ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠮᠡᠳᠡᠭᠡᠯᠡᠯ ᠨᠡᠶ᠋ᠢᠲᠡᠯᠡᠯ
ᠬᠠᠮᠤᠭ᠎ᠤᠨ ᠲᠥᠪ ᠭᠣᠣᠯᠴᠢ ᠤᠯᠠᠨ ᠨᠠᠢ᠌ᠳᠠ ᠵᠢᠨ ᠪᠦᠲᠦᠭᠡᠭᠳᠡᠬᠦᠨ  ᠬᠠᠮᠤᠭ᠎ᠤᠨ ᠲᠦᠭᠡᠮᠡᠯ ᠠᠰᠢᠭ ᠬᠦᠷᠲᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ (ᠠᠷᠠᠳ᠎ᠤᠨ ᠡᠳᠦᠷ᠎ᠤᠨ ᠰᠣᠨᠢᠨ)
ᠨᠡᠶ᠋ᠢᠲᠡᠯᠡᠭᠰᠡᠨ ᠴᠠᠭ᠄ 2024-09-19

      ᠰᠠᠢ᠍ᠢ᠍ᠨ ᠰᠠᠢ᠌ᠬᠠᠨ ᠠᠮᠢ ᠠᠬᠤᠢ ᠵᠢᠨ ᠣᠷᠴᠢᠨ ᠲᠣᠭᠣᠷᠢᠨ ᠪᠣᠯ ᠬᠠᠮᠤᠭ᠎ᠤᠨ ᠲᠥᠪ ᠭᠣᠣᠯᠴᠢ ᠤᠯᠠᠨ ᠨᠠᠢ᠌ᠳᠠ ᠵᠢᠨ ᠪᠦᠲᠦᠭᠡᠭᠳᠡᠬᠦᠨ ᠮᠥᠨ᠂ ᠬᠠᠮᠤᠭ᠎ᠤᠨ ᠲᠦᠭᠡᠮᠡᠯ ᠠᠰᠢᠭ ᠬᠦᠷᠲᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ ᠮᠥᠨ᠃
      ᠥᠨᠥᠳᠥᠷ᠎ᠤᠨ ᠳᠤᠮᠳᠠᠳᠤ ᠤᠯᠤᠰ᠎ᠤᠨ ᠲᠡᠭᠷᠢ᠎ᠨᠢ ᠨᠡᠩ ᠴᠡᠯᠮᠡᠭ᠂ ᠭᠠᠵᠠᠷ᠎ᠨᠢ ᠨᠡᠩ ᠨᠣᠭᠣᠭ᠋ᠠᠨ᠂ ᠤᠰᠤ᠎ᠨᠢ ᠨᠡᠩ ᠲᠤᠩᠭ᠋ᠠᠯᠠᠭ᠂ ᠠᠷᠠᠳ ᠤᠯᠠᠨ ᠪᠠᠶ᠋ᠢᠭ᠋ᠠᠯᠢ ᠵᠢᠨ ᠰᠠᠢ᠌ᠬᠠᠨ᠂ ᠠᠮᠢ ᠨᠠᠰᠤᠨ᠎ᠤ ᠰᠠᠢ᠌ᠬᠠᠨ᠂ ᠠᠮᠢᠳᠤᠷᠠᠯ᠎ᠤᠨ ᠰᠠᠢ᠌ᠬᠠᠨ᠎ᠢ ᠬᠠᠮᠲᠤ᠎ᠪᠠᠷ ᠡᠳ᠋ᠯᠡᠵᠦ ᠶᠠᠪᠤᠨ᠎ᠠ᠃ ᠶᠡᠷᠦᠩᠬᠡᠢ ᠱᠦᠵᠢ ᠰᠢ ᠵᠢᠨ ᠫᠢᠩ᠄ 《ᠲᠡᠦᠬᠡ ᠵᠢᠨ ᠤᠷᠲᠤ ᠤᠷᠤᠰᠬᠠᠯ᠎ᠠᠴᠠ ᠠᠪᠴᠤ ᠦᠵᠡᠬᠦ᠎ᠳᠤ᠂ ᠮᠠᠨ᠎ᠤ ᠡᠨᠡ ᠦᠶ᠎ᠡ ᠵᠢᠨ ᠬᠥᠮᠥᠰ ᠬᠣᠵᠢᠮ᠎ᠤᠨ ᠬᠥᠮᠥᠰ᠎ᠲᠤ ᠶᠠᠭᠤ ᠨᠢᠭᠡ ᠵᠢ ᠦᠯᠡᠳᠡᠭᠡᠵᠦ ᠥᠭᠬᠦ᠎ᠳᠤ ᠬᠦᠷᠪᠡᠯ᠂ ᠮᠢᠨᠤ ᠦᠵᠡᠬᠦ᠎ᠪᠠᠷ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯ ᠮᠠᠰᠢ ᠴᠢᠬᠤᠯᠠ ᠨᠢᠭᠡ ᠲᠠᠯ᠎ᠠ ᠪᠣᠯᠣᠨ᠎ᠠ》 ᠭᠡᠵᠦ ᠭᠦᠨᠵᠡᠭᠡᠢ ᠵᠢᠭ᠋ᠠᠵᠤ ᠭᠠᠷᠭ᠋ᠠᠵᠠᠢ᠃
      ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠪᠣᠯ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠨᠠᠮ᠎ᠤᠨ ᠲᠥᠪ ᠬᠣᠷᠢᠶ᠎ᠠ᠎ᠠᠴᠠ ᠭᠠᠷᠭ᠋ᠠᠭᠰᠠᠨ ᠬᠠᠮᠤᠭ᠎ᠤᠨ ᠴᠢᠬᠤᠯᠠ ᠰᠢᠢ᠍ᠳᠪᠦᠷᠢᠲᠦ ᠪᠣᠳᠣᠯᠭ᠎ᠠ ᠵᠢᠨ ᠨᠢᠭᠡ ᠮᠥᠨ᠂ ᠪᠠᠰᠠ ᠴᠤ᠌ ᠨᠠᠮ᠎ᠤᠨ ᠲᠥᠷᠥ ᠪᠠᠷᠢᠬᠤ ᠵᠣᠷᠢᠯᠲᠠ᠂ ᠲᠥᠷᠥ ᠪᠠᠷᠢᠬᠤ ᠬᠥᠲᠥᠯᠪᠦᠷᠢ ᠵᠢᠨ ᠴᠢᠬᠤᠯᠠ ᠪᠦᠷᠢᠯᠳᠦᠬᠦᠨ ᠬᠡᠰᠡᠭ ᠮᠥᠨ᠃ ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠬᠤ᠎ᠨᠢ ᠣᠲᠣ ᠦᠶ᠎ᠡ᠎ᠳᠤ ᠭᠠᠪᠢᠶ᠎ᠠ ᠪᠠᠢ᠌ᠭᠤᠯᠵᠤ᠂ ᠥᠨᠢ ᠡᠭᠦᠷᠢᠳᠡ ᠠᠰᠢᠭ ᠲᠤᠰᠠ ᠬᠦᠷᠲᠡᠬᠦ ᠳᠤᠮᠳᠠᠳᠤ ᠵᠢᠨ ᠦᠨᠳᠦᠰᠦᠲᠡᠨ᠎ᠤ ᠥᠨᠢᠳᠡ ᠵᠢᠨ ᠦᠷᠭᠦᠯᠵᠢᠯᠡᠬᠦ ᠬᠥᠭᠵᠢᠯᠲᠡ᠎ᠳᠤ ᠬᠣᠯᠪᠣᠭᠳᠠᠬᠤ ᠦᠨᠳᠦᠰᠦᠨ ᠶᠡᠬᠡ ᠪᠣᠳᠣᠯᠭ᠎ᠠ ᠮᠥᠨ᠃
      ᠰᠢᠨ᠎ᠡ ᠴᠠᠭ ᠦᠶ᠎ᠡ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠠᠯᠢ ᠤᠯᠠᠨ ᠡᠭᠦᠳᠦᠯᠲᠡ ᠵᠢᠨ ᠴᠢᠨᠠᠷᠲᠠᠢ ᠠᠵᠢᠯ᠎ᠢ ᠥᠷᠨᠢᠭᠦᠯᠵᠦ᠂ ᠡᠷᠴᠢ ᠵᠣᠷᠢᠭ᠎ᠨᠢ ᠶᠡᠬᠡ᠂ ᠡᠷᠴᠢᠮ ᠬᠦᠴᠦ᠎ᠨᠢ ᠶᠡᠬᠡ᠂ ᠦᠷ᠎ᠡ ᠪᠦᠲᠦᠮᠵᠢ᠎ᠨᠢ ᠶᠡᠬᠡ ᠪᠠᠢ᠌ᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠤᠨᠤᠯ᠎ᠠᠴᠠ ᠦᠢ᠍ᠯᠡᠳᠦᠯᠭᠡ᠎ᠳᠤ ᠬᠦᠷᠲᠡᠯ᠎ᠡ ᠴᠥᠮ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠴᠠᠢ᠃
      ᠦᠢ᠍ᠯᠡᠳᠦᠯᠭᠡ ᠵᠢᠨ ᠰᠦᠪᠡᠭᠴᠢᠯᠡᠯᠲᠡ᠎ᠠᠴᠠ ᠰᠢᠨᠵᠢᠯᠡᠬᠦ ᠤᠬᠠᠭ᠋ᠠᠨᠴᠢ ᠤᠨᠤᠯ᠎ᠤᠨ ᠵᠢᠯᠣᠭᠣᠳᠤᠯᠭ᠎ᠠ᠎ᠳᠤ ᠰᠢᠯᠵᠢᠬᠦ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃ ᠠᠷᠠᠳ ᠲᠦᠮᠡᠨ᠎ᠢ ᠳᠡᠭᠡᠳᠦᠯᠡᠬᠦ᠂ ᠪᠡᠶ᠎ᠡ᠎ᠳᠡᠭᠡᠨ ᠢᠲᠡᠭᠡᠯ᠎ᠲᠠᠢ ᠪᠠᠶ᠋ᠢᠬᠤ ᠵᠢ ᠪᠠᠷᠢᠮᠲᠠᠯᠠᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠠᠷᠠᠳ ᠲᠦᠮᠡᠨ᠎ᠤ ᠬᠦᠰᠡᠯ ᠡᠷᠡᠮᠡᠯᠵᠡᠯ᠎ᠢ ᠡᠵᠡᠮᠳᠡᠵᠦ᠂ ᠠᠷᠠᠳ ᠲᠦᠮᠡᠨ᠎ᠤ ᠣᠶᠤᠨ ᠤᠬᠠᠭ᠋ᠠᠨ᠎ᠢ ᠲᠥᠪᠯᠡᠷᠡᠭᠦᠯᠵᠦ᠂ ᠬᠦᠴᠦᠷᠬᠡᠭ ᠶᠡᠬᠡ ᠦᠨᠡᠨ ᠶᠣᠰᠣᠨ᠎ᠤ ᠬᠦᠴᠦᠨ ᠴᠢᠳᠠᠯ ᠪᠣᠯᠣᠨ ᠦᠢ᠍ᠯᠡᠳᠦᠯᠭᠡ ᠵᠢᠨ ᠠᠤᠭ᠎ᠠ ᠬᠦᠴᠦᠨ᠎ᠢ ᠢᠯᠡᠷᠡᠭᠦᠯᠪᠡ᠃
      ᠭᠣᠣᠯᠳᠠᠯᠭ᠎ᠠ᠎ᠲᠠᠢ ᠴᠡᠭᠴᠡᠯᠡᠨ ᠵᠠᠰᠠᠬᠤ᠎ᠠᠴᠠ ᠰᠢᠰᠲ᠋ᠧᠮ᠎ᠲᠠᠢ ᠵᠠᠰᠠᠬᠤ ᠲᠡᠢ᠌ᠰᠢ ᠰᠢᠯᠵᠢᠬᠦ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃ ᠰᠢᠰᠲ᠋ᠧᠮ᠎ᠤᠨ ᠦᠵᠡᠯᠲᠡ ᠵᠢ ᠪᠠᠷᠢᠮᠲᠠᠯᠠᠵᠤ᠂ ᠲᠥᠪ ᠭᠣᠣᠯᠴᠢ᠎ᠪᠠᠷ ᠰᠢᠨ᠎ᠡ ᠵᠢ ᠡᠭᠦᠳᠴᠦ᠂ ᠣᠨᠣᠪᠴᠢᠲᠠᠢ ᠦᠵᠡᠮᠡᠭᠴᠡ ᠭᠤᠶ᠋ᠢᠪᠢᠰᠢ ᠦᠭᠡᠢ ᠠᠳᠬᠤᠵᠤ᠂ ᠨᠠᠭᠦᠷᠡᠰᠦᠲᠦ᠋ᠷᠦᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠠᠵᠤ ᠠᠬᠤᠢ ᠵᠢᠨ ᠨᠡᠮᠡᠭᠳᠡᠯ᠎ᠢ ᠬᠠᠮᠵᠢᠯᠴᠠᠨ ᠠᠬᠢᠭᠤᠯᠪᠠ᠃
      ᠰᠠᠨᠠᠭ᠋ᠠᠴᠢᠯᠠᠭ᠎ᠠ᠎ᠲᠠᠢ᠎ᠪᠠᠷ ᠠᠷᠭ᠋ᠠᠴᠠᠭ᠋ᠠᠵᠤ ᠪᠠᠢ᠌ᠭᠰᠠᠨ᠎ᠠᠴᠠ᠎ᠪᠠᠨ ᠰᠠᠨᠠᠭ᠋ᠠᠴᠢᠯᠠᠭ᠎ᠠ᠎ᠲᠠᠢ᠎ᠪᠠᠷ ᠠᠵᠢᠯᠯᠠᠬᠤ ᠪᠣᠯᠤᠭᠰᠠᠨ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠣᠣᠯ ᠵᠥᠷᠢᠴᠡᠯ᠎ᠢ ᠠᠳᠬᠤᠵᠤ᠂ ᠠᠮᠢ ᠠᠬᠤᠢ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠳᠤ ᠬᠦᠴᠦᠲᠡᠢ ᠠᠷᠭ᠎ᠠ ᠬᠡᠮᠵᠢᠶ᠎ᠡ ᠠᠪᠴᠤ᠂ ᠪᠦᠬᠦ ᠨᠡᠢ᠌ᠭᠡᠮ ᠵᠶ᠋ᠡᠷ ᠵᠶ᠋ᠡᠨ ᠠᠮᠢ ᠠᠬᠤᠢ ᠵᠢᠨ ᠣᠷᠴᠢᠨ ᠲᠣᠭᠣᠷᠢᠨ᠎ᠤ ᠳᠣᠲᠣᠭ᠋ᠠᠳᠤ ᠬᠥᠳᠡᠯᠭᠡᠬᠦ ᠬᠦᠴᠦᠨ᠎ᠢ ᠬᠠᠮᠲᠤᠪᠠᠷ ᠬᠠᠢ᠌ᠷᠠᠯᠠᠨ ᠬᠠᠮᠠᠭ᠋ᠠᠯᠠᠬᠤ ᠵᠢ ᠬᠥᠭᠵᠢᠭᠡᠪᠡ᠃
      ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ᠎ᠳᠤ ᠣᠷᠣᠯᠴᠠᠭᠰᠠᠳ᠎ᠠᠴᠠ ᠳᠠᠭ᠋ᠠᠭᠤᠯᠤᠭᠴᠢ ᠪᠣᠯᠬᠤ ᠴᠢᠬᠤᠯᠠ ᠶᠡᠬᠡ ᠬᠤᠪᠢᠷᠠᠯᠲᠠ ᠵᠢ ᠪᠡᠶᠡᠯᠡᠭᠦᠯᠪᠡ᠃ ᠬᠡᠬᠦᠳᠡᠭ ᠴᠡᠭᠡᠵᠢᠨ᠎ᠳᠡᠭᠡᠨ ᠳᠡᠯᠡᠬᠡᠢ ᠳ᠋ᠠᠬᠢᠨ᠎ᠢ ᠪᠠᠭᠲᠠᠭ᠋ᠠᠵᠤ᠂ ᠲᠣᠮᠣ ᠤᠯᠤᠰ᠎ᠤᠨ ᠡᠭᠦᠷᠭᠡᠯᠡᠯ᠎ᠢ ᠢᠯᠡᠷᠡᠭᠦᠯᠬᠦ ᠵᠢ ᠪᠠᠷᠢᠮᠲᠠᠯᠠᠵᠤ᠂ ᠬᠥᠮᠥᠨ ᠲᠥᠷᠥᠯᠬᠢᠲᠡᠨ᠎ᠤ ᠦᠷᠭᠦᠯᠵᠢᠯᠡᠬᠦ ᠬᠥᠭᠵᠢᠯᠲᠡ ᠵᠢ ᠠᠬᠢᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠬᠤ ᠵᠢ ᠠᠬᠢᠭᠤᠯᠪᠠ᠃
      ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠮᠵᠢᠯᠲᠠ ᠪᠦᠲᠦᠮᠵᠢ ᠳᠡᠯᠡᠬᠡᠢ ᠳ᠋ᠠᠬᠢᠨ᠎ᠤ ᠠᠩᠬᠠᠷᠤᠯ᠎ᠢ ᠲᠠᠲᠠᠵᠤ᠂ ᠪᠢᠳᠡᠨ᠎ᠤ ᠥᠭᠡᠷᠡᠴᠢᠯᠡᠯᠲᠡ ᠨᠡᠭᠡᠭᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ ᠰᠢᠨ᠎ᠡ ᠪᠠᠶ᠋ᠢᠳᠠᠯ᠎ᠢ ᠡᠭᠦᠳᠬᠦ ᠵᠢ ᠠᠵᠢᠭᠯᠠᠬᠤ ᠥᠪᠡᠷᠮᠢᠴᠡ ᠬᠠᠷᠠᠭ᠋ᠠᠰᠤ ᠪᠣᠯᠣᠨ᠎ᠠ᠃
      (ᠨᠢᠭᠡ)
      ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ ᠰᠢᠨ᠎ᠡ ᠴᠠᠭ ᠦᠶ᠎ᠡ᠎ᠳᠤ ᠣᠷᠣᠵᠤ᠂ ᠮᠠᠨ᠎ᠤ ᠤᠯᠤᠰ᠎ᠤᠨ ᠬᠥᠭᠵᠢᠯᠲᠡ ᠰᠢᠨ᠎ᠡ ᠲᠡᠦᠬᠡ ᠵᠢᠨ ᠣᠷᠣᠨ ᠪᠠᠶ᠋ᠢᠷᠢ᠎ᠳᠤ ᠣᠷᠣᠰᠢᠵᠤ᠂ ᠠᠯᠢ ᠤᠯᠠᠨ ᠲᠣᠪᠣᠢ᠌ᠮ᠎ᠠ ᠵᠥᠷᠢᠴᠡᠯ ᠪᠣᠯᠣᠨ ᠥᠷᠢᠰᠥᠯᠳᠦᠭᠡᠨ᠎ᠳᠤ ᠲᠤᠯᠭ᠋ᠠᠷᠠᠪᠠ᠃ ᠠᠮᠢ ᠠᠬᠤᠢ ᠣᠷᠴᠢᠨ ᠲᠣᠭᠣᠷᠢᠨ ᠪᠣᠯ ᠲᠡᠭᠦᠨ᠎ᠤ ᠳᠣᠲᠣᠷᠠᠬᠢ ᠨᠢᠭᠡ᠎ᠨᠢ ᠪᠣᠯᠣᠨ᠎ᠠ᠃
      ᠶᠠᠳᠠᠭᠤ ᠬᠣᠭᠣᠰᠤᠨ ᠪᠠᠢ᠌ᠭᠰᠠᠨ᠎ᠠᠴᠠ ᠡᠬᠢᠯᠡᠵᠦ᠂ ᠬᠡᠳᠦᠨ ᠠᠷᠪᠠᠨ ᠵᠢᠯ᠎ᠤᠨ ᠬᠤᠭᠤᠴᠠᠭ᠋ᠠᠨ᠎ᠳᠤ ᠬᠥᠭᠵᠢᠭᠰᠡᠨ ᠤᠯᠤᠰ᠎ᠤᠨ ᠬᠡᠳᠦᠨ ᠵᠠᠭᠤᠨ ᠵᠢᠯ᠎ᠤᠨ ᠠᠵᠤ ᠦᠢ᠍ᠯᠡᠳᠪᠦᠷᠢᠵᠢᠯᠲᠡ ᠵᠢᠨ ᠶᠠᠪᠤᠴᠠ ᠵᠢ ᠥᠩᠭᠡᠷᠡᠭᠡᠵᠦ᠂ ᠳᠡᠭᠡᠳᠦ ᠬᠡᠮᠵᠢᠶᠡᠨ᠎ᠤ ᠣᠳᠣᠬᠢᠴᠢᠯᠠᠯᠲᠠ ᠵᠢᠨ ᠭᠠᠶ᠋ᠢᠬᠠᠮᠰᠢᠭ᠎ᠢ ᠡᠭᠦᠳᠬᠦ ᠵᠢᠨ ᠳᠠᠭ᠋ᠠᠤ᠎ᠳᠤ 《ᠪᠠᠰᠠ ᠶᠡᠬᠡ ᠬᠡᠮᠵᠢᠶᠡᠨ᠎ᠤ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠬᠤᠷᠠᠮᠳᠤᠭᠤᠯᠵᠠᠢ》᠃
      《ᠬᠸ ᠬᠤᠸᠠᠨ ᠶᠦᠩ᠎ᠤᠨ ᠬᠥᠮᠥᠨ ᠠᠮᠠ ᠵᠢᠨ ᠵᠢᠷᠤᠮᠠᠭ》᠎ᠤᠨ ᠵᠡᠭᠦᠨ ᠡᠮᠦᠨᠡᠲᠦ ᠣᠷᠣᠨ᠎ᠤ 43%᠎ᠤᠨ ᠨᠤᠲᠤᠭ ᠳᠡᠪᠢᠰᠬᠡᠷ᠎ᠲᠤ ᠪᠦᠬᠦ ᠤᠯᠤᠰ᠎ᠤᠨ 94% ᠣᠷᠴᠢᠮ᠎ᠤᠨ ᠬᠥᠮᠥᠨ ᠠᠮᠠ ᠰᠠᠭᠤᠷᠢᠰᠢᠵᠤ᠂ ᠠᠮᠢ ᠠᠬᠤᠢ ᠣᠷᠴᠢᠨ ᠲᠣᠭᠣᠷᠢᠨ᠎ᠤ ᠳᠠᠷᠤᠯᠲᠠ ᠯᠤᠲᠤ ᠶᠡᠬᠡ ᠪᠠᠢ᠌ᠨ᠎ᠠ; ᠲᠤᠰ ᠱᠤᠭᠤᠮ᠎ᠤᠨ ᠪᠠᠷᠠᠭᠤᠨ ᠬᠣᠢ᠌ᠲᠤ ᠣᠷᠣᠨ᠎ᠤ 57% ᠵᠢᠨ ᠨᠤᠲᠤᠭ ᠳᠡᠪᠢᠰᠬᠡᠷ᠎ᠨᠢ ᠲᠠᠯ᠎ᠠ ᠨᠤᠲᠤᠭ᠂ ᠭᠣᠪᠢ ᠵᠢᠨ ᠡᠯᠡᠰᠦᠨ ᠴᠥᠯ᠂ ᠨᠣᠭᠣᠭ᠋ᠠᠨ ᠪᠦᠷᠢᠳᠦ ᠪᠠ ᠴᠠᠰᠤᠲᠤ ᠥᠨᠳᠥᠷᠯᠢᠭ ᠵᠶ᠋ᠡᠷ ᠭᠣᠣᠯᠯᠠᠵᠤ᠂ ᠠᠮᠢ ᠠᠬᠤᠢ ᠵᠢᠨ ᠰᠢᠰᠲ᠋ᠧᠮ᠎ᠨᠢ ᠲᠤᠢ᠌ᠯ᠎ᠤᠨ ᠬᠡᠪᠡᠷᠡᠭ ᠪᠠᠢ᠌ᠳᠠᠭ᠃
      ᠨᠡᠢ᠌ᠭᠡᠮ᠎ᠤᠨ ᠭᠣᠣᠯ ᠵᠥᠷᠢᠴᠡᠯ᠎ᠳᠤ ᠪᠦᠬᠦ ᠲᠠᠯ᠎ᠠ᠎ᠳᠤ ᠬᠣᠯᠪᠣᠭᠳᠠᠬᠤ ᠲᠡᠦᠬᠡᠲᠦ ᠴᠢᠨᠠᠷᠲᠠᠢ ᠬᠤᠪᠢᠷᠠᠯᠲᠠ ᠭᠠᠷᠴᠤ᠂ ᠠᠷᠠᠳ ᠤᠯᠠᠨ᠎ᠤ ᠰᠠᠢ᠍ᠢ᠍ᠨ ᠰᠠᠢ᠌ᠬᠠᠨ ᠠᠮᠢ ᠠᠬᠤᠢ ᠣᠷᠴᠢᠨ ᠲᠣᠭᠣᠷᠢᠨ᠎ᠤ ᠲᠤᠬᠠᠢ ᠬᠡᠷᠡᠭᠴᠡᠭᠡ ᠱᠠᠭ᠋ᠠᠷᠳᠠᠯᠭ᠎ᠠ᠎ᠨᠢ ᠡᠨᠡᠬᠦ ᠵᠥᠷᠢᠴᠡᠯ᠎ᠤᠨ ᠴᠢᠬᠤᠯᠠ ᠲᠠᠯ᠎ᠠ ᠪᠣᠯᠵᠤ᠂ ᠠᠮᠢ ᠠᠬᠤᠢ ᠣᠷᠴᠢᠨ ᠲᠣᠭᠣᠷᠢᠨ᠎ᠤ ᠶᠠᠰᠤ ᠴᠢᠨᠠᠷ᠎ᠢ ᠲᠦᠷᠭᠡᠨ ᠳᠡᠭᠡᠭᠰᠢᠯᠡᠭᠦᠯᠬᠦ ᠬᠠᠯᠠᠭᠤᠨ ᠬᠦᠰᠡᠯ᠎ᠲᠠᠢ ᠪᠣᠯᠤᠭᠰᠠᠨ ᠪᠠᠢ᠌ᠨ᠎ᠠ᠃
      ᠤᠨᠤᠯ᠎ᠤᠨ ᠰᠢᠨ᠎ᠡ ᠡᠭᠦᠳᠦᠯᠲᠡ᠎ᠨᠢ ᠪᠦᠬᠦ ᠨᠠᠮ᠂ ᠪᠦᠬᠦ ᠨᠡᠢ᠌ᠭᠡᠮ᠎ᠤᠨ ᠦᠵᠡᠯ ᠰᠠᠨᠠᠭ᠎ᠠ ᠲᠠᠨᠢᠯᠲᠠ ᠵᠢᠨ ᠨᠢᠭᠡᠳᠬᠦ ᠬᠠᠨᠳᠤᠰᠢ᠎ᠲᠠᠢ ᠪᠣᠯᠬᠤ ᠵᠢ ᠠᠬᠢᠭᠤᠯᠪᠠ᠃
      《ᠠᠮᠢ ᠠᠬᠤᠢ ᠣᠷᠴᠢᠨ ᠲᠣᠭᠣᠷᠢᠨ ᠪᠣᠯ ᠨᠠᠮ᠎ᠤᠨ ᠡᠭᠦᠷᠭᠡ ᠪᠣᠯᠣᠨ ᠵᠣᠷᠢᠯᠲᠠ᠎ᠳᠤ ᠬᠣᠯᠪᠣᠭᠳᠠᠬᠤ ᠴᠢᠬᠤᠯᠠ ᠶᠡᠬᠡ ᠤᠯᠤᠰ ᠲᠥᠷᠥ ᠵᠢᠨ ᠠᠰᠠᠭᠤᠳᠠᠯ ᠮᠥᠨ᠂ ᠪᠠᠰᠠ ᠴᠤ᠌ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠴᠢᠬᠤᠯᠠ ᠶᠡᠬᠡ ᠨᠡᠢ᠌ᠭᠡᠮ᠎ᠤᠨ ᠠᠰᠠᠭᠤᠳᠠᠯ ᠮᠥᠨ》᠃
      《ᠠᠮᠢ ᠠᠬᠤᠢ ᠣᠷᠴᠢᠨ ᠲᠣᠭᠣᠷᠢᠨ᠎ᠳᠤ ᠣᠷᠣᠯᠠᠬᠤ ᠡᠳ᠋ ᠭᠡᠵᠦ ᠪᠠᠢ᠌ᠳᠠᠭ ᠦᠭᠡᠢ᠂ ᠬᠡᠷᠡᠭᠯᠡᠬᠦᠶ᠎ᠡ ᠦᠯᠦ ᠮᠡᠳᠡᠭᠳᠡᠮ᠎ᠡ ᠪᠣᠯᠪᠠᠴᠤ ᠠᠯᠳᠠᠬᠤᠶ᠎ᠠ ᠣᠷᠣᠰᠢᠨ ᠲᠣᠭᠲᠠᠨᠢᠬᠤ᠎ᠳᠤ ᠪᠡᠷᠬᠡ ᠪᠠᠢ᠌ᠳᠠᠭ᠂ ᠡᠨᠡ᠎ᠨᠢ ᠠᠵᠤ ᠠᠬᠤᠢ ᠵᠢᠨ ᠬᠥᠭᠵᠢᠯᠲᠡ ᠵᠢᠨ ᠴᠢᠨᠠᠷ ᠴᠢᠨᠰᠠᠭ᠎ᠠ᠎ᠳᠤ ᠬᠣᠯᠪᠣᠭᠳᠠᠬᠤ᠎ᠪᠠᠷ ᠪᠠᠷᠠᠬᠤ ᠦᠭᠡᠢ ᠬᠥᠮᠥᠨ ᠨᠢᠭᠡᠪᠦᠷᠢ ᠵᠢᠨ ᠠᠮᠢᠳᠤᠷᠠᠯ᠎ᠤᠨ ᠴᠢᠨᠠᠷ ᠴᠢᠨᠰᠠᠭ᠎ᠠ᠎ᠳᠤ ᠴᠤ᠌ ᠬᠣᠯᠪᠣᠭᠳᠠᠨ᠎ᠠ》᠃
      《ᠬᠥᠭᠵᠢᠯᠲᠡ ᠵᠢ ᠲᠦᠷᠭᠡᠳᠬᠡᠬᠦ᠎ᠳᠤ ᠨᠡᠩ ᠤᠯᠠᠨ ᠡᠨᠧᠷᠭᠢ ᠵᠢᠨ ᠰᠤᠷᠪᠤᠯᠵᠢ ᠵᠢᠨ ᠡᠬᠢ ᠪᠠᠶᠠᠯᠢᠭ ᠪᠣᠯᠣᠨ ᠣᠷᠴᠢᠨ ᠲᠣᠭᠣᠷᠢᠨ᠎ᠤ ᠬᠢᠵᠠᠭ᠋ᠠᠷᠯᠠᠯ᠎ᠳᠤ ᠲᠤᠯᠭ᠋ᠠᠷᠠᠵᠤ ᠪᠠᠢ᠌ᠨ᠎ᠠ᠂ ᠡᠨᠡ᠎ᠨᠢ ᠮᠠᠨ᠎ᠤ ᠤᠯᠤᠰ ᠥᠷᠥᠨᠡᠳᠠᠬᠢᠨ᠎ᠤ ᠣᠳᠣᠬᠢᠴᠢᠯᠠᠯᠲᠠ ᠵᠢᠨ ᠬᠠᠭᠤᠴᠢᠨ ᠵᠠᠮ ᠵᠶ᠋ᠠᠷ ᠵᠠᠮᠨᠠᠬᠤ ᠪᠣᠯᠣᠯᠴᠠᠭ᠎ᠠ ᠦᠭᠡᠢ ᠭᠡᠳᠡᠭ᠎ᠢ ᠲᠣᠭᠲᠠᠭ᠋ᠠᠭᠰᠠᠨ ᠶᠤᠮ᠃》
      ᠴᠠᠭ ᠦᠶ᠎ᠡ ᠵᠢᠨ ᠰᠡᠳᠦᠪ᠎ᠢ ᠬᠠᠷᠢᠭᠤᠯᠵᠤ᠂ ᠦᠢ᠍ᠯᠡᠳᠦᠯᠭᠡ ᠵᠢᠨ ᠬᠥᠭᠵᠢᠯᠲᠡ ᠵᠢ ᠠᠬᠢᠭᠤᠯᠵᠤ᠂ ᠤᠨᠤᠯ᠎ᠤᠨ ᠰᠢᠨ᠎ᠡ ᠵᠢ ᠡᠭᠦᠳᠬᠦ᠎ᠪᠠᠷ ᠦᠢ᠍ᠯᠡᠳᠦᠯᠭᠡ ᠵᠢᠨ ᠰᠢᠨ᠎ᠡ ᠵᠢ ᠡᠭᠦᠳᠬᠦ ᠵᠢ ᠳᠠᠢ᠌ᠴᠢᠯᠠᠬᠤ ᠪᠣᠯ ᠰᠢᠨ᠎ᠡ ᠴᠠᠭ ᠦᠶ᠎ᠡ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠢᠯᠡ ᠲᠣᠳᠣ ᠣᠨᠴᠠᠯᠢᠭ ᠪᠣᠯᠣᠨ᠎ᠠ᠃
      ᠤᠨᠤᠯ᠎ᠤᠨ ᠰᠢᠨ᠎ᠡ ᠡᠭᠦᠳᠦᠯᠲᠡ᠎ᠨᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠠᠷᠭ᠎ᠠ ᠵᠠᠮ ᠵᠢᠭ᠋ᠠᠵᠤ ᠥᠭᠪᠡ᠃
      《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ》᠂ 《ᠨᠢᠳᠦᠨ ᠴᠡᠴᠡᠭᠡᠢ᠎ᠪᠠᠨ ᠬᠠᠮᠠᠭ᠋ᠠᠯᠠᠬᠤ᠎ᠲᠠᠢ ᠠᠳᠠᠯᠢ᠎ᠪᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠵᠤ᠂ ᠠᠮᠢ ᠨᠠᠰᠤᠨ᠎ᠳᠤ ᠬᠠᠨᠳᠤᠬᠤ᠎ᠲᠠᠢ ᠠᠳᠠᠯᠢ᠎ᠪᠠᠷ ᠠᠮᠢ ᠠᠬᠤᠢ ᠣᠷᠴᠢᠨ ᠲᠣᠭᠣᠷᠢᠨ᠎ᠳᠤ ᠬᠠᠨᠳᠤᠬᠤ ᠬᠡᠷᠡᠭᠲᠡᠢ》 ᠭᠡᠵᠦ ᠴᠢᠬᠤᠯᠠᠴᠢᠯᠠᠵᠤ᠂ 《ᠠᠭᠤᠯᠠ ᠤᠰᠤ ᠤᠢ ᠰᠢᠭᠤᠢ ᠲᠠᠷᠢᠶᠠᠨ ᠭᠠᠵᠠᠷ ᠨᠠᠭᠤᠷ ᠪᠦᠷᠢᠳᠦ ᠡᠪᠡᠰᠦ ᠪᠡᠯᠴᠢᠭᠡᠷ ᠡᠯᠡᠰᠦ ᠮᠠᠩᠬ᠎ᠠ ᠵᠢ ᠰᠢᠰᠲ᠋ᠧᠮ᠎ᠲᠠᠢ ᠵᠠᠰᠠᠬᠤ ᠵᠢ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ》 ᠭᠡᠵᠦ ᠵᠢᠭ᠋ᠠᠵᠤ ᠭᠠᠷᠭ᠋ᠠᠵᠤ᠂ 《ᠬᠠᠮᠤᠭ᠎ᠤᠨ ᠴᠢᠩᠭ᠎ᠠ ᠳᠦᠷᠢᠮ ᠬᠠᠮᠤᠭ᠎ᠤᠨ ᠴᠢᠩᠭ᠎ᠠ ᠬᠠᠤᠯᠢ᠎ᠪᠠᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ ᠬᠡᠷᠡᠭᠲᠡᠢ》 ᠭᠡᠵᠦ ᠱᠠᠭ᠋ᠠᠷᠳᠠᠵᠤ᠂ 《ᠳᠡᠯᠡᠬᠡᠢ ᠵᠢᠨ ᠪᠥᠮᠪᠥᠷᠴᠡᠭ᠎ᠤᠨ ᠠᠮᠢ ᠨᠠᠰᠤᠨ᠎ᠤ ᠬᠠᠮᠲᠤ ᠵᠢᠨ ᠴᠣᠭᠴᠠ ᠵᠢ ᠬᠠᠮᠲᠤᠪᠠᠷ ᠪᠠᠢ᠌ᠭᠤᠯᠵᠤ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠬᠠᠮᠲᠤᠪᠠᠷ ᠪᠠᠢ᠌ᠭᠤᠯᠬᠤ ᠬᠡᠷᠡᠭᠲᠡᠢ》 ᠭᠡᠵᠦ ᠳᠤᠷᠠᠳᠴᠠᠢ ᠁
      ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠨᠢ ᠶᠠᠭᠤᠨ᠎ᠤ ᠤᠴᠢᠷ᠎ᠠᠴᠠ ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠬᠤ᠂ ᠶᠠᠮᠠᠷ ᠶᠠᠩᠵᠤ ᠵᠢᠨ ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠬᠤ᠂ ᠠᠮᠢ ᠠᠬᠤᠢ ᠵᠢᠨ ᠪᠣᠯᠪᠠᠰᠤᠨ᠎ᠢ ᠬᠡᠷᠬᠢᠨ ᠪᠠᠢ᠌ᠭᠤᠯᠬᠤ ᠵᠡᠷᠭᠡ ᠴᠢᠬᠤᠯᠠ ᠶᠡᠬᠡ ᠤᠨᠤᠯ ᠪᠠ ᠦᠢ᠍ᠯᠡᠳᠦᠯᠭᠡ ᠵᠢᠨ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠦ᠂ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ᠎ᠳᠤ ᠰᠢᠨᠵᠢᠯᠡᠬᠦ ᠤᠬᠠᠭ᠋ᠠᠨᠴᠢ ᠵᠢᠯᠣᠭᠣᠳᠤᠯᠭ᠎ᠠ ᠬᠠᠩᠭ᠋ᠠᠵᠠᠢ᠃
      ᠣᠨ ᠰᠠᠷ᠎ᠠ ᠵᠢᠨ ᠣᠷᠴᠢᠯ᠎ᠢ ᠠᠭᠤᠯᠠ ᠤᠰᠤ ᠯᠡ ᠭᠡᠷᠡᠴᠢᠯᠡᠨ᠎ᠡ᠃
      2014 ᠣᠨ᠎ᠤ 2 ᠰᠠᠷ᠎ᠠ ᠵᠢᠨ ᠰᠡᠭᠦᠯᠴᠢ᠎ᠪᠠᠷ᠂ ᠪᠡᠭᠡᠵᠢᠩ᠎ᠳᠤ ᠬᠦᠨᠳᠦ ᠨᠣᠴᠢᠲᠠᠢ ᠪᠣᠬᠢᠷ ᠮᠠᠨᠠᠨ ᠲᠤᠯᠭ᠋ᠠᠷᠠᠪᠠ᠃ 2 ᠰᠠᠷ᠎ᠠ ᠵᠢᠨ 25᠎ᠤ ᠡᠳᠦᠷ᠂ ᠶᠡᠷᠦᠩᠬᠡᠢ ᠱᠦᠵᠢ ᠰᠢ ᠵᠢᠨ ᠫᠢᠩ ᠪᠡᠭᠡᠵᠢᠩ᠎ᠳᠤ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠤᠯᠲᠠ ᠬᠢᠬᠦ᠎ᠳᠡᠭᠡᠨ᠂ 《ᠣᠷᠴᠢᠨ ᠠᠬᠤᠢ ᠵᠢᠨ ᠵᠠᠰᠠᠯᠲᠠ ᠪᠣᠯ ᠨᠢᠭᠡᠨ ᠰᠢᠰᠲ᠋ᠧᠮᠲᠦ ᠢᠨᠵᠧᠨᠧᠷᠢᠩ ᠮᠥᠨ᠂ ᠡᠷᠬᠡᠪᠰᠢ ᠴᠢᠬᠤᠯᠠ ᠶᠡᠬᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠪᠣᠯᠭ᠋ᠠᠨ ᠴᠢᠩᠭ᠎ᠠ ᠠᠳᠬᠤᠬᠤ ᠬᠡᠷᠡᠭᠲᠡᠶ》 ᠭᠡᠵᠦ ᠴᠢᠬᠤᠯᠠᠴᠢᠯᠠᠪᠠ᠃
ᠠᠵᠤ ᠦᠢ᠍ᠯᠡᠰ᠎ᠲᠤ ᠲᠣᠬᠢᠷᠠᠭᠤᠯᠤᠯᠲᠠ ᠬᠢᠵᠦ᠂ ᠲᠣᠭᠣᠰᠣ ᠵᠢ ᠪᠠᠭᠤᠷᠠᠭᠤᠯᠤᠨ ᠲᠡᠷᠭᠡ ᠵᠢ ᠡᠵᠡᠮᠳᠡᠵᠦ᠂ ᠰᠢᠲᠠᠭ᠋ᠠᠯᠭ᠎ᠠ ᠵᠢᠨ ᠨᠡᠭᠦᠷᠡᠰᠦ ᠵᠢ ᠪᠠᠭ᠋ᠠᠰᠬᠠᠪᠠ ᠁ ᠠᠯᠢ ᠤᠯᠠᠨ《ᠬᠦᠴᠢᠷ ᠠᠰᠠᠭᠤᠳᠠᠯ》 ᠎ᠢ ᠰᠢᠢ᠍ᠳᠪᠦᠷᠢᠯᠡᠵᠦ᠂ ᠠᠯᠢ ᠤᠯᠠᠨ 《ᠬᠠᠲᠠᠭᠤ ᠳᠠᠢ᠌ᠯᠠᠯᠳᠤᠭ᠋ᠠᠨ》᠎ᠤ ᠢᠯᠠᠯᠲᠠ ᠵᠢ ᠣᠯᠵᠤ᠂ ᠪᠡᠭᠡᠵᠢᠩ ᠬᠤᠳᠠ ᠵᠢᠨ᠎ᠬᠢᠨ ᠴᠡᠯᠮᠡᠭ ᠣᠭᠲᠠᠷᠭᠤᠢ ᠵᠢ ᠤᠭᠲᠤᠨ ᠠᠪᠴᠢᠷᠠᠯ᠎ᠠ᠃
      ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ ᠲᠠᠯ᠎ᠠ᠎ᠪᠠᠷ ᠭᠠᠳᠠᠭ᠋ᠠᠳᠤ ᠵᠢᠨ ᠵᠠᠷᠢᠮ ᠠᠵᠢᠭᠯᠠᠭᠴᠢ 《ᠭᠤᠴᠢ ᠲᠠᠪᠢᠨ ᠵᠢᠯ᠎ᠢ ᠬᠡᠷᠡᠭᠯᠡᠬᠦ ᠦᠭᠡᠢ ᠪᠣᠯ ᠬᠤᠪᠢᠷᠠᠭᠤᠯᠵᠤ ᠪᠣᠯᠣᠰᠢ ᠦᠭᠡᠢ ᠶᠠᠪᠤᠳᠠᠯ ᠮᠥᠨ》 ᠭᠡᠵᠦ ᠦᠵᠡᠵᠦ ᠪᠠᠶ᠋ᠢᠵᠠᠶ᠃ ᠪᠡᠭᠡᠵᠢᠩ᠎ᠠᠴᠠ ᠪᠦᠬᠦ ᠤᠯᠤᠰ ᠬᠦᠷᠲᠡᠯ᠎ᠡ᠂ 《ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ》᠎ᠨᠢ ᠬᠥᠬᠡ ᠣᠭᠲᠠᠷᠭᠤᠢ ᠴᠠᠭ᠋ᠠᠨ ᠡᠭᠦᠯᠡ᠂ ᠤᠳᠤᠨ ᠮᠡᠴᠢᠳ ᠭᠢᠯᠠᠯᠵᠠᠭᠰᠠᠨ ᠡᠳᠦᠷ᠎ᠤᠳ᠎ᠢ ᠵᠢᠯ᠎ᠠᠴᠠ ᠵᠢᠯ ᠣᠯᠠᠰᠢᠷᠠᠭᠤᠯᠵᠤ᠂ ᠮᠠᠨ᠎ᠤ ᠤᠯᠤᠰ ᠪᠦᠬᠦ ᠪᠥᠮᠪᠥᠷᠴᠡᠭ᠎ᠤᠨ ᠠᠭ᠋ᠠᠷ᠎ᠤᠨ ᠶᠠᠰᠤ ᠴᠢᠨᠠᠷ᠎ᠤᠨ ᠰᠠᠢ᠌ᠵᠢᠷᠠᠯᠲᠠ ᠵᠢᠨ ᠬᠤᠷᠳᠤᠴᠠ᠎ᠪᠠᠷ ᠬᠠᠮᠤᠭ᠎ᠤᠨ ᠲᠦᠷᠭᠡᠨ ᠤᠯᠤᠰ ᠪᠣᠯᠪᠠ᠃
      ᠤᠰᠤᠨ᠎ᠤ ᠣᠷᠴᠢᠨ ᠲᠣᠭᠣᠷᠢᠨ᠎ᠤ ᠪᠣᠬᠢᠷᠲᠤᠯ᠎ᠢ ᠶᠡᠬᠡ ᠬᠦᠴᠦ ᠣᠷᠣᠭᠤᠯᠤᠨ ᠵᠠᠰᠠᠬᠤ᠎ᠠᠴᠠ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠵᠢᠭᠦᠯᠵᠦ ᠬᠥᠳᠡᠭᠡ ᠲᠣᠰᠬᠤᠨ᠎ᠤ ᠣᠷᠴᠢᠨ ᠲᠣᠭᠣᠷᠢᠨ᠎ᠤ ᠴᠡᠭᠴᠡᠯᠡᠨ ᠵᠠᠰᠠᠯᠲᠠ ᠵᠢ ᠠᠬᠢᠭᠤᠯᠬᠤ ᠬᠦᠷᠲᠡᠯ᠎ᠡ; ᠬᠥᠷᠥᠰᠥ ᠰᠢᠷᠣᠢ ᠵᠢᠨ ᠣᠷᠴᠢᠨ ᠲᠣᠭᠣᠷᠢᠨ᠎ᠤ ᠠᠶᠤᠯ ᠲᠦᠭᠰᠢᠭᠦᠷᠢ ᠵᠢ ᠪᠦᠲᠦᠮᠵᠢᠲᠡᠢ ᠬᠠᠮᠢᠶᠠᠷᠤᠨ ᠡᠵᠡᠮᠳᠡᠬᠦ᠎ᠠᠴᠠ ᠶᠡᠬᠡ ᠬᠡᠪᠴᠢᠶᠡᠨ᠎ᠤ ᠤᠯᠤᠰ᠎ᠤᠨ ᠨᠤᠲᠤᠭ ᠳᠡᠪᠢᠰᠬᠡᠷ᠎ᠢ ᠨᠣᠭᠣᠭ᠋ᠠᠷᠠᠭᠤᠯᠬᠤ ᠠᠵᠢᠯᠯᠠᠭ᠎ᠠ ᠵᠢ ᠦᠷᠭᠦᠯᠵᠢᠯᠡᠨ ᠰᠢᠨᠵᠢᠯᠡᠬᠦ ᠤᠬᠠᠭ᠋ᠠᠨᠴᠢ᠎ᠪᠠᠷ ᠥᠷᠨᠢᠭᠦᠯᠬᠦ ᠬᠦᠷᠲᠡᠯ᠎ᠡ ᠁ ᠬᠥᠬᠡᠮᠳᠦᠭ ᠨᠣᠭᠣᠭ᠋ᠠᠨ ᠠᠭᠤᠯᠠ ᠤᠰᠤᠨ᠎ᠤ 《ᠠᠮᠢ ᠠᠬᠤᠢ ᠵᠢᠨ ᠥᠩᠭᠡ》 ᠪᠠ ᠠᠷᠠᠳ᠎ᠤᠨ ᠠᠮᠢᠳᠤᠷᠠᠯ᠎ᠤᠨ 《ᠵᠣᠯ ᠵᠢᠷᠭ᠋ᠠᠯ᠎ᠤᠨ ᠵᠢᠭ᠋ᠠᠯᠲᠠ ᠲᠣᠭ᠎ᠠ》 ᠵᠡᠷᠭᠡᠪᠡᠷ ᠳᠡᠭᠡᠭᠰᠢᠯᠡᠪᠡ᠃
      ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ ᠪᠣᠯ ᠡᠴᠦᠰ᠎ᠤᠨ ᠡᠴᠦᠰ᠎ᠲᠡᠭᠡᠨ ᠬᠥᠭᠵᠢᠯᠲᠡ ᠵᠢᠨ ᠠᠷᠭ᠎ᠠ ᠮᠠᠶᠢᠭ ᠪᠠ ᠠᠮᠢᠳᠤᠷᠠᠯ᠎ᠤᠨ ᠠᠷᠭ᠎ᠠ ᠮᠠᠶᠢᠭ᠎ᠤᠨ ᠠᠰᠠᠭᠤᠳᠠᠯ ᠪᠣᠯᠣᠨ᠎ᠠ᠃ ᠡᠷᠬᠡᠪᠰᠢ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠭᠤᠰᠢᠯᠠᠭᠤᠯᠵᠤ᠂ ᠬᠥᠭᠵᠢᠯᠲᠡ ᠵᠢᠨ ᠠᠷᠭ᠎ᠠ ᠮᠠᠶᠢᠭ᠎ᠤᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢ ᠬᠤᠪᠢᠷᠠᠭᠤᠯᠬᠤ ᠵᠢ ᠲᠦᠷᠭᠡᠪᠴᠢᠯᠡᠨ ᠠᠬᠢᠭᠤᠯᠵᠤ᠂ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠮᠠᠶᠢᠭ ᠪᠠ ᠠᠮᠢᠳᠤᠷᠠᠯ᠎ᠤᠨ ᠠᠷᠭ᠎ᠠ ᠮᠠᠶᠢᠭ᠎ᠢ ᠲᠦᠷᠭᠡᠪᠴᠢᠯᠡᠨ ᠪᠤᠢ ᠪᠣᠯᠭ᠋ᠠᠵᠤ᠂ ᠠᠮᠢ ᠠᠬᠤᠢ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠴᠢᠨᠠᠷ ᠰᠠᠢ᠌ᠲᠠᠢ ᠬᠥᠭᠵᠢᠯᠲᠡ ᠵᠢᠨ ᠵᠠᠮ ᠵᠶ᠋ᠠᠷ ᠵᠠᠮᠨᠠᠪᠠ᠃
      ᠵᠢᠶᠠᠩᠰᠤ ᠵᠢᠨ ᠰᠦᠵᠧᠦ᠂᠎ᠲᠠᠢ ᠬᠸ ᠨᠠᠭᠤᠷ᠎ᠤᠨ ᠬᠥᠪᠡᠭᠡᠨ᠎ᠳᠠᠬᠢ 《ᠮᠢᠩᠭ᠋ᠠᠨ ᠣᠨ᠎ᠤ ᠲᠣᠷᠭ᠋ᠠᠨ ᠬᠤᠳᠠ》 ᠱᠧᠩ ᠽᠦ᠍ ᠵᠢᠵᠢᠭ ᠪᠠᠯᠭ᠋ᠠᠰᠤᠨ᠎ᠳᠤ᠂ ᠤᠯᠠᠮ᠎ᠠᠴᠠ ᠤᠯᠠᠮ ᠤᠯᠠᠨ ᠪᠥᠰ ᠪᠠᠷᠠᠭ᠎ᠠ᠎ᠨᠢ ᠨᠣᠭᠣᠭ᠋ᠠᠨ ᠥᠩᠭᠡ᠎ᠲᠠᠢ ᠪᠣᠯᠵᠠᠢ᠃ ᠨᠢᠭᠡᠨ ᠳᠠᠷᠤᠮᠠᠯᠯᠠᠨ ᠪᠤᠳᠤᠬᠤ ᠠᠵᠤ ᠠᠬᠤᠢ᠌ᠯᠠᠯ ᠲᠣᠭ᠋ᠠᠴᠢᠯᠠᠭᠰᠠᠨ ᠳᠠᠷᠤᠮᠠᠯᠯᠠᠯ ᠵᠶ᠋ᠠᠷ ᠤᠯᠠᠮᠵᠢᠯᠠᠯᠲᠤ ᠪᠤᠳᠤᠭ᠎ᠤᠨ ᠭᠠᠩ᠎ᠢ ᠣᠷᠣᠯᠠᠭᠤᠯᠵᠤ᠂ ᠤᠰᠤ ᠬᠡᠷᠡᠭᠯᠡᠬᠦ ᠭᠣᠭᠴᠣᠭ᠎ᠠ ᠵᠢ ᠪᠦᠬᠦᠨ᠎ᠢ ᠬᠠᠰᠤᠵᠤ᠂ ᠠᠷᠢᠭᠤᠨ ᠴᠡᠪᠡᠷ ᠦᠢ᠍ᠯᠡᠳᠪᠦᠷᠢᠯᠡᠯ᠎ᠤᠨ ᠬᠢᠷᠢ ᠲᠦᠪᠰᠢᠨ᠎ᠢ ᠶᠡᠬᠡ᠎ᠪᠠᠷ ᠳᠡᠭᠡᠭᠰᠢᠯᠡᠭᠦᠯᠪᠡ᠃ ᠰᠢᠨ᠎ᠡ ᠮᠡᠷᠭᠡᠵᠢᠯ ᠵᠶ᠋ᠡᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠵᠦ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠤᠢ ᠪᠣᠯᠭ᠋ᠠᠵᠤ᠂ ᠨᠡᠬᠡᠮᠡᠯ᠎ᠤᠨ ᠠᠵᠤ ᠦᠢ᠍ᠯᠡᠰ᠎ᠤᠨ《ᠪᠣᠬᠢᠷᠲᠤᠯ ᠦᠭᠡᠢ ᠵᠠᠮ》᠎ᠳᠤ ᠣᠷᠣᠬᠤ ᠵᠢ ᠠᠬᠢᠭᠤᠯᠵᠤ᠂ 《ᠰᠢᠨ᠎ᠡ ᠵᠢᠷᠤᠭ ᠲᠥᠯᠥᠪ》᠎ᠢ ᠪᠦᠲᠦᠭᠡᠪᠡ᠃
      ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠠᠪᠠ ᠭᠠᠵᠠᠷ᠎ᠤᠨ ᠠᠵᠤ ᠠᠬᠤᠢ ᠵᠢᠨ ᠶᠡᠷᠦᠩᠬᠡᠢ ᠬᠡᠮᠵᠢᠶ᠎ᠡ ᠳᠠᠬᠢᠨ ᠵᠶ᠋ᠠᠷ ᠨᠡᠮᠡᠭᠳᠡᠵᠦ᠂ ᠬᠤᠳᠠ ᠪᠠᠯᠭ᠋ᠠᠰᠤᠵᠢᠯᠲᠠ ᠵᠢᠨ ᠨᠤᠷᠮ᠎ᠠ 10%᠎ᠪᠠᠷ ᠳᠡᠭᠡᠭᠰᠢᠯᠡᠵᠦ᠂ ᠬᠥᠮᠥᠨ ᠠᠮᠠ 380 ᠲᠦᠮᠡ ᠨᠡᠮᠡᠭᠳᠡᠭᠰᠡᠨ ᠪᠠᠶ᠋ᠢᠳᠠᠯ ᠳᠣᠣᠷ᠎ᠠ᠂᠎ᠲᠠᠢ ᠬᠸ ᠨᠠᠭᠤᠷ᠎ᠤᠨ ᠤᠰᠤᠨ᠎ᠤ ᠴᠢᠨᠠᠷ ᠮᠥᠨᠬᠦ ᠮᠡᠳᠡᠭᠳᠡᠮ᠎ᠡ ᠰᠠᠢ᠌ᠵᠢᠷᠠᠵᠤ᠂ 《ᠤᠰᠤᠨ᠎ᠤ ᠭᠥᠪᠡᠭᠡ᠎ᠪᠠᠷ ᠬᠤᠯᠤᠰᠤ ᠨᠣᠭᠣᠭ᠋ᠠᠷᠠᠨ》᠂ 《ᠬᠠᠰ ᠰᠢᠭ᠋ ᠨᠣᠭᠣᠭ᠋ᠠᠨ ᠨᠠᠭᠤᠷ》᠎ᠤᠨ ᠭᠤᠶᠤ ᠦᠵᠡᠮᠵᠢ ᠠᠭ᠋ᠠᠵᠢᠮ ᠵᠶ᠋ᠠᠷ ᠰᠡᠷᠭᠦᠵᠦ ᠪᠤᠢ᠃
      ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠪᠣᠯ ᠠᠮᠢ ᠠᠬᠤᠢ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠬᠦ ᠵᠢᠨ ᠦᠨᠳᠦᠰᠦᠨ᠎ᠠᠴᠠ᠎ᠨᠢ ᠵᠠᠰᠠᠬᠤ ᠪᠣᠳᠣᠯᠭ᠎ᠠ ᠮᠥᠨ ᠭᠡᠳᠡᠭ᠎ᠢ ᠦᠢ᠍ᠯᠡᠳᠦᠯᠭᠡ ᠭᠦᠨᠵᠡᠭᠡᠢ ᠬᠠᠷᠠᠭᠤᠯᠵᠠᠢ᠃ ᠪᠣᠬᠢᠷᠲᠤᠯ ᠦᠭᠡᠢ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠲᠡᠷᠢᠭᠦᠨ᠎ᠤ ᠪᠣᠬᠢᠷᠲᠤᠯ ᠦᠭᠡᠢ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠲᠦᠷᠭᠡᠳᠬᠡᠵᠦ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠡᠷᠭᠢᠯᠲᠡᠲᠦ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠵᠤ᠂ ᠥᠨᠳᠥᠷ ᠲᠦᠪᠰᠢᠨ ᠪᠦᠬᠦᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠪᠠᠷ ᠳᠠᠮᠵᠢᠨ ᠬᠥᠭᠵᠢᠯᠲᠡ ᠵᠢᠨ ᠰᠢᠨ᠎ᠡ ᠬᠥᠳᠡᠯᠭᠡᠬᠦ ᠬᠦᠴᠦᠨ᠂ ᠰᠢᠨ᠎ᠡ ᠳᠠᠪᠠᠭᠤᠯᠢᠭ᠎ᠢ ᠲᠠᠰᠤᠷᠠᠯᠳᠡ ᠦᠭᠡᠢ ᠪᠤᠢ ᠪᠣᠯᠭ᠋ᠠᠪᠠᠯ ᠰᠠᠶᠢ ᠴᠢᠨᠠᠷ ᠰᠠᠢ᠌ᠲᠠᠢ ᠬᠥᠭᠵᠢᠯᠲᠡ ᠵᠢᠨ ᠪᠣᠬᠢᠷᠲᠤᠯ ᠦᠭᠡᠢ ᠰᠠᠭᠤᠷᠢ ᠥᠩᠭᠡ ᠵᠢ ᠵᠤᠵᠠᠭ᠋ᠠᠳᠬᠠᠵᠤ ᠴᠢᠳᠠᠨ᠎ᠠ᠃
      《ᠮᠠᠨ᠎ᠤ ᠤᠯᠤᠰ᠎ᠤᠨ ᠠᠵᠤ ᠠᠬᠤᠢ ᠨᠡᠢ᠌ᠭᠡᠮ᠎ᠤᠨ ᠬᠥᠭᠵᠢᠯᠲᠡ ᠨᠢᠭᠡᠨᠲᠡ ᠪᠣᠬᠢᠷᠲᠤᠯ ᠦᠭᠡᠢ ᠪᠣᠯᠵᠤ᠂ ᠨᠠᠭᠦᠷᠡᠰᠦᠲᠦ᠋ᠷᠦᠭᠴᠢ ᠪᠠᠭ᠎ᠠ ᠴᠢᠨᠠᠷ ᠰᠠᠢ᠌ᠲᠠᠢ ᠬᠥᠭᠵᠢᠯᠲᠡ ᠵᠢᠨ ᠱᠠᠲᠤᠨ᠎ᠳᠤ ᠣᠷᠣᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠮᠥᠨ ᠬᠦ᠌ ᠳᠠᠷᠤᠯᠲᠠ ᠳᠠᠪᠬᠤᠴᠠᠬᠤ᠂ ᠬᠦᠨᠳᠦ ᠡᠭᠦᠷᠭᠡ ᠵᠢ ᠡᠭᠦᠷᠭᠡᠯᠡᠵᠦ ᠤᠷᠤᠭᠰᠢᠯᠠᠬᠤ ᠵᠠᠩᠭᠢᠯᠠᠭ᠎ᠠ ᠵᠢᠨ ᠬᠤᠭᠤᠴᠠᠭ᠋ᠠᠨ᠎ᠳᠤ ᠣᠷᠣᠰᠢᠵᠤ ᠪᠠᠢ᠌ᠨ᠎ᠠ》   ᠶᠡᠷᠦᠩᠬᠡᠢ ᠱᠦᠵᠢ ᠰᠢ ᠵᠢᠨ ᠫᠢᠩ᠎ᠤᠨ ᠭᠠᠷᠭ᠋ᠠᠭᠰᠠᠨ ᠴᠢᠬᠤᠯᠠ ᠮᠠᠭ᠋ᠠᠳᠯᠠᠯᠲᠠ᠎ᠨᠢ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠰᠢᠨ᠎ᠡ ᠪᠠᠢ᠌ᠷᠢᠰᠢᠯ ᠲᠣᠭᠲᠠᠭ᠋ᠠᠵᠤ ᠥᠭᠴᠡᠢ᠃
      ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠬᠥᠮᠥᠨ ᠬᠢᠭᠡᠳ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠮᠥᠨ᠃ ᠦᠵᠡᠰᠬᠦᠯᠡᠩᠲᠦ ᠰᠠᠢ᠌ᠬᠠᠨ ᠳᠤᠮᠳᠠᠳᠤ ᠤᠯᠤᠰ᠎ᠢ ᠪᠦᠲᠦᠭᠡᠨ ᠪᠠᠢ᠌ᠭᠤᠯᠬᠤ ᠵᠢ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠴᠢᠨᠠᠷ ᠰᠠᠢ᠌ᠲᠠᠢ ᠠᠮᠢ ᠠᠬᠤᠢ ᠵᠢᠨ ᠣᠷᠴᠢᠨ ᠲᠣᠭᠣᠷᠢᠨ ᠵᠶ᠋ᠠᠷ ᠴᠢᠨᠠᠷ ᠰᠠᠢ᠌ᠲᠠᠢ ᠬᠥᠭᠵᠢᠯᠲᠡ ᠵᠢ ᠲᠤᠯᠭ᠋ᠠᠭᠤᠷᠢᠯᠠᠪᠠᠯ᠂ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠭᠡᠬᠦ ᠡᠨᠡᠬᠦ ᠲᠣᠮᠣ ᠶᠠᠪᠤᠳᠠᠯ᠎ᠢ ᠰᠠᠶ᠋ᠢᠲᠤᠷ ᠬᠢᠵᠦ᠂ ᠦᠷ᠎ᠡ ᠬᠣᠢ᠌ᠴᠢᠰ᠎ᠲᠠᠭᠠᠨ ᠠᠭᠤᠯᠠ ᠤᠰᠤ ᠲᠤᠩᠭ᠋ᠠᠯᠠᠭ ᠠᠮᠢ ᠠᠬᠤᠢ ᠵᠢᠨ ᠣᠷᠣᠨ ᠵᠠᠢ ᠦᠯᠡᠳᠡᠭᠡᠵᠦ ᠥᠭᠬᠦ᠎ᠨᠢ ᠯᠠᠪᠲᠠᠢ ᠶᠤᠮ᠃
      ᠡᠨᠡ ᠪᠣᠯ ᠠᠭᠤᠯᠠ ᠤᠰᠤ ᠡᠬᠡ ᠭᠠᠵᠠᠷ᠎ᠲᠤ ᠪᠢᠴᠢᠭᠳᠡᠭᠰᠡᠨ ᠬᠠᠷᠢᠭᠤᠯᠲᠠ ᠵᠢᠨ ᠬᠠᠭᠤᠳᠠᠰᠤ ᠮᠥᠨ᠂ ᠪᠠᠰᠠ ᠴᠤ᠌ ᠠᠷᠠᠳ ᠲᠦᠮᠡᠨ᠎ᠤ ᠰᠡᠳᠬᠢᠯ᠎ᠳᠤ ᠪᠢᠴᠢᠭᠳᠡᠭᠰᠡᠨ ᠬᠠᠷᠢᠭᠤᠯᠲᠠ ᠵᠢᠨ ᠬᠠᠭᠤᠳᠠᠰᠤ ᠮᠥᠨ᠃
      ᠬᠠᠮᠤᠭ᠎ᠤᠨ ᠲᠥᠪ ᠭᠣᠣᠯᠴᠢ ᠤᠯᠠᠨ ᠨᠠᠢ᠌ᠳᠠ ᠵᠢᠨ ᠦᠢ᠍ᠯᠡᠳᠬᠦᠨ ᠬᠠᠮᠤᠭ᠎ᠤᠨ ᠲᠦᠭᠡᠮᠡᠯ ᠠᠰᠢᠭ ᠬᠦᠷᠲᠡᠬᠦ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ (ᠠᠷᠠᠳ᠎ᠤᠨ ᠡᠳᠦᠷ᠎ᠤᠨ ᠰᠣᠨᠢᠨ) (ᠳᠣᠣᠷᠠᠳᠤ)
      (ᠬᠣᠶᠠᠷ)
      ᠠᠮᠢ ᠠᠬᠤᠢ ᠵᠢᠨ ᠪᠣᠯᠪᠠᠰᠤᠨ᠎ᠢ ᠪᠠᠢ᠌ᠭᠤᠯᠬᠤ ᠪᠣᠯ ᠦᠢ᠍ᠯᠡᠳᠪᠦᠷᠢᠯᠡᠯ᠎ᠤᠨ ᠠᠷᠭ᠎ᠠ ᠮᠠᠶᠢᠭ᠂ ᠠᠮᠢᠳᠤᠷᠠᠯ᠎ᠤᠨ ᠠᠷᠭ᠎ᠠ ᠮᠠᠶᠢᠭ᠂ ᠰᠡᠳᠬᠢᠬᠦᠢ ᠵᠢᠨ ᠠᠷᠭ᠎ᠠ ᠮᠠᠶᠢᠭ ᠪᠠ ᠥᠷᠲᠡᠭ᠎ᠤᠨ ᠦᠵᠡᠯᠲᠡ᠎ᠳᠤ ᠬᠣᠯᠪᠣᠭᠳᠠᠭᠰᠠᠨ ᠨᠢᠭᠡᠨ ᠤᠳᠠᠭ᠋ᠠᠨ᠎ᠤ ᠬᠤᠪᠢᠰᠬᠠᠯᠲᠤ ᠴᠢᠨᠠᠷᠲᠠᠢ ᠬᠤᠪᠢᠰᠤᠯᠲᠠ ᠮᠥᠨ᠃ ᠶᠡᠷᠦᠩᠬᠡᠢ ᠱᠦᠵᠢ ᠰᠢ ᠵᠢᠨ ᠫᠢᠩ᠄《ᠳᠦᠷᠢᠮ᠎ᠤᠨ ᠪᠠᠢ᠌ᠭᠤᠯᠤᠯᠲᠠ ᠵᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠠᠬᠢᠭᠤᠯᠬᠤ ᠵᠢᠨ ᠴᠢᠬᠤᠯᠠ᠎ᠠᠴᠠ ᠴᠢᠬᠤᠯᠠ ᠵᠦᠢ᠍ᠯ ᠪᠣᠯᠭ᠋ᠠᠬᠤ ᠬᠡᠷᠡᠭᠲᠡᠶ》 ᠭᠡᠵᠦ ᠴᠢᠬᠤᠯᠠᠴᠢᠯᠠᠪᠠ᠃
ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠳᠠ ᠮᠥᠩᠭᠥᠨ ᠠᠭᠤᠯᠠ ᠮᠥᠨ ᠭᠡᠬᠦ ᠣᠢ᠌ᠯᠠᠭ᠋ᠠᠭᠳᠠᠬᠤᠨ᠎ᠢ ᠬᠡᠷᠬᠢᠨ ᠦᠢ᠍ᠯᠡᠳᠦᠯᠭᠡᠵᠢᠭᠦᠯᠵᠦ᠂ ᠡᠬᠢ ᠪᠠᠶᠠᠯᠢᠭ᠎ᠢ ᠠᠷᠪᠢᠯᠠᠬᠤ ᠪᠠ ᠣᠷᠴᠢᠨ ᠠᠬᠤᠢ ᠵᠢ ᠬᠠᠮᠠᠭ᠋ᠠᠯᠠᠬᠤ ᠤᠯᠤᠰ᠎ᠤᠨ ᠦᠨᠳᠦᠰᠦᠨ ᠪᠣᠳᠣᠯᠭ᠎ᠠ ᠵᠢ ᠬᠡᠷᠬᠢᠨ ᠪᠠᠷᠢᠮᠲᠠᠯᠠᠵᠤ᠂ ᠠᠷᠪᠢᠯᠠᠬᠤ ᠵᠢ ᠲᠡᠷᠢᠭᠦᠨ᠎ᠳᠤ ᠲᠠᠯᠪᠢᠬᠤ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ᠂ ᠠᠶᠠᠨᠳᠠᠭ᠋ᠠᠨ ᠰᠡᠷᠭᠦᠭᠡᠬᠦ᠎ᠪᠠᠷ ᠭᠣᠣᠯ ᠪᠣᠯᠭ᠋ᠠᠬᠤ ᠴᠢᠭᠯᠡᠯᠲᠡ ᠵᠢ ᠬᠡᠷᠬᠢᠨ ᠨᠠᠢ᠌ᠳᠠᠪᠤᠷᠢᠵᠢᠭᠤᠯᠬᠤ ᠪᠤᠢ? ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠳᠠᠮᠵᠢᠭᠤᠯᠤᠨ ᠠᠮᠢ ᠠᠬᠤᠢ ᠵᠢᠨ ᠪᠣᠯᠪᠠᠰᠤᠨ᠎ᠤ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠪᠠ ᠳᠦᠷᠢᠮ᠎ᠤᠨ ᠰᠢᠰᠲ᠋ᠧᠮ᠎ᠤᠨ ᠪᠠᠢ᠌ᠭᠤᠯᠤᠯᠲᠠ ᠵᠢ ᠲᠦᠷᠭᠡᠪᠴᠢᠯᠡᠨ ᠠᠬᠢᠭᠤᠯᠬᠤ ᠪᠣᠯ ᠴᠢᠬᠤᠯᠠ ᠠᠷᠭ᠎ᠠ ᠮᠥᠨ᠃
      ᠥᠭᠡᠷᠡᠴᠢᠯᠡᠯᠲᠡ᠎ᠪᠠᠷ ᠬᠦᠴᠦᠯᠡᠵᠦ᠂ 《ᠳᠦᠷᠢᠮ》 ᠵᠢᠨᠷ 《ᠵᠠᠰᠠᠯᠲᠠ》 ᠵᠢ ᠠᠬᠢᠭᠤᠯᠵᠤ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠰᠠᠬᠢᠨ ᠬᠠᠮᠠᠭ᠋ᠠᠯᠠᠬᠤ ᠬᠦᠴᠦᠨ ᠨᠡᠩ ᠴᠢᠩᠭ᠋ᠠᠷᠠᠪᠠ᠃
      ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ ᠪᠣᠯ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠴᠢᠬᠤᠯᠠ ᠪᠦᠷᠢᠯᠳᠦᠬᠦᠨ ᠬᠡᠰᠡᠭ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠤᠯᠤᠰ᠎ᠠᠴᠠ ᠠᠯᠢ ᠤᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠳᠦᠷᠢᠮ᠎ᠤᠨ ᠰᠢᠰᠲ᠋ᠧᠮ ᠵᠢᠴᠢ ᠬᠣᠯᠪᠣᠭᠳᠠᠯ ᠪᠦᠬᠦᠢ ᠬᠦᠷᠢᠶᠡᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠠᠬᠢᠭᠤᠯᠪᠠ᠃
      2015 ᠣᠨ᠎ᠤ 4 ᠰᠠᠷ᠎ᠠ᠎ᠳᠤ᠂ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠪᠦᠬᠦ ᠲᠠᠯ᠎ᠠ ᠵᠢᠨ ᠪᠠᠢ᠌ᠷᠢᠯᠠᠭᠤᠯᠤᠯᠲᠠ ᠬᠢᠪᠡ; ᠲᠣᠰ ᠵᠢᠯ᠎ᠤᠨ 9 ᠰᠠᠷ᠎ᠠ᠎ᠳᠤ᠂ 《ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢᠨ ᠶᠡᠷᠦᠩᠬᠡᠢ ᠲᠥᠰᠥᠯ》᠎ᠢ ᠳᠠᠷᠤᠮᠠᠯᠯᠠᠨ ᠲᠠᠷᠬᠠᠭ᠋ᠠᠵᠤ᠂ 《ᠭᠠᠵᠠᠷ ᠣᠷᠣᠨ ᠠᠯᠤᠰᠯᠠᠭᠰᠠᠨ ᠠᠮᠢ ᠠᠬᠤᠢ ᠵᠢᠨ ᠨᠥᠬᠥᠪᠦᠷᠢ ᠵᠢᠨ ᠲᠤᠷᠰᠢᠯᠲᠠ ᠵᠢ ᠥᠷᠨᠢᠭᠦᠯᠦᠨ᠎ᠡ》 ᠭᠡᠵᠦ ᠲᠣᠳᠣᠷᠬᠠᠢ ᠳᠤᠷᠠᠳᠤᠨ ᠭᠠᠷᠭ᠋ᠠᠪᠠ᠃
      2016 ᠣᠨ᠎ᠤ 4 ᠰᠠᠷ᠎ᠠ᠎ᠳᠤ᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠲᠣᠭᠲᠠᠴᠠ ᠵᠢ ᠪᠦᠷᠢᠨᠰᠢᠭᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠮᠠᠨ᠎ᠤ ᠤᠯᠤᠰ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠲᠣᠭᠲᠠᠴᠠ ᠵᠢᠨ ᠪᠠᠢ᠌ᠭᠤᠯᠤᠯᠲᠠ ᠵᠢᠨ ᠬᠠᠷᠠᠯᠲᠠ ᠡᠭᠦᠷᠭᠡ ᠵᠢ ᠳᠤᠷᠠᠳᠴᠠᠢ᠃
      2021 ᠣᠨ᠎ᠤ 9 ᠰᠠᠷ᠎ᠠ᠎ᠳᠤ᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ ᠲᠤᠬᠠᠢ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠪᠠᠢ᠌ᠷᠢᠯᠠᠭᠤᠯᠤᠯᠲᠠ ᠬᠢᠪᠡ᠃
      ᠥᠭᠡᠷᠡᠴᠢᠯᠡᠯᠲᠡ ᠵᠢᠨ ᠶᠠᠪᠤᠴᠠ᠎ᠳᠤ ᠨᠢᠭᠡᠨᠲᠡ ᠢᠯᠡᠷᠡᠭᠰᠡᠨ ᠪᠠ ᠭᠠᠷᠴᠤ ᠮᠡᠳᠡᠬᠦ ᠠᠰᠠᠭᠤᠳᠠᠯ᠎ᠳᠤ ᠬᠦᠴᠢᠷ ᠪᠡᠷᠬᠡᠰᠢᠶᠡᠯ᠎ᠢ ᠨᠢᠭᠡᠳ ᠨᠢᠭᠡ᠎ᠪᠠᠷ ᠢᠯᠠᠨ ᠳᠠᠪᠠᠵᠤ᠂ ᠵᠥᠷᠢᠴᠡᠯ᠎ᠢ ᠨᠢᠭᠡᠳ ᠨᠢᠭᠡ᠎ᠪᠠᠷ ᠰᠢᠢ᠍ᠳᠪᠦᠷᠢᠯᠡᠵᠦ᠂ ᠵᠣᠷᠢᠭᠲᠠᠢ᠎ᠪᠠᠷ ᠠᠷᠭ᠎ᠠ ᠬᠡᠮᠵᠢᠶ᠎ᠡ ᠠᠪᠴᠤ᠂《ᠲᠦᠷᠭᠡᠨ ᠮᠥᠷᠲᠡᠭᠡᠨ ᠯᠠᠪᠳᠠᠭᠤᠨ》 ᠪᠠᠶ᠋ᠢᠬᠤ ᠵᠢ ᠪᠡᠶᠡᠯᠡᠭᠦᠯᠬᠦ ᠬᠡᠷᠡᠭᠲᠡᠶ ᠭᠡᠳᠡᠭ᠎ᠢ ᠦᠢ᠍ᠯᠡᠳᠦᠯᠭᠡ ᠭᠦᠨᠵᠡᠭᠡᠢ ᠭᠡᠷᠡᠴᠢᠯᠡᠪᠡ᠃
      《ᠰᠢᠨ ᠠᠨ ᠮᠥᠷᠡᠨ᠎ᠤ ᠤᠰᠤ᠎ᠨᠢ ᠦᠨᠡᠬᠡᠷ ᠲᠤᠩᠭ᠋ᠠᠯᠠᠭ》 ᠬᠡᠮᠡᠭᠳᠡᠭᠰᠡᠨ ᠵᠧᠵᠢᠶᠠᠩ ᠠᠨᠾᠦ᠋ᠢ ᠵᠢᠨ ᠦᠢ᠍ᠯᠡᠳᠦᠯᠭᠡ᠎ᠠᠴᠠ ᠨᠢᠭᠡ ᠭᠣᠣᠯ᠎ᠤᠨ 《ᠤᠯᠠᠭ᠋ᠠᠨ ᠤᠰᠤ》᠂ ᠬᠣᠶᠠᠷ ᠬᠥᠪᠡᠭᠡᠨ᠎ᠤ ᠬᠥᠬᠡᠮᠳᠦᠭ ᠠᠭᠤᠯᠠ᠂ ᠭᠤᠷᠪᠠᠨ ᠮᠤᠵᠢ ᠬᠠᠮᠲᠤᠪᠠᠷ ᠬᠠᠮᠠᠭ᠋ᠠᠯᠠᠭᠰᠠᠨ ᠶᠦᠨ ᠬᠦᠢ ᠴᠤᠸᠠᠨ᠎ᠤ ᠬᠠᠢ᠌ᠨ ᠰᠦᠪᠡᠭᠴᠢᠯᠡᠯᠲᠡ ᠬᠦᠷᠲᠡᠯ᠎ᠡ᠂ 《ᠬᠡᠰᠡᠭ ᠬᠤᠪᠢᠶᠠᠨ ᠤᠰᠤ ᠵᠠᠰᠠᠬᠤ》 ᠵᠢ 《ᠪᠦᠬᠦ ᠣᠷᠣᠨ ᠪᠦᠰᠡ᠎ᠪᠠᠷ ᠵᠶ᠋ᠡᠨ ᠤᠰᠤ ᠵᠠᠰᠠᠬᠤ》 ᠪᠣᠯᠭ᠋ᠠᠨ ᠬᠤᠪᠢᠷᠠᠭᠤᠯᠬᠤ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠭ᠎ᠠ ᠬᠦᠷᠲᠡᠯ᠎ᠡ ᠁ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ᠎ᠨᠢ ᠦᠢ᠍ᠯᠡᠳᠦᠯᠭᠡ ᠵᠢᠨ ᠳᠤᠮᠳᠠ ᠬᠦᠴᠦᠷᠬᠡᠭ ᠶᠡᠬᠡ 《ᠲᠣᠭ᠋ᠠᠨ᠎ᠤ ᠦᠷᠡᠵᠢᠭᠦᠯᠬᠦ ᠦᠢ᠍ᠯᠡᠳᠦᠯ》᠎ᠢ ᠪᠠᠳᠠᠷᠠᠭᠤᠯᠵᠤ᠂ ᠡᠯ᠎ᠡ ᠲᠠᠯ᠎ᠠ ᠵᠢᠨ᠎ᠬᠢᠨ᠎ᠤ ᠠᠮᠢ ᠠᠬᠤᠢ ᠵᠢᠨ ᠬᠠᠮᠠᠭ᠋ᠠᠯᠠᠯᠲᠠ᠎ᠳᠤ ᠣᠷᠣᠯᠴᠠᠬᠤ ᠢᠳᠡᠪᠬᠢ ᠴᠢᠨᠠᠷ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠪᠦᠲᠦᠮᠵᠢᠲᠡᠢ ᠲᠠᠢ᠍ᠢ᠍ᠴᠢᠯᠠᠵᠠᠢ᠃
      ᠰᠢᠨ᠎ᠡ ᠴᠠᠭ ᠦᠶ᠎ᠡ᠎ᠠᠴᠠ ᠨᠠᠭ᠋ᠠᠰᠢ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠮᠵᠢ ᠵᠢᠨ ᠥᠭᠡᠷᠡᠴᠢᠯᠡᠯᠲᠡ ᠪᠠᠴᠢᠮ ᠲᠤᠯᠭ᠋ᠠᠮ ᠶᠠᠪᠤᠭᠳᠠᠪᠠ —
      ᠤᠯᠤᠰ᠎ᠤᠨ ᠴᠡᠴᠡᠷᠯᠢᠭ ᠵᠶ᠋ᠡᠷ ᠭᠣᠣᠯ ᠴᠣᠭᠴᠠ ᠪᠣᠯᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠭᠠᠵᠠᠷ᠎ᠤᠨ ᠰᠢᠰᠲ᠋ᠧᠮ᠎ᠢ ᠪᠠᠢ᠌ᠭᠤᠯᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠤᠨ ᠳᠦᠷᠢᠮ᠎ᠢ ᠪᠦᠲᠦᠭᠡᠯᠴᠢ᠎ᠪᠠᠷ ᠳᠤᠷᠠᠳᠴᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠠᠷᠠᠯᠲᠠᠲᠤ ᠦᠨᠡᠯᠡᠯᠲᠡ ᠬᠢᠨᠠᠨ ᠰᠢᠯᠭ᠋ᠠᠯᠲᠠ ᠵᠢᠨ ᠳᠦᠷᠢᠮ᠎ᠢ ᠪᠦᠬᠦ ᠲᠠᠯ᠎ᠠ᠎ᠪᠠᠷ ᠬᠡᠷᠡᠭᠵᠢᠭᠦᠯᠵᠡᠢ ᠁ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠪᠠᠷ ᠤᠳᠤᠷᠢᠳᠤᠮᠵᠢ ᠪᠣᠯᠭ᠋ᠠᠵᠤ᠂ ᠮᠠᠨ᠎ᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠳᠦᠷᠢᠮ᠎ᠤᠨ ᠰᠢᠰᠲ᠋ᠧᠮ ᠲᠠᠰᠤᠷᠠᠯᠲᠠ ᠦᠭᠡᠢ ᠲᠡᠭᠦᠯᠳᠡᠷᠵᠢᠵᠦ᠂ 《ᠳᠦᠷᠢᠮ ᠵᠶ᠋ᠡᠷ ᠠᠮᠢ ᠠᠬᠤᠢ ᠣᠷᠴᠢᠨ ᠲᠣᠭᠣᠷᠢᠨ᠎ᠢ ᠬᠠᠮᠠᠭ᠋ᠠᠯᠠᠬᠤ》 ᠵᠢ ᠦᠨᠡᠨᠬᠦ ᠪᠡᠶᠡᠯᠡᠭᠦᠯᠪᠡ᠃
      ᠰᠢᠨ᠎ᠡ ᠵᠢ ᠡᠭᠦᠳᠴᠦ ᠴᠢᠳᠠᠪᠤᠷᠢ ᠣᠯᠭᠣᠵᠤ᠂ 《ᠨᠣᠭᠣᠭ᠋ᠠᠷᠠᠭᠤᠯᠤᠯᠲᠠ》᠎ᠠᠴᠠ ᠠᠰᠢᠭ ᠬᠦᠷᠲᠡᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠠᠯᠳᠠ ᠮᠥᠩᠭᠥᠨ ᠠᠭᠤᠯᠠ ᠪᠣᠯᠭ᠋ᠠᠨ ᠬᠤᠪᠢᠷᠠᠭᠤᠯᠬᠤ ᠵᠠᠮ ᠨᠡᠩ ᠥᠷᠭᠡᠨ ᠪᠣᠯᠪᠠ᠃
      ᠭᠠᠨᠰᠤ ᠵᠢᠨ ᠵᠠᠩ ᠶᠧ᠂ ᠴᠢ ᠯᠢᠶᠠᠨ ᠱᠠᠨ ᠠᠭᠤᠯᠠ ᠵᠢᠨ ᠠᠮᠢ ᠠᠬᠤᠢ ᠵᠢ ᠶᠡᠬᠡᠪᠡᠷ ᠬᠠᠮᠠᠭ᠋ᠠᠯᠠᠵᠤ᠂ ᠠᠮᠢ ᠠᠬᠤᠢ ᠵᠢᠨ ᠵᠢᠭᠤᠯᠴᠢᠯᠠᠯ᠂ ᠲᠠᠷᠢᠵᠤ ᠲᠡᠵᠢᠭᠡᠨ ᠦᠷᠡᠵᠢᠭᠦᠯᠬᠦ ᠵᠡᠷᠭᠡ ᠤᠯᠠᠨ ᠶᠠᠩᠵᠤᠴᠢᠯᠠᠭᠰᠠᠨ ᠡᠵᠡᠩᠨᠡᠯᠲᠡ ᠵᠢ ᠬᠥᠭᠵᠢᠭᠦᠯᠵᠦ᠂ 35.1 ᠲᠦᠮᠡᠨ ᠮᠦ᠍ ᠤᠢ ᠰᠢᠭᠤᠢ ᠵᠢᠨ ᠦᠢ᠍ᠯᠡᠰ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ ᠪᠠ 400 ᠲᠦᠮᠡᠨ ᠮᠦ᠍ ᠨᠤᠲᠤᠭ ᠪᠡᠯᠴᠢᠭᠡᠷ᠎ᠤᠨ ᠨᠠᠭᠦᠷᠡᠰᠦᠲᠦ᠋ᠷᠦᠭᠴᠢ ᠵᠢ ᠬᠤᠷᠠᠭᠤᠯᠬᠤ ᠠᠷᠠᠯᠵᠢᠶ᠎ᠠ ᠵᠢ ᠪᠡᠶᠡᠯᠡᠭᠦᠯᠵᠦ᠂ 7450 ᠲᠦᠮᠡᠨ ᠲᠥᠭᠥᠷᠢᠭ᠎ᠤᠨ ᠴᠡᠪᠡᠷ ᠠᠰᠢᠭ ᠣᠷᠣᠯᠭ᠎ᠠ ᠵᠢ ᠪᠡᠶᠡᠯᠡᠭᠦᠯᠪᠡ᠃
      ᠱᠠᠨᠳᠦ᠋ᠩ᠎ᠤᠨ ᠿᠢ ᠵᠤᠤ ᠪᠣᠯ ᠠᠮᠢ ᠠᠬᠤᠢ ᠣᠷᠴᠢᠨ ᠲᠣᠭᠣᠷᠢᠨ ᠵᠶ᠋ᠠᠷ ᠤᠳᠤᠷᠢᠳᠤᠮᠵᠢ ᠪᠣᠯᠭ᠋ᠠᠭᠰᠠᠨ ᠨᠡᠭᠡᠭᠡᠨ ᠬᠥᠭᠵᠢᠭᠦᠯᠬᠦ ᠵᠠᠭᠪᠤᠷ᠎ᠢ ᠬᠠᠢ᠌ᠨ ᠰᠦᠪᠡᠭᠴᠢᠯᠡᠵᠦ᠂ ᠿᠢ ᠵᠤᠤ ᠤᠰᠤᠨ ᠴᠥᠭᠥᠷᠥᠮ᠎ᠤᠨ ᠠᠮᠢ ᠠᠬᠤᠢ ᠣᠷᠴᠢᠨ ᠲᠣᠭᠣᠷᠢᠨ᠎ᠤ ᠵᠠᠰᠠᠯᠲᠠ ᠵᠢᠨ ᠳᠦᠷᠦᠯ ᠵᠦᠢ᠍ᠯ᠎ᠢ ᠬᠣᠯᠪᠣᠭᠳᠠᠬᠤ ᠠᠵᠤ ᠦᠢ᠍ᠯᠡᠰ᠎ᠲᠠᠢ 《ᠠᠭᠤᠰᠤᠯᠴᠠᠭᠤᠯᠵᠤ》 ᠨᠡᠭᠡᠭᠡᠨ ᠬᠥᠭᠵᠢᠭᠦᠯᠪᠡ — ᠠᠮᠢ ᠠᠬᠤᠢ ᠣᠷᠴᠢᠨ ᠲᠣᠭᠣᠷᠢᠨ᠎ᠤ ᠰᠠᠢ᠌ᠵᠢᠷᠠᠯᠲᠠ᠎ᠨᠢ ᠠᠮᠢ ᠠᠬᠤᠢ ᠵᠢᠨ ᠵᠢᠭ᠋ᠠᠰᠤᠨ ᠠᠵᠤ ᠠᠬᠤᠢ᠂ ᠠᠮᠢ ᠠᠬᠤᠢ ᠵᠢᠨ ᠲᠠᠷᠢᠶᠠᠯᠠᠩ᠂ ᠠᠮᠢ ᠠᠬᠤᠢ ᠵᠢᠨ ᠵᠢᠭᠤᠯᠴᠢᠯᠠᠯ ᠵᠡᠷᠭᠡ ᠵᠢᠨ ᠨᠡᠭᠡᠭᠡᠨ ᠬᠥᠭᠵᠢᠭᠦᠯᠬᠦ ᠶᠠᠰᠤ ᠴᠢᠨᠠᠷ ᠪᠣᠯᠣᠨ ᠦᠨ᠎ᠡ ᠥᠷᠲᠡᠭ᠎ᠢ ᠬᠦᠴᠦᠲᠡᠢ ᠳᠡᠭᠡᠭᠰᠢᠯᠡᠭᠦᠯᠵᠦ᠂ ᠠᠮᠢ ᠠᠬᠤᠢ ᠵᠢᠨ ᠠᠵᠤ ᠦᠢ᠍ᠯᠡᠰ᠎ᠤᠨ ᠪᠦᠲᠦᠭᠡᠨ ᠪᠠᠢ᠌ᠭᠤᠯᠤᠯᠲᠠ᠎ᠨᠢ ᠪᠠᠰᠠ ᠤᠰᠤᠨ ᠴᠥᠭᠥᠷᠥᠮ᠎ᠤᠨ ᠡᠷᠬᠢᠨ ᠲᠣᠭᠣᠷᠢᠨ᠎ᠤ ᠤᠯᠠᠨ ᠲᠦᠮᠡᠨ᠎ᠢ ᠲᠡᠳᠬᠦᠵᠦ᠂ ᠣᠷᠣᠯᠭ᠎ᠠ ᠵᠢᠨ ᠨᠡᠮᠡᠭᠳᠡᠯ᠎ᠢ ᠲᠠᠢ᠍ᠢ᠍ᠴᠢᠯᠠᠵᠠᠢ᠃
