ᠥᠪᠥᠷ ᠮᠣᠩᠭᠣᠯ᠎ᠤᠨ ᠪᠠᠷᠠᠭᠤᠨ ᠬᠡᠰᠡᠭ᠎ᠲᠤ ᠪᠠᠢ᠌ᠭ᠎ᠠ ᠦᠬᠠᠢ ᠬᠤᠳᠠ ᠵᠢ ᠨᠡᠭᠦᠷᠡᠰᠦ ᠵᠢᠨ ᠲᠥᠯᠥᠭᠡ ᠪᠠᠢ᠌ᠭᠤᠯᠵᠤ᠂ ᠨᠡᠭᠦᠷᠡᠰᠦ᠎ᠪᠠᠷ ᠵᠶ᠋ᠡᠨ ᠨᠡᠷ᠎ᠡ ᠠᠯᠳᠠᠷᠰᠢᠵᠤ᠂ ᠲᠤᠰ ᠬᠤᠳᠠ ᠵᠢᠨ ᠨᠣᠭᠣᠭ᠋ᠠᠨ ᠥᠩᠭᠡ᠎ᠨᠢ ᠨᠡᠭᠦᠷᠡᠰᠦᠲᠠᠢᠪᠠᠨ ᠠᠳᠠᠯᠢ᠎ᠪᠠᠷ ᠨᠡᠷ᠎ᠡ ᠠᠯᠳᠠᠷᠰᠢᠵᠠᠢ᠃ ᠬᠡᠳᠦᠨ ᠵᠢᠯ᠎ᠤᠨ ᠡᠮᠦᠨ᠎ᠡ᠂ ᠲᠡᠨᠳᠡᠬᠢ ᠨᠣᠭᠣᠭ᠋ᠠᠨ ᠥᠩᠭᠡ ᠵᠣᠬᠢᠶᠠᠭᠴᠢ᠎ᠳᠤ ᠭᠦᠨ ᠰᠠᠭᠤᠭᠳᠠᠯ ᠦᠯᠡᠳᠡᠭᠡᠵᠡᠢ᠃ ᠣᠢ᠌ᠷ᠎ᠠ᠎ᠳᠤ᠂ ᠵᠣᠬᠢᠶᠠᠭᠴᠢ ᠳᠠᠬᠢᠨᠲᠠ ᠡᠨᠡ ᠬᠦ᠌ ᠨᠣᠭᠣᠭ᠋ᠠᠨ ᠥᠩᠭᠡ ᠵᠢᠨ ᠶᠢᠷᠲᠢᠨᠴᠦ᠎ᠪᠠᠷ ᠠᠶᠠᠯᠠᠵᠤ᠂ ᠭᠠᠳᠠᠭ᠋ᠠᠳᠤ ᠶᠢᠷᠲᠢᠨᠴᠦ ᠵᠢᠨ ᠠᠯᠢ ᠤᠯᠠᠨ ᠰᠢᠨ᠎ᠡ ᠰᠣᠷᠭᠣᠭ ᠮᠡᠳᠡᠯᠭᠡ ᠵᠢ ᠬᠠᠢ᠌ᠨ ᠰᠦᠪᠡᠭᠴᠢᠯᠡᠯ᠎ᠡ ᠁
ᠦᠬᠠᠢ ᠵᠢᠨ ᠬᠥᠮᠥᠰ ᠠᠮᠢ ᠠᠬᠤᠢ ᠵᠢᠨ ᠪᠦᠲᠦᠭᠡᠨ ᠪᠠᠢ᠌ᠭᠤᠯᠤᠯᠲᠠ ᠵᠢᠨ ᠠᠮᠵᠢᠯᠲᠠ ᠪᠦᠲᠦᠮᠵᠢ᠎ᠪᠠᠨ ᠢᠩᠭᠢᠵᠦ ᠲᠠᠨᠢᠯᠴᠠᠭᠤᠯᠳᠠᠭ᠄ 1976 ᠣᠨ᠎ᠳᠤ ᠬᠣᠲᠠ ᠪᠠᠢ᠌ᠭᠤᠯᠤᠭᠳᠠᠭᠰᠠᠨ ᠡᠬᠢᠨ᠎ᠤ ᠬᠤᠭᠤᠴᠠᠭ᠋ᠠᠨ᠎ᠳᠤ᠂ ᠪᠥᠬᠥ ᠬᠣᠲᠠ ᠵᠢᠨ ᠣᠢ ᠰᠢᠭᠤᠢ ᠵᠢᠨ ᠲᠠᠯᠠᠪᠠᠶ ᠵᠥᠪᠬᠡᠨ 533.3 ᠾᠧᠺᠲ᠋ᠠᠷ ᠪᠠᠢ᠌ᠵᠤ᠂ ᠣᠢ ᠰᠢᠭᠤᠢ ᠵᠢᠨ ᠪᠦᠷᠬᠦᠴᠡ ᠵᠢᠨ ᠨᠣᠷᠮ᠎ᠠ ᠵᠥᠪᠬᠡᠨ 0.38% ᠪᠠᠶ᠋ᠢᠪᠠ᠃ ᠣᠳᠣᠬᠠᠨ᠎ᠳᠤ᠂ ᠲᠤᠬᠠᠢ ᠵᠢᠨ ᠭᠠᠵᠠᠷ᠎ᠤᠨ ᠪᠠᠢ᠌ᠭᠤᠯᠤᠭᠰᠠᠨ ᠲᠣᠭᠣᠷᠢᠭ᠎ᠤᠨ ᠨᠣᠭᠣᠭ᠋ᠠᠷᠠᠭᠤᠯᠤᠯᠲᠠ ᠵᠢᠨ ᠪᠦᠷᠬᠦᠴᠡ ᠵᠢᠨ ᠨᠣᠷᠮ᠎ᠠ 43%᠎ᠳᠤ ᠬᠦᠷᠴᠦ᠂ ᠬᠥᠮᠥᠨ ᠳᠤᠮᠳᠠᠴᠢ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠲᠠᠯᠠᠪᠠᠶ 19.5 ᠲᠡᠭᠰᠢ ᠳᠥᠷᠪᠡᠯᠵᠢᠨ ᠮᠧᠲᠷ᠎ᠲᠤ ᠬᠦᠷᠦᠭᠰᠡᠨ ᠪᠥᠭᠡᠳ ᠤᠷᠢᠳ ᠬᠣᠵᠢᠳ 《ᠪᠥᠬᠥ ᠤᠯᠤᠰ᠎ᠤᠨ ᠨᠣᠭᠣᠭ᠋ᠠᠷᠠᠭᠤᠯᠤᠯᠲᠠ ᠵᠢᠨ ᠵᠢᠱ᠌ᠢᠶᠡᠴᠢ ᠬᠣᠲᠠ》 《ᠤᠯᠤᠰ᠎ᠤᠨ ᠴᠡᠴᠡᠷᠯᠢᠭ᠎ᠤᠨ ᠬᠣᠲᠠ》 ᠵᠢᠨ ᠡᠩᠨᠡᠭᠡᠨ᠎ᠳᠤ ᠣᠷᠣᠭᠰᠠᠨ ᠪᠠᠢ᠌ᠨ᠎ᠠ᠃ ᠲᠣᠭ᠎ᠠ ᠪᠠᠷᠢᠮᠲᠠ ᠵᠢ ᠦᠵᠡᠬᠦ᠎ᠳᠤ ᠰᠣᠨᠢᠷᠬᠠᠯ ᠦᠭᠡᠢ ᠪᠣᠯᠪᠠᠴᠤ᠂ ᠲᠡᠭᠦᠨ᠎ᠤ ᠠᠷᠤ᠎ᠳᠤ ᠬᠠᠷᠢᠨ ᠮᠠᠰᠢ ᠤᠯᠠᠨ ᠬᠥᠮᠥᠨ᠎ᠢ ᠰᠣᠴᠢᠭ᠋ᠠᠮ᠎ᠠ ᠪᠠ ᠳᠣᠭᠳᠣᠯᠤᠭᠤᠯᠤᠯ ᠶᠠᠪᠤᠳᠠᠯ ᠠᠭᠤᠯᠵᠤ ᠪᠠᠢ᠌ᠳᠠᠭ᠃
ᠨᠢᠰᠬᠡᠯ ᠳᠡᠭᠡᠷ᠎ᠡ᠎ᠠᠴᠠ ᠬᠠᠷᠠᠬᠤ᠎ᠳᠤ᠂ ᠬᠠᠳᠤᠨ ᠭᠣᠣᠯ ᠬᠤᠳᠠ ᠵᠢᠨ ᠲᠥᠪ ᠵᠶ᠋ᠡᠷ ᠤᠷᠤᠰ᠎ᠤᠨ ᠥᠩᠭᠡᠷᠡᠨ᠎ᠡ᠃ ᠬᠤᠳᠠ᠎ᠨᠢ ᠤᠯᠠᠭ᠋ᠠᠨᠪᠤᠬ᠎ᠠ᠂ ᠬᠥᠪᠴᠢ᠂ ᠮᠤᠤᠠᠤᠰᠤ ᠵᠡᠷᠭᠡ ᠭᠤᠷᠪᠠᠨ ᠶᠡᠬᠡ ᠡᠯᠡᠰᠦᠨ ᠴᠦᠯ᠎ᠤᠨ ᠠᠭᠤᠯᠵᠠᠷ᠎ᠲᠤ ᠪᠠᠢ᠌ᠷᠢᠯᠠᠳᠠᠭ᠂ ᠭᠡᠪᠡᠴᠦ ᠬᠤᠳᠠ ᠵᠢᠨ ᠲᠣᠭᠣᠷᠢᠭ ᠵᠢᠴᠢ ᠲᠡᠭᠦᠨ᠎ᠤ ᠡᠷᠬᠢᠨ ᠲᠣᠭᠣᠷᠢᠨ᠎ᠳᠤ ᠬᠠᠷᠢᠨ ᠢᠭᠴᠤ ᠰᠠᠬᠤᠯᠢᠭ ᠨᠣᠮᠢᠨ ᠨᠣᠭᠣᠭ᠋ᠠᠨ ᠮᠣᠳᠣ ᠬᠠᠷᠠᠭ᠎ᠠ ᠳᠦᠭᠦᠷᠡᠩ ᠬᠥᠬᠡᠷᠡᠨ ᠨᠣᠭᠣᠭ᠋ᠠᠷᠠᠨᠠ᠃ ᠬᠥᠮᠥᠰ᠎ᠤᠨ ᠦᠵᠡᠯ ᠪᠤᠳᠤᠯ ᠰᠢᠨᠡᠳᠴᠦ᠂ ᠦᠬᠠᠢ ᠬᠤᠳᠠ᠎ᠨᠢ ᠲᠡᠷᠡ ᠴᠢᠭ ᠵᠶ᠋ᠡᠷ ᠵᠶ᠋ᠡᠨ ᠵᠣᠬᠢᠶᠠᠮᠠᠯ ᠪᠠᠶᠠᠨ ᠪᠦᠷᠢᠳᠦ ᠪᠠᠶ᠋ᠢᠵᠠᠶ᠃ ᠡᠨᠡ ᠬᠦ᠌ ᠨᠣᠭᠣᠭ᠋ᠠᠨ ᠪᠦᠷᠢᠳᠦ ᠵᠡᠭᠦᠨ ᠬᠡᠰᠡᠭ᠎ᠤᠨ ᠬᠠᠲᠤᠨ ᠭᠣᠣᠯ᠎ᠤᠨ ᠲᠣᠬᠣᠢ ᠳᠠᠭ᠋ᠠᠤ ᠲᠠᠯ᠎ᠠ ᠭᠠᠵᠠᠷ᠎ᠤᠨ ᠨᠣᠭᠣᠭ᠋ᠠᠨ ᠪᠦᠷᠢᠳᠦ ᠵᠢᠨ ᠣᠷᠣᠨ᠎ᠳᠤ ᠬᠠᠷᠢᠶᠠᠯᠠᠭᠳᠠᠪᠠᠯ ᠵᠣᠬᠢᠨ᠎ᠠ᠂ ᠤᠤᠯ᠎ᠨᠢ ᠵᠥᠪᠬᠡᠨ ᠨᠣᠭᠣᠭ᠋ᠠᠨ ᠪᠦᠷᠢᠳᠦ ᠵᠢ ᠢᠦᠢ ᠮᠧᠨ ᠭᠤᠸᠠᠨ ᠪᠣᠭᠣᠮᠲᠠ᠎ᠠᠴᠠ ᠪᠠᠷᠠᠭᠤᠨᠰᠢ ᠪᠤᠶᠤ ᠴᠡᠢ᠌ᠳᠡᠮ᠎ᠤᠨ ᠬᠣᠲᠣᠭᠣᠷ᠎ᠲᠤ ᠪᠠᠢ᠌ᠪᠠᠯ ᠵᠣᠬᠢᠨ᠎ᠠ ᠭᠡᠵᠦ ᠪᠣᠳᠣᠵᠤ ᠪᠠᠶ᠋ᠢᠵᠠᠶ᠂ ᠥᠨᠥ ᠨᠢᠳᠦᠨ ᠡᠮᠦᠨ᠎ᠡ ᠲᠣᠳᠣᠷᠠᠵᠤ᠂ ᠪᠢᠳᠡᠨ᠎ᠠᠴᠠ ᠡᠢ᠌ᠮᠦ ᠯᠡ ᠣᠶ᠋ᠢᠷᠠᠬᠠᠨ ᠪᠠᠢ᠌ᠯ᠎ᠠ᠃
ᠥᠷᠯᠥᠭᠡ ᠡᠷᠲᠡ ᠵᠣᠬᠢᠶᠠᠭᠴᠢ ᠣᠢ ᠮᠣᠳᠣ ᠨᠣᠭᠣᠭ᠋ᠠᠷᠠᠭᠰᠠᠨ᠂ ᠴᠡᠴᠡᠭ ᠡᠪᠡᠰᠦ ᠢᠭᠴᠤ ᠰᠠᠬᠤᠯᠢᠭ ᠠᠷᠠᠳ᠎ᠤᠨ ᠴᠡᠴᠡᠷᠯᠢᠭ᠎ᠲᠤ ᠬᠦᠷᠴᠦ ᠢᠷᠠᠯ᠎ᠠ᠃ ᠲᠣᠰ ᠴᠡᠴᠡᠷᠯᠢᠭ ᠪᠣᠯ ᠦᠬᠠᠢ ᠵᠢᠨ ᠬᠠᠮᠤᠭ᠎ᠤᠨ ᠡᠷᠲᠡᠨ᠎ᠤ ᠪᠥᠭᠡᠳ ᠴᠣᠷ᠎ᠤᠨ ᠭᠠᠭᠴᠠ ᠰᠣᠨᠢᠷᠬᠠᠬᠤ᠂ ᠠᠮᠠᠷᠠᠬᠤ᠂ ᠪᠡᠶ᠎ᠡ ᠴᠢᠭᠢᠷᠠᠭᠵᠢᠭᠤᠯᠬᠤ ᠵᠡᠷᠭᠡ ᠵᠢ ᠨᠢᠭᠡ ᠴᠣᠭᠴᠠᠵᠢᠭᠤᠯᠤᠭᠰᠠᠨ ᠶᠡᠷᠦᠩᠬᠡᠢ᠌ᠯᠡᠭᠰᠡᠨ ᠴᠢᠨᠠᠷᠲᠠᠢ ᠵᠠᠳᠠᠭ᠋ᠠᠢ ᠴᠡᠴᠡᠷᠯᠢᠭ ᠪᠣᠯᠣᠨ᠎ᠠ᠃ ᠨᠣᠭᠣᠭ᠋ᠠᠷᠠᠭᠤᠯᠤᠭᠰᠠᠨ ᠭᠠᠵᠠᠷ᠎ᠨᠢ ᠴᠡᠴᠡᠷᠯᠢᠭ᠎ᠤᠨ ᠶᠡᠷᠦᠩᠬᠡᠢ ᠲᠠᠯᠠᠪᠠᠶ ᠵᠢᠨ 70%᠎ᠠᠴᠠ ᠳᠡᠭᠡᠭᠰᠢᠬᠢ ᠵᠢ ᠡᠵᠡᠯᠡᠵᠦ᠂ ᠡᠯ᠎ᠡ ᠲᠥᠷᠥᠯ᠎ᠤᠨ ᠲᠤᠷᠤᠭ ᠪᠤᠲᠠ ᠮᠣᠳᠣ ᠵᠢ ᠨᠠᠢ᠌ᠳᠠ 40 ᠭᠠᠷᠤᠢ ᠵᠦᠢ᠍ᠯ ᠳᠠᠷᠢᠵᠠᠢ᠃ ᠥᠨᠳᠥᠷ ᠪᠣᠭᠣᠨᠢ᠎ᠨᠢ ᠰᠣᠯᠪᠢᠴᠠᠵᠤ᠂ ᠥᠩᠭᠡ ᠪᠤᠳᠤᠭ᠎ᠨᠢ ᠮᠢᠷᠠᠯᠵᠠᠭᠰᠠᠨ ᠤᠷᠭᠤᠮᠠᠯ᠎ᠤᠨ ᠪᠦᠯᠦᠭ ᠪᠣᠯᠣᠨ ᠤᠰᠤᠨ ᠳᠡᠭᠡᠷ᠎ᠡ ᠬᠦᠪᠦᠯᠵᠡᠬᠦ ᠬᠡᠰᠡᠭ ᠬᠡᠰᠡᠭ ᠨᠣᠭᠣᠭ᠋ᠠᠨ ᠯᠢᠩᠬᠤ᠎ᠠ ᠵᠢᠨ ᠨᠠᠪᠴᠢᠰ ᠡᠦ ᠭᠤᠸᠠᠨ ᠵᠥᠩ ᠠᠪᠤᠭ᠋ᠠᠢ ᠵᠢᠨ ᠪᠢᠷ᠎ᠤᠨ ᠳᠣᠣᠷᠠᠬᠢ ᠵᠢᠶᠠᠩᠨᠠᠨ ᠣᠷᠣᠨ᠎ᠢ ᠥᠪᠡᠷ᠎ᠤᠨ ᠡᠷᠬᠡ ᠦᠭᠡᠢ ᠰᠠᠨᠠᠭ᠋ᠠᠨ᠎ᠳᠤ ᠣᠷᠣᠭᠤᠯᠤᠨ᠎ᠠ᠃ ᠬᠠᠮᠲᠤ ᠶᠠᠪᠤᠭ᠎ᠠ ᠲᠤᠬᠠᠢ ᠵᠢᠨ ᠭᠠᠵᠠᠷ᠎ᠤᠨ ᠨᠠᠢ᠌ᠵᠠ ᠰᠡᠳᠬᠢᠯ ᠳᠣᠭᠳᠣᠯᠤᠨ ᠶᠠᠷᠢᠨ᠎ᠠ᠃ ᠦᠬᠠᠢ ᠵᠢᠨ ᠠᠬᠠᠮᠠᠳ ᠨᠢᠭᠡ ᠦᠶ᠎ᠡ ᠵᠢᠨ᠎ᠬᠢᠨ ᠡᠨᠡ ᠨᠤᠲᠤᠭ᠎ᠲᠠᠭᠠᠨ ᠦᠨᠡᠬᠡᠷ ᠬᠠᠢ᠌ᠷ᠎ᠠ ᠰᠡᠳᠬᠢᠯᠭᠡ ᠭᠦᠨ ᠁
ᠬᠣᠲᠠ ᠵᠢᠨ ᠲᠣᠭᠣᠷᠢᠭ᠎ᠤᠨ ᠬᠣᠢ᠌ᠭᠤᠷ ᠪᠠᠢ᠌ᠭ᠎ᠠ ᠤᠷᠭᠤᠮᠠᠯ᠎ᠤᠨ ᠬᠦᠷᠢᠶᠡᠯᠡᠩ᠎ᠳᠤ ᠲᠤᠬᠠᠢ ᠵᠢᠨ ᠭᠠᠵᠠᠷ᠎ᠤᠨ ᠬᠠᠮᠤᠭ ᠤᠯᠠᠨ ᠲᠥᠷᠥᠯ᠎ᠤᠨ ᠤᠷᠭᠤᠮᠠᠯ ᠪᠠᠢ᠌ᠳᠠᠭ᠃ ᠣᠢ᠌ᠯᠠᠭ᠋ᠠᠭᠰᠠᠨ ᠵᠶ᠋ᠠᠷ᠂ ᠴᠡᠴᠡᠷᠯᠢᠭ᠎ᠲᠤ ᠵᠢᠭ᠋ᠠᠷᠲᠤ ᠨᠠᠷᠠᠰᠤ᠂ ᠰᠢᠨᠵᠢᠶᠠᠩ᠎ᠤᠨ ᠤᠯᠢᠶᠠᠰᠤ᠂ ᠨᠣᠭᠣᠭ᠋ᠠᠨ ᠲᠤᠭᠤᠷ᠂ ᠬᠣᠩᠭᠤᠷᠴᠠᠭ ᠮᠣᠳᠣ᠂ ᠭᠣᠣᠯᠲᠤ ᠪᠣᠷᠣ᠂ ᠬᠠᠢ᠌ᠲᠠᠩ᠂ ᠤᠯᠠᠭ᠋ᠠᠨ ᠲᠠᠷᠠᠨᠠᠢ᠂ ᠰᠢᠷ᠎ᠠ ᠰᠣᠯᠣᠩᠭ᠎ᠠ ᠴᠡᠴᠡᠭ᠂ ᠪᠠᠲᠤᠴᠠᠭ᠋ᠠᠨ᠂ ᠢᠯᠠᠮ᠎ᠠ ᠵᠢᠨ ᠮᠣᠳᠣ ᠵᠡᠷᠭᠡ 90 ᠭᠠᠷᠤᠢ ᠵᠦᠢ᠍ᠯ᠎ᠤᠨ 30 ᠲᠦᠮᠡᠨ ᠰᠠᠭᠤᠷᠢ ᠮᠣᠳᠣ ᠪᠤᠢ᠃ ᠴᠠᠷᠭ᠋ᠠᠰᠤ ᠵᠢᠨ ᠦᠨᠳᠦᠰᠦ ᠵᠢᠨ ᠴᠡᠴᠡᠭ 30 ᠵᠦᠢ᠍ᠯ᠎ᠤᠨ 10 ᠲᠦᠮᠡ ᠭᠠᠷᠤᠢ ᠲᠡᠭᠰᠢ ᠳᠥᠷᠪᠡᠯᠵᠢᠨ ᠮᠧᠲᠷ᠃ ᠤᠷᠭᠤᠮᠠᠯ᠎ᠤᠨ ᠬᠦᠷᠢᠶᠡᠯᠡᠩ᠎ᠤᠨ ᠬᠠᠮᠢᠶᠠᠷᠤᠯᠲᠠ ᠬᠠᠮᠠᠭ᠋ᠠᠯᠠᠯᠲᠠ ᠵᠢᠨ ᠭᠠᠵᠠᠷ᠎ᠤᠨ ᠳᠠᠷᠤᠭ᠎ᠠ ᠶᠠᠩ ᡁᠢ ᠭᠠᠩ᠎ᠤᠨ ᠬᠡᠯᠡᠬᠦ᠎ᠪᠠᠷ᠂ ᠲᠣᠰ ᠬᠦᠷᠢᠶᠡᠯᠡᠩ᠎ᠤᠨ ᠲᠤᠬᠠᠢ ᠵᠢᠨ ᠦᠶ᠎ᠡ ᠵᠢᠨ ᠲᠥᠯᠥᠪᠯᠡᠭᠡ ᠵᠢᠨ ᠪᠠᠶ᠋ᠢᠷᠢ ᠲᠣᠭᠲᠠᠭ᠋ᠠᠯᠲᠠ ᠪᠣᠯ ᠳᠠᠷᠤᠢ ᠪᠣᠬᠢᠷᠲᠤᠯ ᠦᠭᠡᠢ ᠤᠷᠭᠤᠮᠠᠯ᠎ᠤᠨ ᠦᠵᠡᠮᠵᠢ ᠵᠢ ᠪᠣᠢ᠌ᠵᠢᠭᠤᠯᠤᠨ ᠬᠥᠭᠵᠢᠭᠦᠯᠬᠦ᠎ᠪᠠᠷ ᠭᠣᠣᠯᠳᠠᠯᠭ᠎ᠠ ᠪᠣᠯᠭ᠋ᠠᠵᠤ᠂ ᠢᠯᠠᠩᠭᠤᠶ᠎ᠠ ᠣᠷᠣᠨ ᠨᠤᠲᠤᠭ᠎ᠤᠨ ᠣᠨᠴᠠᠯᠢᠭ᠎ᠲᠠᠢ ᠡᠯᠡᠰᠦᠨ᠎ᠤ ᠬᠣᠪᠣᠷ ᠴᠤᠬᠠᠭ ᠤᠷᠭᠤᠮᠠᠯ᠎ᠢ ᠪᠣᠢ᠌ᠵᠢᠭᠤᠯᠤᠨ ᠬᠥᠭᠵᠢᠭᠦᠯᠬᠦ᠎ᠪᠠᠷ ᠭᠣᠣᠯᠳᠠᠯᠭ᠎ᠠ ᠪᠣᠯᠭ᠋ᠠᠵᠠᠢ ᠭᠡᠯᠡ᠃ ᠲᠣᠰ ᠬᠦᠷᠢᠶᠡᠯᠡᠩ᠎ᠤᠨ ᠲᠠᠯᠠᠪᠠᠶ᠎ᠪᠠᠷ ᠬᠠᠮᠤᠭ᠎ᠤᠨ ᠶᠡᠬᠡ ᠣᠢ ᠮᠣᠳᠣᠨ᠎ᠤ ᠦᠵᠡᠮᠦᠷᠢ ᠵᠢᠨ ᠲᠣᠭᠣᠷᠢᠭ᠎ᠲᠤ᠂ ᠵᠣᠬᠢᠶᠠᠭᠴᠢ ᠠᠷᠴᠠ ᠵᠢᠨ ᠬᠦᠷᠢᠶᠡᠯᠡᠩ᠂ ᠭᠠᠴᠤᠷ᠎ᠠ᠂ ᠳ᠋ᠧᠩᠯᠦ ᠮᠣᠳᠣ ᠵᠢᠨ ᠬᠦᠷᠢᠶᠡᠯᠡᠩ᠂ ᠭᠣᠣᠯᠲᠤ ᠪᠣᠷᠣ ᠵᠢᠨ ᠬᠦᠷᠢᠶᠡᠯᠡᠩ᠂ ᠠᠭᠤᠯᠠ ᠵᠢᠨ ᠲᠤᠭᠤᠷ᠎ᠤᠨ ᠬᠦᠷᠢᠶᠡᠯᠡᠩ ᠵᠡᠷᠭᠡ ᠨᠢᠭᠡ ᠮᠣᠳᠣᠨ᠎ᠤ ᠲᠥᠷᠥᠯ ᠨᠢᠭᠡ ᠨᠢᠭᠡ ᠬᠡᠰᠡᠭ ᠵᠶ᠋ᠠᠷ ᠪᠠᠢ᠌ᠬᠤ ᠵᠢ ᠣᠯᠵᠤ ᠬᠠᠷᠠᠵᠠᠢ᠂ ᠵᠠᠷᠢᠮ ᠮᠣᠳᠣᠨ᠎ᠤ ᠲᠥᠷᠥᠯ᠎ᠨᠢ ᠬᠣᠯᠢᠯᠳᠤᠨ ᠤᠷᠭᠤᠭᠰᠠᠨ ᠪᠤᠶᠤ ᠲᠠᠯᠠᠪᠠᠶ᠎ᠨᠢ ᠨᠡᠯᠢᠶᠡᠳ ᠪᠠᠭ᠎ᠠ ᠪᠠᠢ᠌ᠵᠤ᠂ ᠨᠡᠢ᠌ᠯᠡᠭᠡᠳ ᠴᠡᠴᠡᠷᠯᠢᠭ ᠪᠣᠯᠤᠭᠰᠠᠨ ᠪᠠᠢ᠌ᠨ᠎ᠠ᠃ ᠴᠡᠴᠡᠷᠯᠢᠭ᠎ᠤᠨ ᠳᠣᠲᠣᠷ᠎ᠠ ᠠᠳᠠᠯᠢ ᠪᠤᠰᠤ ᠮᠣᠳᠣᠨ᠎ᠤ ᠲᠥᠷᠥᠯ᠎ᠤᠨ ᠬᠡᠯᠪᠡᠷᠢ ᠳᠦᠷᠰᠦ᠂ ᠥᠨᠳᠥᠷ ᠪᠣᠭᠣᠨᠢ᠂ ᠰᠡᠢ᠌ᠷᠡᠭ ᠨᠢᠭᠲᠠ ᠵᠡᠷᠭᠡ ᠵᠢ ᠦᠨᠳᠦᠰᠦᠯᠡᠨ ᠴᠡᠴᠡᠷᠯᠢᠭ᠎ᠤᠨ ᠵᠢᠵᠢᠭ ᠪᠦᠲᠦᠭᠡᠯ᠎ᠢ ᠨᠡᠮᠡᠨ ᠪᠠᠢ᠌ᠭᠤᠯᠵᠠᠢ᠃ ᠬᠥᠬᠡᠮᠳᠦᠭ ᠨᠣᠭᠣᠭ᠋ᠠᠨ ᠴᠡᠴᠡᠭ ᠮᠣᠳᠣᠨ᠎ᠤ ᠳᠤᠮᠳᠠᠭᠤᠷ ᠲᠣᠭᠣᠷᠢᠨ ᠵᠤᠭ᠋ᠠᠴᠠᠭᠰᠠᠳ ᠨᠠᠭ᠋ᠠᠰᠢ ᠴᠠᠭ᠋ᠠᠰᠢ ᠵᠣᠷᠴᠢᠨ᠎ᠠ ᠁
ᠡᠮᠦᠨᠡᠲᠦ ᠣᠷᠣᠨ᠎ᠤ ᠮᠣᠳᠣᠨ᠎ᠤ ᠲᠥᠷᠥᠯ ᠦᠨᠡᠬᠡᠷ ᠭᠣᠶᠣ᠂ ᠭᠡᠪᠡᠴᠦ ᠶᠠᠭ᠋ᠠᠬᠢᠭ᠋ᠠᠳ ᠠᠲᠠ ᠤᠷᠭᠤᠬᠤ᠎ᠳᠤ ᠪᠡᠷᠬᠡ ᠪᠠᠢ᠌ᠳᠠᠭ ᠪᠤᠢ? ᠨᠢᠭᠡ ᠨᠡᠷ᠎ᠡ ᠬᠦᠨᠳᠦ᠎ᠲᠠᠢ ᠣᠢ ᠰᠢᠭᠤᠢ ᠵᠢᠨ ᠠᠵᠢᠯᠲᠠᠨ᠎ᠤ ᠬᠡᠯᠡᠬᠦ᠎ᠪᠠᠷ᠂ ᠲᠤᠬᠠᠢ ᠵᠢᠨ ᠭᠠᠵᠠᠷ᠎ᠤᠨ ᠬᠤᠷ᠎ᠠ ᠲᠤᠨᠳᠠᠰᠤᠨ᠎ᠤ ᠬᠡᠮᠵᠢᠶ᠎ᠡ᠎ᠨᠢ ᠵᠥᠪᠬᠡᠨ 160 ᠮᠢᠯᠢᠮᠧᠲᠷ ᠯᠡ ᠪᠠᠢ᠌ᠳᠠᠭ ᠪᠣᠯᠪᠠᠴᠤ ᠠᠭᠤᠷᠰᠢᠯᠲᠠ ᠵᠢᠨ ᠬᠡᠮᠵᠢᠶ᠎ᠡ᠎ᠨᠢ ᠬᠠᠷᠢᠨ 3200 ᠭᠠᠷᠤᠢ ᠮᠢᠯᠢᠮᠧᠲᠷ ᠥᠨᠳᠥᠷ ᠪᠠᠢ᠌ᠳᠠᠭ᠃ ᠠᠲᠠ 4 ᠰᠠᠷ᠎ᠠ ᠵᠢᠨ ᠡᠬᠢ᠎ᠪᠠᠷ ᠰᠠᠯᠬᠢᠯᠠᠳᠠᠭ ᠬᠠᠭᠤᠷᠠᠢ ᠬᠠᠯᠠᠭᠤᠨ ᠰᠠᠯᠬᠢᠨ᠎ᠢ ᠶᠠᠭ ᠰᠠᠢ᠌ᠬᠠᠨ ᠤᠷᠭᠤᠵᠤ ᠪᠠᠢ᠌ᠭ᠎ᠠ ᠮᠣᠳᠣᠨ᠎ᠳᠤ ᠶᠡᠬᠡ ᠭᠠᠢ ᠭᠠᠮᠰᠢᠭ ᠪᠣᠯᠳᠠᠭ᠃ ᠲᠡᠷᠡ ᠦᠶ᠎ᠡ᠎ᠳᠤ᠂ ᠠᠭ᠋ᠠᠷ᠎ᠤᠨ ᠳᠤᠯᠠᠭ᠋ᠠᠨ ᠭᠡᠨᠡᠳᠲᠡ ᠳᠡᠭᠡᠭᠰᠢᠯᠡᠵᠦ᠂ ᠮᠣᠳᠣᠨ᠎ᠤ ᠬᠥᠷᠥᠰᠥᠨ ᠳᠡᠭᠡᠷᠡᠬᠢ ᠬᠡᠰᠡᠭ᠎ᠨᠢ ᠡᠬᠢᠯᠡᠨ ᠰᠣᠶᠣᠭ᠋ᠠᠯᠠᠵᠤ᠂ ᠦᠨᠳᠦᠰᠦᠨ᠎ᠤ ᠰᠢᠰᠲ᠋ᠧᠮ᠎ᠨᠢ ᠬᠠᠷᠠᠬᠠᠨ ᠰᠣᠶᠣᠭ᠋ᠠᠯᠠᠵᠤ ᠳᠡᠢ᠌ᠯᠦᠭᠡ ᠦᠭᠡᠢ᠂ ᠤᠰᠤᠨ᠎ᠤ ᠬᠠᠩᠭ᠋ᠠᠯᠭ᠎ᠠ᠎ᠨᠢ ᠬᠦᠨᠳᠦ ᠨᠣᠴᠢᠲᠠᠢ ᠲᠡᠩᠴᠡᠭᠦᠷᠢ᠎ᠪᠠᠨ ᠠᠯᠳᠠᠵᠤ᠂ ᠮᠣᠳᠣᠨ᠎ᠤ ᠹᠢᠽᠢᠣᠯᠣᠭᠢ ᠵᠢᠨ ᠭᠠᠩ ᠬᠠᠭᠰᠠᠷᠠᠭ᠋ᠠᠨ᠎ᠢ ᠪᠤᠢ ᠪᠣᠯᠭ᠋ᠠᠳᠠᠭ᠃ ᠹᠢᠽᠢᠣᠯᠣᠭᠢ ᠵᠢᠨ ᠭᠠᠩ ᠬᠠᠭᠰᠠᠷᠠᠭ᠋ᠠᠨ᠎ᠠᠴᠠ ᠪᠣᠯᠵᠤ ᠵᠠᠷᠢᠮ ᠰᠢᠨ᠎ᠡ᠎ᠪᠠᠷ ᠳᠠᠷᠢᠭᠰᠠᠨ ᠮᠣᠳᠣᠨ᠎ᠤ ᠨᠠᠪᠴᠢ᠎ᠨᠢ ᠬᠡᠦᠷᠰᠢᠵᠦ᠂ ᠲᠦᠷᠭᠡᠨ ᠨᠠᠬᠢᠶᠠᠯᠠᠨ᠎ᠠ (ᠤᠷᠭᠤᠮᠠᠯ ᠰᠥᠷᠭᠡᠦ ᠣᠷᠴᠢᠨ᠎ᠳᠤ ᠪᠤᠶᠤ ᠭᠡᠮᠲᠦᠭᠰᠡᠨᠤ ᠳᠠᠷᠠᠭ᠎ᠠ ᠰᠢᠨ᠎ᠡ᠎ᠪᠠᠷ ᠨᠠᠬᠢᠶᠠᠯᠠᠬᠤ ᠪᠤᠶᠤ ᠰᠢᠨ᠎ᠡ ᠨᠠᠪᠴᠢ ᠤᠷᠭᠤᠬᠤ ᠵᠢ ᠵᠢᠭ᠋ᠠᠵᠤ ᠪᠠᠢ᠌ᠨ᠎ᠠ)᠂ ᠭᠡᠪᠡᠴᠦ ᠤᠰᠤ ᠳᠤᠲᠠᠭᠳᠠᠬᠤ ᠵᠡᠷᠭᠡ ᠰᠢᠯᠲᠠᠭ᠋ᠠᠨ᠎ᠠᠴᠠ ᠪᠣᠯᠵᠤ ᠨᠠᠬᠢᠶᠠᠯᠠᠭ᠋ᠠᠳ ᠦᠬᠦᠳᠡᠭ᠃ ᠰᠣᠨᠢᠷᠬᠠᠯᠲᠠᠢ᠎ᠨᠢ᠂ ᠡᠨᠡ ᠬᠦ᠌ ᠬᠠᠯᠠᠭᠤᠨ ᠰᠠᠯᠬᠢᠨ᠎ᠢ ᠦᠬᠠᠢ ᠵᠢᠨ ᠲᠤᠭᠤᠷ᠎ᠤᠨ ᠴᠡᠴᠡᠭ᠎ᠢ ᠥᠪᠥᠷ ᠮᠣᠩᠭᠣᠯ᠎ᠳᠤ ᠬᠠᠮᠤᠭ᠎ᠤᠨ ᠡᠷᠲᠡ ᠳᠡᠯᠭᠡᠷᠡᠭᠦᠯᠦᠭᠰᠡᠨ ᠪᠣᠯᠬᠣᠷ ᠲᠤᠬᠠᠢ ᠵᠢᠨ ᠭᠠᠵᠠᠷ᠎ᠤᠨ᠎ᠬᠢᠨ ᠪᠠᠰᠠ 《ᠥᠪᠥᠷ ᠮᠣᠩᠭᠣᠯ᠎ᠤᠨ ᠬᠠᠪᠤᠷ᠎ᠤᠨ ᠬᠠᠮᠤᠭ᠎ᠤᠨ ᠡᠷᠲᠡ ᠰᠠᠭ᠋ᠠᠭᠳᠠᠭᠰᠠᠨ ᠭᠠᠵᠠᠷ》 ᠭᠡᠵᠦ ᠨᠡᠷᠡᠢ᠌ᠳᠦᠭᠳᠡᠭᠰᠡᠨ ᠪᠠᠢ᠌ᠨ᠎ᠠ᠃
ᠲᠤᠬᠠᠢ ᠵᠢᠨ ᠭᠠᠵᠠᠷ᠎ᠤᠨ ᠳᠠᠪᠠᠭᠤᠯᠢᠭ ᠲᠠᠯ᠎ᠠ᠎ᠲᠠᠢ ᠲᠤᠷᠤᠭ ᠮᠣᠳᠣ ᠪᠣᠯ ᠴᠢᠪᠠᠭ᠎ᠠ ᠵᠢᠨ ᠮᠣᠳᠣᠨ᠎ᠳᠤ ᠬᠠᠷᠢᠶᠠᠯᠠᠭᠳᠠᠨ᠎ᠠ᠃ ᠲᠤᠰ ᠮᠣᠳᠣ᠎ᠨᠢ ᠨᠠᠪᠴᠢ ᠵᠤᠯᠭ᠋ᠠᠷᠠᠬᠤ ᠲᠤᠷᠤᠭ ᠮᠣᠳᠣᠨ᠎ᠳᠤ ᠬᠠᠷᠢᠶᠠᠯᠠᠭᠳᠠᠵᠤ᠂ ᠮᠣᠳᠣᠨ᠎ᠤ ᠥᠨᠳᠥᠷ᠎ᠨᠢ 5 ~ 10 ᠮᠧᠲᠷ᠎ᠤᠨ ᠬᠣᠭᠣᠷᠣᠨᠳᠤ ᠪᠠᠢ᠌ᠵᠤ᠂ ᠭᠠᠩ ᠬᠠᠭᠰᠠᠷᠠᠭ᠋ᠠᠨ᠎ᠢ ᠡᠰᠡᠷᠭᠦᠴᠡᠬᠦ᠂ ᠰᠠᠯᠬᠢ ᠡᠯᠡᠰᠦ ᠵᠢ ᠰᠡᠷᠭᠡᠢ᠌ᠯᠡᠬᠦ᠂ ᠬᠤᠵᠢᠷ᠎ᠲᠤ ᠲᠡᠰᠪᠦᠷᠢᠲᠡᠢ᠂ ᠲᠠᠴᠢᠷ ᠨᠢᠮᠭᠡᠨ ᠵᠡᠷᠭᠡ ᠳᠠᠪᠠᠭᠤᠯᠢᠭ ᠲᠠᠯ᠎ᠠ᠎ᠲᠠᠢ᠃ ᠥᠩᠭᠡᠷᠡᠭᠰᠡᠨ᠎ᠳᠤ ᠮᠠᠰᠢ ᠤᠯᠠᠨ᠂ ᠪᠠᠷᠤᠭ ᠭᠠᠵᠠᠷ ᠪᠣᠯᠭ᠋ᠠᠨ᠎ᠳᠤ ᠪᠠᠢ᠌ᠭᠰᠠᠨ ᠪᠣᠯᠪᠠᠴᠤ ᠥᠩᠭᠡ ᠵᠢᠰᠦ᠎ᠨᠢ ᠪᠠᠷᠤᠭᠲᠠᠢ᠂ ᠡᠪᠡᠳᠴᠢᠨ ᠬᠣᠷᠣᠬᠠᠢ ᠵᠢᠨ ᠭᠠᠮᠰᠢᠭ ᠵᠡᠷᠭᠡ᠎ᠠᠴᠠ ᠪᠣᠯᠵᠤ ᠬᠣᠲᠠ ᠵᠢᠨ ᠲᠣᠭᠣᠷᠢᠭ᠎ᠤᠨ ᠭᠣᠣᠯ ᠵᠡᠭᠡᠯᠢ᠎ᠠᠴᠠ ᠬᠥᠭᠡᠭᠡᠭᠳᠡᠭᠰᠡᠨ ᠪᠠᠢ᠌ᠨ᠎ᠠ᠃ ᠬᠣᠷᠢᠨ ᠬᠡᠳᠦᠨ ᠵᠢᠯ᠎ᠤᠨ ᠡᠮᠦᠨ᠎ᠡ᠂ ᠲᠤᠬᠠᠢ ᠵᠢᠨ ᠭᠠᠵᠠᠷ᠎ᠤᠨ ᠵᠠᠰᠠᠭ᠎ᠤᠨ ᠣᠷᠳᠣᠨ᠎ᠠᠴᠠ ᠰᠢᠨᠬᠤᠸᠠ ᠶᠡᠬᠡ ᠵᠡᠭᠡᠯᠢ᠎ᠳᠠᠬᠢ ᠨᠢᠭᠡᠨ ᠬᠥᠭᠰᠢᠨ ᠴᠢᠪᠠᠭ᠎ᠠ ᠵᠢᠨ ᠮᠣᠳᠣᠨ᠎ᠤ ᠬᠥᠰᠢᠶ᠎ᠡ ᠪᠣᠰᠬᠠᠨ ᠨᠠᠮᠲᠠᠷ᠎ᠢ ᠲᠤᠰᠬᠠᠢ᠌ᠯᠠᠨ ᠪᠢᠴᠢᠵᠡᠢ᠃ ᠵᠣᠬᠢᠶᠠᠭᠴᠢ ᠣᠴᠢᠵᠤ ᠦᠵᠡᠬᠦ᠎ᠳᠤ ᠴᠢᠯᠠᠭᠤᠨ ᠬᠥᠰᠢᠶ᠎ᠡ ᠬᠡᠪ ᠵᠶ᠋ᠡᠷ ᠵᠶ᠋ᠡᠨ ᠪᠠᠢ᠌ᠭᠰᠠᠨ ᠪᠣᠯᠪᠠᠴᠤ ᠬᠥᠰᠢᠶᠡᠨ ᠳᠡᠭᠡᠷᠡᠬᠢ ᠦᠰᠦᠭ᠎ᠨᠢ ᠬᠠᠷᠢᠨ ᠰᠢᠷ ᠪᠤᠳᠤᠭ᠎ᠨᠢ ᠤᠨᠠᠭᠰᠠᠨ᠎ᠠᠴᠠ ᠪᠣᠯᠵᠤ ᠲᠠᠨᠢᠭᠳᠠᠬᠤ ᠵᠢᠨ ᠠᠷᠭ᠎ᠠ ᠦᠭᠡᠢ ᠪᠠᠶ᠋ᠢᠪᠠ᠃ ᠴᠢᠪᠠᠭ᠎ᠠ ᠵᠢᠨ ᠴᠡᠴᠡᠭ ᠰᠢᠷᠠᠪᠲᠤᠷ ᠥᠩᠭᠡᠲᠡᠢ᠂ ᠠᠩᠬᠢᠯᠤᠮ᠎ᠠ ᠦᠨᠦᠷ ᠬᠠᠩᠬᠤᠯᠵᠤ᠂ ᠴᠡᠴᠡᠭᠯᠡᠬᠦ ᠬᠤᠭᠤᠴᠠᠭ᠎ᠠ᠎ᠨᠢ ᠴᠦ᠍ ᠤᠷᠲᠤ᠂ ᠪᠣᠯᠪᠠᠰᠤᠷᠠᠭᠰᠠᠨ ᠴᠢᠪᠠᠭ᠎ᠠ ᠢᠰᠬᠦᠯᠡᠩ ᠠᠮᠲᠠᠲᠠᠢ ᠭᠡᠵᠦ ᠨᠠᠢ᠌ᠵᠠ ᠨᠠᠷ᠎ᠨᠢ ᠭᠦᠨ ᠰᠡᠳᠬᠢᠯᠭᠡ᠎ᠲᠠᠢ᠎ᠪᠠᠷ ᠬᠡᠯᠡᠳᠡᠭ᠃ ᠴᠢᠪᠠᠭ᠎ᠠ ᠵᠢᠨ ᠴᠡᠴᠡᠭ᠎ᠨᠢ ᠰᠢᠷᠠᠪᠲᠤᠷ ᠥᠩᠭᠡᠲᠡᠢ᠂ ᠠᠩᠬᠢᠯᠤᠮ᠎ᠠ ᠦᠨᠦᠷ ᠬᠠᠩᠬᠤᠯᠵᠤ᠂ ᠴᠡᠴᠡᠭᠯᠡᠬᠦ ᠬᠤᠭᠤᠴᠠᠭ᠎ᠠ᠎ᠨᠢ ᠴᠦ᠍ ᠤᠷᠲᠤ᠂ ᠪᠣᠯᠪᠠᠰᠤᠷᠠᠭᠰᠠᠨ ᠴᠢᠪᠠᠭ᠎ᠠ ᠵᠢᠨ ᠢᠰᠬᠦᠯᠡᠩ ᠠᠮᠲᠠᠲᠠᠢ ᠪᠠᠢ᠌ᠳᠠᠭ᠃ 2017 ᠣᠨ᠎ᠤ 4 ᠰᠠᠷ᠎ᠠ᠎ᠳᠤ᠂ ᠲᠡᠭᠦᠨ᠎ᠤ ᠲᠤᠬᠠᠢ ᠰᠢᠨ᠎ᠡ ᠲᠠᠨᠢᠯᠲᠠ ᠵᠢᠴᠢ ᠬᠠᠶ᠋ᠢᠷ᠎ᠠ ᠰᠡᠳᠬᠢᠯᠭᠡ ᠵᠡᠷᠭᠡ ᠬᠦᠴᠦᠨ ᠵᠦᠢ᠍ᠯ᠎ᠠᠴᠠ ᠪᠣᠯᠵᠤ᠂ ᠴᠢᠪᠠᠭ᠎ᠠ ᠵᠢᠨ ᠮᠣᠳᠣ ᠵᠢ ᠦᠬᠠᠢ ᠵᠢᠨ ᠬᠣᠲᠠ ᠵᠢᠨ ᠮᠣᠳᠣ᠎ᠪᠠᠷ ᠲᠣᠭᠲᠠᠭ᠋ᠠᠪᠠ᠃ ᠡᠨᠡ ᠮᠣᠳᠣᠨ᠎ᠤ ᠮᠤᠷᠤᠢ ᠰᠠᠷᠤᠢ ᠪᠥᠭᠡᠳ ᠬᠤᠪᠢᠷᠠᠯᠲᠠ ᠶᠡᠬᠡᠲᠡᠢ ᠬᠤᠪᠢ ᠵᠠᠶᠠᠭ᠎ᠠ᠎ᠨᠢ ᠬᠥᠮᠥᠰ᠎ᠢ ᠭᠠᠢ᠌ᠬᠠᠰᠢ ᠠᠯᠳᠠᠭᠤᠯᠤᠨ᠎ᠠ ᠁
ᠤᠷᠭᠤᠮᠠᠯ᠎ᠤᠨ 《ᠠᠮᠢᠳᠤ ᠴᠢᠯᠠᠭᠤᠵᠢᠮᠠᠯ》 《ᠲᠣᠮᠣ ᠮᠠᠯᠤᠷ ᠦᠳᠡᠭᠡ》 ᠬᠡᠮᠡᠭᠳᠡᠭᠰᠡᠨ ᠨᠣᠴᠣᠭ᠋ᠠᠨᠠ ᠮᠣᠳᠣ ᠪᠣᠯ ᠨᠢᠭᠡ ᠵᠦᠢ᠍ᠯ᠎ᠤᠨ 50 ~ 80 ᠰᠠᠨᠲ᠋ᠢᠮᠧᠲᠷ ᠥᠨᠳᠥᠷ ᠪᠣᠳᠠ ᠮᠣᠳᠣ ᠪᠠᠢ᠌ᠵᠤ᠂ ᠡᠷᠲᠡᠨ᠎ᠤ ᠠᠮᠢᠳᠤ ᠪᠣᠳᠠᠰ᠂ ᠡᠷᠲᠡᠨ᠎ᠤ ᠭᠠᠵᠠᠷ ᠵᠦᠢ ᠵᠢᠴᠢ ᠪᠦᠬᠦ ᠪᠥᠮᠪᠥᠷᠴᠡᠭ᠎ᠤᠨ ᠬᠤᠪᠢᠷᠠᠯᠲᠠ ᠵᠢ ᠰᠤᠳᠤᠯᠬᠤ ᠮᠠᠰᠢ ᠰᠠᠶ᠋ᠢᠨ ᠪᠣᠷᠣ ᠮᠠᠲ᠋ᠧᠷᠢᠶᠠᠯ ᠪᠠᠢ᠌ᠵᠤ᠂ ᠭᠠᠶ᠋ᠢᠬᠠᠮᠰᠢᠭᠲᠤ ᠰᠠᠢ᠌ᠬᠠᠨ ᠥᠩᠭᠡ ᠪᠤᠳᠤᠭ᠎ᠲᠠᠢ ᠪᠠᠢ᠌ᠳᠠᠭ᠃ ᠡᠨᠡ ᠮᠣᠳᠣ ᠪᠣᠯ ᠡᠷᠲᠡᠨ᠎ᠤ ᠭᠠᠵᠠᠷ᠎ᠤᠨ ᠳᠤᠮᠳᠠᠳᠤ ᠲᠠᠩᠭᠢᠰ᠎ᠤᠨ ᠦᠯᠡᠳᠡᠭᠳᠡᠯ ᠳᠦᠷᠰᠦ ᠮᠥᠨ᠃ ᠳᠥᠷᠪᠡᠳᠡᠭᠴᠢ ᠭᠠᠯᠪᠠ ᠵᠢᠨ ᠮᠥᠰᠥᠲᠦᠯᠭᠡ ᠬᠦᠷᠴᠦ ᠢᠷᠡᠬᠦ ᠦᠶ᠎ᠡ᠎ᠳᠤ᠂ ᠦᠬᠠᠢ ᠣᠷᠴᠢᠮ ᠲᠡᠭᠦᠨ᠎ᠤ ᠠᠶᠤᠯ᠎ᠠᠴᠠ ᠵᠠᠶ᠋ᠢᠯᠠᠬᠤ ᠭᠠᠵᠠᠷ ᠪᠣᠯᠪᠠ᠃ ᠪᠥᠬᠥ ᠳᠡᠯᠡᠬᠡᠢ ᠵᠢᠨ ᠬᠡᠪᠴᠢᠶᠡᠨ᠎ᠳᠤ᠂ ᠣᠲᠣ ᠵᠥᠪᠬᠡᠨ ᠦᠬᠠᠢ ᠣᠷᠣᠨ ᠵᠢᠴᠢ ᠲᠡᠭᠦᠨ᠎ᠤ ᠡᠷᠬᠢᠨ ᠲᠣᠭᠣᠷᠢᠨ᠎ᠳᠤ ᠬᠦᠢ ᠵᠢᠨ ᠪᠦᠲᠦᠴᠡ᠎ᠪᠠᠨ ᠪᠦᠷᠢᠨ ᠪᠦᠲᠦᠨ ᠬᠠᠳᠠᠭ᠋ᠠᠯᠠᠵᠤ ᠪᠠᠢ᠌ᠨ᠎ᠠ᠂ ᠡᠢ᠌ᠮᠦ᠎ᠠᠴᠠ ᠦᠬᠠᠢ ᠵᠢᠨ ᠬᠢᠯᠢ ᠳᠣᠲᠣᠷ᠎ᠠ ᠤᠯᠤᠰ᠎ᠤᠨ ᠲᠠᠰ᠎ᠤᠨ ᠨᠣᠴᠣᠭ᠋ᠠᠨᠠ ᠮᠣᠳᠣᠨ᠎ᠤ ᠬᠠᠮᠠᠭ᠋ᠠᠯᠠᠯᠲᠠ ᠵᠢᠨ ᠣᠷᠣᠨ᠎ᠢ ᠪᠠᠢ᠌ᠭᠤᠯᠵᠤ᠂ ᠡᠷᠲᠡᠨ᠎ᠤ ᠦᠯᠡᠳᠡᠭᠳᠡᠯ ᠮᠥᠬᠥᠬᠦ ᠰᠢᠬᠠᠭᠰᠠᠨ ᠤᠷᠭᠤᠮᠠᠯ ᠵᠢᠴᠢ ᠲᠠᠯ᠎ᠠ ᠨᠤᠲᠤᠭ᠎ᠤᠨ ᠡᠯᠡᠰᠦᠷᠬᠡᠭᠵᠢᠯ᠎ᠳᠤ ᠰᠢᠯᠵᠢᠬᠦ ᠤᠷᠭᠤᠮᠠᠯ᠎ᠤᠨ ᠬᠤᠴᠢᠯᠭ᠎ᠠ ᠵᠢᠨ ᠪᠦᠰᠡ ᠵᠡᠷᠭᠡ ᠵᠢ ᠬᠠᠮᠠᠭ᠋ᠠᠯᠠᠬᠤ ᠵᠢᠨ ᠲᠥᠯᠥᠭᠡ᠂ ᠦᠬᠠᠢ ᠵᠢᠨ ᠬᠢᠯᠢ ᠳᠣᠲᠣᠷ᠎ᠠ ᠤᠯᠤᠰ᠎ᠤᠨ ᠲᠠᠰ᠎ᠤᠨ ᠨᠣᠴᠣᠭ᠋ᠠᠨᠠ ᠮᠣᠳᠣᠨ᠎ᠤ ᠬᠠᠮᠠᠭ᠋ᠠᠯᠠᠯᠲᠠ ᠵᠢᠨ ᠣᠷᠣᠨ᠎ᠢ ᠪᠠᠢ᠌ᠭᠤᠯᠤᠭᠰᠠᠨ ᠪᠠᠢ᠌ᠨ᠎ᠠ᠃ ᠦᠬᠠᠢ ᠵᠢᠨ ᠬᠥᠮᠥᠰ ᠨᠣᠴᠣᠭ᠋ᠠᠨᠠᠪᠠᠷ ᠣᠮᠣᠭᠰᠢᠯ ᠵᠶ᠋ᠠᠨ ᠪᠣᠯᠭ᠋ᠠᠵᠤ᠂ ᠲᠤᠬᠠᠢ ᠵᠢᠨ ᠭᠠᠵᠠᠷ᠎ᠤᠨ ᠲᠡᠦᠬᠡ ᠪᠠ ᠵᠣᠷᠢᠭ ᠰᠠᠨᠠᠭ᠎ᠠ ᠵᠢ ᠠᠴᠢᠶᠠᠯᠠᠵᠤ ᠪᠠᠢ᠌ᠨ᠎ᠠ ᠭᠡᠵᠦ ᠬᠡᠯᠡᠳᠡᠭ᠃
ᠦᠬᠠᠢ ᠪᠣᠯ ᠬᠠᠲᠤᠨ ᠭᠣᠣᠯ᠎ᠤᠨ ᠥᠪᠥᠷ ᠮᠣᠩᠭᠣᠯ᠎ᠳᠤ ᠤᠷᠤᠰ᠎ᠤᠨ ᠣᠷᠣᠬᠤ ᠠᠩᠬᠠᠨ᠎ᠤ ᠥᠷᠲᠡᠭᠡ ᠪᠠᠢ᠌ᠵᠤ᠂ ᠲᠡᠭᠦᠨ᠎ᠤ ᠬᠢᠯᠢ᠎ᠪᠠᠷ 105 ᠺᠢᠯᠣᠮᠧᠲᠷ ᠤᠷᠤᠰ᠎ᠤᠨ ᠥᠩᠭᠡᠷᠡᠨ᠎ᠡ᠃ ᠡᠳᠦᠭᠡ᠂ ᠬᠠᠳᠤᠨ ᠭᠣᠣᠯ᠎ᠤᠨ ᠨᠤᠭᠤ ᠭᠠᠵᠠᠷ᠎ᠤᠨ ᠪᠦᠲᠦᠭᠡᠨ ᠪᠠᠢ᠌ᠭᠤᠯᠤᠯᠲᠠ᠎ᠨᠢ ᠦᠬᠠᠢ ᠵᠢᠨ ᠨᠣᠭᠣᠭ᠋ᠠᠨ ᠥᠩᠭᠡ ᠵᠢᠨ ᠳᠣᠲᠣᠷᠠᠬᠢ ᠬᠠᠮᠤᠭ᠎ᠤᠨ ᠭᠢᠯᠠᠯᠵᠠᠮ᠎ᠠ ᠬᠡᠰᠡᠭ ᠪᠣᠯᠤᠭᠰᠠᠨ ᠪᠠᠢ᠌ᠨ᠎ᠠ᠃ ᠣᠢ᠌ᠯᠠᠭ᠋ᠠᠭᠰᠠᠨ ᠵᠶ᠋ᠠᠷ᠂ ᠲᠣᠰ ᠬᠣᠲᠠ᠎ᠳᠤ ᠣᠲᠣ ᠳᠥᠷᠪᠡᠨ ᠶᠡᠬᠡ ᠨᠤᠭᠤ ᠭᠠᠵᠠᠷ ᠪᠤᠢ᠂ ᠶᠡᠷᠦᠩᠬᠡᠢ ᠲᠠᠯᠠᠪᠠᠶ᠎ᠨᠢ 11683.90 ᠾᠧᠺᠲ᠋ᠠᠷ ᠪᠠᠢ᠌ᠵᠤ᠂ ᠲᠡᠭᠦᠨ᠎ᠤ ᠤᠯᠤᠰ᠎ᠤᠨ ᠨᠤᠲᠤᠭ ᠳᠡᠪᠢᠰᠬᠡᠷ᠎ᠤᠨ ᠶᠡᠷᠦᠩᠬᠡᠢ ᠲᠠᠯᠠᠪᠠᠶ ᠵᠢᠨ 7% ᠵᠢ ᠡᠵᠡᠯᠡᠵᠦ ᠪᠤᠢ᠂ ᠡᠭᠦᠨ᠎ᠳᠤ ᠭᠣᠣ ᠰᠤᠪᠠᠭ᠂ ᠰᠥᠭᠡᠭ᠎ᠤᠨ ᠨᠠᠮᠤᠭ ᠭᠠᠵᠠᠷ᠂ ᠡᠪᠡᠰᠦᠲᠦ ᠨᠠᠮᠤᠭ ᠭᠠᠵᠠᠷ᠂ ᠨᠠᠮᠤᠭ ᠭᠠᠵᠠᠷ ᠵᠡᠷᠭᠡ ᠶᠢᠰᠦᠨ ᠲᠥᠷᠥᠯ ᠪᠠᠭᠲᠠᠨ᠎ᠠ᠃ ᠯᠦᠩ ᠶᠢᠦ ᠸᠠᠨ᠎ᠤ ᠨᠤᠭᠤ ᠭᠠᠵᠠᠷ᠎ᠤᠨ ᠴᠡᠴᠡᠷᠯᠢᠭ᠎ᠲᠤ᠂ ᠭᠥᠪᠡᠭᠡ ᠬᠢᠵᠠᠭ᠋ᠠᠷ᠎ᠨᠢ ᠬᠠᠷᠠᠭᠳᠠᠬᠤ ᠦᠭᠡᠢ ᠵᠡᠭᠡᠰᠦ ᠰᠠᠯᠬᠢᠨ᠎ᠤ ᠠᠶ᠎ᠠ᠎ᠪᠠᠷ ᠬᠠᠯᠢᠭᠤᠷᠠᠵᠤ᠂ ᠤᠰᠤᠨ ᠰᠢᠪᠠᠭᠤᠳ ᠳᠡᠭᠡᠭᠰᠢ ᠳᠣᠷᠣᠭᠰᠢ ᠬᠠᠯᠢᠨ ᠨᠢᠰᠦᠨ᠎ᠡ᠃ ᠵᠢᠭ᠋ᠠᠰᠤᠴᠢᠨ᠎ᠤ ᠣᠩᠭᠣᠴᠠ ᠣᠷᠣᠢ ᠳᠠᠭᠤᠯᠠᠵᠤ᠂ ᠵᠢᠷᠭ᠋ᠠᠬᠤ ᠨᠡᠷᠡᠨ᠎ᠤ ᠤᠯᠠᠪᠤᠷ ᠲᠤᠶᠠᠭ᠎ᠠ ᠤᠷᠳᠤ ᠮᠥᠷᠡᠨ᠂ ᠡᠯᠡᠰᠦ ᠮᠠᠩᠬ᠎ᠠ ᠪᠠ ᠠᠭᠤᠯᠠ ᠬᠠᠢ᠌ᠷᠬᠠᠨᠢ ᠤᠯᠠᠢ᠌ᠯᠭ᠋ᠠᠪᠠ᠃ ᠲᠤᠰ ᠨᠤᠭᠤ ᠭᠠᠵᠠᠷ᠎ᠤᠨ ᠴᠡᠴᠡᠷᠯᠢᠭ᠎ᠤᠨ ᠠᠩᠭᠢ ᠵᠢᠨ ᠳᠠᠷᠤᠭ᠎ᠠ ᠪᠠᠢ ᠵᠢᠶᠦ᠋ᠨ ᠶᠢᠩ᠎ᠤᠨ ᠬᠡᠯᠡᠬᠦ᠎ᠪᠠᠷ ᠲᠡᠷᠡ ᠪᠣᠯ ᠣᠢ᠌ᠷ᠎ᠠ ᠬᠠᠪᠢ ᠵᠢᠨ ᠲᠣᠰᠬᠤᠨ᠎ᠤ᠎ᠬᠢ ᠶᠤᠮ᠂ ᠥᠩᠭᠡᠷᠡᠭᠰᠡᠨ᠎ᠳᠤ ᠠᠲᠠ ᠴᠥᠭᠡᠨ ᠪᠤᠰᠤ᠎ᠨᠢ ᠲᠠᠷᠢᠶᠠᠨ ᠭᠠᠵᠠᠷ ᠪᠠᠶ᠋ᠢᠵᠠᠢ᠂ 2012 ᠣᠨ᠎ᠠᠴᠠ ᠡᠬᠢᠯᠡᠨ ᠨᠤᠭᠤ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠡᠷᠴᠢᠮ ᠮᠡᠳᠡᠭᠳᠡᠮ᠎ᠡ ᠴᠢᠩᠭ᠋ᠠᠷᠠᠵᠠᠢ᠃ ᠲᠡᠷᠡ ᠬᠡᠯᠡᠬᠦ᠎ᠳᠡᠭᠡᠨ᠂ ᠣᠳᠣᠬᠠᠨ᠎ᠳᠤ ᠤᠷᠭᠤᠮᠠᠯ᠎ᠤᠨ ᠬᠤᠴᠢᠯᠭ᠎ᠠ ᠢᠯᠡᠳᠲᠡ ᠨᠡᠮᠡᠭᠳᠡᠵᠦ᠂ ᠲᠡᠭᠦᠨ᠎ᠤ ᠳᠣᠲᠣᠷᠠᠬᠢ ᠦᠨᠡᠭᠡ᠂ ᠲᠠᠤᠯᠠᠢ᠂ ᠰᠢᠪᠠᠭᠤᠨ᠎ᠤ ᠲᠥᠷᠥᠯ ᠪᠠ ᠮᠣᠭ᠋ᠠᠢ ᠵᠢᠨ ᠲᠥᠷᠥᠯ ᠵᠡᠷᠭᠡ᠎ᠨᠢ ᠴᠦ᠍ ᠳᠠᠭ᠋ᠠᠯᠳᠤᠨ ᠶᠡᠬᠡ᠎ᠪᠠᠷ ᠨᠡᠮᠡᠭᠳᠡᠵᠡᠢ ᠁
