ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠥᠪᠥᠷ ᠮᠣᠩᠭᠣᠯ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠨᠡᠶ᠋ᠢᠲᠡᠯᠡᠭᠰᠡᠨ ᠴᠠᠭ᠄ 2024-07-23

      6 ᠰᠠᠷ᠎ᠠ ᠵᠢᠨ 18᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠬᠥᠬᠡᠬᠣᠲᠠ ᠵᠢᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠥᠪᠥᠷ ᠮᠣᠩᠭᠣᠯ᠎ᠤᠨ ᠶᠠᠷᠢᠶᠠᠨ᠎ᠤ ᠲᠠᠪᠴᠠᠩ᠎ᠤᠨ ᠬᠤᠷᠠᠯ᠎ᠳᠤ ᠣᠷᠣᠯᠴᠠᠬᠤ ᠬᠤᠭᠤᠴᠠᠭ᠋ᠠᠨ᠎ᠳᠠᠭᠠᠨ᠂ ᠬᠥᠬᠡᠬᠣᠲᠠ᠎ᠳᠤ ᠬᠦᠷᠴᠦ ᠠᠵᠤ ᠠᠬᠤᠢ᠌ᠯᠠᠯ᠎ᠤᠨ ᠪᠣᠬᠢᠷᠲᠤᠯ ᠦᠭᠡᠢ ᠬᠥᠭᠵᠢᠯᠲᠡ᠂ ᠠᠷᠢᠭᠤᠨ ᠴᠡᠪᠡᠷ ᠵᠶ᠋ᠡᠷ ᠳᠤᠯᠠᠭ᠋ᠠᠯᠠᠬᠤ᠂ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠵᠡᠷᠭᠡ ᠠᠵᠢᠯ᠎ᠢ ᠪᠠᠢ᠌ᠴᠠᠭ᠋ᠠᠨ ᠰᠤᠳᠤᠯᠪᠠ᠃
      18᠎ᠤ ᠦᠳᠡ ᠵᠢᠨ ᠡᠮᠦᠨ᠎ᠡ᠂ ᠰᠦᠨ ᠵᠢᠨ ᠯᠦᠩ ᠡᠩ ᠲᠡᠷᠢᠭᠦᠨ᠎ᠳᠤ ᠢᠯᠢ ᠪᠦᠯᠦᠭᠯᠡᠯ᠎ᠤᠨ ᠶᠡᠷᠦᠩᠬᠡᠢ ᠭᠠᠵᠠᠷ᠎ᠲᠤ ᠬᠦᠷᠴᠦ᠂ ᠢᠯᠢ ᠵᠢᠨ ᠣᠲᠣ ᠦᠶ᠎ᠡ ᠵᠢᠨ ᠣᠶᠤᠨᠲᠤ ᠡᠷᠡᠭᠦᠯ ᠮᠠᠨᠳᠤ ᠵᠢᠨ ᠬᠥᠨᠳᠡᠢ᠂ ᠤᠯᠤᠰ᠎ᠤᠨ ᠰᠦ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ ᠵᠶ᠋ᠡᠷ ᠲᠣᠭᠣᠷᠢᠨ ᠦᠵᠡᠵᠦ᠂ ᠣᠶᠤᠨᠲᠤ ᠦᠢ᠍ᠯᠡᠳᠬᠦᠢ ᠵᠢᠨ ᠪᠠᠶᠠᠳᠠᠨ ᠣᠢ᠌ᠯᠠᠭ᠋ᠠᠬᠤ ᠲᠥᠪ᠂ ᠣᠶᠤᠨᠲᠤ ᠦᠢ᠍ᠯᠡᠳᠬᠦᠢ ᠵᠢᠨ ᠬᠡᠪ ᠳᠠᠭᠤᠷᠢᠶᠠᠯ᠎ᠤᠨ ᠰᠠᠭᠤᠷᠢᠨ ᠪᠣᠯᠣᠨ ᠠᠮᠢ ᠠᠬᠤᠢ ᠵᠢᠨ ᠣᠶᠤᠨᠲᠤ ᠮᠠᠯᠵᠢᠯ᠎ᠤᠨ ᠲᠠᠯᠠᠪᠠᠢ ᠵᠢᠨ ᠪᠦᠲᠦᠭᠡᠨ ᠪᠠᠢ᠌ᠭᠤᠯᠤᠯᠲᠠ ᠵᠢᠨ ᠪᠠᠶ᠋ᠢᠳᠠᠯ᠎ᠢ ᠲᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠵᠤ᠂ ᠦᠢ᠍ᠯᠡᠳᠬᠦᠨ᠎ᠤ ᠭᠠᠷ ᠤᠷᠠᠯᠠᠯ᠎ᠤᠨ ᠶᠠᠪᠤᠴᠠ᠂ ᠮᠡᠷᠭᠡᠵᠢᠯ᠎ᠤᠨ ᠰᠤᠳᠤᠯᠭ᠋ᠠᠨ᠎ᠤ ᠦᠷ᠎ᠡ ᠪᠦᠲᠦᠭᠡᠯ ᠵᠢᠴᠢ ᠠᠵᠤ ᠠᠬᠤᠢ᠌ᠯᠠᠯ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢᠨ ᠪᠣᠳᠠᠲᠠᠢ ᠠᠷᠭ᠎ᠠ ᠬᠡᠮᠵᠢᠶ᠎ᠡ ᠪᠣᠯᠣᠨ ᠦᠷ᠎ᠡ ᠪᠦᠲᠦᠮᠵᠢ ᠵᠢ ᠨᠠᠷᠢᠨ ᠣᠢ᠌ᠯᠠᠭ᠋ᠠᠪᠠ᠃ ᠰᠦᠨ ᠵᠢᠨ ᠯᠦᠩ᠂ ᠠᠵᠤ ᠠᠬᠤᠢ᠌ᠯᠠᠯ᠎ᠤᠨ᠎ᠬᠢᠨ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠣᠳᠠᠲᠤ ᠬᠦᠴᠦᠨ ᠪᠣᠯᠣᠨ ᠲᠠᠪᠴᠠᠩ᠎ᠤᠨ ᠳᠠᠪᠠᠭᠤᠯᠢᠭ᠎ᠲᠤ ᠲᠦᠰᠢᠭᠯᠡᠨ᠂ ᠣᠶᠤᠨᠴᠢ ᠲᠡᠵᠢᠭᠡᠨ ᠦᠷᠡᠵᠢᠭᠦᠯᠬᠦ᠂ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠲᠡᠵᠢᠭᠡᠨ ᠦᠷᠡᠵᠢᠭᠦᠯᠬᠦ᠂ ᠠᠮᠢ ᠠᠬᠤᠢ ᠵᠢᠨ ᠲᠡᠵᠢᠭᠡᠨ ᠦᠷᠡᠵᠢᠭᠦᠯᠬᠦ ᠵᠢ ᠶᠡᠬᠡᠪᠡᠷ ᠬᠥᠭᠵᠢᠭᠦᠯᠵᠦ᠂ 《ᠨᠢᠭᠡ ᠡᠪᠡᠰᠦ᠂ ᠨᠢᠭᠡ ᠦᠬᠡᠷ᠎ᠠᠴᠠ ᠨᠢᠭᠡ ᠴᠣᠮᠣ ᠰᠦ ᠬᠦᠷᠲᠡᠯ᠎ᠡ》 ᠪᠦᠬᠦ ᠬᠡᠯᠬᠢᠶ᠎ᠡ ᠵᠢᠨ ᠪᠣᠬᠢᠷᠲᠤᠯ ᠦᠭᠡᠢ ᠠᠮᠢ ᠠᠬᠤᠢ ᠵᠢ ᠪᠠᠢ᠌ᠭᠤᠯᠬᠤ ᠵᠢ ᠠᠬᠢᠭᠤᠯᠵᠤ᠂ ᠲᠣᠭ᠋ᠠᠴᠢᠯᠠᠭᠰᠠᠨ ᠣᠶᠤᠨᠴᠢᠯᠠᠯᠲᠠ ᠪᠣᠯᠣᠨ ᠪᠣᠬᠢᠷᠲᠤᠯ ᠦᠭᠡᠢ ᠬᠥᠭᠵᠢᠯᠲᠡ ᠵᠢᠨ ᠬᠠᠮᠵᠢᠯᠴᠠᠨ ᠬᠥᠭᠵᠢᠬᠦ ᠵᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