      ᠰᠧᠴᠤᠸᠠᠨ᠎ᠤ ᠯᠦ᠍ ᠵᠧᠦ᠎ᠳᠤ 《ᠨᠣᠭᠣᠭ᠋ᠠᠨ ᠨᠠᠬᠢᠶ᠎ᠠ᠎ᠪᠠᠷ ᠬᠤᠪᠢ ᠲᠡᠮᠳᠡᠭᠯᠡᠬᠦ》 ᠵᠢᠵᠢᠭ ᠹᠷᠦᠭᠷᠠᠮ᠎ᠢ ᠬᠡᠷᠡᠭᠵᠢᠭᠦᠯᠵᠦ᠂ ᠬᠤᠪᠢ ᠬᠥᠮᠥᠨ᠎ᠤ ᠨᠠᠭᠦᠷᠡᠰᠦᠲᠦ᠋ᠷᠦᠭᠴᠢ ᠵᠢᠨ ᠳᠠᠩᠰᠠ ᠵᠢ ᠪᠠᠢ᠌ᠭᠤᠯᠵᠤ᠂ ᠬᠤᠪᠢ ᠬᠥᠮᠥᠨ᠎ᠤ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠮᠵᠢᠶ᠎ᠡ ᠵᠢ ᠪᠠᠭ᠋ᠠᠰᠬᠠᠬᠤ ᠠᠵᠢᠯᠯᠠᠭ᠎ᠠ ᠵᠢ ᠬᠡᠮᠵᠢᠶᠡᠵᠢᠭᠦᠯᠵᠦ᠂ ᠬᠥᠮᠥᠨ ᠪᠦᠬᠦᠨ᠎ᠤ ᠨᠢᠳᠦᠨ᠎ᠳᠤ ᠦᠵᠡᠭᠳᠡᠳᠡᠭ 《ᠨᠠᠭᠦᠷᠡᠰᠦᠲᠦ᠋ᠷᠦᠭᠴᠢ ᠵᠢᠨ ᠲᠦᠷᠡᠢ᠌ᠪᠴᠢ》᠂ ᠨᠠᠭᠦᠷᠡᠰᠦᠲᠦ᠋ᠷᠦᠭᠴᠢ ᠵᠢᠨ ᠡᠳ᠋ ᠬᠥᠷᠥᠩᠭᠡ ᠪᠣᠯᠭ᠋ᠠᠨ ᠬᠤᠪᠢᠷᠠᠭᠤᠯᠵᠠᠢ᠃ ᠪᠡᠭᠡᠵᠢᠩ᠎ᠤᠨ 《ᠪᠣᠬᠢᠷᠲᠤᠯ ᠦᠭᠡᠢ ᠠᠮᠢᠳᠤᠷᠠᠯ᠎ᠤᠨ ᠤᠯᠠᠷᠢᠯ》᠂ ᠬᠠᠷᠠᠮᠥ᠋ᠷᠡᠨ᠎ᠤ ᠬᠠᠷᠪᠢᠨ᠎ᠤ 《ᠨᠠᠭᠦᠷᠡᠰᠦᠲᠦ᠋ᠷᠦᠭᠴᠢ᠎ᠳᠤ ᠠᠰᠢᠭ ᠬᠦᠷᠲᠡᠭᠡᠬᠦ ᠮᠥᠰᠥᠨ ᠬᠣᠲᠠ》᠂ ᠭᠤᠸᠠᠩᠳᠦ᠋ᠩ᠎ᠤᠨ ᠱᠧᠨᠵᠧᠨ᠎ᠤ 《ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠣᠳᠣᠨ ᠪᠥᠮᠪᠥᠷᠴᠡᠭ》 ᠵᠡᠷᠭᠡ ᠵᠢᠵᠢᠭ ᠫᠷᠣᠭ᠌ᠷᠠᠮ᠎ᠤᠳ᠎ᠨᠢ ᠠᠷᠠᠳ᠎ᠲᠤ ᠲᠥᠬᠥᠮ ᠦᠵᠡᠭᠦᠯᠬᠦ ᠠᠯᠢ ᠤᠯᠠᠨ ᠦᠢ᠍ᠯᠡᠴᠢᠯᠡᠭᠡ ᠪᠠ ᠨᠠᠢ᠌ᠳᠠ ᠵᠢᠨ ᠠᠰᠠᠷᠠᠮᠵᠢ ᠵᠢᠨ ᠠᠵᠢᠯᠯᠠᠭ᠎ᠠ ᠵᠢ ᠨᠡᠭᠡᠭᠡᠨ ᠬᠥᠭᠵᠢᠭᠦᠯᠵᠦ᠂ ᠰᠠᠭᠤᠭ᠋ᠠᠯᠢ ᠠᠷᠠᠳ᠎ᠢ ᠳᠠᠶ᠋ᠢᠴᠢᠯᠠᠨ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ᠎ᠳᠤ ᠣᠷᠣᠯᠴᠠᠭᠤᠯᠬᠤ ᠲᠤᠯᠬᠤ ᠴᠡᠭ ᠪᠣᠯᠤᠭᠰᠠᠨ ᠪᠠᠢ᠌ᠨ᠎ᠠ᠃
      ᠶᠡᠷᠦᠩᠬᠡᠢ ᠱᠦᠵᠢ ᠰᠢ ᠵᠢᠨ ᠫᠢᠩ ᠵᠢᠭ᠋ᠠᠵᠤ ᠭᠠᠷᠭ᠋ᠠᠭᠰᠠᠨ᠎ᠨᠢ᠄ 《ᠳᠥᠭᠥᠮ ᠪᠥᠭᠡᠳ ᠲᠣᠬᠢᠷᠠᠮᠵᠢᠲᠠᠢ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ᠂ ᠪᠣᠯᠪᠠᠰᠤᠨ ᠡᠷᠡᠭᠦᠯ ᠠᠮᠢᠳᠤᠷᠠᠯ᠎ᠤᠨ ᠠᠷᠭ᠎ᠠ ᠮᠠᠶᠢᠭ᠎ᠢ ᠰᠠᠨᠠᠭ᠋ᠠᠴᠢᠯᠠᠵᠤ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠬᠡᠷᠡᠭᠯᠡᠭᠡ ᠵᠢ ᠬᠥᠲᠥᠯᠥᠨ ᠵᠢᠯᠤᠭᠣᠳᠴᠤ᠂ ᠪᠣᠬᠢᠷᠲᠤᠯ ᠦᠭᠡᠢ ᠶᠠᠪᠤᠵᠤ ᠰᠠᠭᠤᠬᠤ ᠵᠢ ᠵᠣᠷᠢᠭᠵᠢᠭᠤᠯᠤᠨ᠂ ᠪᠣᠬᠢᠷᠲᠤᠯ ᠦᠭᠡᠢ ᠨᠠᠭᠦᠷᠡᠰᠦᠲᠦ᠋ᠷᠦᠭᠴᠢ ᠪᠠᠭ᠎ᠠ ᠭᠠᠳᠠᠭᠰᠢᠯᠠᠭᠤᠯᠬᠤ ᠨᠡᠢ᠌ᠭᠡᠮ᠎ᠤᠨ ᠠᠵᠢᠯᠯᠠᠭ᠋ᠠᠨ᠎ᠤ ᠵᠢᠱ᠌ᠢᠶ᠎ᠡ ᠦᠵᠡᠭᠦᠯᠬᠦ ᠡᠭᠦᠳᠦᠨ ᠪᠠᠢ᠌ᠭᠤᠯᠤᠯᠲᠠ ᠵᠢ ᠥᠷᠨᠢᠭᠦᠯᠵᠦ᠂ ᠪᠥᠬᠥ ᠠᠷᠠᠳ᠎ᠤᠨ ᠠᠷᠪᠢᠯᠠᠨ ᠭᠠᠮᠨᠠᠬᠤ ᠤᠬᠠᠮᠰᠠᠷ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠤᠬᠠᠮᠰᠠᠷ᠎ᠢ ᠴᠢᠩᠭ᠋ᠠᠳᠬᠠᠬᠤ ᠬᠡᠷᠡᠭᠲᠡᠶ》 ᠭᠡᠵᠡᠢ᠃ ᠨᠠᠭᠦᠷᠡᠰᠦᠲᠦ᠋ᠷᠦᠭᠴᠢ ᠵᠢᠨ ᠲᠠᠩᠰᠠ ᠵᠢ ᠪᠠᠭᠲᠠᠭ᠋ᠠᠭᠰᠠᠨ ᠰᠢᠨ᠎ᠡ ᠵᠢ ᠡᠭᠦᠳᠬᠦ ᠲᠣᠭᠲᠠᠴᠠ ᠪᠣᠯᠣᠨ ᠦᠢ᠍ᠯᠡᠳᠦᠯᠭᠡ ᠵᠢ ᠰᠠᠶ᠋ᠢᠲᠤᠷ ᠬᠡᠷᠡᠭᠯᠡᠬᠦ᠎ᠨᠢ ᠪᠦᠬᠦ ᠨᠡᠢ᠌ᠭᠡᠮ᠎ᠤᠨ ᠡᠨᠧᠷᠭᠢ ᠠᠷᠪᠢᠯᠠᠵᠤ ᠨᠠᠭᠦᠷᠡᠰᠦᠲᠦ᠋ᠷᠦᠭᠴᠢ ᠵᠢ ᠪᠠᠭ᠋ᠠᠰᠬᠠᠬᠤ 《ᠨᠠᠢ᠌ᠷᠠᠯ ᠬᠥᠭᠵᠢᠮ》᠎ᠢ ᠴᠢᠪᠬᠠᠳᠠᠭᠰᠠᠨ ᠪᠠᠢ᠌ᠨ᠎ᠠ᠃
      ᠨᠠᠭᠦᠷᠡᠰᠦᠲᠦ᠋ᠷᠦᠭᠴᠢ ᠭᠠᠳᠠᠭᠰᠢᠯᠠᠭᠤᠯᠬᠤ ᠡᠷᠬᠡ᠂ ᠡᠨᠧᠷᠭᠢ ᠬᠡᠷᠡᠭᠯᠡᠬᠦ ᠡᠷᠬᠡ᠂ ᠤᠰᠤ ᠬᠡᠷᠡᠭᠯᠡᠬᠦ ᠡᠷᠬᠡ᠂ ᠪᠣᠬᠢᠷᠲᠤᠯ ᠪᠣᠳᠠᠰ ᠭᠠᠳᠠᠭᠰᠢᠯᠠᠭᠤᠯᠬᠤ ᠡᠷᠬᠡ ᠵᠡᠷᠭᠡ ᠡᠬᠢ ᠪᠠᠶᠠᠯᠢᠭ ᠣᠷᠴᠢᠨ ᠲᠣᠭᠣᠷᠢᠨ᠎ᠤ ᠡᠯᠧᠮᠧᠨ᠋ᠲ᠎ᠢ ᠨᠢᠭᠡ ᠴᠣᠭᠴᠠᠵᠢᠭᠤᠯᠤᠨ ᠡᠯᠧᠮᠧᠨ᠋ᠲ᠎ᠢ ᠵᠠᠬ᠎ᠠ ᠳᠡᠯᠭᠡᠭᠦᠷᠴᠢᠯᠡᠨ ᠲᠣᠬᠢᠷᠠᠭᠤᠯᠬᠤ ᠥᠭᠡᠷᠡᠴᠢᠯᠡᠯᠲᠡ ᠵᠢᠨ ᠶᠡᠷᠦᠩᠬᠡᠢ ᠬᠡᠪᠴᠢᠶᠡᠨ᠎ᠳᠤ ᠣᠷᠣᠭᠤᠯᠬᠤ᠎ᠠᠴᠠ ᠨᠠᠭᠦᠷᠡᠰᠦᠲᠦ᠋ᠷᠦᠭᠴᠢ ᠵᠢᠨ ᠣᠷᠭᠢᠯ᠎ᠳᠤ ᠬᠦᠷᠬᠦ᠂ ᠨᠠᠭᠦᠷᠡᠰᠦᠲᠦ᠋ᠷᠦᠭᠴᠢ ᠵᠢᠨ ᠰᠠᠭ᠋ᠠᠷᠮᠠᠭᠵᠢᠯ ᠪᠠ 《1+N》 ᠲᠥᠷᠥ ᠵᠢᠨ ᠪᠣᠳᠣᠯᠭ᠎ᠠ ᠵᠢᠨ ᠰᠢᠰᠲ᠋ᠧᠮ᠎ᠢ ᠲᠦᠷᠭᠡᠨ ᠪᠠᠢ᠌ᠭᠤᠯᠬᠤ ᠬᠦᠷᠲᠡᠯ᠎ᠡ; ᠪᠣᠬᠢᠷᠲᠤᠯ ᠦᠭᠡᠢ ᠢᠲᠡᠭᠡᠮᠵᠢᠲᠦ ᠵᠢᠭᠡᠯᠡᠯᠭᠡ᠂ ᠪᠣᠬᠢᠷᠲᠤᠯ ᠦᠭᠡᠢ ᠳᠠᠭ᠋ᠠᠳᠬᠠᠯ᠂ ᠪᠣᠬᠢᠷᠲᠤᠯ ᠦᠭᠡᠢ ᠵᠢᠭᠡᠯᠡᠯᠭᠡ ᠵᠢᠨ ᠲᠡᠮᠳᠡᠭᠲᠦ ᠵᠡᠷᠭᠡ ᠦᠢ᠍ᠯᠡᠳᠬᠦᠨ᠎ᠤ ᠰᠢᠨ᠎ᠡ ᠵᠢ ᠡᠭᠦᠳᠬᠦ ᠵᠢ ᠴᠢᠩᠭ᠋ᠠᠳᠬᠠᠬᠤ᠎ᠠᠴᠠ ᠡᠨᠧᠷᠭᠢ ᠵᠢᠨ ᠬᠣᠷᠣᠭᠳᠠᠭᠤᠯᠤᠯ ᠶᠡᠬᠡᠲᠡᠢ ᠠᠵᠢᠯ ᠳᠦᠷᠦᠯ᠎ᠤᠨ ᠱᠠᠲᠤᠯᠢᠭ ᠴᠠᠬᠢᠯᠭ᠋ᠠᠨ᠎ᠤ ᠦᠨ᠎ᠡ ᠵᠢᠨ ᠳᠦᠷᠢᠮ᠎ᠢ ᠲᠡᠭᠦᠯᠳᠡᠷᠵᠢᠭᠦᠯᠬᠦ ᠬᠦᠷᠲᠡᠯ᠎ᠡ ᠁ ᠥᠨᠥᠳᠥᠷ᠎ᠤᠨ ᠳᠤᠮᠳᠠᠳᠤ ᠵᠢᠨ ᠡᠬᠡ ᠭᠠᠵᠠᠷ᠎ᠲᠤ᠂ ᠠᠯᠢ ᠤᠯᠠᠨ ᠰᠢᠨ᠎ᠡ ᠵᠢ ᠡᠭᠦᠳᠬᠦ ᠠᠷᠭ᠎ᠠ ᠬᠡᠮᠵᠢᠶ᠎ᠡ᠎ᠨᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠵᠠᠢ᠃
      ᠭᠠᠭᠴᠠᠬᠦ ᠥᠭᠡᠷᠡᠴᠢᠯᠡᠯᠲᠡ ᠬᠢᠭᠰᠡᠳ ᠤᠷᠤᠭᠰᠢᠯᠠᠵᠤ᠂ ᠭᠠᠭᠴᠠᠬᠦ ᠰᠢᠨ᠎ᠡ ᠵᠢ ᠡᠭᠦᠳᠦᠭᠴᠢᠳ ᠬᠦᠴᠦᠷᠬᠡᠭᠵᠢᠵᠦ᠂ ᠭᠠᠭᠴᠠᠬᠦ ᠥᠭᠡᠷᠡᠴᠢᠯᠡᠯᠲᠡ ᠬᠢᠵᠦ ᠰᠢᠨ᠎ᠡ ᠵᠢ ᠡᠭᠦᠳᠦᠭᠴᠢᠳ ᠢᠯᠠᠨ᠎ᠠ᠃
      (ᠭᠤᠷᠪᠠ)
