ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠨᠢᠭᠤᠷ᠎ᠤᠨ ᠬᠠᠪᠢᠰᠤᠨ᠎ᠤ ᠥᠯᠢᠭᠡᠷ –– ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠯᠲᠡ᠎ᠲᠠᠢ ᠪᠣᠯᠭ᠋ᠠᠪᠠ᠄ ᠣᠷᠴᠢᠨ ᠲᠣᠭᠣᠷᠢᠨ᠎ᠤ ᠵᠠᠰᠠᠯᠲᠠ᠎ᠳᠤ ᠤᠯᠠᠨ ᠨᠠᠢ᠌ᠳᠠ᠎ᠪᠠᠷ ᠵᠶ᠋ᠠᠨ ᠣᠷᠣᠯᠴᠠᠵᠤ ᠪᠠᠢ᠌ᠭ᠎ᠠ ᠠᠮᠢᠳᠤᠯᠢᠭ ᠦᠢ᠍ᠯᠡᠳᠦᠯᠭᠡ
ᠨᠡᠶ᠋ᠢᠲᠡᠯᠡᠭᠰᠡᠨ ᠴᠠᠭ᠄ 2024-09-19

      ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠣᠯ ᠨᠡᠢ᠌ᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠢ᠌ᠭᠤᠯᠬᠤ ᠵᠢᠨ ᠴᠢᠬᠤᠯᠠ ᠬᠠᠷᠠᠯᠲᠠ ᠮᠥᠨ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠴᠢᠬᠤᠯᠠ ᠠᠭᠤᠯᠭ᠎ᠠ ᠮᠥᠨ᠃ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠬᠡᠯ᠎ᠳᠤ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ 《ᠵᠠᠰᠠᠭ᠎ᠤᠨ ᠣᠷᠳᠣᠨ ᠵᠶ᠋ᠠᠷ ᠤᠳᠤᠷᠢᠳᠤᠮᠵᠢ ᠪᠣᠯᠭ᠋ᠠᠭᠰᠠᠨ᠂ ᠠᠵᠤ ᠠᠬᠤᠢ᠌ᠯᠠᠯ ᠵᠶ᠋ᠠᠷ ᠭᠣᠣᠯ ᠴᠣᠭᠴᠠ ᠪᠣᠯᠭ᠋ᠠᠭᠰᠠᠨ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠤᠯᠠᠨ ᠨᠠᠢ᠌ᠳᠠ᠎ᠪᠠᠷ ᠵᠶ᠋ᠡᠨ ᠬᠠᠮᠲᠤ᠎ᠪᠠᠷ ᠣᠷᠣᠯᠴᠠᠭᠰᠠᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠠᠢ᠌ᠭᠤᠯᠬᠤ ᠬᠡᠷᠡᠭᠲᠡᠶ》 ᠭᠡᠵᠦ ᠵᠢᠭ᠋ᠠᠵᠤ ᠭᠠᠷᠭ᠋ᠠᠪᠠ᠃
      ᠤᠯᠠᠨ ᠨᠠᠢ᠌ᠳᠠ ᠵᠢᠨ ᠣᠷᠤᠯᠴᠠᠯᠭ᠎ᠠ᠎ᠨᠢ ᠡᠨᠡ ᠬᠦ᠌ ᠰᠢᠰᠲ᠋ᠧᠮ᠎ᠳᠤ ᠶᠠᠮᠠᠷ ᠵᠠᠩᠭᠢᠯᠠᠭ᠎ᠠ ᠵᠢᠨ ᠳᠦᠷᠢ ᠵᠢ ᠲᠣᠭᠯᠠᠵᠤ ᠪᠠᠶ᠋ᠢᠬᠤ ᠪᠤᠢ? ᠤᠯᠠᠨ ᠲᠦᠮᠡᠨ ᠶᠠᠮᠠᠷ ᠶᠠᠮᠠᠷ ᠠᠷᠭ᠎ᠠ ᠵᠠᠮ ᠵᠶ᠋ᠠᠷ ᠡᠭᠦᠨ᠎ᠳᠤ ᠣᠷᠣᠯᠴᠠᠵᠤ ᠪᠣᠯᠬᠤ ᠪᠤᠢ? ᠬᠡᠷᠬᠢᠨ ᠤᠯᠠᠨ ᠨᠠᠢ᠌ᠳᠠ ᠵᠢᠨ ᠢᠳᠡᠪᠬᠢᠵᠢᠯ᠎ᠢ ᠭᠦᠢ᠍ᠴᠡᠳ ᠲᠠᠢ᠍ᠢ᠍ᠴᠢᠯᠠᠵᠦ᠂ ᠪᠦᠬᠦ ᠠᠷᠠᠳ᠎ᠤᠨ ᠬᠦᠴᠦᠨ᠎ᠢ ᠨᠢᠭᠲᠠᠷᠠᠭᠤᠯᠵᠤ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠪᠤᠢ? ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠯᠲᠡ᠎ᠲᠠᠢ ᠪᠣᠯᠭ᠋ᠠᠭᠰᠠᠨ᠎ᠨᠢ ᠡᠭᠦᠨ᠎ᠳᠤ ᠬᠠᠷᠢᠭᠤᠯᠲᠠ ᠥᠭᠴᠡᠢ᠂ ᠲᠡᠷᠡ᠎ᠨᠢ ᠵᠠᠰᠠᠭ᠎ᠤᠨ ᠣᠷᠳᠣᠨ᠂ ᠠᠵᠤ ᠠᠬᠤᠢ᠌ᠯᠠᠯ ᠪᠣᠯᠣᠨ ᠤᠯᠠᠨ ᠨᠠᠢ᠌ᠳᠠ᠎ᠳᠤ ᠬᠠᠮᠲᠤ᠎ᠪᠠᠷ ᠣᠷᠣᠯᠴᠠᠬᠤ᠂ ᠬᠠᠮᠲᠤ᠎ᠪᠠᠷ ᠠᠰᠢᠭ ᠭᠥᠷᠳᠡᠬᠦ ᠲᠠᠪᠴᠠᠩ᠎ᠢ ᠪᠠᠢ᠌ᠭᠤᠯᠵᠤ ᠥᠭᠭᠦᠭᠰᠡᠨ ᠪᠠᠢ᠌ᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠯᠲᠡ᠎ᠲᠠᠢ ᠪᠣᠯᠭ᠋ᠠᠬᠤ ᠪᠣᠯ ᠣᠷᠴᠢᠨ ᠲᠣᠭᠣᠷᠢᠨ᠎ᠤ ᠵᠠᠰᠠᠯᠲᠠ᠎ᠳᠤ ᠤᠯᠠᠨ ᠨᠠᠢ᠌ᠳᠠ᠎ᠪᠠᠷ ᠵᠶ᠋ᠡᠨ ᠣᠷᠣᠯᠴᠠᠬᠤ ᠠᠮᠢᠳᠤᠯᠢᠭ ᠦᠢ᠍ᠯᠡᠳᠦᠯᠭᠡ ᠮᠥᠨ᠃
      ᠨᠢᠭᠡ᠂ ᠠᠷᠠᠳᠴᠢᠯᠠᠯ ᠵᠶ᠋ᠠᠷ ᠵᠥᠪᠳᠡᠯᠴᠡᠬᠦ ᠵᠢ ᠪᠠᠲᠤᠯᠠᠵᠤ᠂ 《ᠬᠥᠷᠰᠢ ᠵᠡᠷᠭᠡᠯᠡᠳᠡᠭᠡ ᠵᠢᠨ ᠵᠠᠶ᠋ᠢᠯᠠᠬᠤ》ᠬᠦᠴᠢᠷ ᠠᠰᠠᠭᠤᠳᠠᠯ᠎ᠢ ᠰᠢᠢ᠍ᠳᠪᠦᠷᠢᠯᠡᠪᠡ
      ᠪᠣᠬᠢᠷᠲᠤᠯ ᠦᠭᠡᠢ ᠠᠵᠤ ᠠᠬᠤᠢ ᠵᠢᠨ ᠵᠠᠭᠪᠤᠷ᠎ᠨᠢ ᠦᠢ᠍ᠯᠡᠳᠬᠦᠨ᠎ᠤ ᠵᠢᠷᠤᠭ ᠲᠥᠯᠥᠪᠯᠡᠭᠡ ᠪᠠ ᠦᠢ᠍ᠯᠡᠳᠪᠦᠷᠢᠯᠡᠯ᠎ᠤᠨ ᠡᠬᠢᠨ᠎ᠠᠴᠠ ᠡᠬᠢ ᠪᠠᠶᠠᠯᠢᠭ᠎ᠤᠨ ᠬᠣᠷᠣᠭᠳᠠᠯ ᠪᠠ ᠬᠠᠶᠠᠭᠳᠠᠮᠠᠯ ᠪᠣᠳᠠᠰ᠎ᠤᠨ ᠭᠠᠷᠤᠯᠲᠠ ᠵᠢ ᠪᠠᠭ᠋ᠠᠰᠬᠠᠬᠤ ᠵᠢ ᠰᠠᠨᠠᠭ᠋ᠠᠴᠢᠯᠠᠨ᠎ᠠ᠃ ᠭᠡᠪᠡᠴᠦ ᠦᠢ᠍ᠯᠡᠳᠪᠦᠷᠢᠯᠡᠯ᠎ᠤᠨ ᠬᠦᠴᠦᠨ᠎ᠤ ᠬᠢᠷᠢ ᠬᠡᠮᠵᠢᠶᠡᠨ᠎ᠤ ᠬᠢᠵᠠᠭ᠋ᠠᠷᠯᠠᠯ᠎ᠠᠴᠠ ᠪᠣᠯᠵᠤ᠂ ᠪᠦᠷᠢᠯᠭᠡᠨ ᠰᠦᠢ᠍ᠳᠬᠡᠯᠲᠡ ᠦᠭᠡᠢ ᠪᠠ ᠪᠤᠵᠠᠷᠲᠤᠯ ᠦᠭᠡᠢ ᠦᠢ᠍ᠯᠡᠳᠪᠦᠷᠢᠯᠡᠯ ᠪᠠ ᠬᠡᠷᠡᠭᠯᠡᠭᠡᠨ᠎ᠤ ᠬᠡᠪ ᠵᠠᠭᠪᠤᠷ ᠮᠠᠨ᠎ᠠᠴᠠ ᠮᠥᠨ ᠬᠣᠯᠠ ᠪᠠᠢ᠌ᠭᠰᠠᠭ᠋ᠠᠷ᠃ ᠬᠡᠮᠵᠢᠶ᠎ᠡ ᠵᠢ ᠪᠠᠭ᠋ᠠᠰᠬᠠᠬᠤ᠂ ᠲᠠᠬᠢᠨ ᠬᠡᠷᠡᠭᠯᠡᠬᠦ ᠪᠠ ᠲᠠᠬᠢᠨ ᠠᠰᠢᠭᠯᠠᠬᠤ ᠵᠠᠷᠴᠢᠮ᠎ᠢ ᠵᠢᠷᠤᠮᠯᠠᠭᠰᠠᠨ ᠡᠷᠭᠢᠯᠳᠦᠲᠦ ᠠᠵᠤ ᠠᠬᠤᠢ ᠪᠣᠯ ᠣᠳᠣᠬᠠᠨ᠎ᠤ ᠪᠦᠬᠦ ᠳᠡᠯᠡᠬᠡᠢ ᠵᠢᠨ ᠡᠯ᠎ᠡ ᠤᠯᠤᠰ᠎ᠤᠨ ᠨᠡᠢ᠌ᠳᠡᠮ ᠰᠠᠨᠠᠭ᠋ᠠᠴᠢᠯᠠᠵᠤ ᠪᠠᠢ᠌ᠭ᠎ᠠ ᠦᠢ᠍ᠯᠡᠳᠪᠦᠷᠢᠯᠡᠯ᠎ᠤᠨ ᠬᠡᠪ ᠵᠠᠭᠪᠤᠷ ᠮᠥᠨ᠃ ᠡᠨᠡ ᠬᠦ᠌ ᠵᠠᠭᠪᠤᠷ᠎ᠤᠨ ᠳᠣᠣᠷ᠎ᠠ᠂ ᠡᠯ᠎ᠡ ᠵᠦᠢ᠍ᠯ᠎ᠤᠨ ᠬᠠᠶᠠᠭᠳᠠᠮᠠᠯ ᠪᠣᠳᠠᠰ᠎ᠢ ᠬᠣᠣᠷ ᠦᠭᠡᠢ᠍ᠢ᠍ᠵᠢᠬᠦᠯᠦᠨ ᠰᠢᠢ᠍ᠳᠪᠦᠷᠢᠯᠡᠬᠦ ᠪᠠ ᠲᠠᠬᠢᠨ ᠦᠢ᠍ᠯᠡᠳᠪᠦᠷᠢᠯᠡᠬᠦ ᠡᠯ᠎ᠡ ᠳᠦᠷᠦᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ᠎ᠨᠢ ᠠᠭ᠋ᠠᠵᠢᠮ ᠵᠶ᠋ᠠᠷ ᠭᠠᠵᠠᠷ ᠣᠷᠣᠨ᠎ᠤ ᠬᠥᠭᠵᠢᠯᠲᠡ ᠵᠢᠨ ᠴᠢᠬᠤᠯᠠ ᠰᠠᠭᠤᠷᠢ ᠲᠥᠬᠦᠭᠡᠷᠦᠮᠵᠢ ᠪᠣᠯᠤᠭᠰᠠᠨ ᠪᠠᠢ᠌ᠨ᠎ᠠ᠃ ᠭᠡᠲᠡᠯ᠎ᠡ᠂ ᠡᠲᠡᠭᠡᠷ ᠤᠯᠠᠨ ᠲᠦᠮᠡᠨ᠎ᠳᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠴᠢᠯᠡᠭᠡ ᠬᠠᠩᠭ᠋ᠠᠬᠤ ᠲᠥᠬᠦᠭᠡᠷᠦᠮᠵᠢ᠎ᠨᠢ ᠲᠥᠯᠦᠪᠵᠢᠭᠦᠯᠭᠡ ᠵᠢᠨ ᠭᠠᠵᠠᠷ ᠰᠣᠩᠭᠣᠬᠤ ᠪᠤᠶᠤ ᠪᠦᠲᠦᠭᠡᠨ ᠪᠠᠢ᠌ᠭᠤᠯᠵᠤ ᠠᠵᠢᠯᠯᠠᠭᠤᠯᠬᠤ ᠶᠠᠪᠤᠴᠠ᠎ᠳᠠᠭᠠᠨ ᠦᠷᠭᠦᠯᠵᠢ ᠰᠠᠭᠤᠭ᠋ᠠᠯᠢ ᠠᠷᠠᠳ᠂ ᠢᠯᠠᠩᠭᠤᠶ᠎ᠠ ᠲᠣᠨᠣᠭ ᠲᠥᠬᠦᠭᠡᠷᠦᠮᠵᠢ ᠵᠢᠨ ᠪᠠᠢ᠌ᠭ᠎ᠠ ᠣᠷᠣᠨ ᠪᠦᠰᠡ ᠵᠢᠨ ᠤᠯᠠᠨ ᠲᠦᠮᠡᠨ᠎ᠤ ᠡᠰᠡᠷᠭᠦᠴᠡᠯ᠎ᠳᠤ ᠤᠴᠠᠷᠠᠵᠤ᠂ ᠡᠭᠦᠨ᠎ᠤ ᠤᠯᠠᠮ᠎ᠠᠴᠠ 《ᠬᠥᠷᠰᠢ ᠵᠡᠷᠭᠡᠯᠡᠳᠡᠭᠡ ᠵᠢᠨ ᠵᠠᠶ᠋ᠢᠯᠠᠬᠤ ᠦᠢ᠍ᠯᠡᠳᠦᠯ》᠎ᠢ ᠪᠤᠢ ᠪᠣᠯᠭ᠋ᠠᠳᠠᠭ᠃
      ᠣᠷᠣᠨ ᠨᠤᠲᠤᠭ᠎ᠤᠨ ᠵᠠᠰᠠᠭ᠎ᠤᠨ ᠣᠷᠳᠣᠨ᠎ᠨᠢ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠵᠦ ᠪᠤᠢ᠂ ᠡᠶ᠋ᠢᠮᠦᠷᠬᠦ ᠠᠰᠠᠭᠤᠳᠠᠯ᠎ᠤᠨ ᠡᠮᠦᠨ᠎ᠡ᠂ ᠳᠦᠷᠦᠯ ᠵᠦᠢ᠍ᠯ᠎ᠢ ᠲᠠᠶᠠᠭᠳᠠᠬᠤ ᠶᠤᠮ ᠦᠦ᠂ ᠡᠰᠡᠬᠦᠯ᠎ᠡ ᠠᠯᠪᠠᠳᠠᠯᠭ᠎ᠠ᠎ᠪᠠᠷ ᠲᠦᠯᠬᠢᠨ ᠠᠬᠢᠭᠤᠯᠬᠤ ᠶᠤᠮ ᠦᠦ? ᠡᠭᠦᠨ᠎ᠳᠤ ᠬᠠᠮᠤᠭ᠎ᠤᠨ ᠰᠠᠢ᠍ᠢ᠍ᠨ ᠲᠥᠰᠥᠯ ᠪᠣᠯ ᠠᠷᠠᠳᠴᠢᠯᠠᠯ ᠵᠶ᠋ᠠᠷ ᠵᠥᠪᠳᠡᠯᠴᠡᠬᠦ ᠵᠢ ᠠᠬᠢᠭᠤᠯᠬᠤ ᠶᠠᠪᠤᠳᠠᠯ ᠪᠣᠯᠣᠨ᠎ᠠ ᠭᠡᠳᠡᠭ᠎ᠢ ᠤᠯᠠᠨ ᠭᠠᠵᠠᠷ᠎ᠤᠨ ᠦᠢ᠍ᠯᠡᠳᠦᠯᠭᠡ ᠵᠢᠨ ᠲᠤᠷᠰᠢᠯᠭ᠎ᠠ ᠬᠠᠷᠠᠭᠤᠯᠵᠤ ᠪᠠᠢ᠌ᠨ᠎ᠠ᠃ ᠶᠡᠷᠦᠩᠬᠡᠢ ᠱᠦᠵᠢ ᠰᠢ ᠵᠢᠨ ᠫᠢᠩ᠄《ᠤᠴᠢᠷ ᠶᠠᠪᠤᠳᠠᠯ ᠪᠠᠢ᠌ᠪᠠᠯ ᠰᠠᠶ᠋ᠢᠲᠤᠷ ᠵᠥᠪᠳᠡᠯᠴᠡᠵᠦ᠂ ᠤᠯᠠᠨ᠎ᠤ ᠤᠴᠢᠷ ᠶᠠᠪᠤᠳᠠᠯ᠎ᠢ ᠤᠯᠠᠨ ᠵᠶ᠋ᠠᠷ ᠵᠶ᠋ᠠᠨ ᠵᠥᠪᠳᠡᠯᠴᠡᠬᠦ ᠪᠣᠯ ᠠᠷᠠᠳ᠎ᠤᠨ ᠠᠷᠠᠳᠴᠢᠯᠠᠯ᠎ᠤᠨ ᠦᠨᠡᠨ ᠶᠣᠰᠣ ᠮᠥᠨ》 ᠭᠡᠵᠡᠢ᠃ ᠵᠥᠪᠳᠡᠯᠴᠡᠬᠦ᠎ᠪᠠᠷ ᠳᠠᠮᠵᠢᠨ᠂ ᠳᠦᠷᠦᠯ ᠵᠦᠢ᠍ᠯ᠎ᠢ ᠡᠴᠦᠰ᠎ᠲᠡᠭᠡᠨ ᠬᠡᠷᠡᠭᠵᠢᠭᠦᠯᠬᠦ ᠪᠤᠶᠤ ᠬᠦᠴᠦᠨ ᠦᠭᠡᠢ ᠪᠣᠯᠭ᠋ᠠᠭᠰᠠᠨ ᠴᠤ᠌ ᠲᠡᠷᠡ ᠮᠥᠷᠭᠥᠯᠳᠦᠭᠡᠨ᠎ᠢ ᠬᠠᠮᠤᠭ᠎ᠤᠨ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠬᠠᠮᠲᠤ ᠵᠢᠨ ᠲᠠᠨᠢᠯᠲᠠ᠎ᠲᠠᠢ ᠪᠣᠯᠬᠤ ᠵᠢᠨ ᠤᠯᠠᠮ᠎ᠠᠴᠠ ᠣᠷᠣᠨ ᠪᠦᠰᠡ ᠵᠢᠨ ᠨᠡᠢ᠌ᠭᠡᠮ ᠠᠵᠤ ᠠᠬᠤᠢ ᠵᠢᠨ ᠲᠣᠭᠲᠠᠭᠤᠨ ᠬᠥᠭᠵᠢᠯᠲᠡ ᠵᠢ ᠠᠬᠢᠭᠤᠯᠵᠤ ᠴᠢᠳᠠᠬᠤ ᠶᠤᠮ᠃
      ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠴᠢᠯᠦᠭᠡᠲᠡᠢ ᠪᠣᠯᠭ᠋ᠠᠬᠤ ᠪᠣᠯ ᠬᠥᠷᠰᠢ ᠵᠡᠷᠭᠡᠯᠡᠳᠡᠭᠡ ᠵᠢᠨ ᠵᠠᠶ᠋ᠢᠯᠠᠬᠤ ᠠᠰᠠᠭᠤᠳᠠᠯ᠎ᠢ ᠠᠷᠠᠳᠴᠢᠯᠠᠯ ᠵᠶ᠋ᠠᠷ ᠵᠥᠪᠳᠡᠯᠴᠡᠨ ᠰᠢᠢ᠍ᠳᠪᠦᠷᠢᠯᠡᠬᠦ ᠵᠢᠨ ᠨᠢᠭᠡᠨ ᠦᠨᠳᠦᠰᠦᠨ ᠪᠠᠲᠤᠯᠠᠭ᠎ᠠ ᠮᠥᠨ᠂ ᠲᠡᠷᠡ᠎ᠨᠢ ᠤᠯᠠᠨ ᠲᠦᠮᠡᠨ᠎ᠳᠤ ᠪᠠᠶ᠋ᠢᠳᠠᠯ᠎ᠢ ᠮᠡᠳᠡᠬᠦ ᠡᠷᠬᠡ᠎ᠪᠠᠨ ᠬᠡᠷᠡᠭᠵᠢᠭᠦᠯᠵᠦ᠂ ᠲᠣᠨᠣᠭ ᠲᠥᠬᠦᠭᠡᠷᠦᠮᠵᠢ ᠵᠢᠨ ᠠᠵᠢᠯᠯᠠᠭ᠋ᠠᠨ᠎ᠤ ᠪᠠᠶ᠋ᠢᠳᠠᠯ᠎ᠢ ᠰᠢᠭᠤᠳ ᠣᠢ᠌ᠯᠠᠭ᠋ᠠᠭᠤᠯᠵᠤ᠂ ᠬᠦᠷᠦᠯᠴᠡᠬᠦᠢ᠌ᠴᠡ ᠮᠡᠳᠡᠭᠡ ᠵᠠᠩᠭᠢ ᠵᠢ ᠣᠯᠵᠤ ᠤᠯᠠᠨ ᠨᠠᠢ᠌ᠳᠠ ᠵᠢᠨ ᠳᠦᠷᠦᠯ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ᠎ᠳᠤ ᠣᠷᠣᠯᠴᠠᠭᠤᠯᠬᠤ ᠪᠣᠯᠭ᠋ᠠᠨ᠎ᠠ᠃
      ᠬᠥᠷᠰᠢ ᠵᠡᠷᠭᠡᠯᠡᠳᠡᠭᠡ ᠵᠢᠨ ᠵᠠᠢ᠌ᠯᠠᠬᠤ ᠠᠰᠠᠭᠤᠳᠠᠯ᠎ᠤᠨ ᠪᠤᠢ ᠪᠣᠯᠤᠭᠰᠠᠨ᠎ᠨᠢ ᠤᠯᠠᠨ ᠲᠠᠯ᠎ᠠ ᠵᠢᠨ ᠰᠢᠯᠲᠠᠭ᠋ᠠᠨ᠎ᠲᠠᠢ ᠶᠤᠮ᠂ ᠡᠭᠦᠨ᠎ᠳᠤ ᠤᠯᠠᠨ ᠲᠦᠮᠡᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠲᠤᠬᠠᠢ 《ᠮᠡᠳᠡᠬᠦ ᠦᠭᠡᠢ᠎ᠠᠴᠠ ᠪᠣᠯᠵᠤ ᠠᠶᠤᠵᠤ ᠡᠮᠢᠶᠡᠬᠦ》 ᠶᠠᠪᠤᠳᠠᠯ᠎ᠢ ᠣᠮᠲᠣᠭ᠋ᠠᠢ᠌ᠯᠠᠵᠤ ᠪᠣᠯᠣᠰᠢ ᠦᠭᠡᠢ ᠶᠤᠮ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠰᠢᠢ᠍ᠳᠪᠦᠷᠢᠯᠡᠵᠦ ᠪᠠᠢ᠌ᠭ᠎ᠠ᠎ᠨᠢ ᠪᠣᠬᠢᠷᠲᠤᠯ ᠪᠣᠳᠠᠰ ᠪᠤᠶᠤ ᠬᠠᠶᠠᠭᠳᠠᠮᠠᠯ ᠪᠣᠳᠠᠰ ᠪᠣᠯᠣᠨ᠎ᠠ᠂ ᠲᠡᠭᠦᠨ᠎ᠤ ᠣᠷᠣᠰᠢᠵᠤ ᠪᠠᠢ᠌ᠭ᠎ᠠ᠎ᠨᠢ ᠨᠡᠢ᠌ᠭᠡᠮ ᠲᠣᠭᠣᠷᠢᠭ᠎ᠤᠨ ᠪᠦᠬᠦᠯᠢ ᠴᠣᠭᠴᠠ ᠵᠢᠨ ᠦᠵᠡᠮᠵᠢ ᠵᠢ ᠬᠠᠷᠰᠢᠯᠠᠨ᠎ᠠ ᠦᠦ ᠦᠭᠡᠢ ᠦᠦ? ᠣᠷᠴᠢᠨ ᠲᠣᠭᠣᠷᠢᠨ᠎ᠢ ᠪᠣᠬᠢᠷᠲᠤᠭᠤᠯᠵᠤ᠂ ᠠᠮᠢᠳᠤᠷᠠᠯ᠎ᠤᠨ ᠴᠢᠨᠠᠷ ᠴᠢᠨᠰᠠᠭ᠎ᠠ᠂ ᠴᠢᠨᠠᠭᠰᠢᠯᠠᠪᠠᠯ ᠡᠷᠡᠭᠦᠯ ᠮᠠᠨᠳᠤ ᠵᠢ ᠨᠥᠯᠥᠭᠡᠯᠡᠨ᠎ᠡ ᠦᠦ ᠦᠭᠡᠢ ᠦᠦ? ᠡᠲᠡᠭᠡᠷ ᠰᠠᠨᠠᠭ᠋ᠠᠰᠢᠷᠠᠯ ᠪᠣᠯ ᠵᠦᠢ ᠶᠣᠰᠣᠨ᠎ᠳᠤ ᠨᠡᠢ᠌ᠴᠡᠨ᠎ᠡ᠃ ᠥᠩᠭᠡᠷᠡᠭᠰᠡᠨ᠎ᠳᠤ᠂ ᠮᠡᠷᠭᠡᠵᠢᠯ᠂ ᠬᠠᠮᠢᠶᠠᠷᠤᠯᠲᠠ ᠵᠡᠷᠭᠡ ᠰᠢᠯᠲᠠᠭ᠋ᠠᠨ᠎ᠠᠴᠠ ᠪᠣᠯᠵᠤ᠂ ᠬᠣᠭ ᠨᠣᠪᠰᠢ ᠳᠠᠮᠵᠢᠭᠤᠯᠬᠤ ᠥᠷᠲᠡᠭᠡ᠂ ᠬᠣᠭ ᠨᠣᠪᠰᠢ ᠪᠤᠯᠠᠬᠤ ᠭᠠᠵᠠᠷ᠂ ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ ᠵᠡᠷᠭᠡ᠎ᠨᠢ ᠣᠷᠳᠣ ᠬᠤᠭᠤᠴᠠᠭ᠎ᠠ᠎ᠪᠠᠷ ᠠᠷᠠᠳ᠎ᠢ ᠦᠢ᠍ᠮᠡᠭᠦᠯᠦᠭᠰᠡᠨ ᠶᠠᠪᠤᠳᠠᠯ᠎ᠢ ᠰᠣᠨᠢᠨ ᠮᠡᠳᠡᠭᠡᠨ᠎ᠳᠤ ᠪᠠᠶ᠋ᠢᠨ ᠪᠠᠶ᠋ᠢᠨ ᠮᠡᠳᠡᠭᠡᠯᠡᠵᠦ ᠪᠠᠶ᠋ᠢᠪᠠ᠃ ᠰᠢᠨ᠎ᠡ ᠲᠣᠨᠣᠭ ᠲᠥᠬᠦᠭᠡᠷᠦᠮᠵᠢ ᠮᠥᠨ ᠬᠠᠭᠤᠴᠢᠨ ᠵᠠᠮ ᠵᠶ᠋ᠠᠷ ᠵᠶ᠋ᠠᠨ ᠳᠠᠬᠢᠨ ᠶᠠᠪᠤᠬᠤ ᠦᠦ? ᠮᠢᠩᠭ᠎ᠠ ᠲᠦᠮᠡᠨ ᠰᠣᠨᠣᠰᠬᠠᠯ᠎ᠠᠴᠠ ᠨᠢᠳᠦ᠎ᠪᠠᠷ ᠵᠶ᠋ᠡᠨ ᠦᠵᠡᠭᠰᠡᠨ᠎ᠨᠢ ᠰᠠᠶᠢ ᠦᠨᠡᠨ ᠶᠤᠮ᠃ ᠨᠢᠭᠡᠨᠲᠡ ᠪᠠᠢ᠌ᠭᠤᠯᠤᠭᠰᠠᠨ ᠠᠳᠠᠯᠢ ᠳᠦᠷᠦᠯ᠎ᠤᠨ ᠳᠦᠷᠦᠯ ᠵᠦᠢ᠍ᠯ᠎ᠢ ᠲᠣᠭᠣᠷᠢᠨ ᠦᠵᠡᠬᠦ ᠪᠣᠯ ᠡᠷᠡᠭᠡᠯᠵᠡᠭᠡ ᠵᠢ ᠠᠷᠢᠯᠭ᠋ᠠᠬᠤ᠂ ᠣᠢ᠌ᠯᠠᠭ᠋ᠠᠯᠴᠠᠭ᠎ᠠ ᠵᠢ ᠨᠡᠮᠡᠭᠳᠡᠭᠦᠯᠬᠦ᠂ ᠣᠪᠣᠷ ᠵᠶ᠋ᠠᠨ ᠬᠤᠪᠢᠷᠠᠭᠤᠯᠬᠤ ᠪᠦᠲᠦᠮᠵᠢᠲᠡᠢ ᠠᠷᠭ᠎ᠠ ᠬᠡᠯᠪᠡᠷᠢ ᠪᠣᠯᠣᠨ᠎ᠠ᠃ ᠡᠭᠦᠨ᠎ᠢ ᠤᠯᠠᠨ ᠭᠠᠵᠠᠷ᠎ᠤᠨ ᠠᠷᠠᠳᠴᠢᠯᠠᠯ ᠵᠶ᠋ᠠᠷ ᠵᠥᠪᠳᠡᠯᠴᠡᠬᠦ ᠦᠢ᠍ᠯᠡᠳᠦᠯᠭᠡ ᠵᠢᠨ ᠳᠤᠮᠳᠠ ᠨᠢᠭᠡᠨᠲᠡ ᠨᠤᠲᠠᠯᠠᠭᠰᠠᠨ ᠪᠠᠢ᠌ᠨ᠎ᠠ᠃ ᠰᠢᠨ᠎ᠡ ᠳᠦᠷᠦᠯ ᠵᠦᠢ᠍ᠯ᠎ᠢ ᠪᠠᠢ᠌ᠭᠤᠯᠵᠤ ᠳᠠᠭᠤᠰᠬᠠᠭᠰᠠᠨ᠎ᠤ ᠳᠠᠷᠠᠭ᠎ᠠ ᠤᠯᠠᠨ ᠨᠠᠢ᠌ᠳᠠ᠎ᠳᠤ ᠨᠡᠭᠡᠭᠡᠬᠦ ᠪᠣᠯ ᠬᠥᠷᠰᠢ ᠵᠡᠷᠭᠡᠯᠡᠳᠡᠭᠡ ᠵᠢᠨ ᠵᠠᠢ᠌ᠯᠠᠬᠤ ᠳᠦᠷᠦᠯ ᠵᠦᠢ᠍ᠯ᠎ᠤᠨ ᠵᠥᠪᠳᠡᠯᠴᠡᠭᠡᠨ᠎ᠤ ᠳᠤᠮᠳᠠ ᠦᠷᠭᠦᠯᠵᠢ ᠲᠣᠬᠢᠶᠠᠯᠳᠤᠳᠠᠭ ᠬᠦᠰᠡᠯ ᠱᠠᠭ᠋ᠠᠷᠳᠠᠯᠭ᠎ᠠ ᠪᠣᠯᠬᠤ ᠮᠥᠷᠲᠡᠭᠡᠨ ᠪᠠᠰᠠ ᠦᠷᠭᠦᠯᠵᠢ ᠨᠢᠭᠡ ᠵᠦᠢ᠍ᠯ᠎ᠤᠨ ᠬᠡᠷᠡᠭᠵᠢᠭᠦᠯᠵᠦ ᠪᠣᠯᠬᠤᠶ᠋ᠢᠴᠠ ᠠᠮᠠᠯᠠᠯᠲᠠ ᠪᠣᠯᠬᠤ ᠶᠤᠮ᠃ ᠡᠨᠡ᠎ᠨᠢ ᠤᠯᠠᠨ ᠲᠦᠮᠡᠨ᠎ᠤ ᠡᠷᠡᠭᠡᠯᠵᠡᠭᠡ ᠵᠢ ᠨᠡᠩ ᠰᠠᠢ᠍ᠢ᠍ᠨ ᠠᠷᠢᠯᠭ᠋ᠠᠵᠤ᠂ ᠤᠯᠠᠨ᠎ᠳᠤ ᠭᠦᠢ᠍ᠴᠡᠳ ᠠᠮᠤᠷ ᠲᠦᠪᠰᠢᠨ᠎ᠤ ᠲᠥᠷᠥᠭᠳᠡᠯ ᠣᠯᠭᠣᠵᠤ᠂ ᠡᠭᠦᠨ᠎ᠤ ᠤᠯᠠᠮ᠎ᠠᠴᠠ ᠬᠣᠯᠪᠣᠭᠳᠠᠯ ᠪᠦᠬᠦᠢ ᠳᠦᠷᠦᠯ ᠵᠦᠢ᠍ᠯ᠎ᠤᠨ ᠪᠣᠳᠠᠲᠠᠢ᠎ᠳᠤ ᠨᠠᠢ᠌ᠳᠠᠪᠤᠷᠢᠵᠢᠭᠤᠯᠤᠭᠳᠠᠬᠤ ᠵᠢ ᠳᠡᠮᠵᠢᠬᠦ ᠪᠣᠯᠣᠨ᠎ᠠ᠃
      ᠬᠣᠶᠠᠷ᠂ ᠪᠦᠬᠦ ᠠᠷᠠᠳ ᠵᠶ᠋ᠠᠷ ᠵᠶ᠋ᠠᠨ ᠬᠢᠨᠠᠯᠲᠠ ᠲᠠᠯᠪᠢᠬᠤ᠎ᠳᠤ ᠣᠷᠣᠯᠴᠠᠵᠤ᠂ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠪᠡ
      ᠤᠯᠠᠨ ᠲᠦᠮᠡᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠲᠤᠬᠠᠢ ᠵᠥᠪᠰᠢᠶᠡᠷᠡᠯ᠎ᠨᠢ ᠮᠠᠰᠢ ᠶᠡᠬᠡ ᠬᠡᠮᠵᠢᠶᠡᠨ ᠳᠡᠭᠡᠷ᠎ᠡ ᠲᠡᠭᠦᠨ᠎ᠤ ᠬᠢᠨᠠᠯᠲᠠ ᠲᠠᠯᠪᠢᠬᠤ ᠡᠷᠬᠡ ᠵᠢᠨ ᠪᠡᠶᠡᠯᠡᠭᠳᠡᠯ ᠵᠶ᠋ᠡᠷ ᠲᠣᠭᠲᠠᠭ᠋ᠠᠭᠳᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ᠎ᠨᠢ ᠶᠡᠬᠡ ᠬᠡᠮᠵᠢᠶᠡᠨ᠎ᠤ ᠪᠣᠬᠢᠷᠲᠤᠯ ᠪᠣᠳᠠᠰ ᠪᠤᠶᠤ ᠬᠠᠶᠠᠭᠳᠠᠮᠠᠯ ᠪᠣᠳᠠᠰ᠎ᠤᠨ ᠣᠷᠣᠵᠤ ᠭᠠᠷᠬᠤ᠎ᠳᠤ ᠬᠣᠯᠪᠣᠭᠳᠠᠵᠤ᠂ ᠵᠣᠬᠢᠬᠤ ᠬᠡᠮᠵᠢᠶᠡᠨ᠎ᠤ ᠪᠣᠬᠢᠷᠲᠤᠯ᠎ᠤᠨ ᠭᠠᠳᠠᠭᠰᠢ ᠪᠢᠯᠬᠠᠬᠤ ᠲᠦᠭᠰᠢᠭᠦᠷᠢ᠎ᠲᠠᠢ ᠪᠠᠢ᠌ᠳᠠᠭ᠃ ᠡᠲᠡᠭᠡᠷ ᠲᠣᠨᠣᠭ ᠲᠥᠬᠦᠭᠡᠷᠦᠮᠵᠢ ᠵᠢ ᠡᠵᠡᠩᠨᠡᠵᠦ ᠪᠠᠢ᠌ᠭ᠎ᠠ ᠠᠵᠤ ᠠᠬᠤᠢ᠌ᠯᠠᠯ ᠶᠡᠷᠦᠨᠢ ᠠᠰᠢᠭ ᠣᠯᠬᠤ ᠬᠡᠷᠡᠭᠴᠡᠭᠡ᠎ᠲᠠᠢ ᠪᠠᠢ᠌ᠳᠠᠭ᠂ ᠬᠡᠷᠪᠡ ᠪᠦᠷᠢᠨ ᠭᠦᠢ᠍ᠴᠡᠳ᠂ ᠪᠦᠲᠦᠮᠵᠢᠲᠡᠢ ᠬᠢᠨᠠᠯᠲᠠ ᠬᠠᠮᠢᠶᠠᠷᠤᠯᠲᠠ ᠳᠤᠲᠠᠭᠳᠠᠪᠠᠯ᠂ ᠠᠵᠤ ᠠᠬᠤᠢ᠌ᠯᠠᠯ᠎ᠨᠢ ᠥᠪᠡᠷ᠎ᠤᠨ ᠥᠷᠲᠡᠭ ᠵᠶ᠋ᠡᠨ ᠠᠷᠪᠢᠯᠠᠬᠤ ᠵᠢᠨ ᠲᠥᠯᠥᠭᠡ ᠬᠠᠮᠢᠶᠠᠷᠤᠯᠲᠠ᠎ᠪᠠᠨ ᠣᠮᠲᠣᠭ᠋ᠠᠢ᠌ᠯᠠᠵᠤ᠂ ᠡᠭᠦᠨ᠎ᠤ ᠤᠯᠠᠮ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠲᠣᠰ ᠪᠡᠶ᠎ᠡ᠎ᠨᠢ ᠪᠣᠬᠢᠷᠲᠤᠯ᠎ᠤᠨ ᠡᠬᠢ ᠰᠤᠷᠪᠤᠯᠵᠢ ᠪᠣᠯᠵᠤ ᠮᠡᠳᠡᠨ᠎ᠡ᠃ ᠡᠶ᠋ᠢᠮᠦᠷᠬᠦ ᠪᠠᠶ᠋ᠢᠳᠠᠯ ᠲᠡᠢ᠌ᠮᠦ ᠬᠣᠪᠣᠷ ᠲᠣᠬᠢᠶᠠᠯᠳᠤᠬᠤ ᠪᠢᠰᠢ᠂ ᠡᠢ᠌ᠮᠦ᠎ᠠᠴᠠ ᠬᠡᠰᠡᠭ ᠤᠯᠠᠨ ᠲᠦᠮᠡᠨ᠎ᠤ ᠡᠶ᠋ᠢᠮᠦᠷᠬᠦ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠲᠤᠬᠠᠢ ᠰᠡᠵᠢᠭᠯᠡᠯ ᠪᠠ ᠭᠠᠳᠠᠭᠤᠷᠴᠢᠯᠠᠯ᠎ᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠦᠭᠰᠡᠨ ᠪᠠᠢ᠌ᠨ᠎ᠠ᠃
      ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠭᠰᠡᠨ᠎ᠤ ᠳᠠᠷᠠᠭ᠎ᠠ᠂ ᠬᠡᠳᠦᠶ᠋ᠢᠪᠡᠷ ᠠᠳᠠᠯᠢ ᠪᠤᠰᠤ ᠠᠵᠢᠯ ᠲᠥᠷᠥᠯ᠂ ᠠᠳᠠᠯᠢ ᠪᠤᠰᠤ ᠠᠵᠤ ᠠᠬᠤᠢ᠌ᠯᠠᠯ᠎ᠤᠨ ᠨᠡᠭᠡᠭᠡᠯᠲᠡ ᠵᠢᠨ ᠬᠡᠪᠴᠢᠶ᠎ᠡ᠂ ᠣᠷᠣᠨ ᠪᠦᠰᠡ᠎ᠨᠢ ᠵᠢᠭ᠋ᠠᠬᠠᠨ ᠵᠥᠷᠢᠶ᠎ᠡ᠎ᠲᠠᠢ ᠪᠠᠶ᠋ᠢᠬᠤ ᠵᠢᠴᠢ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨ᠎ᠠ ᠨᠡᠭᠡᠭᠡᠯᠲᠡ ᠬᠢᠬᠦ ᠵᠢᠨ ᠢᠯᠭ᠋ᠠᠭ᠎ᠠ ᠣᠷᠣᠰᠢᠵᠤ ᠪᠠᠶ᠋ᠢᠬᠤ ᠪᠣᠯᠪᠠᠴᠤ ᠶᠡᠷᠦᠩᠬᠡᠢ᠎ᠳᠡᠭᠡᠨ ᠨᠢᠭᠡᠨᠲᠡ ᠬᠡᠷᠡᠮ ᠬᠠᠰᠢᠶᠠᠨ᠎ᠤ ᠬᠠᠯᠬᠠᠪᠴᠢ ᠵᠢ ᠳᠠᠪᠠᠵᠤ᠂ ᠲᠣᠨᠣᠭ ᠲᠥᠬᠦᠭᠡᠷᠦᠮᠵᠢ ᠵᠢᠨ ᠳᠣᠲᠣᠭ᠋ᠠᠳᠤ ᠵᠢᠨ ᠠᠵᠢᠯᠯᠠᠭ᠋ᠠᠨ᠎ᠤ ᠡᠯᠪᠡᠭ ᠪᠠᠶᠠᠯᠢᠭ ᠨᠠᠷᠢᠨ ᠵᠦᠢ᠍ᠯᠡᠰ᠎ᠢ ᠤᠯᠠᠨ ᠲᠦᠮᠡᠨ᠎ᠳᠤ ᠣᠢ᠌ᠯᠠᠭ᠋ᠠᠭᠤᠯᠤᠭᠰᠠᠨ ᠪᠠᠢ᠌ᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠪᠠᠢ᠌ᠩᠭᠤᠵᠢᠭᠤᠯᠤᠨ ᠨᠡᠭᠡᠭᠡᠬᠦ᠎ᠨᠢ ᠤᠯᠠᠨ ᠲᠦᠮᠡᠨ᠎ᠤ ᠬᠢᠨᠠᠯᠲᠠ ᠲᠠᠯᠪᠢᠬᠤ ᠡᠷᠬᠡ ᠵᠢ ᠪᠠᠲᠤᠯᠠᠭᠰᠠᠨ ᠵᠶ᠋ᠠᠷ ᠪᠠᠷᠠᠬᠤ ᠦᠭᠡᠢ᠂ ᠪᠠᠰᠠ ᠪᠥᠬᠥ ᠠᠷᠠᠳ ᠵᠶ᠋ᠠᠷ ᠵᠶ᠋ᠠᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠵᠠᠰᠠᠯᠲᠠ᠎ᠳᠤ ᠣᠷᠣᠯᠴᠠᠬᠤ᠎ᠳᠤ ᠲᠠᠪᠴᠠᠩ ᠬᠠᠩᠭ᠋ᠠᠭᠰᠠᠨ ᠪᠠᠢ᠌ᠨ᠎ᠠ᠃
      ᠪᠦᠬᠦ ᠠᠷᠠᠳ ᠵᠶ᠋ᠠᠷ ᠵᠶ᠋ᠠᠨ ᠬᠢᠨᠠᠯᠲᠠ ᠬᠠᠮᠢᠶᠠᠷᠤᠯᠲᠠ᠎ᠳᠤ ᠣᠷᠣᠯᠴᠠᠬᠤ᠎ᠨᠢ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠠᠪᠴᠤ ᠬᠡᠯᠡᠪᠡᠯ ᠪᠠᠰᠠ ᠨᠢᠭᠡ ᠵᠦᠢ᠍ᠯ᠎ᠤᠨ ᠬᠦᠴᠦᠲᠡᠢ ᠳᠡᠮᠵᠢᠯᠭᠡ ᠪᠣᠯᠣᠨ᠎ᠠ᠃ ᠬᠡᠳᠦᠶ᠋ᠢᠪᠡᠷ ᠣᠳᠣᠬᠢᠴᠢᠯᠠᠭᠰᠠᠨ ᠬᠢᠨᠠᠨ ᠬᠡᠮᠵᠢᠬᠦ ᠲᠥᠬᠦᠭᠡᠷᠦᠮᠵᠢ ᠤᠯᠠᠮ᠎ᠠᠴᠠ ᠤᠯᠠᠮ ᠲᠦᠭᠡᠮᠡᠯᠵᠢᠵᠦ᠂ ᠭᠣᠣᠯᠳᠠᠯᠭ᠎ᠠ᠎ᠲᠠᠢ ᠠᠵᠤ ᠠᠬᠤᠢ᠌ᠯᠠᠯ᠎ᠤᠨ ᠠᠵᠢᠯᠯᠠᠭ᠋ᠠᠨ ᠪᠠ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠲᠣᠭ᠎ᠠ ᠪᠠᠷᠢᠮᠲᠠ ᠵᠢ ᠴᠥᠮ ᠨᠦᠯᠦᠭᠡᠯᠡᠬᠦᠷ ᠪᠠ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ ᠬᠢᠨᠠᠨ ᠬᠠᠮᠢᠶᠠᠷᠬᠤ ᠲᠠᠪᠴᠠᠩ᠎ᠳᠤ ᠴᠠᠭ ᠲᠤᠬᠠᠢ᠎ᠳᠤᠨᠢ ᠳᠠᠮᠵᠢᠭᠤᠯᠵᠤ ᠴᠢᠳᠠᠬᠤ ᠪᠣᠯᠪᠠᠴᠤ᠂ ᠵᠠᠰᠠᠭ᠎ᠤᠨ ᠣᠷᠳᠣᠨ᠎ᠤ ᠬᠢᠨᠠᠨ ᠬᠠᠮᠢᠶᠠᠷᠬᠤ ᠰᠠᠯᠠᠭ᠎ᠠ ᠮᠥᠴᠢᠷ᠎ᠨᠢ ᠮᠠᠰᠢ ᠤᠯᠠᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ ᠪᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ᠎ᠳᠤ ᠬᠠᠨᠳᠤᠵᠤ᠂ ᠪᠦᠬᠦ ᠲᠠᠯ᠎ᠠ᠎ᠪᠠᠷ ᠬᠢᠨᠠᠨ ᠬᠠᠮᠢᠶᠠᠷᠬᠤ ᠪᠤᠶᠤ ᠤᠷᠢᠳᠴᠢᠯᠠᠨ ᠰᠡᠷᠭᠡᠢ᠌ᠯᠡᠬᠦ ᠴᠢᠨᠠᠷᠲᠠᠢ ᠬᠢᠨᠠᠨ ᠬᠠᠮᠢᠶᠠᠷᠤᠯᠲᠠ ᠵᠢ ᠬᠡᠷᠡᠭᠵᠢᠭᠦᠯᠬᠦ᠎ᠳᠤ ᠮᠠᠰᠢ ᠬᠦᠴᠢᠷᠲᠡᠢ ᠪᠠᠢ᠌ᠨ᠎ᠠ᠃ ᠨᠡᠭᠡᠭᠡᠯᠲᠡᠲᠡᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ᠎ᠨᠢ ᠬᠢᠨᠠᠯᠲᠠ ᠲᠠᠯᠪᠢᠬᠤ᠎ᠳᠤ ᠣᠷᠣᠯᠴᠠᠬᠤ ᠬᠦᠰᠡᠯ᠎ᠲᠠᠢ ᠤᠯᠠᠨ ᠨᠠᠢ᠌ᠳᠠ᠎ᠳᠤ ᠣᠷᠣᠨ ᠵᠠᠢ ᠬᠠᠩᠭ᠋ᠠᠵᠠᠢ᠃ ᠤᠯᠠᠨ ᠲᠦᠮᠡᠨ᠎ᠤ ᠬᠠᠷᠠᠴᠠ ᠪᠣᠯ ᠭᠡᠭᠡᠨ ᠰᠠᠷᠠᠭᠤᠯ ᠶᠤᠮ᠂ ᠨᠡᠩ ᠤᠯᠠᠨ ᠬᠠᠷᠠᠴᠠ ᠬᠢᠨᠠᠯᠲᠠ᠎ᠲᠠᠢ᠎ᠠᠴᠠ ᠪᠣᠯᠵᠤ ᠠᠵᠤ ᠠᠬᠤᠢ᠌ᠯᠠᠯ ᠨᠡᠩ ᠢᠳᠡᠪᠬᠢᠲᠡᠢ᠎ᠪᠠᠷ ᠵᠢᠷᠤᠮᠵᠢᠭᠤᠯᠤᠨ ᠡᠵᠡᠩᠨᠡᠵᠦ᠂ ᠨᠠᠷᠢᠨ ᠵᠦᠢ᠍ᠯᠡᠰ ᠪᠠ ᠪᠣᠳᠠᠲᠤ ᠦᠷ᠎ᠡ ᠪᠦᠲᠦᠮᠵᠢ ᠵᠢ ᠠᠩᠬᠠᠷᠴᠤ᠂ ᠡᠭᠦᠨ᠎ᠤ ᠤᠯᠠᠮ᠎ᠠᠴᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠬᠠᠶᠠᠭᠳᠠᠮᠠᠯ ᠪᠣᠳᠠᠰ᠎ᠢ ᠰᠢᠢ᠍ᠳᠪᠦᠷᠢᠯᠡᠬᠦ ᠪᠤᠶᠤ ᠪᠣᠬᠢᠷᠲᠤᠯ ᠪᠣᠳᠠᠰ᠎ᠢ ᠵᠠᠰᠠᠬᠤ ᠴᠢᠳᠠᠪᠬᠢ ᠵᠢ ᠦᠨᠡᠨᠬᠦ ᠳᠡᠭᠡᠭᠰᠢᠯᠡᠭᠦᠯᠬᠦ ᠪᠣᠯᠣᠨ᠎ᠠ᠃
      ᠪᠦᠬᠦ ᠶᠠᠪᠤᠴᠠ ᠵᠢᠨ ᠠᠷᠠᠳ᠎ᠤᠨ ᠠᠷᠠᠳᠴᠢᠯᠠᠯ᠎ᠤᠨ ᠡᠭᠦᠳᠡᠨ᠎ᠠᠴᠠ ᠦᠵᠡᠪᠡᠯ᠂ ᠣᠲᠣ ᠪᠠᠢ᠌ᠭ᠎ᠠ ᠳᠥᠷᠪᠡᠨ ᠳᠦᠷᠦᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠨᠡᠭᠡᠭᠡᠬᠦ᠎ᠨᠢ ᠠᠷᠠᠳ ᠤᠯᠠᠨ᠎ᠤ ᠤᠯᠠᠨ ᠨᠠᠢ᠌ᠳᠠ ᠵᠢᠨ ᠳᠦᠷᠦᠯ ᠵᠦᠢ᠍ᠯ᠎ᠢ ᠲᠥᠯᠥᠪᠵᠢᠭᠦᠯᠬᠦ᠂ ᠪᠦᠲᠦᠭᠡᠨ ᠪᠠᠢ᠌ᠭᠤᠯᠬᠤ᠂ ᠡᠵᠡᠩᠨᠡᠬᠦ ᠶᠠᠪᠤᠴᠠ᠎ᠳᠠᠬᠢ ᠪᠠᠶ᠋ᠢᠳᠠᠯ᠎ᠢ ᠣᠢ᠌ᠯᠠᠭ᠋ᠠᠵᠤ ᠵᠠᠰᠠᠭ᠎ᠤᠨ ᠶᠠᠪᠤᠳᠠᠯ᠎ᠢ ᠣᠢ᠌ᠯᠠᠭ᠋ᠠᠬᠤ᠂ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠪᠠ ᠪᠦᠬᠦ ᠲᠠᠯ᠎ᠠ᠎ᠪᠠᠷ ᠬᠢᠨᠠᠯᠲᠠ ᠲᠠᠯᠪᠢᠬᠤ᠎ᠳᠤ ᠣᠷᠣᠯᠴᠠᠬᠤ ᠵᠢ ᠪᠦᠲᠦᠮᠵᠢᠲᠡᠢ ᠪᠠᠲᠤᠯᠠᠵᠤ ᠴᠢᠳᠠᠨ᠎ᠠ᠂ ᠡᠨᠡ᠎ᠨᠢ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠭᠰᠠᠨ ᠵᠶ᠋ᠠᠷ ᠪᠠᠷᠠᠬᠤ ᠦᠭᠡᠢ ᠤᠯᠤᠰ ᠲᠥᠷᠥ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠴᠤ᠌ ᠬᠤᠪᠢ ᠨᠡᠮᠡᠷᠢ ᠦᠵᠡᠭᠦᠯᠦᠭᠰᠡᠨ ᠪᠠᠢ᠌ᠨ᠎ᠠ᠃
      ᠭᠤᠷᠪᠠ᠂ ᠪᠣᠰᠣᠭ᠎ᠠ ᠴᠣᠭᠴᠠ᠎ᠪᠠᠷ ᠳᠡᠯᠭᠡᠨ ᠦᠵᠡᠭᠦᠯᠵᠦ ᠤᠬᠠᠭᠤᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠥᠮᠦᠵᠢᠯ᠎ᠢ ᠠᠬᠢᠭᠤᠯᠤᠨ᠎ᠠ
      ᠶᠠᠷᠢᠶᠠᠨ ᠦᠭᠡᠢ᠂ ᠨᠡᠭᠡᠭᠡᠯᠲᠡ ᠬᠢᠬᠦ ᠠᠵᠢᠯ᠎ᠨᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠡᠵᠡᠩᠨᠡᠯᠲᠡ ᠵᠢᠨ ᠨᠢᠭᠡᠴᠢ ᠵᠢᠨ ᠳᠠᠷᠤᠯᠲᠠ ᠪᠠ ᠬᠥᠮᠥᠨ᠎ᠤ ᠬᠦᠴᠦ ᠪᠣᠳᠠᠰ᠎ᠤᠨ ᠬᠦᠴᠦᠨ᠎ᠤ ᠬᠣᠷᠣᠭᠳᠠᠯ᠎ᠢ ᠨᠡᠮᠡᠭᠳᠡᠭᠦᠯᠦᠭᠰᠡᠨ ᠪᠠᠢ᠌ᠨ᠎ᠠ᠂ ᠭᠡᠪᠡᠴᠦ ᠬᠡᠷᠪᠡ ᠡᠨᠡ ᠬᠦ᠌ ᠠᠵᠠ ᠲᠣᠬᠢᠶᠠᠯ᠎ᠢ ᠭᠦᠢ᠍ᠴᠡᠳ ᠠᠰᠢᠭᠯᠠᠪᠠᠯ᠂ ᠡᠲᠡᠭᠡᠷ ᠨᠢᠭᠡᠴᠢ᠎ᠨᠦᠭᠦᠳ ᠠᠳᠠᠯᠢᠬᠠᠨ ᠵᠶ᠋ᠠᠷ ᠡᠭᠦᠨ᠎ᠤ ᠳᠤᠮᠳᠠ᠎ᠠᠴᠠ ᠠᠰᠢᠭ ᠭᠥᠷᠳᠡᠵᠦ ᠪᠣᠯᠬᠤ ᠶᠤᠮ᠃
      ᠡᠩ ᠲᠡᠷᠢᠭᠦᠨ᠎ᠳᠤ᠂ ᠨᠡᠭᠡᠭᠡᠯᠲᠡ ᠬᠢᠬᠦ ᠠᠵᠢᠯ᠎ᠨᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ 《ᠨᠢᠭᠤᠴᠠ ᠳᠠᠯᠳᠠ》 ᠪᠠᠶ᠋ᠢᠳᠠᠯ᠎ᠢ ᠢᠯᠡᠷᠡᠭᠦᠯᠵᠦ᠂ ᠲᠥᠷᠥᠯ ᠵᠦᠢ᠍ᠯ᠎ᠤᠨ ᠳᠦᠷᠰᠦ ᠪᠠᠶ᠋ᠢᠳᠠᠯ᠎ᠢ ᠦᠨᠡᠨ ᠪᠣᠳᠠᠲᠠᠢ᠎ᠪᠠᠷ ᠢᠯᠡᠷᠡᠭᠦᠯᠵᠦ ᠪᠣᠯᠣᠨ᠎ᠠ᠃ ᠲᠡᠷᠢᠭᠦᠨ᠎ᠤ ᠮᠡᠷᠭᠡᠵᠢᠯ᠂ ᠬᠢᠷᠢ ᠲᠡᠩᠴᠡᠭᠰᠡᠨ ᠲᠣᠨᠣᠭ ᠲᠥᠬᠦᠭᠡᠷᠦᠮᠵᠢ᠂ ᠳᠦᠷᠢᠮᠵᠢᠭᠰᠡᠨ ᠬᠠᠮᠢᠶᠠᠷᠤᠯᠲᠠ ᠵᠢᠴᠢ ᠴᠡᠪᠡᠷ ᠴᠡᠮᠴᠡᠭᠡᠷ ᠦᠢ᠍ᠯᠡᠳᠪᠦᠷᠢ ᠵᠢᠨ ᠲᠣᠭᠣᠷᠢᠭ᠎ᠤᠨ ᠣᠷᠴᠢᠨ ᠲᠣᠭᠣᠷᠢᠨ᠎ᠢ ᠳᠡᠯᠭᠡᠨ ᠦᠵᠡᠭᠦᠯᠬᠦ᠎ᠪᠠᠷ ᠳᠠᠮᠵᠢᠭᠤᠯᠤᠨ᠂ ᠡᠵᠡᠩᠨᠡᠯᠲᠡ ᠵᠢᠨ ᠲᠠᠯ᠎ᠠ ᠵᠢᠨ ᠪᠣᠳᠠᠲᠤ ᠬᠦᠴᠦᠨ ᠪᠠ ᠴᠢᠳᠠᠪᠤᠷᠢ ᠵᠢ ᠭᠦᠢ᠍ᠴᠡᠳ ᠢᠯᠡᠷᠡᠭᠦᠯᠵᠦ᠂ ᠵᠠᠷᠢᠮ ᠠᠵᠢᠯ ᠳᠦᠷᠦᠯ ᠪᠤᠶᠤ ᠠᠵᠤ ᠠᠬᠤᠢ᠌ᠯᠠᠯ᠎ᠳᠠᠬᠢ ᠡ᠊ᠨᠳᠡᠭᠦᠦ ᠣᠢ᠌ᠯᠠᠭ᠋ᠠᠯᠲᠠ ᠵᠢ ᠠᠷᠢᠯᠭ᠋ᠠᠵᠤ ᠪᠣᠯᠣᠨ᠎ᠠ᠃
      ᠳᠠᠷᠠᠭ᠎ᠠ᠎ᠳᠤᠨᠢ᠂ ᠨᠠᠷᠢᠨ ᠨᠢᠮᠪᠠᠢ ᠲᠥᠯᠥᠪᠯᠡᠭᠰᠡᠨ ᠨᠡᠭᠡᠭᠡᠯᠲᠡ᠎ᠲᠠᠢ ᠵᠠᠮ ᠱᠤᠭᠤᠮ᠂ ᠠᠭᠤᠯᠭ᠎ᠠ᠎ᠪᠠᠨ ᠳᠡᠯᠭᠡᠨ ᠦᠵᠡᠭᠦᠯᠬᠦ ᠪᠠ ᠲᠠᠢ᠌ᠯᠪᠤᠷᠢᠯᠠᠨ ᠤᠬᠠᠭᠤᠯᠬᠤ᠎ᠪᠠᠷ ᠳᠡᠮᠵᠢᠨ᠂ ᠲᠣᠭᠣᠷᠢᠨ ᠦᠵᠡᠭᠴᠢᠳ᠎ᠲᠤ ᠲᠥᠷᠥᠯ ᠵᠦᠢ᠍ᠯ᠎ᠤᠨ ᠲᠣᠰ ᠪᠡᠶ᠎ᠡ ᠵᠢᠨ ᠬᠡᠷᠡᠭᠯᠡᠵᠦ ᠪᠠᠢ᠌ᠭ᠎ᠠ ᠮᠡᠷᠭᠡᠵᠢᠯ᠎ᠤᠨ ᠱᠤᠭᠤᠮ ᠪᠠ ᠡᠵᠡᠩᠨᠡᠯᠲᠡ ᠵᠢᠨ ᠪᠠᠶ᠋ᠢᠳᠠᠯ᠎ᠢ ᠣᠢ᠌ᠯᠠᠭ᠋ᠠᠭᠤᠯᠬᠤ᠎ᠪᠠᠷ ᠪᠠᠷᠠᠬᠤ ᠦᠭᠡᠢ᠂ ᠪᠠᠰᠠ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠪᠣᠬᠢᠷᠲᠤᠯ᠎ᠢ ᠵᠠᠰᠠᠬᠤ᠂ ᠡᠬᠢ ᠪᠠᠶᠠᠯᠢᠭ᠎ᠢ ᠬᠣᠷᠢᠶᠠᠨ ᠠᠪᠴᠢᠷᠠᠬᠤ ᠵᠡᠷᠭᠡ ᠠᠵᠢᠯ ᠲᠥᠷᠥᠯ᠎ᠤᠨ ᠶᠡᠷᠦᠩᠬᠡᠢ ᠬᠥᠭᠵᠢᠯᠲᠡ ᠵᠢ ᠤᠯᠠᠨ᠎ᠳᠤ ᠣᠢ᠌ᠯᠠᠭ᠋ᠠᠭᠤᠯᠬᠤ᠎ᠳᠤ ᠠᠰᠢᠭᠲᠠᠢ ᠪᠠᠢ᠌ᠵᠤ᠂ ᠬᠣᠯᠪᠣᠭᠳᠠᠯ ᠪᠦᠬᠦᠢ ᠲᠥᠷᠥᠯ ᠵᠦᠢ᠍ᠯ᠎ᠤᠨ ᠨᠡᠢ᠌ᠭᠡᠮ᠎ᠤᠨ ᠠᠵᠤ ᠠᠬᠤᠢ ᠵᠢᠨ ᠰᠢᠰᠲ᠋ᠧᠮ᠎ᠤᠨ ᠠᠵᠢᠯᠯᠠᠭ᠋ᠠᠨ᠎ᠳᠤ ᠣᠷᠣᠯᠴᠠᠬᠤ ᠵᠢᠨ ᠴᠢᠬᠤᠯᠠ ᠴᠢᠨᠠᠷ᠎ᠢ ᠤᠯᠠᠨ ᠨᠠᠢ᠌ᠳᠠ᠎ᠳᠤ ᠮᠡᠳᠡᠷᠡᠭᠦᠯᠵᠦ᠂ ᠵᠠᠷᠢᠮ ᠥᠷᠥᠭᠡᠰᠦᠭᠡᠯ ᠪᠠ ᠪᠤᠷᠤᠭᠤ ᠲᠠᠨᠢᠯᠲᠠ ᠵᠢ ᠦᠨᠳᠦᠰᠦᠨ᠎ᠠᠴᠠ᠎ᠨᠢ ᠵᠠᠯᠠᠷᠠᠭᠤᠯᠬᠤ᠎ᠳᠤ ᠠᠰᠢᠭᠲᠠᠢ ᠪᠠᠢ᠌ᠳᠠᠭ᠃ ᠲᠣᠭᠣᠷᠢᠨ ᠦᠵᠡᠭᠴᠢᠳ᠎ᠲᠤ ᠨᠠᠰᠤ ᠵᠢᠯ᠎ᠤᠨ ᠢᠯᠭ᠋ᠠᠯ ᠦᠭᠡᠢ᠂ ᠠᠵᠢᠯ ᠮᠡᠷᠭᠡᠵᠢᠯ᠎ᠤᠨ ᠢᠯᠭ᠋ᠠᠯ ᠦᠭᠡᠢ᠎ᠪᠠᠷ ᠪᠦᠬᠦᠨ᠎ᠢ ᠬᠠᠮᠤᠷᠬᠤ ᠵᠢ ᠪᠡᠶᠡᠯᠡᠭᠦᠯᠬᠦ᠎ᠨᠢ ᠨᠡᠢ᠌ᠭᠡᠮᠴᠢᠯᠡᠭᠰᠡᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠭᠤᠯᠭ᠎ᠠ ᠬᠥᠮᠦᠵᠢᠯ᠎ᠤᠨ ᠠᠭᠤᠷ ᠠᠮᠢᠰᠬᠤᠯ᠎ᠢ ᠪᠦᠬᠦᠯᠢ ᠴᠣᠭᠴᠠ᠎ᠠᠴᠠ ᠠᠯᠤᠰ ᠬᠡᠲᠦ᠎ᠪᠠᠷ ᠨᠥᠯᠥᠭᠡᠯᠡᠬᠦ᠎ᠳᠤ ᠠᠰᠢᠭᠲᠠᠢ ᠪᠠᠢ᠌ᠵᠤ᠂ ᠦᠯᠦ ᠮᠡᠳᠡᠭᠳᠡᠮ᠎ᠡ ᠨᠥᠯᠥᠭᠡᠯᠡᠬᠦ ᠰᠤᠷᠭ᠋ᠠᠨ ᠬᠥᠮᠦᠵᠢᠯ᠎ᠤᠨ ᠤᠯᠠᠮᠵᠢᠯᠠᠨ ᠳᠡᠯᠭᠡᠷᠡᠭᠦᠯᠬᠦ ᠦᠷ᠎ᠡ ᠪᠦᠲᠦᠮᠵᠢ ᠵᠢ ᠦᠷᠭᠦᠯᠵᠢᠯᠡᠨ ᠪᠡᠶᠡᠯᠡᠭᠦᠯᠵᠦ᠂ ᠡᠴᠦᠰ᠎ᠲᠡᠭᠡᠨ ᠤᠯᠠᠨ ᠨᠠᠢ᠌ᠳᠠ ᠵᠢᠨ ᠣᠷᠴᠢᠨ ᠲᠣᠭᠣᠷᠢᠨ᠎ᠤ ᠵᠠᠰᠠᠯᠲᠠ᠎ᠳᠤ ᠣᠷᠣᠯᠴᠠᠬᠤ ᠳᠤᠷ᠎ᠠ ᠰᠣᠨᠢᠷᠬᠠᠯ ᠪᠠ ᠰᠢᠨᠵᠢᠯᠡᠬᠦ ᠤᠬᠠᠭ᠋ᠠᠨᠴᠢ᠎ᠪᠠᠷ ᠣᠷᠣᠯᠴᠠᠬᠤ ᠴᠢᠳᠠᠪᠤᠷᠢ ᠵᠢ ᠲᠡᠭᠡᠭᠰᠢᠯᠡᠬᠦᠦᠨ᠎ᠡ᠃
      ᠡᠨᠡ ᠲᠠᠯ᠎ᠠ᠎ᠠᠴᠠ ᠦᠵᠡᠪᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠯᠲᠡ᠎ᠲᠠᠢ ᠪᠣᠯᠭ᠋ᠠᠬᠤ᠎ᠨᠢ ᠶᠠᠮᠠᠷ ᠨᠢᠭᠡᠨ ᠣᠨᠴᠠᠭ᠋ᠠᠢ ᠳᠦᠷᠦᠯ ᠵᠦᠢ᠍ᠯ᠎ᠢ ᠨᠠᠢ᠌ᠳᠠᠪᠤᠷᠢᠵᠢᠭᠤᠯᠬᠤ᠎ᠳᠤ ᠠᠰᠢᠭᠲᠠᠢ᠎ᠪᠠᠷ ᠪᠠᠷᠠᠬᠤ ᠦᠭᠡᠢ ᠪᠠᠰᠠ ᠬᠣᠯᠪᠣᠭᠳᠠᠯ ᠪᠦᠬᠦᠢ ᠠᠵᠢᠯ ᠲᠥᠷᠥᠯ᠎ᠤᠨ ᠨᠡᠢ᠌ᠭᠡᠮ ᠳᠡᠭᠡᠷᠡᠬᠢ ᠶᠡᠷᠦᠩᠬᠡᠢ ᠳᠦᠷᠢ ᠲᠥᠷᠬᠦ ᠵᠢ ᠪᠦᠬᠦ ᠲᠠᠯ᠎ᠠ᠎ᠪᠠᠷ ᠳᠡᠭᠡᠭᠰᠢᠯᠡᠭᠦᠯᠬᠦ᠎ᠳᠤ ᠠᠰᠢᠭᠲᠠᠢ᠂ ᠠᠵᠢᠯ ᠲᠥᠷᠥᠯ᠎ᠤᠨ ᠪᠦᠬᠦᠯᠢ ᠴᠣᠭᠴᠠ ᠵᠢᠨ ᠤᠷᠲᠤ ᠬᠤᠭᠤᠴᠠᠭ᠋ᠠᠨ᠎ᠤ ᠦᠷᠭᠦᠯᠵᠢᠯᠡᠬᠦ ᠬᠥᠭᠵᠢᠯᠲᠡ ᠵᠢ ᠠᠬᠢᠭᠤᠯᠬᠤ᠎ᠳᠤ ᠠᠰᠢᠭᠲᠠᠢ ᠶᠤᠮ᠃
      2017 ᠣᠨ᠎ᠠᠴᠠ ᠨᠠᠭ᠋ᠠᠰᠢ᠂ ᠪᠦᠬᠦ ᠤᠯᠤᠰ᠎ᠤᠨ 2000 ᠭᠠᠷᠤᠢ ᠣᠷᠴᠢᠨ ᠲᠣᠭᠣᠷᠢᠨ᠎ᠤ ᠬᠢᠨᠠᠨ ᠬᠡᠮᠵᠢᠯᠲᠡ ᠵᠢᠨ ᠲᠣᠨᠣᠭ ᠲᠥᠬᠦᠭᠡᠷᠦᠮᠵᠢ᠂ ᠬᠤᠳᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠲᠥᠬᠦᠭᠡᠷᠦᠮᠵᠢ᠂ ᠬᠤᠳᠠ ᠵᠢᠨ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ᠂ ᠠᠶᠤᠯᠲᠠᠢ ᠬᠠᠶᠠᠭᠳᠠᠮᠠᠯ ᠪᠣᠳᠠᠰ ᠪᠠ ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠬᠦᠨ᠎ᠢ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢ ᠵᠠᠯᠭ᠋ᠠᠪᠡᠷ ᠤᠯᠠᠨ ᠨᠠᠢ᠌ᠳᠠ᠎ᠳᠤ ᠨᠡᠭᠡᠭᠡᠵᠦ᠂ 2023 ᠣᠨ᠎ᠤ ᠰᠡᠭᠦᠯᠴᠢ ᠪᠣᠯᠲᠠᠯ᠎ᠠ᠂ ᠰᠦᠯᠵᠢᠶᠡᠨ ᠳᠡᠭᠡᠷᠡᠬᠢ ᠪᠠ ᠠᠬᠤᠢ ᠲᠠᠯᠠᠪᠠᠢ ᠵᠢᠨ ᠬᠦᠯᠢᠶᠡᠨ ᠠᠪᠤᠭᠰᠠᠨ ᠰᠣᠷᠪᠤᠯᠵᠢᠯᠠᠭ᠎ᠠ ᠬᠢᠭᠰᠡᠨ ᠤᠯᠠᠨ ᠲᠦᠮᠡᠨ ᠨᠠᠢ᠌ᠳᠠ 2.1 ᠳ᠋ᠦᠩᠰᠢᠭᠤᠷ ᠬᠥᠮᠥᠨ ᠤᠳᠠᠭ᠎ᠠ ᠵᠢ ᠳᠠᠪᠠᠵᠠᠢ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠨᠡᠭᠡᠭᠡᠯᠲᠡ ᠨᠢᠭᠡᠨᠲᠡ ᠳᠡᠭᠡᠳᠦ ᠬᠤᠷᠳᠤᠴᠠ᠎ᠲᠠᠢ ᠪᠥᠭᠡᠳ ᠲᠣᠭᠲᠠᠭᠤᠨ ᠬᠥᠭᠵᠢᠯᠲᠡ ᠵᠢᠨ ᠵᠠᠮ᠎ᠳᠠᠭᠠᠨ ᠣᠷᠣᠯ᠎ᠠ ᠭᠡᠵᠦ ᠬᠡᠯᠡᠵᠦ ᠪᠣᠯᠬᠤ ᠶᠤᠮ᠃
      ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠨᠡᠭᠡᠭᠡᠯᠲᠡ ᠵᠢᠨ ᠢᠷᠡᠭᠡᠳᠦᠢ᠎ᠳᠤ ᠪᠢᠳᠡ ᠮᠥᠨ ᠯᠡ ᠳᠣᠣᠷᠠᠬᠢ ᠮᠡᠲᠦ ᠬᠦᠰᠡᠯ ᠡᠷᠡᠮᠡᠯᠵᠡᠯ ᠲᠠᠯᠪᠢᠵᠤ ᠪᠠᠢ᠌ᠨ᠎ᠠ᠃ ᠨᠢᠭᠡᠳᠦᠭᠡᠷ᠎ᠲᠤ᠂ ᠨᠠᠩ ᠤᠯᠠᠨ ᠠᠵᠢᠯ ᠲᠥᠷᠥᠯ ᠪᠠ ᠠᠵᠤ ᠠᠬᠤᠢ᠌ᠯᠠᠯ᠎ᠤᠨ ᠤᠯᠠᠨ ᠨᠠᠢ᠌ᠳᠠ᠎ᠳᠤ ᠨᠡᠭᠡᠭᠡᠯᠲᠡ ᠬᠢᠬᠦ ᠡᠩᠨᠡᠭᠡᠨ᠎ᠳᠤ ᠣᠷᠣᠬᠤ ᠵᠢ ᠬᠦᠰᠡᠵᠦ ᠪᠠᠢ᠌ᠨ᠎ᠠ᠃ ᠪᠣᠯᠣᠳ ᠲᠡᠮᠦᠷ᠂ ᠲᠡᠮᠦᠷᠯᠢᠭ ᠬᠠᠶ᠋ᠢᠯᠤᠭᠤᠯᠬᠤ᠂ ᠬᠢᠮᠢ ᠵᠢᠨ ᠠᠵᠤ ᠦᠢ᠍ᠯᠡᠳᠪᠦᠷᠢ᠂ ᠢᠯᠴᠢ ᠵᠢᠨ ᠴᠠᠬᠢᠯᠭ᠋ᠠᠨ ᠵᠡᠷᠭᠡ ᠠᠵᠢᠯ ᠲᠥᠷᠥᠯ᠎ᠤᠨ ᠪᠣᠬᠢᠷᠲᠤᠯ ᠪᠣᠳᠠᠰ᠎ᠤᠨ ᠭᠠᠳᠠᠭᠰᠢᠯᠠᠭᠤᠯᠤᠯᠲᠠ ᠵᠢᠨ ᠶᠡᠷᠦᠩᠬᠡᠢ ᠬᠡᠮᠵᠢᠶ᠎ᠡ᠎ᠨᠢ ᠶᠡᠬᠡ ᠪᠠᠢ᠌ᠵᠤ᠂ ᠬᠣᠯᠪᠣᠭᠳᠠᠯ ᠪᠦᠬᠦᠢ ᠠᠵᠤ ᠠᠬᠤᠢ᠌ᠯᠠᠯ᠎ᠨᠢ ᠶᠡᠷᠦ᠎ᠳᠡᠭᠡᠨ ᠴᠥᠮ ᠭᠣᠣᠯᠳᠠᠯᠭ᠎ᠠ᠎ᠲᠠᠢ ᠬᠢᠨᠠᠨ ᠡᠵᠡᠮᠳᠡᠬᠦ ᠡᠲᠡᠭᠡᠳ ᠪᠣᠯᠣᠨ᠎ᠠ᠃ ᠠᠮᠤᠷ ᠲᠦᠪᠰᠢᠨ᠎ᠤ ᠬᠠᠮᠢᠶᠠᠷᠤᠯᠲᠠ ᠵᠡᠷᠭᠡ ᠲᠠᠯ᠎ᠠ ᠵᠢᠨ ᠰᠢᠯᠲᠠᠭ᠋ᠠᠨ᠎ᠠᠴᠠ ᠪᠣᠯᠵᠤ᠂ ᠥᠩᠭᠡᠷᠡᠭᠰᠡᠨ᠎ᠳᠤ ᠡᠲᠡᠭᠡᠷ ᠠᠵᠤ ᠠᠬᠤᠢ᠌ᠯᠠᠯ᠎ᠤᠨ ᠦᠢ᠍ᠯᠡᠳᠪᠦᠷᠢᠯᠡᠯ᠎ᠤᠨ ᠲᠣᠨᠣᠭ ᠲᠥᠬᠦᠭᠡᠷᠦᠮᠵᠢ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ᠎ᠨᠢ ᠶᠡᠷᠦ᠎ᠠᠴᠠ《ᠰᠤᠯᠠ ᠬᠥᠮᠥᠨ ᠣᠷᠣᠵᠤ ᠪᠣᠯᠬᠤ ᠦᠭᠡᠢ》 ᠪᠠᠢ᠌ᠵᠤ᠂ ᠨᠡᠩ ᠴᠤ᠌ ᠡᠲᠡᠭᠡᠷ ᠮᠤᠨᠳᠠᠭ ᠲᠣᠮᠣ ᠶᠠᠭᠤᠮᠠᠰ᠎ᠲᠤ ᠭᠦᠨ ᠨᠢᠭᠤᠴᠠ ᠥᠩᠭᠡ ᠪᠤᠳᠤᠭ ᠪᠦᠷᠬᠦᠵᠦ᠂ ᠬᠥᠮᠥᠰ ᠪᠠᠷ᠎ᠠ ᠵᠢ᠎ᠨᠢ ᠬᠠᠷᠠᠮᠠᠭᠴᠠ ᠰᠦᠷᠳᠡᠳᠡᠭ᠃ ᠬᠡᠷᠪᠡ ᠤᠯᠠᠨ ᠨᠠᠢ᠌ᠳᠠ᠎ᠳᠤ ᠣᠨᠴᠠ ᠲᠣᠭᠲᠠᠭᠰᠠᠨ ᠦᠢ᠍ᠯᠡᠳᠪᠦᠷᠢᠯᠡᠯ᠎ᠤᠨ ᠭᠣᠭᠴᠣᠭ᠎ᠠ ᠪᠠ ᠪᠣᠬᠢᠷᠲᠤᠯ᠎ᠢ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢ ᠨᠡᠭᠡᠭᠡᠬᠦ᠎ᠳᠤ ᠬᠦᠷᠪᠡᠯ᠂ ᠬᠣᠯᠪᠣᠭᠳᠠᠯ ᠪᠦᠬᠦᠢ ᠠᠵᠢᠯ ᠳᠦᠷᠦᠯ᠎ᠤᠨ ᠪᠦᠬᠦᠯᠢ ᠴᠣᠭᠴᠠ ᠵᠢᠨ ᠳᠦᠷᠢ ᠲᠥᠷᠬᠦ ᠵᠢ ᠤᠯᠠᠮ ᠨᠢᠭᠡ ᠠᠯᠬᠤᠮ ᠳᠡᠭᠡᠭᠰᠢᠯᠡᠭᠦᠯᠬᠦ᠎ᠳᠤ ᠲᠤᠰᠠᠲᠠᠢ᠎ᠪᠠᠷ ᠪᠠᠷᠠᠬᠤ ᠦᠭᠡᠢ ᠪᠠᠰᠠ ᠪᠣᠳᠠᠲᠠᠢ ᠠᠵᠤ ᠠᠬᠤᠢ᠌ᠯᠠᠯ᠎ᠤᠨ ᠨᠡᠢ᠌ᠭᠡᠮ᠎ᠤᠨ ᠤᠯᠠᠨ ᠲᠦᠮᠡᠨ᠎ᠤ ᠬᠠᠷᠢᠴᠠᠭ᠎ᠠ ᠵᠢ ᠬᠠᠮᠠᠭ᠋ᠠᠯᠠᠬᠤ᠎ᠳᠤ ᠠᠰᠢᠭᠲᠠᠢ ᠶᠤᠮ᠃ ᠬᠡᠷᠡᠭ ᠳᠡᠭᠡᠷ᠎ᠡ᠎ᠪᠠᠨ ᠵᠠᠷᠢᠮ ᠴᠥᠮ᠎ᠡ ᠵᠢᠨ ᠴᠠᠬᠢᠯᠭ᠋ᠠᠨ᠎ᠤ ᠠᠵᠤ ᠠᠬᠤᠢ᠌ᠯᠠᠯ ᠨᠢᠭᠡᠨᠲᠡ ᠡᠮᠦᠨ᠎ᠡ ᠡᠩᠨᠡᠭᠡᠨ᠎ᠳᠤ ᠶᠠᠪᠤᠵᠤ᠂ ᠪᠤᠰᠤᠳ ᠲᠣᠮᠣ ᠬᠡᠯᠪᠡᠷᠢ ᠵᠢᠨ ᠠᠵᠤ ᠦᠢ᠍ᠯᠡᠳᠪᠦᠷᠢ ᠵᠢᠨ ᠠᠵᠤ ᠠᠬᠤᠢ᠌ᠯᠠᠯ᠎ᠳᠤ ᠠᠰᠢᠭᠲᠠᠢ ᠲᠤᠷᠰᠢᠯᠭ᠎ᠠ ᠵᠢ ᠬᠠᠩᠭ᠋ᠠᠵᠤ ᠴᠢᠳᠠᠬᠤ ᠪᠣᠯᠵᠠᠢ᠃ ᠤᠯᠤᠰ᠎ᠤᠨ ᠠᠵᠤ ᠦᠢ᠍ᠯᠡᠰ᠎ᠤᠨ ᠲᠠᠰ ᠳᠡᠪᠰᠢᠬᠦ ᠪᠠ ᠠᠷᠠᠳ᠎ᠤᠨ ᠠᠮᠢᠳᠤᠷᠠᠯ᠎ᠤᠨ ᠬᠢᠷᠢ ᠲᠦᠪᠰᠢᠨ᠎ᠤ ᠳᠡᠭᠡᠭᠰᠢᠯᠡᠬᠦ ᠵᠢ ᠳᠠᠭ᠋ᠠᠯᠳᠤᠨ᠂ ᠬᠠᠶᠠᠭᠳᠠᠮᠠᠯ ᠮᠠᠰᠢᠨᠲᠤ ᠲᠡᠷᠭᠡ᠂ ᠬᠠᠶᠠᠭᠳᠠᠮᠠᠯ ᠬᠠᠭᠤᠴᠢᠨ ᠭᠡᠷᠡᠯ ᠴᠡᠨᠡᠭ᠎ᠤᠨ ᠬᠠᠪᠲᠠᠰᠤ᠂ ᠬᠥᠳᠡᠯᠭᠡᠭᠴᠢ ᠬᠦᠴᠦᠨ᠎ᠤ ᠴᠡᠨᠡᠭ᠎ᠢ ᠵᠠᠳᠠᠯᠵᠤ ᠡᠭᠡᠭᠦᠯᠦᠨ ᠬᠤᠷᠢᠶᠠᠬᠤ ᠲᠣᠨᠣᠭ ᠲᠥᠬᠦᠭᠡᠷᠦᠮᠵᠢ ᠵᠢᠨ ᠦᠢ᠍ᠯᠡᠳᠪᠦᠷᠢᠯᠡᠬᠦ ᠴᠢᠳᠠᠪᠤᠷᠢ ᠲᠠᠰᠤᠷᠠᠯᠲᠠ ᠦᠭᠡᠢ ᠨᠡᠮᠡᠭᠳᠡᠬᠦ᠎ᠨᠢ ᠵᠠᠢ᠌ᠯᠠᠰᠢ ᠦᠭᠡᠢ ᠶᠤᠮ᠃ ᠡᠲᠡᠭᠡᠷ ᠰᠢᠢ᠍ᠳᠪᠦᠷᠢᠯᠡᠬᠦ ᠲᠣᠨᠣᠭ ᠲᠥᠬᠦᠭᠡᠷᠦᠮᠵᠢ ᠵᠢᠨ ᠨᠡᠭᠡᠭᠡᠯᠲᠡ᠎ᠨᠢ ᠯᠠᠪᠲᠠᠢ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠪᠣᠬᠢᠷᠲᠤᠯ ᠦᠭᠡᠢ ᠬᠡᠷᠡᠭᠯᠡᠭᠡᠨ᠎ᠤ ᠬᠥᠮᠦᠵᠢᠯ᠎ᠢ ᠲᠦᠭᠡᠮᠡᠯᠵᠢᠭᠦᠯᠬᠦ᠎ᠳᠤ ᠠᠰᠢᠭᠲᠠᠢ ᠶᠤᠮ᠃
      ᠬᠣᠶᠠᠳᠤᠭ᠋ᠠᠷ᠎ᠲᠤ᠂ ᠠᠵᠤ ᠦᠢ᠍ᠯᠡᠳᠪᠦᠷᠢ ᠵᠢᠨ ᠵᠢᠭᠤᠯᠴᠢᠯᠠᠯ᠂ ᠨᠡᠢ᠌ᠭᠡᠮ ᠲᠣᠭᠣᠷᠢᠭ᠎ᠤᠨ ᠬᠠᠮᠲᠤᠪᠠᠷ ᠪᠠᠢ᠌ᠭᠤᠯᠬᠤ ᠡᠯᠧᠮᠧᠨ᠋ᠲ ᠪᠣᠯᠣᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢᠨ ᠨᠡᠭᠡᠭᠡᠯᠲᠡ ᠵᠢ ᠠᠭᠤᠰᠤᠯᠴᠠᠭᠤᠯᠬᠤ ᠵᠢ ᠬᠦᠰᠡᠵᠦ ᠪᠠᠢ᠌ᠨ᠎ᠠ᠃ ᠦᠢ᠍ᠯᠡᠳᠪᠦᠷᠢᠯᠡᠯ᠎ᠤᠨ ᠠᠵᠤ ᠠᠬᠤᠢ᠌ᠯᠠᠯ ᠴᠤ᠌ ᠲᠡᠷᠡ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠴᠦ᠍ ᠲᠡᠷᠡ᠂ ᠪᠦᠷ ᠣᠲᠣ ᠦᠶ᠎ᠡ ᠵᠢᠨ ᠠᠵᠤ ᠦᠢ᠍ᠯᠡᠳᠪᠦᠷᠢ ᠵᠢᠨ ᠬᠥᠭᠵᠢᠯᠲᠡ ᠵᠢᠨ ᠪᠡᠯᠭᠡ ᠲᠡᠮᠳᠡᠭ ᠮᠥᠨ᠃ ᠥᠷᠨᠢᠨ ᠬᠥᠭᠵᠢᠵᠦ ᠪᠠᠢ᠌ᠭ᠎ᠠ ᠠᠵᠤ ᠦᠢ᠍ᠯᠡᠳᠪᠦᠷᠢ ᠵᠢᠨ ᠵᠢᠭᠤᠯᠴᠢᠯᠠᠯ᠎ᠨᠢ ᠲᠣᠭᠣᠷᠢᠨ ᠦᠵᠡᠭᠴᠢᠳ᠎ᠲᠤ ᠣᠲᠣ ᠦᠶ᠎ᠡ ᠵᠢᠨ ᠠᠵᠤ ᠦᠢ᠍ᠯᠡᠳᠪᠦᠷᠢ ᠵᠢᠨ ᠭᠤᠸ᠎ᠠ ᠰᠠᠢ᠌ᠬᠠᠨ᠎ᠢ ᠣᠢ᠌ᠯᠠᠭ᠋ᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠡᠳᠬᠢᠬᠦᠢ ᠵᠢ ᠬᠥᠮᠥᠵᠢᠭᠦᠯᠵᠦ᠂ ᠠᠵᠤ ᠠᠬᠤᠢ᠌ᠯᠠᠯ᠎ᠤᠨ ᠨᠡᠢ᠌ᠭᠡᠮ᠎ᠤᠨ ᠳᠦᠷᠢ ᠲᠥᠷᠬᠦ ᠵᠢ ᠳᠡᠭᠡᠭᠰᠢᠯᠡᠭᠦᠯᠬᠦ᠎ᠳᠤ ᠬᠠᠪᠰᠤᠷᠤᠮᠵᠢ ᠪᠣᠯᠳᠠᠭ᠃ ᠡᠨᠡ᠎ᠨᠢ ᠵᠥᠪᠬᠡᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠷ᠎ᠡ ᠪᠦᠲᠦᠮᠵᠢ ᠵᠢ ᠢᠯᠡᠷᠡᠭᠦᠯᠬᠦ ᠨᠡᠭᠡᠭᠡᠯᠲᠡ ᠵᠢᠨ ᠬᠠᠷᠠᠯᠲᠠ᠎ᠲᠠᠢ ᠨᠢᠭᠡᠳᠦᠯᠲᠡᠢ ᠶᠤᠮ᠃ ᠠᠵᠤ ᠠᠬᠤᠢ᠌ᠯᠠᠯ᠎ᠨᠢ ᠵᠢᠭᠤᠯᠴᠢᠯᠠᠯ᠎ᠤᠨ ᠦᠵᠡᠮᠵᠢ ᠵᠢᠨ ᠣᠷᠣᠨ᠎ᠤ ᠳᠦᠷᠢ ᠲᠥᠷᠬᠦ᠎ᠪᠠᠷ ᠢᠯᠡᠷᠡᠬᠦ ᠦᠶ᠎ᠡ᠎ᠳᠤ᠂ ᠲᠡᠭᠦᠨ᠎ᠤ ᠤᠤᠯ᠎ᠤᠨ ᠪᠣᠬᠢᠷᠲᠤᠯ᠎ᠤᠨ ᠳᠦᠷᠢ ᠲᠥᠷᠬᠦ᠎ᠨᠢ ᠳᠠᠷᠤᠢ ᠬᠤᠪᠢᠷᠠᠳᠠᠭ᠃ ᠨᠡᠢ᠌ᠭᠡᠮ ᠲᠣᠭᠣᠷᠢᠭ᠎ᠤᠨ ᠬᠠᠮᠲᠤ ᠵᠢᠨ ᠪᠠᠢ᠌ᠭᠤᠯᠤᠯᠲᠠ ᠵᠢ ᠴᠢᠩᠭ᠋ᠠᠳᠬᠠᠬᠤ᠎ᠨᠢ ᠮᠥᠨ ᠴᠦ᠍ ᠠᠳᠠᠯᠢ ᠶᠣᠰᠣ᠎ᠲᠠᠢ ᠶᠤᠮ᠂ ᠬᠡᠷᠪᠡ ᠠᠵᠤ ᠠᠬᠤᠢ᠌ᠯᠠᠯ᠎ᠨᠢ ᠪᠠᠢ᠌ᠭ᠎ᠠ ᠨᠡᠢ᠌ᠭᠡᠮ ᠲᠣᠭᠣᠷᠢᠭ᠎ᠤᠨ ᠤᠯᠠᠨ ᠨᠠᠢ᠌ᠳᠠ ᠵᠢᠨ ᠠᠵᠢᠯᠯᠠᠭ᠋ᠠᠨ᠎ᠤ ᠣᠷᠣᠨ ᠵᠠᠢ ᠴᠢᠨᠠᠭᠰᠢᠯᠠᠪᠠᠯ ᠤᠯᠠᠨ ᠨᠠᠢ᠌ᠳᠠ ᠵᠢᠨ ᠵᠣᠴᠢᠨ᠎ᠤ ᠲᠢᠩᠬᠢᠮ ᠪᠣᠯᠬᠤ᠎ᠳᠤ ᠬᠦᠷᠪᠡᠯ᠂ ᠲᠡᠭᠦᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠯᠤᠭ᠎ᠠ ᠵᠢᠨ ᠣᠨᠳᠣᠣᠰᠢᠯ ᠴᠢᠨᠠᠷ᠎ᠨᠢ ᠲᠠᠬᠢᠨ ᠲᠣᠪᠣᠢ᠌ᠬᠤ ᠦᠭᠡᠢ ᠪᠣᠯᠵᠤ᠂ 《ᠬᠥᠷᠰᠢ ᠵᠡᠷᠭᠡᠯᠡᠳᠡᠭᠡ ᠵᠢᠨ ᠵᠠᠶ᠋ᠢᠯᠠᠬᠤ》 ᠠᠰᠠᠭᠤᠳᠠᠯ ᠴᠤ᠌ ᠳᠠᠭ᠋ᠠᠯᠳᠤᠨ ᠠᠷᠢᠯᠬᠤ ᠪᠣᠯᠣᠨ᠎ᠠ᠃
