ᠣᠢ᠌ᠷ᠎ᠠ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠲᠥᠪ᠎ᠤᠨ ᠨᠡᠢ᠌ᠭᠡᠮ᠎ᠤᠨ ᠠᠵᠢᠯ᠎ᠤᠨ ᠶᠠᠮᠤᠨ᠂ ᠲᠥᠪ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠲᠥᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠰᠤᠷᠭ᠋ᠠᠨ ᠬᠥᠮᠦᠵᠢᠯ᠎ᠤᠨ ᠶᠠᠮᠤᠨ᠂ ᠠᠷᠠᠳ᠎ᠤᠨ ᠶᠠᠪᠤᠳᠠᠯ᠎ᠤᠨ ᠶᠠᠮᠤᠨ᠂ ᠰᠣᠶᠣᠯ ᠪᠠ ᠵᠢᠭᠤᠯᠴᠢᠯᠠᠯ᠎ᠤᠨ ᠶᠠᠮᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ ᠪᠠ ᠪᠥᠬᠥ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠋ᠠᠲᠤ ᠬᠤᠷᠠᠯ ᠵᠡᠷᠭᠡ ᠶᠢᠰᠦᠨ ᠰᠠᠯᠠᠭ᠎ᠠ ᠮᠥᠴᠢᠷ ᠬᠠᠮᠲᠤᠷᠠᠨ 《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ〉 ᠭᠡᠬᠦ ᠰᠢᠷᠢᠰ ᠠᠵᠢᠯᠯᠠᠭ᠎ᠠ ᠵᠢ ᠭᠦᠨᠵᠡᠭᠡᠢ ᠥᠷᠨᠢᠭᠦᠯᠬᠦ ᠲᠤᠬᠠᠢ ᠠᠵᠢᠯ᠎ᠤᠨ ᠲᠥᠰᠥᠯ》 (ᠣᠷᠴᠢᠨ ᠲᠣᠭᠣᠷᠢᠨ᠎ᠤ ᠤᠬᠠᠭᠤᠯᠭ᠎ᠠ ᠬᠥᠮᠦᠵᠢᠯ [2024] 28 ᠲᠣᠭ᠋ᠠᠲᠤ᠂ ᠳᠣᠷᠣᠭᠰᠢ 《ᠠᠵᠢᠯ᠎ᠤᠨ ᠲᠥᠰᠥᠯ》 ᠭᠡᠵᠦ ᠲᠣᠪᠴᠢᠯᠠᠨ᠎ᠠ)᠎ᠢ ᠨᠠᠢ᠌ᠷᠠᠭᠤᠯᠤᠨ ᠵᠣᠬᠢᠶᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ 《ᠠᠵᠢᠯ᠎ᠤᠨ ᠲᠥᠰᠥᠯ》᠎ᠢ ᠨᠡᠢ᠌ᠲᠡᠯᠡᠭᠰᠡᠨ ᠠᠬᠤᠢ ᠪᠠᠶ᠋ᠢᠳᠠᠯ᠂ ᠶᠡᠷᠦᠩᠬᠡᠢ ᠱᠠᠭ᠋ᠠᠷᠳᠠᠯᠭ᠎ᠠ᠂ ᠭᠣᠣᠯ ᠠᠭᠤᠯᠭ᠎ᠠ᠂ ᠠᠵᠢᠯ᠎ᠤᠨ ᠱᠠᠭ᠋ᠠᠷᠳᠠᠯᠭ᠎ᠠ ᠵᠡᠷᠭᠡ ᠵᠢᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠠᠰᠠᠭᠤᠯᠲᠠ᠄ 《ᠠᠵᠢᠯ᠎ᠤᠨ ᠲᠥᠰᠥᠯ》᠎ᠢ ᠨᠡᠢ᠌ᠲᠡᠯᠡᠭᠰᠡᠨ ᠠᠬᠤᠢ ᠪᠠᠶ᠋ᠢᠳᠠᠯ ᠪᠠ ᠵᠣᠷᠢᠯᠭ᠎ᠠ᠎ᠨᠢ ᠶᠠᠭᠤ ᠪᠤᠢ?
ᠬᠠᠷᠢᠭᠤᠯᠲᠠ᠄ 2018 ᠣᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠲᠥᠪ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠰᠤᠷᠭ᠋ᠠᠨ ᠬᠥᠮᠦᠵᠢᠯ᠎ᠤᠨ ᠶᠠᠮᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠪᠦᠬᠦ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠎ᠠ ᠵᠡᠷᠭᠡ ᠲᠠᠪᠤᠨ ᠰᠠᠯᠠᠭ᠎ᠠ ᠮᠥᠴᠢᠷ 《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠭᠣᠣᠯ ᠰᠡᠳᠦᠪᠲᠦ ᠦᠢ᠍ᠯᠡᠳᠦᠯᠭᠡ ᠵᠢᠨ ᠠᠵᠢᠯᠯᠠᠭ᠎ᠠ ᠵᠢ ᠥᠷᠨᠢᠭᠦᠯᠬᠦ ᠲᠤᠬᠠᠢ ᠮᠡᠳᠡᠭᠳᠡᠯ》᠎ᠢ ᠳᠠᠷᠤᠮᠠᠯᠯᠠᠨ ᠲᠠᠷᠬᠠᠭ᠋ᠠᠵᠤ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠨᠡᠷᠡᠲᠦ ᠲᠡᠮᠳᠡᠭ᠎ᠢ ᠵᠢᠩᠬᠢᠨᠢ᠎ᠪᠠᠷ ᠨᠡᠢ᠌ᠲᠡᠯᠡᠪᠡ᠃ ᠪᠦᠬᠦ ᠤᠯᠤᠰ᠎ᠤᠨ ᠡᠯ᠎ᠡ ᠭᠠᠵᠠᠷ᠎ᠤᠨ᠎ᠬᠢᠨ ᠢᠳᠡᠪᠬᠢᠲᠡᠢ᠎ᠪᠠᠷ ᠴᠤᠤᠷᠢᠶᠠᠲᠤᠨ ᠲᠠᠭ᠋ᠠᠵᠤ᠂ ᠡᠯ᠎ᠡ ᠵᠦᠢ᠍ᠯ᠎ᠤᠨ ᠠᠵᠢᠯ ᠲᠣᠭᠲᠠᠭᠤᠨ ᠵᠶ᠋ᠠᠷ ᠠᠬᠢᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠥᠷᠭᠡᠨ ᠵᠶ᠋ᠡᠷ ᠤᠯᠠᠮᠵᠢᠯᠠᠭᠳᠠᠵᠤ᠂ ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ ᠢᠯᠡᠳᠲᠡ ᠳᠡᠭᠡᠭᠰᠢᠯᠡᠵᠦ᠂ ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠬᠡᠯᠪᠡᠷᠢ ᠬᠥᠮᠥᠰ᠎ᠤᠨ ᠰᠡᠳᠬᠢᠯ᠎ᠳᠤ ᠨᠡᠩ ᠭᠦᠨ ᠰᠠᠭᠤᠭᠳᠠᠪᠠ᠃
ᠡᠩ ᠲᠡᠷᠢᠭᠦᠨ᠎ᠳᠤ᠂ 《ᠠᠵᠢᠯ᠎ᠤᠨ ᠲᠥᠰᠥᠯ》᠎ᠢ ᠨᠡᠢ᠌ᠲᠡᠯᠡᠬᠦ ᠪᠣᠯ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠃ 2023 ᠣᠨ᠎ᠤ 7 ᠰᠠᠷ᠎ᠠ᠎ᠳᠤ᠂ ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠭᠡᠷ ᠪᠦᠯᠢ ᠪᠣᠯᠣᠨ ᠬᠤᠪᠢ ᠬᠥᠮᠥᠨ᠎ᠢ ᠥᠷᠭᠡᠨ ᠵᠶ᠋ᠡᠷ ᠳᠠᠢ᠍ᠢ᠍ᠴᠢᠯᠠᠨ ᠢᠳᠡᠪᠬᠢᠲᠡᠢ ᠬᠥᠳᠡᠯᠦᠯᠴᠡᠵᠦ᠂ ᠬᠥᠮᠥᠨ ᠪᠦᠬᠦᠨ᠂ ᠶᠠᠪᠤᠳᠠᠯ ᠪᠦᠬᠦᠨ᠂ ᠴᠠᠭ ᠢᠮᠠᠭᠲᠠ ᠭᠠᠵᠠᠷ ᠪᠣᠯᠭ᠋ᠠᠨ᠎ᠳᠤ ᠠᠮᠢ ᠠᠬᠤᠢ ᠵᠢᠨ ᠪᠣᠯᠪᠠᠰᠤᠨ᠎ᠢ ᠡᠷᠬᠢᠮᠯᠡᠬᠦ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠪᠠ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠎ᠨᠢ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠰᠢᠷᠢᠰ ᠠᠵᠢᠯᠯᠠᠭ᠎ᠠ᠎ᠳᠤ ᠰᠢᠨ᠎ᠡ ᠱᠠᠭ᠋ᠠᠷᠳᠠᠯᠭ᠎ᠠ ᠳᠤᠷᠠᠳᠤᠭᠰᠠᠨ᠎ᠤ ᠬᠠᠮᠲᠤ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠰᠢᠷᠢᠰ ᠠᠵᠢᠯᠯᠠᠭ᠎ᠠ᠎ᠨᠢ ᠨᠠᠮ᠎ᠤᠨ ᠲᠥᠪ ᠬᠣᠷᠢᠶ᠎ᠠ ᠵᠢᠨ ᠵᠥᠪᠰᠢᠶᠡᠷᠡᠯ᠎ᠢ ᠣᠯᠵᠤ᠂ ᠨᠡᠯᠢᠶᠡᠳ ᠥᠨᠳᠥᠷ ᠨᠡᠢ᠌ᠭᠡᠮ᠎ᠤᠨ ᠨᠥᠯᠥᠭᠡᠯᠡᠬᠦ ᠬᠦᠴᠦᠨ᠎ᠲᠠᠢ ᠪᠥᠭᠡᠳ ᠮᠡᠳᠡᠷᠡᠮᠵᠢ᠎ᠲᠠᠢ ᠬᠠᠩᠭᠢᠨᠠᠮ᠎ᠠ ᠳᠦᠷᠦᠯ ᠲᠡᠮᠳᠡᠭ ᠪᠣᠯᠤᠭᠰᠠᠨ ᠪᠠᠢ᠌ᠨ᠎ᠠ᠃
ᠳᠠᠷᠠᠭ᠋ᠠᠯᠠᠪᠠᠯ᠂ 《ᠠᠵᠢᠯ᠎ᠤᠨ ᠲᠥᠰᠥᠯ》᠎ᠢ ᠨᠡᠢ᠌ᠲᠡᠯᠡᠬᠦ ᠪᠣᠯ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠥᠬᠥ ᠠᠷᠠᠳ᠎ᠤᠨ ᠠᠵᠢᠯᠯᠠᠭ᠎ᠠ ᠵᠢ ᠠᠬᠢᠭᠤᠯᠬᠤ ᠵᠢᠨ ᠲᠤᠯᠭ᠋ᠠᠮ᠎ᠠ ᠱᠠᠭ᠋ᠠᠷᠳᠠᠯᠭ᠎ᠠ ᠮᠥᠨ᠃ ᠣᠳᠣᠬᠠᠨ᠎ᠳᠤ᠂ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠨᠢᠭᠡᠨᠲᠡ ᠪᠣᠬᠢᠷᠲᠤᠯ ᠦᠭᠡᠢ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠬᠥᠭᠵᠢᠯᠲᠡ ᠵᠢᠨ ᠱᠠᠲᠤᠨ᠎ᠳᠤ ᠣᠷᠣᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠮᠥᠨ ᠬᠦ᠌ ᠳᠠᠷᠤᠯᠲᠠ ᠳᠠᠪᠬᠤᠴᠠᠬᠤ᠂ ᠬᠦᠨᠳᠦ ᠡᠭᠦᠷᠭᠡ ᠵᠢ ᠡᠭᠦᠷᠭᠡᠯᠡᠵᠦ ᠤᠷᠤᠭᠰᠢᠯᠠᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠨ᠎ᠠ᠃ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ᠂ ᠬᠥᠭᠵᠢᠯᠲᠡ ᠵᠢᠨ ᠠᠷᠭ᠎ᠠ ᠮᠠᠶᠢᠭ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ᠎ᠳᠤ᠂ ᠪᠦᠬᠦ ᠠᠷᠠᠳ ᠢᠷᠭᠡᠳ᠎ᠤᠨ ᠥᠷᠭᠡᠨ ᠳᠡᠯᠭᠡᠷ ᠳᠡᠮᠵᠢᠯᠭᠡ ᠪᠠ ᠣᠷᠤᠯᠴᠠᠯᠭ᠎ᠠ ᠵᠢ ᠨᠡᠩ ᠲᠤᠯᠭ᠋ᠠᠮ᠎ᠠ ᠱᠠᠭ᠋ᠠᠷᠳᠠᠵᠤ ᠪᠠᠢ᠌ᠨ᠎ᠠ᠃ 2024 ᠣᠨ᠎ᠤ 1 ᠰᠠᠷ᠎ᠠ᠎ᠳᠤ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠬᠤ ᠲᠤᠬᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠵᠢᠩᠬᠢᠨᠢ᠎ᠪᠠᠷ ᠨᠡᠢ᠌ᠲᠡᠯᠡᠵᠦ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠥᠬᠥ ᠠᠷᠠᠳ᠎ᠢ ᠪᠦᠲᠦᠭᠡᠨ ᠪᠠᠢ᠌ᠭᠤᠯᠬᠤ ᠠᠵᠢᠯᠯᠠᠭ᠎ᠠ ᠵᠢ ᠥᠷᠨᠢᠭᠦᠯᠬᠦ》 ᠵᠢ ᠨᠢᠭᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠪᠣᠯᠭ᠋ᠠᠵᠤ᠂ 《ᠲᠥᠬᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ᠎ᠤᠨ ᠠᠷᠭ᠎ᠠ ᠮᠠᠶᠢᠭ ᠪᠠ ᠬᠡᠷᠡᠭᠯᠡᠭᠡᠨ᠎ᠤ ᠵᠠᠭᠪᠤᠷ᠎ᠢ ᠰᠠᠨᠠᠭ᠋ᠠᠴᠢᠯᠠᠨ᠎ᠠ᠂ 〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ ᠪᠣᠯ ᠣᠷᠣᠯᠴᠠᠭᠴᠢ〉 ᠰᠢᠷᠢᠰ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠦᠨ᠎ᠡ》 ᠭᠡᠵᠦ ᠳᠤᠷᠠᠳᠤᠨ ᠭᠠᠷᠭ᠋ᠠᠪᠠ᠃
ᠭᠤᠷᠪᠠᠳᠤᠭ᠋ᠠᠷ᠎ᠲᠤ᠂ 《ᠠᠵᠢᠯ᠎ᠤᠨ ᠲᠥᠰᠥᠯ》᠎ᠢ ᠨᠡᠢ᠌ᠲᠡᠯᠡᠬᠦ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠨᠠᠢ᠌ᠳᠠᠪᠤᠷᠢᠵᠢᠭᠤᠯᠬᠤ ᠵᠢᠨ ᠪᠣᠳᠠᠲᠤ ᠬᠡᠷᠡᠭᠴᠡᠭᠡ ᠮᠥᠨ᠃ 2021 ᠣᠨ᠎ᠳᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠲᠥᠪ᠎ᠤᠨ ᠤᠬᠠᠭᠤᠯᠬᠤ ᠬᠡᠯᠲᠡᠰ᠂ ᠲᠥᠪ᠎ᠤᠨ ᠣᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠂ ᠰᠤᠷᠭ᠋ᠠᠨ ᠬᠥᠮᠦᠵᠢᠯ᠎ᠤᠨ ᠶᠠᠮᠤᠨ᠂ ᠡᠪ ᠬᠠᠮᠲᠤ ᠵᠠᠯᠠᠭᠤᠴᠤᠳ᠎ᠤᠨ ᠡᠪᠯᠡᠯ᠎ᠤᠨ ᠲᠥᠪ ᠬᠣᠷᠢᠶ᠎ᠠ᠂ ᠪᠦᠬᠦ ᠤᠯᠤᠰ᠎ᠤᠨ ᠡᠮᠡᠭᠲᠡᠶ᠋ᠢᠴᠦᠳ᠎ᠤᠨ ᠬᠣᠯᠪᠣᠭ᠎ᠠ ᠵᠡᠷᠭᠡ ᠵᠢᠷᠭᠤᠭ᠋ᠠᠨ ᠰᠠᠯᠠᠭ᠎ᠠ ᠮᠥᠴᠢᠷ 《〈ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ〉 ᠵᠢᠨ ᠠᠷᠠᠳ ᠢᠷᠭᠡᠳ᠎ᠤᠨ ᠠᠮᠢ ᠠᠬᠤᠢ ᠵᠢᠨ ᠪᠣᠯᠪᠠᠰᠤᠨ᠎ᠤ ᠤᠬᠠᠮᠰᠠᠷ᠎ᠢ ᠳᠡᠭᠡᠭᠰᠢᠯᠡᠭᠦᠯᠬᠦ ᠠᠵᠢᠯᠯᠠᠭ᠎ᠠ ᠵᠢᠨ ᠲᠥᠯᠥᠪᠯᠡᠭᠡ (2021 — 2025 ᠣᠨ)》 (ᠳᠣᠷᠣᠭᠰᠢ 《ᠠᠵᠢᠯᠯᠠᠭ᠎ᠠ ᠵᠢᠨ ᠲᠥᠯᠥᠪᠯᠡᠭᠡ》 ᠭᠡᠵᠦ ᠳᠥᠭᠥᠮᠴᠢᠯᠡᠨ᠎ᠡ) ᠵᠢ ᠳᠠᠷᠤᠮᠠᠯᠯᠠᠨ ᠲᠠᠷᠬᠠᠭ᠋ᠠᠵᠤ᠂ ᠵᠢᠷᠭᠤᠭ᠋ᠠᠨ ᠲᠠᠯ᠎ᠠ ᠵᠢᠨ ᠭᠣᠣᠯ ᠡᠭᠦᠷᠭᠡ ᠪᠠ ᠠᠷᠪᠠᠨ ᠲᠤᠰᠬᠠᠢ ᠠᠵᠢᠯᠯᠠᠭ᠎ᠠ ᠵᠢ ᠪᠠᠢ᠌ᠷᠢᠯᠠᠭᠤᠯᠵᠠᠢ᠃ ᠣᠳᠣᠬᠠᠨ᠎ᠳᠤ᠂ 《ᠠᠵᠢᠯᠯᠠᠭ᠋ᠠᠨ᠎ᠤ ᠲᠥᠯᠥᠪᠯᠡᠭᠡ》 ᠨᠢᠭᠡᠨᠲᠡ ᠳᠤᠮᠳᠠ ᠬᠤᠭᠤᠴᠠᠭ᠋ᠠᠨ᠎ᠠᠴᠠ ᠥᠩᠭᠡᠷᠡᠵᠦ᠂ ᠡᠨᠡᠬᠦ ᠵᠠᠩᠭᠢᠯᠠᠭ᠎ᠠ ᠵᠢᠨ ᠬᠤᠭᠤᠴᠠᠭ᠋ᠠᠨ᠎ᠳᠤ 《ᠠᠵᠢᠯ᠎ᠤᠨ ᠲᠥᠰᠥᠯ》᠎ᠢ ᠨᠡᠢ᠌ᠲᠡᠯᠡᠵᠦ᠂ ᠰᠢᠷᠢᠰ ᠠᠵᠢᠯᠯᠠᠭ᠋ᠠᠨ᠎ᠤ ᠵᠢᠷᠤᠭ ᠲᠥᠯᠥᠪᠯᠡᠭᠡ᠎ᠳᠤ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭ᠋ᠠᠨ᠎ᠳᠠᠬᠢ ᠭᠣᠣᠯᠳᠠᠯᠭ᠎ᠠ᠎ᠲᠠᠢ ᠠᠵᠢᠯ ᠪᠠ ᠱᠠᠭ᠋ᠠᠷᠳᠠᠯᠭ᠎ᠠ ᠵᠢ ᠠᠭᠤᠰᠬᠠᠨ ᠣᠷᠣᠭᠤᠯᠬᠤ ᠵᠢᠨ ᠬᠠᠮᠲᠤ ᠬᠣᠯᠪᠣᠭᠳᠠᠯ ᠪᠦᠬᠦᠢ ᠠᠭᠤᠯᠭ᠎ᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠨᠠᠷᠢᠯᠢᠭᠵᠢᠭᠤᠯᠬᠤ᠎ᠨᠢ 《ᠠᠵᠢᠯᠯᠠᠭ᠋ᠠᠨ᠎ᠤ ᠲᠥᠯᠥᠪᠯᠡᠭᠡ》 ᠵᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠤᠷᠤᠭᠰᠢᠲᠠᠢ ᠪᠡᠶᠡᠯᠡᠭᠦᠯᠬᠦ ᠵᠢ ᠲᠦᠷᠭᠡᠳᠬᠡᠬᠦ᠎ᠳᠤ ᠠᠰᠢᠭᠲᠠᠢ ᠶᠤᠮ᠃
ᠠᠰᠠᠭᠤᠯᠲᠠ᠄ 《ᠠᠵᠢᠯ᠎ᠤᠨ ᠲᠥᠰᠥᠯ》᠎ᠤᠨ ᠶᠡᠷᠦᠩᠬᠡᠢ ᠱᠠᠭ᠋ᠠᠷᠳᠠᠯᠭ᠎ᠠ᠎ᠨᠢ ᠶᠠᠭᠤ ᠪᠤᠢ?
ᠬᠠᠷᠢᠭᠤᠯᠲᠠ᠄ 《ᠠᠵᠢᠯ᠎ᠤᠨ ᠲᠥᠰᠥᠯ》᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠪᠠᠢ᠌ᠷᠢᠯᠠᠭᠤᠯᠤᠯᠲᠠ ᠵᠢ ᠨᠠᠢ᠌ᠳᠠᠪᠤᠢ᠌ᠵᠢᠭᠤᠯᠵᠤ᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠰᠢᠷᠢᠰ ᠠᠵᠢᠯᠯᠠᠭ᠎ᠠ ᠵᠢ ᠭᠦᠨᠵᠡᠭᠡᠢ ᠥᠷᠨᠢᠭᠦᠯᠵᠦ᠂ ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ᠎ᠤᠨ ᠣᠨᠣᠯᠵᠢᠬᠤᠨ ᠪᠠ ᠬᠡᠷᠡᠭᠯᠡᠭᠡᠨ᠎ᠤ ᠠᠷᠭ᠎ᠠ ᠮᠠᠶᠢᠭ᠎ᠢ ᠶᠡᠬᠡᠪᠡᠷ ᠰᠠᠨᠠᠭ᠋ᠠᠴᠢᠯᠠᠵᠤ᠂ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠭᠡᠷ ᠪᠦᠯᠢ ᠪᠠ ᠬᠤᠪᠢ ᠬᠥᠮᠥᠨ᠎ᠢ ᠥᠷᠭᠡᠨ ᠵᠶ᠋ᠡᠷ ᠳᠠᠶ᠋ᠢᠴᠢᠯᠠᠨ ᠢᠳᠡᠪᠬᠢᠲᠡᠢ ᠬᠥᠳᠡᠯᠦᠯᠴᠡᠵᠦ᠂ ᠬᠥᠮᠥᠨ ᠪᠦᠬᠦᠨ᠂ ᠶᠠᠪᠤᠳᠠᠯ ᠪᠦᠬᠦᠨ᠂ ᠴᠠᠭ ᠢᠮᠠᠭᠲᠠ᠂ ᠭᠠᠵᠠᠷ ᠪᠣᠯᠭ᠋ᠠᠨ᠎ᠳᠤ ᠠᠮᠢ ᠠᠬᠤᠢ ᠵᠢᠨ ᠪᠣᠯᠪᠠᠰᠤᠨ᠎ᠢ ᠡᠷᠬᠢᠮᠯᠡᠬᠦ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠣᠯᠭ᠋ᠠᠨ᠎ᠠ᠃
《ᠠᠵᠢᠯ᠎ᠤᠨ ᠲᠥᠰᠥᠯ》᠎ᠤᠨ ᠭᠣᠣᠯ ᠬᠠᠷᠠᠯᠲᠠ ᠪᠣᠯ᠄ 2025 ᠣᠨ ᠪᠣᠯᠬᠤ᠎ᠳᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠬᠥᠮᠥᠰ᠎ᠤᠨ ᠰᠡᠳᠬᠢᠯ᠎ᠳᠤ ᠨᠡᠩ ᠭᠦᠨ ᠬᠠᠳᠠᠩᠰᠢᠭᠤᠯᠵᠤ᠂ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ》 ᠭᠡᠬᠦ ᠣᠢ᠌ᠯᠠᠭ᠋ᠠᠭᠳᠠᠬᠤᠨ᠎ᠢ ᠪᠦᠬᠦ ᠨᠡᠢ᠌ᠭᠡᠮ᠎ᠳᠤ ᠪᠠᠲᠤ ᠪᠤᠢ ᠪᠣᠯᠭ᠋ᠠᠬᠤ ᠵᠢᠨ ᠬᠠᠮᠲᠤ ᠥᠷᠭᠡᠨ ᠵᠶ᠋ᠡᠷ ᠦᠢ᠍ᠯᠡᠳᠦᠯᠭᠡᠵᠢᠭᠦᠯᠵᠦ᠂ ᠠᠮᠢ ᠠᠬᠤᠢ ᠵᠢᠨ ᠰᠣᠶᠣᠯ᠎ᠤᠨ ᠰᠢᠰᠲ᠋ᠧᠮ᠎ᠢ ᠲᠠᠰᠤᠷᠠᠯᠳᠡ ᠦᠭᠡᠢ ᠪᠦᠷᠢᠨᠰᠢᠭᠦᠯᠵᠦ᠂ ᠤᠯᠠᠨ ᠡᠰᠢᠴᠢᠯᠡᠨ ᠣᠷᠣᠯᠴᠠᠬᠤ ᠠᠵᠢᠯᠯᠠᠭ᠎ᠠ ᠵᠢᠨ ᠰᠢᠰᠲ᠋ᠧᠮ᠎ᠢ ᠦᠨᠳᠦᠰᠦᠨ᠎ᠳᠡᠭᠡᠨ ᠪᠠᠢ᠌ᠭᠤᠯᠵᠤ᠂ ᠠᠷᠠᠳ ᠢᠷᠭᠡᠳ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠤᠨ ᠠᠷᠭ᠎ᠠ ᠬᠡᠯᠪᠡᠷᠢ ᠵᠢ ᠠᠯᠬᠤᠮ ᠠᠯᠬᠤᠮ ᠵᠶ᠋ᠠᠷ ᠪᠦᠷᠢᠯᠳᠦᠭᠦᠯᠵᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠠᠵᠢᠯᠯᠠᠭ᠎ᠠ ᠵᠢᠨ ᠤᠬᠠᠮᠰᠠᠷ᠎ᠢ ᠤᠯᠠᠮ ᠴᠢᠨᠠᠭᠰᠢᠳᠠ ᠴᠢᠩᠭ᠋ᠠᠳᠬᠠᠨ᠎ᠠ᠃
ᠠᠰᠠᠭᠤᠯᠲᠠ᠄ 《ᠠᠵᠢᠯ᠎ᠤᠨ ᠲᠥᠰᠥᠯ》᠎ᠳᠤ ᠶᠠᠮᠠᠷ ᠶᠠᠮᠠᠷ ᠰᠢᠷᠢᠰ ᠠᠵᠢᠯᠯᠠᠭ᠎ᠠ ᠵᠢ ᠥᠷᠨᠢᠭᠦᠯᠬᠦ᠎ᠪᠠᠷ ᠲᠥᠯᠥᠪᠯᠡᠵᠦ ᠪᠠᠶ᠋ᠢᠬᠤ ᠪᠤᠢ?
ᠬᠠᠷᠢᠭᠤᠯᠲᠠ᠄ 《ᠠᠵᠢᠯ᠎ᠤᠨ ᠲᠥᠰᠥᠯ》᠎ᠨᠢ 《ᠨᠢᠭᠡ ᠭᠣᠣᠯ ᠵᠣᠷᠢᠯᠲᠠ》 ᠲᠤᠬᠠᠢ᠌ᠯᠠᠪᠠᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠵᠢᠴᠢ 《ᠵᠢᠷᠭᠤᠭ᠋ᠠᠨ ᠳᠦᠷᠦᠯ᠎ᠤᠨ ᠭᠣᠣᠯ ᠴᠣᠭᠴᠠ》 ᠪᠣᠯᠬᠤ ᠬᠦᠷᠢᠶᠡᠯᠡᠩ ᠲᠣᠭᠣᠷᠢᠭ᠂ ᠠᠵᠤ ᠠᠬᠤᠢ᠌ᠯᠠᠯ᠂ ᠨᠡᠢ᠌ᠭᠡᠮ ᠲᠣᠭᠣᠷᠢᠭ᠂ ᠰᠤᠷᠭ᠋ᠠᠭᠤᠯᠢ᠂ ᠭᠡᠷ ᠪᠦᠯᠢ᠂ ᠬᠤᠪᠢ ᠬᠥᠮᠥᠨ᠎ᠤ ᠲᠣᠭᠣᠷᠢᠨ᠎ᠳᠤ ᠵᠢᠷᠭᠤᠭ᠋ᠠᠨ ᠵᠦᠢ᠍ᠯ᠎ᠤᠨ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠂ ᠪᠢ ᠪᠣᠯ ᠣᠷᠣᠯᠴᠠᠭᠴᠢ》 ᠭᠡᠬᠦ ᠰᠢᠷᠢᠰ ᠠᠵᠢᠯᠯᠠᠭ᠎ᠠ ᠵᠢ ᠲᠥᠯᠥᠪᠯᠡᠵᠡᠢ᠄
ᠨᠢᠭᠡ᠎ᠳᠤ᠂ ᠬᠦᠷᠢᠶᠡᠯᠡᠩ ᠲᠣᠭᠣᠷᠢᠭ᠎ᠤᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠃ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠪᠠᠢ᠌ᠭᠤᠯᠤᠮᠵᠢ ᠵᠢ ᠳᠡᠮᠵᠢᠬᠦ ᠪᠠ ᠬᠥᠲᠥᠯᠥᠨ ᠵᠢᠯᠤᠭᠣᠳᠴᠤ ᠪᠠᠶ᠋ᠢᠭ᠋ᠠᠳ ᠬᠦᠷᠢᠶᠡᠯᠡᠩ ᠲᠣᠭᠣᠷᠢᠭ᠎ᠤᠨ ᠳᠣᠲᠣᠷᠠᠬᠢ ᠠᠵᠤ ᠠᠬᠤᠢ᠌ᠯᠠᠯ᠎ᠳᠤ ᠴᠢᠭᠯᠡᠭᠦᠯᠦᠨ ᠠᠮᠢ ᠠᠬᠤᠢ ᠵᠢᠨ ᠠᠵᠤ ᠦᠢ᠍ᠯᠡᠳᠪᠦᠷᠢ᠂ ᠡᠨᠧᠷᠭᠢ ᠠᠷᠪᠢᠯᠠᠨ ᠪᠣᠬᠢᠷᠲᠤᠯ ᠭᠠᠳᠠᠭᠰᠢᠯᠠᠭᠤᠯᠬᠤ ᠵᠢ ᠪᠠᠭ᠋ᠠᠰᠬᠠᠬᠤ᠂ ᠣᠷᠴᠢᠯ ᠠᠵᠤ ᠠᠬᠤᠢ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠷᠴᠢᠨ ᠲᠣᠭᠣᠷᠢᠨ᠎ᠢ ᠬᠠᠮᠠᠭ᠋ᠠᠯᠠᠬᠤ ᠵᠡᠷᠭᠡ ᠲᠠᠯ᠎ᠠ ᠵᠢᠨ ᠤᠬᠠᠭᠤᠯᠭ᠎ᠠ ᠬᠥᠮᠦᠵᠢᠯ᠎ᠢ ᠢᠳᠡᠪᠬᠢᠲᠡᠢ ᠥᠷᠨᠢᠭᠦᠯᠦᠨ᠎ᠡ᠃ ᠡᠭᠦᠨ᠎ᠤ ᠬᠠᠮᠲᠤ ᠬᠦᠷᠢᠶᠡᠯᠡᠩ ᠲᠣᠭᠣᠷᠢᠭ᠎ᠤᠨ ᠤᠬᠠᠭᠤᠯᠭ᠎ᠠ ᠵᠢᠨ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠨᠠᠩ ᠤᠯᠠᠨ ᠨᠡᠢ᠌ᠭᠡᠮ ᠨᠠᠢ᠌ᠳᠠ ᠵᠢᠨ ᠬᠦᠷᠢᠶᠡᠯᠡᠩ ᠲᠣᠭᠣᠷᠢᠭ᠎ᠲᠤ ᠣᠷᠣᠬᠤ ᠵᠢ ᠬᠥᠲᠥᠯᠥᠨ ᠵᠢᠯᠤᠭᠣᠳᠴᠤ᠂ ᠪᠣᠬᠢᠷᠲᠤᠯ ᠦᠭᠡᠢ᠂ ᠠᠷᠢᠭᠤᠨ ᠴᠡᠪᠡᠷ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠢ᠌ᠯᠠᠭ᠋ᠠᠭᠳᠠᠬᠤᠨ᠎ᠢ ᠥᠷᠭᠡᠨ ᠵᠶ᠋ᠡᠷ ᠤᠯᠠᠮᠵᠢᠯᠠᠨ᠎ᠠ᠃ 2025 ᠣᠨ᠎ᠤ ᠰᠡᠭᠦᠯᠴᠢ᠎ᠠᠴᠠ ᠡᠮᠦᠨ᠎ᠡ᠂ ᠨᠢᠭᠡ ᠪᠦᠯᠦᠭ ᠠᠮᠢ ᠠᠬᠤᠢ ᠵᠢᠨ ᠪᠣᠯᠪᠠᠰᠤᠨ᠎ᠤ ᠤᠬᠠᠭᠤᠯᠭ᠎ᠠ ᠬᠥᠮᠦᠵᠢᠯ᠎ᠤᠨ ᠣᠨᠴᠠᠯᠢᠭᠲᠤ ᠬᠦᠷᠢᠶᠡᠯᠡᠩ ᠲᠣᠭᠣᠷᠢᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠤᠨ᠎ᠠ᠃
ᠬᠣᠶᠠᠷ᠎ᠲᠤ᠂ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠠᠬᠤᠢ᠌ᠯᠠᠯ᠎ᠢ ᠢᠳᠡᠪᠬᠢᠲᠡᠢ᠎ᠪᠠᠷ ᠬᠥᠲᠥᠯᠥᠨ ᠵᠢᠯᠤᠭᠣᠳᠴᠤ ᠪᠠᠶ᠋ᠢᠭ᠋ᠠᠳ ᠣᠷᠴᠢᠨ ᠲᠣᠭᠣᠷᠢᠨ᠎ᠤ ᠨᠡᠢ᠌ᠭᠡᠮ᠎ᠤᠨ ᠬᠠᠷᠢᠭᠤᠴᠠᠯᠭ᠎ᠠ᠎ᠪᠠᠨ ᠰᠠᠨᠠᠭ᠋ᠠᠴᠢᠯᠠᠭ᠎ᠠ᠎ᠠᠴᠠ᠎ᠪᠠᠨ ᠭᠦᠢ᠍ᠴᠡᠳᠬᠡᠵᠦ᠂ ᠨᠡᠢ᠌ᠭᠡᠮ᠎ᠤᠨ ᠬᠢᠨᠠᠯᠲᠠ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠨ᠎ᠤ ᠡᠪᠯᠡᠯ᠎ᠤᠨ ᠬᠥᠭᠥᠷᠭᠡ ᠬᠣᠯᠪᠣᠭ᠋ᠠᠰᠤ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠤ ᠠᠬᠤᠢ᠌ᠯᠠᠯ᠎ᠤᠨ ᠤᠬᠠᠭᠤᠯᠭ᠎ᠠ ᠵᠢᠨ ᠲᠠᠪᠴᠠᠩ᠎ᠤᠨ ᠪᠠᠢ᠌ᠭᠤᠯᠤᠯᠲᠠ᠎ᠪᠠᠨ ᠴᠢᠩᠭ᠋ᠠᠳᠬᠠᠬᠤ ᠵᠢ ᠵᠣᠷᠢᠭᠵᠢᠭᠤᠯᠤᠨ ᠳᠡᠮᠵᠢᠨ᠎ᠡ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠨᠡᠭᠡᠭᠡᠯᠲᠡ ᠵᠢ ᠭᠦᠨᠵᠡᠭᠡᠢ᠌ᠷᠡᠭᠦᠯᠵᠦ᠂ ᠠᠵᠤ ᠠᠬᠤᠢ᠌ᠯᠠᠯ᠎ᠤᠨ ᠤᠯᠠᠨ ᠨᠠᠢ᠌ᠳᠠ᠎ᠳᠤ ᠨᠡᠩ ᠤᠯᠠᠨ ᠠᠮᠢ ᠠᠬᠤᠢ ᠵᠢᠨ ᠪᠣᠯᠪᠠᠰᠤᠨ᠎ᠤ ᠤᠬᠠᠭᠤᠯᠭ᠎ᠠ ᠬᠥᠮᠦᠵᠢᠯ᠎ᠤᠨ ᠦᠢ᠍ᠯᠡᠴᠢᠯᠡᠭᠡ ᠬᠠᠩᠭ᠋ᠠᠬᠤ ᠵᠢ ᠠᠬᠢᠭᠤᠯᠤᠨ᠎ᠠ᠃ 2025 ᠣᠨ᠎ᠤ ᠵᠢᠯ᠎ᠤᠨ ᠰᠡᠭᠦᠯᠴᠢ᠎ᠠᠴᠠ ᠡᠮᠦᠨ᠎ᠡ᠂ ᠨᠢᠭᠡ ᠪᠦᠯᠦᠭ ᠠᠵᠤ ᠠᠬᠤᠢ᠌ᠯᠠᠯ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠭᠡᠭᠡᠯᠲᠡ ᠵᠢᠨ ᠠᠵᠢᠯᠯᠠᠭ᠎ᠠ ᠵᠢᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠳᠠᠨᠢᠯᠴᠠᠭᠤᠯᠤᠨ᠎ᠠ᠃
ᠭᠤᠷᠪᠠ᠎ᠳᠤ᠂ ᠨᠡᠢ᠌ᠭᠡᠮ ᠲᠣᠭᠣᠷᠢᠭ᠎ᠤᠨ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠨᠠᠮ᠎ᠤᠨ ᠭᠡᠰᠢᠭᠦᠨ ᠺᠠᠳ᠋ᠷᠴᠤᠳ ᠵᠶ᠋ᠠᠷ ᠭᠣᠣᠯ ᠪᠣᠯᠭ᠋ᠠᠨ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ ᠵᠶ᠋ᠠᠷ ᠭᠣᠣᠯ ᠴᠣᠭᠴᠠ ᠪᠣᠯᠭ᠋ᠠᠵᠤ᠂ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ ᠵᠢ ᠵᠣᠬᠢᠶᠠᠨ ᠪᠠᠢ᠌ᠭᠤᠯᠵᠤ᠂ ᠦᠨᠳᠦᠰᠦᠨ ᠱᠠᠲᠤᠨ᠎ᠤ ᠵᠢᠭᠰᠠᠭ᠋ᠠᠯ᠎ᠤᠨ ᠭᠠᠵᠠᠷ᠎ᠤᠨ ᠲᠠᠪᠴᠠᠩ᠎ᠤᠨ ᠦᠢ᠍ᠯᠡᠳᠦᠯ ᠪᠠ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ ᠵᠢᠨ ᠥᠷᠭᠡᠨ ᠳᠡᠯᠭᠡᠷ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠨᠡᠢ᠌ᠭᠡᠮ ᠲᠣᠭᠣᠷᠢᠭ᠎ᠤᠨ ᠰᠠᠭᠤᠭ᠋ᠠᠯᠢ ᠠᠷᠠᠳ᠎ᠤᠨ ᠠᠩᠬᠠᠷᠴᠤ ᠪᠠᠢ᠌ᠭ᠎ᠠ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠤᠨ ᠲᠣᠭᠣᠷᠢᠨ᠎ᠳᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠳᠦᠷᠦᠯ ᠵᠦᠢ᠍ᠯ ᠪᠠ ᠠᠵᠢᠯᠯᠠᠭ᠎ᠠ ᠵᠢ ᠲᠥᠯᠥᠪᠯᠡᠬᠦ ᠵᠢ ᠵᠣᠷᠢᠭᠵᠢᠭᠤᠯᠤᠨ᠎ᠠ᠃ ᠠᠮᠢ ᠠᠬᠤᠢ ᠣᠷᠴᠢᠨ ᠲᠣᠭᠣᠷᠢᠨ᠎ᠤ ᠰᠠᠢ᠍ᠢ᠍ᠨ ᠳᠤᠷ᠎ᠠ ᠵᠢᠨ ᠦᠢ᠍ᠯᠡᠴᠢᠯᠡᠭᠡᠨ᠎ᠤ ᠪᠤᠯᠪᠠᠰᠤᠷᠠᠯ᠎ᠢ ᠴᠢᠩᠭ᠋ᠠᠳᠬᠠᠨ᠎ᠠ᠃ ᠵᠢᠯ ᠪᠦᠷᠢ ᠨᠡᠢ᠌ᠭᠡᠮ ᠲᠣᠭᠣᠷᠢᠭ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠵᠢ ᠵᠣᠬᠢᠶᠠᠨ ᠪᠠᠢ᠌ᠭᠤᠯᠤᠨ᠎ᠠ᠃
ᠳᠥᠷᠪᠡ᠎ᠳᠤ᠂ ᠰᠤᠷᠭ᠋ᠠᠭᠤᠯᠢ ᠵᠢᠨ ᠠᠮᠢ ᠠᠬᠤᠢ ᠵᠢᠨ ᠪᠣᠯᠪᠠᠰᠤᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠰᠤᠷᠭ᠋ᠠᠭᠤᠯᠢ ᠵᠢᠨ ᠰᠤᠷᠭ᠋ᠠᠨ ᠬᠥᠮᠦᠵᠢᠯ ᠵᠢᠭ᠋ᠠᠨ ᠰᠤᠷᠭ᠋ᠠᠯᠲᠠ ᠵᠢᠨ ᠠᠵᠢᠯᠯᠠᠭ᠎ᠠ ᠵᠢᠨ ᠲᠣᠬᠢᠷᠠᠭᠤᠯᠤᠯᠲᠠ ᠪᠠ ᠡᠪ ᠬᠠᠮᠲᠤ ᠵᠠᠯᠠᠭᠤᠴᠤᠳ᠎ᠤᠨ ᠡᠪᠯᠡᠯ᠂ ᠪᠠᠭ᠋ᠠᠴᠤᠳ᠎ᠤᠨ ᠬᠣᠰᠢᠭᠤᠴᠢ ᠠᠩᠭᠢ ᠵᠢᠨ ᠪᠦᠯᠬᠦᠮ᠎ᠤᠨ ᠬᠢᠴᠢᠶᠡᠯ᠎ᠤᠨ ᠰᠢᠰᠲ᠋ᠧᠮ᠎ᠳᠤ ᠣᠷᠣᠭᠤᠯᠵᠤ᠂ ᠡᠯ᠎ᠡ ᠭᠠᠵᠠᠷ᠎ᠤᠨ ᠰᠤᠷᠭ᠋ᠠᠭᠤᠯᠢ ᠵᠢᠨ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠰᠤᠳᠤᠯᠤᠨ ᠰᠤᠷᠤᠯᠴᠠᠬᠤ ᠦᠢ᠍ᠯᠡᠳᠦᠯᠭᠡ ᠵᠢᠨ ᠠᠵᠢᠯᠯᠠᠭ᠎ᠠ ᠵᠢ ᠦᠷᠭᠦᠯᠵᠢᠯᠡᠨ ᠵᠢᠯᠣᠭᠣᠳᠤᠨ ᠠᠬᠢᠭᠤᠯᠤᠨ᠎ᠠ᠃ ᠵᠢᠯ ᠪᠦᠷᠢ ᠳᠤᠮᠳᠠᠳᠤ ᠪᠠᠭ᠎ᠠ ᠰᠤᠷᠭ᠋ᠠᠭᠤᠯᠢ ᠵᠢᠨ ᠰᠤᠷᠤᠭᠴᠢᠳ᠎ᠤᠨ 《ᠠᠷᠠᠳ ᠢᠷᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠠᠵᠢᠯᠯᠠᠭ᠎ᠠ ᠵᠢᠨ ᠵᠢᠷᠤᠮᠵᠢᠯ᠎ᠤᠨ ᠠᠷᠪᠠᠨ ᠵᠤᠷᠪᠤᠰ》᠎ᠤᠨ ᠠᠮᠠᠷᠠᠯᠲᠠ ᠵᠢᠨ ᠦᠢ᠍ᠯᠡᠳᠦᠯᠭᠡ ᠵᠢᠨ ᠠᠵᠢᠯᠯᠠᠭ᠎ᠠ ᠥᠷᠨᠢᠭᠦᠯᠦᠨ᠎ᠡ᠃ ᠶᠡᠬᠡ ᠳᠡᠭᠡᠳᠦ ᠰᠤᠷᠭ᠋ᠠᠭᠤᠯᠢ ᠪᠣᠯᠣᠨ ᠠᠵᠢᠯ ᠮᠡᠷᠭᠡᠵᠢᠯ᠎ᠤᠨ ᠳᠡᠭᠡᠳᠦ ᠰᠤᠷᠭ᠋ᠠᠭᠤᠯᠢ ᠵᠢᠨ ᠰᠤᠷᠤᠭᠴᠢᠳ᠎ᠤᠨ ᠨᠡᠢ᠌ᠭᠡᠮ᠎ᠤᠨ ᠪᠦᠯᠬᠦᠮ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠦᠢ᠍ᠯᠡᠳᠦᠯᠭᠡ ᠪᠠ ᠰᠤᠳᠤᠯᠭ᠋ᠠᠨ ᠥᠷᠨᠢᠭᠦᠯᠬᠦ ᠵᠢ ᠳᠡᠮᠵᠢᠵᠦ᠂ ᠵᠢᠯ ᠪᠦᠷᠢ 100 ᠰᠤᠷᠭ᠋ᠠᠭᠤᠯᠢ ᠵᠢᠨ ᠬᠦᠷᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠨᠡᠢ᠌ᠭᠡᠮ᠎ᠤᠨ ᠪᠦᠯᠬᠦᠮ᠎ᠳᠤ ᠪᠠᠭ᠎ᠠ ᠲᠣᠭ᠋ᠠᠨ᠎ᠤ ᠮᠥᠩᠭᠥ ᠵᠢᠨ ᠳᠡᠮᠵᠢᠯᠡᠬᠡ ᠬᠦᠷᠲᠡᠭᠡᠨ᠎ᠡ᠃
