ᠮᠠᠨ᠎ᠤ ᠤᠯᠤᠰ᠎ᠤᠨ ᠠᠵᠤ ᠠᠬᠤᠢ ᠨᠢᠭᠡᠨᠲᠡ ᠳᠡᠭᠡᠳᠦ ᠬᠤᠷᠳᠤᠴᠠ᠎ᠪᠠᠷ ᠨᠡᠮᠡᠭᠳᠡᠬᠦ ᠱᠠᠲᠤᠨ᠎ᠠᠴᠠ ᠴᠢᠨᠠᠷ ᠰᠠᠢ᠌ᠲᠠᠢ ᠬᠥᠭᠵᠢᠯᠲᠡ ᠵᠢᠨ ᠱᠠᠲᠤᠨ᠎ᠳᠤ ᠰᠢᠯᠵᠢᠵᠦ᠂ ᠶᠠᠭ ᠬᠥᠭᠵᠢᠯᠲᠡ ᠵᠢᠨ ᠠᠷᠭ᠎ᠠ ᠬᠡᠯᠪᠡᠷᠢ ᠵᠢ ᠬᠤᠪᠢᠷᠠᠭᠤᠯᠬᠤ᠂ ᠠᠵᠤ ᠠᠬᠤᠢ ᠵᠢᠨ ᠪᠦᠲᠦᠴᠡ ᠵᠢ ᠰᠢᠯᠢᠳᠡᠭᠵᠢᠭᠦᠯᠬᠦ᠂ ᠨᠡᠮᠡᠭᠳᠡᠯ᠎ᠤᠨ ᠬᠥᠳᠡᠯᠭᠡᠬᠦ ᠬᠦᠴᠦᠨ᠎ᠢ ᠬᠤᠪᠢᠷᠠᠭᠤᠯᠬᠤ ᠪᠣᠭᠣᠮᠲᠠ ᠰᠢᠪᠲᠤᠯᠬᠤ ᠬᠤᠭᠤᠴᠠᠭ᠋ᠠᠨ᠎ᠳᠤ ᠣᠷᠣᠰᠢᠵᠤ ᠪᠠᠢ᠌ᠨ᠎ᠠ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠬᠤ ᠪᠣᠯ ᠪᠣᠭᠣᠮᠲᠠ ᠵᠢ ᠳᠠᠪᠠᠬᠤ ᠲᠤᠯᠭ᠋ᠠᠮ᠎ᠠ ᠱᠠᠭ᠋ᠠᠷᠳᠠᠯᠭ᠎ᠠ ᠪᠠ ᠮᠠᠨ᠎ᠤ ᠤᠯᠤᠰ᠎ᠤᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢᠨ ᠬᠠᠷᠠᠯᠲᠠ ᠪᠣᠯᠣᠨ᠎ᠠ᠃ ᠡᠷᠬᠡᠪᠰᠢ ᠶᠠᠰᠤ ᠴᠢᠨᠠᠷ᠎ᠢ ᠲᠡᠷᠢᠭᠦᠨ᠎ᠳᠤ ᠲᠠᠯᠪᠢᠵᠤ᠂ ᠦᠷ᠎ᠡ ᠠᠰᠢᠭ᠎ᠢ ᠲᠡᠷᠢᠭᠦᠨ᠎ᠳᠤ ᠲᠠᠯᠪᠢᠬᠤ ᠵᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠪᠠᠷ ᠭᠣᠣᠯ ᠱᠤᠭᠤᠮ ᠪᠣᠯᠭ᠋ᠠᠵᠤ᠂ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠤᠨ ᠬᠤᠪᠢᠰᠤᠯᠲᠠ᠂ ᠦᠷ᠎ᠡ ᠠᠰᠢᠭ᠎ᠤᠨ ᠬᠤᠪᠢᠰᠤᠯᠲᠠ᠂ ᠬᠥᠳᠡᠯᠭᠡᠬᠦ ᠬᠦᠴᠦᠨ᠎ᠤ ᠬᠤᠪᠢᠰᠤᠯᠲᠠ ᠵᠢ ᠠᠬᠢᠭᠤᠯᠵᠤ᠂ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠳᠡᠭᠡᠭᠰᠢᠯᠡᠭᠦᠯᠵᠦ᠂ ᠪᠣᠳᠠᠲᠤ ᠴᠣᠭᠴᠠ ᠵᠢᠨ ᠠᠵᠤ ᠠᠬᠤᠢ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠂ ᠣᠲᠣ ᠦᠶ᠎ᠡ ᠵᠢᠨ ᠮᠥᠩᠭᠥᠨ ᠭᠦᠢ᠍ᠯᠭᠡᠭᠡ᠂ ᠬᠥᠮᠥᠨ᠎ᠤ ᠬᠦᠴᠦᠨ᠎ᠤ ᠡᠬᠢ ᠪᠠᠶᠠᠯᠢᠭ᠎ᠢ ᠵᠣᠬᠢᠴᠠᠯᠳᠤᠭᠤᠯᠤᠨ ᠬᠥᠭᠵᠢᠭᠦᠯᠬᠦ ᠠᠵᠤ ᠦᠢ᠍ᠯᠡᠰ᠎ᠤᠨ ᠰᠢᠰᠲ᠋ᠧᠮ᠎ᠢ ᠬᠦᠴᠦᠯᠡᠨ ᠲᠦᠷᠭᠡᠪᠴᠢᠯᠡᠨ ᠪᠠᠢ᠌ᠭᠤᠯᠵᠤ᠂ ᠵᠠᠬ᠎ᠠ ᠳᠡᠯᠭᠡᠭᠦᠷ᠎ᠤᠨ ᠲᠣᠭᠲᠠᠴᠠ ᠪᠦᠲᠦᠮᠵᠢᠲᠡᠢ᠂ ᠪᠢᠴᠢᠯ ᠪᠡᠶᠡᠴᠢ ᠴᠣᠭᠴᠠ ᠠᠮᠢᠵᠢᠷᠠᠯ᠎ᠤᠨ ᠬᠦᠴᠦᠨ᠎ᠲᠠᠢ᠂ ᠬᠣᠷᠸ᠎ᠠ ᠲᠣᠬᠢᠷᠠᠭᠤᠯᠤᠯ ᠡᠵᠡᠮᠳᠡᠯ ᠬᠡᠮᠵᠢᠶ᠎ᠡ᠎ᠲᠠᠢ ᠠᠵᠤ ᠠᠬᠤᠢ ᠵᠢᠨ ᠪᠠᠢ᠌ᠭᠤᠯᠤᠯ᠎ᠢ ᠬᠦᠴᠦᠯᠡᠨ ᠪᠠᠢ᠌ᠭᠤᠯᠵᠤ᠂ ᠮᠠᠨ᠎ᠤ ᠤᠯᠤᠰ᠎ᠤᠨ ᠠᠵᠤ ᠠᠬᠤᠢ ᠵᠢᠨ ᠰᠢᠨ᠎ᠡ ᠵᠢ ᠡᠭᠦᠳᠬᠦ ᠬᠦᠴᠦᠨ ᠪᠠ ᠥᠷᠢᠰᠥᠯᠳᠦᠬᠦ ᠬᠦᠴᠦᠨ᠎ᠢ ᠲᠠᠰᠤᠷᠠᠯᠳᠠ ᠦᠭᠡᠢ ᠴᠢᠩᠭ᠋ᠠᠷᠠᠭᠤᠯᠪᠠ᠃
(2017 ᠣᠨ᠎ᠤ 10 ᠰᠠᠷ᠎ᠠ ᠵᠢᠨ 18᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠ ᠶᠢᠰᠦᠳᠦᠭᠡᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠳᠡᠭᠡᠷ᠎ᠡ ᠬᠢᠭᠰᠡᠨ ᠢᠯᠡᠳᠬᠡᠯ)
ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠵᠤ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠴᠦ᠍ ᠰᠢᠨ᠎ᠡ ᠴᠠᠭ ᠦᠶ᠎ᠡ᠎ᠳᠤ ᠣᠷᠣᠪᠠ᠃ ᠰᠢᠨ᠎ᠡ ᠴᠠᠭ ᠦᠶ᠎ᠡ ᠵᠢᠨ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠣᠨᠴᠠᠯᠢᠭ ᠪᠣᠯ ᠳᠠᠷᠤᠢ ᠮᠢᠨᠤ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ ᠴᠢᠬᠤᠯᠠᠴᠢᠯᠠᠭᠰᠠᠨ ᠵᠶ᠋ᠠᠷ᠂ ᠮᠠᠨ᠎ᠤ ᠤᠯᠤᠰ᠎ᠤᠨ ᠠᠵᠤ ᠠᠬᠤᠢ ᠨᠢᠭᠡᠨᠲᠡ ᠳᠡᠭᠡᠳᠦ ᠬᠤᠷᠳᠤᠴᠠ᠎ᠪᠠᠷ ᠨᠡᠮᠡᠭᠳᠡᠬᠦ ᠱᠠᠲᠤᠨ᠎ᠠᠴᠠ ᠴᠢᠨᠠᠷ ᠰᠠᠢ᠌ᠲᠠᠢ ᠬᠥᠭᠵᠢᠯᠲᠡ ᠵᠢᠨ ᠱᠠᠲᠤᠨ᠎ᠳᠤ ᠰᠢᠯᠵᠢᠪᠡ᠃ ᠡᠨᠡ ᠪᠣᠯ ᠨᠢᠭᠡᠨ ᠴᠢᠬᠤᠯᠠ ᠶᠡᠬᠡ ᠮᠠᠭ᠋ᠠᠳᠯᠠᠯᠲᠠ ᠮᠥᠨ᠂ ᠪᠢᠳᠡ ᠡᠷᠬᠡᠪᠰᠢ ᠲᠡᠭᠦᠨ᠎ᠤ ᠴᠢᠬᠤᠯᠠ ᠶᠡᠬᠡ ᠪᠣᠳᠠᠲᠤ ᠠᠴᠢ ᠬᠣᠯᠪᠣᠭᠳᠠᠯ ᠪᠠ ᠠᠯᠤᠰ ᠬᠡᠲᠦ ᠵᠢᠨ ᠲᠡᠦᠬᠡᠲᠦ ᠠᠴᠢ ᠬᠣᠯᠪᠣᠭᠳᠠᠯ᠎ᠢ ᠭᠦᠨᠵᠡᠭᠡᠢ ᠲᠠᠨᠢᠬᠤ ᠬᠡᠷᠡᠭᠲᠡᠶ᠃
ᠨᠢᠭᠡᠳᠦᠭᠡᠷ᠎ᠲᠤ᠂ ᠡᠨᠡ ᠪᠣᠯ ᠠᠵᠤ ᠠᠬᠤᠢ ᠵᠢᠨ ᠦᠷᠭᠦᠯᠵᠢᠯᠡᠨ ᠡᠷᠡᠭᠦᠯ ᠵᠶ᠋ᠡᠷ ᠬᠥᠭᠵᠢᠬᠦ ᠵᠢ ᠪᠠᠲᠤᠯᠠᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠮᠠᠨ᠎ᠤ ᠤᠯᠤᠰ ᠣᠲᠣ ᠶᠠᠭ ᠬᠥᠭᠵᠢᠯᠲᠡ ᠵᠢᠨ ᠠᠷᠭ᠎ᠠ ᠮᠠᠶᠢᠭ᠎ᠢ ᠬᠤᠪᠢᠷᠠᠭᠤᠯᠬᠤ ᠵᠠᠩᠭᠢᠯᠠᠭ᠎ᠠ ᠵᠢᠨ ᠱᠠᠲᠤᠨ᠎ᠳᠤ ᠣᠷᠣᠰᠢᠵᠤ᠂ ᠬᠥᠳᠡᠯᠮᠦᠷᠢ ᠵᠢᠨ ᠬᠦᠴᠦᠨ᠎ᠤ ᠥᠪᠡᠷ᠎ᠤᠨ ᠥᠷᠲᠡᠭ ᠳᠡᠭᠡᠭᠰᠢᠯᠡᠵᠦ᠂ ᠡᠬᠢ ᠪᠠᠶᠠᠯᠢᠭ ᠣᠷᠴᠢᠨ ᠲᠣᠭᠣᠷᠢᠨ᠎ᠤ ᠬᠢᠵᠠᠭ᠋ᠠᠷᠯᠠᠯ ᠨᠡᠮᠡᠭᠳᠡᠵᠦ᠂ ᠪᠦᠳᠦᠭᠦᠯᠢᠭ ᠬᠥᠭᠵᠢᠯᠲᠡ ᠵᠢᠨ ᠠᠷᠭ᠎ᠠ ᠮᠠᠶᠢᠭ ᠦᠷᠭᠦᠯᠵᠢᠯᠡᠬᠦᠶ᠎ᠡ ᠪᠡᠷᠬᠡ ᠪᠣᠯᠵᠤ᠂ ᠠᠵᠤ ᠠᠬᠤᠢ ᠵᠢᠨ ᠣᠷᠴᠢᠯ ᠰᠠᠭ᠋ᠠᠳ ᠦᠭᠡᠢ ᠪᠠᠶ᠋ᠢᠬᠤ ᠠᠰᠠᠭᠤᠳᠠᠯ ᠮᠠᠰᠢ ᠲᠣᠪᠣᠢ᠌ᠮ᠎ᠠ ᠪᠠᠢ᠌ᠨ᠎ᠠ᠃ ᠡᠭᠦᠨ᠎ᠤ ᠬᠠᠮᠲᠤ᠂ ᠳᠡᠯᠡᠬᠡᠢ ᠵᠢᠨ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ ᠶᠠᠭ ᠥᠷᠨᠢᠨ ᠬᠥᠭᠵᠢᠵᠦ᠂ ᠤᠯᠠᠨ ᠲᠠᠯ᠎ᠠ᠎ᠪᠠᠷ ᠰᠢᠪᠲᠤᠯᠤᠯᠲᠠ᠎ᠲᠠᠢ ᠪᠣᠯᠵᠤ ᠪᠠᠢ᠌ᠨ᠎ᠠ᠃ ᠪᠢᠳᠡ ᠡᠷᠬᠡᠪᠰᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠬᠤᠪᠢᠷᠠᠯᠲᠠ᠂ ᠠᠷᠠᠳ ᠲᠦᠮᠡᠨ᠎ᠤ ᠰᠢᠨ᠎ᠡ ᠬᠡᠷᠡᠭᠴᠡᠭᠡ᠎ᠳᠤ ᠵᠣᠬᠢᠴᠠᠭᠤᠯᠤᠨ᠂ ᠴᠢᠨᠠᠷ ᠰᠠᠢ᠌ᠲᠠᠢ ᠥᠨᠳᠥᠷ ᠪᠦᠲᠦᠮᠵᠢᠲᠡᠢ ᠤᠯᠠᠨ ᠶᠠᠩᠵᠤ ᠵᠢᠨ ᠬᠠᠩᠭ᠋ᠠᠯᠭ᠎ᠠ ᠵᠢᠨ ᠰᠢᠰᠲ᠋ᠧᠮ᠎ᠢ ᠪᠦᠷᠢᠯᠳᠦᠭᠦᠯᠵᠦ᠂ ᠨᠡᠩ ᠤᠯᠠᠨ ᠴᠢᠨᠠᠷ ᠰᠠᠢ᠌ᠲᠠᠢ ᠦᠢ᠍ᠯᠡᠳᠬᠦᠨ ᠪᠠ ᠦᠢ᠍ᠯᠡᠴᠢᠯᠡᠭᠡ ᠵᠢ ᠬᠠᠩᠭ᠋ᠠᠬᠤ ᠬᠡᠷᠡᠭᠲᠡᠢ᠃ ᠢᠩᠭᠢᠪᠡᠯ ᠬᠠᠩᠭ᠋ᠠᠯᠭ᠎ᠠ ᠬᠡᠷᠡᠭᠴᠡᠭᠡ ᠰᠠᠶᠢ ᠰᠢᠨ᠎ᠡ ᠬᠡᠮᠵᠢᠶᠡᠨ᠎ᠳᠤ ᠲᠡᠩᠴᠡᠭᠦᠷᠢᠲᠡᠢ ᠪᠣᠯᠵᠤ᠂ ᠮᠠᠨ᠎ᠤ ᠤᠯᠤᠰ᠎ᠤᠨ ᠠᠵᠤ ᠠᠬᠤᠢ ᠰᠠᠶᠢ ᠦᠷᠭᠦᠯᠵᠢᠯᠡᠨ ᠡᠷᠡᠭᠦᠯ ᠵᠶ᠋ᠡᠷ ᠬᠥᠭᠵᠢᠵᠦ ᠴᠢᠳᠠᠨ᠎ᠠ᠃
ᠬᠣᠶᠠᠳᠤᠭ᠋ᠠᠷ᠎ᠲᠤ᠂ ᠡᠨᠡ ᠪᠣᠯ ᠮᠠᠨ᠎ᠤ ᠤᠯᠤᠰ᠎ᠤᠨ ᠨᠡᠢ᠌ᠭᠡᠮ᠎ᠤᠨ ᠭᠣᠣᠯ ᠵᠥᠷᠢᠴᠡᠯ᠎ᠤᠨ ᠬᠤᠪᠢᠷᠠᠯᠲᠠ᠎ᠳᠤ ᠵᠣᠬᠢᠴᠠᠬᠤ ᠪᠠ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠠᠢ᠌ᠭᠤᠯᠤᠨ ᠪᠦᠲᠦᠭᠡᠬᠦ᠂ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠮᠠᠨ᠎ᠤ ᠤᠯᠤᠰ᠎ᠤᠨ ᠨᠡᠢ᠌ᠭᠡᠮ᠎ᠤᠨ ᠭᠣᠣᠯ ᠵᠥᠷᠢᠴᠡᠯ᠎ᠳᠤ ᠴᠢᠬᠤᠯᠠ ᠶᠡᠬᠡ ᠬᠤᠪᠢᠷᠠᠯᠲᠠ ᠭᠠᠷᠴᠤ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠱᠠᠲᠤᠨ᠎ᠳᠤ ᠴᠤ᠌ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ ᠪᠠᠢ᠌ᠨ᠎ᠠ᠂ ᠲᠡᠩᠴᠡᠭᠦᠷᠢ ᠦᠭᠡᠢ ᠭᠦᠢ᠍ᠴᠡᠳ ᠦᠭᠡᠢ ᠬᠥᠭᠵᠢᠯᠲᠡ ᠪᠣᠯ ᠳᠠᠷᠤᠢ ᠬᠥᠭᠵᠢᠯᠲᠡ ᠵᠢᠨ ᠴᠢᠨᠠᠷ ᠴᠢᠨᠰᠠᠭ᠎ᠠ ᠥᠨᠳᠥᠷ ᠪᠢᠰᠢ ᠪᠠᠶ᠋ᠢᠬᠤ ᠵᠢᠨ ᠢᠯᠡᠷᠡᠯ ᠮᠥᠨ᠃ ᠮᠠᠨ᠎ᠤ ᠤᠯᠤᠰ᠎ᠤᠨ ᠨᠡᠢ᠌ᠭᠡᠮ᠎ᠤᠨ ᠭᠣᠣᠯ ᠵᠥᠷᠢᠴᠡᠯ᠎ᠢ ᠰᠢᠢ᠍ᠳᠪᠦᠷᠢᠯᠡᠬᠦ᠎ᠳᠤ ᠡᠷᠬᠡᠪᠰᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠪᠢᠳᠡ ᠲᠣᠭ᠋ᠠᠨ᠎ᠤ ᠬᠥᠭᠵᠢᠯᠲᠡ ᠵᠢ ᠴᠢᠬᠤᠯᠠᠴᠢᠯᠠᠬᠤ ᠬᠡᠷᠡᠭᠲᠡᠶ᠂ ᠭᠡᠬᠦ᠎ᠳᠡᠭᠡᠨ ᠴᠢᠨᠠᠷ᠎ᠤᠨ ᠠᠰᠠᠭᠤᠳᠠᠯ᠎ᠢ ᠰᠢᠢ᠍ᠳᠪᠦᠷᠢᠯᠡᠬᠦ ᠵᠢ ᠨᠡᠩ ᠴᠢᠬᠤᠯᠠᠴᠢᠯᠠᠵᠤ᠂ ᠴᠢᠨᠠᠷ᠎ᠢ ᠶᠡᠬᠡ᠎ᠪᠠᠷ ᠳᠡᠭᠡᠭᠰᠢᠯᠡᠭᠦᠯᠬᠦ ᠳᠤᠮᠳᠠ ᠲᠣᠭ᠋ᠠᠨ᠎ᠤ ᠪᠦᠲᠦᠮᠵᠢᠲᠡᠢ ᠨᠡᠮᠡᠭᠳᠡᠯ᠎ᠢ ᠪᠡᠶᠡᠯᠡᠭᠦᠯᠬᠦ ᠬᠡᠷᠡᠭᠲᠡᠶ᠃
ᠭᠤᠷᠪᠠᠳᠤᠭ᠋ᠠᠷ᠎ᠲᠤ᠂ ᠡᠨᠡ ᠪᠣᠯ ᠠᠵᠤ ᠠᠬᠤᠢ ᠵᠢᠨ ᠵᠢᠮ᠎ᠡ ᠶᠣᠰᠣ ᠵᠢ ᠵᠢᠷᠤᠮᠯᠠᠨ ᠬᠥᠭᠵᠢᠬᠦ ᠵᠢᠨ ᠵᠠᠢ᠌ᠯᠠᠰᠢ ᠦᠭᠡᠢ ᠱᠠᠭ᠋ᠠᠷᠳᠠᠯᠭ᠎ᠠ ᠮᠥᠨ᠃ ᠳᠡᠭᠡᠷ᠎ᠡ ᠵᠠᠭᠤᠨ᠎ᠤ ᠵᠢᠷᠠᠭ᠋ᠠᠳ ᠣᠨ᠎ᠠᠴᠠ ᠨᠠᠭ᠋ᠠᠰᠢ᠂ ᠪᠦᠬᠦ ᠪᠥᠮᠪᠥᠷᠴᠡᠭ᠎ᠤᠨ 100 ᠭᠠᠷᠤᠢ ᠳᠤᠮᠳᠠ ᠵᠡᠷᠭᠡ ᠵᠢᠨ ᠣᠷᠣᠯᠭ᠎ᠠ᠎ᠲᠠᠢ ᠠᠵᠤ ᠠᠬᠤᠢ ᠵᠢᠨ ᠴᠣᠭᠴᠠ ᠵᠢᠨ ᠳᠣᠲᠣᠷ᠎ᠠ᠎ᠠᠴᠠ ᠠᠷᠪᠠᠨ ᠬᠡᠳᠦᠬᠡᠨ᠎ᠨᠢ ᠯᠡ ᠥᠨᠳᠥᠷ ᠣᠷᠣᠯᠭ᠎ᠠ᠎ᠲᠠᠢ ᠠᠵᠤ ᠠᠬᠤᠢ ᠵᠢᠨ ᠴᠣᠭᠴᠠ᠎ᠳᠤ ᠠᠮᠵᠢᠯᠲᠠ᠎ᠲᠠᠢ ᠣᠷᠣᠵᠠᠢ᠃ ᠠᠮᠵᠢᠯᠲᠠ ᠣᠯᠣᠭᠰᠠᠨ ᠲᠡᠳᠡᠭᠡᠷ ᠤᠯᠤᠰ ᠪᠣᠯ ᠳᠠᠷᠤᠢ ᠳᠡᠭᠡᠳᠦ ᠬᠤᠷᠳᠤᠴᠠ᠎ᠪᠠᠷ ᠨᠡᠮᠡᠭᠳᠡᠬᠦ ᠱᠠᠲᠤ ᠵᠢ ᠥᠩᠭᠡᠷᠡᠭᠡᠭᠰᠡᠨ᠎ᠤ ᠳᠠᠷᠠᠭ᠎ᠠ ᠠᠵᠤ ᠠᠬᠤᠢ ᠵᠢᠨ ᠬᠥᠭᠵᠢᠯᠲᠡ ᠵᠢ ᠲᠣᠭ᠋ᠠᠨ᠎ᠤ ᠲᠠᠯ᠎ᠠ᠎ᠪᠠᠷ ᠥᠷᠭᠡᠳᠬᠡᠵᠦ ᠪᠠᠢ᠌ᠭᠰᠠᠨ᠎ᠠᠴᠠ᠎ᠨᠢ ᠴᠢᠨᠠᠷ᠎ᠤᠨ ᠲᠠᠯ᠎ᠠ᠎ᠪᠠᠷ ᠳᠡᠭᠡᠭᠰᠢᠯᠡᠭᠦᠯᠬᠦ ᠪᠣᠯᠭ᠋ᠠᠨ ᠬᠤᠪᠢᠷᠠᠭᠤᠯᠤᠭᠰᠠᠨ ᠶᠠᠪᠤᠳᠠᠯ ᠪᠣᠯᠣᠨ᠎ᠠ᠃ ᠡᠷᠡᠭᠡᠯᠵᠡᠨ ᠲᠠᠲᠠᠭ᠋ᠠᠯᠵᠠᠵᠤ ᠴᠢᠨᠠᠭᠰᠢᠯᠠᠪᠠᠯ ᠤᠬᠤᠷᠢᠭᠰᠠᠨ ᠲᠡᠳᠡᠭᠡᠷ ᠤᠯᠤᠰ᠎ᠤᠳ ᠪᠣᠯ ᠳᠠᠷᠤᠢ ᠡᠨᠡ ᠬᠦ᠌ ᠦᠨᠳᠦᠰᠦᠨ ᠴᠢᠨᠠᠷᠲᠠᠢ ᠬᠤᠪᠢᠷᠠᠯᠲᠠ ᠵᠢ ᠪᠡᠶᠡᠯᠡᠭᠦᠯᠵᠦ ᠴᠢᠳᠠᠭᠰᠠᠨ ᠤᠢ᠌ᠭᠡᠢ ᠶᠤᠮ᠃ ᠠᠵᠤ ᠠᠬᠤᠢ ᠵᠢᠨ ᠬᠥᠭᠵᠢᠯᠲᠡ ᠪᠣᠯ ᠡᠷᠭᠢᠭᠦᠯᠭᠡᠨ ᠮᠠᠶᠢᠭ ᠵᠶ᠋ᠠᠷ ᠳᠡᠭᠡᠭᠰᠢᠯᠡᠬᠦ ᠶᠠᠪᠤᠴᠠ ᠮᠥᠨ᠂ ᠳᠡᠭᠡᠭᠰᠢᠯᠡᠬᠦ᠎ᠨᠢ ᠱᠤᠭᠤᠮ᠎ᠤᠨ ᠴᠢᠨᠠᠷᠲᠠᠢ ᠪᠢᠰᠢ᠂ ᠲᠣᠭ᠎ᠠ ᠬᠡᠮᠵᠢᠶ᠎ᠡ ᠬᠤᠷᠠᠮᠳᠤᠭ᠋ᠠᠳ ᠵᠣᠬᠢᠬᠤ ᠱᠠᠲᠤᠨ᠎ᠳᠤ ᠬᠦᠷᠬᠦ᠎ᠳᠤ ᠡᠷᠬᠡᠪᠰᠢ ᠴᠢᠨᠠᠷ᠎ᠤᠨ ᠳᠡᠭᠡᠭᠰᠢᠯᠡᠯᠲᠡ ᠲᠡᠰᠢ ᠰᠢᠯᠵᠢᠬᠦ ᠬᠡᠷᠡᠭᠲᠡᠶ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠴᠦ᠍ ᠡᠨᠡ ᠬᠦ᠌ ᠵᠢᠮ᠎ᠡ ᠶᠣᠰᠣ ᠵᠢ ᠵᠢᠷᠤᠮᠯᠠᠬᠤ ᠬᠡᠷᠡᠭᠲᠡᠶ᠃
(2017 ᠣᠨ᠎ᠤ 12 ᠰᠠᠷ᠎ᠠ ᠵᠢᠨ 18᠎ᠤ ᠡᠳᠦᠷ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ)
ᠴᠢᠨᠠᠷ ᠰᠠᠢ᠌ᠲᠠᠢ ᠬᠥᠭᠵᠢᠯᠲᠡ ᠪᠣᠯ ᠳᠠᠷᠤᠢ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠮᠠᠰᠢ ᠰᠠᠢ᠍ᠢ᠍ᠨ ᠬᠠᠩᠭ᠋ᠠᠵᠤ ᠳᠡᠢ᠌ᠯᠬᠦ ᠬᠥᠭᠵᠢᠯᠲᠡ ᠮᠥᠨ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠢᠯᠡᠷᠡᠭᠦᠯᠬᠦ ᠬᠥᠭᠵᠢᠯᠲᠡ ᠮᠥᠨ᠂ ᠰᠢᠨ᠎ᠡ ᠵᠢ ᠡᠭᠦᠳᠬᠦ᠎ᠪᠠᠷ ᠨᠢᠭᠡᠳᠦᠭᠡᠷ ᠬᠥᠳᠡᠯᠭᠡᠬᠦ ᠬᠦᠴᠦᠨ ᠪᠣᠯᠭ᠋ᠠᠬᠤ᠂ ᠵᠣᠬᠢᠴᠠᠭᠤᠯᠬᠤ᠎ᠪᠠᠷ ᠳᠣᠲᠣᠭ᠋ᠠᠳᠤ ᠣᠨᠴᠠᠯᠢᠭ ᠪᠣᠯᠭ᠋ᠠᠬᠤ᠂ ᠪᠣᠬᠢᠷᠲᠤᠯ ᠦᠭᠡᠢ᠎ᠪᠠᠷ ᠲᠦᠭᠡᠮᠡᠯ ᠬᠡᠯᠪᠡᠷᠢ ᠪᠣᠯᠭ᠋ᠠᠬᠤ᠂ ᠨᠡᠭᠡᠭᠡᠯᠲᠡ ᠬᠢᠬᠦ᠎ᠪᠠᠷ ᠵᠠᠪᠠᠯ ᠶᠠᠪᠤᠬᠤ ᠵᠠᠮ ᠪᠣᠯᠭ᠋ᠠᠬᠤ᠂ ᠬᠠᠮᠲᠤ᠎ᠪᠠᠷ ᠡᠳ᠋ᠯᠡᠬᠦ᠎ᠪᠠᠷ ᠦᠨᠳᠦᠰᠦᠨ ᠬᠠᠷᠠᠯᠲᠠ ᠪᠣᠯᠭ᠋ᠠᠬᠤ ᠬᠥᠭᠵᠢᠯᠲᠡ ᠮᠥᠨ᠃ ᠬᠠᠩᠭ᠋ᠠᠯᠭ᠎ᠠ ᠵᠢᠨ ᠲᠠᠯ᠎ᠠ᠎ᠠᠴᠠ ᠦᠵᠡᠪᠡᠯ᠂ ᠴᠢᠨᠠᠷ ᠰᠠᠢ᠌ᠲᠠᠢ ᠬᠥᠭᠵᠢᠯᠲᠡ᠎ᠨᠢ ᠠᠵᠤ ᠦᠢ᠍ᠯᠡᠰ᠎ᠤᠨ ᠰᠢᠰᠲ᠋ᠧᠮ᠎ᠢ ᠨᠡᠯᠢᠶᠡᠳ ᠪᠦᠷᠢᠨ ᠪᠦᠲᠦᠨ᠂ ᠦᠢ᠍ᠯᠡᠳᠪᠦᠷᠢᠯᠡᠯ᠎ᠤᠨ ᠵᠣᠬᠢᠶᠠᠨ ᠪᠠᠢ᠌ᠭᠤᠯᠤᠯᠲᠠ ᠵᠢᠨ ᠠᠷᠭ᠎ᠠ ᠬᠡᠯᠪᠡᠷᠢ ᠵᠢ ᠰᠦᠯᠵᠢᠶᠡᠵᠢᠭᠦᠯᠦᠨ ᠣᠶᠤᠨᠴᠢᠯᠠᠬᠤ᠂ ᠰᠢᠨ᠎ᠡ ᠵᠢ ᠡᠭᠦᠳᠬᠦ ᠴᠢᠳᠠᠪᠤᠷᠢ᠂ ᠬᠡᠷᠡᠭᠴᠡᠭᠡ ᠱᠠᠭ᠋ᠠᠷᠳᠠᠯᠭ᠎ᠠ ᠵᠢ ᠣᠯᠬᠤ ᠴᠢᠳᠠᠪᠤᠷᠢ᠂ ᠳᠦᠷᠦᠯ ᠲᠡᠮᠳᠡᠭ᠎ᠤᠨ ᠨᠥᠯᠥᠭᠡᠯᠡᠬᠦ ᠬᠦᠴᠦᠨ᠂ ᠭᠣᠣᠯᠯᠠᠭᠴᠢ ᠦᠷᠢᠰᠦᠯᠳᠦᠬᠦ ᠬᠦᠴᠦᠨ ᠵᠶ᠋ᠡᠷ ᠴᠢᠩᠭ᠎ᠠ᠂ ᠦᠢ᠍ᠯᠡᠳᠬᠦᠨ ᠪᠠ ᠦᠢ᠍ᠯᠡᠴᠢᠯᠡᠭᠡᠨ᠎ᠤ ᠶᠠᠰᠤ ᠴᠢᠨᠠᠷ ᠵᠶ᠋ᠠᠷ ᠥᠨᠳᠥᠷ ᠪᠠᠶ᠋ᠢᠬᠤ ᠵᠢ ᠪᠡᠶᠡᠯᠡᠭᠦᠯᠪᠡᠯ ᠵᠣᠬᠢᠨ᠎ᠠ᠃ ᠬᠡᠷᠡᠭᠴᠡᠭᠡ ᠵᠢᠨ ᠲᠠᠯ᠎ᠠ᠎ᠠᠴᠠ ᠦᠵᠡᠪᠡᠯ᠂ ᠴᠢᠨᠠᠷ ᠰᠠᠢ᠌ᠲᠠᠢ ᠬᠥᠭᠵᠢᠯᠲᠡ᠎ᠨᠢ ᠠᠷᠠᠳ ᠤᠯᠠᠨ᠎ᠤ ᠥᠪᠡᠷᠮᠢᠴᠡᠵᠢᠭᠰᠡᠨ᠂ ᠤᠯᠠᠨ ᠶᠠᠩᠵᠤᠴᠢᠯᠠᠭᠰᠠᠨ᠂ ᠳᠠᠰᠤᠷᠠᠯᠳᠠ ᠦᠭᠡᠢ ᠳᠡᠰ ᠳᠡᠪᠰᠢᠭᠰᠡᠨ ᠬᠡᠷᠡᠭᠴᠡᠭᠡ ᠵᠢ ᠳᠠᠰᠤᠷᠠᠯᠳᠠ ᠦᠭᠡᠢ ᠬᠠᠩᠭ᠋ᠠᠬᠤ ᠬᠡᠷᠡᠭᠲᠡᠢ᠂ ᠡᠶ᠋ᠢᠮᠦᠷᠬᠦ ᠬᠡᠷᠡᠭᠴᠡᠭᠡ᠎ᠨᠢ ᠪᠠᠰᠠ ᠬᠠᠩᠭ᠋ᠠᠯᠭ᠎ᠠ ᠵᠢᠨ ᠰᠢᠰᠲ᠋ᠧᠮ ᠪᠣᠯᠣᠨ ᠪᠦᠲᠦᠴᠡ ᠵᠢᠨ ᠬᠤᠪᠢᠷᠠᠯᠲᠠ ᠵᠢ ᠬᠥᠲᠥᠯᠥᠨ ᠳᠠᠭ᠋ᠠᠭᠤᠯᠵᠤ᠂ ᠬᠠᠩᠭ᠋ᠠᠯᠭ᠎ᠠ ᠵᠢᠨ ᠬᠤᠪᠢᠰᠤᠯᠲᠠ᠎ᠨᠢ ᠪᠠᠰᠠ ᠳᠠᠰᠤᠷᠠᠯᠳᠠ ᠦᠭᠡᠢ ᠰᠢᠨ᠎ᠡ ᠬᠡᠷᠡᠭᠴᠡᠭᠡ ᠵᠢ ᠪᠤᠢ ᠪᠣᠯᠭ᠋ᠠᠬᠤ ᠬᠡᠷᠡᠭᠲᠡᠢ᠃ ᠣᠷᠣᠭᠤᠯᠤᠯᠲᠠ ᠭᠠᠷᠭ᠋ᠠᠯᠲᠠ᠎ᠠᠴᠠ ᠦᠵᠡᠪᠡᠯ᠂ ᠴᠢᠨᠠᠷ ᠰᠠᠢ᠌ᠲᠠᠢ ᠬᠥᠭᠵᠢᠯᠲᠡ᠎ᠨᠢ ᠬᠥᠳᠡᠯᠮᠦᠷᠢ ᠵᠢᠨ ᠦᠷ᠎ᠡ ᠠᠰᠢᠭ᠂ ᠬᠥᠷᠥᠩᠭᠡ ᠵᠢᠨ ᠦᠷ᠎ᠡ ᠠᠰᠢᠭ᠂ ᠭᠠᠵᠠᠷ ᠰᠢᠷᠣᠢ ᠵᠢᠨ ᠦᠷ᠎ᠡ ᠠᠰᠢᠭ᠂ ᠡᠬᠢ ᠪᠠᠶᠠᠯᠢᠭ᠎ᠤᠨ ᠦᠷ᠎ᠡ ᠠᠰᠢᠭ᠂ ᠣᠷᠴᠢᠨ ᠲᠣᠭᠣᠷᠢᠨ᠎ᠤ ᠦᠷ᠎ᠡ ᠠᠰᠢᠭ᠎ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠳᠠᠪᠰᠢᠯᠲᠠ ᠵᠢᠨ ᠬᠤᠪᠢ ᠨᠡᠮᠡᠷᠢ ᠵᠢᠨ ᠨᠤᠷᠮ᠎ᠠ ᠵᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠳᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ᠃ ᠬᠤᠪᠢᠶᠠᠷᠢᠯᠠᠯᠲᠠ᠎ᠠᠴᠠ ᠦᠵᠡᠪᠡᠯ᠂ ᠴᠢᠨᠠᠷ ᠰᠠᠢ᠌ᠲᠠᠢ ᠬᠥᠭᠵᠢᠯᠲᠡ᠎ᠨᠢ ᠪᠡᠯᠡ ᠣᠷᠣᠭᠤᠯᠤᠯᠲᠠ᠎ᠳᠤ ᠠᠴᠢ ᠬᠠᠷᠢᠭᠤᠯᠲᠠ᠎ᠲᠠᠢ᠂ ᠠᠵᠤ ᠠᠬᠤᠢ᠌ᠯᠠᠯ᠎ᠳᠤ ᠠᠰᠢᠭ ᠬᠣᠨᠵᠢᠪᠤᠷᠢ᠎ᠲᠠᠢ᠂ ᠠᠵᠢᠯᠲᠠᠨ ᠠᠵᠢᠯᠴᠢᠨ᠎ᠳᠤ ᠣᠷᠣᠯᠭ᠎ᠠ᠎ᠲᠠᠢ᠂ ᠵᠠᠰᠠᠭ᠎ᠤᠨ ᠣᠷᠳᠣᠨ᠎ᠳᠤ ᠭᠠᠢ᠌ᠯᠢ ᠲᠠᠲᠠᠪᠤᠷᠢ᠎ᠲᠠᠢ ᠪᠠᠶ᠋ᠢᠬᠤ ᠵᠢ ᠪᠡᠶᠡᠯᠡᠭᠦᠯᠬᠦ ᠬᠡᠷᠡᠭᠲᠡᠢ ᠪᠥᠭᠡᠳ ᠲᠤᠰ ᠲᠤᠰ᠎ᠤᠨ ᠵᠠᠬ᠎ᠠ ᠳᠡᠯᠭᠡᠭᠦᠷ ᠵᠶ᠋ᠡᠷ ᠦᠨᠡᠯᠡᠭᠰᠡᠨ ᠬᠤᠪᠢ ᠨᠡᠮᠡᠷᠢ ᠵᠢ ᠭᠦᠢ᠍ᠴᠡᠳ ᠲᠤᠰᠬᠠᠬᠤ ᠬᠡᠷᠡᠭᠲᠡᠢ᠃ ᠬᠣᠷᠸ᠎ᠠ ᠠᠵᠤ ᠠᠬᠤᠢ ᠵᠢᠨ ᠣᠷᠴᠢᠯ᠎ᠠᠴᠠ ᠦᠵᠡᠪᠡᠯ᠂ ᠴᠢᠨᠠᠷ ᠰᠠᠢ᠌ᠲᠠᠢ ᠬᠥᠭᠵᠢᠯᠲᠡ᠎ᠨᠢ ᠦᠢ᠍ᠯᠡᠳᠪᠦᠷᠢᠯᠡᠯ᠂ ᠭᠦᠢ᠍ᠯᠭᠡᠭᠡ᠂ ᠬᠤᠪᠢᠶᠠᠷᠢᠯᠠᠯᠲᠠ᠂ ᠬᠡᠷᠡᠭᠯᠡᠭᠡᠨ᠎ᠤ ᠣᠷᠴᠢᠯ᠎ᠤᠨ ᠰᠠᠭ᠋ᠠᠳ ᠦᠭᠡᠢ ᠨᠡᠪᠲᠡᠷᠡᠬᠦ ᠵᠢ ᠪᠡᠶᠡᠯᠡᠭᠦᠯᠵᠦ᠂ ᠤᠯᠤᠰ ᠠᠷᠠᠳ᠎ᠤᠨ ᠠᠵᠤ ᠠᠬᠤᠢ ᠵᠢᠨ ᠴᠢᠬᠤᠯᠠ ᠶᠡᠬᠡ ᠬᠠᠷᠢᠴᠠᠯ᠎ᠤᠨ ᠬᠠᠷᠢᠴᠠᠭ᠎ᠠ ᠪᠠ ᠣᠷᠣᠨ ᠵᠠᠢ ᠵᠢᠨ ᠪᠠᠢ᠌ᠷᠢᠰᠢᠯ ᠨᠡᠯᠢᠶᠡᠳ ᠵᠦᠢ ᠵᠣᠬᠢᠰᠲᠠᠢ᠂ ᠠᠵᠤ ᠠᠬᠤᠢ ᠵᠢᠨ ᠬᠥᠭᠵᠢᠯᠲᠡ ᠨᠡᠯᠢᠶᠡᠳ ᠲᠣᠭᠲᠠᠭᠤᠨ ᠪᠠᠢ᠌ᠵᠤ᠂ ᠶᠡᠬᠡ᠎ᠪᠠᠷ ᠳᠡᠭᠡᠭᠰᠢᠯᠡᠵᠦ ᠪᠠᠭᠤᠷᠠᠬᠤ ᠪᠠᠶ᠋ᠢᠳᠠᠯ ᠭᠠᠷᠬᠤ ᠦᠭᠡᠢ ᠪᠠᠶ᠋ᠢᠬᠤ ᠬᠡᠷᠡᠭᠲᠡᠶ᠃ ᠨᠡᠩ ᠲᠣᠳᠣᠷᠬᠠᠢ ᠬᠡᠯᠡᠪᠡᠯ᠂ ᠴᠢᠨᠠᠷ ᠰᠠᠢ᠌ᠲᠠᠢ ᠬᠥᠭᠵᠢᠯᠲᠡ᠎ᠨᠢ ᠳᠠᠷᠤᠢ 《ᠪᠠᠶ᠋ᠢᠬᠤ ᠡᠰᠡᠬᠦ》᠎ᠠᠴᠠ 《ᠰᠠᠢ᠍ᠢ᠍ᠨ ᠡᠰᠡᠬᠦ》 ᠲᠡᠢ᠌ᠰᠢ ᠰᠢᠯᠵᠢᠬᠦ ᠬᠡᠷᠡᠭᠳᠡᠢ᠃
(2017 ᠣᠨ᠎ᠤ 12 ᠰᠠᠷ᠎ᠠ ᠵᠢᠨ 18᠎ᠤ ᠡᠳᠦᠷ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ)
ᠳᠥᠷᠪᠡ
ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠣᠯ ᠮᠠᠨ᠎ᠤ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠬᠥᠭᠵᠢᠯᠲᠡ ᠵᠢᠨ ᠰᠡᠳᠬᠢᠴᠡ᠎ᠪᠠᠨ ᠲᠣᠭᠲᠠᠭ᠋ᠠᠬᠤ᠂ ᠠᠵᠤ ᠠᠬᠤᠢ ᠵᠢᠨ ᠲᠥᠷᠥ ᠵᠢᠨ ᠪᠣᠳᠣᠯᠭ᠎ᠠ᠎ᠪᠠᠨ ᠲᠣᠭᠲᠠᠭ᠋ᠠᠬᠤ᠂ ᠬᠣᠷᠸ᠎ᠠ ᠲᠣᠬᠢᠷᠠᠭᠤᠯᠤᠯ ᠡᠵᠡᠮᠳᠡᠯ᠎ᠢ ᠬᠡᠷᠡᠭᠵᠢᠭᠦᠯᠬᠦ ᠵᠢᠨ ᠦᠨᠳᠦᠰᠦᠨ ᠱᠠᠭ᠋ᠠᠷᠳᠠᠯᠭ᠎ᠠ ᠪᠣᠯᠣᠨ᠎ᠠ᠃ ᠡᠷᠬᠡᠪᠰᠢ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠭᠦᠢ᠍ᠴᠡᠳᠬᠡᠯ ᠲᠣᠭ᠎ᠠ ᠵᠢᠨ ᠰᠢᠰᠲ᠋ᠧᠮ᠂ ᠲᠥᠷᠥ ᠵᠢᠨ ᠪᠣᠳᠣᠯᠭ᠎ᠠ ᠵᠢᠨ ᠰᠢᠰᠲ᠋ᠧᠮ᠂ ᠪᠠᠷᠢᠮᠵᠢᠶ᠎ᠠ ᠵᠢᠨ ᠰᠰᠲ᠋ᠧᠮ᠂ ᠪᠦᠷᠢᠳᠬᠡᠯ᠎ᠤᠨ ᠰᠢᠰᠲ᠋ᠧᠮ᠂ ᠠᠮᠵᠢᠯᠲᠠ ᠪᠦᠲᠦᠮᠵᠢ ᠵᠢᠨ ᠦᠨᠡᠯᠡᠯᠲᠡ᠂ ᠠᠵᠢᠯ᠎ᠤᠨ ᠠᠮᠵᠢᠯᠲᠠ ᠵᠢᠨ ᠬᠢᠨᠠᠨ ᠰᠢᠯᠭ᠋ᠠᠯᠲᠠ ᠵᠢ ᠲᠦᠷᠭᠡᠨ ᠪᠦᠷᠢᠯᠳᠦᠭᠦᠯᠵᠦ᠂ ᠳᠦᠷᠢᠮ᠎ᠤᠨ ᠣᠷᠴᠢᠨ ᠲᠣᠭᠣᠷᠢᠨ᠎ᠢ ᠡᠭᠦᠳᠦᠨ ᠪᠠᠢ᠌ᠭᠤᠯᠬᠤ ᠪᠠ ᠲᠡᠭᠦᠯᠳᠡᠷᠵᠢᠭᠦᠯᠵᠦ᠂ ᠮᠠᠨ᠎ᠤ ᠤᠯᠤᠰ᠎ᠤᠨ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠲᠠᠯ᠎ᠠ᠎ᠪᠠᠷ ᠲᠠᠰᠤᠷᠠᠯᠲᠠ ᠦᠭᠡᠢ ᠰᠢᠨ᠎ᠡ ᠠᠬᠢᠴᠠ᠎ᠲᠠᠢ ᠪᠣᠯᠬᠤ ᠵᠢ ᠠᠬᠢᠭᠤᠯᠬᠤ ᠬᠡᠷᠡᠭᠲᠡᠢ᠃
(2017 ᠣᠨ᠎ᠤ 12 ᠰᠠᠷ᠎ᠠ ᠵᠢᠨ 18᠎ᠤ ᠡᠳᠦᠷ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷᠡᠬᠢ ᠶᠠᠷᠢᠶ᠎ᠠ)
ᠲᠠᠪᠤ
ᠥᠩᠭᠡᠷᠡᠭᠰᠡᠨ 40 ᠵᠢᠯ᠎ᠳᠤ ᠳᠤᠮᠳᠠᠳᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢ ᠨᠡᠭᠡᠭᠡᠯᠲᠡ ᠬᠢᠭᠰᠡᠨ ᠨᠥᠬᠥᠴᠡᠯ ᠳᠣᠣᠷ᠎ᠠ ᠣᠯᠣᠭᠰᠠᠨ ᠶᠤᠮ᠂ ᠢᠷᠡᠭᠡᠳᠦᠢ᠎ᠳᠤ ᠳᠤᠮᠳᠠᠳᠤ ᠤᠯᠤᠰ᠎ᠤᠨ ᠠᠵᠤ ᠠᠬᠤᠢ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠡᠷᠬᠡᠪᠰᠢ ᠨᠡᠩ ᠨᠡᠭᠡᠭᠡᠯᠲᠡ ᠬᠢᠭᠰᠡᠨ ᠨᠥᠬᠥᠴᠡᠯ ᠳᠣᠣᠷ᠎ᠠ ᠶᠠᠪᠤᠭᠳᠠᠭᠤᠯᠬᠤ ᠬᠡᠷᠡᠭᠲᠡᠢ ᠭᠡᠳᠡᠭ᠎ᠢ ᠦᠢ᠍ᠯᠡᠳᠦᠯᠭᠡ ᠭᠡᠷᠡᠴᠢᠯᠡᠵᠡᠢ᠃ ᠡᠨᠡ ᠪᠣᠯ ᠳᠤᠮᠳᠠᠳᠤ ᠤᠯᠤᠰ᠎ᠤᠨ ᠬᠥᠭᠵᠢᠯᠲᠡ ᠵᠢᠨ ᠬᠡᠷᠡᠭᠴᠡᠭᠡ᠎ᠳᠤ ᠰᠠᠭᠤᠷᠢᠯᠠᠨ ᠭᠠᠷᠭ᠋ᠠᠭᠰᠠᠨ ᠪᠠᠢ᠌ᠯᠳᠤᠬᠤ ᠪᠣᠳᠣᠯᠭ᠎ᠠ ᠵᠢᠨ ᠰᠣᠩᠭᠣᠯᠲᠠ ᠮᠥᠨ᠂ ᠡᠭᠦᠨ᠎ᠤ ᠬᠠᠮᠲᠤ ᠪᠠᠰᠠ ᠪᠣᠳᠠᠲᠤ ᠠᠵᠢᠯᠯᠠᠭ᠎ᠠ᠎ᠪᠠᠷ ᠵᠶ᠋ᠠᠨ ᠠᠵᠤ ᠠᠬᠤᠢ ᠵᠢᠨ ᠳᠡᠯᠡᠬᠡᠢ᠌ᠵᠢᠯᠲᠡ ᠵᠢ ᠠᠬᠢᠭᠤᠯᠵᠤ ᠳᠡᠯᠡᠬᠡᠢ ᠵᠢᠨ ᠡᠯ᠎ᠡ ᠤᠯᠤᠰ᠎ᠤᠨ ᠠᠷᠠᠳ ᠲᠦᠮᠡᠨ᠎ᠳᠤ ᠪᠤᠶᠠᠨ ᠦᠢ᠍ᠯᠡᠳᠴᠦ ᠪᠠᠢ᠌ᠭ᠎ᠠ ᠶᠠᠪᠤᠳᠠᠯ ᠪᠣᠯᠣᠨ᠎ᠠ᠃
(2018 ᠣᠨ᠎ᠤ 4 ᠰᠠᠷ᠎ᠠ ᠵᠢᠨ 10 ᠤ ᠡᠳᠦᠷ ᠪᠥᠸᠧ ᠣᠣ ᠵᠢᠨ ᠠᠽᠢᠶ᠎ᠠ ᠲᠢᠪ᠎ᠤᠨ ᠶᠠᠷᠢᠶᠠᠨ᠎ᠤ ᠲᠠᠪᠴᠠᠩ᠎ᠤᠨ 2018 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ ᠳᠡᠭᠡᠷᠡᠬᠢ ᠭᠣᠣᠯ ᠵᠤᠷᠢᠯᠳᠠᠳᠤ ᠶᠠᠷᠢᠶ᠎ᠠ)
ᠵᠢᠷᠭᠤᠭ᠎ᠠ
ᠮᠠᠨ᠎ᠤ ᠤᠯᠤᠰ ᠨᠢᠭᠡᠨᠲᠡ ᠴᠢᠨᠠᠷ ᠰᠠᠢ᠌ᠲᠠᠢ ᠬᠥᠭᠵᠢᠯᠲᠡ ᠵᠢᠨ ᠱᠠᠲᠤᠨ᠎ᠳᠤ ᠣᠷᠣᠵᠤ᠂ ᠨᠡᠢ᠌ᠭᠡᠮ᠎ᠤᠨ ᠭᠣᠣᠯ ᠵᠥᠷᠢᠴᠡᠯ ᠨᠢᠭᠡᠨᠲᠡ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠪᠣᠯᠣᠨ ᠲᠡᠩᠴᠡᠭᠦᠷᠢ ᠦᠭᠡᠢ ᠭᠦᠢ᠍ᠴᠡᠳ ᠦᠭᠡᠢ ᠬᠥᠭᠵᠢᠯᠲᠡ ᠵᠢᠨ ᠬᠣᠭᠤᠷᠤᠨᠳᠤᠬᠢ ᠵᠥᠷᠢᠴᠡᠯ ᠪᠣᠯᠣᠨ ᠬᠤᠪᠢᠷᠠᠵᠤ᠂ ᠬᠥᠮᠥᠨ ᠳᠤᠮᠳᠠᠴᠢ ᠵᠢᠨ ᠤᠯᠤᠰ᠎ᠤᠨ ᠳᠣᠲᠣᠭ᠋ᠠᠳᠤ ᠵᠢᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ 1 ᠲᠦᠮᠡᠨ ᠳ᠋ᠣᠯᠯᠠᠷ᠎ᠲᠤ ᠬᠦᠷᠴᠦ᠂ ᠬᠤᠳᠠ ᠪᠠᠯᠭ᠋ᠠᠰᠤᠵᠢᠯᠲᠠ ᠵᠢᠨ ᠨᠤᠷᠮ᠎ᠠ 60%᠎ᠢ ᠳᠠᠪᠠᠵᠤ᠂ ᠳᠤᠮᠳᠠ ᠵᠡᠷᠭᠡ ᠵᠢᠨ ᠣᠷᠣᠯᠭ᠎ᠠ᠎ᠲᠠᠢ ᠬᠥᠮᠥᠰ 4 ᠳ᠋ᠦᠩᠰᠢᠭᠤᠷ᠎ᠢ ᠳᠠᠪᠠᠵᠤ᠂ ᠠᠷᠠᠳ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠲᠤᠬᠠᠢ ᠱᠠᠭ᠋ᠠᠷᠳᠠᠯᠭ᠎ᠠ ᠲᠠᠰᠤᠷᠠᠯᠳᠠ ᠦᠭᠡᠢ ᠳᠡᠭᠡᠭᠰᠢᠯᠡᠪᠡ᠃ ᠮᠠᠨ᠎ᠤ ᠤᠯᠤᠰ᠎ᠤᠨ ᠪᠠᠢ᠌ᠭᠤᠯᠤᠯ᠎ᠤᠨ ᠳᠠᠪᠠᠭᠤᠯᠢᠭ ᠢᠯᠡᠳᠲᠡ ᠪᠠᠢ᠌ᠵᠤ᠂ ᠵᠠᠰᠠᠯᠲᠠ ᠵᠢᠨ ᠦᠷ᠎ᠡ ᠪᠦᠲᠦᠮᠵᠢ ᠳᠡᠭᠡᠭᠰᠢᠯᠡᠵᠦ᠂ ᠠᠵᠤ ᠠᠬᠤᠢ ᠤᠷᠳᠤ ᠬᠤᠭᠤᠴᠠᠭ᠎ᠠ᠎ᠪᠠᠷ ᠰᠠᠢ᠌ᠵᠢᠷᠠᠵᠤ᠂ ᠪᠣᠳᠠᠰ᠎ᠤᠨ ᠰᠠᠭᠤᠷᠢ ᠵᠤᠵᠠᠭ᠋ᠠᠨ᠂ ᠬᠥᠮᠥᠨ᠎ᠤ ᠬᠦᠴᠦᠨ᠎ᠤ ᠡᠬᠢ ᠪᠠᠶᠠᠯᠢᠭ ᠡᠯᠪᠡᠭ ᠳᠡᠯᠪᠡᠭ᠂ ᠵᠠᠬ᠎ᠠ ᠳᠡᠯᠭᠡᠭᠦᠷ᠎ᠤᠨ ᠣᠷᠣᠨ ᠵᠠᠢ ᠥᠷᠭᠡᠨ ᠠᠭᠤᠳᠠᠮ᠂ ᠬᠥᠭᠵᠢᠯᠲᠡ ᠵᠢᠨ ᠤᠶᠠᠨ ᠬᠠᠳᠠᠨ ᠴᠢᠨᠠᠷ ᠬᠦᠴᠦᠷᠬᠡᠭ ᠶᠡᠬᠡ᠂ ᠨᠡᠢ᠌ᠭᠡᠮ᠎ᠤᠨ ᠶᠡᠬᠡ ᠲᠠᠯ᠎ᠠ ᠲᠣᠭᠲᠠᠭᠤᠨ ᠪᠠᠢ᠌ᠵᠤ᠂ ᠦᠷᠭᠦᠯᠵᠢᠯᠡᠨ ᠬᠥᠭᠵᠢᠭᠦᠯᠬᠦ᠎ᠳᠤ ᠤᠯᠠᠨ ᠲᠠᠯ᠎ᠠ ᠵᠢᠨ ᠳᠠᠪᠠᠭᠤᠯᠢᠭ ᠪᠠ ᠨᠥᠬᠥᠴᠡᠯ᠎ᠲᠠᠢ ᠶᠤᠮ᠃ ᠡᠭᠦᠨ᠎ᠤ ᠬᠠᠮᠲᠤ᠂ ᠮᠠᠨ᠎ᠤ ᠤᠯᠤᠰ᠎ᠤᠨ ᠬᠥᠭᠵᠢᠯᠲᠡ ᠲᠡᠩᠴᠡᠭᠦᠷᠢ ᠦᠭᠡᠢ ᠭᠦᠢ᠍ᠴᠡᠳ ᠦᠭᠡᠢ ᠪᠠᠶ᠋ᠢᠬᠤ ᠠᠰᠠᠭᠤᠳᠠᠯ ᠮᠥᠨᠬᠦ ᠲᠣᠪᠣᠢ᠌ᠮ᠎ᠠ ᠪᠠᠢ᠌ᠵᠤ᠂ ᠰᠢᠨ᠎ᠡ ᠵᠢ ᠡᠭᠦᠳᠬᠦ ᠴᠢᠳᠠᠪᠤᠷᠢ ᠴᠢᠨᠠᠷ ᠰᠠᠢ᠌ᠲᠠᠢ ᠬᠥᠭᠵᠢᠯᠲᠡ ᠵᠢᠨ ᠱᠠᠭ᠋ᠠᠷᠳᠠᠯᠭ᠎ᠠ᠎ᠳᠤ ᠵᠣᠬᠢᠴᠠᠬᠤ ᠦᠭᠡᠢ᠂ ᠲᠠᠷᠢᠶᠠᠯᠠᠩ᠎ᠤᠨ ᠰᠠᠭᠤᠷᠢ ᠪᠠᠰᠠ ᠪᠠᠲᠤ ᠪᠡᠬᠢ ᠪᠢᠰᠢ᠂ ᠬᠣᠲᠠ ᠬᠥᠳᠡᠭᠡ ᠣᠷᠣᠨ ᠪᠦᠰᠡ ᠵᠢᠨ ᠬᠥᠭᠵᠢᠯᠲᠡ ᠪᠣᠯᠣᠨ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠨᠡᠯᠢᠶᠡᠳ ᠶᠡᠬᠡ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠦᠨᠳᠦ ᠵᠠᠮ ᠬᠣᠯᠠ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠎ᠳᠤ ᠳᠤᠲᠠᠭᠤᠳᠠᠯ ᠣᠷᠣᠰᠢᠵᠤ᠂ ᠨᠡᠢ᠌ᠭᠡᠮ᠎ᠤᠨ ᠵᠠᠰᠠᠯᠲᠠ᠎ᠳᠤ ᠪᠠᠰᠠ ᠪᠠᠭᠤᠷᠠᠢ ᠵᠦᠢ᠍ᠯ ᠣᠷᠣᠰᠢᠵᠤ ᠪᠠᠢ᠌ᠨ᠎ᠠ᠃
ᠪᠠᠭᠴᠠᠯᠠᠭ᠋ᠠᠳ ᠬᠡᠯᠡᠪᠡᠯ᠂ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠭᠰᠠᠨ᠎ᠤ ᠳᠠᠷᠠᠭ᠎ᠠ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠣᠷᠴᠢᠨ ᠨᠥᠬᠥᠴᠡᠯ᠎ᠤᠨ ᠭᠦᠨᠵᠡᠭᠡᠢ ᠬᠤᠪᠢᠷᠠᠯᠲᠠ᠎ᠨᠢ ᠠᠯᠢ ᠤᠯᠠᠨ ᠰᠢᠨ᠎ᠡ ᠠᠵᠠ ᠲᠣᠬᠢᠶᠠᠯ᠎ᠢ ᠠᠪᠴᠢᠷᠠᠭᠰᠠᠨ ᠵᠶ᠋ᠠᠷ ᠪᠠᠷᠠᠬᠤ ᠦᠭᠡᠢ ᠪᠠᠰᠠ ᠠᠯᠢ ᠤᠯᠠᠨ ᠰᠢᠨ᠎ᠡ ᠥᠷᠢᠰᠥᠯᠳᠦᠭᠡᠨ᠎ᠢ ᠠᠪᠴᠢᠷᠠᠵᠤ᠂ ᠬᠢᠮᠤᠷᠠᠯ ᠵᠡᠷᠭᠡ᠎ᠪᠡᠷ ᠣᠷᠣᠰᠢᠵᠤ᠂ ᠠᠶᠤᠯ ᠲᠦᠭᠰᠢᠭᠦᠷᠢ ᠵᠢᠨ ᠳᠤᠮᠳᠠ ᠣᠷᠭ᠋ᠠᠨᠢᠭ ᠵᠶ᠋ᠠᠷ ᠣᠷᠣᠰᠢᠵᠤ᠂ ᠠᠶᠤᠯ ᠲᠦᠭᠰᠢᠭᠦᠷᠢ ᠵᠢ ᠬᠤᠪᠢᠷᠠᠭᠤᠯᠵᠤ ᠪᠣᠯᠬᠤ ᠲᠣᠬᠢᠶᠠᠯ ᠪᠣᠯᠤᠭᠰᠠᠨ ᠪᠠᠢ᠌ᠨ᠎ᠠ᠃ ᠪᠢᠳᠡ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠶᠡᠬᠡ ᠬᠠᠨᠳᠤᠰᠢ ᠵᠢ ᠬᠤᠪᠢᠰᠤᠩᠭᠤᠢ᠎ᠪᠠᠷ ᠲᠠᠨᠢᠨ ᠡᠵᠡᠮᠳᠡᠵᠦ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠪᠠᠢ᠌ᠯᠳᠤᠬᠤ ᠪᠣᠳᠣᠯᠭ᠎ᠠ ᠵᠢᠨ ᠪᠦᠬᠦ ᠲᠠᠯ᠎ᠠ ᠪᠠ ᠳᠡᠯᠡᠬᠡᠢ ᠵᠢᠨ ᠵᠠᠭᠤᠨ ᠵᠢᠯ᠎ᠳᠤ ᠭᠠᠷᠤᠭ᠎ᠠ ᠦᠭᠡᠢ ᠶᠡᠬᠡ ᠬᠤᠪᠢᠰᠤᠯᠲᠠ ᠵᠢ ᠨᠢᠭᠡᠳᠦᠯᠲᠡᠢ ᠮᠠᠨ᠎ᠤ ᠤᠯᠤᠰ᠎ᠤᠨ ᠨᠡᠢ᠌ᠭᠡᠮ᠎ᠤᠨ ᠭᠣᠣᠯ ᠵᠥᠷᠢᠴᠡᠯ᠎ᠤᠨ ᠬᠥᠭᠵᠢᠯᠲᠡ ᠬᠤᠪᠢᠷᠠᠯᠲᠠ᠎ᠠᠴᠠ ᠪᠣᠯᠤᠭᠰᠠᠨ ᠰᠢᠨ᠎ᠡ ᠣᠨᠴᠠᠯᠢᠭ ᠰᠢᠨ᠎ᠡ ᠱᠠᠭ᠋ᠠᠷᠳᠠᠯᠭ᠎ᠠ ᠵᠢ ᠭᠦᠨᠵᠡᠭᠡᠢ ᠲᠠᠨᠢᠵᠤ᠂ ᠡᠭᠡᠳᠡᠷᠡᠭᠡᠨ ᠪᠤᠳᠤᠯᠢᠶᠠᠨᠲᠠᠢ ᠤᠯᠠᠨ ᠤᠯᠤᠰ᠎ᠤᠨ ᠣᠷᠴᠢᠨ ᠲᠣᠭᠣᠷᠢᠨ᠎ᠠᠴᠠ ᠪᠣᠯᠤᠭᠰᠠᠨ ᠰᠢᠨ᠎ᠡ ᠵᠥᠷᠢᠴᠡᠯ ᠰᠢᠨ᠎ᠡ ᠥᠷᠢᠰᠥᠯᠳᠦᠭᠡᠨ᠎ᠢ ᠭᠦᠨᠵᠡᠭᠡᠢ ᠲᠠᠨᠢᠵᠤ᠂ ᠠᠵᠠ ᠲᠣᠬᠢᠶᠠᠯ᠎ᠤᠨ ᠤᠬᠠᠮᠰᠠᠷ ᠪᠣᠯᠣᠨ ᠠᠶᠤᠯ ᠲᠦᠭᠰᠢᠭᠦᠷᠢ ᠵᠢᠨ ᠤᠬᠠᠮᠰᠠᠷ ᠵᠶ᠋ᠠᠨ ᠴᠢᠩᠭ᠋ᠠᠳᠬᠠᠵᠤ᠂ ᠬᠤᠪᠢᠷᠠᠯᠲᠠ ᠵᠢ ᠣᠨᠣᠪᠴᠢᠲᠠᠢ ᠲᠠᠨᠢᠵᠤ᠂ ᠰᠢᠨᠵᠢᠯᠡᠬᠦ ᠤᠬᠠᠭ᠋ᠠᠨᠴᠢ᠎ᠪᠠᠷ ᠬᠤᠪᠢᠷᠠᠯᠲᠠ ᠵᠢ ᠠᠷᠭ᠋ᠠᠴᠠᠵᠤ᠂ ᠰᠠᠨᠠᠭ᠋ᠠᠴᠢᠯᠠᠭ᠎ᠠ᠎ᠠᠴᠠ᠎ᠪᠠᠨ ᠬᠤᠪᠢᠷᠠᠯᠲᠠ ᠵᠢ ᠡᠷᠢᠯᠬᠢᠯᠡᠵᠦ᠂ ᠵᠣᠷᠢᠭᠲᠠᠢ᠎ᠪᠠᠷ ᠰᠠᠯᠬᠢ ᠰᠥᠷᠴᠦ᠂ ᠠᠶᠤᠯ ᠲᠦᠭᠰᠢᠭᠦᠷᠢ ᠵᠢ ᠠᠵᠠ ᠲᠣᠬᠢᠶᠠᠯ ᠪᠣᠯᠭ᠋ᠠᠨ ᠬᠤᠪᠢᠷᠠᠭᠤᠯᠬᠤ᠎ᠳᠠᠭᠠᠨ ᠴᠢᠳᠠᠮᠠᠭ᠋ᠠᠢ ᠪᠠᠢ᠌ᠵᠤ᠂ ᠨᠡᠩ ᠥᠨᠳᠥᠷ ᠶᠠᠰᠤ ᠴᠢᠨᠠᠷᠲᠠᠢ᠂ ᠨᠡᠩ ᠦᠷ᠎ᠡ ᠪᠦᠲᠦᠮᠵᠢᠲᠡᠢ᠂ ᠨᠡᠩ ᠲᠥᠪ ᠭᠣᠣᠯᠴᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠵᠢ ᠴᠢᠷᠮᠠᠢ᠌ᠨ ᠪᠡᠶᠡᠯᠡᠭᠦᠯᠬᠦ ᠬᠡᠷᠡᠭᠲᠡᠢ᠃
(2020 ᠣᠨ᠎ᠤ 8 ᠰᠠᠷ᠎ᠠ ᠵᠢᠨ 24᠎ᠤ ᠡᠳᠦᠷ ᠠᠵᠤ ᠠᠬᠤᠢ ᠨᠡᠢ᠌ᠭᠡᠮ᠎ᠤᠨ ᠬᠦᠷᠢᠶᠡᠨ᠎ᠳᠠᠬᠢ ᠲᠤᠰᠬᠠᠢ ᠮᠡᠷᠭᠡᠵᠢᠯᠲᠡᠨ᠎ᠤ ᠶᠠᠷᠢᠯᠴᠠᠬᠤ ᠬᠤᠷᠠᠯ ᠳᠡᠭᠡᠷᠡᠬᠢ ᠶᠠᠷᠢᠶ᠎ᠠ)
ᠲᠤᠯᠤᠭ᠎ᠠ
ᠮᠠᠨ᠎ᠤ ᠤᠯᠤᠰ᠎ᠤᠨ ᠬᠥᠭᠵᠢᠯᠲᠡ ᠨᠢᠭᠡᠨᠲᠡ ᠰᠢᠨ᠎ᠡ ᠲᠡᠦᠬᠡ ᠵᠢᠨ ᠭᠠᠷᠤᠭ᠎ᠠ ᠳᠡᠭᠡᠷ᠎ᠡ ᠵᠣᠭᠰᠣᠵᠠᠢ᠂ ᠰᠢᠨ᠎ᠡ ᠬᠥᠭᠵᠢᠯᠲᠡ ᠵᠢᠨ ᠱᠠᠲᠤᠨ᠎ᠤ ᠰᠢᠨ᠎ᠡ ᠱᠠᠭ᠋ᠠᠷᠳᠠᠯᠭ᠎ᠠ ᠵᠢ ᠦᠨᠳᠦᠰᠦᠯᠡᠨ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠨᠡᠩ ᠣᠨᠣᠪᠴᠢᠲᠠᠢ ᠲᠤᠭᠤᠰᠢᠯᠠᠭᠤᠯᠵᠤ᠂ ᠬᠥᠭᠵᠢᠯᠲᠡ ᠵᠢᠨ ᠲᠡᠩᠴᠡᠭᠦᠷᠢ ᠦᠭᠡᠢ ᠭᠦᠢ᠍ᠴᠡᠳ ᠦᠭᠡᠢ ᠠᠰᠠᠭᠤᠳᠠᠯ᠎ᠢ ᠦᠨᠡᠨᠬᠦ ᠰᠠᠶ᠋ᠢᠲᠤᠷ ᠰᠢᠢ᠍ᠳᠪᠦᠷᠢᠯᠡᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ ᠵᠢᠱ᠌ᠢᠶᠡᠯᠡᠪᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ᠎ᠨᠢ ᠮᠠᠨ᠎ᠤ ᠤᠯᠤᠰ᠎ᠤᠨ ᠣᠷᠣᠰᠢᠨ ᠲᠣᠭᠲᠠᠨᠢᠬᠤ ᠪᠠ ᠬᠥᠭᠵᠢᠬᠦ ᠵᠢ ᠲᠣᠭᠲᠠᠭ᠋ᠠᠬᠤ ᠰᠠᠭᠤᠷᠢ ᠴᠢᠳᠠᠪᠤᠷᠢ ᠪᠣᠯᠵᠤ᠂ ᠮᠠᠰᠢ ᠤᠯᠠᠨ 《ᠪᠣᠭᠣᠮᠢᠯᠠᠬᠤ ᠠᠰᠠᠭᠤᠳᠠᠯ》 ᠣᠷᠣᠰᠢᠵᠤ ᠪᠠᠢ᠌ᠨ᠎ᠠ᠃ ᠵᠢᠱ᠌ᠢᠶᠡᠯᠡᠪᠡᠯ᠂ ᠮᠠᠨ᠎ᠤ ᠤᠯᠤᠰ᠎ᠤᠨ ᠬᠤᠳᠠ ᠬᠥᠳᠡᠭᠡ ᠣᠷᠣᠨ ᠪᠦᠰᠡ ᠵᠢᠨ ᠬᠥᠭᠵᠢᠯᠲᠡ ᠵᠢᠨ ᠵᠥᠷᠢᠶ᠎ᠡ ᠨᠡᠯᠢᠶᠡᠳ ᠶᠡᠬᠡ ᠪᠠᠢ᠌ᠨ᠎ᠠ᠂ ᠭᠡᠲᠡᠯ᠎ᠡ ᠡᠨᠡ ᠬᠦ᠌ ᠠᠰᠠᠭᠤᠳᠠᠯ᠎ᠢ ᠴᠣᠬᠣᠮ ᠬᠡᠷᠬᠢᠨ ᠰᠢᠢ᠍ᠳᠪᠦᠷᠢᠯᠡᠬᠦ ᠲᠤᠬᠠᠢ ᠮᠠᠰᠢ ᠤᠯᠠᠨ ᠰᠢᠨ᠎ᠡ ᠠᠰᠠᠭᠤᠳᠠᠯ᠎ᠢ ᠭᠦᠨᠵᠡᠭᠡᠢ ᠰᠤᠳᠤᠯᠬᠤ ᠴᠢᠬᠤᠯᠠᠲᠠᠢ ᠪᠠᠢ᠌ᠨ᠎ᠠ᠂ ᠢᠯᠠᠩᠭᠤᠶ᠎ᠠ ᠣᠷᠣᠨ ᠪᠦᠰᠡ ᠵᠢᠨ ᠬᠡᠰᠡᠭ ᠵᠶ᠋ᠡᠷ ᠰᠠᠯᠵᠤ ᠲᠠᠬᠢᠨ ᠵᠣᠬᠢᠶᠠᠨ ᠪᠠᠢ᠌ᠭᠤᠯᠬᠤ᠂ ᠬᠥᠮᠥᠨ ᠠᠮᠠ ᠵᠢᠨ ᠣᠷᠣᠨ ᠪᠦᠰᠡ ᠠᠯᠤᠰᠯᠠᠨ ᠰᠢᠯᠵᠢᠬᠦ ᠵᠢ ᠲᠦᠷᠭᠡᠳᠬᠡᠬᠦ᠂ ᠲᠠᠷᠢᠶᠠᠴᠢᠳ᠎ᠤᠨ ᠬᠤᠳᠠ᠎ᠳᠤ ᠡᠷᠦᠬᠡ ᠠᠮᠠ ᠣᠷᠣᠬᠤ ᠬᠦᠰᠡᠯ ᠡᠷᠡᠮᠡᠯᠵᠡᠯ ᠪᠠᠭᠤᠷᠠᠵᠤ ᠪᠠᠶ᠋ᠢᠬᠤ ᠵᠡᠷᠭᠡ ᠠᠰᠠᠭᠤᠳᠠᠯ᠎ᠢ ᠱᠠᠯᠠᠪᠳᠠᠭᠤᠯᠤᠨ ᠰᠤᠳᠤᠯᠵᠤ᠂ ᠰᠡᠳᠬᠢᠴᠡ᠎ᠪᠠᠨ ᠲᠣᠳᠣᠷᠬᠠᠢ ᠪᠣᠯᠭ᠋ᠠᠬᠤ ᠬᠡᠷᠡᠭᠲᠡᠶ᠃ ᠵᠢᠱ᠌ᠢᠶᠡᠯᠡᠪᠡᠯ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ ᠵᠢ ᠬᠤᠪᠢᠷᠠᠭᠤᠯᠬᠤ ᠵᠢ ᠲᠦᠷᠭᠡᠳᠬᠡᠨ ᠠᠬᠢᠭᠤᠯᠬᠤ᠎ᠨᠢ ᠨᠢᠭᠡᠨᠲᠡ ᠳᠡᠭᠡᠳᠦ ᠬᠡᠮᠵᠢᠶᠡᠨ᠎ᠤ ᠬᠠᠮᠲᠤ ᠵᠢᠨ ᠲᠠᠨᠢᠯᠲᠠ᠎ᠲᠠᠢ ᠪᠣᠯᠪᠠ᠂ ᠭᠡᠲᠡᠯ᠎ᠡ ᠮᠠᠨ᠎ᠤ ᠤᠯᠤᠰ᠎ᠤᠨ ᠡᠨᠧᠷᠭᠢ ᠵᠢᠨ ᠰᠢᠰᠲ᠋ᠧᠮ ᠨᠡᠭᠦᠷᠡᠰᠦ ᠵᠡᠷᠭᠡ ᠴᠢᠯᠠᠭᠤᠵᠢᠮᠠᠯ᠎ᠤᠨ ᠡᠨᠧᠷᠭᠢ᠎ᠳᠤ ᠳᠡᠭᠡᠳᠦ ᠬᠡᠮᠵᠢᠶ᠎ᠡ᠎ᠪᠠᠷ ᠲᠦᠰᠢᠭᠯᠡᠵᠦ᠂ ᠦᠢ᠍ᠯᠡᠳᠪᠦᠷᠢᠯᠡᠯ ᠪᠠ ᠠᠮᠢᠳᠤᠷᠠᠯ᠎ᠤᠨ ᠰᠢᠰᠲ᠋ᠧᠮ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠲᠡᠰᠢ ᠬᠡᠯᠪᠡᠷᠢ ᠵᠢ ᠬᠤᠪᠢᠷᠠᠭᠤᠯᠬᠤ ᠳᠠᠷᠤᠯᠲᠠ ᠴᠥᠮ ᠮᠠᠰᠢ ᠶᠡᠬᠡ ᠪᠠᠢ᠌ᠵᠤ᠂ 2030 ᠣᠨ᠎ᠠᠴᠠ ᠡᠮᠦᠨ᠎ᠡ ᠨᠠᠭᠦᠷᠡᠰᠦᠲᠦ᠋ᠷᠦᠭᠴᠢ ᠵᠢᠨ ᠭᠠᠳᠠᠭᠰᠢᠯᠠᠭᠤᠯᠤᠯᠲᠠ ᠵᠢ ᠣᠷᠬᠢᠯ ᠬᠡᠮᠵᠢᠭᠳᠡᠯ᠎ᠳᠤ ᠬᠦᠷᠭᠡᠬᠦ ᠵᠢ ᠪᠡᠶᠡᠯᠡᠭᠦᠯᠬᠦ᠎ᠳᠤ᠂ 2060 ᠣᠨ᠎ᠠᠴᠠ ᠡᠮᠦᠨᠡᠬᠢ ᠨᠠᠭᠦᠷᠡᠰᠦᠲᠦ᠋ᠷᠦᠭᠴᠢ ᠵᠢᠨ ᠰᠠᠭ᠋ᠠᠷᠮᠠᠭᠵᠢᠯᠲᠠ ᠵᠢ ᠪᠡᠶᠡᠯᠡᠭᠦᠯᠬᠦ ᠬᠠᠷᠠᠯᠲᠠ ᠡᠭᠦᠷᠭᠡ ᠲᠤᠢ᠌ᠯ᠎ᠤᠨ ᠬᠠᠲᠠᠭᠤ ᠪᠡᠷᠬᠡ ᠶᠤᠮ᠃ ᠵᠢᠱ᠌ᠢᠶᠡᠯᠡᠪᠡᠯ᠂ ᠠᠵᠤ ᠠᠬᠤᠢ ᠵᠢᠨ ᠳᠡᠯᠡᠬᠡᠢ᠌ᠴᠢᠯᠡᠯᠲᠡ᠎ᠳᠤ ᠰᠥᠷᠭᠡᠦ ᠤᠷᠤᠰᠬᠠᠯ ᠭᠠᠷᠬᠤ ᠵᠢ ᠳᠠᠭ᠋ᠠᠯᠳᠤᠨ᠂ ᠭᠠᠳᠠᠭ᠋ᠠᠳᠤ ᠣᠷᠴᠢᠨ ᠨᠥᠬᠥᠴᠡᠯ ᠤᠯᠠᠮ᠎ᠠᠴᠠ ᠤᠯᠠᠮ ᠪᠤᠳᠤᠯᠢᠶᠠᠨᠲᠠᠢ ᠪᠥᠭᠡᠳ ᠬᠤᠪᠢᠷᠠᠯᠲᠠ ᠶᠡᠬᠡᠲᠡᠢ ᠪᠣᠯᠵᠤ᠂ ᠤᠯᠠᠨ ᠵᠶ᠋ᠠᠷ ᠵᠶ᠋ᠠᠨ ᠡᠷᠬᠡᠪᠰᠢ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠪᠠ ᠨᠡᠭᠡᠭᠡᠯᠲᠡ ᠬᠢᠵᠦ ᠬᠠᠮᠲᠤᠷᠠᠨ ᠠᠵᠢᠯᠯᠠᠬᠤ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠤᠯᠠᠨ ᠤᠯᠤᠰ᠎ᠤᠨ ᠠᠵᠢᠯ᠎ᠤᠨ ᠬᠤᠪᠢᠶᠠᠷᠢᠯᠠᠯ᠎ᠳᠤ ᠢᠳᠡᠪᠬᠢᠲᠡᠢ ᠣᠷᠣᠯᠴᠠᠬᠤ ᠪᠠ ᠤᠯᠤᠰ᠎ᠤᠨ ᠠᠮᠤᠷ ᠲᠦᠪᠰᠢᠨ᠎ᠢ ᠪᠠᠲᠤᠯᠠᠬᠤ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠭᠠᠳᠠᠭ᠋ᠠᠳᠤ ᠪᠡᠯᠡ ᠵᠢ ᠠᠰᠢᠭᠯᠠᠬᠤ ᠪᠠ ᠠᠮᠤᠷ ᠲᠦᠪᠰᠢᠨ᠎ᠤ ᠬᠢᠨᠠᠨ ᠪᠠᠢ᠌ᠴᠠᠭ᠋ᠠᠯᠲᠠ ᠵᠢᠨ ᠬᠠᠷᠢᠴᠠᠭ᠎ᠠ ᠵᠢ ᠰᠠᠶ᠋ᠢᠲᠤᠷ ᠰᠢᠢ᠍ᠳᠪᠦᠷᠢᠯᠡᠵᠦ᠂ ᠠᠮᠤᠷ ᠲᠦᠪᠰᠢᠨ᠎ᠢ ᠦᠨᠡᠨ ᠬᠦ᠌ ᠪᠠᠲᠤᠯᠠᠭᠰᠠᠨ ᠤᠷᠢᠲᠠᠯ ᠳᠣᠣᠷ᠎ᠠ ᠨᠡᠭᠡᠭᠡᠯᠲᠡ ᠵᠢ ᠥᠷᠭᠡᠳᠬᠡᠬᠦ ᠬᠡᠷᠡᠭᠲᠡᠶ ᠭᠡᠳᠡᠭ᠎ᠢ ᠲᠠᠨᠢᠵᠤ ᠣᠯᠵᠠᠢ᠃ ᠶᠡᠷᠦᠩᠬᠡᠢ᠌ᠯᠡᠪᠡᠯ᠂ ᠰᠢᠨ᠎ᠡ ᠬᠥᠭᠵᠢᠯᠲᠡ ᠵᠢᠨ ᠱᠠᠲᠤᠨ᠎ᠳᠤ ᠣᠷᠣᠭᠰᠠᠨ᠎ᠤ ᠳᠠᠷᠠᠭ᠎ᠠ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠤ ᠲᠤᠬᠠᠢ ᠣᠢ᠌ᠯᠠᠭ᠋ᠠᠯᠲᠠ᠎ᠪᠠᠨ ᠲᠠᠰᠤᠷᠠᠯᠲᠠ ᠦᠭᠡᠢ ᠭᠦᠨᠵᠡᠭᠡᠢ᠌ᠷᠡᠭᠦᠯᠵᠦ᠂ ᠠᠷᠭ᠎ᠠ ᠬᠡᠮᠵᠢᠶ᠎ᠡ᠎ᠪᠠᠨ ᠨᠡᠩ ᠣᠨᠣᠪᠴᠢᠲᠠᠢ ᠪᠣᠳᠠᠲᠠᠢ ᠵᠢ ᠡᠷᠬᠢᠮᠯᠡᠵᠦ᠂ ᠴᠢᠨᠠᠷ ᠰᠠᠢ᠌ᠲᠠᠢ ᠬᠥᠭᠵᠢᠯᠲᠡ ᠵᠢ ᠦᠨᠡᠨᠬᠦ ᠪᠡᠶᠡᠯᠡᠭᠦᠯᠬᠦ ᠬᠡᠷᠡᠭᠲᠡᠢ᠃