      18᠎ᠤ ᠦᠳᠡ ᠵᠢᠨ ᠬᠣᠢ᠌ᠨ᠎ᠠ᠂ ᠰᠦᠨ ᠵᠢᠨ ᠯᠦᠩ ᠨᠠᠷ ᠢᠦᠢ ᠴᠢᠤᠸᠠᠨ ᠲᠣᠭᠣᠷᠢᠭ᠎ᠤᠨ ᠪᠠᠨᠳᠢ ᠠᠢ᠌ᠯ ᠲᠣᠰᠬᠤᠨ᠎ᠤ ᠳ᠋ᠠ ᠲᠠᠩ᠎ᠤᠨ ᠲᠣᠭᠲᠠᠬᠤ ᠴᠠᠬᠢᠯᠭ᠋ᠠᠨ ᠦᠢ᠍ᠯᠡᠳᠪᠦᠷᠢ᠎ᠠᠴᠠ ᠬᠥᠬᠡᠬᠣᠲᠠ ᠵᠢᠨ ᠴᠠᠩ ᠱᠤ᠌ ᠢᠯᠴᠢ ᠬᠠᠩᠭ᠋ᠠᠬᠤ ᠬᠣᠭᠣᠯᠠᠢ ᠵᠢᠨ ᠲᠣᠣᠷ᠎ᠤᠨ 3 ᠨᠣᠮᠧᠷᠲᠤ ᠥᠷᠲᠡᠭᠡ᠎ᠳᠤ ᠬᠦᠷᠴᠦ᠂ ᠠᠷᠢᠭᠤᠨ ᠴᠡᠪᠡᠷ ᠳᠤᠯᠠᠭ᠋ᠠᠯᠠᠭ᠎ᠠ ᠵᠢᠨ ᠢᠨᠵᠧᠨᠧᠷᠢᠩ᠎ᠤᠨ ᠳᠦᠷᠦᠯ ᠵᠦᠢ᠍ᠯ᠎ᠤᠨ ᠪᠠᠶ᠋ᠢᠳᠠᠯ᠎ᠢ ᠪᠠᠢ᠌ᠴᠠᠭ᠋ᠠᠨ ᠰᠤᠳᠤᠯᠵᠠᠢ᠃ ᠰᠦᠨ ᠵᠢᠨ ᠯᠦᠩ ᠢᠨᠵᠧᠨᠧᠷᠢᠩ᠎ᠤᠨ ᠳᠦᠷᠦᠯ ᠵᠦᠢ᠍ᠯ᠎ᠤᠨ ᠲᠠᠨᠢᠯᠴᠠᠭᠤᠯᠭ᠎ᠠ ᠵᠢ ᠨᠠᠷᠢᠨ ᠬᠢᠨᠠᠮᠠᠭ᠋ᠠᠢ ᠰᠣᠨᠣᠰᠴᠤ᠂ ᠢᠯᠴᠢ ᠬᠠᠩᠭ᠋ᠠᠬᠤ ᠬᠣᠭᠣᠯᠠᠢ ᠵᠢᠨ ᠳᠤᠯᠠᠭ᠋ᠠᠨ᠎ᠢ ᠬᠠᠮᠠᠭ᠋ᠠᠯᠠᠬᠤ᠂ ᠢᠯᠴᠢ ᠬᠠᠩᠭ᠋ᠠᠬᠤ ᠤᠷ᠎ᠠ ᠮᠡᠷᠭᠡᠵᠢᠯ᠎ᠤᠨ ᠶᠠᠪᠤᠴᠠ ᠵᠡᠷᠭᠡ ᠪᠠᠶ᠋ᠢᠳᠠᠯ᠎ᠢ ᠨᠠᠷᠢᠨ ᠯᠠᠪᠯᠠᠨ ᠠᠰᠠᠭᠤᠪᠠ᠃ ᠲᠤᠰ ᠳᠦᠷᠦᠯ ᠵᠦᠢ᠍ᠯ᠎ᠨᠢ ᠴᠠᠬᠢᠯᠭ᠋ᠠᠨ᠎ᠤ ᠦᠢ᠍ᠯᠡᠳᠪᠦᠷᠢ ᠵᠢᠨ ᠦᠯᠡᠳᠡᠪᠦᠷᠢ ᠢᠯᠴᠢ᠎ᠪᠠᠷ ᠳᠤᠯᠠᠭ᠋ᠠᠯᠠᠭ᠎ᠠ ᠬᠠᠩᠭ᠋ᠠᠬᠤ᠎ᠪᠠᠷ ᠳᠠᠮᠵᠢᠨ ᠪᠣᠬᠢᠷᠲᠤᠯ᠎ᠢ ᠪᠠᠭ᠋ᠠᠰᠬᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ ᠵᠢ ᠬᠠᠮᠵᠢᠯᠴᠠᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠦᠭᠰᠡᠨ᠎ᠢ ᠣᠢ᠌ᠯᠠᠭ᠋ᠠᠭᠰᠠᠨ᠎ᠤ ᠳᠠᠷᠠᠭ᠎ᠠ᠂ ᠲᠡᠷᠡ ᠡᠭᠦᠨ᠎ᠢ ᠨᠤᠲᠠᠯᠠᠵᠤ ᠪᠠᠶ᠋ᠢᠬᠤ᠎ᠪᠠᠨ ᠢᠯᠡᠳᠬᠡᠪᠡ᠃ ᠰᠦᠨ ᠵᠢᠨ ᠯᠦᠩ᠂ ᠳᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠡᠵᠡᠩᠨᠡᠯᠲᠡ ᠵᠢ ᠦᠷᠭᠦᠯᠵᠢᠯᠡᠨ ᠰᠠᠶ᠋ᠢᠲᠤᠷ ᠬᠢᠵᠦ᠂ ᠤᠯᠠᠨ ᠡᠰᠢᠴᠢᠯᠡᠭᠰᠡᠨ ᠢᠯᠴᠢ ᠵᠢᠨ ᠡᠬᠢ ᠰᠤᠷᠪᠤᠯᠵᠢ ᠵᠢ ᠬᠠᠩᠭ᠋ᠠᠵᠤ᠂ ᠠᠷᠠᠳ ᠤᠯᠠᠨ᠎ᠤ ᠳᠤᠯᠠᠭ᠋ᠠᠯᠠᠭ᠎ᠠ ᠵᠢ ᠪᠠᠲᠤᠯᠠᠬᠤ ᠵᠢᠨ ᠬᠠᠮᠲᠤ᠂ ᠡᠨᠧᠷᠭᠢ ᠵᠢ ᠴᠡᠪᠡᠷᠰᠢᠭᠦᠯᠦᠨ ᠠᠰᠢᠭᠯᠠᠬᠤ ᠵᠢ ᠠᠬᠢᠭᠤᠯᠵᠤ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠵᠤ᠂ ᠠᠵᠤ ᠠᠬᠤᠢ ᠵᠢᠨ ᠦᠷ᠎ᠡ ᠠᠰᠢᠭ᠂ ᠨᠡᠢ᠌ᠭᠡᠮ᠎ᠤᠨ ᠦᠷ᠎ᠡ ᠠᠰᠢᠭ᠂ ᠣᠷᠴᠢᠨ ᠲᠣᠭᠣᠷᠢᠨ᠎ᠤ ᠦᠷ᠎ᠡ ᠠᠰᠢᠭ᠎ᠤᠨ ᠤᠯᠠᠨ ᠲᠠᠯ᠎ᠠ ᠵᠢᠨ ᠦᠷ᠎ᠡ ᠠᠰᠢᠭ᠎ᠲᠤ ᠬᠦᠷᠭᠡᠬᠦ ᠬᠡᠷᠡᠭᠲᠡᠢ ᠭᠡᠵᠦ ᠴᠢᠬᠤᠯᠠᠴᠢᠯᠠᠪᠠ᠃
      ᠳᠠᠷᠠᠭ᠎ᠠ᠎ᠳᠤᠨᠢ᠂ ᠰᠦᠨ ᠵᠢᠨ ᠯᠦᠩ ᠮᠧᠩ ᠼᠤᠤ ᠦᠷ᠎ᠡ ᠵᠢᠨ ᠦᠢ᠍ᠯᠡᠰ᠎ᠤᠨ ᠲᠥᠪ᠎ᠲᠤ ᠬᠦᠷᠴᠦ᠂ ᠬᠥᠬᠡᠬᠣᠲᠠ ᠵᠢᠨ ᠣᠶᠤᠨᠲᠤ ᠤᠢ ᠰᠢᠭᠤᠢ ᠡᠪᠡᠰᠦᠨ᠎ᠤ ᠠᠮᠢ ᠠᠬᠤᠢ ᠵᠢᠨ ᠲᠣᠮᠣ ᠳ᠋ᠠᠢ᠌ᠲ᠋ᠠ ᠵᠢᠨ ᠲᠠᠪᠴᠠᠩ᠂ ᠤᠢ ᠰᠢᠭᠤᠢ ᠡᠪᠡᠰᠦᠨ᠎ᠤ ᠦᠷ᠎ᠡ ᠵᠢᠨ ᠡᠬᠢ ᠪᠠᠶᠠᠯᠢᠭ᠎ᠤᠨ ᠬᠥᠮᠥᠷᠭᠡ᠂ ᠡᠪᠡᠰᠦᠨ ᠦᠷ᠎ᠡ ᠵᠢᠨ ᠣᠶᠤᠨᠲᠤ ᠦᠢ᠍ᠯᠡᠳᠪᠦᠷᠢ ᠵᠢᠨ ᠲᠠᠰᠤᠭ ᠵᠶ᠋ᠠᠷ ᠲᠣᠭᠣᠷᠢᠨ ᠦᠵᠡᠵᠦ᠂ ᠤᠷᠭᠤᠮᠠᠯ᠎ᠤᠨ ᠥᠯᠢᠭᠡᠷ᠂ ᠬᠥᠷᠥᠰᠥᠨ᠎ᠤ ᠥᠯᠢᠭᠡᠷ᠎ᠢ ᠨᠠᠷᠢᠨ ᠪᠠᠢ᠌ᠴᠠᠭ᠋ᠠᠨ ᠦᠵᠡᠵᠦ᠂ ᠡᠪᠡᠰᠦᠨ᠎ᠤ ᠦᠷ᠎ᠡ ᠵᠢᠨ ᠰᠢᠨ᠎ᠡ ᠵᠢ ᠡᠭᠦᠳᠬᠦ᠂ ᠥᠯᠢᠭᠡᠷ᠎ᠢ ᠬᠠᠳᠠᠭ᠋ᠠᠯᠠᠬᠤ᠂ ᠡᠯᠡᠰᠦ ᠵᠢ ᠰᠡᠷᠭᠡᠢ᠌ᠯᠡᠵᠦ ᠡᠯᠡᠰᠦ ᠵᠢ ᠵᠠᠰᠠᠬᠤ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠵᠡᠷᠭᠡ ᠪᠠᠶ᠋ᠢᠳᠠᠯ᠎ᠢ ᠠᠰᠠᠭᠤᠨ ᠣᠢ᠌ᠯᠠᠭ᠋ᠠᠪᠠ᠃ ᠰᠦᠨ ᠵᠢᠨ ᠯᠦᠩ᠂ ᠦᠢ᠍ᠯᠡᠳᠪᠦᠷᠢᠯᠡᠯ ᠶᠡᠬᠡ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠢ᠌ᠭᠤᠯᠤᠮᠵᠢ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠣᠬᠢᠷᠲᠤᠯ ᠦᠭᠡᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠬᠤᠪᠢᠷᠠᠭᠤᠯᠤᠨ ᠬᠡᠷᠡᠭᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠡᠪᠡᠰᠦᠨ᠎ᠤ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠪᠠᠢ᠌ᠭ᠋ᠠᠯᠢ ᠵᠢᠨ ᠤᠷᠭᠤᠮᠠᠯ᠎ᠤᠨ ᠰᠠᠭᠤᠷᠢ ᠠᠮᠢ ᠠᠬᠤᠢ ᠵᠢᠨ ᠲᠣᠭ᠎ᠠ ᠪᠠᠷᠢᠮᠲᠠ ᠵᠢ ᠰᠠᠶ᠋ᠢᠲᠤᠷ ᠠᠰᠢᠭᠯᠠᠵᠤ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠠᠮᠢ ᠠᠬᠤᠢ ᠵᠢ ᠬᠠᠮᠠᠭ᠋ᠠᠯᠠᠨ ᠰᠡᠷᠭᠦᠭᠡᠬᠦ ᠪᠠ ᠠᠰᠢᠭᠯᠠᠬᠤ ᠵᠢ ᠥᠷᠨᠢᠭᠦᠯᠵᠦ᠂ ᠴᠦᠯᠯᠡᠷᠭᠡᠭᠵᠢᠯ᠎ᠢ ᠶᠡᠷᠦᠩᠬᠡᠢ᠌ᠯᠡᠨ ᠰᠡᠷᠭᠡᠢ᠌ᠯᠡᠨ ᠵᠠᠰᠠᠬᠤ ᠵᠢ ᠦᠷᠭᠦᠯᠵᠢᠯᠡᠨ ᠴᠢᠩᠭ᠋ᠠᠳᠬᠠᠵᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠬᠡᠷᠡᠭᠳᠡᠢ ᠭᠡᠵᠦ ᠵᠢᠭ᠋ᠠᠵᠤ ᠭᠠᠷᠭ᠋ᠠᠪᠠ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠬᠥᠬᠡᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠪᠦᠦ ᠭᠠᠩ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠣᠣ ᠶᠦᠩ ᠪᠥᠸᠧ ᠪᠠᠷ᠎ᠠ ᠪᠣᠯᠵᠤ ᠪᠠᠢ᠌ᠴᠠᠭ᠋ᠠᠨ ᠰᠤᠳᠤᠯᠤᠯᠲᠠ ᠬᠢᠪᠡ᠃
      ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠬᠣᠯᠪᠣᠭᠳᠠᠯ ᠪᠦᠬᠦᠢ ᠵᠤᠷᠭ᠋ᠠᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ᠎ᠤᠨ ᠭᠣᠣᠯ ᠬᠠᠷᠢᠭᠤᠴᠠᠯᠭ᠋ᠠᠲᠠᠨ ᠪᠠᠢ᠌ᠴᠠᠭ᠋ᠠᠨ ᠰᠤᠳᠤᠯᠤᠯᠲᠠ᠎ᠳᠤ ᠣᠷᠣᠯᠴᠠᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠰᠢ ᠵᠢᠨ ᠫᠢᠩ᠄ ᠮᠠᠨ᠎ᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠨ᠎ᠠ
ᠤᠯᠠᠨ ᠨᠠᠢ᠌ᠳᠠ᠎ᠪᠠᠷ ᠵᠶ᠋ᠡᠨ ᠣᠷᠣᠯᠴᠠᠨ ᠲᠣᠨᠣᠭ ᠲᠥᠬᠦᠭᠡᠷᠦᠮᠵᠢ ᠵᠢ ᠴᠢᠯᠦᠭᠡᠲᠡᠢ ᠨᠡᠭᠡᠭᠡᠪᠡ᠄ ᠬᠣᠭ ᠨᠣᠪᠰᠢ ᠵᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠠᠵᠢᠯ ᠲᠥᠷᠥᠯ᠎ᠤᠨ ᠦᠷᠭᠦᠯᠵᠢᠯᠡᠭᠰᠡᠨ ᠬᠥᠭᠵᠢᠯᠲᠡ
ᠦᠬᠠᠢ᠄ ᠨᠣᠮᠢᠨ ᠨᠣᠭᠣᠭ᠋ᠠᠨ ᠲᠡᠢ᠌ᠰᠢ ᠤᠷᠤᠭᠰᠢᠯᠠᠨ᠎ᠠ
ᠬᠠᠮᠤᠭ᠎ᠤᠨ ᠲᠥᠪ ᠭᠣᠣᠯᠴᠢ ᠤᠯᠠᠨ ᠨᠠᠢ᠌ᠳᠠ ᠵᠢᠨ ᠪᠦᠲᠦᠭᠡᠭᠳᠡᠬᠦᠨ  ᠬᠠᠮᠤᠭ᠎ᠤᠨ ᠲᠦᠭᠡᠮᠡᠯ ᠠᠰᠢᠭ ᠬᠦᠷᠲᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ (ᠠᠷᠠᠳ᠎ᠤᠨ ᠡᠳᠦᠷ᠎ᠤᠨ ᠰᠣᠨᠢᠨ)
ᠨᠢᠭᠤᠷ᠎ᠤᠨ ᠬᠠᠪᠢᠰᠤᠨ᠎ᠤ ᠥᠯᠢᠭᠡᠷ –– ᠢᠯᠡ ᠪᠣᠯᠭ᠋ᠠᠬᠤ᠎ᠪᠠᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ
 
             蒙ICP备05000248号