ᠦᠬᠠᠢ ᠵᠢᠨ ᠨᠣᠭᠣᠭ᠋ᠠᠨ ᠥᠩᠭᠡ ᠵᠢ ᠨᠡᠮᠡᠭᠳᠡᠭᠦᠯᠬᠦ ᠪᠠ ᠬᠠᠮᠠᠭ᠋ᠠᠯᠠᠬᠤ᠎ᠳᠤ ᠦᠨᠡᠬᠡᠷ ᠬᠢᠯᠪᠠᠷ ᠪᠤᠰᠤ ᠶᠤᠮ᠃ ᠥᠩᠭᠡᠷᠡᠭᠰᠡᠨ᠎ᠳᠤ ᠢᠮᠠᠬᠤ ᠵᠢᠨ ᠲᠡᠳᠦᠢ ᠡᠪᠡᠰᠦ ᠤᠷᠭᠤᠬᠤ ᠦᠭᠡᠢ ᠪᠠᠢ᠌ᠭᠰᠠᠨ ᠭᠠᠨᠳᠠᠷ ᠠᠭᠤᠯᠠ ᠡᠳᠦᠭᠡ ᠬᠠᠷᠠᠭ᠎ᠠ ᠳᠦᠭᠦᠷᠡᠩ ᠴᠡᠯᠭᠡᠷᠡᠨ᠂ ᠠᠮᠢᠵᠢᠷᠠᠯ᠎ᠤᠨ ᠬᠦᠴᠦᠨ ᠵᠶ᠋ᠡᠷ ᠪᠢᠯᠬᠠᠵᠤ᠂ ᠣᠢ ᠮᠣᠳᠣ ᠨᠢᠭᠡᠨᠲᠡ 2.8 ᠲᠦᠮᠡᠨ ᠮᠦ᠍ ᠭᠦᠷᠦᠭᠰᠡᠨ ᠪᠠᠢ᠌ᠨ᠎ᠠ᠃ ᠡᠨᠡ ᠬᠦ᠌ ᠬᠤᠪᠢᠷᠠᠯᠲᠠ ᠵᠢᠨ ᠠᠷᠤ᠎ᠳᠤ ᠵᠠᠭᠤ ᠭᠠᠷᠤᠢ ᠠᠮᠢ ᠠᠬᠤᠢ ᠵᠢᠨ ᠪᠦᠲᠦᠭᠡᠨ ᠪᠠᠢ᠌ᠭᠤᠯᠤᠭᠴᠢᠳᠤᠨ ᠠᠷᠪᠠᠨ ᠬᠡᠳᠦᠨ ᠵᠢᠯ᠎ᠤᠨ ᠰᠢᠷᠭ᠋ᠠᠭᠤ ᠴᠢᠷᠮᠠᠢ᠌ᠯᠭ᠎ᠠ ᠪᠤᠢ᠄ ᠮᠠᠨᠲᠠᠤ ᠳᠠᠪᠤᠰᠤᠯᠠᠭᠰᠠᠨ ᠨᠣᠭᠣᠭ᠎ᠠ ᠢᠳᠡᠵᠦ᠂ ᠮᠠᠢ᠌ᠬᠠᠨ᠎ᠳᠤ ᠰᠠᠭᠤᠵᠤ᠂ ᠡᠳᠦᠷ ᠪᠦᠷᠢ ᠪᠠᠷᠤᠭ 6 ᠴᠠᠭ᠎ᠤᠨ ᠵᠠᠮ ᠶᠠᠪᠤᠨ᠎ᠠ᠂ ᠤᠤᠯ᠎ᠤᠨ ᠦᠬᠠᠢ ᠬᠤᠳᠠ ᠵᠢᠨ ᠡᠯᠡᠰᠦ ᠵᠠᠰᠠᠬᠤ ᠥᠷᠲᠡᠭᠡ ᠵᠢᠨ ᠦᠢ᠍ᠯᠡᠳᠪᠦᠷᠢᠯᠡᠯ᠎ᠤᠨ ᠪᠠᠷᠢᠭ᠋ᠠᠳᠠ ᠵᠢᠨ ᠳᠠᠷᠤᠭ᠎ᠠ ᠳ᠋ᠦᠩ ᠶᠠᠨ ᠱᠧᠩ ᠴᠢᠨᠠᠭᠰᠢᠯᠠᠭ᠋ᠠᠳ ᠡᠬᠡᠨᠡᠷ ᠵᠶ᠋ᠡᠨ ᠳᠠᠭ᠋ᠠᠭᠤᠯᠤᠨ ᠠᠭᠤᠯᠠᠨ᠎ᠳᠤ ᠠᠷᠪᠠᠨ ᠬᠡᠳᠦᠨ ᠵᠢᠯ ᠰᠠᠭᠤᠵᠠᠢ᠃ ᠲᠡᠮᠡᠭᠡᠨ ᠠᠭᠤᠯᠠ ᠵᠢᠨ ᠠᠭᠤᠷᠬᠠᠢ ᠵᠢᠨ ᠣᠷᠣᠨ ᠪᠣᠯ ᠦᠬᠠᠢ ᠬᠣᠲᠠ ᠵᠢᠨ ᠠᠭᠤᠷᠬᠠᠢ ᠵᠢᠨ ᠣᠷᠣᠨ᠎ᠢ ᠶᠡᠷᠦᠩᠬᠡᠢ᠌ᠯᠡᠨ ᠵᠠᠰᠠᠬᠤ ᠪᠠ ᠠᠮᠢ ᠠᠬᠤᠢ ᠵᠢ ᠰᠡᠷᠭᠦᠭᠡᠬᠦ ᠭᠣᠣᠯᠳᠠᠯᠭ᠎ᠠ᠎ᠲᠠᠢ ᠵᠢᠱ᠌ᠢᠶ᠎ᠡ ᠦᠵᠡᠭᠦᠯᠬᠦ ᠣᠷᠣᠨ ᠪᠦᠰᠡ ᠪᠣᠯᠣᠨ᠎ᠠ᠃ ᠡᠨᠡ ᠬᠦ᠌ ᠠᠮᠢ ᠠᠬᠤᠢ ᠵᠢᠨ ᠰᠡᠷᠭᠦᠭᠡᠯᠲᠡ ᠵᠢᠨ ᠣᠷᠣᠨ᠎ᠤ ᠬᠠᠮᠤᠭ᠎ᠤᠨ ᠥᠨᠳᠥᠷ ᠲᠠᠪᠴᠠᠩ ᠳᠡᠭᠡᠷ᠎ᠡ᠎ᠠᠴᠠ ᠨᠢᠭᠡ ᠪᠣᠳᠠ ᠪᠣᠳᠠ ᠲᠠᠷᠢ ᠲᠡᠭᠰᠢ ᠵᠢᠭᠳᠡᠷᠡᠭᠰᠡᠨ ᠬᠠᠷᠠᠭ᠋ᠠᠨ᠎ᠠ᠂ ᠵᠠᠭ ᠮᠣᠳᠣ ᠵᠡᠷᠭᠡ ᠭᠠᠩ ᠬᠠᠭᠰᠠᠷᠠᠭ᠋ᠠᠨ᠎ᠳᠤ ᠲᠡᠰᠪᠦᠷᠢᠲᠡᠢ ᠡᠯᠡᠰᠦᠷᠬᠡᠭ ᠭᠠᠵᠠᠷ᠎ᠤᠨ ᠤᠷᠭᠤᠮᠠᠯ᠎ᠢ ᠣᠯᠵᠤ ᠬᠠᠷᠠᠪᠠ᠂ ᠡᠲᠡᠭᠡᠷ ᠤᠷᠭᠤᠮᠠᠯ᠎ᠨᠢ ᠮᠠᠰᠢ ᠵᠢᠵᠢᠭ ᠪᠣᠯᠪᠠᠴᠤ ᠨᠢᠭᠡᠨᠲᠡ ᠭᠤᠷᠪᠠᠳᠤᠭ᠋ᠠᠷ ᠵᠢᠯ ᠪᠣᠯᠵᠠᠢ᠃ ᠠᠯᠤᠰ᠎ᠢ ᠪᠠᠷᠠᠯᠠᠬᠤᠶ᠎ᠠ᠂ ᠣᠳᠣᠬᠠᠨ᠎ᠳᠤ ᠲᠤᠰ ᠣᠷᠣᠨ ᠪᠦᠰᠡ ᠵᠢᠨ 6.5 ᠺᠢᠯᠤᠮᠥᠲᠷ᠎ᠤᠨ ᠦᠵᠡᠭᠳᠡᠬᠦ ᠬᠡᠪᠴᠢᠶᠡᠨ᠎ᠳᠠᠬᠢ 5 ᠳᠡᠭᠲᠡᠷᠢ ᠪᠦᠬᠦᠨ᠎ᠢ ᠵᠠᠰᠠᠵᠤ᠂ ᠠᠮᠢ ᠠᠬᠤᠢ ᠵᠢ ᠪᠦᠲᠦᠮᠵᠢᠲᠡᠢ ᠰᠡᠷᠭᠦᠭᠡᠪᠡ ᠁