(2021 ᠣᠨ᠎ᠤ 1 ᠰᠠᠷ᠎ᠠ ᠵᠢᠨ 11᠎ᠤ ᠡᠳᠦᠷ ᠮᠤᠵᠢ ᠶᠠᠮᠤᠨ᠎ᠤ ᠲᠠᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠲᠠᠪᠤᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ᠎ᠳᠤ ᠬᠢᠭᠰᠡᠨ ᠶᠠᠷᠢᠶ᠎ᠠ)
ᠨᠠᠢ᠍ᠮᠠ
ᠴᠢᠨᠠᠷ ᠰᠠᠢ᠌ᠲᠠᠢ ᠬᠥᠭᠵᠢᠯᠲᠡ ᠪᠣᠯ ᠠᠷᠪᠠᠨ ᠳᠥᠷᠪᠡᠳᠦᠭᠡᠷ ᠲᠠᠪᠤᠨ ᠵᠢᠯ᠎ᠤᠨ ᠲᠥᠯᠦᠪᠵᠢᠭᠦᠯᠭᠡ ᠵᠢᠨ ᠬᠤᠭᠤᠴᠠᠭ᠎ᠠ ᠴᠢᠨᠠᠭᠰᠢᠯᠠᠪᠠᠯ ᠨᠡᠩ ᠤᠷᠲᠤ ᠬᠤᠭᠤᠴᠠᠭ᠋ᠠᠨ᠎ᠳᠠᠬᠢ ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠭᠣᠣᠯ ᠰᠡᠳᠦᠪ ᠮᠥᠨ᠂ ᠲᠡᠷᠡ᠎ᠨᠢ ᠮᠠᠨ᠎ᠤ ᠤᠯᠤᠰ᠎ᠤᠨ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠪᠦᠬᠦ ᠲᠠᠯ᠎ᠠ᠎ᠳᠤ ᠬᠣᠯᠪᠣᠭᠳᠠᠵᠤ ᠪᠠᠢ᠌ᠳᠠᠭ᠃ ᠴᠢᠨᠠᠷ ᠰᠠᠢ᠌ᠲᠠᠢ ᠬᠥᠭᠵᠢᠯᠲᠡ᠎ᠨᠢ ᠵᠥᠪᠬᠡᠨ ᠠᠵᠤ ᠠᠬᠤᠢ ᠵᠢᠨ ᠱᠠᠭ᠋ᠠᠷᠳᠠᠯᠭ᠎ᠠ ᠲᠡᠳᠦᠢ ᠪᠢᠰᠢ᠂ ᠬᠠᠷᠢᠨ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠲᠠᠯ᠎ᠠ ᠵᠢᠨ ᠶᠡᠷᠦᠩᠬᠡᠢ ᠱᠠᠭ᠋ᠠᠷᠳᠠᠯᠭ᠎ᠠ ᠪᠣᠯᠣᠨ᠎ᠠ; ᠵᠥᠪᠬᠡᠨ ᠠᠵᠤ ᠠᠬᠤᠢ ᠬᠥᠭᠵᠢᠭᠰᠡᠨ ᠭᠠᠵᠠᠷ ᠣᠷᠣᠨ᠎ᠳᠤ ᠲᠠᠯᠪᠢᠬᠤ ᠱᠠᠭ᠋ᠠᠷᠳᠠᠯᠭ᠎ᠠ ᠪᠢᠰᠢ᠂ ᠬᠠᠷᠢᠨ ᠪᠤᠢ ᠪᠦᠬᠦᠢ ᠭᠠᠵᠠᠷ ᠣᠷᠣᠨ᠎ᠤ ᠬᠥᠭᠵᠢᠯᠲᠡ᠎ᠳᠤ ᠴᠥᠮ ᠡᠷᠬᠡᠪᠰᠢ ᠲᠤᠭᠤᠰᠢᠯᠠᠭᠤᠯᠬᠤ ᠬᠡᠷᠡᠭᠲᠡᠶ ᠱᠠᠭ᠋ᠠᠷᠳᠠᠯᠭ᠎ᠠ ᠮᠥᠨ; ᠨᠢᠭᠡ ᠴᠠᠭ᠎ᠤᠨ ᠨᠢᠭᠡ ᠶᠠᠪᠤᠳᠠᠯ᠎ᠤᠨ ᠱᠠᠭ᠋ᠠᠷᠳᠠᠯᠭ᠎ᠠ ᠪᠢᠰᠢ᠂ ᠬᠠᠷᠢᠨ ᠡᠷᠬᠡᠪᠰᠢ ᠤᠷᠳᠤ ᠬᠤᠭᠤᠴᠠᠭ᠎ᠠ᠎ᠪᠠᠷ ᠪᠠᠷᠢᠮᠲᠠᠯᠠᠬᠤ ᠬᠡᠷᠡᠭᠲᠡᠢ ᠱᠠᠭ᠋ᠠᠷᠳᠠᠯᠭ᠎ᠠ ᠮᠥᠨ᠃ ᠡᠯ᠎ᠡ ᠭᠠᠵᠠᠷ ᠣᠷᠣᠨ᠎ᠨᠤᠭᠤᠳ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠳᠠᠪᠠᠭᠤᠯᠢᠭ ᠵᠶ᠋ᠠᠨ ᠪᠠᠳᠠᠷᠠᠭᠤᠯᠤᠨ ᠳᠤᠲᠠᠭᠳᠠᠯ᠎ᠲᠠᠢ ᠲᠠᠯ᠎ᠠ᠎ᠪᠠᠨ ᠨᠥᠬᠥᠪᠦᠷᠢᠯᠡᠵᠦ᠂ ᠲᠣᠰ ᠭᠠᠵᠠᠷ ᠣᠷᠣᠨ᠎ᠤ ᠪᠣᠳᠠᠲᠤ ᠪᠠᠶ᠋ᠢᠳᠠᠯ᠎ᠳᠤ ᠲᠣᠬᠢᠷᠠᠭᠰᠠᠨ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠬᠤ ᠬᠡᠷᠡᠭᠲᠡᠶ᠃ ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠢᠮᠠᠭᠲᠠ ᠰᠡᠳᠬᠢᠯ᠎ᠳᠡᠭᠡᠨ ᠪᠤᠳᠤᠵᠤ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠡᠷᠡᠰ ᠭᠤᠶ᠋ᠢᠪᠢᠰᠢ ᠦᠭᠡᠢ᠎ᠪᠠᠷ ᠨᠡᠮᠡᠭᠳᠡᠭᠦᠯᠵᠦ᠂ ᠴᠢᠨᠠᠷ ᠰᠠᠢ᠌ᠲᠠᠢ ᠬᠥᠭᠵᠢᠯᠲᠡ ᠵᠢ ᠠᠷᠠᠳ ᠲᠦᠮᠡᠨ᠎ᠤ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠲᠠᠢ ᠨᠢᠭᠲᠠ ᠤᠶᠠᠯᠳᠤᠭᠤᠯᠵᠤ᠂ ᠠᠮᠢ ᠠᠬᠤᠢ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠬᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠴᠢᠨᠠᠷ ᠰᠠᠢ᠌ᠲᠠᠢ ᠠᠮᠢᠳᠤᠷᠠᠯ᠎ᠢ ᠡᠭᠦᠳᠦᠨ ᠪᠦᠲᠦᠭᠡᠬᠦ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠠᠬᠢᠭᠤᠯᠵᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠲᠤᠪᠤᠢ᠍ᠢ᠍ᠯᠭ᠋ᠠᠬᠤ ᠵᠢ ᠠᠬᠢᠭᠤᠯᠬᠤ ᠬᠡᠷᠡᠭᠲᠡᠢ᠃
(2021 ᠣᠨ᠎ᠤ 3 ᠰᠠᠷ᠎ᠠ ᠵᠢᠨ 7᠎ᠤ ᠡᠳᠦᠷ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠳᠥᠷᠪᠡᠳᠦᠭᠡᠷ ᠬᠤᠷᠠᠯᠳᠤᠭ᠋ᠠᠨ᠎ᠤ ᠬᠥᠬᠡᠨᠠᠭᠤᠷ᠎ᠤᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ ᠦᠶᠡᠰ᠎ᠤᠨ ᠶᠠᠷᠢᠶ᠎ᠠ)
ᠶᠢᠰᠦ
ᠴᠢᠨᠠᠷ ᠰᠠᠢ᠌ᠲᠠᠢ ᠬᠥᠭᠵᠢᠯᠲᠡ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠬᠥᠭᠵᠢᠭᠦᠯᠬᠦ ᠪᠣᠯ ᠨᠠᠮ᠎ᠤᠨ ᠲᠥᠷᠥ ᠪᠠᠷᠢᠵᠤ ᠤᠯᠤᠰ ᠵᠶ᠋ᠠᠨ ᠮᠠᠨᠳᠤᠭᠤᠯᠬᠤ ᠵᠢᠨ ᠲᠡᠷᠢᠭᠦᠨ ᠴᠢᠬᠤᠯᠠ ᠡᠭᠦᠷᠭᠡ ᠮᠥᠨ᠃ ᠪᠠᠲᠤ ᠪᠡᠬᠢ ᠪᠣᠳᠠᠰ᠎ᠤᠨ ᠪᠠ ᠮᠡᠷᠭᠡᠵᠢᠯ᠎ᠤᠨ ᠰᠠᠭᠤᠷᠢ ᠪᠠᠶ᠋ᠢᠬᠤ ᠦᠭᠡᠢ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠴᠢᠳᠠᠬᠤ ᠦᠭᠡᠢ ᠶᠤᠮ᠃ ᠡᠷᠬᠡᠪᠰᠢ ᠬᠥᠭᠵᠢᠯᠲᠡ ᠵᠢᠨ ᠰᠢᠨ᠎ᠡ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠥᠭᠡᠷᠡᠴᠢᠯᠡᠯᠲᠡ ᠵᠢᠨ ᠴᠢᠭᠯᠡᠯ᠎ᠢ ᠪᠠᠷᠢᠮᠲᠠᠯᠠᠵᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠵᠢ ᠪᠠᠷᠢᠮᠲᠠᠯᠠᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ ᠵᠶ᠋ᠠᠷ ᠭᠣᠣᠯ ᠴᠣᠭᠴᠠ ᠪᠣᠯᠭ᠋ᠠᠭᠰᠠᠨ᠂ ᠤᠯᠤᠰ᠎ᠤᠨ ᠳᠣᠲᠣᠭ᠋ᠠᠳᠤ ᠵᠢᠨ ᠪᠠ ᠤᠯᠠᠨ ᠤᠯᠤᠰ᠎ᠤᠨ ᠬᠣᠣᠰ ᠣᠷᠴᠢᠯ ᠬᠠᠷᠢᠯᠴᠠᠨ ᠠᠬᠢᠭᠤᠯᠤᠭᠰᠠᠨ ᠬᠥᠭᠵᠢᠯᠲᠡ ᠵᠢᠨ ᠰᠢᠨ᠎ᠡ ᠪᠠᠢ᠌ᠷᠢᠰᠢᠯ᠎ᠢ ᠲᠦᠷᠭᠡᠪᠴᠢᠯᠡᠨ ᠪᠠᠢ᠌ᠭᠤᠯᠬᠤ ᠬᠡᠷᠡᠭᠲᠡᠶ᠃
ᠪᠢᠳᠡ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠪᠠᠷ ᠭᠣᠣᠯ ᠰᠡᠳᠦᠪ ᠪᠣᠯᠭ᠋ᠠᠬᠤ ᠵᠢ ᠪᠠᠷᠢᠮᠲᠠᠯᠠᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠤᠯᠤᠰ᠎ᠤᠨ ᠳᠣᠲᠣᠭ᠋ᠠᠳᠤ ᠵᠢᠨ ᠶᠡᠬᠡ ᠣᠷᠴᠢᠯ᠎ᠤᠨ ᠳᠣᠲᠣᠭ᠋ᠠᠳᠤ ᠬᠥᠳᠡᠯᠭᠡᠭᠴᠢ ᠬᠦᠴᠦᠨ ᠪᠠ ᠨᠠᠶ᠋ᠢᠳᠠᠪᠤᠷᠢᠲᠤ ᠴᠢᠨᠠᠷ᠎ᠢ ᠴᠢᠩᠭ᠋ᠠᠳᠬᠠᠵᠤ᠂ ᠤᠯᠠᠨ ᠤᠯᠤᠰ᠎ᠤᠨ ᠣᠷᠴᠢᠯ᠎ᠤᠨ ᠶᠠᠰᠤ ᠴᠢᠨᠠᠷ ᠪᠠ ᠬᠢᠷᠢ ᠲᠦᠪᠰᠢᠨ᠎ᠢ ᠳᠡᠭᠡᠭᠰᠢᠯᠡᠭᠦᠯᠦᠨ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠵᠤ᠂ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠬᠦᠴᠦᠯᠡᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠬᠡᠯᠬᠢᠶ᠎ᠡ ᠵᠢᠨ ᠬᠠᠩᠭ᠋ᠠᠯᠭ᠎ᠠ ᠵᠢᠨ ᠬᠡᠯᠬᠢᠶ᠎ᠡ ᠵᠢᠨ ᠤᠶᠠᠨ ᠬᠠᠳᠠᠨ ᠴᠢᠨᠠᠷ ᠪᠠ ᠠᠮᠤᠷ ᠲᠦᠪᠰᠢᠨ᠎ᠤ ᠬᠢᠷᠢ ᠲᠦᠪᠰᠢᠨ᠎ᠢ ᠬᠦᠴᠦᠯᠡᠨ ᠳᠡᠭᠡᠭᠰᠢᠯᠡᠭᠦᠯᠵᠦ᠂ ᠬᠤᠳᠠ ᠬᠥᠳᠡᠭᠡ ᠵᠢᠨ ᠨᠡᠶ᠋ᠢᠯᠡᠯ ᠪᠠ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠬᠦᠴᠦᠯᠡᠨ ᠠᠬᠢᠭᠤᠯᠵᠤ᠂ ᠠᠵᠤ ᠠᠬᠤᠢ ᠵᠢᠨ ᠴᠢᠨᠠᠷ᠎ᠤᠨ ᠪᠦᠲᠦᠮᠵᠢᠲᠡᠢ ᠳᠡᠭᠡᠭᠰᠢᠯᠡᠯᠲᠡ ᠪᠠ ᠲᠣᠭ᠎ᠠ ᠬᠡᠮᠵᠢᠶᠡᠨ᠎ᠤ ᠵᠦᠢ ᠵᠣᠬᠢᠰᠲᠠᠢ ᠨᠡᠮᠡᠭᠳᠡᠯ᠎ᠢ ᠪᠡᠶᠡᠯᠡᠭᠦᠯᠬᠦ ᠵᠢ ᠲᠦᠯᠬᠢᠨ ᠠᠬᠢᠭᠤᠯᠤᠨ᠎ᠠ᠃
(2022 ᠣᠨ᠎ᠤ 10 ᠰᠠᠷ᠎ᠠ ᠵᠢᠨ 16᠎ᠤ ᠡᠳᠦᠷ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠣᠷᠢᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠲᠥᠯᠥᠭᠡᠯᠡᠭᠴᠢᠳ᠎ᠤᠨ ᠶᠡᠬᠡ ᠬᠤᠷᠠᠯ ᠳᠡᠭᠡᠷ᠎ᠡ ᠬᠢᠭᠰᠡᠨ ᠢᠯᠡᠳᠬᠡᠯ)
ᠠᠷᠪᠠ
ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ᠎ᠳᠤ ᠪᠠᠰᠠ ᠬᠥᠳᠡᠭᠡ ᠠᠵᠤ ᠠᠬᠤᠢ ᠵᠢᠨ ᠬᠥᠭᠵᠢᠯᠲᠡ᠎ᠠᠴᠠ ᠰᠠᠯᠵᠤ ᠴᠢᠳᠠᠬᠤ ᠦᠭᠡᠢ ᠶᠤᠮ᠃ ᠭᠠᠭᠴᠠ ᠬᠦ᠌ ᠲᠠᠷᠢᠶᠠᠯᠠᠩ ᠬᠦᠴᠦᠷᠬᠡᠭᠵᠢᠪᠡᠯ᠂ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠪᠠᠲᠤᠯᠠᠭ᠎ᠠ᠎ᠲᠠᠢ ᠪᠣᠯᠵᠤ᠂ ᠪᠠᠷᠠᠭ᠋ᠠᠨ᠎ᠤ ᠦᠨ᠎ᠡ ᠲᠣᠭᠲᠠᠭᠤᠨ ᠪᠣᠯᠵᠤ᠂ ᠬᠥᠮᠥᠨ᠎ᠤ ᠰᠡᠳᠬᠢᠯ ᠲᠣᠭᠲᠠᠭᠤᠨ ᠪᠣᠯᠪᠠᠯ ᠠᠵᠤ ᠠᠬᠤᠢ ᠵᠢᠨ ᠶᠡᠬᠡ ᠲᠠᠯ᠎ᠠ ᠰᠠᠶᠢ ᠲᠣᠭᠲᠠᠭᠤᠨ ᠪᠣᠯᠵᠤ ᠴᠢᠳᠠᠨ᠎ᠠ᠃ ᠣᠳᠣᠬᠢᠴᠢᠯᠠᠭᠰᠠᠨ ᠬᠥᠭᠵᠢᠯᠲᠡ ᠵᠢᠨ ᠣᠷᠣᠨ ᠵᠠᠢ ᠵᠢ ᠥᠷᠭᠡᠳᠬᠡᠬᠦ᠎ᠳᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠪᠣᠯ ᠶᠡᠬᠡ ᠦᠢ᠍ᠯᠡᠰ᠎ᠢ ᠪᠦᠲᠦᠭᠡᠵᠦ ᠪᠣᠯᠬᠤ ᠥᠷᠭᠡᠨ ᠠᠭᠤᠳᠠᠮ ᠣᠷᠣᠨ ᠵᠠᠢ ᠪᠣᠯᠣᠨ᠎ᠠ᠃ ᠬᠡᠳᠦᠨ ᠳ᠋ᠦᠩᠰᠢᠭᠤᠷ ᠲᠠᠷᠢᠶᠠᠴᠢᠨ ᠪᠦᠬᠦᠯᠢ ᠴᠣᠭᠴᠠ᠎ᠪᠠᠷ ᠵᠶ᠋ᠠᠨ ᠣᠳᠣᠬᠢᠴᠢᠯᠠᠯᠲᠠ᠎ᠳᠤ ᠲᠠᠪᠰᠢᠨ ᠣᠷᠣᠪᠠᠯ᠂ ᠯᠤᠲᠤ ᠶᠡᠬᠡ ᠡᠭᠦᠳᠦᠨ ᠪᠦᠲᠦᠭᠡᠬᠦ ᠬᠥᠳᠡᠯᠭᠡᠭᠴᠢ ᠡᠨᠧᠷᠭᠢ ᠪᠠ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ᠎ᠳᠤ ᠬᠦᠴᠦᠷᠬᠡᠭ ᠶᠡᠬᠡ ᠬᠥᠳᠡᠯᠭᠡᠭᠴᠢ ᠬᠦᠴᠦᠨ᠎ᠢ ᠨᠡᠮᠡᠷᠢᠯᠡᠬᠦ ᠪᠣᠯᠣᠨ᠎ᠠ᠃ ᠠᠵᠤ ᠦᠢ᠍ᠯᠡᠳᠪᠦᠷᠢ ᠲᠠᠷᠢᠶᠠᠯᠠᠩ ᠬᠤᠳᠠ ᠬᠥᠳᠡᠭᠡ ᠵᠢᠨ ᠣᠷᠴᠢᠯ᠎ᠢ ᠰᠠᠭ᠋ᠠᠳ ᠦᠭᠡᠢ ᠨᠡᠪᠲᠡᠷᠡᠭᠦᠯᠬᠦ ᠪᠣᠯ ᠤᠯᠤᠰ᠎ᠤᠨ ᠳᠣᠲᠣᠭ᠋ᠠᠳᠤ ᠵᠢᠨ ᠠᠵᠤ ᠠᠬᠤᠢ ᠵᠢᠨ ᠶᠡᠬᠡ ᠣᠷᠴᠢᠯ᠎ᠢ ᠰᠠᠭ᠋ᠠᠳ ᠦᠭᠡᠢ ᠨᠠᠪᠲᠠᠷᠡᠭᠦᠯᠵᠦ᠂ ᠮᠠᠨ᠎ᠤ ᠤᠯᠤᠰ᠎ᠤᠨ ᠠᠵᠤ ᠠᠬᠤᠢ ᠵᠢᠨ ᠤᠶᠠᠨ ᠬᠠᠳᠠᠨ ᠴᠢᠨᠠᠷ ᠪᠠ ᠪᠠᠢ᠌ᠯᠳᠤᠬᠤ ᠪᠣᠳᠣᠯᠭ᠎ᠠ ᠵᠢᠨ ᠭᠦᠨᠵᠡᠭᠡᠢ᠌ᠷᠡᠯᠢ ᠨᠡᠮᠡᠭᠳᠡᠭᠦᠯᠬᠦ ᠵᠢᠨ ᠴᠢᠬᠤᠯᠠ ᠲᠠᠯ᠎ᠠ ᠮᠥᠨ᠃ ᠳᠣᠲᠣᠭ᠋ᠠᠳᠤ ᠵᠢᠨ ᠬᠡᠷᠡᠭᠴᠡᠭᠡ ᠵᠢ ᠥᠷᠭᠡᠳᠬᠡᠬᠦ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠬᠥᠭᠵᠢᠯᠲᠡ ᠵᠢ ᠠᠬᠢᠭᠤᠯᠬᠤ᠎ᠳᠤ ᠲᠠᠷᠢᠶᠠᠯᠠᠩ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠪᠣᠯ ᠴᠢᠬᠤᠯᠠ ᠬᠦᠴᠦᠯᠡᠬᠦ ᠴᠡᠭ ᠪᠠ ᠰᠢᠪᠲᠤᠯᠤᠯᠲᠠ ᠵᠢᠨ ᠴᠡᠭ ᠮᠥᠨ᠃
(2022 ᠣᠨ᠎ᠤ 12 ᠰᠠᠷ᠎ᠠ ᠵᠢᠨ 23᠎ᠤ ᠡᠳᠦᠷ ᠲᠥᠪ᠎ᠤᠨ ᠬᠥᠳᠡᠭᠡ ᠲᠣᠰᠬᠤᠨ᠎ᠤ ᠠᠵᠢᠯ᠎ᠤᠨ ᠬᠤᠷᠠᠯ ᠳᠡᠭᠡᠷ᠎ᠡ ᠬᠡᠯᠡᠭᠰᠡᠨ ᠶᠠᠷᠢᠶ᠎ᠠ)
ᠠᠷᠪᠠᠨ ᠨᠢᠭᠡ
ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ 《ᠪᠣᠭᠤᠷᠰᠤᠭ》᠎ᠢ ᠪᠤᠵᠠᠭ᠋ᠠᠢ᠌ᠷᠠᠭᠤᠯᠬᠤ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ 《ᠪᠣᠭᠤᠷᠰᠤᠭ》᠎ᠢ ᠤᠯᠠᠮ ᠨᠢᠭᠡ ᠠᠯᠬᠤᠮ ᠰᠠᠶ᠋ᠢᠲᠤᠷ ᠬᠤᠪᠢᠶᠠᠵᠤ᠂ ᠠᠵᠢᠯ ᠣᠯᠭᠣᠯᠲᠠ᠂ ᠬᠤᠪᠢᠶᠠᠷᠢᠯᠠᠯᠲᠠ᠂ ᠰᠤᠷᠭ᠋ᠠᠨ ᠬᠥᠮᠦᠵᠢᠯ᠂ ᠡᠮ ᠡᠮᠨᠡᠯᠭᠡ᠂ ᠣᠷᠣᠨ ᠰᠠᠭᠤᠴᠠ᠂ ᠨᠠᠰᠤᠵᠢᠯ᠎ᠤᠨ ᠠᠰᠠᠷᠠᠮᠵᠢ᠂ ᠬᠡᠦᠬᠡᠳ ᠰᠠᠭ᠋ᠠᠲᠠᠭᠤᠯᠬᠤ ᠵᠡᠷᠭᠡ ᠠᠷᠠᠳ᠎ᠤᠨ ᠠᠮᠢᠳᠤᠷᠠᠯ᠎ᠤᠨ ᠠᠰᠠᠭᠤᠳᠠᠯ᠎ᠢ ᠬᠦᠴᠦ ᠲᠠᠯᠪᠢᠨ ᠰᠠᠶ᠋ᠢᠲᠤᠷ ᠰᠢᠢ᠍ᠳᠪᠦᠷᠢᠯᠡᠵᠦ᠂ ᠭᠤᠷᠪᠠᠨ ᠤᠳᠠᠭ᠋ᠠᠨ᠎ᠤ ᠬᠤᠪᠢᠶᠠᠷᠢᠯᠠᠯᠲᠠ ᠵᠢ ᠵᠣᠬᠢᠴᠠᠭᠤᠯᠤᠨ ᠢᠵᠢ ᠪᠦᠷᠢᠳᠦᠭᠦᠯᠦᠭᠰᠡᠨ ᠳᠦᠷᠢᠮ᠎ᠤᠨ ᠰᠢᠰᠲ᠋ᠧᠮ᠎ᠢ ᠪᠠᠢ᠌ᠭᠤᠯᠵᠤ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠡᠮᠬᠢ ᠵᠢᠷᠤᠮ᠎ᠢ ᠵᠢᠷᠤᠮᠵᠢᠭᠤᠯᠤᠨ᠂ ᠡᠳ᠋ ᠪᠠᠶᠠᠯᠢᠭ ᠬᠤᠷᠠᠮᠳᠤᠭᠤᠯᠬᠤ ᠲᠣᠭᠲᠠᠴᠠ ᠵᠢ ᠵᠢᠷᠤᠮᠵᠢᠭᠤᠯᠵᠤ᠂ ᠬᠥᠷᠥᠩᠭᠡ ᠵᠢᠨ ᠡᠷᠡᠭᠦᠯ ᠵᠶ᠋ᠡᠷ ᠬᠥᠭᠵᠢᠬᠦ ᠵᠢ ᠬᠠᠤᠯᠢ ᠶᠣᠰᠣᠭ᠋ᠠᠷ ᠬᠥᠲᠥᠯᠥᠨ ᠵᠢᠯᠤᠭᠣᠳᠴᠤ ᠵᠢᠷᠤᠮᠵᠢᠭᠤᠯᠤᠨ᠂ ᠳᠤᠮᠳᠠ ᠵᠡᠷᠭᠡ ᠵᠢᠨ ᠣᠷᠣᠯᠭ᠎ᠠ᠎ᠲᠠᠢ ᠬᠠᠮᠲᠤ ᠨᠠᠢ᠌ᠳᠠ ᠵᠢ ᠠᠯᠬᠤᠮ ᠠᠯᠬᠤᠮ ᠵᠶ᠋ᠠᠷ ᠥᠷᠭᠡᠳᠬᠡᠵᠦ᠂ ᠣᠷᠣᠯᠭ᠎ᠠ ᠵᠢᠨ ᠬᠤᠪᠢᠶᠠᠷᠢᠯᠠᠯᠲᠠ ᠵᠢᠨ ᠵᠥᠷᠢᠶ᠎ᠡ ᠵᠢ ᠪᠠᠭ᠋ᠠᠰᠬᠠᠨ᠂ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠬᠦ ᠠᠷᠠᠳ ᠲᠦᠮᠡᠨ᠎ᠳᠤ ᠨᠡᠩ ᠤᠯᠠᠨ ᠨᠡᠩ ᠭᠣᠣᠯᠴᠢ᠎ᠪᠠᠷ ᠬᠦᠷᠲᠡᠭᠡᠵᠦ᠂ ᠬᠣᠶᠠᠷ ᠲᠤᠢ᠌ᠯ ᠲᠡᠰᠢ ᠢᠯᠭ᠋ᠠᠷᠠᠬᠤ ᠵᠢ ᠡᠷᠡᠰ ᠰᠡᠷᠭᠡᠢ᠌ᠯᠡᠨ᠎ᠡ᠃
(2023 ᠣᠨ᠎ᠤ 2 ᠰᠠᠷ᠎ᠠ ᠵᠢᠨ 7᠎ᠤ ᠡᠳᠦᠷ ᠲᠥᠪ ᠬᠣᠷᠢᠶᠠᠨ᠎ᠳᠤ ᠰᠢᠨ᠎ᠡ᠎ᠪᠠᠷ ᠣᠷᠣᠭᠰᠠᠨ ᠭᠡᠰᠢᠭᠦᠨ᠂ ᠣᠷᠣᠯᠠᠭᠴᠢ ᠭᠡᠰᠢᠭᠦᠨ ᠪᠠ ᠮᠤᠵᠢ ᠶᠠᠮᠤᠨ᠎ᠤ ᠲᠡᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠰᠤᠳᠤᠯᠤᠨ ᠶᠠᠷᠢᠯᠴᠠᠬᠤ ᠠᠨᠭ᠌ᠬᠢ᠎ᠳᠠᠬᠢ ᠶᠠᠷᠢᠶ᠎ᠠ)
ᠠᠷᠪᠠᠨ ᠬᠣᠶᠠᠷ
ᠴᠢᠨᠠᠷ ᠰᠠᠢ᠌ᠲᠠᠢ ᠬᠥᠭᠵᠢᠯᠲᠡ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠃ ᠡᠷᠬᠡᠪᠰᠢ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠢᠮᠠᠭᠲᠠ ᠰᠢᠨ᠎ᠡ ᠵᠢ ᠡᠭᠦᠳᠬᠦ᠂ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡᠲᠤ᠂ ᠬᠠᠮᠲᠤ᠎ᠪᠠᠷ ᠡᠳ᠋ᠯᠡᠬᠦ ᠳᠣᠲᠣᠭ᠋ᠠᠳᠤ ᠵᠢᠨ ᠨᠢᠭᠡᠳᠦᠯᠲᠡᠢ ᠬᠥᠭᠵᠢᠯᠲᠡ ᠵᠢ ᠡᠵᠡᠮᠳᠡᠵᠦ᠂ ᠬᠥᠭᠵᠢᠯᠲᠡ ᠵᠢ ᠬᠡᠮᠵᠢᠵᠦ᠂ ᠬᠥᠭᠵᠢᠯᠲᠡ ᠵᠢ ᠠᠬᠢᠭᠤᠯᠬᠤ ᠬᠡᠷᠡᠭᠲᠡᠢ; ᠡᠷᠬᠡᠪᠰᠢ ᠶᠠᠰᠤ ᠴᠢᠨᠠᠷ᠎ᠢ ᠪᠦᠲᠦᠮᠵᠢᠲᠡᠢ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ ᠵᠢ ᠵᠣᠬᠢᠰᠲᠠᠢ ᠨᠡᠮᠡᠭᠳᠡᠭᠦᠯᠬᠦ ᠵᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ᠂ ᠦᠷ᠎ᠡ ᠠᠰᠢᠭ᠎ᠢ ᠲᠡᠷᠢᠭᠦᠨ᠎ᠳᠤ ᠲᠠᠯᠪᠢᠬᠤ ᠵᠢ ᠢᠮᠠᠭᠲᠠ ᠪᠠᠷᠢᠮᠲᠠᠯᠠᠵᠤ᠂ ᠶᠠᠰᠤ ᠴᠢᠨᠠᠷ᠎ᠤᠨ ᠤᠬᠠᠮᠰᠠᠷ᠎ᠢ ᠶᠡᠬᠡᠪᠡᠷ ᠴᠢᠩᠭ᠋ᠠᠳᠬᠠᠵᠤ᠂ ᠶᠠᠰᠤ ᠴᠢᠨᠠᠷ᠎ᠢ ᠠᠮᠢ ᠨᠠᠰᠤ᠎ᠪᠠᠷ ᠦᠵᠡᠵᠦ᠂ ᠶᠠᠰᠤ ᠴᠢᠨᠠᠷ᠎ᠢ ᠬᠥᠭᠡᠭᠡᠴᠡᠯᠳᠦᠬᠦ᠎ᠪᠠᠷ ᠬᠥᠭᠡᠭᠡᠴᠡᠯᠳᠦᠯ ᠪᠣᠯᠭ᠋ᠠᠬᠤ ᠬᠡᠷᠡᠭᠲᠡᠢ; ᠡᠷᠬᠡᠪᠰᠢ ᠡᠷᠡᠰ ᠭᠤᠶ᠋ᠢᠪᠢᠰᠢ ᠦᠭᠡᠢ᠎ᠪᠠᠷ ᠥᠭᠡᠷᠡᠴᠢᠯᠡᠯᠲᠡ ᠨᠡᠭᠡᠭᠡᠯᠲᠡ ᠵᠢ ᠭᠦᠨᠵᠡᠭᠡᠢ᠌ᠷᠡᠭᠦᠯᠵᠦ᠂ ᠬᠥᠭᠵᠢᠯᠲᠡ ᠵᠢᠨ ᠠᠷᠭ᠎ᠠ ᠬᠡᠯᠪᠡᠷᠢ ᠵᠢ ᠭᠦᠨᠵᠡᠭᠡᠢ ᠬᠤᠪᠢᠷᠠᠭᠤᠯᠵᠤ᠂ ᠦᠷ᠎ᠡ ᠪᠦᠲᠦᠮᠵᠢ ᠵᠢᠨ ᠬᠤᠪᠢᠰᠤᠯᠲᠠ᠂ ᠬᠥᠳᠡᠯᠭᠡᠬᠦ ᠬᠦᠴᠦᠨ᠎ᠤ ᠬᠤᠪᠢᠰᠤᠯᠲᠠ᠎ᠪᠠᠷ ᠶᠠᠰᠤ ᠴᠢᠨᠠᠷ᠎ᠤᠨ ᠬᠤᠪᠢᠰᠤᠯᠲᠠ ᠵᠢ ᠠᠬᠢᠭᠤᠯᠵᠤ᠂ ᠦᠷᠭᠦᠯᠵᠢᠯᠡᠬᠦ ᠴᠢᠨᠠᠷ ᠰᠠᠢ᠌ᠲᠠᠢ ᠬᠥᠭᠵᠢᠯᠲᠡ ᠵᠢᠨ ᠪᠠᠢ᠌ᠭᠤᠯᠤᠮᠵᠢ ᠲᠣᠭᠲᠠᠴᠠ ᠵᠢ ᠲᠦᠷᠭᠡᠨ ᠪᠦᠷᠢᠯᠳᠦᠭᠦᠯᠬᠦ ᠬᠡᠷᠡᠭᠲᠡᠢ; ᠡᠷᠬᠡᠪᠰᠢ ᠠᠷᠠᠳ ᠲᠦᠮᠡᠨ᠎ᠤ ᠡᠳᠦᠷ ᠢᠷᠡᠬᠦᠶ᠎ᠡ ᠨᠡᠮᠡᠭᠳᠡᠵᠦ ᠪᠠᠢ᠌ᠭ᠎ᠠ ᠰᠠᠢ᠍ᠢ᠍ᠨ ᠰᠠᠢ᠌ᠬᠠᠨ ᠠᠮᠢᠳᠤᠷᠠᠯ᠎ᠤᠨ ᠬᠡᠷᠡᠭᠴᠡᠭᠡ ᠵᠢ ᠬᠠᠩᠭ᠋ᠠᠬᠤ᠎ᠪᠠᠷ ᠭᠠᠷᠳᠠᠴᠠ ᠲᠡᠭᠦᠰᠬᠡᠯ ᠪᠣᠯᠭ᠋ᠠᠵᠤ᠂ ᠬᠥᠭᠵᠢᠯᠲᠡ ᠵᠢᠨ ᠦᠷ᠎ᠡ ᠪᠦᠲᠦᠭᠡᠯ᠎ᠢ ᠲᠠᠰᠤᠷᠠᠯᠲᠠ ᠦᠭᠡᠢ ᠠᠮᠢᠳᠤᠷᠠᠯ᠎ᠤᠨ ᠴᠢᠨᠠᠷ ᠴᠢᠨᠰᠠᠭ᠎ᠠ ᠪᠣᠯᠭ᠋ᠠᠨ ᠬᠤᠪᠢᠷᠠᠭᠤᠯᠵᠤ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠡᠢ᠃
(2023 ᠣᠨ᠎ᠤ 3 ᠰᠠᠷ᠎ᠠ ᠵᠢᠨ 5᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯᠳᠤᠭ᠋ᠠᠨ᠎ᠤ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠤᠷᠤᠯᠴᠠᠬᠤ ᠦᠶ᠎ᠡ ᠵᠢᠨ ᠶᠠᠷᠢᠶ᠎ᠠ)
ᠠᠷᠪᠠᠨ ᠭᠤᠷᠪᠠ
ᠥᠨᠳᠥᠷ ᠲᠦᠪᠰᠢᠨ ᠪᠦᠬᠦᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠲᠦᠷᠭᠡᠳᠬᠡᠨ ᠪᠡᠶᠡᠯᠡᠭᠦᠯᠬᠦ ᠪᠣᠯ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠵᠠᠪᠠᠯ ᠶᠠᠪᠤᠬᠤ ᠵᠠᠮ ᠪᠣᠯᠣᠨ᠎ᠠ᠃ ᠤᠯᠠᠨ ᠤᠯᠤᠰ᠎ᠤᠨ ᠬᠤᠷᠴᠠ ᠰᠢᠷᠦᠭᠦᠨ ᠥᠷᠢᠰᠥᠯᠳᠦᠭᠡᠨ᠎ᠤ ᠳᠤᠮᠳᠠ᠂ ᠪᠢᠳᠡ ᠬᠥᠭᠵᠢᠯᠲᠡ ᠵᠢᠨ ᠰᠢᠨ᠎ᠡ ᠬᠦᠷᠢᠶ᠎ᠡ ᠰᠢᠨ᠎ᠡ ᠤᠷᠤᠯᠳᠤᠭ᠋ᠠᠨ᠎ᠤ ᠵᠠᠮ᠎ᠢ ᠨᠡᠭᠡᠭᠡᠵᠦ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ᠎ᠳᠤ᠂ ᠦᠨᠳᠦᠰᠦᠨ᠎ᠠᠴᠠ᠎ᠨᠢ ᠠᠪᠴᠤ ᠬᠡᠯᠡᠪᠡᠯ᠂ ᠬᠠᠰᠢᠯᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠲᠦᠰᠢᠭᠯᠡᠬᠦ ᠬᠡᠷᠡᠭᠲᠡᠶ᠃ ᠪᠢᠳᠠ ᠲᠣᠭᠲᠠᠭᠰᠠᠨ ᠬᠤᠭᠤᠴᠠᠭ᠋ᠠᠨ᠎ᠳᠠᠭᠠᠨ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠵᠤ ᠳᠡᠢ᠌ᠯᠬᠦ ᠡᠰᠡᠬᠦ ᠵᠢᠨ ᠵᠠᠩᠭᠢᠯᠠᠭ᠎ᠠ᠎ᠨᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ᠎ᠳᠤ ᠪᠤᠢ᠃
(2023 ᠣᠨ᠎ᠤ 3 ᠰᠠᠷ᠎ᠠ ᠵᠢᠨ 5᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠤᠷᠤᠯᠴᠠᠬᠤ ᠦᠶ᠎ᠡ ᠵᠢᠨ ᠶᠠᠷᠢᠶ᠎ᠠ)
ᠠᠷᠪᠠᠨ ᠳᠥᠷᠪᠡ
ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠬᠤ ᠪᠣᠯ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠰᠠᠭᠤᠷᠢ ᠪᠣᠯᠣᠨ᠎ᠠ᠃ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ ᠪᠠᠢ᠌ᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠬᠤ ᠬᠡᠷᠡᠭᠲᠡᠶ᠃ ᠠᠵᠤ ᠠᠬᠤᠢ ᠵᠢ ᠬᠥᠭᠵᠢᠭᠦᠯᠬᠦ ᠵᠢᠨ ᠬᠦᠴᠦᠯᠡᠬᠦ ᠴᠡᠭ᠎ᠢ ᠪᠣᠳᠠᠲᠤ ᠴᠣᠭᠴᠠ ᠵᠢᠨ ᠠᠵᠤ ᠠᠬᠤᠢ ᠳᠡᠭᠡᠷ᠎ᠡ ᠲᠠᠯᠪᠢᠬᠤ ᠵᠢ ᠪᠠᠷᠢᠮᠲᠠᠯᠠᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠭᠦᠨᠵᠡᠭᠡᠢ ᠠᠬᠢᠭᠤᠯᠵᠤ᠂ ᠠᠵᠤ ᠦᠢ᠍ᠯᠡᠰ᠎ᠤᠨ ᠰᠠᠭᠤᠷᠢ ᠵᠢ ᠲᠠᠬᠢᠨ ᠪᠦᠲᠦᠭᠡᠬᠦ ᠪᠠ ᠴᠢᠬᠤᠯᠠ ᠶᠡᠬᠡ ᠮᠡᠷᠭᠡᠵᠢᠯ ᠲᠣᠨᠣᠭᠯᠠᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠴᠢᠩᠭ᠋ᠠᠳᠬᠠᠵᠤ᠂ ᠦᠢ᠍ᠯᠡᠳᠬᠦ ᠦᠢ᠍ᠯᠡᠰ᠎ᠤᠨ ᠳᠡᠭᠡᠳᠦ ᠲᠡᠰ᠎ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠬᠥᠭᠵᠢᠯᠲᠡ ᠵᠢ ᠠᠬᠢᠭᠤᠯᠵᠤ᠂ ᠦᠢ᠍ᠯᠡᠳᠬᠦ ᠦᠢ᠍ᠯᠡᠰ᠎ᠤᠨ ᠬᠦᠴᠦᠷᠬᠡᠭ ᠮᠤᠵᠢ ᠵᠢ ᠲᠦᠷᠭᠡᠪᠴᠢᠯᠡᠨ ᠪᠠᠢ᠌ᠭᠤᠯᠵᠤ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠲᠣᠭ᠋ᠠᠵᠢᠭᠤᠯᠤᠭᠰᠠᠨ ᠠᠵᠤ ᠠᠬᠤᠢ ᠵᠢ ᠲᠦᠷᠭᠡᠪᠴᠢᠯᠡᠨ ᠬᠥᠭᠵᠢᠭᠦᠯᠬᠦ ᠬᠡᠷᠡᠭᠲᠡᠶ᠃ ᠥᠨᠳᠥᠷ ᠬᠢᠷᠢ ᠲᠦᠪᠰᠢᠨ ᠪᠦᠬᠦᠢ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠯ᠎ᠢ ᠪᠠᠢ᠌ᠭᠤᠯᠬᠤ᠂ ᠥᠨᠳᠥᠷ ᠬᠢᠷᠢ ᠲᠦᠪᠰᠢᠨ ᠪᠦᠬᠦᠢ ᠭᠠᠳᠠᠭᠰᠢ ᠨᠡᠭᠡᠭᠡᠯᠲᠡ ᠵᠢ ᠠᠬᠢᠭᠤᠯᠬᠤ ᠱᠠᠭ᠋ᠠᠷᠳᠠᠯᠭ᠎ᠠ ᠶᠣᠰᠣᠭ᠋ᠠᠷ᠂ ᠭᠣᠣᠯᠳᠠᠯᠭ᠎ᠠ᠎ᠲᠠᠢ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠣᠳᠣᠬᠢᠴᠢᠯᠠᠭᠰᠠᠨ ᠰᠠᠭᠤᠷᠢ ᠲᠥᠬᠦᠭᠡᠷᠦᠮᠵᠢ ᠵᠢᠨ ᠰᠢᠰᠲ᠋ᠧᠮ ᠪᠠ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠳᠦᠷᠢᠮ᠎ᠤᠨ ᠬᠡᠯᠪᠡᠷᠢ ᠵᠢᠨ ᠨᠡᠭᠡᠭᠡᠯᠲᠡ ᠵᠢ ᠯᠠᠪᠳᠠᠭᠤᠨ ᠵᠶ᠋ᠠᠷ ᠥᠷᠭᠡᠳᠬᠡᠬᠦ ᠬᠡᠷᠡᠭᠲᠡᠶ᠃
(2023 ᠣᠨ᠎ᠤ 3 ᠰᠠᠷ᠎ᠠ ᠵᠢᠨ 5᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ᠎ᠤᠨ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠤᠷᠤᠯᠴᠠᠬᠤ ᠦᠶ᠎ᠡ ᠵᠢᠨ ᠶᠠᠷᠢᠶ᠎ᠠ)
ᠠᠷᠪᠠᠨ ᠲᠠᠪᠤ
ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠰᠢᠨ᠎ᠡ ᠠᠶᠠᠨ᠎ᠳᠤ᠂ ᠪᠢᠳᠡ ᠴᠢᠨᠠᠷ ᠰᠠᠢ᠌ᠲᠠᠢ ᠬᠥᠭᠵᠢᠯᠲᠡ ᠵᠢ ᠡᠷᠡᠰ ᠭᠤᠶ᠋ᠢᠪᠢᠰᠢ ᠦᠭᠡᠢ᠎ᠪᠠᠷ ᠠᠬᠢᠭᠤᠯᠬᠤ ᠬᠡᠷᠡᠭᠲᠡᠢ᠃ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ᠂ ᠰᠢᠨᠵᠢᠯᠡᠬᠦ ᠤᠬᠠᠭ᠋ᠠᠨ ᠰᠤᠷᠭ᠋ᠠᠨ ᠬᠥᠮᠦᠵᠢᠯ ᠵᠶ᠋ᠡᠷ ᠤᠯᠤᠰ ᠵᠶ᠋ᠠᠨ ᠮᠠᠨᠳᠤᠭᠤᠯᠬᠤ ᠪᠠᠢ᠌ᠯᠳᠤᠬᠤ ᠪᠣᠳᠣᠯᠭ᠎ᠠ᠂ ᠴᠢᠳᠠᠪᠤᠷᠢᠲᠠᠨ ᠵᠶ᠋ᠠᠷ ᠤᠯᠤᠰ ᠵᠶ᠋ᠠᠨ ᠬᠦᠴᠦᠷᠬᠡᠭᠵᠢᠭᠦᠯᠬᠦ ᠪᠠᠢ᠌ᠯᠳᠤᠬᠤ ᠪᠣᠳᠣᠯᠭ᠎ᠠ᠂ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠢ᠌ᠯᠳᠤᠬᠤ ᠪᠣᠳᠣᠯᠭ᠎ᠠ ᠵᠢ ᠭᠦᠨᠵᠡᠭᠡᠢ ᠬᠡᠷᠡᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠥᠪᠡᠷ᠎ᠢ᠎ᠪᠠᠨ ᠬᠦᠴᠦᠷᠬᠡᠭᠵᠢᠭᠦᠯᠬᠦ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠵᠢ ᠠᠬᠢᠭᠤᠯᠵᠤ᠂ ᠬᠤᠳᠠ ᠬᠥᠳᠡᠭᠡ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠪᠣᠬᠢᠷᠲᠤᠯ ᠦᠭᠡᠢ ᠪᠣᠯᠭ᠋ᠠᠬᠤ᠂ ᠨᠠᠭᠦᠷᠡᠰᠦᠲᠦ᠋ᠷᠦᠭᠴᠢ ᠪᠠᠭ᠎ᠠ ᠪᠣᠯᠭ᠋ᠠᠬᠤ ᠵᠢ ᠠᠬᠢᠭᠤᠯᠵᠤ᠂ ᠠᠵᠤ ᠠᠬᠤᠢ ᠵᠢᠨ ᠴᠢᠨᠠᠷ᠎ᠢ ᠪᠦᠲᠦᠮᠵᠢᠲᠡᠢ᠎ᠪᠠᠷ ᠳᠡᠭᠡᠭᠰᠢᠯᠡᠭᠦᠯᠬᠦ ᠪᠠ ᠲᠣᠭ᠎ᠠ ᠬᠡᠮᠵᠢᠶ᠎ᠡ ᠵᠢ ᠵᠦᠢ ᠵᠣᠬᠢᠰᠲᠠᠢ ᠨᠡᠮᠡᠭᠳᠡᠭᠦᠯᠬᠦ ᠵᠢ ᠠᠬᠢᠭᠤᠯᠵᠤ᠂ ᠮᠠᠨ᠎ᠤ ᠤᠯᠤᠰ᠎ᠤᠨ ᠠᠵᠤ ᠠᠬᠤᠢ ᠵᠢᠨ ᠪᠣᠳᠠᠲᠤ ᠬᠦᠴᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠣᠳᠠᠲᠤ ᠬᠦᠴᠦᠨ᠂ ᠤᠯᠤᠰ᠎ᠤᠨ ᠶᠡᠷᠦᠩᠬᠡᠢ ᠬᠦᠴᠦᠨ᠎ᠢ ᠲᠠᠰᠤᠷᠠᠯᠳᠠ ᠦᠭᠡᠢ ᠪᠤᠵᠠᠭ᠋ᠠᠢ᠌ᠷᠠᠭᠤᠯᠤᠨ᠎ᠠ᠃
(2023 ᠣᠨ᠎ᠤ 3 ᠰᠠᠷ᠎ᠠ ᠵᠢᠨ 13᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠩᠬᠠᠳᠤᠭ᠋ᠠᠷ ᠬᠤᠷᠠᠯ ᠳᠡᠭᠡᠷᠡᠬᠢ ᠶᠠᠷᠢᠶ᠎ᠠ)
ᠠᠷᠪᠠᠨ ᠵᠢᠷᠭᠤᠭ᠎ᠠ
ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ ᠪᠠᠷ ᠰᠤᠷᠤᠯᠴᠠᠨ ᠲᠤᠭᠤᠰᠢᠯᠠᠭᠤᠯᠵᠤ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠠᠬᠢ ᠨᠠᠮ᠎ᠤᠨ ᠭᠣᠣᠯ ᠡᠭᠦᠷᠭᠡ ᠵᠢ ᠪᠠᠲᠤ ᠡᠵᠡᠮᠳᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨᠵᠢᠯᠡᠬᠦ ᠤᠬᠠᠭ᠋ᠠᠨᠴᠢ ᠠᠭᠤᠯᠤᠭᠳᠠᠬᠤᠨ ᠪᠠ ᠮᠥᠨ ᠴᠢᠨᠠᠷ᠎ᠤᠨ ᠱᠠᠭ᠋ᠠᠷᠳᠠᠯᠭ᠎ᠠ ᠵᠢ ᠪᠠᠲᠤ ᠡᠵᠡᠮᠰᠢᠵᠦ᠂ ᠴᠢᠨᠠᠷ ᠰᠠᠢ᠌ᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠵᠦ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠪᠠᠢ᠌ᠭᠤᠯᠬᠤ᠂ ᠬᠠᠮᠲᠤ᠎ᠪᠠᠷ ᠴᠢᠨᠡᠭᠡᠯᠢᠭᠵᠢᠬᠦ ᠵᠢ ᠠᠬᠢᠭᠤᠯᠬᠤ ᠵᠢ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠡᠯ᠎ᠡ ᠲᠠᠯ᠎ᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠬᠥᠭᠵᠢᠯᠲᠡ ᠵᠢᠨ ᠠᠷᠭ᠎ᠠ ᠬᠡᠯᠪᠡᠷᠢ᠂ ᠬᠥᠭᠵᠢᠯᠲᠡ ᠵᠢᠨ ᠬᠥᠳᠡᠯᠭᠡᠬᠦ ᠬᠦᠴᠦᠨ᠂ ᠬᠥᠭᠵᠢᠯᠲᠡ ᠵᠢᠨ ᠬᠦᠷᠢᠶ᠎ᠡ᠂ ᠬᠥᠭᠵᠢᠯᠲᠡ ᠵᠢᠨ ᠶᠠᠰᠤ ᠴᠢᠨᠠᠷ᠎ᠤᠨ ᠬᠤᠪᠢᠰᠤᠯᠲᠠ ᠵᠢ ᠭᠦᠨᠵᠡᠭᠡᠢ ᠠᠬᠢᠭᠤᠯᠵᠤ᠂ ᠮᠠᠨ᠎ᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠡᠭᠦᠳᠬᠦ ᠬᠡᠷᠡᠭᠲᠡᠢ᠃
(2023 ᠣᠨ᠎ᠤ 7 ᠰᠠᠷ᠎ᠠ ᠵᠢᠨ 25᠎ᠤ ᠡᠳᠦᠷ᠎ᠠᠴᠠ 27᠎ᠤ ᠡᠳᠦᠷ ᠪᠣᠯᠲᠠᠯ᠎ᠠ ᠰᠧᠴᠤᠸᠠᠨ᠎ᠳᠤ ᠰᠢᠨᠵᠢᠯᠡᠨ ᠪᠠᠢ᠌ᠴᠠᠭ᠋ᠠᠬᠤ ᠪᠠᠢ᠌ᠴᠠᠭ᠋ᠠᠬᠤ ᠦᠶ᠎ᠡ ᠵᠢᠨ ᠶᠠᠷᠢᠶ᠎ᠠ)
ᠠᠷᠪᠠᠨ ᠲᠤᠯᠤᠭ᠎ᠠ
ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠦᠨᠳᠦᠰᠦᠨ ᠵᠢᠮ᠎ᠡ ᠶᠣᠰᠣ ᠵᠢ ᠭᠦᠨᠵᠡᠭᠡᠢ ᠡᠵᠡᠮᠰᠢᠵᠦ᠂ ᠰᠢᠨ᠎ᠡ ᠨᠢᠭᠡ ᠡᠭᠡᠯᠵᠢ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠤᠪᠢᠰᠬᠠᠯ ᠪᠣᠯᠣᠨ ᠠᠵᠤ ᠦᠢ᠍ᠯᠡᠰ᠎ᠤᠨ ᠬᠤᠪᠢᠰᠤᠯᠲᠠ᠎ᠳᠤ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠵᠣᠬᠢᠴᠠᠬᠤ ᠪᠠ ᠬᠥᠲᠥᠯᠥᠨ ᠳᠠᠭ᠋ᠠᠭᠤᠯᠵᠤ᠂ ᠴᠢᠨᠠᠷ ᠰᠠᠢ᠌ᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠦᠢ᠍ᠯᠡᠳᠬᠦ ᠦᠢ᠍ᠯᠡᠰ᠎ᠤᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠵᠢ ᠲᠣᠭ᠋ᠠᠴᠢᠯᠠᠭᠰᠠᠨ ᠠᠵᠤ ᠠᠬᠤᠢ᠂ ᠠᠵᠤ ᠦᠢ᠍ᠯᠡᠰ᠎ᠤᠨ ᠮᠡᠳᠡᠭᠡ ᠵᠠᠩᠭᠢᠵᠢᠯᠲᠠ ᠵᠡᠷᠭᠡ ᠵᠢ ᠬᠥᠭᠵᠢᠭᠦᠯᠬᠦ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠬᠦᠴᠦᠷᠬᠡᠭ ᠶᠡᠬᠡ ᠪᠣᠳᠠᠰ᠎ᠤᠨ ᠪᠠ ᠮᠡᠷᠭᠡᠵᠢᠯ᠎ᠤᠨ ᠰᠠᠭᠤᠷᠢ ᠵᠢ ᠴᠣᠭᠴᠠᠯᠠᠨ ᠪᠠᠢ᠌ᠭᠤᠯᠤᠨ᠎ᠠ᠃
(2023 ᠣᠨ᠎ᠤ 9 ᠰᠠᠷ᠎ᠠ᠎ᠳᠤ ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠲᠤᠬᠠᠢ ᠵᠢᠭ᠋ᠠᠪᠤᠷᠢ)
ᠠᠷᠪᠠᠨ ᠨᠠᠢ᠍ᠮᠠ
ᠤᠳᠤᠷᠢᠳᠬᠤ ᠺᠠᠳ᠋ᠷᠴᠤᠳ ᠠᠷᠠᠳ ᠲᠦᠮᠡᠨ᠎ᠳᠤ ᠪᠤᠶᠠᠨ ᠦᠢ᠍ᠯᠡᠳᠬᠦ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠡᠬᠢ ᠪᠤᠢ ᠪᠣᠯᠭ᠋ᠠᠬᠤ ᠬᠡᠷᠡᠭᠲᠡᠶ᠃ ᠮᠠᠨ᠎ᠤ ᠡᠪ ᠬᠠᠮᠲᠤᠴᠤᠳ ᠠᠵᠢᠯ ᠦᠢ᠍ᠯᠡᠰ ᠪᠦᠲᠦᠭᠡᠵᠦ᠂ ᠵᠠᠰᠠᠭ᠎ᠤᠨ ᠠᠵᠢᠯ᠎ᠤᠨ ᠠᠮᠵᠢᠯᠲᠠ ᠪᠦᠲᠦᠮᠵᠢ ᠭᠠᠷᠭ᠋ᠠᠵᠤ ᠪᠠᠢ᠌ᠭ᠎ᠠ᠎ᠨᠢ ᠠᠷᠠᠳ ᠲᠦᠮᠡᠨ᠎ᠳᠤ ᠠᠵᠠ ᠵᠢᠷᠭ᠋ᠠᠯ ᠣᠯᠭᠣᠬᠤ ᠵᠢᠨ ᠲᠥᠯᠥᠭᠡ ᠶᠤᠮ᠂ ᠬᠠᠷᠢᠨ ᠬᠤᠪᠢ ᠬᠥᠮᠥᠨ᠎ᠤ ᠵᠡᠷᠭᠡ ᠳᠠᠪᠰᠢᠵᠤ ᠳᠡᠪᠰᠢᠬᠦ ᠪᠠ ᠣᠯᠵᠤ ᠠᠯᠳᠠᠬᠤ ᠵᠢᠨ ᠲᠥᠯᠥᠭᠡ ᠪᠢᠰᠢ ᠶᠤᠮ᠃ ᠨᠠᠮ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠨᠥᠬᠥᠳ ᠲᠦᠷᠦᠭᠦᠯᠡᠨ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠴᠢᠨᠠᠷ ᠰᠠᠢ᠌ᠲᠠᠢ ᠬᠥᠭᠵᠢᠯᠲᠡ ᠵᠢ ᠪᠠᠷᠢᠮᠲᠠᠯᠠᠵᠤ᠂ ᠶᠡᠬᠡ᠎ᠳᠤ ᠰᠢᠨᠤᠬᠠᠢ᠌ᠷᠠᠨ ᠬᠠᠷᠢ ᠵᠢᠨ᠎ᠬᠢ ᠵᠢ ᠬᠥᠭᠡᠭᠡᠴᠡᠯᠳᠦᠬᠦ᠂ ᠰᠣᠬᠣᠷ ᠪᠠᠯᠠᠢ᠎ᠪᠠᠷ ᠲᠡᠨᠡᠭ ᠮᠤᠨᠤᠭ ᠵᠶ᠋ᠠᠷ ᠠᠵᠢᠯᠯᠠᠬᠤ ᠵᠢ ᠡᠰᠡᠷᠭᠦᠴᠡᠬᠦ ᠬᠡᠷᠡᠭᠲᠡᠢ; ᠦᠨᠡᠨ ᠪᠣᠳᠠᠲᠠᠢ ᠠᠷᠭ᠎ᠠ ᠬᠡᠮᠵᠢᠶ᠎ᠡ ᠠᠪᠴᠤ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠵᠢ ᠪᠠᠷᠢᠮᠲᠠᠯᠠᠵᠤ᠂ ᠥᠩᠭᠡᠪᠴᠢ ᠪᠣᠯᠪᠠᠴᠤ ᠦᠨᠡᠨ ᠪᠣᠳᠠᠲᠠᠢ ᠪᠢᠰᠢ᠂ ᠲᠣᠭ᠎ᠠ ᠪᠠᠷᠢᠮᠲᠠ ᠵᠢ ᠬᠠᠭᠤᠷᠮᠠᠭ ᠵᠶ᠋ᠠᠷ ᠵᠣᠬᠢᠶᠠᠬᠤ ᠵᠢ ᠡᠰᠡᠷᠭᠦᠴᠡᠬᠦ ᠬᠡᠷᠡᠭᠲᠡᠢ; ᠰᠠᠭᠤᠷᠢ ᠲᠠᠯᠪᠢᠵᠤ ᠠᠯᠤᠰ ᠢᠷᠡᠭᠡᠳᠦᠢ᠎ᠳᠤ ᠠᠰᠢᠭᠲᠠᠢ ᠪᠠᠢ᠌ᠯᠭ᠋ᠠᠬᠤ ᠵᠢ ᠪᠠᠷᠢᠮᠲᠠᠯᠠᠵᠤ᠂ ᠤᠰᠤ ᠵᠢ᠎ᠨᠢ ᠰᠢᠷᠭᠢᠭᠡᠵᠦ ᠪᠠᠶ᠋ᠢᠭ᠋ᠠᠳ ᠵᠢᠭ᠋ᠠᠰᠤ ᠵᠢ᠎ᠨᠢ ᠬᠤᠷᠢᠶᠠᠬᠤ᠂ ᠠᠷᠠᠳ᠎ᠢ ᠵᠦᠳᠡᠭᠡᠵᠦ ᠡᠳ᠋᠎ᠢ ᠰᠦᠢ᠍ᠳᠬᠡᠬᠦ ᠵᠢ ᠡᠰᠡᠷᠭᠦᠴᠡᠨ᠎ᠡ᠃ ᠴᠢᠨᠠᠷ ᠰᠠᠢ᠌ᠲᠠᠢ ᠬᠥᠭᠵᠢᠯᠲᠡ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠲᠡᠷᠢᠭᠦᠨ ᠴᠢᠬᠤᠯᠠ ᠡᠭᠦᠷᠭᠡ ᠪᠣᠯᠣᠨ᠎ᠠ᠂ ᠴᠢᠨᠠᠷ ᠰᠠᠢ᠌ᠲᠠᠢ ᠬᠥᠭᠵᠢᠯᠲᠡ ᠵᠢ ᠤᠳᠤᠷᠢᠳᠬᠤ ᠺᠠᠳ᠋ᠷ᠎ᠤᠨ ᠠᠵᠢᠯ᠎ᠤᠨ ᠠᠮᠵᠢᠯᠲᠠ ᠵᠢᠨ ᠦᠵᠡᠯᠲᠡ ᠵᠢᠨ ᠴᠢᠬᠤᠯᠠ ᠠᠭᠤᠯᠭ᠎ᠠ ᠪᠣᠯᠭ᠋ᠠᠬᠤ ᠵᠢ ᠪᠠᠷᠢᠮᠲᠠᠯᠠᠬᠤ ᠬᠡᠷᠡᠭᠲᠡᠢ᠃ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠠᠰᠠᠭ᠎ᠤᠨ ᠠᠵᠢᠯ᠎ᠤᠨ ᠠᠮᠵᠢᠯᠲᠠ ᠵᠢ ᠬᠢᠨᠠᠨ ᠰᠢᠯᠭ᠋ᠠᠵᠤ ᠦᠨᠡᠯᠡᠬᠦ ᠠᠷᠭ᠎ᠠ ᠵᠢ ᠲᠡᠭᠦᠯᠳᠡᠷᠵᠢᠭᠦᠯᠵᠦ᠂ ᠳᠣᠬᠢᠭᠤᠷ᠎ᠤᠨ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠡᠯ᠎ᠡ ᠱᠠᠲᠤᠨ᠎ᠤ ᠤᠳᠤᠷᠢᠳᠬᠤ ᠪᠠᠭ᠎ᠤᠨ ᠵᠠᠰᠠᠭ᠎ᠤᠨ ᠠᠵᠢᠯ᠎ᠤᠨ ᠠᠮᠵᠢᠯᠲᠠ ᠵᠢᠨ ᠲᠤᠬᠠᠢ ᠵᠥᠪ ᠦᠵᠡᠯᠲᠡ ᠵᠢ ᠨᠠᠷᠢᠨ ᠬᠢᠨᠠᠮᠠᠭ᠋ᠠᠢ ᠦᠢ᠍ᠯᠡᠳᠦᠯᠭᠡᠵᠢᠭᠦᠯᠬᠦ ᠵᠢ ᠠᠬᠢᠭᠤᠯᠵᠤ᠂ ᠠᠵᠢᠯ᠎ᠤᠨ ᠵᠥᠪ ᠤᠳᠤᠷᠢᠳᠤᠮᠵᠢ ᠵᠢ ᠦᠨᠡᠨᠬᠦ ᠪᠦᠷᠢᠯᠳᠦᠭᠦᠯᠬᠦ ᠬᠡᠷᠡᠭᠲᠡᠢ᠃
(2023 ᠣᠨ᠎ᠤ 12 ᠰᠠᠷ᠎ᠠ ᠵᠢᠨ 21᠎ᠤ ᠡᠳᠦᠷ᠂ 22 ᠤᠨ ᠡᠳᠦᠷ ᠲᠥᠪ᠎ᠤᠨ ᠤᠯᠤᠰ ᠲᠥᠷᠥ ᠵᠢᠨ ᠲᠣᠪᠴᠢᠶᠠᠨ᠎ᠤ ᠨᠡᠢ᠌ᠭᠡᠮ ᠵᠢᠷᠤᠮ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠲᠤᠰᠬᠠᠢ ᠰᠡᠳᠦᠪᠲᠦ ᠠᠷᠠᠳᠴᠢᠯᠠᠭᠰᠠᠨ ᠠᠮᠢᠳᠤᠷᠠᠯ᠎ᠤᠨ ᠬᠤᠷᠠᠯ ᠳᠡᠭᠡᠷᠡᠬᠢ ᠶᠠᠷᠢᠶ᠎ᠠ)
ᠠᠷᠪᠠ ᠶᠢᠰᠦ
ᠪᠢᠳᠡ ᠡᠷᠬᠡᠪᠰᠢ ᠴᠢᠨᠠᠷ ᠰᠠᠢ᠌ᠲᠠᠢ ᠬᠥᠭᠵᠢᠯᠲᠡ ᠪᠣᠯ ᠰᠢᠨ᠎ᠡ ᠴᠠᠭ ᠦᠶ᠎ᠡ ᠵᠢᠨ ᠬᠠᠲᠠᠭᠤ ᠶᠣᠰᠣ ᠮᠥᠨ ᠭᠡᠳᠡᠭ᠎ᠢ ᠪᠠᠲᠤ ᠴᠡᠭᠡᠵᠢᠯᠡᠬᠦ ᠬᠡᠷᠡᠭᠲᠡᠢ᠃ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠲᠦᠷᠭᠡᠨ ᠪᠠᠢ᠌ᠭᠤᠯᠬᠤ᠂ ᠥᠨᠳᠥᠷ ᠲᠦᠪᠰᠢᠨ᠎ᠲᠠᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠡᠶ᠎ᠡ᠎ᠪᠠᠨ ᠳᠠᠭ᠋ᠠᠭ᠋ᠠᠵᠤ ᠬᠦᠴᠦᠷᠬᠡᠭᠵᠢᠬᠦ ᠵᠢ ᠠᠬᠢᠭᠤᠯᠬᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠨ ᠪᠠᠢ᠌ᠭᠤᠯᠬᠤ᠂ ᠭᠦᠨ ᠳᠠᠪᠬᠤᠷᠭ᠎ᠠ ᠵᠢᠨ ᠥᠭᠡᠷᠡᠴᠢᠯᠡᠯᠲᠡ ᠪᠣᠯᠣᠨ ᠥᠨᠳᠥᠷ ᠲᠦᠪᠰᠢᠨ᠎ᠲᠠᠢ ᠨᠡᠭᠡᠭᠡᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠂ ᠴᠢᠨᠠᠷ ᠰᠠᠢ᠌ᠲᠠᠢ ᠬᠥᠭᠵᠢᠯᠲᠡ ᠪᠣᠯᠣᠨ ᠥᠨᠳᠥᠷ ᠲᠦᠪᠰᠢᠨ᠎ᠲᠠᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠵᠢᠭᠦᠯᠬᠦ ᠵᠡᠷᠭᠡ ᠪᠠᠢ᠌ᠯᠳᠤᠬᠤ ᠪᠣᠳᠣᠯᠭ᠎ᠠ ᠵᠢᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠢᠨᠠᠨ ᠰᠢᠯᠭ᠋ᠠᠵᠤ ᠦᠨᠡᠯᠡᠬᠦ ᠰᠢᠰᠲ᠋ᠧᠮ᠎ᠢ ᠲᠡᠭᠦᠯᠳᠡᠷᠵᠢᠭᠦᠯᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠪᠠᠲᠤ ᠰᠠᠭᠤᠷᠢ ᠲᠠᠯᠪᠢᠨ᠎ᠠ᠃
(2024 ᠣᠨ᠎ᠤ 1 ᠰᠠᠷ᠎ᠠ ᠵᠢᠨ 31᠎ᠤ ᠡᠳᠦᠷ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠶᠠᠷᠢᠶ᠎ᠠ)
ᠬᠣᠷᠢ
ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠵᠢᠨ ᠳᠣᠲᠣᠭ᠋ᠠᠳᠤ ᠱᠠᠭ᠋ᠠᠷᠳᠠᠯᠭ᠎ᠠ ᠪᠠ ᠴᠢᠬᠤᠯᠠ ᠬᠦᠴᠦᠯᠡᠬᠦ ᠴᠡᠭ ᠪᠣᠯᠣᠨ᠎ᠠ᠃ ᠠᠲᠠ ᠪᠢ ᠡᠭᠦᠨ᠎ᠤ ᠲᠤᠬᠠᠢ ᠲᠠᠨᠢᠯᠲᠠ᠎ᠪᠠᠨ ᠭᠣᠣᠯᠳᠠᠯᠭ᠎ᠠ᠎ᠲᠠᠢ᠎ᠪᠠᠷ ᠶᠠᠷᠢᠶ᠎ᠠ᠃
ᠨᠢᠳᠤᠨᠤᠨ᠎ᠤ 7 ᠰᠠᠷ᠎ᠠ᠎ᠠᠴᠠ ᠨᠠᠭ᠋ᠠᠰᠢ᠂ ᠪᠢ ᠰᠧᠴᠤᠸᠠᠨ᠂ ᠬᠠᠷᠠᠮᠥ᠋ᠷᠡᠨ᠂ ᠵᠧᠵᠢᠶᠠᠩ᠂ ᠭᠤᠸᠠᠩᠰᠢ ᠵᠡᠷᠭᠡ ᠭᠠᠵᠠᠷ ᠵᠶ᠋ᠠᠷ ᠰᠢᠨᠵᠢᠯᠡᠨ ᠪᠠᠢ᠌ᠴᠠᠭ᠋ᠠᠬᠤ᠎ᠳᠠᠭᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠡᠬᠢ ᠪᠠᠶᠠᠯᠢᠭ᠎ᠢ ᠨᠡᠢ᠌ᠳᠬᠡᠵᠦ᠂ ᠪᠠᠢ᠌ᠯᠳᠤᠬᠤ ᠪᠣᠳᠣᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ ᠪᠣᠯᠣᠨ ᠢᠷᠡᠭᠡᠳᠦᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠳᠤᠷᠠᠳᠪᠠ᠃ 12 ᠰᠠᠷ᠎ᠠ ᠵᠢᠨ ᠳᠤᠮᠳᠠᠴᠢ᠎ᠪᠠᠷ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ ᠳᠡᠭᠡᠷ᠎ᠡ᠂ ᠪᠢ ᠪᠠᠰᠠ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠬᠢᠭᠤᠯᠵᠤ᠂ ᠣᠨᠴᠠᠭ᠋ᠠᠢ᠌ᠯᠠᠨ ᠳᠠᠪᠠᠯᠳᠠᠳᠤ ᠴᠢᠨᠠᠷᠲᠠᠢ ᠮᠡᠷᠭᠡᠵᠢᠯ ᠪᠣᠯᠣᠨ ᠬᠣᠰᠢᠭᠤᠷᠠᠯ ᠮᠡᠷᠭᠡᠵᠢᠯ ᠵᠶ᠋ᠡᠷ ᠰᠢᠨ᠎ᠡ ᠠᠵᠤ ᠦᠢ᠍ᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠬᠦᠴᠦᠨ᠎ᠢ ᠪᠤᠢ ᠪᠣᠯᠭ᠋ᠠᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠦᠨ᠎ᠡ ᠭᠡᠵᠦ ᠳᠤᠷᠠᠳᠪᠠ᠃ ᠪᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠭᠡᠬᠦ ᠡᠨᠡ ᠬᠦ᠌ ᠤᠬᠠᠭᠳᠠᠬᠤᠨ ᠪᠠ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠡᠨᠡ ᠬᠦ᠌ ᠴᠢᠬᠤᠯᠠ ᠶᠡᠬᠡ ᠡᠭᠦᠷᠭᠡ ᠵᠢ ᠳᠤᠷᠠᠳᠤᠨ ᠭᠠᠷᠭ᠋ᠠᠪᠠ᠃ ᠭᠣᠣᠯᠳᠠᠭᠤ᠄ ᠦᠢ᠍ᠯᠡᠳᠪᠦᠷᠢᠯᠡᠯ᠎ᠤᠨ ᠬᠦᠴᠦᠨ ᠪᠣᠯ ᠬᠥᠮᠥᠨ ᠲᠥᠷᠥᠯᠬᠢᠲᠡᠨ᠎ᠤ ᠨᠡᠢ᠌ᠭᠡᠮ᠎ᠤᠨ ᠬᠥᠭᠵᠢᠯᠲᠡ ᠵᠢᠨ ᠦᠨᠳᠦᠰᠦᠨ ᠬᠥᠳᠡᠯᠭᠡᠭᠴᠢ ᠬᠦᠴᠦᠨ ᠮᠥᠨ᠂ ᠪᠠᠰᠠ ᠴᠤ᠌ ᠠᠯᠢᠪᠠ ᠨᠡᠢ᠌ᠭᠡᠮ᠎ᠤᠨ ᠬᠤᠪᠢᠷᠠᠯᠲᠠ ᠪᠠ ᠤᠯᠤᠰ ᠲᠤᠢ᠌ᠷᠦ ᠵᠢᠨ ᠬᠤᠪᠢᠰᠤᠯᠲᠠ ᠵᠢᠨ ᠡᠴᠦᠰ᠎ᠤᠨ ᠰᠢᠯᠲᠠᠭ᠋ᠠᠨ ᠮᠥᠨ ᠭᠡᠳᠡᠭ᠎ᠢ ᠪᠣᠳᠣᠯᠬᠢᠯᠠᠭᠰᠠᠨ ᠶᠤᠮ᠃ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠦᠢ᠍ᠯᠡᠳᠪᠦᠷᠢᠯᠡᠯ᠎ᠤᠨ ᠬᠦᠴᠦᠨ᠎ᠤ ᠤᠨᠤᠯ᠎ᠤᠨ ᠵᠢᠯᠣᠭᠣᠳᠤᠯᠭ᠎ᠠ ᠵᠢ ᠱᠠᠭ᠋ᠠᠷᠳᠠᠪᠠ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠨᠢ ᠦᠢ᠍ᠯᠡᠳᠦᠯᠭᠡ ᠵᠢᠨ ᠳᠤᠮᠳᠠ ᠴᠢᠨᠠᠷ ᠰᠠᠢ᠌ᠲᠠᠢ ᠬᠥᠭᠵᠢᠯᠲᠡ ᠵᠢᠨ ᠬᠦᠴᠦᠷᠬᠡᠭ ᠶᠡᠬᠡ ᠲᠦᠯᠬᠢᠴᠡ ᠬᠦᠴᠦᠨ᠂ ᠲᠤᠯᠭ᠋ᠠᠭᠤᠷᠢᠯᠠᠬᠤ ᠬᠦᠴᠦᠨ᠎ᠢ ᠪᠦᠷᠢᠯᠳᠦᠭᠦᠯᠦᠭᠰᠡᠨ ᠪᠥᠭᠡᠳ ᠢᠯᠡᠷᠡᠭᠦᠯᠵᠦ᠂ ᠪᠢᠳᠡ ᠤᠨᠤᠯ᠎ᠤᠨ ᠲᠠᠯ᠎ᠠ᠎ᠪᠠᠷ ᠳ᠋ᠦᠩᠨᠡᠨ ᠬᠤᠷᠢᠶᠠᠩᠭᠤᠢ᠌ᠯᠠᠵᠤ᠂ ᠲᠡᠭᠦᠨ ᠵᠶ᠋ᠡᠷ ᠰᠢᠨ᠎ᠡ ᠬᠥᠭᠵᠢᠯᠲᠡ ᠵᠢᠨ ᠦᠢ᠍ᠯᠡᠳᠦᠯᠭᠡ ᠵᠢ ᠵᠢᠯᠤᠭᠣᠳᠬᠤ ᠵᠢ ᠱᠠᠭ᠋ᠠᠷᠳᠠᠪᠠ᠃
ᠶᠠᠭᠤ ᠵᠢ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠭᠡᠬᠦ ᠪᠤᠢ? ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠡᠷᠬᠢᠨ ᠬᠥᠭᠵᠢᠭᠦᠯᠬᠦ ᠪᠤᠢ? ᠡᠷᠳᠡᠮ ᠰᠢᠨᠵᠢᠯᠡᠭᠡᠨᠤᠬᠢᠨᠤ ᠵᠠᠷᠢᠮ ᠰᠤᠳᠤᠯᠭ᠋ᠠᠨ᠎ᠤ ᠦᠷ᠎ᠡ ᠪᠦᠲᠦᠭᠡᠯ᠎ᠢ ᠪᠢ ᠪᠣᠳᠣᠯᠬᠢᠯᠠᠭᠰᠠᠭ᠋ᠠᠷ ᠢᠷᠡᠭᠰᠡᠨ ᠪᠥᠭᠡᠳ ᠠᠩᠬᠠᠷᠤᠯ᠎ᠳᠠᠭᠠᠨ ᠠᠪᠤᠭᠰᠠᠭ᠋ᠠᠷ ᠢᠷᠡᠭᠰᠡᠨ ᠶᠤᠮ᠃ ᠬᠤᠷᠢᠶᠠᠩᠭᠤᠢ᠌ᠯᠠᠭ᠋ᠠᠳ ᠬᠡᠯᠡᠪᠡᠯ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ ᠪᠣᠯ ᠰᠢᠨ᠎ᠡ ᠵᠢ ᠡᠭᠦᠳᠬᠦ᠎ᠳᠤ ᠭᠣᠣᠯᠯᠠᠬᠤ ᠦᠢ᠍ᠯᠡᠳᠦᠯ ᠦᠵᠡᠭᠦᠯᠬᠦ᠂ ᠤᠯᠠᠮᠵᠢᠯᠠᠯᠲᠤ ᠠᠵᠤ ᠠᠬᠤᠢ ᠵᠢᠨ ᠨᠡᠮᠡᠭᠳᠡᠯ᠎ᠤᠨ ᠠᠷᠭ᠎ᠠ ᠬᠡᠯᠪᠡᠷᠢ᠂ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢᠨ ᠠᠷᠭ᠎ᠠ ᠵᠠᠮ᠎ᠠᠴᠠ ᠠᠩᠭᠢᠵᠢᠷᠠᠬᠤ᠂ ᠳᠡᠭᠡᠳᠦ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠥᠨᠳᠥᠷ ᠦᠷ᠎ᠡ ᠪᠦᠲᠦᠮᠵᠢ᠎ᠲᠠᠢ᠂ ᠴᠢᠨᠠᠷ ᠰᠠᠢ᠌ᠲᠠᠢ ᠣᠨᠴᠠᠯᠢᠭ᠎ᠲᠠᠢ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠳᠤ ᠨᠡᠶ᠋ᠢᠴᠡᠬᠦ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ᠎ᠤ ᠴᠢᠨᠠᠷ ᠪᠠᠶ᠋ᠢᠳᠠᠯ ᠪᠣᠯᠣᠨ᠎ᠠ᠃ ᠲᠡᠷᠡ᠎ᠨᠢ ᠮᠡᠷᠭᠡᠵᠢᠯ᠎ᠤᠨ ᠬᠤᠪᠢᠰᠬᠠᠯᠴᠢ ᠴᠢᠨᠠᠷᠲᠠᠢ ᠰᠢᠪᠲᠤᠯᠤᠯᠲᠠ᠂ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠰᠢᠨ᠎ᠡ ᠵᠢ ᠡᠭᠦᠳᠬᠦ ᠴᠢᠨᠠᠷᠲᠠᠢ ᠲᠣᠬᠢᠷᠠᠭᠤᠯᠤᠯᠲᠠ᠂ ᠠᠵᠤ ᠦᠢ᠍ᠯᠡᠰ᠎ᠤᠨ ᠭᠦᠨᠵᠡᠭᠡᠢ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠦᠭᠰᠡᠨ᠎ᠠᠴᠠ ᠪᠤᠢ ᠪᠣᠯᠵᠤ᠂ ᠬᠥᠳᠡᠯᠮᠦᠷᠢᠴᠢᠨ᠂ ᠬᠥᠳᠡᠯᠮᠦᠷᠢ ᠵᠢᠨ ᠬᠡᠷᠡᠭᠰᠡᠯ᠂ ᠬᠥᠳᠡᠯᠮᠦᠷᠢᠯᠡᠬᠦ ᠡᠲᠡᠭᠡᠳ ᠵᠢᠴᠢ ᠲᠡᠭᠦᠨ᠎ᠢ ᠰᠢᠯᠢᠳᠡᠭᠵᠢᠭᠦᠯᠦᠨ ᠵᠣᠬᠢᠶᠠᠨ ᠪᠠᠢ᠌ᠭᠤᠯᠤᠭᠰᠠᠨ ᠦᠰᠦᠷᠦᠯᠲᠡ᠎ᠪᠠᠷ ᠦᠨᠳᠦᠰᠦᠨ ᠠᠭᠤᠯᠤᠭᠳᠠᠬᠤᠨ ᠪᠣᠯᠭ᠋ᠠᠵᠤ᠂ ᠪᠦᠬᠦ ᠡᠯᠧᠮᠧᠨ᠋ᠲ᠎ᠤᠨ ᠦᠢ᠍ᠯᠡᠳᠪᠦᠷᠢᠯᠡᠯ᠎ᠤᠨ ᠨᠤᠷᠮ᠎ᠠ ᠵᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠬᠦ᠎ᠪᠠᠷ ᠭᠣᠣᠯ ᠪᠡᠯᠭᠡ ᠲᠡᠮᠳᠡᠭ ᠪᠣᠯᠭ᠋ᠠᠵᠤ᠂ ᠣᠨᠴᠠᠯᠢᠭ᠎ᠨᠢ ᠰᠢᠨ᠎ᠡ ᠵᠢ ᠡᠭᠦᠳᠬᠦ᠎ᠳᠤ ᠪᠤᠢ᠂ ᠵᠠᠩᠭᠢᠯᠠᠭ᠎ᠠ᠎ᠨᠢ ᠶᠠᠰᠤ ᠴᠢᠨᠠᠷ ᠰᠢᠯᠢᠳᠡᠭ᠎ᠲᠤ ᠪᠤᠢ᠂ ᠮᠥᠨ ᠴᠢᠨᠠᠷ᠎ᠨᠢ ᠲᠡᠷᠢᠭᠦᠨ᠎ᠤ ᠦᠢ᠍ᠯᠡᠳᠪᠦᠷᠢᠯᠡᠯ᠎ᠤᠨ ᠬᠦᠴᠦᠨ᠎ᠳᠤ ᠪᠤᠢ᠃
ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠢᠯᠡᠳᠲᠡ ᠣᠨᠴᠠᠯᠢᠭ ᠪᠣᠯ ᠰᠢᠨ᠎ᠡ ᠵᠢ ᠡᠭᠦᠳᠬᠦ ᠶᠠᠪᠤᠳᠠᠯ ᠪᠣᠯᠣᠨ᠎ᠠ᠂ ᠡᠭᠦᠨ᠎ᠳᠤ ᠲᠧᠭᠨᠢᠭ ᠮᠡᠷᠭᠡᠵᠢᠯ ᠪᠠ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠡᠪ ᠵᠠᠭᠪᠤᠷ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢ ᠪᠠᠭᠲᠠᠭ᠋ᠠᠬᠤ ᠮᠥᠷᠲᠡᠭᠡᠨ ᠬᠠᠮᠢᠶᠠᠷᠤᠯᠲᠠ ᠪᠠ ᠳᠦᠷᠢᠮ᠎ᠤᠨ ᠲᠠᠯ᠎ᠠ᠎ᠪᠠᠷ ᠰᠢᠨ᠎ᠡ ᠵᠢ ᠡᠭᠦᠳᠬᠦ ᠵᠢ ᠴᠦ᠍ ᠪᠠᠭᠲᠠᠭ᠋ᠠᠨ᠎ᠠ᠃ ᠡᠷᠬᠡᠪᠰᠢ ᠰᠢᠨ᠎ᠡ ᠵᠢ ᠡᠭᠦᠳᠬᠦ ᠡᠨᠡ ᠬᠦ᠌ ᠲᠣᠮᠣ ᠶᠠᠪᠤᠳᠠᠯ᠎ᠢ ᠦᠷᠭᠦᠯᠵᠢᠯᠡᠨ ᠰᠠᠶ᠋ᠢᠲᠤᠷ ᠬᠢᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠲᠦᠷᠭᠡᠪᠴᠢᠯᠡᠨ ᠬᠥᠭᠵᠢᠬᠦ ᠵᠢ ᠠᠬᠢᠭᠤᠯᠬᠤ ᠬᠡᠷᠡᠭᠲᠡᠶ᠃
(2024 ᠣᠨ᠎ᠤ 1 ᠰᠠᠷ᠎ᠠ ᠵᠢᠨ 31᠎ᠤ ᠡᠳᠦᠷ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠷᠪᠠᠨ ᠨᠢᠭᠡᠳᠦᠭᠡᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠶᠠᠷᠢᠶ᠎ᠠ)
ᠬᠣᠷᠢᠨ ᠨᠢᠭᠡ
ᠴᠢᠨᠠᠷ ᠰᠠᠢ᠌ᠲᠠᠢ ᠬᠥᠭᠵᠢᠯᠲᠡ ᠭᠡᠬᠦ ᠡᠨᠡᠬᠦ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠬᠥᠭᠵᠢᠭᠦᠯᠬᠦ ᠬᠡᠷᠡᠭᠲᠡᠢ᠃ ᠰᠢᠨ᠎ᠡ ᠨᠢᠭᠡᠨ ᠡᠭᠡᠯᠵᠢ ᠵᠢᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠤᠪᠢᠰᠬᠠᠯ ᠪᠠ ᠠᠵᠤ ᠦᠢ᠍ᠯᠡᠰ᠎ᠤᠨ ᠬᠤᠪᠢᠰᠤᠯᠲᠠ ᠵᠢᠨ ᠡᠮᠦᠨ᠎ᠡ᠂ ᠪᠢᠳᠡ ᠡᠷᠬᠡᠪᠰᠢ ᠠᠵᠠ ᠲᠣᠬᠢᠶᠠᠯ᠎ᠢ ᠠᠮᠵᠢᠵᠤ᠂ ᠰᠢᠨ᠎ᠡ ᠵᠢ ᠡᠭᠦᠳᠬᠦ ᠡᠷᠴᠢᠮ ᠵᠶ᠋ᠡᠨ ᠴᠢᠩᠭ᠋ᠠᠷᠠᠭᠤᠯᠵᠤ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠣᠢ᠌ᠵᠢᠭᠤᠯᠤᠨ ᠪᠤᠵᠠᠭ᠋ᠠᠢ᠌ᠷᠠᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠤᠷᠢᠳᠴᠢᠯᠠᠨ ᠪᠠᠢ᠌ᠷᠢᠰᠢᠭᠤᠯᠤᠨ ᠪᠦᠲᠦᠭᠡᠨ ᠪᠠᠢ᠌ᠭᠤᠯᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠪᠴᠢᠯᠡᠨ ᠪᠠᠢ᠌ᠭᠤᠯᠬᠤ ᠬᠡᠷᠡᠭᠲᠡᠶ᠃ ᠬᠡᠯᠡᠯᠭᠡᠨ ᠦᠭᠡᠢ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠤᠯᠠᠮᠵᠢᠯᠠᠯᠲᠤ ᠠᠵᠤ ᠦᠢ᠍ᠯᠡᠰ᠎ᠢ ᠣᠮᠲᠣᠭ᠋ᠠᠢ᠌ᠯᠠᠵᠤ᠂ ᠲᠠᠶᠠᠭᠳᠠᠬᠤ ᠭᠡᠰᠡᠨ ᠶᠠᠪᠤᠳᠠᠯ ᠪᠢᠰᠢ᠂ ᠨᠢᠭᠡ ᠯᠡ ᠳᠣᠣᠷ᠎ᠠ ᠳᠦᠷᠬᠢᠷᠡᠨ ᠬᠥᠭᠡᠷᠬᠦ᠂ ᠬᠥᠭᠡᠰᠦᠷᠡᠬᠦ ᠵᠢ ᠰᠡᠷᠭᠡᠢ᠌ᠯᠡᠬᠦ ᠬᠡᠷᠡᠭᠲᠡᠶ᠂ ᠨᠢᠭᠡ ᠵᠦᠢ᠍ᠯ᠎ᠤᠨ ᠬᠡᠪ ᠵᠠᠭᠪᠤᠷ᠎ᠢ ᠭᠠᠷᠭ᠋ᠠᠵᠤ ᠪᠣᠯᠬᠤ ᠦᠭᠡᠢ᠃ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠠᠴᠠ᠎ᠪᠠᠨ ᠡᠭᠦᠰᠬᠦ ᠵᠢ ᠪᠠᠷᠢᠮᠲᠠᠯᠠᠵᠤ᠂ ᠤᠷᠢᠳᠠᠪᠠᠷ ᠪᠠᠢ᠌ᠭᠤᠯᠵᠤ ᠳᠠᠷᠠᠭ᠎ᠠ᠎ᠨᠢ ᠡᠪᠳᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ᠂ ᠳᠦᠷᠦᠯ ᠬᠤᠪᠢᠶᠠᠨ ᠵᠢᠯᠤᠭᠣᠳᠬᠤ ᠬᠡᠷᠡᠭᠲᠡᠶ᠃ ᠲᠤᠰ ᠭᠠᠵᠠᠷ ᠣᠷᠣᠨ᠎ᠤ᠎ᠪᠠᠨ ᠡᠬᠢ ᠪᠠᠶᠠᠯᠢᠭ᠎ᠤᠨ ᠳᠠᠪᠠᠭᠤᠯᠢᠭ᠂ ᠠᠵᠤ ᠦᠢ᠍ᠯᠡᠰ᠎ᠤᠨ ᠰᠠᠭᠤᠷᠢ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠨᠥᠬᠥᠴᠡᠯ ᠵᠡᠷᠭᠡ ᠵᠢ ᠦᠨᠳᠦᠰᠦᠯᠡᠵᠦ᠂ ᠰᠢᠨ᠎ᠡ ᠠᠵᠤ ᠦᠢ᠍ᠯᠡᠰ᠂ ᠰᠢᠨ᠎ᠡ ᠵᠠᠭᠪᠤᠷ᠂ ᠰᠢᠨ᠎ᠡ ᠬᠥᠳᠡᠯᠭᠡᠬᠦ ᠬᠦᠴᠦᠨ᠎ᠤ ᠬᠥᠭᠵᠢᠯᠲᠡ ᠵᠢ ᠰᠣᠩᠭᠣᠯᠲᠠᠲᠠᠢᠪᠠᠷ ᠠᠬᠢᠭᠤᠯᠵᠤ᠂ ᠰᠢᠨ᠎ᠡ ᠮᠡᠷᠭᠡᠵᠢᠯ ᠵᠶ᠋ᠡᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠠᠵᠤ ᠦᠢ᠍ᠯᠡᠰ᠎ᠤᠨ ᠳᠡᠭᠡᠳᠦ ᠲᠡᠰ᠎ᠤᠨ᠂ ᠣᠶᠤᠨᠴᠢᠯᠠᠭᠰᠠᠨ᠂ ᠪᠣᠬᠢᠷᠲᠤᠯ ᠦᠭᠡᠢ ᠪᠣᠯᠬᠤ ᠵᠢ ᠢᠳᠡᠪᠬᠢᠲᠡᠢ ᠠᠬᠢᠭᠤᠯᠬᠤ ᠬᠡᠷᠡᠭᠲᠡᠢ᠃
(2024 ᠣᠨ᠎ᠤ 3 ᠰᠠᠷ᠎ᠠ ᠵᠢᠨ 5᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯ ᠳᠡᠭᠡᠷ᠎ᠡ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ ᠦᠶ᠎ᠡ ᠵᠢᠨ ᠶᠠᠷᠢᠶ᠎ᠠ)
ᠬᠣᠷᠢᠨ ᠬᠣᠶᠠᠷ
ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠬᠥᠭᠵᠢᠯᠲᠡ ᠵᠢᠨ ᠳᠣᠲᠣᠭ᠋ᠠᠳᠤ ᠵᠢᠨ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭ᠋ᠠᠷᠠᠭᠤᠯᠤᠨ᠎ᠠ᠃ ᠥᠭᠡᠷᠡᠴᠢᠯᠡᠯᠲᠡ ᠵᠢ ᠤᠯᠠᠮ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠴᠢᠬᠤᠯᠠ ᠶᠡᠬᠡ ᠠᠷᠭ᠎ᠠ ᠬᠡᠮᠵᠢᠶ᠎ᠡ ᠵᠢ ᠰᠦᠪᠡᠭᠴᠢᠯᠡᠵᠦ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠦᠷᠭᠦᠯᠵᠢᠯᠡᠨ ᠬᠦᠴᠦᠷᠬᠡᠭ ᠶᠡᠬᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ᠥᠨᠳᠥᠷ ᠬᠢᠷᠢ ᠲᠦᠪᠰᠢᠨ ᠪᠦᠬᠦᠢ ᠨᠡᠢ᠌ᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠪᠠᠢ᠌ᠭᠤᠯᠤᠯ᠎ᠢ ᠪᠠᠢ᠌ᠭᠤᠯᠬᠤ᠎ᠪᠠᠷ ᠭᠣᠣᠯᠯᠠᠭᠤᠯᠤᠨ᠂ ᠡᠯᠧᠮᠧᠨ᠋ᠲ᠎ᠤᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠥᠨᠳᠥᠷ ᠪᠠᠷᠢᠮᠵᠢᠶᠠᠲᠤ ᠵᠠᠬ᠎ᠠ ᠳᠡᠯᠭᠡᠭᠦᠷ᠎ᠤᠨ ᠰᠢᠰᠲ᠋ᠧᠮ᠎ᠢ ᠪᠠᠢ᠌ᠭᠤᠯᠵᠤ᠂ ᠥᠮᠴᠢᠯᠡᠯ᠎ᠤᠨ ᠡᠷᠬᠡ ᠵᠢ ᠬᠠᠮᠠᠭ᠋ᠠᠯᠠᠬᠤ᠂ ᠵᠠᠬ᠎ᠠ ᠳᠡᠯᠭᠡᠭᠦᠷ᠎ᠲᠤ ᠣᠷᠣᠬᠤ ᠵᠢ ᠵᠥᠪᠰᠢᠶᠡᠷᠡᠬᠦ᠂ ᠭᠣᠣᠯᠴᠢ᠎ᠪᠠᠷ ᠥᠷᠢᠰᠥᠯᠳᠦᠬᠦ᠂ ᠨᠡᠢ᠌ᠭᠡᠮ᠎ᠤᠨ ᠢᠲᠡᠭᠡᠮᠵᠢ ᠵᠡᠷᠭᠡ ᠵᠠᠬ᠎ᠠ ᠳᠡᠯᠭᠡᠭᠦᠷ᠎ᠤᠨ ᠠᠵᠤ ᠠᠬᠤᠢ ᠵᠢᠨ ᠰᠠᠭᠤᠷᠢ ᠳᠦᠷᠢᠮ᠎ᠢ ᠲᠦᠷᠭᠡᠪᠴᠢᠯᠡᠨ ᠲᠡᠭᠦᠯᠳᠡᠷᠵᠢᠭᠦᠯᠬᠦ ᠬᠡᠷᠡᠭᠲᠡᠶ᠃ 《ᠬᠣᠶᠠᠷ ᠥᠴᠥᠬᠡᠨ ᠴᠦ᠍ ᠭᠤᠶ᠋ᠢᠪᠢᠰᠢ ᠦᠭᠡᠢ》 ᠪᠠᠢ᠌ᠭᠤᠯᠤᠯ ᠲᠣᠭᠲᠠᠴᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ ᠨᠠᠢ᠌ᠳᠠᠪᠤᠷᠢᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠳᠤ ᠡᠷᠬᠡ ᠲᠡᠭᠰᠢ᠎ᠪᠠᠷ ᠣᠷᠣᠯᠴᠠᠬᠤ ᠵᠢ ᠬᠢᠵᠠᠭ᠋ᠠᠷᠯᠠᠵᠤ ᠪᠠᠢ᠌ᠭ᠎ᠠ ᠬᠠᠷᠰᠢ ᠰᠠᠭ᠋ᠠᠳ᠎ᠢ ᠪᠦᠲᠦᠮᠵᠢᠲᠡᠢ᠎ᠪᠠᠷ ᠠᠷᠢᠯᠭ᠋ᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ ᠪᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ ᠳᠡᠮᠵᠢᠵᠦ᠂ ᠡᠯ᠎ᠡ ᠲᠥᠷᠥᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠳᠣᠲᠣᠭ᠋ᠠᠳᠤ ᠵᠢᠨ ᠬᠥᠳᠡᠯᠭᠡᠬᠦ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠬᠥᠭᠵᠢᠭᠡᠬᠦ ᠬᠡᠷᠡᠭᠲᠡᠶ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠢ᠌ᠭᠤᠯᠤᠯ᠂ ᠰᠤᠷᠭ᠋ᠠᠨ ᠬᠥᠮᠦᠵᠢᠯ᠎ᠤᠨ ᠪᠠᠢ᠌ᠭᠤᠯᠤᠯ᠂ ᠴᠢᠳᠠᠪᠤᠷᠢᠲᠠᠨ᠎ᠤ ᠪᠠᠢ᠌ᠭᠤᠯᠤᠯ ᠵᠡᠷᠭᠡ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠦᠯᠢᠶᠡᠰᠦᠯᠡᠵᠦ ᠪᠠᠢ᠌ᠭ᠎ᠠ ᠬᠠᠷᠰᠢ ᠰᠠᠭ᠋ᠠᠳ᠎ᠢ ᠬᠦᠴᠦᠯᠡᠨ ᠨᠡᠪᠲᠡᠷᠡᠭᠦᠯᠬᠦ ᠬᠡᠷᠡᠭᠲᠡᠶ᠃ ᠳᠦᠷᠢᠮ᠎ᠤᠨ ᠬᠡᠯᠪᠡᠷᠢ ᠵᠢᠨ ᠨᠡᠭᠡᠭᠡᠯᠲᠡ ᠵᠢᠨ ᠡᠷᠴᠢᠮ᠎ᠢ ᠴᠢᠩᠭ᠋ᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠢ᠌ᠵᠢᠭᠰᠡᠨ ᠲᠡᠷᠢᠭᠦᠨ᠎ᠤ ᠡᠵᠡᠩᠨᠡᠯᠲᠡ ᠵᠢᠨ ᠣᠷᠴᠢᠨ ᠲᠣᠭᠣᠷᠢᠨ᠎ᠢ ᠦᠷᠭᠦᠯᠵᠢᠯᠡᠨ ᠪᠠᠢ᠌ᠭᠤᠯᠵᠤ᠂ ᠨᠡᠩ ᠥᠨᠳᠥᠷ ᠲᠦᠪᠰᠢᠨ ᠪᠦᠬᠦᠢ ᠨᠡᠭᠡᠭᠡᠯᠲᠡᠲᠤ ᠬᠡᠯᠪᠡᠷᠢ ᠵᠢᠨ ᠠᠵᠤ ᠠᠬᠤᠢ ᠵᠢᠨ ᠰᠢᠨ᠎ᠡ ᠳᠠᠪᠠᠭᠤᠯᠢᠭ᠎ᠢ ᠪᠤᠢ ᠪᠣᠯᠭ᠋ᠠᠬᠤ ᠬᠡᠷᠡᠭᠲᠡᠢ᠃
(2024 ᠣᠨ᠎ᠤ 3 ᠰᠠᠷ᠎ᠠ ᠵᠢᠨ 5᠎ᠤ ᠡᠳᠦᠷ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠣᠶᠠᠳᠤᠭ᠋ᠠᠷ ᠬᠤᠷᠠᠯᠳᠤᠭ᠋ᠠᠨ᠎ᠤ ᠵᠢᠶᠠᠩᠰᠤ ᠵᠢᠨ ᠲᠥᠯᠥᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ ᠦᠶ᠎ᠡ ᠵᠢᠨ ᠶᠠᠷᠢᠶ᠎ᠠ)
ᠡᠨᠡ ᠪᠣᠯ ᠶᠡᠷᠦᠩᠬᠡᠢ ᠱᠦᠵᠢ ᠰᠢ ᠵᠢᠨ ᠫᠢᠩ᠎ᠤᠨ 2017 ᠣᠨ᠎ᠤ 10 ᠰᠠᠷ᠎ᠠ ᠠᠴᠠ 2024 ᠣᠨ᠎ᠤ 3 ᠰᠠᠷ᠎ᠠ ᠬᠦᠷᠲᠡᠯᠡᠬᠢ ᠬᠤᠭᠤᠴᠠᠭ᠋ᠠᠨ᠎ᠳᠠᠬᠢ ᠮᠠᠨ᠎ᠤ ᠤᠯᠤᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠪᠠᠶ᠋ᠢᠳᠠᠯ᠎ᠢ ᠪᠤᠢ ᠪᠣᠯᠭ᠋ᠠᠬᠤ ᠲᠤᠬᠠᠢ ᠴᠢᠬᠤᠯᠠ ᠥᠭᠦᠯᠡᠯᠲᠡ ᠵᠢᠨ ᠬᠡᠰᠡᠭᠯᠡᠯ ᠪᠣᠯᠣᠨ᠎ᠠ᠃