠠ᠎ᠨᠢ ᠬᠣᠲᠠ ᠵᠢᠨ ᠱᠤᠤᠭᠢᠶᠠᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ᠎ᠪᠠᠷ ᠭᠠᠷᠳᠠᠨ ᠬᠢᠬᠦ ᠴᠡᠭ ᠪᠣᠯᠭ᠋ᠠᠵᠤ᠂ ᠬᠣᠲᠠ ᠵᠢᠨ ᠠᠷᠠᠳ᠎ᠢ ᠳᠥᠭᠥᠮ ᠪᠥᠭᠡᠳ ᠲᠣᠬᠢᠷᠠᠮᠵᠢᠲᠠᠢ᠂ ᠳᠠᠭᠤ ᠴᠢᠮᠡᠭᠡ ᠦᠭᠡᠢ᠂ ᠪᠣᠯᠪᠠᠰᠤᠨ ᠡᠷᠡᠭᠦᠯ ᠠᠮᠢᠳᠤᠷᠠᠯ᠎ᠤᠨ ᠣᠢ᠌ᠯᠠᠭ᠋ᠠᠭᠳᠠᠬᠤᠨ ᠪᠠ ᠠᠮᠢᠳᠤᠷᠠᠯ᠎ᠤᠨ ᠠᠷᠭ᠎ᠠ ᠮᠠᠶᠢᠭ᠎ᠢ ᠦᠢ᠍ᠯᠡᠳᠦᠯᠭᠡᠵᠢᠭᠦᠯᠵᠦ᠂ 《ᠴᠥᠭᠡᠨ ᠲᠣᠭ᠋ᠠᠨ᠎ᠤ ᠬᠥᠮᠥᠰ ᠴᠢᠷᠮᠠᠢ᠌ᠵᠤ》 ᠪᠠᠢ᠌ᠭᠰᠠᠨ᠎ᠠᠴᠠ᠎ᠪᠠᠨ 《ᠪᠦᠬᠦ ᠨᠡᠢ᠌ᠭᠡᠮ ᠵᠶ᠋ᠡᠷ ᠵᠶ᠋ᠡᠨ ᠣᠷᠣᠯᠴᠠᠬᠤ》 ᠪᠣᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠲᠡᠶ ᠭᠡᠵᠦ ᠤᠷᠢᠶᠠᠯᠠᠵᠠᠢ᠃
      ᠵᠢᠶᠠᠩᠰᠢ ᠮᠤᠵᠢ ᠵᠢᠨ ᠵᠢᠢ ᠠᠨ ᠬᠣᠲᠠ ᠵᠢᠨ ᠵᠢᠢ ᠵᠧᠦ ᠲᠣᠭᠣᠷᠢᠭ᠎ᠤᠨ᠎ᠬᠢᠨ ᠬᠣᠲᠠ ᠵᠢᠨ ᠠᠯᠭᠤᠷ ᠶᠠᠪᠤᠬᠤ ᠰᠢᠰᠲ᠋ᠧᠮ᠎ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠳᠤᠭᠤᠢ ᠲᠡᠷᠭᠡᠨ᠎ᠤ ᠲᠤᠰᠬᠠᠢ ᠵᠠᠮ᠂ ᠰᠦᠵᠢᠶᠤᠤ ᠭᠦᠶᠦᠯᠲᠡ ᠵᠢᠨ ᠵᠠᠮ᠂ ᠪᠡᠶ᠎ᠡ ᠴᠢᠭᠢᠷᠠᠭᠵᠢᠭᠤᠯᠬᠤ ᠰᠡᠯᠡᠭᠦᠴᠡᠯ᠎ᠤᠨ ᠵᠠᠮ᠎ᠢ ᠲᠥᠯᠥᠪᠵᠢᠭᠦᠯᠦᠨ ᠪᠠᠢ᠌ᠭᠤᠯᠵᠤ᠂ ᠠᠯᠭᠤᠷ ᠶᠠᠪᠤᠬᠤ ᠰᠢᠰᠲ᠋ᠧᠮ᠎ᠤᠨ ᠢᠵᠢ ᠪᠦᠷᠢᠳᠦᠭᠰᠡᠨ ᠦᠢ᠍ᠯᠡᠴᠢᠯᠡᠭᠡ ᠪᠠ ᠰᠠᠭᠤᠷᠢ ᠲᠥᠬᠦᠭᠡᠷᠦᠮᠵᠢ ᠵᠢ ᠲᠡᠭᠦᠯᠳᠡᠷᠵᠢᠭᠦᠯᠦᠨ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠶᠠᠯᠠᠯ᠎ᠢ ᠠᠬᠢᠭᠤᠯᠵᠤ ᠪᠠᠢ᠌ᠨ᠎ᠠ᠃
      ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠶᠠᠪᠤᠵᠤ ᠰᠠᠭᠤᠬᠤ᠂ ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ ᠦᠭᠡᠢ ᠲᠦᠷᠭᠡᠨ ᠬᠦᠷᠭᠡᠯᠲᠡ ᠵᠡᠷᠭᠡ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠮᠠᠶᠢᠭ᠎ᠨᠢ ᠶᠠᠭ ᠬᠥᠮᠥᠰ᠎ᠤᠨ ᠢᠳᠡᠵᠦ ᠡᠮᠦᠰᠬᠦ ᠶᠠᠪᠤᠵᠤ ᠰᠠᠭᠤᠬᠤ ᠡᠯ᠎ᠡ ᠲᠠᠯ᠎ᠠ᠎ᠳᠤ ᠢᠯᠡᠷᠡᠵᠦ ᠪᠤᠢ᠃
      ᠣᠳᠣᠬᠠᠨ᠎ᠳᠤ᠂ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠨᠢᠭᠡᠨᠲᠡ ᠪᠣᠬᠢᠷᠲᠤᠯ ᠦᠭᠡᠢ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠬᠥᠭᠵᠢᠯᠲᠡ ᠵᠢᠨ ᠱᠠᠲᠤᠨ᠎ᠳᠤ ᠣᠷᠣᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠮᠥᠨ ᠬᠦ᠌ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠨ᠎ᠠ᠃ 《ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠬᠥᠭᠵᠢᠯᠲᠡ ᠵᠢᠨ ᠠᠷᠭ᠎ᠠ ᠬᠡᠯᠪᠡᠷᠢ ᠵᠢᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ᠎ᠳᠤ ᠤᠯᠠᠨ ᠨᠠᠢ᠌ᠳᠠ ᠵᠢᠨ ᠥᠷᠭᠡᠨ ᠳᠡᠯᠭᠡᠷ ᠳᠡᠮᠵᠢᠯᠭᠡ ᠪᠠ ᠣᠷᠤᠯᠴᠠᠯᠭ᠎ᠠ ᠵᠢ ᠱᠠᠭ᠋ᠠᠷᠳᠠᠨ᠎ᠠ》 ᠭᠡᠵᠦ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠳᠬᠡᠪᠡ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠣᠷᠴᠢᠨ ᠠᠬᠤᠢ ᠬᠢᠭᠡᠳ ᠠᠵᠤ ᠠᠬᠤᠢ ᠵᠢᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠤ ᠲᠥᠪ᠎ᠤᠨ ᠳᠡᠳ᠋ ᠡᠷᠬᠢᠯᠡᠭᠴᠢ᠂ ᠰᠤᠳᠤᠯᠤᠭᠴᠢ ᠲᠢᠶᠠᠨ ᠴᠦᠨ ᠰᠢᠤ ᠵᠢᠨ ᠲᠠᠨᠢᠯᠴᠠᠭᠤᠯᠤᠭᠰᠠᠨ ᠵᠶ᠋ᠠᠷ᠂ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠵᠶ᠋ᠡᠷ᠂ ᠤᠯᠠᠨ ᠲᠦᠮᠡᠨ ᠨᠡᠢ᠌ᠳᠡᠮ᠎ᠳᠡᠭᠡᠨ ᠣᠷᠴᠢᠨ ᠠᠬᠤᠢ ᠵᠢᠨ ᠠᠵᠢᠯᠯᠠᠭ᠎ᠠ ᠵᠢᠨ ᠨᠡᠯᠢᠶᠡᠳ ᠴᠢᠩᠭ᠎ᠠ ᠬᠦᠰᠡᠯ ᠡᠷᠡᠮᠡᠯᠵᠡᠯ᠎ᠲᠠᠢ ᠪᠣᠯᠪᠠᠴᠤ ᠪᠣᠬᠢᠷᠲᠤᠯ ᠦᠭᠡᠢ ᠬᠡᠷᠡᠭᠯᠡᠭᠡ᠂ ᠬᠣᠭ ᠨᠣᠪᠰᠢ ᠵᠢ ᠲᠥᠷᠥᠯ ᠬᠤᠪᠢᠶᠠᠬᠤ᠂ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠡᠷᠭᠡ ᠲᠠᠯ᠎ᠠ᠎ᠪᠠᠷ ᠮᠥᠨ ᠨᠡᠯᠢᠶᠡᠳ ᠶᠡᠬᠡ ᠳᠡᠭᠡᠭᠰᠢᠯᠡᠭᠦᠯᠬᠦ ᠣᠷᠣᠨ ᠵᠠᠢ᠎ᠲᠠᠢ ᠪᠠᠢ᠌ᠨ᠎ᠠ᠃
      《ᠠᠵᠢᠯ᠎ᠤᠨ ᠲᠥᠰᠥᠯ》᠎ᠳᠤ ᠠᠮᠢᠳᠤᠷᠠᠯ᠎ᠤᠨ ᠠᠷᠭ᠎ᠠ ᠮᠠᠶᠢᠭ᠎ᠢ ᠪᠣᠬᠢᠷᠲᠤᠯ ᠦᠭᠡᠢ ᠪᠣᠯᠭ᠋ᠠᠬᠤ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠵᠢ ᠰᠠᠨᠠᠭ᠋ᠠᠴᠢᠯᠠᠵᠤ᠂ ᠪᠥᠬᠥ ᠠᠷᠠᠳ᠎ᠢ ᠵᠢᠷᠤᠮᠵᠢᠭᠤᠯᠤᠨ ᠬᠥᠲᠥᠯᠥᠨ ᠵᠢᠯᠤᠭᠣᠳᠴᠤ ᠪᠠᠶ᠋ᠢᠭ᠋ᠠᠳ ᠪᠣᠬᠢᠷᠲᠤᠯ ᠦᠭᠡᠢ ᠠᠮᠢᠳᠤᠷᠠᠯ᠎ᠤᠨ ᠠᠷᠭ᠎ᠠ ᠮᠠᠶᠢᠭ᠎ᠢ ᠦᠢ᠍ᠯᠡᠳᠦᠯᠭᠡᠵᠢᠭᠦᠯᠬᠦ ᠵᠢᠨ ᠵᠡᠷᠭᠡ᠎ᠳᠤ ᠦᠢ᠍ᠯᠡᠳᠪᠦᠷᠢᠯᠡᠯ᠎ᠤᠨ ᠠᠷᠭ᠎ᠠ ᠮᠠᠶᠢᠭ᠎ᠢ ᠪᠣᠬᠢᠷᠲᠤᠯ ᠦᠭᠡᠢ ᠪᠣᠯᠭ᠋ᠠᠬᠤ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠪᠣᠬᠢᠷᠳᠤᠯ᠎ᠤᠨ ᠡᠬᠢ ᠡᠭᠦᠰᠦᠯ᠎ᠠᠴᠠ᠎ᠨᠢ ᠬᠠᠮᠠᠭ᠋ᠠᠯᠠᠵᠤ ᠪᠣᠯᠣᠨ᠎ᠠ》 ᠭᠡᠵᠦ ᠲᠢᠶᠠᠨ ᠴᠦᠨ ᠰᠢᠤ ᠬᠡᠯᠡᠪᠡ᠃
      ᠵᠠᠰᠠᠭ᠎ᠤᠨ ᠣᠷᠳᠣᠨ᠂ ᠠᠵᠤ ᠠᠬᠤᠢ᠌ᠯᠠᠯ᠂ ᠨᠡᠢ᠌ᠭᠡᠮ᠎ᠤᠨ ᠤᠯᠠᠨ ᠲᠠᠯ᠎ᠠ ᠵᠢᠨ᠎ᠬᠢᠨ ᠵᠡᠷᠭᠡᠪᠡᠷ ᠬᠦᠴᠦᠯᠡᠵᠦ᠂ 《ᠠᠵᠢᠯ᠎ᠤᠨ ᠲᠥᠰᠥᠯ》᠎ᠢ ᠨᠠᠢ᠌ᠳᠠᠪᠤᠷᠢᠵᠢᠭᠤᠯᠤᠨ ᠨᠠᠷᠢᠯᠢᠭᠵᠢᠭᠤᠯᠬᠤ ᠵᠢ ᠲᠦᠷᠭᠡᠳᠬᠡᠨ ᠠᠬᠢᠭᠤᠯᠤᠨ᠎ᠠ
      ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠵᠠᠰᠠᠭ᠎ᠤᠨ ᠣᠷᠳᠣᠨ᠂ ᠠᠵᠤ ᠠᠬᠤᠢ᠌ᠯᠠᠯ᠂ ᠨᠡᠢ᠌ᠭᠡᠮ᠎ᠤᠨ ᠤᠯᠠᠨ ᠲᠠᠯ᠎ᠠ ᠵᠢᠨ᠎ᠬᠢᠨ᠎ᠤ ᠬᠠᠮᠲᠤ ᠵᠢᠨ ᠴᠢᠭᠯᠡᠯ ᠵᠶ᠋ᠡᠷ ᠬᠦᠴᠦᠯᠡᠬᠦ ᠵᠢ ᠱᠠᠭ᠋ᠠᠷᠳᠠᠨ᠎ᠠ᠃ 《ᠠᠵᠢᠯ᠎ᠤᠨ ᠲᠥᠰᠥᠯ》᠎ᠨᠢ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠭᠡᠷ ᠪᠦᠯᠢ᠂ ᠬᠤᠪᠢ ᠬᠥᠮᠥᠨ ᠵᠡᠷᠭᠡ 6 ᠲᠥᠷᠥᠯ᠎ᠤᠨ ᠭᠣᠣᠯ ᠴᠣᠭᠴᠠ᠎ᠳᠤ ᠴᠢᠭᠯᠡᠭᠦᠯᠦᠨ᠂ ᠬᠦᠷᠢᠶᠡᠯᠡᠩ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠂ ᠨᠡᠢ᠌ᠭᠡᠮ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠡᠷᠭᠡ 6 ᠵᠦᠢ᠍ᠯ᠎ᠤᠨ ᠰᠢᠷᠢᠰ ᠠᠵᠢᠯᠯᠠᠭ᠎ᠠ ᠵᠢ ᠲᠥᠯᠥᠪᠯᠡᠵᠦ᠂ ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠪᠥᠭᠡᠳ ᠨᠠᠭᠦᠷᠡᠰᠦᠲᠦ᠋ᠷᠦᠭᠴᠢ ᠪᠠᠭ᠎ᠠ᠂ ᠪᠣᠯᠪᠠᠰᠤᠨ ᠡᠷᠡᠭᠦᠯ ᠠᠮᠢᠳᠤᠷᠠᠯ᠎ᠤᠨ ᠣᠢ᠌ᠯᠠᠭ᠋ᠠᠭᠳᠠᠬᠤᠨ ᠪᠠ ᠬᠡᠷᠡᠭᠯᠡᠭᠡᠨ᠎ᠤ ᠠᠷᠭ᠎ᠠ ᠬᠡᠯᠪᠡᠷᠢ ᠵᠢ ᠶᠡᠬᠡᠪᠡᠷ ᠰᠠᠨᠠᠭ᠋ᠠᠴᠢᠯᠠᠵᠤ᠂ ᠪᠦᠬᠦ ᠨᠡᠢ᠌ᠭᠡᠮ᠎ᠢ ᠥᠷᠭᠡᠨ ᠵᠶ᠋ᠡᠷ ᠳᠠᠢ᠍ᠢ᠍ᠴᠢᠯᠠᠨ ᠢᠳᠡᠪᠬᠢᠲᠡᠢ ᠬᠥᠳᠡᠯᠦᠯᠴᠡᠵᠦ᠂ ᠬᠥᠮᠥᠨ ᠪᠦᠬᠦᠨ᠂ ᠶᠠᠪᠤᠳᠠᠯ ᠪᠦᠬᠦᠨ᠂ ᠴᠠᠭ ᠢᠮᠠᠭᠲᠠ ᠭᠠᠵᠠᠷ ᠪᠣᠯᠭ᠋ᠠᠨ᠎ᠳᠤ ᠠᠮᠢ ᠠᠬᠤᠢ ᠵᠢᠨ ᠪᠣᠯᠪᠠᠰᠤᠨ᠎ᠢ ᠡᠷᠬᠢᠮᠯᠡᠬᠦ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠪᠠ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ᠂ 《ᠠᠵᠢᠯ᠎ᠤᠨ ᠲᠥᠰᠥᠯ》᠎ᠨᠢ ᠠᠳᠠᠯᠢ ᠪᠤᠰᠤ ᠭᠣᠣᠯ ᠴᠣᠭᠴᠠ ᠵᠢᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠬᠤ ᠠᠷᠭ᠎ᠠ ᠵᠠᠮ᠎ᠢ ᠥᠷᠭᠡᠳᠬᠡᠵᠦ᠂ ᠨᠡᠢ᠌ᠭᠡᠮ᠎ᠤᠨ ᠡᠬᠢ ᠪᠠᠶᠠᠯᠢᠭ᠎ᠤᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ᠎ᠳᠤ ᠣᠷᠣᠯᠴᠠᠬᠤ ᠲᠣᠬᠢᠷᠠᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠦᠷ᠎ᠡ ᠪᠦᠲᠦᠮᠵᠢ ᠵᠢ ᠪᠦᠲᠦᠮᠵᠢᠲᠡᠢ ᠳᠡᠭᠡᠭᠰᠢᠯᠡᠭᠦᠯᠬᠦ ᠪᠣᠯᠣᠨ᠎ᠠ ᠭᠡᠵᠦ ᠢᠯᠡᠳᠬᠡᠪᠡ᠃
      《ᠠᠵᠢᠯ᠎ᠤᠨ ᠲᠥᠰᠥᠯ᠎ᠨᠢ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠲᠤᠯᠭ᠋ᠠᠷᠠᠵᠤ ᠪᠠᠢ᠌ᠭ᠎ᠠ ᠪᠠᠶ᠋ᠢᠳᠠᠯ ᠪᠠ ᠡᠭᠦᠷᠭᠡ ᠵᠢᠨ ᠲᠣᠭᠣᠷᠢᠨ᠎ᠳᠤ᠂ ᠰᠢᠷᠢᠰ ᠠᠵᠢᠯᠯᠠᠭ᠎ᠠ ᠵᠢᠨ ᠬᠠᠷᠠᠯᠲᠠ ᠪᠠ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠭᠰᠠᠨ ᠪᠣᠯᠬᠣᠷ ᠨᠡᠯᠢᠶᠡᠳ ᠴᠢᠩᠭ᠎ᠠ ᠵᠢᠯᠤᠭᠣᠳᠬᠤ ᠴᠢᠨᠠᠷ ᠪᠠ ᠬᠡᠷᠡᠭᠵᠢᠭᠦᠯᠵᠦ ᠪᠣᠯᠬᠤᠶ᠋ᠢᠴᠠ ᠴᠢᠨᠠᠷ᠎ᠲᠠᠢ ᠪᠠᠢ᠌ᠵᠤ᠂ ᠣᠷᠣᠨ ᠨᠤᠲᠤᠭ᠎ᠤᠨ ᠬᠣᠯᠪᠣᠭᠳᠠᠯ ᠪᠦᠬᠦᠢ ᠠᠵᠢᠯ ᠵᠶ᠋ᠠᠨ ᠥᠷᠨᠢᠭᠦᠯᠬᠦ᠎ᠳᠤ ᠨᠠᠷᠢᠨ ᠲᠣᠳᠣᠷᠬᠠᠢ ᠠᠵᠢᠯᠯᠠᠭ᠋ᠠᠨ᠎ᠤ ᠵᠦᠭᠯᠡᠭᠦᠷ ᠬᠠᠩᠭ᠋ᠠᠭᠰᠠᠨ ᠪᠠᠢ᠌ᠨ᠎ᠠ》 ᠭᠡᠵᠦ ᠲᠢᠶᠠᠨ ᠴᠦᠨ ᠰᠢᠤ ᠬᠡᠯᠡᠪᠡ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠡᠯ᠎ᠡ ᠭᠠᠵᠠᠷ᠎ᠤᠨ᠎ᠬᠢᠨ ᠲᠤᠬᠠᠢ ᠵᠢᠨ ᠭᠠᠵᠠᠷ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠪᠣᠳᠠᠲᠤ ᠪᠠᠶ᠋ᠢᠳᠠᠯ ᠵᠶ᠋ᠠᠨ ᠦᠨᠳᠦᠰᠦᠯᠡᠨ᠂ ᠰᠠᠯᠠᠭ᠎ᠠ ᠮᠥᠴᠢᠷ᠎ᠤᠨ ᠠᠵᠢᠯ᠎ᠤᠨ ᠬᠤᠪᠢᠶᠠᠷᠢᠯᠠᠯ ᠪᠠ ᠲᠤᠰᠢᠶᠠᠯ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠲᠣᠳᠣᠷᠬᠠᠢ᠌ᠯᠠᠵᠤ᠂ 《ᠠᠵᠢᠯ᠎ᠤᠨ ᠲᠥᠰᠥᠯ》᠎ᠢ ᠨᠠᠢ᠌ᠳᠠᠪᠤᠷᠢᠵᠢᠭᠤᠯᠤᠨ ᠨᠠᠷᠢᠯᠢᠭ ᠨᠠᠢ᠌ᠳᠠᠪᠤᠷᠢᠵᠢᠭᠤᠯᠬᠤ ᠵᠢ ᠲᠦᠷᠭᠡᠪᠴᠢᠯᠡᠨ ᠠᠬᠢᠭᠤᠯᠤᠨ᠎ᠠ ᠭᠡᠵᠡᠢ᠃
      ᠲᠥᠪ᠎ᠤᠨ ᠨᠠᠮ᠎ᠤᠨ ᠰᠤᠷᠭ᠋ᠠᠭᠤᠯᠢ (ᠤᠯᠤᠰ᠎ᠤᠨ ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ) ᠵᠢᠨ ᠨᠡᠢ᠌ᠭᠡᠮ᠎ᠤᠨ ᠪᠠ ᠠᠮᠢ ᠠᠬᠤᠢ ᠵᠢᠨ ᠪᠣᠯᠪᠠᠰᠤᠨ᠎ᠤ ᠵᠢᠭ᠋ᠠᠨ ᠰᠤᠳᠤᠯᠬᠤ ᠬᠡᠯᠲᠡᠰ᠎ᠤᠨ ᠫᠷᠣᠹᠧᠰᠰᠣᠷ ᠸᠠᠩ ᠷᠦ᠋᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠵᠢᠯᠯᠠᠭ᠎ᠠ ᠵᠢ ᠤᠷᠮᠠᠰᠢᠭᠤᠯᠤᠨ ᠵᠣᠷᠢᠭᠵᠢᠭᠤᠯᠵᠤ ᠬᠠᠷᠢᠭᠤ ᠥᠭᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠨᠡᠢ᠌ᠭᠡᠮ᠎ᠤᠨ ᠡᠯ᠎ᠡ ᠳᠦᠷᠦᠯ᠎ᠤᠨ ᠪᠡᠶᠡᠴᠢ ᠴᠣᠭᠴᠠ ᠵᠢᠨ ᠣᠷᠣᠯᠴᠠᠬᠤ ᠰᠠᠨᠠᠭ᠋ᠠᠴᠢᠯᠠᠭ᠋ᠠᠲᠤ ᠴᠢᠨᠠᠷ᠎ᠢ ᠤᠯᠠᠮ ᠨᠢᠭᠡ ᠠᠯᠬᠤᠮ ᠬᠥᠭᠵᠢᠭᠡᠵᠦ ᠪᠣᠯᠣᠨ᠎ᠠ᠂ 《ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠲᠦᠭᠡᠮᠡᠯ ᠬᠠᠷᠠᠭ᠋ᠠᠯᠵᠠᠯ᠎ᠤᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠠᠬᠢᠯᠭ᠋ᠠᠨ ᠬᠡᠷᠡᠭᠯᠡᠬᠦ᠂ ᠪᠣᠬᠢᠷᠲᠤᠯ ᠦᠭᠡᠢ ᠬᠡᠷᠡᠭᠯᠡᠭᠡ᠂ ᠪᠣᠬᠢᠷᠲᠤᠯ ᠦᠭᠡᠢ ᠶᠠᠪᠤᠵᠤ ᠰᠠᠭᠤᠬᠤ ᠵᠡᠷᠭᠡ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠲᠦᠭᠡᠮᠡᠯ ᠬᠠᠷᠠᠭ᠋ᠠᠯᠵᠠᠯ᠎ᠤᠨ ᠬᠡᠷᠡᠭᠯᠡᠭᠡᠨ᠎ᠤ ᠲᠠᠯᠠᠪᠤᠷ᠎ᠢ ᠥᠷᠭᠡᠳᠬᠡᠵᠦ᠂ ᠵᠢᠵᠢᠭ ᠪᠢᠴᠢᠯ ᠠᠵᠤ ᠠᠬᠤᠢ᠌ᠯᠠᠯ᠂ ᠨᠡᠢ᠌ᠭᠡᠮ ᠲᠣᠭᠣᠷᠢᠭ᠎ᠤᠨ ᠭᠡᠷ ᠪᠦᠯᠢ ᠪᠠ ᠬᠤᠪᠢ ᠬᠥᠮᠥᠨ᠎ᠤ ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ᠎ᠳᠤ ᠣᠷᠣᠯᠴᠠᠬᠤ ᠵᠢ ᠤᠷᠮᠠᠰᠢᠭᠤᠯᠤᠨ ᠬᠥᠲᠥᠯᠥᠨ ᠵᠢᠯᠤᠭᠣᠳᠴᠤ ᠪᠣᠯᠣᠨ᠎ᠠ᠃ ᠡᠯ᠎ᠡ ᠲᠥᠷᠥᠯ᠎ᠤᠨ ᠠᠵᠤ ᠠᠬᠤᠢ᠌ᠯᠠᠯ᠂ ᠲᠠᠪᠴᠠᠩ᠂ ᠨᠠᠢ᠌ᠳᠠ ᠵᠢᠨ ᠠᠰᠠᠷᠠᠮᠵᠢ ᠵᠢᠨ ᠪᠠᠢ᠌ᠭᠤᠯᠤᠮᠵᠢ ᠵᠡᠷᠭᠡ ᠵᠢᠨ ᠪᠦᠲᠦᠭᠡᠯᠴᠢ ᠴᠢᠨᠠᠷ ᠵᠶ᠋ᠠᠨ ᠪᠠᠳᠠᠷᠠᠭᠤᠯᠬᠤ ᠵᠢ ᠵᠣᠷᠢᠭᠵᠢᠭᠤᠯᠵᠤ ᠪᠣᠯᠣᠨ᠎ᠠ᠃ ᠵᠢᠱ᠌ᠢᠶᠡᠯᠡᠪᠡᠯ ᠲᠣᠭ᠋ᠠᠴᠢᠯᠠᠭᠰᠠᠨ᠂ ᠴᠥᠷᠬᠡᠯᠡᠭᠡ ᠮᠡᠷᠭᠡᠵᠢᠯ᠎ᠤᠨ ᠠᠷᠭ᠎ᠠ ᠪᠠᠷᠢᠯ᠎ᠲᠠᠢ ᠤᠶᠠᠯᠳᠤᠭᠤᠯᠤᠨ᠂ ᠪᠥᠬᠥ ᠠᠷᠠᠳ᠎ᠤᠨ ᠪᠣᠬᠢᠷᠲᠤᠯ ᠦᠭᠡᠢ ᠠᠵᠢᠯᠯᠠᠭ᠋ᠠᠨ᠎ᠤ ᠲᠠᠪᠴᠠᠩ᠂ ᠵᠢᠵᠢᠭ ᠹᠷᠦᠭᠷᠡᠮ᠂ ᠨᠠᠢ᠌ᠳᠠ ᠵᠢᠨ ᠠᠰᠠᠷᠠᠮᠵᠢ ᠵᠢᠨ ᠲᠥᠷᠥᠯ ᠵᠦᠢ᠍ᠯ ᠵᠡᠷᠭᠡ ᠵᠢ ᠨᠡᠭᠡᠭᠡᠨ ᠬᠥᠭᠵᠢᠭᠦᠯᠵᠦ᠂ ᠨᠠᠩ ᠤᠯᠠᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠦᠢ᠍ᠯᠡᠳᠬᠦᠨ ᠪᠠ ᠦᠢ᠍ᠯᠡᠴᠢᠯᠡᠭᠡ ᠬᠠᠩᠭ᠋ᠠᠵᠤ᠂ ᠤᠯᠠᠨ ᠨᠠᠢ᠌ᠳᠠ ᠵᠢᠨ ᠪᠣᠬᠢᠷᠲᠤᠯ ᠦᠭᠡᠢ ᠠᠮᠢᠳᠤᠷᠠᠯ᠎ᠤᠨ ᠠᠷᠭ᠎ᠠ ᠮᠠᠶᠢᠭ᠎ᠢ ᠦᠢ᠍ᠯᠡᠳᠦᠯᠭᠡᠵᠢᠭᠦᠯᠬᠦ᠎ᠳᠤ ᠨᠠᠩ ᠤᠯᠠᠨ ᠰᠢᠨ᠎ᠡ ᠵᠠᠭᠪᠤᠷ᠂ ᠰᠢᠨ᠎ᠡ ᠲᠠᠪᠴᠠᠩ ᠬᠠᠩᠭ᠋ᠠᠪᠠᠯ ᠵᠣᠬᠢᠨ᠎ᠠ ᠭᠡᠵᠦ ᠰᠠᠨᠠᠭᠤᠯᠪᠠ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ 9 ᠰᠠᠯᠠᠭ᠎ᠠ ᠮᠥᠴᠢᠷ ᠬᠣᠲᠠ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠣᠳᠠᠲᠠᠢ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠢᠳᠡᠪᠬᠢᠲᠡᠢ ᠲᠦᠯᠬᠢᠨ ᠠᠬᠢᠭᠤᠯᠵᠤ᠂ ᠰᠠᠯᠠᠭ᠎ᠠ ᠮᠥᠴᠢᠷ᠎ᠤᠨ ᠵᠣᠬᠢᠴᠠᠯᠳᠤᠨ ᠬᠣᠯᠪᠤᠭ᠋ᠠᠯᠠᠨ ᠬᠥᠳᠡᠯᠦᠯᠴᠡᠬᠦ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ; ᠲᠥᠪ᠎ᠤᠨ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠰᠢᠷᠢᠰ ᠠᠵᠢᠯᠯᠠᠭ᠎ᠠ ᠵᠢ ᠥᠷᠨᠢᠭᠦᠯᠬᠦ᠎ᠳᠤ ᠴᠢᠬᠤᠯᠠ ᠪᠦᠬᠦᠢ ᠵᠠᠷᠤᠳᠠᠯ᠎ᠤᠨ ᠳᠡᠮᠵᠢᠯᠭᠡ ᠪᠠ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠵᠤ᠂ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠨ᠎ᠠ; 《ᠠᠵᠢᠯ᠎ᠤᠨ ᠲᠥᠰᠥᠯ》᠎ᠢ ᠬᠡᠷᠡᠭᠵᠢᠭᠦᠯᠦᠭᠰᠡᠨ ᠪᠠᠶ᠋ᠢᠳᠠᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠦᠨᠡᠯᠡᠨ ᠵᠢᠱ᠌ᠢᠯᠲᠡ ᠬᠢᠵᠦ᠂ ᠨᠡᠢ᠌ᠲᠡᠯᠢᠭ ᠲᠤᠷᠰᠢᠯᠭ᠎ᠠ ᠵᠢ ᠳ᠋ᠦᠩᠨᠡᠨ᠂ ᠨᠡᠢ᠌ᠭᠡᠮ᠎ᠤᠨ ᠡᠯ᠎ᠡ ᠡᠲᠡᠭᠡᠳ᠎ᠤᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ᠎ᠳᠤ ᠣᠷᠣᠯᠴᠠᠬᠤ᠎ᠳᠤ ᠥᠯᠢᠭᠡᠷ ᠳᠠᠭᠤᠷᠢᠶᠠᠯ᠎ᠤᠨ ᠵᠢᠱ᠌ᠢᠶ᠎ᠡ ᠦᠵᠡᠭᠦᠯᠬᠦ ᠪᠠ ᠥᠷᠲᠡᠭ᠎ᠤᠨ ᠵᠢᠯᠣᠭᠣᠳᠤᠯᠭ᠎ᠠ ᠬᠠᠩᠭ᠋ᠠᠪᠠ ᠭᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠤᠯᠠᠭ᠋ᠠᠨᠬᠠᠳᠠ ᠬᠣᠲᠠ ᠵᠢᠨ ᠠᠮᠢ ᠠᠬᠤᠢ ᠣᠷᠴᠢᠨ ᠲᠣᠭᠣᠷᠢᠨ᠎ᠤ ᠲᠣᠪᠴᠢᠶ᠎ᠠ ᠵᠢᠨ ᠠᠷᠤ ᠬᠣᠷᠴᠢᠨ ᠬᠣᠰᠢᠭᠤᠨ᠎ᠤ ᠬᠤᠪᠢᠶᠠᠷᠢ ᠲᠣᠪᠴᠢᠶ᠎ᠠ ᠵᠢᠨ ᠴᠧᠨ ᠰᠢ ᠵᠢᠨ ᠬᠤᠪᠢ ᠬᠥᠮᠥᠨ᠎ᠤ ᠦᠢ᠍ᠯᠡ ᠠᠵᠢᠯᠯᠠᠭ᠎ᠠ ᠵᠢᠨ ᠮᠠᠲ᠋ᠧᠷᠢᠶᠠᠯ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠮᠡᠳᠡᠯᠭᠡ ᠵᠢᠨ ᠰᠢᠰᠲ᠋ᠧᠮ᠎ᠢ ᠪᠠᠢ᠌ᠭᠤᠯᠤᠨ᠎ᠠ
《ᠲᠠᠪᠤᠨ ᠬᠠᠷᠠᠯᠲᠠ》᠎ᠳᠤ ᠠᠩᠬᠠᠷᠤᠯ ᠵᠶ᠋ᠠᠨ ᠲᠥᠪᠯᠡᠷᠡᠭᠦᠯᠵᠦ ᠤᠯᠤᠰ᠎ᠤᠨ ᠠᠮᠢ ᠠᠬᠤᠢ ᠪᠠ ᠡᠨᠧᠷᠭᠢ ᠵᠢᠨ ᠠᠮᠤᠷ ᠲᠦᠪᠰᠢᠨ᠎ᠢ ᠪᠠᠲᠤᠯᠠᠪᠠ
ᠦᠢ᠍ᠯᠡᠳᠦᠯᠭᠡ ᠬᠦᠴᠦᠨ᠎ᠲᠠᠢ — ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠥᠪᠥᠷ ᠮᠣᠩᠭᠣᠯ᠎ᠤᠨ ᠦᠢ᠍ᠯᠡᠳᠦᠯᠭᠡ
 
             蒙ICP备05000248号