ᠲᠠᠪᠤ᠎ᠳᠤ ᠭᠡᠷ ᠪᠦᠯᠢ ᠵᠢᠨ ᠪᠣᠬᠢᠷᠲᠤᠯ ᠦᠭᠡᠢ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠬᠤ ᠠᠵᠢᠯᠯᠠᠭ᠎ᠠ᠃ ᠬᠠᠮᠤᠭ᠎ᠤᠨ ᠭᠣᠶᠣ ᠭᠡᠷ ᠪᠦᠯᠢ ᠵᠢ ᠡᠷᠢᠬᠦ ᠠᠵᠢᠯᠯᠠᠭ᠎ᠠ ᠵᠢ ᠭᠦᠨᠵᠡᠭᠡᠢ ᠥᠷᠨᠢᠭᠦᠯᠦᠨ᠎ᠡ᠃ 《ᠦᠵᠡᠰᠬᠦᠯᠡᠩᠲᠦ ᠰᠠᠢ᠌ᠬᠠᠨ ᠬᠦᠷᠢᠶ᠎ᠡ ᠬᠠᠰᠢᠶ᠎ᠠ》 ᠵᠢᠨ ᠪᠦᠲᠦᠭᠡᠨ ᠪᠠᠢ᠌ᠭᠤᠯᠤᠯᠲᠠ ᠵᠢᠨ ᠳᠡᠰ ᠳᠡᠪᠰᠢᠬᠦ ᠵᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠤᠨ᠎ᠤ ᠭᠡᠷ ᠪᠦᠯᠢ ᠵᠢ ᠳᠠᠢ᠍ᠢ᠍ᠴᠢᠯᠠᠨ ᠪᠣᠬᠢᠷ ᠤᠰᠤ ᠵᠢ ᠵᠠᠰᠠᠬᠤ᠂ ᠵᠣᠷᠯᠣᠩ᠎ᠤᠨ ᠬᠤᠪᠢᠰᠬᠠᠯ᠂ ᠬᠣᠭ ᠨᠣᠪᠰᠢ ᠵᠢ ᠳᠦᠷᠦᠯ ᠬᠤᠪᠢᠶᠠᠬᠤ ᠵᠡᠷᠭᠡ᠎ᠳᠤ ᠢᠳᠡᠪᠬᠢᠲᠡᠢ ᠣᠷᠣᠯᠴᠠᠭᠤᠯᠵᠤ᠂ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠤᠨ᠎ᠢ ᠪᠦᠲᠦᠭᠡᠨ ᠪᠠᠢ᠌ᠭᠤᠯᠬᠤ᠎ᠳᠤ ᠬᠦᠴᠦᠨ ᠨᠡᠮᠡᠷᠢᠯᠡᠨ᠎ᠡ᠃ ᠡᠯ᠎ᠡ ᠱᠠᠲᠤᠨ᠎ᠤ ᠡᠮᠡᠭᠲᠡᠶ᠋ᠢᠴᠦᠳ ᠬᠡᠦᠬᠡᠳ᠎ᠤᠨ ᠭᠡᠷ ᠪᠦᠯᠢ᠂ ᠬᠡᠦᠬᠡᠳ᠎ᠤᠨ ᠠᠵᠢᠯᠯᠠᠭ᠋ᠠᠨ᠎ᠤ ᠲᠥᠪ ᠵᠡᠷᠭᠡ ᠵᠢᠭᠰᠠᠭ᠋ᠠᠯ᠎ᠤᠨ ᠭᠠᠵᠠᠷ᠎ᠲᠤ ᠲᠦᠰᠢᠭᠯᠡᠨ ᠬᠣᠭ ᠨᠣᠪᠰᠢ ᠵᠢ ᠲᠥᠷᠥᠯ ᠬᠤᠪᠢᠶᠠᠬᠤ᠂ ᠠᠮᠤ ᠪᠤᠳᠠᠭ᠎ᠠ᠎ᠪᠠᠨ ᠬᠠᠢ᠌ᠷᠠᠯᠠᠵᠤ ᠠᠮᠤ ᠪᠤᠳᠠᠭ᠎ᠠ᠎ᠪᠠᠨ ᠠᠷᠪᠢᠯᠠᠬᠤ ᠵᠡᠷᠭᠡ ᠭᠣᠣᠯ ᠰᠡᠳᠦᠪᠲᠦ ᠠᠵᠢᠯᠯᠠᠭ᠎ᠠ ᠵᠢ ᠥᠷᠭᠡᠨ ᠵᠶ᠋ᠡᠷ ᠥᠷᠨᠢᠭᠦᠯᠦᠨ᠎ᠡ᠃
ᠵᠢᠷᠭᠤᠭ᠎ᠠ᠎ᠳᠤ᠂ ᠬᠤᠪᠢ ᠬᠥᠮᠥᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠦᠢ᠍ᠯᠡ ᠠᠵᠢᠯᠯᠠᠭ᠎ᠠ ᠵᠢᠨ ᠳᠠᠳᠬᠠᠯ᠎ᠢ ᠪᠤᠢ ᠪᠣᠯᠭ᠋ᠠᠬᠤ ᠠᠵᠢᠯᠯᠠᠭ᠎ᠠ᠃ ᠨᠡᠢ᠌ᠭᠡᠮ ᠨᠠᠢ᠌ᠳᠠ ᠵᠢ ᠬᠥᠲᠥᠯᠥᠨ ᠵᠢᠯᠤᠭᠣᠳᠴᠤ ᠪᠠᠶ᠋ᠢᠭ᠋ᠠᠳ 《ᠠᠷᠠᠳ ᠢᠷᠭᠡᠳ᠎ᠤᠨ ᠠᠮᠢ ᠠᠬᠤᠢ ᠣᠷᠴᠢᠨ ᠲᠣᠭᠣᠷᠢᠨ᠎ᠤ ᠠᠵᠢᠯᠯᠠᠭ᠎ᠠ ᠵᠢᠨ ᠵᠢᠷᠤᠮᠵᠢᠯ᠎ᠤᠨ ᠠᠷᠪᠠᠨ ᠵᠤᠷᠪᠤᠰ》᠎ᠢ ᠢᠳᠡᠪᠬᠢᠲᠡᠢ ᠦᠢ᠍ᠯᠡᠳᠦᠯᠭᠡᠵᠢᠭᠦᠯᠦᠨ᠎ᠡ᠃ ᠵᠢᠯ ᠪᠦᠷᠢ ᠠᠮᠢ ᠠᠬᠤᠢ ᠵᠢᠨ ᠰᠣᠶᠣᠯ᠎ᠤᠨ ᠶᠠᠷᠢᠶᠠᠨ᠎ᠤ ᠲᠠᠪᠴᠠᠩ᠎ᠢ ᠡᠷᠬᠢᠯᠡᠨ᠎ᠡ᠃ 《ᠡᠬᠡ ᠳᠡᠯᠡᠬᠡᠢ ᠵᠢᠨ ᠳᠠᠭᠤᠯᠠᠯ》 ᠠᠮᠢ ᠠᠬᠤᠢ ᠵᠢᠨ ᠤᠳᠬ᠎ᠠ ᠵᠣᠬᠢᠶᠠᠯ᠎ᠤᠨ ᠠᠵᠢᠯᠯᠠᠭ᠎ᠠ᠂ 《ᠪᠢᠴᠢᠭ᠎ᠤᠨ ᠰᠤᠷᠪᠤᠯᠵᠢᠲᠤ ᠠᠮᠢ ᠠᠬᠤᠢ》 ᠪᠥᠬᠥ ᠠᠷᠠᠳ᠎ᠤᠨ ᠤᠩᠰᠢᠯᠭ᠎ᠠ ᠵᠢᠨ ᠠᠵᠢᠯᠯᠠᠭ᠎ᠠ᠂ 《ᠬᠥᠬᠡᠮᠳᠦᠭ ᠠᠭᠤᠯᠠ ᠵᠢᠨ ᠨᠣᠮ᠎ᠤᠨ ᠪᠤᠯᠤᠩ》᠎ᠤᠨ ᠪᠦᠲᠦᠭᠡᠨ ᠪᠠᠢ᠌ᠭᠤᠯᠤᠯᠲᠠ ᠵᠡᠷᠭᠡ ᠵᠢ ᠦᠷᠭᠦᠯᠵᠢᠯᠡᠨ ᠥᠷᠨᠢᠭᠦᠯᠦᠨ᠎ᠡ᠃ 《ᠨᠠᠭᠦᠷᠡᠰᠦᠲᠦ᠋ᠷᠦᠭᠴᠢ ᠵᠢᠨ ᠳᠠᠪᠬᠤᠷ ᠢᠰᠦᠯ᠎ᠢ ᠨᠡᠢ᠌ᠳᠡᠮ ᠬᠠᠷᠠᠭ᠋ᠠᠯᠵᠠᠬᠤ》 ᠵᠡᠷᠭᠡ ᠤᠯᠠᠨ ᠨᠠᠢ᠌ᠳᠠ ᠵᠢᠨ ᠣᠷᠣᠯᠴᠠᠬᠤ ᠲᠣᠭᠲᠠᠴᠠ ᠵᠢ ᠰᠦᠪᠡᠭᠴᠢᠯᠡᠨ ᠪᠠᠢ᠌ᠭᠤᠯᠤᠨ᠎ᠠ᠃ ᠵᠢᠯ ᠪᠦᠷᠢ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠮᠥᠨ᠎ᠢ ᠡᠷᠢᠬᠦ》 ᠠᠵᠢᠯᠯᠠᠭ᠎ᠠ ᠵᠢ ᠥᠷᠨᠢᠭᠦᠯᠦᠨ᠎ᠡ᠃
ᠠᠰᠠᠭᠤᠯᠲᠠ᠄ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ ᠵᠡᠷᠭᠡ ᠶᠢᠰᠦᠨ ᠰᠠᠯᠠᠭ᠎ᠠ ᠮᠥᠴᠢᠷ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ 《ᠠᠵᠢᠯ᠎ᠤᠨ ᠲᠥᠰᠥᠯ》᠎ᠤᠨ ᠤᠷᠤᠭᠰᠢᠲᠠᠢ ᠬᠡᠷᠡᠭᠵᠢᠭᠦᠯᠦᠭᠳᠡᠬᠦ ᠵᠢ ᠪᠠᠲᠤᠯᠠᠬᠤ ᠪᠤᠢ?
ᠬᠠᠷᠢᠭᠤᠯᠲᠠ᠄ ᠬᠡᠷᠡᠭᠵᠢᠭᠦᠯᠬᠦ ᠪᠠᠲᠤᠯᠠᠭ᠎ᠠ ᠵᠢ ᠴᠢᠩᠭ᠋ᠠᠳᠬᠠᠬᠤ ᠵᠢᠨ ᠲᠥᠯᠥᠭᠡ᠂ 《ᠠᠵᠢᠯ᠎ᠤᠨ ᠲᠥᠰᠥᠯ》᠎ᠳᠤ ᠳᠥᠷᠪᠡᠨ ᠲᠠᠯ᠎ᠠ ᠵᠢᠨ ᠠᠵᠢᠯ᠎ᠤᠨ ᠱᠠᠭ᠋ᠠᠷᠳᠠᠯᠭ᠎ᠠ ᠳᠤᠷᠠᠳᠪᠠ᠃
ᠨᠢᠭᠡ᠎ᠳᠤ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠨ᠎ᠠ᠃ ᠬᠣᠲᠠ ᠰᠢᠶᠠᠨ᠎ᠤ ᠱᠠᠲᠤᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠪᠣᠳᠠᠲᠠᠢ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠢᠳᠡᠪᠬᠢᠲᠡᠢ᠎ᠪᠠᠷ ᠠᠬᠢᠭᠤᠯᠵᠤ᠂ ᠡᠯ᠎ᠡ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠂ ᠨᠡᠢ᠌ᠭᠡᠮ᠎ᠤᠨ ᠠᠵᠢᠯ᠂ ᠣᠶᠤᠨ᠎ᠤ ᠪᠣᠯᠪᠠᠰᠤᠨ᠎ᠤ ᠠᠯᠪᠠᠨ ᠭᠡᠷ᠂ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠂ ᠰᠤᠷᠭ᠋ᠠᠨ ᠬᠥᠮᠦᠵᠢᠯ᠂ ᠠᠷᠠᠳ᠎ᠤᠨ ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ ᠪᠣᠯᠣᠨ ᠡᠪ ᠬᠠᠮᠲᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠎ᠠ ᠵᠡᠷᠭᠡ ᠤᠯᠠᠨ ᠲᠦᠮᠡᠨ᠎ᠤ ᠪᠦᠯᠬᠦᠮ᠎ᠤᠨ ᠵᠣᠬᠢᠶᠠᠨ ᠪᠠᠢ᠌ᠭᠤᠯᠤᠯᠲᠠ᠎ᠨᠤᠭᠤᠳ ᠠᠵᠢᠯ᠎ᠤᠨ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠰᠠᠯᠠᠭ᠎ᠠ ᠮᠥᠴᠢᠷ᠎ᠤᠳ᠎ᠤᠨ ᠵᠣᠬᠢᠴᠠᠯᠳᠤᠨ ᠬᠥᠳᠡᠯᠦᠯᠴᠡᠬᠦ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃
ᠬᠣᠶᠠᠷ᠎ᠲᠤ ᠳᠡᠮᠵᠢᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠲᠥᠪ ᠪᠠ ᠣᠷᠣᠨ ᠨᠤᠲᠤᠭ᠎ᠤᠨ ᠡᠳ᠋᠎ᠤᠨ ᠵᠠᠰᠠᠭ᠎ᠠᠴᠠ ᠰᠢᠷᠢᠰ ᠠᠵᠢᠯᠯᠠᠭ᠎ᠠ ᠵᠢ ᠥᠷᠨᠢᠭᠦᠯᠬᠦ᠎ᠳᠤ ᠴᠢᠬᠤᠯᠠ ᠪᠦᠬᠦᠢ ᠵᠠᠷᠤᠳᠠᠯ᠎ᠤᠨ ᠳᠡᠮᠵᠢᠯᠭᠡ ᠪᠠ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠵᠤ᠂ ᠨᠡᠩ ᠤᠯᠠᠨ ᠨᠡᠢ᠌ᠭᠡᠮ᠎ᠤᠨ ᠪᠡᠯᠡ ᠮᠥᠩᠭᠥ ᠵᠢᠨ ᠳᠡᠮᠵᠢᠯᠭᠡ ᠵᠢ ᠵᠣᠷᠢᠭᠵᠢᠭᠤᠯᠤᠨ ᠬᠥᠲᠥᠯᠥᠨ ᠵᠢᠯᠤᠭᠣᠳᠴᠤ᠂ ᠴᠢᠳᠠᠪᠤᠷᠢᠲᠠᠨ᠎ᠢ ᠬᠥᠮᠥᠵᠢᠭᠦᠯᠬᠦ ᠵᠢ ᠴᠢᠩᠭ᠋ᠠᠳᠬᠠᠨ᠎ᠠ᠃
ᠭᠤᠷᠪᠠ᠎ᠳᠤ ᠤᠬᠠᠭᠤᠯᠤᠨ ᠳᠡᠯᠭᠡᠷᠡᠭᠦᠯᠬᠦ ᠵᠢ ᠴᠢᠩᠭ᠋ᠠᠳᠬᠠᠨ᠎ᠠ᠃ ᠠᠵᠢᠯᠯᠠᠭ᠎ᠠ ᠡᠷᠭᠢᠯᠡᠬᠦ᠎ᠪᠠᠷ ᠳᠠᠮᠵᠢᠭᠤᠯᠤᠨ᠂ ᠭᠣᠣᠯ ᠰᠡᠳᠦᠪᠲᠦ ᠤᠬᠠᠭᠤᠯᠭ᠎ᠠ ᠪᠠ ᠨᠡᠢ᠌ᠲᠡᠯᠢᠭ ᠵᠢᠱ᠌ᠢᠶ᠎ᠡ ᠵᠢᠨ ᠤᠬᠠᠭᠤᠯᠭ᠎ᠠ ᠵᠢ ᠴᠢᠩᠭ᠋ᠠᠳᠬᠠᠵᠤ᠂ ᠨᠡᠷᠡᠲᠦ ᠲᠥᠷᠥᠯ ᠲᠡᠮᠳᠡᠭᠲᠦ ᠵᠢᠨ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃
ᠳᠥᠷᠪᠡ᠎ᠳᠤ᠂ ᠳ᠋ᠦᠩᠨᠡᠵᠦ ᠦᠨᠡᠯᠡᠬᠦ ᠠᠵᠢᠯ᠎ᠢ ᠰᠠᠶ᠋ᠢᠲᠤᠷ ᠬᠢᠨ᠎ᠡ᠃ ᠦᠷ᠎ᠡ ᠪᠦᠲᠦᠮᠵᠢ ᠵᠢ ᠦᠨᠡᠯᠡᠨ ᠵᠢᠱ᠌ᠢᠬᠦ ᠲᠣᠭᠲᠠᠴᠠ ᠵᠢ ᠲᠡᠭᠦᠯᠳᠡᠷᠵᠢᠭᠦᠯᠵᠦ᠂ ᠠᠷᠠᠳ ᠢᠷᠭᠡᠳ᠎ᠤᠨ ᠠᠮᠢ ᠠᠬᠤᠢ ᠵᠢᠨ ᠣᠷᠴᠢᠨ ᠨᠥᠬᠥᠴᠡᠯ᠎ᠤᠨ ᠠᠵᠢᠯᠯᠠᠭ᠎ᠠ ᠵᠢᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠨᠡᠢ᠌ᠲᠡᠯᠢᠭ ᠲᠤᠷᠰᠢᠯᠭ᠎ᠠ ᠵᠢ ᠳ᠋ᠦᠩᠨᠡᠵᠦ᠂ ᠪᠣᠯᠪᠠᠰᠤᠷᠠᠩᠭᠤᠢ ᠬᠡᠪ ᠵᠠᠭᠪᠤᠷ᠎ᠢ ᠳᠡᠯᠭᠡᠷᠡᠭᠦᠯᠵᠦ᠂ ᠨᠡᠢ᠌ᠭᠡᠮ᠎ᠤᠨ ᠡᠯ᠎ᠡ ᠡᠲᠡᠭᠡᠳ᠎ᠤᠨ᠎ᠬᠢᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠣᠷᠣᠯᠴᠠᠬᠤ᠎ᠳᠤ ᠥᠯᠢᠭᠡᠷ ᠳᠠᠭᠤᠷᠢᠶᠠᠯ᠎ᠤᠨ ᠵᠢᠱ᠌ᠢᠶ᠎ᠡ ᠦᠵᠡᠭᠦᠯᠬᠦ ᠪᠠ ᠥᠷᠲᠡᠭ᠎ᠤᠨ ᠵᠢᠯᠣᠭᠣᠳᠤᠮᠵᠢ ᠬᠠᠩᠭ᠋ᠠᠨ᠎ᠠ᠃