      ᠭᠤᠷᠪᠠᠳᠤᠭ᠋ᠠᠷ᠎ᠲᠤ᠂ ᠲᠣᠨᠣᠭ ᠲᠥᠬᠦᠭᠡᠷᠦᠮᠵᠢ ᠵᠢᠨ ᠨᠡᠭᠡᠭᠡᠯᠲᠡ ᠵᠢ ᠳᠦᠷᠦᠯ ᠵᠦᠢ᠍ᠯ᠎ᠤᠨ ᠲᠥᠯᠦᠪᠵᠢᠭᠦᠯᠭᠡ ᠵᠢᠨ ᠵᠢᠷᠤᠭ ᠲᠥᠯᠥᠪᠯᠡᠭᠡ᠎ᠳᠤ ᠨᠡᠩ ᠤᠯᠠᠨ ᠣᠷᠣᠭᠤᠯᠬᠤ ᠵᠢ ᠬᠦᠰᠡᠵᠦ ᠪᠠᠢ᠌ᠨ᠎ᠠ᠃ ᠠᠳᠠᠯᠢ ᠪᠤᠰᠤ ᠲᠣᠨᠣᠭ ᠲᠥᠬᠦᠭᠡᠷᠦᠮᠵᠢ ᠵᠢ ᠠᠵᠢᠭᠯᠠᠬᠤ᠎ᠳᠤ᠂ ᠡᠷᠲᠡ ᠪᠠᠢ᠌ᠭᠤᠯᠤᠭᠰᠠᠨ᠂ ᠵᠢᠷᠤᠵᠤ ᠲᠥᠯᠥᠪᠯᠡᠬᠦ᠎ᠳᠡᠭᠡᠨ ᠳᠡᠯᠭᠡᠨ ᠦᠵᠡᠭᠦᠯᠬᠦ ᠴᠢᠳᠠᠮᠵᠢ ᠵᠢ ᠪᠣᠳᠣᠯᠬᠢᠯᠠᠭᠰᠠᠨ ᠦᠭᠡᠢ ᠵᠠᠷᠢᠮ ᠳᠦᠷᠦᠯ ᠵᠦᠢ᠍ᠯ᠎ᠢ ᠨᠡᠭᠡᠭᠡᠯᠲᠡ ᠬᠢᠬᠦ ᠦᠶ᠎ᠡ᠎ᠳᠤ ᠳᠠᠬᠢᠵᠤ ᠥᠭᠡᠷᠡᠴᠢᠯᠡᠬᠦ ᠴᠢᠬᠤᠯᠠᠲᠠᠢ ᠪᠠᠢ᠌ᠵᠤ᠂ ᠢᠯᠡᠭᠦᠴᠡ ᠪᠡᠯᠡ ᠣᠷᠣᠭᠤᠯᠤᠯᠲᠠ ᠬᠡᠷᠡᠭᠰᠡᠬᠦ ᠮᠥᠷᠲᠡᠭᠡᠨ ᠳᠡᠯᠭᠡᠨ ᠦᠵᠡᠭᠦᠯᠬᠦ ᠦᠷ᠎ᠡ ᠪᠦᠲᠦᠮᠵᠢ ᠵᠢ ᠴᠦ᠍ ᠨᠥᠯᠥᠭᠡᠯᠡᠬᠦ ᠵᠢ ᠮᠡᠳᠡᠵᠦ ᠪᠣᠯᠣᠨ᠎ᠠ᠃ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ᠂ ᠵᠦᠭᠯᠡᠭᠦᠷ᠎ᠤᠨ ᠵᠢᠯᠣᠭᠣᠳᠤᠯᠭ᠎ᠠ ᠳᠣᠣᠷ᠎ᠠ᠂ ᠲᠥᠷᠥ ᠵᠢᠨ ᠪᠣᠳᠣᠯᠭ᠎ᠠ ᠵᠢᠨ ᠬᠦᠷᠢᠶ᠎ᠡ ᠬᠡᠪᠴᠢᠶᠡᠨ᠎ᠳᠤ ᠣᠷᠣᠭᠤᠯᠤᠭᠰᠠᠨ ᠠᠵᠢᠯ ᠲᠥᠷᠥᠯ᠎ᠤᠨ ᠠᠵᠤ ᠠᠬᠤᠢ᠌ᠯᠠᠯ ᠵᠢᠴᠢ ᠨᠡᠭᠡᠭᠡᠯᠲᠡ ᠬᠢᠬᠦ ᠳᠠᠯᠳᠠ ᠬᠡᠷᠡᠭᠴᠡᠭᠡ ᠱᠠᠭ᠋ᠠᠷᠳᠠᠯᠭ᠎ᠠ᠎ᠲᠠᠢ ᠲᠥᠷᠥᠯ ᠵᠦᠢ᠍ᠯ᠎ᠢ ᠨᠡᠭᠡᠭᠡᠯᠲᠡ ᠬᠢᠬᠦ ᠠᠵᠢᠯ᠎ᠢ ᠲᠥᠷᠥᠯ ᠵᠦᠢ᠍ᠯ᠎ᠤᠨ ᠬᠠᠮᠤᠭ ᠠᠩᠬᠠᠨ᠎ᠤ ᠲᠥᠯᠦᠪᠵᠢᠭᠦᠯᠭᠡ ᠵᠢᠨ ᠲᠥᠯᠥᠪᠯᠡᠭᠡ ᠵᠢᠨ ᠭᠣᠭᠴᠣᠭ᠎ᠠ᠎ᠳᠤ ᠰᠢᠯᠵᠢᠭᠦᠯᠵᠦ᠂ ᠠᠵᠤ ᠦᠢ᠍ᠯᠡᠳᠪᠦᠷᠢ ᠵᠢᠨ ᠵᠢᠭᠤᠯᠴᠢᠯᠠᠯ᠂ ᠠᠵᠤ ᠠᠬᠤᠢ᠌ᠯᠠᠯ᠎ᠤᠨ ᠤᠬᠠᠭᠤᠯᠭ᠎ᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠥᠮᠦᠵᠢᠯ᠂ ᠨᠡᠢ᠌ᠭᠡᠮ ᠲᠣᠭᠣᠷᠢᠭ᠎ᠤᠨ ᠬᠠᠮᠲᠤ ᠵᠢᠨ ᠪᠦᠲᠦᠭᠡᠨ ᠪᠠᠢ᠌ᠭᠤᠯᠤᠯᠲᠠ ᠵᠡᠷᠭᠡ ᠬᠠᠷᠠᠯᠲᠠ᠎ᠲᠠᠢ ᠤᠶᠠᠯᠳᠤᠭᠤᠯᠤᠨ ᠭᠦᠢ᠍ᠴᠡᠳ ᠪᠣᠳᠣᠯᠬᠢᠯᠠᠵᠤ᠂ ᠦᠢ᠍ᠯᠡᠳᠪᠦᠷᠢᠯᠡᠬᠦ᠂ ᠳᠡᠯᠭᠡᠨ ᠦᠵᠡᠭᠦᠯᠬᠦ᠂ ᠰᠤᠷᠭ᠋ᠠᠨ ᠬᠥᠮᠥᠵᠢᠭᠦᠯᠬᠦ ᠵᠡᠷᠭᠡ ᠴᠢᠳᠠᠮᠵᠢ ᠵᠢ ᠨᠢᠭᠡ ᠴᠣᠭᠴᠠᠵᠢᠭᠤᠯᠤᠭᠰᠠᠨ ᠪᠦᠬᠦᠯᠢ ᠴᠣᠭᠴᠠ ᠵᠢᠨ ᠪᠦᠲᠦᠭᠡᠨ ᠪᠠᠢ᠌ᠭᠤᠯᠤᠯᠲᠠ ᠵᠢ ᠪᠡᠶᠡᠯᠡᠭᠦᠯᠬᠦ ᠬᠡᠷᠡᠭᠲᠡᠶ᠃ ᠡᠨᠡ ᠬᠦ᠌ ᠶᠠᠪᠤᠴᠠ᠎ᠳᠤ᠂ ᠲᠤᠬᠠᠢ ᠵᠢᠨ ᠭᠠᠵᠠᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠪᠠ ᠤᠯᠠᠨ ᠨᠠᠢ᠌ᠳᠠ ᠵᠢᠨ ᠰᠠᠨᠠᠯ ᠰᠠᠨᠠᠭᠤᠯᠭ᠎ᠠ ᠵᠢ ᠥᠷᠭᠡᠨ ᠵᠶ᠋ᠡᠷ ᠬᠤᠷᠢᠶᠠᠵᠤ᠂ ᠠᠵᠤ ᠠᠬᠤᠢ᠌ᠯᠠᠯ᠎ᠤᠨ ᠠᠵᠢᠯᠯᠠᠭ᠋ᠠᠨ᠎ᠤ ᠡᠮᠬᠢ ᠵᠢᠷᠤᠮ ᠪᠠ ᠡᠵᠡᠩᠨᠡᠯᠲᠡ ᠵᠢᠨ ᠠᠰᠢᠭ ᠲᠤᠰᠠ ᠵᠢ ᠬᠣᠬᠢᠷᠠᠭᠤᠯᠬᠤ ᠦᠭᠡᠢ ᠪᠠᠶ᠋ᠢᠬᠤ ᠤᠷᠢᠲᠠᠯ ᠳᠣᠣᠷ᠎ᠠ᠂ ᠤᠯᠠᠨ ᠨᠠᠢ᠌ᠳᠠ ᠵᠢᠨ ᠬᠦᠰᠡᠯ ᠡᠷᠡᠮᠡᠯᠵᠡᠯ ᠪᠠ ᠬᠡᠷᠡᠭᠴᠡᠭᠡ ᠵᠢ ᠬᠠᠮᠤᠭ᠎ᠤᠨ ᠶᠡᠬᠡ ᠬᠡᠮᠵᠢᠶ᠎ᠡ᠎ᠪᠠᠷ ᠬᠠᠩᠭ᠋ᠠᠬᠤ ᠵᠢ ᠦᠨᠡᠨ ᠬᠦ᠌ ᠪᠠᠲᠤᠯᠠᠵᠤ᠂ ᠤᠯᠠᠨ ᠨᠠᠢ᠌ᠳᠠ ᠵᠢᠨ ᠪᠦᠬᠦ ᠶᠠᠪᠤᠴᠠ᠎ᠳᠤ ᠣᠷᠣᠯᠴᠠᠬᠤ ᠵᠢ ᠦᠨᠡᠨ ᠬᠦ᠌ ᠪᠡᠶᠡᠯᠡᠭᠦᠯᠬᠦ ᠬᠡᠷᠡᠭᠲᠡᠶ᠃
      ᠵᠣᠬᠢᠶᠠᠭᠴᠢ᠄ ᠯᠦ᠍ ᠴᠢᠶᠦ᠋ᠩ ᠲᠥᠪ᠎ᠤᠨ ᠨᠡᠢ᠌ᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠯᠧᠺᠲ᠋ᠣᠷ᠂ ᠬᠥᠮᠥᠨ ᠠᠮᠠ᠂ ᠡᠬᠢ ᠪᠠᠶᠠᠯᠢᠭ ᠬᠢᠭᠡᠳ ᠣᠷᠴᠢᠨ ᠲᠣᠭᠣᠷᠢᠨ᠎ᠤ ᠠᠵᠤ ᠠᠬᠤᠢ ᠵᠢᠨ ᠤᠬᠠᠭ᠋ᠠᠨ᠎ᠤ ᠳ᠋ᠣᠺᠲ᠋ᠣᠷ
      ᠲᠣᠰ ᠵᠣᠬᠢᠶᠠᠯ᠎ᠢ 《ᠳᠡᠯᠡᠬᠡᠢ ᠵᠢᠨ ᠣᠷᠴᠢᠨ ᠲᠣᠭᠣᠷᠢᠨ》᠎ᠤ 2024.02 ᠬᠤᠭᠤᠴᠠᠭ᠋ᠠᠨ᠎ᠤ ᠨᠢᠭᠤᠷ᠎ᠤᠨ ᠬᠠᠪᠢᠰᠤᠨ᠎ᠤ ᠥᠯᠢᠭᠡᠷ᠎ᠤᠨ ᠪᠤᠯᠤᠩ᠎ᠠᠴᠠ ᠰᠢᠯᠵᠢᠭᠦᠯᠪᠡ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠬᠢᠯᠡᠪᠡ
ᠣᠷᠳᠣᠰ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠪᠠ
ᠪᠤᠭᠤᠲᠤ ᠬᠤᠳᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ 《ᠢᠲᠡᠭᠡᠮᠵᠢ +》 ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠦᠬᠦ ᠲᠠᠯ᠎ᠠ᠎ᠪᠠᠷ ᠨᠡᠢ᠌ᠳᠡᠮ᠎ᠳᠤᠨᠢ ᠪᠦᠷᠬᠦᠭᠦᠯᠦᠭᠰᠡᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠪᠠ
ᠪᠤᠭᠤᠲᠤ ᠬᠤᠳᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ 《ᠢᠲᠡᠭᠡᠮᠵᠢ +》 ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠦᠬᠦ ᠲᠠᠯ᠎ᠠ᠎ᠪᠠᠷ ᠨᠡᠢ᠌ᠳᠡᠮ᠎ᠳᠤᠨᠢ ᠪᠦᠷᠬᠦᠭᠦᠯᠦᠭᠰᠡᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠲᠢᠩᠬᠢᠮ 2023 ᠣᠨ᠎ᠤ ᠳᠥᠷᠪᠡᠳᠦᠭᠡᠷ ᠪᠦᠯᠦᠭ᠎ᠤᠨ ᠨᠡᠢ᠌ᠲᠡᠯᠢᠭ ᠬᠡᠷᠡᠭ᠎ᠤᠨ ᠵᠢᠱ᠌ᠢᠶ᠎ᠡ ᠵᠢ ᠨᠡᠢ᠌ᠲᠡᠯᠡᠪᠡ (ᠠᠶᠤᠯᠲᠠᠢ ᠬᠠᠶᠠᠭᠳᠠᠮᠠᠯ ᠪᠣᠳᠠᠰ᠎ᠤᠨ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢᠨ ᠲᠥᠷᠥᠯ) (ᠨᠢᠭᠡ)
 
             蒙ICP备05000248号