ᠲᠣᠮᠣ ᠳᠡᠯᠭᠡᠴᠡ ᠵᠢᠨ ᠡᠮᠦᠨ᠎ᠡ᠂ ᠬᠣᠲᠠ ᠵᠢᠨ ᠠᠭ᠋ᠠᠷ᠂ ᠤᠰᠤ᠂ ᠲᠠᠭᠤ᠂ ᠰᠠᠴᠤᠷᠠᠯᠲᠠ ᠵᠡᠷᠭᠡ ᠬᠦᠷᠢᠶ᠎ᠡ ᠴᠠᠷᠠᠭ᠎ᠠ ᠵᠢᠨ ᠬᠢᠨᠠᠨ ᠬᠡᠮᠵᠢᠬᠦ ᠠᠵᠢᠯ᠎ᠢ ᠣᠢ᠌ᠯᠠᠭ᠋ᠠᠨ᠎ᠠ; ᠪᠣᠬᠢᠷ ᠤᠰᠤ ᠰᠢᠢ᠍ᠳᠪᠦᠷᠢᠯᠡᠬᠦ ᠦᠢ᠍ᠯᠡᠳᠪᠦᠷᠢ᠎ᠳᠤ ᠢᠷᠠᠵᠤ᠂ ᠪᠣᠬᠢᠷ ᠤᠰᠤ ᠰᠢᠢ᠍ᠳᠪᠦᠷᠢᠯᠡᠬᠦ ᠶᠠᠪᠤᠴᠠ ᠵᠢ ᠨᠢᠳᠦ᠎ᠪᠠᠷ ᠵᠶ᠋ᠡᠨ ᠦᠵᠡᠵᠦ᠂ ᠲᠡᠭᠦᠨ᠎ᠤ ᠠᠷᠤ᠎ᠳᠠᠬᠢ ᠰᠢᠢ᠍ᠳᠪᠦᠷᠢᠯᠡᠬᠦ ᠮᠡᠷᠭᠡᠵᠢᠯ᠎ᠢ ᠭᠦᠨᠵᠡᠭᠡᠢ ᠣᠢ᠌ᠯᠠᠭ᠋ᠠᠪᠠ; ᠬᠠᠶᠠᠭᠳᠠᠮᠠᠯ ᠴᠠᠬᠢᠯᠭ᠋ᠠᠨ ᠬᠡᠷᠡᠭᠰᠡᠯ᠎ᠤᠨ ᠡᠯᠧᠺᠲᠷᠣᠨ ᠦᠢ᠍ᠯᠡᠳᠬᠦᠨ᠎ᠢ ᠰᠢᠢ᠍ᠳᠪᠦᠷᠢᠯᠡᠬᠦ ᠦᠢ᠍ᠯᠡᠳᠪᠦᠷᠢ᠎ᠳᠤ ᠣᠷᠣᠵᠤ᠂ ᠬᠠᠶᠠᠭᠳᠠᠮᠠᠯ ᠴᠠᠬᠢᠯᠭ᠋ᠠᠨ ᠬᠡᠷᠡᠭᠰᠡᠯ᠎ᠢ ᠳᠠᠮᠵᠢᠯᠭ᠎ᠠ ᠵᠢᠨ ᠱᠤᠭᠤᠮ ᠳᠡᠭᠡᠷ᠎ᠡ ᠠᠯᠬᠤᠮ ᠠᠯᠬᠤᠮ ᠵᠶ᠋ᠠᠷ ᠳᠦᠷᠦᠯ ᠬᠤᠪᠢᠶᠠᠨ ᠵᠠᠳᠠᠯᠤᠭᠰᠠᠨᠢ ᠨᠢᠳᠦ᠎ᠪᠠᠷ ᠵᠶ᠋ᠡᠨ ᠦᠵᠡᠪᠡ ᠁ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠬᠦ ᠠᠵᠢᠯ᠎ᠢ ᠦᠷᠭᠦᠯᠵᠢᠯᠡᠨ ᠠᠬᠢᠭᠤᠯᠬᠤ ᠵᠢ ᠳᠠᠭ᠋ᠠᠯᠳᠤᠨ᠂ ᠡᠯ᠎ᠡ ᠭᠠᠵᠠᠷ᠎ᠤᠨ᠎ᠬᠢᠨ ᠤᠯᠠᠨ ᠶᠠᠩᠵᠤ ᠵᠢᠨ ᠬᠡᠯᠪᠡᠷᠢ᠎ᠲᠠᠢ᠂ ᠪᠠᠶᠠᠯᠢᠭ ᠠᠭᠤᠯᠭ᠎ᠠ᠎ᠲᠠᠢ ᠠᠵᠢᠯᠯᠠᠭ᠎ᠠ ᠥᠷᠨᠢᠭᠦᠯᠵᠦ᠂ ᠨᠡᠢ᠌ᠭᠡᠮ ᠨᠠᠢ᠌ᠳᠠ ᠵᠢ ᠬᠥᠲᠥᠯᠥᠨ ᠵᠢᠯᠤᠭᠣᠳᠴᠤ ᠪᠠᠶ᠋ᠢᠭ᠋ᠠᠳ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ᠎ᠳᠤ ᠣᠢ᠌ᠷᠠᠲᠤᠭᠤᠯᠵᠤ᠂ ᠨᠢᠳᠦ᠎ᠪᠠᠷ ᠵᠶ᠋ᠡᠨ ᠦᠵᠡᠭᠰᠡᠨ᠂ ᠴᠢᠬᠢ᠎ᠪᠠᠷ ᠵᠶ᠋ᠡᠨ ᠰᠣᠨᠣᠰᠤᠭᠰᠠᠨ᠂ ᠥᠪᠡᠷ᠎ᠤᠨ ᠥᠩᠭᠡᠷᠡᠯᠲᠡ᠎ᠪᠠᠷ ᠵᠶ᠋ᠡᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠮᠰᠠᠷ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠡᠪ ᠪᠣᠯᠪᠠᠰᠤᠷᠠᠯ ᠵᠶ᠋ᠠᠨ ᠳᠡᠭᠡᠭᠰᠢᠯᠡᠭᠦᠯᠵᠡᠢ᠃
ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠄ 《ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠨᠢᠭᠲᠠ ᠴᠢᠩᠭ᠎ᠠ ᠬᠠᠤᠯᠢ᠎ᠪᠠᠷ ᠵᠠᠰᠠᠬᠤ᠎ᠪᠠᠷ ᠠᠮᠢ ᠠᠬᠤᠢ ᠣᠷᠴᠢᠨ ᠠᠬᠤᠢ ᠵᠢ ᠬᠠᠮᠠᠭ᠋ᠠᠯᠠᠬᠤ ᠵᠢ ᠢᠮᠠᠭᠲᠠ ᠪᠠᠷᠢᠮᠲᠠᠯᠠᠵᠤ᠂ ᠪᠠᠢ᠌ᠩᠭᠤ ᠵᠢᠨ ᠭᠠᠳᠠᠭ᠋ᠠᠳᠤ ᠳᠠᠷᠤᠯᠲᠠ ᠵᠢ ᠪᠠᠲᠤᠯᠠᠬᠤ ᠵᠢᠨ ᠬᠠᠮᠲᠤ ᠪᠥᠬᠥ ᠨᠡᠢ᠌ᠭᠡᠮ ᠵᠶ᠋ᠡᠷ ᠵᠶ᠋ᠡᠨ ᠠᠮᠢ ᠠᠬᠤᠢ ᠣᠷᠴᠢᠨ ᠲᠣᠭᠣᠷᠢᠨ᠎ᠢ ᠬᠠᠮᠲᠤ᠎ᠪᠠᠷ ᠬᠠᠢ᠌ᠷᠠᠯᠠᠨ ᠬᠠᠮᠠᠭ᠋ᠠᠯᠠᠬᠤ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠬᠦ ᠬᠡᠷᠡᠭᠲᠡᠶ》 ᠭᠡᠵᠡᠢ᠃ ᠠᠮᠢ ᠠᠬᠤᠢ ᠵᠢᠨ ᠪᠣᠯᠪᠠᠰᠤᠨ ᠪᠣᠯ ᠪᠦᠬᠦ ᠠᠷᠠᠳ ᠵᠶ᠋ᠠᠷ ᠵᠶ᠋ᠠᠨ ᠬᠠᠮᠲᠤ᠎ᠪᠠᠷ ᠪᠠᠢ᠌ᠭᠤᠯᠬᠤ᠂ ᠬᠠᠮᠲᠤ᠎ᠪᠠᠷ ᠥᠮᠴᠢᠯᠡᠬᠦ᠂ ᠬᠠᠮᠲᠤ᠎ᠪᠠᠷ ᠡᠳ᠋ᠯᠡᠬᠦ ᠦᠢ᠍ᠯᠡᠰ ᠮᠥᠨ᠂ ᠬᠥᠮᠥᠨ ᠪᠦᠬᠦᠨ ᠴᠥᠮ ᠪᠦᠲᠦᠭᠡᠨ ᠪᠠᠢ᠌ᠭᠤᠯᠤᠭᠴᠢ᠂ ᠬᠠᠮᠠᠭ᠋ᠠᠯᠠᠭᠴᠢ᠂ ᠠᠰᠢᠭ ᠬᠦᠷᠲᠡᠭᠴᠢ ᠮᠥᠨ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠨᠡᠭᠡᠭᠡᠯᠲᠡ ᠵᠢ ᠠᠬᠢᠭᠤᠯᠵᠤ᠂ ᠢᠯᠡ ᠪᠠᠢ᠌ᠯᠭ᠋ᠠᠬᠤ᠎ᠪᠠᠷ ᠨᠡᠪᠲᠡᠷᠡᠯᠴᠡᠭᠡ᠎ᠪᠠᠨ ᠨᠡᠮᠡᠭᠳᠡᠭᠦᠯᠵᠦ᠂ ᠢᠯᠡ ᠪᠠᠢ᠌ᠯᠭ᠋ᠠᠬᠤ᠎ᠪᠠᠷ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠠᠮᠢ ᠠᠬᠤᠢ ᠵᠢᠨ ᠪᠣᠯᠪᠠᠰᠤᠨ᠎ᠤ ᠥᠷᠲᠡᠭ᠎ᠤᠨ ᠣᠢ᠌ᠯᠠᠭ᠋ᠠᠭᠳᠠᠬᠤᠨ᠎ᠢ ᠬᠥᠮᠥᠰ᠎ᠤᠨ ᠰᠡᠳᠬᠢᠯ᠎ᠤᠨ ᠭᠦᠨᠳᠤ ᠦᠨᠳᠦᠰᠦᠯᠡᠭᠦᠯᠵᠦ᠂ ᠡᠭᠦᠨ᠎ᠤ ᠤᠯᠠᠮ᠎ᠠᠴᠠ ᠪᠦᠬᠦ ᠨᠡᠢ᠌ᠭᠡᠮ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠮᠰᠠᠷ ᠪᠠ ᠬᠡᠪ ᠪᠣᠯᠪᠠᠰᠤᠷᠠᠯ᠎ᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠥᠷᠭᠡᠨ ᠤᠯᠠᠨ ᠨᠡᠢ᠌ᠭᠡᠮ ᠨᠠᠢ᠌ᠳᠠ ᠵᠢᠨ ᠠᠮᠢ ᠠᠬᠤᠢ ᠣᠷᠴᠢᠨ ᠲᠣᠭᠣᠷᠢᠨ᠎ᠢ ᠬᠠᠮᠲᠤ᠎ᠪᠠᠷ ᠬᠠᠢ᠌ᠷᠠᠯᠠᠨ ᠬᠠᠮᠠᠭ᠋ᠠᠯᠠᠬᠤ ᠦᠵᠡᠯ ᠰᠠᠨᠠᠭ᠋ᠠᠨ᠎ᠤ ᠤᠬᠠᠮᠰᠠᠷ ᠪᠠ ᠠᠵᠢᠯᠯᠠᠭ᠋ᠠᠨ᠎ᠤ ᠤᠬᠠᠮᠰᠠᠷ᠎ᠢ ᠬᠥᠭᠵᠢᠭᠡᠵᠦ ᠴᠢᠳᠠᠨ᠎ᠠ᠃ ᠡᠭᠦᠨ᠎ᠳᠤ ᠠᠪᠴᠤ ᠬᠡᠯᠡᠪᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠢᠯᠡ ᠪᠣᠯᠭ᠋ᠠᠬᠤ ᠵᠢ ᠠᠬᠢᠭᠤᠯᠬᠤ᠎ᠨᠢ ᠳᠣᠣᠷ᠎ᠠ᠎ᠠᠴᠠ ᠳᠡᠭᠡᠭᠰᠢ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠬᠥᠭᠵᠢᠭᠡᠵᠦ᠂ ᠪᠥᠬᠥ ᠨᠡᠢ᠌ᠭᠡᠮ ᠵᠶ᠋ᠡᠷ ᠵᠶ᠋ᠡᠨ ᠬᠠᠮᠲᠤ᠎ᠪᠠᠷ ᠣᠷᠣᠯᠴᠠᠭᠰᠠᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠢ ᠪᠠᠢ᠌ᠭᠤᠯᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠃
ᠣᠢ᠌ᠷ᠎ᠠ ᠵᠢᠨ ᠵᠢᠯ᠎ᠠᠴᠠ ᠨᠠᠭ᠋ᠠᠰᠢ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ 《ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠡᠷᠡᠰ ᠰᠠᠶ᠋ᠢᠲᠤᠷ ᠬᠢᠬᠦ ᠲᠤᠬᠠᠢ ᠰᠠᠨᠠᠯ》᠂ 《ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠳᠠᠢ᠌ᠯᠠᠯᠳᠤᠭ᠋ᠠᠨ᠎ᠢ ᠭᠦᠨᠵᠡᠭᠡᠢ ᠰᠠᠶ᠋ᠢᠲᠤᠷ ᠬᠢᠬᠦ ᠲᠤᠬᠠᠢ ᠰᠠᠨᠠᠯ》᠂ 《ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠳᠤ᠂ ᠴᠥᠮ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠨᠡᠭᠡᠭᠡᠯᠲᠡ ᠵᠢᠨ ᠠᠵᠢᠯ᠎ᠳᠤ ᠪᠣᠳᠠᠲᠠᠢ ᠱᠠᠭ᠋ᠠᠷᠳᠠᠯᠭ᠎ᠠ ᠳᠤᠷᠠᠳᠴᠤ᠂ ᠡᠨᠡᠬᠦ ᠠᠵᠢᠯ᠎ᠢ ᠭᠦᠨᠵᠡᠭᠡᠢ᠌ᠷᠡᠭᠦᠯᠬᠦ ᠵᠢ ᠴᠢᠬᠤᠯᠠᠴᠢᠯᠠᠪᠠ᠃ ᠠᠯᠢ ᠡᠷᠲᠡ 7 ᠵᠢᠯ᠎ᠤᠨ ᠡᠮᠦᠨ᠎ᠡ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ (ᠣᠲᠣ ᠵᠢᠨ ᠠᠮᠢ ᠠᠬᠤᠢ ᠣᠷᠴᠢᠨ ᠲᠣᠭᠣᠷᠢᠨ᠎ᠤ ᠶᠠᠮᠤᠨ) ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠲᠠᠢ ᠬᠠᠮᠲᠤᠷᠠᠨ 《ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠪᠠ ᠬᠣᠲᠠ ᠵᠢᠨ ᠪᠣᠬᠢᠷ ᠤᠰᠤ ᠬᠣᠭ ᠨᠣᠪᠰᠢ ᠵᠢ ᠰᠢᠢ᠍ᠳᠪᠦᠷᠢᠯᠡᠬᠦ ᠲᠥᠬᠦᠭᠡᠷᠦᠮᠵᠢ ᠵᠢ ᠤᠯᠠᠨ ᠨᠠᠢ᠌ᠳᠠ᠎ᠳᠤ ᠴᠢᠯᠦᠭᠡᠲᠡᠢ ᠨᠡᠭᠡᠭᠡᠬᠦ ᠵᠢ ᠠᠬᠢᠭᠤᠯᠬᠤ ᠲᠤᠬᠠᠢ ᠵᠢᠯᠤᠭᠣᠳᠬᠤ ᠰᠠᠨᠠᠯ》᠎ᠢ ᠳᠠᠷᠤᠮᠠᠯᠯᠠᠨ ᠲᠠᠷᠬᠠᠭ᠋ᠠᠪᠠ᠃ ᠣᠷᠴᠢᠨ ᠲᠣᠭᠣᠷᠢᠨ᠎ᠤ ᠬᠢᠨᠠᠨ ᠬᠡᠮᠵᠢᠬᠦ ᠲᠥᠬᠦᠭᠡᠷᠦᠮᠵᠢ᠂ ᠬᠤᠳᠠ ᠵᠢᠨ ᠪᠣᠬᠢᠷ ᠤᠰᠤ ᠵᠢ ᠰᠢᠢ᠍ᠳᠪᠦᠷᠢᠯᠡᠬᠦ ᠲᠥᠬᠦᠭᠡᠷᠦᠮᠵᠢ᠂ ᠬᠤᠳᠠ ᠵᠢᠨ ᠠᠮᠢᠳᠤᠷᠠᠯ᠎ᠤᠨ ᠬᠣᠭ ᠨᠣᠪᠰᠢ ᠵᠢ ᠰᠢᠢ᠍ᠳᠪᠦᠷᠢᠯᠡᠬᠦ ᠲᠥᠬᠦᠭᠡᠷᠦᠮᠵᠢ᠂ ᠠᠶᠤᠯᠲᠠᠢ ᠬᠠᠶᠠᠭᠳᠠᠮᠠᠯ ᠪᠣᠳᠠᠰ ᠪᠠ ᠬᠠᠶᠠᠭᠳᠠᠮᠠᠯ ᠴᠠᠬᠢᠯᠭ᠋ᠠᠨ ᠬᠡᠷᠡᠭᠰᠡᠯ ᠡᠯᠧᠺᠲᠷᠣᠨ ᠦᠢ᠍ᠯᠡᠳᠬᠦᠨ᠎ᠢ ᠰᠢᠢ᠍ᠳᠪᠦᠷᠢᠯᠡᠬᠦ ᠲᠥᠬᠦᠭᠡᠷᠦᠮᠵᠢ ᠵᠡᠷᠭᠡ ᠳᠥᠷᠪᠡᠨ ᠳᠦᠷᠦᠯ᠎ᠤᠨ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠬᠦ ᠵᠢᠨ ᠬᠠᠮᠲᠤ ᠳᠦᠷᠢᠮᠵᠢᠭᠦᠯᠬᠦ᠂ ᠵᠢᠷᠤᠮᠵᠢᠭᠤᠯᠬᠤ᠂ ᠪᠠᠢ᠌ᠩᠭᠤᠵᠢᠭᠤᠯᠬᠤ ᠵᠢ ᠠᠯᠬᠤᠮ ᠠᠯᠬᠤᠮ ᠵᠶ᠋ᠠᠷ ᠪᠡᠶᠡᠯᠡᠭᠦᠯᠬᠦ ᠬᠡᠷᠡᠭᠲᠡᠶ ᠭᠡᠵᠦ ᠱᠠᠭ᠋ᠠᠷᠳᠠᠵᠠᠢ᠃ 7 ᠵᠢᠯ᠎ᠤᠨ ᠲᠤᠷᠰᠢ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠬᠢᠭᠡᠳ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠳᠥᠷᠪᠡᠨ ᠪᠦᠯᠦᠭ ᠨᠠᠢ᠌ᠳᠠ 2101 ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢᠨ ᠨᠡᠭᠡᠭᠡᠯᠲᠡ᠎ᠲᠠᠢ ᠨᠢᠭᠡᠴᠢ ᠵᠢ ᠨᠡᠢ᠌ᠲᠡᠯᠡᠵᠦ᠂ ᠪᠥᠬᠥ ᠤᠯᠤᠰ᠎ᠤᠨ ᠪᠤᠢ ᠪᠦᠬᠦᠢ ᠲᠤᠰᠬᠠᠢ ᠣᠷᠣᠨ᠎ᠤ ᠲᠠᠰ ᠵᠢᠴᠢ ᠲᠡᠭᠦᠨ᠎ᠠᠴᠠ ᠳᠡᠭᠡᠭᠰᠢᠬᠢ ᠬᠣᠲᠠ ᠵᠢ ᠬᠠᠮᠤᠷᠪᠠ᠃ 2023 ᠣᠨ᠎ᠤ ᠡᠴᠦᠰ ᠪᠣᠯᠲᠠᠯ᠎ᠠ᠂ ᠰᠦᠯᠵᠢᠶᠡᠨ ᠳᠡᠭᠡᠷ᠎ᠡ ᠪᠠ ᠰᠦᠯᠵᠢᠶᠡᠨ᠎ᠠᠴᠠ ᠭᠠᠳᠠᠨᠠᠬᠢ ᠰᠣᠷᠪᠤᠯᠵᠢᠯᠠᠭ᠎ᠠ ᠵᠢ ᠨᠠᠢ᠌ᠳᠠ 2.1 ᠳ᠋ᠦᠩᠰᠢᠭᠤᠷ ᠬᠥᠮᠥᠨ ᠤᠳᠠᠭ᠎ᠠ ᠬᠦᠯᠢᠶᠡᠨ ᠠᠪᠴᠠᠢ᠃