ᠦᠬᠠᠢ᠎ᠳᠤ ᠪᠠᠢ᠌ᠬᠤ ᠡᠳᠦᠷ᠎ᠤᠳ᠎ᠲᠤ᠂ ᠵᠣᠬᠢᠶᠠᠭᠴᠢ ᠤᠰᠤ ᠪᠣᠯᠣᠨ ᠨᠣᠭᠣᠭ᠋ᠠᠨ ᠥᠩᠭᠡ ᠵᠢᠨ ᠬᠠᠷᠢᠴᠠᠭ᠎ᠠ ᠵᠢ ᠢᠮᠠᠭᠲᠠ ᠠᠩᠬᠠᠷᠤᠭᠰᠠᠭ᠋ᠠᠷ ᠢᠷᠠᠵᠠᠢ᠃ ᠤᠰᠤ ᠳᠤᠲᠠᠭᠳᠠᠬᠤ᠎ᠠᠴᠠ ᠪᠣᠯᠵᠤ᠂ ᠭᠠᠳᠠᠨ᠎ᠠ᠎ᠠᠴᠠ ᠢᠷᠡᠭᠰᠡᠨ ᠲᠤᠷᠤᠭ ᠮᠣᠳᠣ᠎ᠨᠢ ᠵᠢᠵᠢᠭ ᠲᠤᠷᠤᠭ ᠮᠣᠳᠣ ᠪᠣᠯᠵᠤ᠂ ᠵᠢᠵᠢᠭ ᠲᠤᠷᠤᠭ ᠮᠣᠳᠣ᠎ᠨᠢ ᠪᠣᠳᠠ ᠮᠣᠳᠣ ᠪᠣᠯᠵᠤ ᠬᠤᠪᠢᠷᠠᠭ᠋ᠠᠳ᠂ ᠲᠤᠬᠠᠢ ᠵᠢᠨ ᠭᠠᠵᠠᠷ᠎ᠤᠨ ᠡᠭᠦᠯᠳᠡᠷ᠎ᠨᠢ ᠬᠠᠷᠢᠨ ᠨᠡᠯᠢᠶᠡᠳ ᠰᠠᠶ᠋ᠢᠨ ᠪᠣᠯᠤᠭᠰᠠᠨ ᠪᠠᠢ᠌ᠨ᠎ᠠ᠃ ᠤᠰᠤ ᠠᠷᠪᠢᠯᠠᠬᠤ ᠵᠢᠨ ᠲᠥᠯᠥᠭᠡ᠂ ᠬᠣᠲᠠ ᠵᠢᠨ ᠳᠣᠲᠣᠷᠠᠬᠢ ᠤᠷᠭᠤᠮᠠᠯ᠎ᠤᠨ ᠬᠤᠴᠢᠯᠭ᠎ᠠ ᠵᠢ ᠪᠦᠷ ᠰᠦᠷᠴᠢᠨ ᠤᠰᠤᠯᠠᠬᠤ ᠪᠠ ᠳᠤᠰᠤᠯᠭ᠋ᠠᠨ ᠤᠰᠤᠯᠠᠬᠤ᠂ ᠬᠣᠲᠠ ᠵᠢᠨ ᠭᠠᠳᠠᠨᠠᠬᠢ ᠤᠷᠭᠤᠮᠠᠯ᠎ᠤᠨ ᠬᠤᠴᠢᠯᠭ᠎ᠠ᠎ᠳᠤ ᠵᠠᠰᠠᠮᠠᠯ ᠵᠠᠮ᠎ᠤᠨ ᠬᠣᠶᠠᠷ ᠬᠠᠵᠠᠭᠤ ᠵᠢᠨ ᠬᠣᠩᠭᠤᠷᠴᠠᠭ ᠮᠣᠳᠣ ᠵᠡᠷᠭᠡ ᠲᠤᠷᠤᠭ ᠮᠣᠳᠣ ᠵᠢ ᠭᠠᠷᠭ᠋ᠠᠪᠠᠯ᠂ ᠣᠯᠠᠩᠬᠢ᠎ᠨᠢ ᠭᠠᠩ ᠬᠠᠭᠰᠠᠷᠠᠭ᠋ᠠᠨ᠎ᠳᠤ ᠲᠡᠰᠪᠦᠷᠢᠲᠡᠢ ᠲᠤᠬᠠᠢ ᠵᠢᠨ ᠭᠠᠵᠠᠷ᠎ᠤᠨ ᠪᠣᠳᠠ ᠮᠣᠳᠣᠨ᠎ᠤ ᠲᠥᠷᠥᠯ ᠵᠦᠢ᠍ᠯ ᠪᠣᠯᠣᠨ᠎ᠠ᠃ ᠬᠣᠲᠠ ᠵᠢᠨ ᠣᠢ ᠰᠢᠭᠤᠢ ᠵᠢᠨ ᠰᠠᠯᠠᠭ᠎ᠠ ᠮᠥᠴᠢᠷ᠎ᠤᠨ ᠨᠥᠬᠥᠳ ᠶᠠᠷᠢᠬᠤ᠎ᠳᠠᠭᠠᠨ᠂ ᠲᠤᠬᠠᠢ ᠵᠢᠨ ᠭᠠᠵᠠᠷ᠎ᠤᠨ᠎ᠬᠢᠨ 《ᠤᠰᠤ᠎ᠪᠠᠷ ᠣᠢ ᠰᠢᠭᠤᠢ ᠵᠢ ᠲᠣᠭᠲᠠᠭ᠋ᠠᠵᠤ᠂ ᠲᠣᠬᠢᠷᠠᠮᠵᠢᠲᠠᠢ ᠭᠠᠵᠠᠷ᠎ᠲᠤ ᠮᠣᠳᠣ ᠲᠠᠷᠢᠬᠤ》 ᠵᠠᠷᠴᠢᠮ᠎ᠢ ᠴᠢᠩᠭ᠎ᠠ ᠵᠢᠷᠤᠮᠯᠠᠨ᠂ ᠭᠠᠩ ᠬᠠᠭᠰᠠᠷᠠᠭ᠋ᠠᠨ᠎ᠲᠠᠢ ᠲᠡᠮᠡᠴᠡᠬᠦ ᠡᠯᠡᠰᠦᠨ᠎ᠤ ᠮᠣᠳᠣᠨ᠎ᠤ ᠲᠥᠷᠥᠯ᠎ᠢ ᠣᠷᠣᠭᠤᠯᠤᠨ ᠪᠣᠢ᠌ᠵᠢᠭᠤᠯᠬᠤ ᠠᠵᠢᠯ᠎ᠢ ᠴᠢᠩᠭ᠋ᠠᠳᠬᠠᠵᠤ᠂ 《ᠲᠤᠷᠤᠭ ᠮᠣᠳᠣ ᠵᠢ ᠵᠠᠬ᠎ᠠ ᠬᠠᠪᠢ᠎ᠳᠤᠨᠢ ᠪᠠᠢ᠌ᠯᠭ᠋ᠠᠵᠤ᠂ ᠪᠣᠳᠠ ᠮᠣᠳᠣ᠎ᠪᠠᠷ ᠡᠵᠡᠨ ᠪᠣᠯᠭ᠋ᠠᠬᠤ》 ᠨᠣᠭᠣᠭ᠋ᠠᠷᠠᠭᠤᠯᠤᠯᠲᠠ ᠵᠢᠨ ᠵᠠᠭᠪᠤᠷ᠎ᠢ ᠰᠦᠪᠡᠭᠴᠢᠯᠡᠨ ᠳ᠋ᠦᠩᠨᠡᠵᠦ᠂ ᠣᠶ᠋ᠢᠵᠢᠭᠤᠯᠬᠤ ᠪᠠ ᠬᠠᠮᠠᠭ᠋ᠠᠯᠠᠬᠤ ᠥᠪᠡᠷ᠎ᠤᠨ ᠥᠷᠲᠡᠭ᠎ᠢ ᠪᠦᠲᠦᠮᠵᠢᠲᠡᠢ ᠪᠠᠭᠤᠷᠠᠭᠤᠯᠵᠤ᠂ ᠡᠯᠡᠰᠦᠷᠬᠡᠭᠵᠢᠭᠰᠡᠨ ᠭᠠᠵᠠᠷ ᠰᠢᠷᠣᠢ ᠵᠢ ᠰᠡᠷᠭᠡᠢ᠌ᠯᠡᠨ ᠵᠠᠰᠠᠬᠤ ᠠᠵᠢᠯ᠎ᠢ ᠨᠠᠩ ᠦᠷᠭᠦᠯᠵᠢᠯᠡᠬᠦᠢ᠌ᠴᠡ ᠴᠢᠨᠠᠷᠲᠠᠢ ᠪᠣᠯᠭ᠋ᠠᠨ᠎ᠠ ᠭᠡᠵᠡᠢ᠃
ᠨᠣᠭᠣᠭ᠋ᠠᠨ ᠥᠩᠭᠡ ᠪᠣᠯ ᠬᠦᠰᠡᠯ ᠡᠷᠡᠮᠡᠯᠵᠡᠯ ᠮᠥᠨ᠂ ᠨᠣᠭᠣᠭ᠋ᠠᠨ ᠥᠩᠭᠡ ᠪᠣᠯ ᠰᠠᠢ᠍ᠢ᠍ᠨ ᠰᠠᠢ᠌ᠬᠠᠨ ᠢᠷᠡᠭᠡᠳᠦᠢ ᠮᠥᠨ᠃ ᠦᠬᠠᠢ ᠵᠢᠨ ᠨᠣᠭᠣᠭ᠋ᠠᠨ ᠥᠩᠭᠡ᠎ᠨᠢ ᠬᠡᠳᠦᠨ ᠦᠶ᠎ᠡ ᠵᠢᠨ ᠬᠥᠮᠥᠰ᠎ᠤᠨ ᠰᠢᠷᠭ᠋ᠠᠭᠤ ᠬᠠᠲᠠᠭᠤᠵᠢᠯᠲᠠᠢ ᠴᠢᠷᠮᠠᠢ᠌ᠯᠭ᠎ᠠ ᠵᠢ ᠠᠴᠢᠶᠠᠯᠠᠵᠤ ᠪᠤᠢ᠂ ᠲᠡᠭᠦᠨ᠎ᠤ ᠳᠣᠲᠣᠷ᠎ᠠ ᠲᠣᠭ᠋ᠠᠯᠠᠰᠢ ᠦᠭᠡᠢ ᠤᠯᠠᠨ ᠳᠠᠭᠤᠤ ᠪᠠ ᠥᠯᠢᠭᠡᠷ᠂ ᠬᠥᠯᠥᠰᠦ ᠪᠠ ᠨᠢᠯᠪᠤᠰᠤ᠂ ᠭᠠᠴᠢᠭᠳᠠᠯ ᠪᠠ ᠠᠷᠭ᠎ᠠ ᠪᠠᠷᠠᠭᠳᠠᠬᠤ᠂ ᠨᠤᠭᠤᠷᠠᠰᠢ ᠦᠭᠡᠢ ᠪᠠ ᠲᠡᠮᠡᠴᠡᠯᠳᠦᠭᠡᠨ ᠪᠤᠢ᠃ ᠤᠯᠠᠨ ᠵᠢᠯ᠎ᠤᠨ ᠳᠠᠷᠠᠭ᠎ᠠ᠂ ᠡᠨᠡ ᠪᠦᠬᠦᠨ᠎ᠨᠢ ᠴᠥᠮ ᠲᠡᠦᠬᠡ ᠪᠣᠯᠣᠨ᠎ᠠ᠂ ᠭᠡᠪᠡᠴᠦ ᠲᠡᠷᠡ ᠬᠦ᠌ ᠨᠣᠭᠣᠭ᠋ᠠᠨ ᠳᠣᠯᠭᠢᠶᠠᠨ ᠳᠠᠪᠠᠯᠭ᠋ᠠᠯᠠᠬᠤ ᠲᠠᠭᠤᠨ᠎ᠨᠢ ᠬᠣᠵᠢᠮ᠎ᠤᠨ ᠬᠥᠮᠥᠰ᠎ᠤᠨ ᠰᠡᠳᠬᠢᠯ ᠵᠢᠷᠦᠬᠡᠢ ᠬᠥᠨᠳᠡᠨ᠎ᠡ᠃