ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠦᠲᠦᠭᠡᠨ ᠪᠠᠢ᠌ᠭᠤᠯᠤᠯᠲᠠ᠎ᠳᠤ 《ᠪᠣᠬᠢᠷᠳᠤᠯ ᠦᠭᠡᠢ ᠪᠠᠷᠢᠮᠵᠢᠶ᠎ᠠ》 ᠬᠠᠩᠭ᠋ᠠᠨ᠎ᠠ (ᠠᠷᠠᠳ᠎ᠤᠨ ᠡᠳᠦᠷ᠎ᠤᠨ ᠰᠣᠨᠢᠨ)
ᠨᠡᠶ᠋ᠢᠲᠡᠯᠡᠭᠰᠡᠨ ᠴᠠᠭ᠄ 2024-07-23

      ᠠᠮᠢ ᠠᠬᠤᠢ ᠵᠢᠨ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠣᠯ ᠳᠠᠷᠤᠢ ᠠᠮᠢ ᠠᠬᠤᠢ ᠵᠢᠨ ᠴᠢᠳᠠᠪᠬᠢ ᠵᠢ ᠪᠠᠲᠤᠯᠠᠬᠤ ᠪᠠ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ᠎ᠪᠠᠷ ᠬᠠᠷᠠᠯᠲᠠ ᠪᠣᠯᠭ᠋ᠠᠵᠤ᠂ ᠣᠷᠣᠨ ᠪᠦᠰᠡ ᠬᠤᠪᠢᠶᠠᠨ ᠵᠦᠷᠢᠶᠡᠴᠢᠯᠡᠭᠰᠡᠨ ᠤᠨᠢᠨ ᠳᠡᠭᠡᠷ᠎ᠡ᠎ᠨᠢ ᠬᠠᠮᠢᠶᠠᠷᠤᠨ ᠡᠵᠡᠮᠳᠡᠬᠦ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠳᠦᠷᠢᠮ᠎ᠢ ᠬᠡᠷᠡᠭᠵᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠡᠬᠢ ᠡᠭᠦᠰᠦᠯ᠎ᠤᠨ ᠤᠷᠢᠳᠴᠢᠯᠠᠨ ᠰᠡᠷᠭᠡᠢ᠌ᠯᠡᠬᠦ ᠰᠢᠰᠲ᠋ᠧᠮ᠎ᠳᠤ ᠰᠠᠭᠤᠷᠢᠯᠠᠬᠤ ᠴᠢᠨᠠᠷᠲᠠᠢ ᠦᠢ᠍ᠯᠡᠳᠦᠯ᠎ᠲᠠᠢ ᠶᠤᠮ᠃
      ᠮᠠᠨ᠎ᠤ ᠤᠯᠤᠰ᠎ᠤᠨ ᠠᠮᠢ ᠠᠬᠤᠢ ᠵᠢᠨ ᠰᠢᠰᠲ᠋ᠧᠮ ᠨᠠᠷᠢᠨ ᠪᠤᠳᠤᠯᠢᠶᠠᠨᠲᠠᠢ ᠤᠯᠠᠨ ᠶᠠᠩᠵᠤ ᠵᠢᠨ ᠪᠠᠢ᠌ᠵᠤ᠂ ᠲᠠᠩ ᠭᠠᠭᠴᠠ ᠣᠷᠣᠨ ᠪᠦᠰᠡ᠂ ᠱᠤᠭᠤᠮ᠂ ᠴᠡᠭ ᠳᠡᠭᠡᠷᠡᠬᠢ ᠬᠡᠰᠡᠭ ᠲᠠᠯ᠎ᠠ ᠵᠢᠨ ᠬᠠᠮᠢᠶᠠᠷᠤᠯᠲᠠ᠎ᠳᠤ ᠴᠢᠭᠯᠡᠭᠦᠯᠵᠦ᠂ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠵᠤ ᠳᠡᠢ᠌ᠯᠬᠦ ᠦᠭᠡᠢ ᠪᠣᠯᠵᠠᠢ᠃ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠬᠡᠷᠡᠭᠵᠢᠭᠦᠯᠵᠦ᠂ ᠠᠭ᠋ᠠᠷ ᠮᠠᠨᠳᠠᠯ᠂ ᠤᠰᠤ᠂ ᠬᠥᠷᠥᠰᠥ ᠰᠢᠷᠣᠢ᠂ ᠠᠮᠢ ᠠᠬᠤᠢ᠂ ᠣᠷᠴᠢᠨ ᠲᠣᠭᠣᠷᠢᠨ᠎ᠤ ᠠᠶᠤᠯ ᠲᠦᠭᠰᠢᠭᠦᠷᠢ᠂ ᠡᠬᠢ ᠪᠠᠶᠠᠯᠢᠭ᠎ᠤᠨ ᠠᠰᠢᠭᠯᠠᠯᠲᠠ᠂ ᠠᠵᠤ ᠦᠢ᠍ᠯᠡᠰ᠎ᠤᠨ ᠵᠥᠪᠰᠢᠶᠡᠷᠡᠨ ᠣᠷᠣᠭᠤᠯᠬᠤ ᠵᠡᠷᠭᠡ ᠢᠵᠢ ᠪᠦᠷᠢᠳᠦᠭᠰᠡᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ 《ᠨᠢᠭᠡ ᠵᠢᠷᠤᠭ》 《ᠨᠢᠭᠡ ᠨᠠᠷᠢᠨ ᠳᠠᠩᠰᠠ》 ᠵᠢᠨ ᠬᠠᠮᠢᠶᠠᠷᠤᠯᠲᠠ᠎ᠳᠤ ᠠᠭᠤᠰᠤᠯᠴᠠᠭᠤᠯᠬᠤ᠎ᠨᠢ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠢ᠌ᠷᠢᠰᠢᠯ᠎ᠢ ᠰᠢᠯᠢᠳᠡᠭᠵᠢᠭᠦᠯᠵᠦ᠂ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠠᠰᠢᠭᠲᠠᠢ ᠶᠤᠮ᠃
      ᠠᠮᠢ ᠠᠬᠤᠢ ᠵᠢᠨ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠎ᠨᠢ ᠡᠯ᠎ᠡ ᠭᠠᠵᠠᠷ᠎ᠤᠨ᠎ᠬᠢᠨ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠮᠢᠶᠠᠷᠬᠤ ᠳᠦᠷᠢᠮ᠎ᠤᠨ ᠪᠠᠭ᠋ᠠᠵᠢ ᠵᠢ ᠬᠠᠩᠭ᠋ᠠᠵᠠᠢ᠃ ᠴᠦᠩᠴᠢᠩ ᠬᠤᠳᠠ ᠵᠢᠨ ᠹᠧᠩ ᠵᠢᠶᠧ ᠰᠢᠶᠠᠨ ᠠᠮᠢ ᠠᠬᠤᠢ ᠵᠢᠨ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠭᠰᠡᠨ ᠦᠷ᠎ᠡ ᠪᠦᠲᠦᠭᠡᠯ᠎ᠢ ᠠᠰᠢᠭᠯᠠᠵᠤ᠂ ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ᠎ᠤᠨ ᠵᠥᠪᠰᠢᠶᠡᠷᠡᠯ ᠪᠠ ᠭᠠᠵᠠᠷ ᠰᠣᠩᠭᠣᠬᠤ᠎ᠳᠤ ᠪᠦᠬᠦ ᠶᠠᠪᠤᠴᠠ ᠵᠢᠨ ᠵᠢᠯᠣᠭᠣᠳᠤᠯᠭ᠎ᠠ ᠵᠢᠨ ᠦᠢ᠍ᠯᠡᠴᠢᠯᠡᠭᠡ ᠬᠠᠩᠭ᠋ᠠᠵᠤ᠂ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠤᠤᠭᠤᠬᠤ ᠤᠰᠤᠨ᠎ᠤ ᠡᠬᠢ ᠰᠤᠷᠪᠤᠯᠵᠢ ᠵᠢᠨ ᠬᠠᠮᠠᠭ᠋ᠠᠯᠠᠯᠲᠠ ᠵᠢᠨ ᠣᠷᠣᠨ ᠵᠡᠷᠭᠡ ᠣᠷᠴᠢᠨ ᠲᠣᠭᠣᠷᠢᠨ᠎ᠤ ᠰᠡᠷᠭᠡᠭ ᠣᠷᠣᠨ ᠪᠦᠰᠡ᠎ᠠᠴᠠ ᠵᠠᠢ᠌ᠯᠠᠰᠬᠢᠪᠡ; ᠰᠧᠴᠤᠸᠠᠨ ᠮᠤᠵᠢ ᠲᠦᠷᠭᠡᠨ᠎ᠤ ᠵᠠᠰᠠᠮᠠᠯ ᠵᠠᠮ᠂ ᠤᠯᠤᠰ ᠪᠠ ᠮᠤᠵᠢ ᠵᠢᠨ ᠭᠣᠣᠯ ᠵᠠᠮ᠂ ᠤᠰᠤᠨ ᠵᠠᠮ᠎ᠤᠨ ᠲᠡᠭᠡᠭᠡᠪᠦᠷᠢ ᠵᠡᠷᠭᠡ ᠵᠠᠮ ᠬᠠᠷᠢᠯᠴᠠᠭ᠋ᠠᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠶᠠᠪᠤᠴᠠ᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠢ ᠤᠷᠢᠳᠠᠪᠠᠷ ᠬᠠᠮᠠᠭ᠋ᠠᠯᠠᠬᠤ ᠨᠢᠭᠡᠴᠢ ᠵᠢᠨ ᠲᠠᠷᠬᠠᠯᠲᠠ᠎ᠳᠤ ᠰᠠᠭᠤᠷᠢᠯᠠᠵᠤ᠂ ᠵᠠᠮ᠎ᠤᠨ ᠲᠣᠣᠷ᠎ᠤᠨ ᠨᠢᠭᠲᠠᠴᠠ ᠪᠣᠯᠣᠨ ᠱᠤᠭᠤᠮ ᠰᠣᠩᠭᠣᠬᠤ ᠲᠥᠰᠥᠯ᠎ᠢ ᠵᠣᠬᠢᠰᠲᠠᠢ ᠲᠣᠭᠲᠠᠭ᠋ᠠᠵᠤ᠂ ᠠᠮᠢ ᠠᠬᠤᠢ ᠣᠷᠴᠢᠨ ᠲᠣᠭᠣᠷᠢᠨ᠎ᠤ ᠨᠥᠯᠥᠭᠡᠯᠡᠯ᠎ᠢ ᠪᠠᠭ᠋ᠠᠰᠬᠠᠪᠠ ᠁ ᠣᠢ᠌ᠷ᠎ᠠ ᠵᠢᠨ ᠵᠢᠯ᠎ᠠᠴᠠ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠠᠮᠢ ᠠᠬᠤᠢ ᠵᠢᠨ ᠬᠠᠮᠠᠭ᠋ᠠᠯᠠᠯᠲᠠ᠂ ᠣᠷᠴᠢᠨ ᠲᠣᠭᠣᠷᠢᠨ᠎ᠤ ᠶᠠᠰᠤ ᠴᠢᠨᠠᠷ᠂ ᠡᠬᠢ ᠪᠠᠶᠠᠯᠢᠭ᠎ᠤᠨ ᠠᠰᠢᠭᠯᠠᠯᠲᠠ ᠵᠢᠨ ᠬᠢᠵᠠᠭ᠋ᠠᠷᠯᠠᠯ ᠵᠡᠷᠭᠡ ᠵᠢ ᠡᠮᠦᠨ᠎ᠡ᠎ᠨᠢ ᠲᠠᠯᠪᠢᠵᠤ᠂ ᠪᠣᠬᠢᠷᠲᠤᠯ ᠦᠭᠡᠢ ᠪᠠᠶ᠋ᠢᠬᠤ ᠵᠢ ᠴᠢᠨᠠᠷ ᠰᠠᠢ᠌ᠲᠠᠢ ᠬᠥᠭᠵᠢᠯᠲᠡ ᠵᠢᠨ ᠦᠵᠡᠰᠬᠦᠯᠡᠩᠲᠦ ᠰᠠᠢ᠌ᠬᠠᠨ ᠳᠡᠪᠢᠰᠬᠡᠷ ᠥᠩᠭᠡ ᠪᠣᠯᠭ᠋ᠠᠭᠰᠠᠨ ᠪᠠᠢ᠌ᠨ᠎ᠠ᠃
      ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠎ᠳᠤ ᠤᠨᠢᠨ ᠳᠡᠭᠡᠷ᠎ᠡ᠎ᠨᠢ ᠬᠠᠮᠢᠶᠠᠷᠤᠨ ᠡᠵᠡᠮᠳᠡᠬᠦ ᠵᠢ ᠡᠷᠬᠢᠮᠯᠡᠨ᠎ᠡ᠃ ᠠᠮᠢ ᠠᠬᠤᠢ ᠣᠷᠴᠢᠨ ᠲᠣᠭᠣᠷᠢᠨ᠎ᠤ ᠪᠦᠲᠦᠴᠡ᠂ ᠴᠢᠳᠠᠮᠵᠢ᠂ ᠶᠠᠰᠤ ᠴᠢᠨᠠᠷ ᠵᠡᠷᠭᠡ ᠣᠷᠣᠨ ᠪᠦᠰᠡ ᠵᠢᠨ ᠣᠨᠴᠠᠯᠢᠭ᠎ᠲᠤ ᠰᠠᠭᠤᠷᠢᠯᠠᠨ᠂ ᠣᠷᠴᠢᠨ ᠲᠣᠭᠣᠷᠢᠨ᠎ᠤ ᠦᠨᠡᠯᠡᠯᠲᠡ᠎ᠪᠠᠷ ᠳᠡᠮᠵᠢᠨ᠂ ᠠᠳᠠᠯᠢ ᠪᠤᠰᠤ ᠭᠠᠵᠠᠷ ᠣᠷᠣᠨ᠎ᠢ ᠤᠷᠢᠳᠠᠪᠠᠷ ᠬᠠᠮᠠᠭ᠋ᠠᠯᠠᠬᠤ ᠨᠢᠭᠡᠴᠢ᠂ ᠭᠣᠣᠯᠳᠠᠯᠭ᠎ᠠ᠎ᠲᠠᠢ ᠬᠠᠮᠢᠶᠠᠷᠤᠨ ᠡᠵᠡᠮᠳᠡᠬᠦ ᠨᠢᠭᠡᠴᠢ ᠪᠠ ᠡᠩ᠎ᠤᠨ ᠬᠠᠮᠢᠶᠠᠷᠤᠨ ᠡᠵᠡᠮᠳᠡᠬᠦ ᠨᠢᠭᠡᠴᠢ᠎ᠪᠠᠷ ᠵᠠᠭ᠋ᠠᠭᠯᠠᠨ ᠲᠣᠭᠲᠠᠭ᠋ᠠᠪᠠ᠃ ᠡᠨᠡ ᠵᠢᠯ᠎ᠤᠨ 3 ᠰᠠᠷ᠎ᠠ ᠵᠢᠨ ᠰᠡᠭᠦᠯᠴᠢ ᠪᠣᠯᠲᠠᠯ᠎ᠠ᠂ ᠮᠠᠨ᠎ᠤ ᠤᠯᠤᠰ ᠨᠢᠭᠡᠨᠲᠡ ᠠᠮᠢ ᠠᠬᠤᠢ ᠣᠷᠴᠢᠨ ᠲᠣᠭᠣᠷᠢᠨ᠎ᠤ ᠬᠠᠮᠢᠶᠠᠷᠤᠨ ᠡᠵᠡᠮᠳᠡᠬᠦ ᠨᠢᠭᠡᠴᠢ ᠵᠢ 4.5 ᠲᠦᠮᠡ ᠰᠢᠬᠠᠮ ᠬᠤᠪᠢᠶᠠᠷᠢᠯᠠᠨ ᠲᠣᠭᠲᠠᠭ᠋ᠠᠵᠤ᠂ ᠨᠡᠯᠢᠶᠡᠳ ᠨᠠᠷᠢᠯᠢᠭᠵᠢᠭᠤᠯᠤᠭᠰᠠᠨ ᠠᠮᠢ ᠠᠬᠤᠢ ᠵᠢᠨ ᠣᠷᠴᠢᠨ ᠲᠣᠭᠣᠷᠢᠨ᠎ᠤ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠰᠢᠰᠲ᠋ᠧᠮ᠎ᠢ ᠪᠠᠢ᠌ᠭᠤᠯᠵᠤ᠂ ᠠᠳᠠᠯᠢ ᠪᠤᠰᠤ ᠣᠷᠣᠨ ᠵᠠᠢ ᠵᠢᠨ ᠪᠠᠷᠢᠮᠵᠢᠶ᠎ᠠ᠎ᠳᠤ ᠴᠢᠭᠯᠡᠭᠦᠯᠬᠦ ᠴᠢᠨᠠᠷᠲᠠᠢ ᠵᠠᠬ᠎ᠠ ᠳᠡᠯᠭᠡᠭᠦᠷ᠎ᠲᠤ ᠣᠷᠣᠬᠤ ᠵᠢ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠲᠣᠳᠣᠷᠬᠠᠢ᠌ᠯᠠᠪᠠ᠃ ᠱᠠᠲᠤ ᠱᠠᠲᠤ᠎ᠪᠠᠷ ᠵᠠᠳᠠᠯᠬᠤ ᠪᠠ ᠪᠣᠳᠠᠲᠠᠢ᠎ᠳᠤ ᠨᠠᠢ᠌ᠳᠠᠪᠤᠷᠢᠵᠢᠭᠤᠯᠤᠨ ᠨᠠᠷᠢᠯᠢᠭᠵᠢᠭᠤᠯᠬᠤ ᠠᠵᠢᠯ᠎ᠢ ᠰᠠᠶ᠋ᠢᠲᠤᠷ ᠬᠢᠵᠦ᠂ ᠨᠢᠭᠡ ᠪᠠᠷᠢᠮᠵᠢᠶ᠎ᠠ᠎ᠪᠠᠷ ᠡᠴᠦᠰ᠎ᠲᠤᠨᠢ ᠲᠤᠯᠲᠠᠯ᠎ᠠ ᠬᠡᠮᠵᠢᠪᠡᠯ ᠰᠠᠶᠢ ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠬᠦ᠂ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠬᠦ᠂ ᠵᠡᠷᠭᠡᠪᠡᠷ ᠠᠳᠬᠤᠨ ᠬᠠᠮᠲᠤ᠎ᠪᠠᠷ ᠬᠠᠮᠢᠶᠠᠷᠬᠤ ᠰᠠᠢ᠍ᠢ᠍ᠨ ᠰᠠᠢ᠌ᠬᠠᠨ ᠪᠠᠢ᠌ᠷᠢᠰᠢᠯ᠎ᠢ ᠪᠤᠢ ᠪᠣᠯᠭ᠋ᠠᠵᠤ ᠴᠢᠳᠠᠨ᠎ᠠ᠃
      ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠵᠢ ᠰᠠᠶ᠋ᠢᠲᠤᠷ ᠬᠢᠬᠦ᠎ᠳᠤ ᠪᠠᠰᠠ ᠲᠥᠷᠥ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠴᠢᠩᠭ᠋ᠠᠳᠬᠠᠬᠤ ᠬᠡᠷᠡᠭᠳᠡᠢ᠃ ᠵᠢᠱ᠌ᠢᠶᠡᠯᠡᠪᠡᠯ᠂ ᠳᠦᠷᠢᠮ᠂ ᠦᠷ᠎ᠡ ᠪᠦᠲᠦᠭᠡᠯ᠂ ᠬᠡᠷᠡᠭᠯᠡᠭᠡ ᠪᠠ ᠠᠵᠢᠯ᠎ᠤᠨ ᠪᠠᠲᠤᠯᠠᠭ᠎ᠠ ᠵᠡᠷᠭᠡ ᠲᠠᠯ᠎ᠠ᠎ᠠᠴᠠ ᠠᠮᠢ ᠠᠬᠤᠢ ᠵᠢᠨ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ ᠪᠠ ᠤᠯᠤᠰ᠎ᠤᠨ ᠭᠠᠵᠠᠷ ᠰᠢᠷᠣᠢ ᠵᠢᠨ ᠣᠷᠣᠨ ᠵᠠᠢ ᠵᠢᠨ ᠲᠥᠯᠦᠪᠵᠢᠭᠦᠯᠭᠡ ᠵᠢ ᠬᠥᠳᠡᠯᠦᠩᠭᠦᠢ᠎ᠪᠠᠷ ᠵᠣᠯᠭ᠋ᠠᠭᠤᠯᠬᠤ ᠵᠢ ᠴᠢᠩᠭ᠋ᠠᠳᠬᠠᠬᠤ ᠬᠡᠷᠡᠭᠲᠡᠢ᠃ ᠪᠡᠭᠡᠵᠢᠩ ᠲᠢᠶᠠᠨᠵᠢᠨ ᠾᠧᠪᠧᠢ 3 ᠮᠤᠵᠢ ᠬᠤᠳᠠ ᠵᠢᠨ᠎ᠬᠢᠨ ᠣᠷᠣᠨ ᠪᠦᠰᠡ᠂ ᠰᠠᠪᠠ ᠭᠠᠵᠠᠷ ᠪᠠ ᠲᠡᠯᠡᠢ ᠵᠢᠨ ᠣᠷᠣᠨ᠎ᠤ ᠵᠣᠬᠢᠴᠠᠭᠤᠯᠭ᠎ᠠ᠎ᠪᠠᠨ ᠴᠢᠩᠭ᠋ᠠᠳᠬᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠣᠷᠣᠨ ᠵᠠᠢ ᠪᠠ ᠣᠷᠴᠢᠨ ᠲᠣᠭᠣᠷᠢᠨ᠎ᠤ ᠶᠠᠰᠤ ᠴᠢᠨᠠᠷ᠎ᠤᠨ ᠬᠣᠷᠢᠭ᠎ᠠ ᠱᠤᠭᠤᠮ᠎ᠤᠨ ᠬᠢᠵᠠᠭ᠋ᠠᠷᠯᠠᠯ᠎ᠳᠤ ᠰᠠᠭᠤᠷᠢᠯᠠᠨ᠂ ᠠᠵᠤ ᠦᠢ᠍ᠯᠡᠰ᠎ᠢ ᠲᠠᠷᠬᠠᠭ᠋ᠠᠬᠤ ᠪᠠ ᠵᠠᠯᠭ᠋ᠠᠵᠤ ᠠᠪᠬᠤ ᠭᠠᠵᠠᠷ᠎ᠤᠨ ᠠᠮᠢ ᠠᠬᠤᠢ ᠣᠷᠴᠢᠨ ᠲᠣᠭᠣᠷᠢᠨ᠎ᠤ ᠵᠥᠪᠰᠢᠶᠡᠷᠡᠬᠦ ᠱᠠᠭ᠋ᠠᠷᠳᠠᠯᠭ᠎ᠠ ᠵᠢ ᠴᠢᠩᠳᠠᠯᠠᠵᠤ᠂ ᠪᠣᠯᠣᠳ ᠲᠡᠮᠦᠷ᠂ ᠴᠢᠯᠠᠭᠤᠨ ᠲᠣᠰᠣ ᠬᠢᠮᠢ ᠵᠢᠨ ᠠᠵᠤ ᠦᠢ᠍ᠯᠡᠰ᠎ᠤᠨ ᠲᠡᠯᠡᠢ ᠳᠠᠭ᠋ᠠᠤ ᠣᠷᠣᠨ ᠲᠡᠶ᠋ᠢᠰᠢ ᠲᠥᠪᠯᠡᠷᠡᠨ ᠬᠥᠭᠵᠢᠬᠦ ᠵᠢ ᠵᠦᠢ ᠵᠣᠬᠢᠰᠲᠠᠢ᠎ᠪᠠᠷ ᠬᠥᠲᠥᠯᠥᠨ ᠵᠢᠯᠣᠭᠣᠳᠤᠨ᠎ᠠ᠃ ᠭᠠᠨᠰᠤ ᠮᠤᠵᠢ ᠵᠢᠨ ᠯᠢᠨᠰᠢᠶᠠ ᠬᠣᠲᠣᠩ ᠦᠨᠳᠦᠰᠦᠲᠡᠨ᠎ᠤ ᠥᠪᠡᠷᠲᠡᠭᠡᠨ ᠵᠠᠰᠠᠬᠤ ᠵᠧᠦ ᠠᠮᠢ ᠠᠬᠤᠢ ᠣᠷᠴᠢᠨ ᠲᠣᠭᠣᠷᠢᠨ᠎ᠢ ᠲᠣᠭᠣᠷᠢᠭ ᠬᠤᠪᠢᠶᠠᠨ ᠬᠠᠮᠢᠶᠠᠷᠤᠨ ᠡᠵᠡᠮᠳᠡᠬᠦ ᠱᠠᠭ᠋ᠠᠷᠳᠠᠯᠭ᠎ᠠ ᠵᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠤᠨ ᠲᠥᠯᠦᠪᠵᠢᠭᠦᠯᠭᠡ᠎ᠳᠤ ᠠᠭᠤᠰᠤᠯᠴᠠᠭᠤᠯᠵᠤ᠂ ᠦᠢ᠍ᠯᠡᠳᠪᠦᠷᠢ ᠵᠢᠨ ᠭᠡᠷ ᠪᠠᠢ᠌ᠰᠢᠩ᠂ ᠡᠨᠧᠷᠭᠢ ᠵᠢᠨ ᠬᠠᠩᠭ᠋ᠠᠯᠭ᠎ᠠ ᠵᠢᠨ ᠲᠥᠬᠦᠭᠡᠷᠦᠮᠵᠢ᠂ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠲᠥᠬᠦᠭᠡᠷᠦᠮᠵᠢ ᠵᠡᠷᠭᠡ ᠣᠷᠣᠨ ᠪᠠᠶ᠋ᠢᠷᠢ ᠵᠢ ᠰᠢᠯᠢᠳᠡᠭᠵᠢᠭᠦᠯᠵᠦ᠂ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠢ᠂ ᠣᠷᠴᠢᠨ ᠲᠣᠭᠣᠷᠢᠨ᠎ᠢ ᠬᠠᠮᠠᠭ᠋ᠠᠯᠠᠬᠤ ᠬᠦᠷᠢᠶᠡᠯᠡᠩ ᠲᠣᠭᠣᠷᠢᠭ᠎ᠤᠨ ᠣᠷᠣᠨ ᠵᠠᠢ ᠵᠢᠨ ᠪᠠᠢ᠌ᠷᠢᠰᠢᠭᠤᠯᠤᠯᠲᠠ ᠵᠢ ᠪᠠᠢ᠌ᠭᠤᠯᠪᠠ᠃ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠮᠥᠷᠳᠡᠨ ᠦᠨᠡᠯᠡᠬᠦ ᠠᠵᠢᠯ᠎ᠢ ᠰᠠᠶ᠋ᠢᠲᠤᠷ ᠬᠢᠵᠦ᠂ ᠬᠢᠨᠠᠯᠲᠠ ᠬᠠᠮᠢᠶᠠᠷᠤᠯᠲᠠ ᠵᠢ ᠪᠦᠷᠢᠨᠰᠢᠭᠦᠯᠵᠦ᠂ ᠬᠡᠷᠡᠭᠵᠢᠭᠦᠯᠦᠭᠰᠡᠨ ᠪᠠᠶ᠋ᠢᠳᠠᠯ᠎ᠢ ᠲᠥᠪ᠎ᠤᠨ ᠪᠠ ᠮᠤᠵᠢ ᠵᠢᠨ ᠱᠠᠲᠤᠨ᠎ᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ᠂ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠤ ᠦᠷ᠎ᠡ ᠪᠦᠲᠦᠮᠵᠢ ᠵᠢ ᠬᠢᠨᠠᠨ ᠰᠢᠯᠭ᠋ᠠᠬᠤ ᠵᠡᠷᠭᠡ᠎ᠳᠤ ᠣᠷᠣᠭᠤᠯᠪᠠᠯ ᠰᠠᠶᠢ ᠳᠦᠷᠢᠮ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠵᠦ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠣᠳᠣᠬᠢᠴᠢᠯᠠᠯᠲᠠ ᠵᠢᠨ ᠲᠦᠪᠰᠢᠨ᠎ᠢ ᠦᠨᠡᠨᠬᠦ ᠳᠡᠭᠡᠭᠰᠢᠯᠡᠭᠦᠯᠵᠦ ᠴᠢᠳᠠᠨ᠎ᠠ᠃
      ᠪᠣᠬᠢᠷᠲᠤᠯ ᠦᠭᠡᠢ ᠬᠥᠭᠵᠢᠯᠲᠡ᠎ᠨᠢ ᠦᠢ᠍ᠯᠡᠳᠪᠦᠷᠢᠯᠡᠯ ᠠᠮᠢᠳᠤᠷᠠᠯ᠎ᠤᠨ ᠲᠠᠯ᠎ᠠ ᠪᠦᠬᠦᠨ᠎ᠳᠤ ᠬᠣᠯᠪᠣᠭᠳᠠᠵᠤ᠂ ᠨᠠᠷᠢᠯᠢᠭᠵᠢᠭᠤᠯᠤᠨ ᠵᠠᠰᠠᠬᠤ ᠠᠵᠢᠯ᠎ᠢ ᠰᠠᠶ᠋ᠢᠲᠤᠷ ᠬᠢᠬᠦ ᠴᠢᠬᠤᠯᠠᠲᠠᠢ᠃ ᠲᠣᠭᠲᠠᠯ ᠬᠦᠴᠦᠨ᠎ᠢ ᠪᠠᠲᠤᠯᠠᠵᠤ᠂ ᠥᠨᠢ ᠤᠳᠠᠭ᠋ᠠᠨ ᠴᠢᠷᠮᠠᠢ᠌ᠨ ᠠᠵᠢᠯᠯᠠᠵᠤ᠂ ᠠᠮᠢ ᠠᠬᠤᠢ ᠣᠷᠴᠢᠨ ᠲᠣᠭᠣᠷᠢᠨ᠎ᠢ ᠣᠷᠣᠨ ᠬᠤᠪᠢᠶᠠᠨ ᠬᠠᠮᠢᠶᠠᠷᠤᠨ ᠡᠵᠡᠮᠳᠡᠬᠦ᠎ᠪᠠᠷ ᠭᠠᠷᠳᠠᠴᠠ ᠪᠣᠯᠭ᠋ᠠᠵᠤ᠂ ᠪᠦᠬᠦᠯᠢ ᠴᠣᠭᠴᠠ ᠵᠢᠨ ᠴᠢᠨᠠᠷᠲᠠᠢ ᠬᠠᠮᠠᠭ᠋ᠠᠯᠠᠯᠲᠠ ᠪᠠ ᠰᠢᠰᠲ᠋ᠧᠮᠲᠦ ᠴᠢᠨᠠᠷᠲᠠᠢ ᠵᠠᠰᠠᠯᠲᠠ ᠵᠢ ᠴᠢᠩᠭ᠋ᠠᠳᠬᠠᠪᠠᠯ ᠯᠠᠪᠳᠠᠶ᠎ᠠ ᠴᠢᠨᠠᠷ ᠰᠠᠢ᠌ᠲᠠᠢ ᠬᠥᠭᠵᠢᠯᠲᠡ ᠵᠢ ᠨᠡᠩ ᠰᠠᠶ᠋ᠢᠲᠤᠷ ᠠᠬᠢᠭᠤᠯᠵᠤ᠂ ᠴᠢᠨᠠᠷ ᠰᠠᠢ᠌ᠲᠠᠢ ᠠᠮᠢᠳᠤᠷᠠᠯ᠎ᠢ ᠡᠭᠦᠳᠴᠦ᠂ ᠬᠥᠮᠥᠨ ᠪᠠᠶ᠋ᠢᠭ᠋ᠠᠯᠢ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠵᠤ ᠴᠢᠳᠠᠬᠤ ᠶᠤᠮ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠰᠦᠨ ᠵᠢᠨ ᠯᠦᠩ ᠥᠪᠥᠷ ᠮᠣᠩᠭᠣᠯ᠎ᠳᠤ ᠬᠦᠷᠴᠦ ᠪᠠᠢ᠌ᠴᠠᠭ᠋ᠠᠨ ᠰᠤᠳᠤᠯᠤᠯᠲᠠ ᠬᠢᠪᠡ
ᠰᠢ ᠵᠢᠨ ᠫᠢᠩ᠄ ᠮᠠᠨ᠎ᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠨ᠎ᠠ
ᠤᠯᠠᠨ ᠨᠠᠢ᠌ᠳᠠ᠎ᠪᠠᠷ ᠵᠶ᠋ᠡᠨ ᠣᠷᠣᠯᠴᠠᠨ ᠲᠣᠨᠣᠭ ᠲᠥᠬᠦᠭᠡᠷᠦᠮᠵᠢ ᠵᠢ ᠴᠢᠯᠦᠭᠡᠲᠡᠢ ᠨᠡᠭᠡᠭᠡᠪᠡ᠄ ᠬᠣᠭ ᠨᠣᠪᠰᠢ ᠵᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠠᠵᠢᠯ ᠲᠥᠷᠥᠯ᠎ᠤᠨ ᠦᠷᠭᠦᠯᠵᠢᠯᠡᠭᠰᠡᠨ ᠬᠥᠭᠵᠢᠯᠲᠡ
ᠦᠬᠠᠢ᠄ ᠨᠣᠮᠢᠨ ᠨᠣᠭᠣᠭ᠋ᠠᠨ ᠲᠡᠢ᠌ᠰᠢ ᠤᠷᠤᠭᠰᠢᠯᠠᠨ᠎ᠠ
ᠬᠠᠮᠤᠭ᠎ᠤᠨ ᠲᠥᠪ ᠭᠣᠣᠯᠴᠢ ᠤᠯᠠᠨ ᠨᠠᠢ᠌ᠳᠠ ᠵᠢᠨ ᠪᠦᠲᠦᠭᠡᠭᠳᠡᠬᠦᠨ  ᠬᠠᠮᠤᠭ᠎ᠤᠨ ᠲᠦᠭᠡᠮᠡᠯ ᠠᠰᠢᠭ ᠬᠦᠷᠲᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ (ᠠᠷᠠᠳ᠎ᠤᠨ ᠡᠳᠦᠷ᠎ᠤᠨ ᠰᠣᠨᠢᠨ)
 
             蒙ICP备05000248号