ᠣᠢ᠌ᠯᠠᠭ᠋ᠠᠪᠠᠯ ᠰᠠᠶᠢ ᠠᠩᠬᠠᠷᠴᠤ᠂ ᠠᠩᠬᠠᠷᠪᠠᠯ ᠰᠠᠶᠢ ᠢᠲᠡᠭᠡᠵᠦ᠂ ᠢᠲᠡᠭᠡᠪᠡᠯ ᠰᠠᠶᠢ ᠤᠷᠤᠯᠴᠠᠬᠤ ᠪᠣᠯᠣᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ᠎ᠨᠢ ᠬᠡᠳᠦᠶ᠋ᠢᠪᠡᠷ ᠡᠳᠦᠷ ᠲᠤᠲᠤᠮ᠎ᠤᠨ ᠠᠮᠢᠳᠤᠷᠠᠯ᠎ᠲᠠᠢ ᠨᠢᠭᠲᠠ ᠬᠣᠯᠪᠣᠭ᠎ᠠ᠎ᠲᠠᠢ ᠪᠣᠯᠪᠠᠴᠤ ᠲᠤᠰᠬᠠᠢ ᠮᠡᠷᠭᠡᠵᠢᠯ᠎ᠤᠨ ᠮᠡᠳᠡᠯᠭᠡ᠎ᠨᠢ ᠵᠣᠬᠢᠬᠤ ᠨᠥᠬᠥᠴᠡᠯ᠎ᠲᠠᠢ ᠪᠥᠭᠡᠳ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠢ᠍ᠳᠪᠦᠷᠢᠯᠡᠬᠦ ᠶᠠᠪᠤᠴᠠ᠎ᠨᠢ ᠴᠦ᠍ ᠠᠮᠢᠳᠤᠷᠠᠯ᠎ᠠᠴᠠ ᠬᠣᠯᠠ ᠪᠠᠢ᠌ᠳᠠᠭ ᠪᠣᠯᠬᠣᠷ ᠣᠷᠴᠢᠨ ᠲᠣᠭᠣᠷᠢᠨ᠎ᠤ ᠬᠠᠮᠠᠭ᠋ᠠᠯᠠᠯᠲᠠ᠎ᠨᠢ ᠨᠢᠭᠡ ᠦᠶ᠎ᠡ ᠬᠥᠮᠥᠰ᠎ᠤᠨ ᠳᠡᠷᠭᠡᠳᠡᠬᠢ 《ᠲᠠᠨᠢᠯ ᠲᠠᠰᠤᠯ ᠬᠥᠮᠥᠨ》 ᠪᠣᠯᠵᠤ ᠪᠠᠶ᠋ᠢᠪᠠ᠃ ᠵᠢᠱ᠌ᠢᠶᠡᠯᠡᠪᠡᠯ᠂ ᠬᠤᠳᠠ ᠵᠢ ᠬᠦᠷᠢᠶᠡᠯᠡᠭᠰᠡᠨ ᠬᠣᠭ ᠨᠣᠪᠰᠢ᠎ᠨᠢ ᠬᠥᠮᠥᠰ᠎ᠢ ᠰᠣᠴᠢᠭ᠋ᠠᠵᠤ᠂ ᠪᠣᠬᠢᠷ ᠮᠠᠨᠠᠨ ᠪᠠ ᠪᠣᠬᠢᠷ ᠤᠰᠤ᠎ᠨᠢ ᠴᠥᠮ ᠡᠷᠡᠭᠦᠯ ᠮᠠᠨᠳᠤ ᠵᠢ ᠬᠣᠬᠢᠷᠠᠭᠤᠯᠳᠠᠭ᠂ ᠭᠡᠲᠡᠯ᠎ᠡ ᠬᠥᠮᠥᠰ᠎ᠤᠨ ᠡᠳᠦᠷ ᠪᠦᠷᠢ ᠵᠢᠨ ᠬᠠᠶᠠᠭᠰᠠᠨ ᠬᠣᠭ ᠨᠣᠪᠰᠢ᠂ ᠭᠠᠳᠠᠭᠰᠢᠯᠠᠭᠤᠯᠤᠭᠰᠠᠨ ᠪᠣᠬᠢᠷ ᠤᠰᠤ ᠵᠢ ᠬᠠᠮᠤᠭ᠎ᠤᠨ ᠡᠴᠦᠰ᠎ᠲᠤ ᠬᠠᠮᠢᠭ᠎ᠠ ᠠᠪᠠᠴᠢᠵᠤ ᠬᠡᠷᠬᠢᠨ ᠰᠢᠢ᠍ᠳᠪᠦᠷᠢᠯᠡᠵᠦ ᠪᠠᠢ᠌ᠬᠤ ᠪᠤᠢ? ᠠᠭ᠋ᠠᠷ᠎ᠤᠨ ᠴᠢᠨᠠᠷ ᠴᠢᠨᠰᠠᠭ᠎ᠠ ᠵᠢᠨ ᠲᠣᠭ᠎ᠠ ᠪᠠᠷᠢᠮᠲᠠ ᠵᠢ ᠬᠡᠷᠬᠢᠨ ᠣᠯᠬᠤ ᠪᠤᠢ? ᠬᠥᠮᠥᠰ᠎ᠤᠨ ᠠᠩᠬᠠᠷᠤᠯ ᠲᠠᠯᠪᠢᠵᠤ ᠪᠠᠢ᠌ᠭ᠎ᠠ ᠬᠠᠯᠠᠮᠰᠢᠯ ᠠᠰᠠᠭᠤᠳᠠᠯ᠎ᠳᠤ ᠴᠢᠭᠯᠡᠭᠦᠯᠦᠨ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠢᠯᠡ ᠪᠣᠯᠭ᠋ᠠᠬᠤ᠎ᠪᠠᠷ ᠳᠠᠮᠵᠢᠭᠤᠯᠤᠨ᠂ ᠬᠥᠮᠥᠰ᠎ᠲᠤ ᠠᠮᠢᠳᠤᠷᠠᠯ᠎ᠤᠨ ᠬᠣᠭ ᠨᠣᠪᠰᠢ ᠵᠢ ᠬᠡᠳᠦᠨ ᠠᠯᠬᠤᠮ ᠳᠠᠷᠠᠭ᠎ᠠ᠎ᠪᠠᠷ ᠳᠠᠮᠵᠢᠭᠤᠯᠤᠨ᠂ ᠬᠡᠳᠦᠢ ᠵᠣᠭᠣᠰ ᠮᠥᠩᠭᠥ ᠣᠷᠣᠭᠤᠯᠪᠠᠯ ᠰᠠᠶᠢ 《ᠰᠢᠩᠭᠡᠭᠡᠵᠦ》 ᠴᠢᠳᠠᠬᠤ ᠵᠢ ᠨᠢᠳᠦ᠎ᠪᠠᠷ ᠵᠶ᠋ᠡᠨ ᠦᠵᠡᠭᠦᠯᠬᠦ ᠲᠣᠬᠢᠶᠠᠯ ᠣᠯᠭᠣᠬᠤ ᠪᠣᠯᠣᠨ᠎ᠠ᠂ ᠡᠨᠡ᠎ᠨᠢ ᠬᠥᠮᠥᠰ᠎ᠤᠨ ᠰᠡᠵᠢᠭᠯᠡᠯ᠎ᠢ ᠠᠷᠢᠯᠭ᠋ᠠᠵᠤ ᠴᠢᠳᠠᠬᠤ᠎ᠪᠠᠷ ᠪᠠᠷᠠᠬᠤ ᠦᠭᠡᠢ᠂ ᠬᠣᠭ ᠨᠣᠪᠰᠢ ᠵᠢᠨ ᠬᠡᠮᠵᠢᠶ᠎ᠡ ᠵᠢ ᠪᠠᠭ᠋ᠠᠰᠬᠠᠬᠤ ᠵᠢᠨ ᠴᠢᠬᠤᠯᠠ ᠴᠢᠨᠠᠷ᠎ᠢ ᠬᠥᠮᠥᠰ᠎ᠲᠤ ᠨᠠᠩ ᠭᠦᠨᠵᠡᠭᠡᠢ ᠮᠡᠳᠡᠷᠡᠭᠦᠯᠵᠦ᠂ ᠡᠭᠦᠨ᠎ᠤ ᠤᠯᠠᠮ᠎ᠠᠴᠠ ᠡᠳᠦᠷ ᠲᠤᠲᠤᠮ᠎ᠤᠨ ᠠᠮᠢᠳᠤᠷᠠᠯ ᠳᠤᠮᠳᠠ ᠤᠬᠠᠮᠰᠠᠷ᠎ᠠᠴᠠ᠎ᠪᠠᠨ ᠬᠣᠭ ᠨᠣᠪᠰᠢ ᠵᠢ ᠲᠥᠷᠥᠯ ᠬᠤᠪᠢᠶᠠᠬᠤ ᠠᠵᠢᠯ᠎ᠢ ᠬᠢᠵᠦ ᠴᠢᠳᠠᠬᠤ ᠪᠣᠯᠣᠨ᠎ᠠ᠃ ᠡᠭᠦᠨ᠎ᠤ ᠵᠡᠷᠭᠡ᠎ᠳᠤ᠂ ᠮᠡᠳᠡᠭᠡ ᠵᠠᠩᠭᠢ ᠵᠢ ᠭᠦᠢ᠍ᠴᠡᠳ ᠰᠢᠯᠵᠢᠭᠦᠯᠦᠭᠰᠡᠨᠤ ᠳᠠᠷᠠᠭ᠎ᠠ᠂ ᠮᠡᠳᠡᠭᠡ ᠵᠠᠩᠭᠢ ᠵᠢᠨ ᠲᠡᠩᠴᠡᠭᠦᠷᠢ ᠦᠭᠡᠢ᠎ᠠᠴᠠ ᠪᠣᠯᠵᠤ ᠡᠭᠦᠰᠦᠭᠰᠡᠨ 《ᠬᠥᠷᠰᠢ ᠵᠡᠷᠭᠡᠯᠡᠳᠡᠭᠡ ᠵᠢᠨ ᠵᠠᠢ᠌ᠯᠠᠯᠲᠠ》 ᠵᠢᠨ ᠠᠰᠠᠭᠤᠳᠠᠯ ᠴᠤ᠌ ᠣᠷᠣ ᠮᠥᠷ ᠦᠭᠡᠢ ᠠᠷᠢᠯᠬᠤ ᠪᠣᠯᠣᠨ᠎ᠠ᠃ ᠡᠭᠦᠨ᠎ᠠᠴᠠ ᠦᠵᠡᠬᠦ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠤᠯᠠᠨ ᠨᠠᠢ᠌ᠳᠠ᠎ᠳᠤ ᠰᠢᠭᠤᠳ᠂ ᠰᠠᠨᠠᠭ᠋ᠠᠴᠢᠯᠠᠭ᠎ᠠ᠎ᠲᠠᠢ᠎ᠪᠠᠷ ᠨᠡᠭᠡᠭᠡᠵᠦ᠂ ᠤᠯᠠᠨ ᠲᠦᠮᠡᠨ᠎ᠤ ᠣᠷᠴᠢᠨ ᠠᠬᠤᠢ ᠵᠢᠨ ᠪᠠᠶ᠋ᠢᠳᠠᠯ᠎ᠢ ᠮᠡᠳᠡᠬᠦ ᠡᠷᠬᠡ᠂ ᠣᠷᠣᠯᠴᠠᠬᠤ ᠡᠷᠬᠡ ᠪᠠ ᠬᠢᠨᠠᠯᠲᠠ ᠲᠠᠯᠪᠢᠬᠤ ᠡᠷᠬᠡ ᠵᠢ ᠪᠠᠲᠤᠯᠠᠵᠤ᠂ ᠮᠡᠳᠡᠭᠡ ᠵᠠᠩᠭᠢ ᠵᠢᠨ ᠪᠡᠬᠢᠯᠡᠯᠲᠡ ᠪᠠ ᠮᠡᠳᠡᠯᠭᠡ ᠵᠢᠨ ᠪᠣᠱ᠌ᠣᠭᠠ ᠵᠢ ᠠᠷᠢᠯᠭ᠋ᠠᠵᠤ᠂ ᠢᠯᠡ ᠲᠣᠳᠣ ᠬᠡᠯᠪᠡᠷᠢ᠎ᠪᠠᠷ ᠢᠲᠡᠭᠡᠯ ᠣᠢ᠌ᠯᠠᠭ᠋ᠠᠯᠲᠠ᠎ᠲᠠᠢ ᠪᠣᠯᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤ ᠵᠢᠨ ᠲᠠᠨᠢᠯᠲᠠ ᠵᠢ ᠨᠢᠭᠲᠠᠷᠠᠭᠤᠯᠵᠤ ᠴᠢᠳᠠᠨ᠎ᠠ᠃
ᠠᠮᠢ ᠠᠬᠤᠢ ᠣᠷᠴᠢᠨ ᠲᠣᠭᠣᠷᠢᠨ᠎ᠢ ᠣᠷᠣᠯᠠᠬᠤ ᠪᠣᠳᠠᠰ ᠭᠡᠵᠦ ᠪᠠᠶ᠋ᠢᠬᠤ ᠦᠭᠡᠢ᠂ ᠬᠡᠷᠡᠭᠯᠡᠬᠦ᠎ᠳᠤ ᠮᠡᠳᠡᠭᠳᠡᠬᠦ ᠦᠭᠡᠢ᠂ ᠬᠡᠷᠡᠭᠯᠡᠵᠦ ᠳᠠᠭᠤᠰᠪᠠᠯ ᠲᠠᠬᠢᠨ ᠣᠯᠬᠤ᠎ᠳᠤ ᠬᠦᠴᠢᠷ ᠶᠤᠮ᠂ ᠡᠨᠡ᠎ᠨᠢ ᠠᠵᠤ ᠠᠬᠤᠢ ᠵᠢᠨ ᠬᠥᠭᠵᠢᠯᠲᠡ ᠵᠢᠨ ᠶᠠᠰᠤ ᠴᠢᠨᠠᠷ᠎ᠲᠤ ᠬᠣᠯᠪᠣᠭᠳᠠᠬᠤ᠎ᠪᠠᠷ ᠪᠠᠷᠠᠬᠤ ᠦᠭᠡᠢ ᠪᠠᠰᠠ ᠬᠥᠮᠥᠨ ᠨᠢᠭᠡᠪᠦᠷᠢ ᠵᠢᠨ ᠠᠮᠢᠳᠤᠷᠠᠯ᠎ᠤᠨ ᠶᠠᠰᠤ ᠴᠢᠨᠠᠷ᠎ᠲᠤ ᠬᠣᠯᠪᠣᠭᠳᠠᠨ᠎ᠠ᠃ ᠠᠮᠢ ᠠᠬᠤᠢ ᠣᠷᠴᠢᠨ ᠲᠣᠭᠣᠷᠢᠨ᠎ᠨᠢ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠤᠯᠠᠨ ᠨᠠᠢ᠌ᠳᠠ ᠵᠢᠨ ᠴᠢᠨᠠᠷᠲᠠᠢ ᠣᠨᠴᠠᠯᠢᠭ᠎ᠲᠠᠢ ᠪᠠᠢ᠌ᠵᠤ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠤᠶᠤ ᠠᠵᠤ ᠠᠬᠤᠢ᠌ᠯᠠᠯ᠎ᠳᠤ ᠯᠡ ᠲᠦᠰᠢᠭᠯᠡᠨ ᠲᠡᠮᠡᠴᠡᠬᠦ᠎ᠨᠢ ᠮᠠᠰᠢ ᠬᠦᠴᠢᠷ ᠶᠤᠮ᠂ ᠬᠠᠷᠢᠨ ᠲᠦᠭ ᠲᠦᠮᠡᠨ ᠠᠷᠠᠳ ᠲᠦᠮᠡᠨ ᠭᠠᠷ ᠭᠠᠷ ᠵᠶ᠋ᠠᠨ ᠬᠣᠯᠪᠣᠯᠴᠠᠨ᠂ ᠬᠠᠮᠲᠤ᠎ᠪᠠᠷ ᠭᠠᠷ ᠬᠥᠳᠡᠯᠵᠦ᠂ ᠬᠠᠮᠲᠤ᠎ᠪᠠᠷ ᠣᠷᠣᠯᠴᠠᠪᠠᠯ ᠰᠠᠢ᠍ᠢ 《ᠲᠦᠮᠡᠨ ᠬᠥᠮᠥᠨ᠎ᠤ ᠬᠠᠶᠠᠠᠭᠰᠠᠨ ᠬᠣᠭᠢ ᠨᠢᠭᠡ ᠬᠥᠮᠥᠨ ᠲᠡᠭᠦᠬᠦ》 ᠦᠵᠡᠭᠳᠡᠯ᠎ᠢ ᠰᠢᠢ᠍ᠳᠪᠦᠷᠢᠯᠡᠵᠦ᠂ ᠥᠪᠡᠷ᠎ᠤᠨ ᠥᠷᠲᠡᠭ ᠵᠶ᠋ᠡᠷ ᠬᠠᠮᠤᠭ᠎ᠤᠨ ᠳᠣᠣᠷ᠎ᠠ᠂ ᠦᠷ᠎ᠡ ᠠᠰᠢᠭ ᠵᠶ᠋ᠠᠷ ᠬᠠᠮᠤᠭ᠎ᠤᠨ ᠥᠨᠳᠥᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠷᠭ᠎ᠠ ᠵᠠᠮ᠎ᠢ ᠡᠷᠢᠵᠦ ᠣᠯᠵᠤ ᠴᠢᠳᠠᠨ᠎ᠠ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠢᠯᠡ ᠪᠣᠯᠭ᠋ᠠᠬᠤ᠎ᠨᠢ ᠨᠡᠢ᠌ᠭᠡᠮ ᠨᠠᠢ᠌ᠳᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠥᠷᠭᠡᠨ ᠵᠶ᠋ᠡᠷ ᠣᠷᠣᠯᠴᠠᠬᠤ ᠠᠷᠭ᠎ᠠ ᠵᠠᠮ᠎ᠢ ᠥᠷᠭᠡᠳᠬᠡᠵᠦ᠂ ᠬᠥᠮᠥᠨ ᠪᠦᠬᠦᠨ ᠭᠠᠷ ᠬᠥᠳᠡᠯᠵᠦ᠂ ᠬᠥᠮᠥᠨ ᠪᠦᠬᠦᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠬᠥᠮᠥᠨ ᠪᠦᠬᠦᠨ ᠣᠷᠣᠯᠴᠠᠬᠤ᠎ᠳᠤ ᠪᠣᠳᠠᠲᠠᠢ ᠪᠡᠶᠡᠯᠡᠭᠦᠯᠬᠦ ᠠᠴᠢᠶᠠᠯᠠᠭᠴᠢ ᠵᠢ ᠣᠯᠵᠤ ᠥᠭᠴᠦ ᠴᠢᠳᠠᠨ᠎ᠠ᠃ ᠨᠡᠢ᠌ᠭᠡᠮ᠎ᠤᠨ ᠤᠯᠠᠨ ᠨᠠᠢ᠌ᠳᠠ᠎ᠳᠤ ᠠᠪᠴᠤ ᠬᠡᠯᠡᠪᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠲᠣᠭᠣᠷᠢᠨ ᠦᠵᠡᠬᠦ ᠠᠵᠢᠯᠯᠠᠭ᠋ᠠᠨ᠎ᠤ ᠶᠠᠪᠤᠴᠠ ᠪᠣᠯ ᠲᠡᠷᠡ ᠴᠢᠭ ᠵᠶ᠋ᠡᠷ ᠵᠶ᠋ᠡᠨ ᠨᠢᠭᠡ ᠵᠦᠢ᠍ᠯ᠎ᠤᠨ ᠨᠡᠢ᠌ᠭᠡᠮ᠎ᠤᠨ ᠬᠢᠨᠠᠯᠲᠠ ᠮᠥᠨ᠂ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ ᠪᠠ ᠠᠵᠤ ᠠᠬᠤᠢ᠌ᠯᠠᠯ᠎ᠢ ᠬᠡᠳᠡᠷᠬᠦ ᠰᠢᠬᠠᠮᠳᠠᠭᠤᠯᠵᠤ ᠪᠠᠶ᠋ᠢᠭ᠋ᠠᠳ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢ ᠴᠢᠩᠭ᠋ᠠᠳᠬᠠᠵᠤ ᠪᠣᠯᠣᠨ᠎ᠠ᠂ ᠭᠡᠬᠦ᠎ᠳᠡᠭᠡᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠮᠡᠳᠡᠯᠭᠡ ᠪᠠ ᠬᠡᠪ ᠪᠣᠯᠪᠠᠰᠤᠷᠠᠯ᠎ᠤᠨ ᠳᠡᠭᠡᠭᠰᠢᠯᠡᠯᠲᠡ᠎ᠨᠢ ᠪᠠᠰᠠ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠣᠷᠣᠯᠴᠠᠬᠤ ᠰᠠᠶ᠋ᠢᠨ ᠳᠤᠷ᠎ᠠ ᠵᠢᠨ ᠠᠵᠢᠯᠯᠠᠭ᠎ᠠ ᠪᠣᠯᠵᠤ ᠬᠤᠪᠢᠷᠠᠵᠤ ᠪᠣᠯᠣᠨ᠎ᠠ; ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠲᠤ ᠠᠪᠴᠤ ᠬᠡᠯᠡᠪᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠢᠯᠡ ᠪᠣᠯᠭ᠋ᠠᠬᠤ᠎ᠪᠠᠷ ᠳᠠᠮᠵᠢᠭᠤᠯᠤᠨ ᠤᠯᠠᠨ ᠨᠠᠢ᠌ᠳᠠ ᠵᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠣᠷᠣᠯᠴᠠᠭᠤᠯᠪᠠᠯ᠂ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ 《ᠡᠴᠦᠰ᠎ᠤᠨ ᠨᠢᠭᠡ ᠺᠢᠯᠣᠮᠧᠲᠷ》᠎ᠢ ᠨᠠᠪᠲᠠᠷᠡᠭᠦᠯᠵᠦ᠂ ᠬᠥᠮᠥᠰ᠎ᠤᠨ ᠠᠮᠢ ᠠᠬᠤᠢ ᠵᠢᠨ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ ᠪᠠ ᠠᠮᠤᠷ ᠲᠦᠪᠰᠢᠨ᠎ᠤ ᠲᠥᠷᠥᠭᠳᠡᠯ᠎ᠢ ᠨᠡᠮᠡᠭᠳᠡᠭᠦᠯᠵᠦ ᠴᠢᠳᠠᠨ᠎ᠠ; ᠠᠵᠤ ᠠᠬᠤᠢ᠌ᠯᠠᠯ᠎ᠳᠤ ᠠᠪᠴᠤ ᠬᠡᠯᠡᠪᠡᠯ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠠᠷᠠᠳ ᠤᠯᠠᠨ᠎ᠤ ᠬᠢᠨᠠᠯᠲᠠ ᠳᠣᠣᠷ᠎ᠠ ᠠᠵᠢᠯᠯᠠᠭᠤᠯᠬᠤ᠎ᠨᠢ ᠠᠵᠤ ᠠᠬᠤᠢ᠌ᠯᠠᠯ᠎ᠤᠨ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠬᠢᠷᠢ ᠲᠦᠪᠰᠢᠨ ᠵᠶ᠋ᠡᠨ ᠳᠡᠭᠡᠭᠰᠢᠯᠡᠭᠦᠯᠵᠦ᠂ ᠪᠣᠬᠢᠷᠲᠤᠯ᠎ᠢ ᠵᠠᠰᠠᠬᠤ ᠳᠣᠲᠣᠭ᠋ᠠᠳᠤ ᠵᠢᠨ ᠬᠥᠳᠡᠯᠭᠡᠬᠦ ᠬᠦᠴᠦᠨ ᠵᠶ᠋ᠡᠨ ᠴᠢᠩᠭ᠋ᠠᠷᠠᠭᠤᠯᠤᠨ᠂ ᠢᠷᠡᠭᠡᠳᠦᠢ ᠵᠢᠨ ᠵᠠᠬ᠎ᠠ ᠳᠡᠯᠭᠡᠭᠦᠷ᠎ᠤᠨ ᠥᠷᠢᠰᠥᠯᠳᠦᠭᠡᠨ᠎ᠤ ᠳᠤᠮᠳᠠ ᠲᠡᠷᠢᠭᠦᠨ ᠲᠣᠬᠢᠶᠠᠯ᠎ᠢ ᠡᠵᠡᠯᠡᠵᠦ᠂ ᠳᠠᠪᠠᠭᠤᠯᠢᠭ ᠪᠠᠶ᠋ᠢᠷᠢ ᠵᠢ ᠪᠤᠢ ᠪᠣᠯᠭ᠋ᠠᠬᠤ᠎ᠳᠤ ᠠᠰᠢᠭᠲᠠᠢ ᠶᠤᠮ᠃
ᠣᠳᠣᠬᠠᠨ᠎ᠳᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠢᠯᠡ ᠪᠣᠯᠭ᠋ᠠᠬᠤ᠎ᠨᠢ ᠨᠢᠭᠡᠨᠲᠡ ᠨᠡᠢ᠌ᠭᠡᠮ᠎ᠤᠨ ᠬᠠᠮᠲᠤ ᠵᠢᠨ ᠲᠠᠨᠢᠯᠲᠠ ᠪᠣᠯᠤᠭᠰᠠᠨ ᠪᠥᠭᠡᠳ ᠢᠯᠡᠳᠲᠡ ᠦᠷ᠎ᠡ ᠪᠦᠲᠦᠮᠵᠢ ᠣᠯᠣᠭᠰᠠᠨ ᠪᠠᠢ᠌ᠨ᠎ᠠ᠃ ᠵᠠᠯᠭ᠋ᠠᠭ᠋ᠠᠳ 《ᠬᠡᠷᠬᠢᠨ ᠨᠠᠩ ᠰᠠᠶ᠋ᠢᠨ ᠢᠯᠡ ᠪᠣᠯᠭ᠋ᠠᠬᠤ》 ᠲᠠᠯ᠎ᠠ᠎ᠪᠠᠷ ᠦᠷᠭᠦᠯᠵᠢᠯᠡᠨ ᠴᠢᠷᠮᠠᠢ᠌ᠪᠠᠯ ᠵᠣᠬᠢᠨ᠎ᠠ᠃ ᠪᠥᠬᠥ ᠤᠯᠤᠰ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠯᠲᠡ᠎ᠲᠠᠢ ᠪᠣᠯᠭ᠋ᠠᠬᠤ ᠲᠤᠬᠠᠢ ᠵᠢᠨ ᠲᠠᠯᠠᠪᠤᠷ᠎ᠤᠨ ᠦᠵᠡᠭᠦᠯᠭᠡ ᠵᠢᠨ ᠠᠵᠢᠯᠯᠠᠭ᠎ᠠ ᠵᠢ ᠡᠷᠭᠢᠯᠡᠬᠦ ᠵᠢᠨ ᠨᠢᠭᠡᠨ ᠴᠢᠬᠤᠯᠠ ᠵᠣᠷᠢᠯᠭ᠎ᠠ ᠪᠣᠯ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠨᠡᠭᠡᠭᠡᠯᠲᠡ᠎ᠲᠠᠢ ᠪᠣᠯᠭ᠋ᠠᠬᠤ ᠠᠵᠢᠯ᠎ᠤᠨ ᠲᠡᠷᠢᠭᠦᠨ᠎ᠤ ᠲᠤᠷᠰᠢᠯᠭ᠎ᠠ ᠠᠷᠭ᠎ᠠ ᠬᠢᠳᠡᠯ ᠪᠠ ᠦᠷ᠎ᠡ ᠪᠦᠲᠦᠮᠵᠢ ᠵᠢ ᠳ᠋ᠦᠩᠨᠡᠨ ᠰᠣᠯᠢᠯᠴᠠᠵᠤ᠂ ᠰᠢᠨ᠎ᠡ ᠴᠠᠭ ᠦᠶ᠎ᠡ᠎ᠳᠤ ᠲᠥᠬᠦᠭᠡᠷᠦᠮᠵᠢ ᠵᠢ ᠨᠡᠭᠡᠭᠡᠯᠲᠡ᠎ᠲᠠᠢ ᠪᠣᠯᠭ᠋ᠠᠬᠤ ᠠᠵᠢᠯ᠎ᠢ ᠠᠬᠢᠭᠤᠯᠬᠤ ᠰᠢᠨ᠎ᠡ ᠰᠡᠳᠬᠢᠴᠡ᠂ ᠰᠢᠨ᠎ᠡ ᠠᠷᠭ᠎ᠠ ᠬᠡᠮᠵᠢᠶ᠎ᠡ ᠪᠠ ᠰᠢᠨ᠎ᠡ ᠠᠷᠭ᠎ᠠ ᠵᠢ ᠰᠦᠪᠡᠭᠴᠢᠯᠡᠬᠦ ᠵᠢᠨ ᠲᠥᠯᠥᠭᠡ ᠶᠤᠮ᠃ ᠲᠣᠮᠣ ᠳ᠋ᠠᠢ᠌ᠲ᠋ᠠ᠂ ᠡᠭᠦᠯᠡᠨ ᠪᠣᠳᠣᠯᠲᠠ᠂ ᠵᠣᠬᠢᠶᠠᠮᠠᠯ ᠣᠶᠤᠨ ᠴᠢᠳᠠᠪᠤᠷᠢ ᠵᠡᠷᠭᠡ ᠰᠢᠨ᠎ᠡ ᠨᠢᠭᠡ ᠦᠶ᠎ᠡ ᠵᠢᠨ ᠲᠣᠭ᠋ᠠᠴᠢᠯᠠᠭᠰᠠᠨ ᠮᠡᠷᠭᠡᠵᠢᠯ᠎ᠤᠨ ᠢᠯᠡ ᠪᠣᠯᠭ᠋ᠠᠬᠤ᠂ ᠦᠢ᠍ᠯᠡᠳᠦᠯᠴᠡᠬᠦ᠎ᠳᠤ ᠦᠵᠡᠭᠦᠯᠬᠦ ᠡᠨᠧᠷᠭᠢ ᠣᠯᠭᠣᠬᠤ ᠦᠢ᠍ᠯᠡᠳᠦᠯ᠎ᠢ ᠭᠦᠢ᠍ᠴᠡᠳ ᠠᠰᠢᠭᠯᠠᠵᠤ᠂ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠠᠭᠤᠯᠭ᠎ᠠ ᠵᠢᠨ ᠠᠴᠢᠶᠠᠯᠠᠪᠤᠷᠢ ᠵᠢ ᠪᠠᠶᠠᠯᠢᠭᠵᠢᠭᠤᠯᠵᠤ᠂ ᠨᠡᠩ ᠶᠡᠬᠡ ᠡᠷᠴᠢᠮ ᠵᠶ᠋ᠡᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠥᠬᠦᠭᠡᠷᠦᠮᠵᠢ ᠵᠢ ᠢᠯᠡ ᠪᠣᠯᠭ᠋ᠠᠬᠤ ᠵᠢ ᠠᠬᠢᠭᠤᠯᠪᠠᠯ ᠨᠡᠢ᠌ᠭᠡᠮ᠎ᠤᠨ ᠤᠯᠠᠨ ᠨᠠᠢ᠌ᠳᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠡᠪ ᠪᠣᠯᠪᠠᠰᠤᠷᠠᠯ ᠪᠣᠯᠣᠨ ᠣᠷᠣᠯᠴᠠᠬᠤ ᠬᠡᠮᠵᠢᠶ᠎ᠡ ᠵᠢ ᠴᠢᠨᠠᠭᠰᠢᠳᠠ ᠳᠡᠭᠡᠭᠰᠢᠯᠡᠭᠦᠯᠵᠦ᠂ ᠨᠡᠩ ᠬᠦᠴᠦᠷᠬᠡᠭ ᠶᠡᠬᠡ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ ᠴᠢᠳᠠᠨ᠎ᠠ᠃
ᠠᠮᠢ ᠠᠬᠤᠢ ᠰᠠᠢ᠌ᠵᠢᠷᠠᠪᠠᠯ ᠪᠣᠯᠪᠠᠰᠤᠨ ᠴᠤ᠌ ᠬᠥᠭᠵᠢᠵᠦ᠂ ᠠᠮᠢ ᠠᠬᠤᠢ ᠮᠠᠭᠤᠳᠠᠪᠠᠯ ᠪᠣᠯᠪᠠᠰᠤᠨ ᠪᠠᠰᠠ ᠮᠠᠭᠤᠳᠠᠨ᠎ᠠ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠨᠢ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠬᠥᠭᠵᠢᠯᠲᠡ ᠵᠢ ᠪᠡᠶᠡᠯᠡᠭᠦᠯᠬᠦ ᠵᠢᠨ ᠴᠢᠬᠤᠯᠠ ᠰᠠᠭᠤᠷᠢ ᠪᠣᠯᠬᠤ᠎ᠪᠠᠷ ᠪᠠᠷᠠᠬᠤ ᠦᠭᠡᠢ᠂ ᠨᠡᠩ ᠴᠤ᠌ ᠤᠯᠤᠰ ᠣᠷᠣᠨ᠎ᠤ ᠬᠥᠭᠵᠢᠨ ᠮᠠᠨᠳᠤᠬᠤ ᠵᠢᠨ ᠴᠢᠬᠤᠯᠠ ᠪᠡᠯᠭᠡ ᠲᠡᠮᠳᠡᠭ ᠪᠣᠯᠬᠤ ᠶᠤᠮ᠃ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠢᠯᠡ ᠪᠣᠯᠭ᠋ᠠᠬᠤ᠎ᠪᠠᠷ ᠲᠤᠯᠬᠤ ᠴᠡᠭ ᠪᠣᠯᠭ᠋ᠠᠵᠤ᠂ ᠪᠥᠬᠥ ᠨᠡᠢ᠌ᠭᠡᠮ᠎ᠤᠨ 《ᠪᠢ ᠵᠠᠪᠠᠯ ᠬᠢᠨ᠎ᠡ》 ᠭᠡᠬᠦ ᠢᠳᠡᠪᠬᠢᠲᠡᠢ ᠰᠠᠨᠠᠭ᠋ᠠᠴᠢᠯᠠᠭ᠋ᠠᠲᠤ ᠴᠢᠨᠠᠷ᠎ᠢ᠎ᠨᠢ ᠬᠥᠭᠵᠢᠭᠡᠨ᠂ ᠤᠳᠠᠭ᠋ᠠᠨ ᠳᠠᠭ᠋ᠠᠭ᠋ᠠᠮᠠᠭ᠋ᠠᠢ ᠪᠠᠷᠢᠮᠲᠠᠯᠠᠪᠠᠯ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠭᠡᠬᠦ ᠡᠨᠡ ᠬᠦ᠌ ᠲᠣᠮᠣ ᠶᠠᠪᠤᠳᠠᠯ᠎ᠢ ᠯᠠᠪᠲᠠᠢ ᠰᠠᠶ᠋ᠢᠲᠤᠷ ᠬᠢᠵᠦ᠂ ᠳᠤᠮᠳᠠᠳᠤ ᠵᠢᠨ ᠡᠬᠡ ᠭᠠᠵᠠᠷ᠎ᠤᠨ ᠲᠡᠭᠷᠢ᠎ᠨᠢ ᠨᠠᠩ ᠴᠡᠯᠮᠡᠭ᠂ ᠠᠭᠤᠯᠠ᠎ᠨᠢ ᠨᠠᠩ ᠨᠣᠭᠣᠭ᠋ᠠᠨ᠂ ᠤᠰᠤ᠎ᠨᠢ ᠨᠠᠩ ᠲᠤᠩᠭ᠋ᠠᠯᠠᠭ᠂ ᠣᠷᠴᠢᠨ ᠲᠣᠭᠣᠷᠢᠨ᠎ᠨᠢ ᠨᠠᠩ ᠦᠵᠡᠰᠬᠦᠯᠡᠩ ᠰᠠᠢ᠌ᠬᠠᠨ ᠪᠣᠯᠵᠤ ᠴᠢᠳᠠᠬᠤ ᠶᠤᠮ᠃
ᠵᠣᠬᠢᠶᠠᠭᠴᠢ ᠵᠢᠨ ᠨᠢᠭᠡᠴᠢ᠄ ᠠᠷᠠᠳ᠎ᠤᠨ ᠡᠳᠦᠷ᠎ᠤᠨ ᠰᠣᠨᠢᠨ᠎ᠤ ᠬᠣᠷᠢᠶ᠎ᠠ
ᠲᠣᠰ ᠵᠣᠬᠢᠶᠠᠯ 《ᠳᠡᠯᠡᠬᠡᠢ ᠵᠢᠨ ᠣᠷᠴᠢᠨ ᠲᠣᠭᠣᠷᠢᠨ》᠎ᠤ 2024.02 ᠬᠤᠭᠤᠴᠠᠭ᠋ᠠᠨ᠎ᠤ ᠨᠢᠭᠤᠷ᠎ᠤᠨ ᠬᠠᠪᠢᠰᠤᠨ᠎ᠤ ᠥᠯᠢᠭᠡᠷ᠎ᠤᠨ ᠪᠤᠯᠤᠩ᠎ᠠᠴᠠ ᠠᠪᠤᠪᠠ