      ᠬᠠᠤᠯᠢ ᠵᠢ ᠰᠢᠲᠦᠭᠴᠢᠳ ᠬᠦᠴᠦᠷᠬᠡᠭ ᠪᠣᠯᠪᠠᠰᠤ ᠤᠯᠤᠰ ᠬᠦᠴᠦᠷᠬᠡᠭᠵᠢᠵᠦ᠂ ᠬᠠᠤᠯᠢ ᠵᠢ ᠰᠢᠲᠦᠭᠴᠢᠳ ᠪᠠᠭᠤᠷᠠᠢ ᠪᠣᠯᠪᠠᠰᠤ ᠤᠯᠤᠰ ᠪᠠᠭᠤᠷᠠᠢ ᠪᠣᠯᠣᠮᠤᠢ᠃ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠪᠠᠷᠢᠮᠲᠠᠯᠠᠵᠤ᠂ ᠬᠠᠤᠯᠢᠵᠢᠯ᠎ᠤᠨ ᠵᠠᠮ ᠵᠶ᠋ᠠᠷ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠵᠤ᠂ ᠥᠭᠡᠷᠡᠴᠢᠯᠡᠯᠲᠡ ᠪᠣᠯᠣᠨ ᠬᠠᠤᠯᠢᠵᠢᠯ᠎ᠢ ᠬᠠᠷᠢᠯᠴᠠᠨ ᠨᠢᠭᠡᠳᠦᠭᠦᠯᠵᠦ᠂ ᠴᠢᠬᠤᠯᠠ ᠶᠡᠬᠡ ᠥᠭᠡᠷᠡᠴᠢᠯᠡᠯᠲᠡ ᠵᠢ ᠬᠠᠤᠯᠢ ᠵᠢᠨ ᠦᠨᠳᠦᠰᠦᠯᠡᠯ᠎ᠲᠠᠢ ᠪᠣᠯᠭ᠋ᠠᠵᠤ᠂ ᠥᠭᠡᠷᠡᠴᠢᠯᠡᠯᠲᠡ ᠵᠢᠨ ᠦᠷ᠎ᠡ ᠪᠦᠲᠦᠭᠡᠯ᠎ᠢ ᠴᠠᠭ ᠲᠤᠬᠠᠢ᠎ᠳᠤᠨᠢ ᠬᠠᠤᠯᠢ ᠴᠠᠭ᠋ᠠᠵᠠ ᠵᠢᠨ ᠳᠦᠷᠢᠮ ᠪᠣᠯᠭ᠋ᠠᠨ ᠳᠡᠭᠡᠭᠰᠢᠯᠡᠭᠦᠯᠬᠦ ᠪᠣᠯ ᠰᠢᠨ᠎ᠡ ᠴᠠᠭ ᠦᠶ᠎ᠡ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠡᠷᠬᠢᠮ ᠨᠠᠨᠳᠢᠨ ᠲᠤᠷᠰᠢᠯᠭ᠎ᠠ ᠪᠣᠯᠣᠨ᠎ᠠ᠃
      ᠭᠠᠭᠴᠠ ᠬᠦ᠌ ᠬᠠᠮᠤᠭ᠎ᠤᠨ ᠨᠢᠭᠲᠠ ᠴᠢᠩᠭ᠎ᠠ ᠬᠠᠤᠯᠢ᠎ᠪᠠᠷ ᠵᠠᠰᠠᠬᠤ ᠵᠢ ᠬᠡᠷᠡᠭᠵᠢᠭᠦᠯᠪᠡᠯ ᠰᠠᠶᠢ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠨᠠᠢ᠌ᠳᠠᠪᠤᠷᠢᠲᠠᠢ ᠪᠠᠲᠤᠯᠠᠭ᠎ᠠ ᠬᠠᠩᠭ᠋ᠠᠵᠤ ᠴᠢᠳᠠᠨ᠎ᠠ ᠭᠡᠳᠡᠭ᠎ᠢ ᠦᠢ᠍ᠯᠡᠳᠦᠯᠭᠡ ᠪᠢᠳᠡᠨ᠎ᠳᠤ ᠬᠡᠯᠡᠵᠦ ᠥᠭᠭᠦᠭᠰᠡᠨ ᠶᠤᠮ᠃
      ᠡᠨᠡ ᠵᠢᠯ᠎ᠤᠨ 6 ᠰᠠᠷ᠎ᠠ ᠵᠢᠨ 1᠎ᠤ ᠡᠳᠦᠷ᠎ᠠᠴᠠ ᠡᠬᠢᠯᠡᠨ᠂ 《ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠳᠦᠷᠢᠮ》᠎ᠢ ᠬᠡᠷᠡᠭᠵᠢᠭᠦᠯᠪᠡ᠃ ᠡᠨᠡ ᠪᠣᠯ ᠮᠠᠨ᠎ᠤ ᠤᠯᠤᠰ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠬᠦᠷᠢᠶᠡᠨ᠎ᠳᠠᠬᠢ ᠠᠩᠬᠠᠳᠠᠭᠴᠢ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ᠎ᠠ᠂ ᠡᠨᠡ᠎ᠨᠢ ᠮᠠᠨ᠎ᠤ ᠤᠯᠤᠰ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠨᠥᠬᠥᠪᠦᠷᠢ ᠵᠢᠨ ᠬᠠᠤᠯᠢᠵᠢᠯ᠎ᠤᠨ ᠰᠢᠨ᠎ᠡ ᠬᠠᠭᠤᠳᠠᠰᠤ ᠵᠢ ᠪᠢᠴᠢᠭᠯᠡᠭᠰᠡᠨ᠎ᠢ ᠬᠠᠷᠠᠭᠤᠯᠵᠤ ᠪᠠᠢ᠌ᠨ᠎ᠠ᠃
ᠭᠤᠷᠪᠠᠨ ᠮᠥᠷᠡᠨ᠎ᠤ ᠡᠬᠢ᠎ᠪᠠᠷ᠂ ᠮᠢᠩᠭ᠋ᠠᠨ ᠨᠠᠭᠤᠷ᠎ᠤᠨ ᠭᠤᠶᠤ ᠦᠵᠡᠮᠵᠢ ᠵᠢ ᠲᠠᠬᠢᠨ ᠢᠯᠡᠷᠡᠭᠦᠯᠵᠦ᠂ ᠲᠥᠪᠡᠳ ᠪᠥᠬᠥᠩ᠎ᠤᠨ ᠰᠦᠷᠦᠭ᠎ᠤᠨ ᠲᠣᠭ᠎ᠠ ᠳᠡᠭᠡᠷ᠎ᠡ ᠵᠠᠭᠤᠨ᠎ᠤ ᠨᠠᠶᠠᠭ᠋ᠠᠳ ᠣᠨ᠎ᠤ ᠰᠡᠭᠦᠯᠴᠢ ᠵᠢᠨ 2 ᠲᠦᠮᠡ ᠬᠦᠷᠬᠦ ᠦᠭᠡᠢ ᠪᠠᠢ᠌ᠭᠰᠠᠨ᠎ᠠᠴᠠ᠎ᠪᠠᠨ ᠨᠡᠮᠡᠭᠳᠡᠭᠡᠳ 7 ᠲᠦᠮᠡ ᠭᠠᠷᠤᠢ ᠪᠣᠯᠵᠠᠢ ᠁ ᠬᠥᠬᠡᠨᠠᠭᠤᠷ ᠲᠥᠪᠡᠳ᠎ᠤᠨ ᠥᠨᠳᠥᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠵᠢᠨ ᠬᠠᠤᠯᠢ ᠵᠢ ᠬᠡᠷᠡᠭᠵᠢᠭᠦᠯᠦᠭᠰᠡᠨ᠎ᠨᠢ ᠥᠨᠳᠥᠷᠯᠢᠭ᠎ᠤᠨ ᠠᠮᠢ ᠠᠬᠤᠢ ᠵᠢᠨ ᠡᠪᠡᠰᠦ ᠮᠣᠳᠣ᠂ ᠠᠭᠤᠯᠠ ᠤᠰᠤ ᠭᠣᠣᠯ ᠮᠥᠷᠡᠨ᠎ᠤ 《ᠬᠠᠮᠠᠭ᠋ᠠᠯᠠᠯᠲᠠ ᠵᠢᠨ ᠰᠠᠬᠢᠭᠤᠯᠰᠤᠨ》 ᠪᠣᠯᠤᠭᠰᠠᠨ ᠪᠠᠢ᠌ᠨ᠎ᠠ᠃
      ᠶᠢᠰᠦᠨ ᠨᠤᠭᠤᠯᠤᠭ᠋ᠠᠰᠤᠲᠠᠢ ᠬᠠᠳᠤᠨ ᠭᠣᠣᠯ ᠰᠦᠷ ᠳᠠᠯᠠᠢ᠌ᠴᠠᠲᠠᠢ ᠳᠣᠯᠭᠢᠶᠠᠯᠠᠨ ᠤᠷᠤᠰᠴᠤ᠂ ᠬᠠᠳᠤᠨ ᠭᠣᠣᠯ᠎ᠢ ᠬᠠᠮᠠᠭ᠋ᠠᠯᠠᠬᠤ ᠬᠠᠤᠯᠢ᠎ᠨᠢ 《ᠶᠢᠰᠦᠨ ᠯᠣᠣ ᠤᠰᠤ ᠵᠢ ᠵᠠᠰᠠᠬᠤ》 ᠡᠪᠡᠳᠴᠢᠨ᠎ᠤ ᠭᠣᠯᠣᠮᠲᠠ ᠵᠢ ᠰᠢᠭᠤᠳ ᠵᠢᠭ᠋ᠠᠵᠤ᠂ ᠰᠠᠪᠠ ᠭᠠᠵᠠᠷ᠎ᠤᠨ ᠨᠢᠭᠡ ᠬᠥᠯᠭᠡ ᠰᠢᠲᠠᠷ᠎ᠠ ᠵᠢᠨ ᠤᠬᠠᠮᠰᠠᠷ᠎ᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ《ᠬᠠᠳᠤᠨ ᠭᠣᠣᠯ᠎ᠤᠨ ᠶᠡᠬᠡ ᠨᠠᠢ᠌ᠷᠠᠯ ᠳᠠᠭᠤᠤ》 ᠵᠢ ᠴᠤᠤᠷᠢᠶᠠᠲᠤᠭᠤᠯᠬᠤ᠎ᠳᠤ ᠬᠦᠴᠦ ᠨᠡᠮᠡᠷᠢᠯᠡᠪᠡ᠃
      ᠬᠠᠤᠯᠢᠵᠢᠯ᠎ᠤᠨ ᠬᠦᠴᠦᠨ ᠵᠶ᠋ᠡᠷ ᠠᠮᠢ ᠠᠬᠤᠢ ᠵᠢᠨ ᠭᠤᠸ᠎ᠠ ᠰᠠᠢ᠌ᠬᠠᠨ᠎ᠢ ᠬᠠᠮᠠᠭ᠋ᠠᠯᠠᠵᠤ᠂ ᠰᠢᠨ᠎ᠡ ᠴᠠᠭ ᠦᠶ᠎ᠡ᠎ᠠᠴᠠ ᠨᠠᠭ᠋ᠠᠰᠢ᠂ ᠪᠢᠳᠡ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠤ ᠬᠠᠤᠯᠢ ᠲᠣᠭᠲᠠᠭ᠋ᠠᠯᠲᠠ ᠵᠢ ᠦᠷᠭᠦᠯᠵᠢᠯᠡᠨ ᠴᠢᠩᠭ᠋ᠠᠳᠬᠠᠪᠠ᠃ 《ᠠᠮᠢ ᠠᠬᠤᠢ ᠵᠢᠨ ᠪᠣᠯᠪᠠᠰᠤᠨ》᠎ᠢ ᠦᠨᠳᠦᠰᠦᠨ ᠬᠠᠤᠯᠢ᠎ᠳᠤ ᠪᠢᠴᠢᠵᠦ ᠣᠷᠣᠭᠤᠯᠤᠭᠰᠠᠨ᠎ᠠᠴᠠ 《ᠲᠡᠦᠬᠡᠨ ᠳᠡᠭᠡᠷᠡᠬᠢ ᠬᠠᠮᠤᠭ᠎ᠤᠨ ᠴᠢᠩᠭ᠎ᠠ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ》 ᠵᠢ ᠬᠡᠷᠡᠭᠵᠢᠭᠦᠯᠦᠭᠰᠡᠨ ᠬᠦᠷᠲᠡᠯ᠎ᠡ᠂ ᠲᠠᠬᠢᠭ᠋ᠠᠳ 20 ᠭᠠᠷᠤᠢ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠢᠶ᠎ᠠ ᠪᠦᠬᠦᠢ ᠬᠠᠤᠯᠢ ᠴᠠᠭ᠋ᠠᠵᠠ ᠵᠢ ᠲᠣᠭᠲᠠᠭ᠋ᠠᠵᠤ ᠵᠠᠰᠠᠪᠤᠷᠢ ᠣᠷᠣᠭᠤᠯᠤᠭᠰᠠᠨ ᠬᠦᠷᠲᠡᠯ᠎ᠡ ᠁ ᠣᠳᠣᠬᠠᠨ᠎ᠳᠤ᠂ ᠮᠠᠨ᠎ᠤ ᠤᠯᠤᠰ᠎ᠲᠤ ᠨᠢᠭᠡᠨᠲᠡ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ 30 ᠭᠠᠷᠤᠢ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ 100 ᠭᠠᠷᠤᠢ᠂ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ 1000 ᠭᠠᠷᠤᠢ᠂ ᠪᠦᠬᠦ ᠲᠠᠯ᠎ᠠ ᠵᠢ ᠪᠦᠷᠬᠦᠭᠰᠡᠨ᠂ ᠪᠣᠳᠠᠲᠠᠢ ᠵᠢ ᠡᠷᠬᠢᠮᠯᠡᠭᠰᠡᠨ ᠲᠤᠰᠠᠲᠠᠢ᠂ ᠴᠢᠩᠭ᠎ᠠ ᠬᠠᠲᠠᠭᠤ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠤᠯᠢ ᠴᠠᠭ᠋ᠠᠵᠠ ᠵᠢᠨ ᠰᠢᠰᠲ᠋ᠧᠮ᠎ᠢ ᠠᠩᠬ᠎ᠠ ᠠᠯᠬᠤᠮ ᠪᠦᠷᠢᠯᠳᠦᠭᠦᠯᠵᠡᠢ᠃
      ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠰᠢᠰᠲ᠋ᠧᠮ᠎ᠤᠨ ᠨᠢᠭᠡᠨ ᠢᠯᠡ ᠲᠣᠳᠣ ᠣᠨᠴᠠᠯᠢᠭ ᠪᠠ ᠲᠣᠪᠣᠢ᠌ᠮ᠎ᠠ ᠳᠠᠪᠠᠭᠤᠯᠢᠭ ᠪᠣᠯ ᠳᠠᠷᠤᠢ ᠬᠠᠤᠯᠢ ᠶᠣᠰᠣᠭ᠋ᠠᠷ ᠤᠯᠤᠰ ᠵᠶ᠋ᠠᠨ ᠵᠠᠰᠠᠬᠤ ᠪᠠ ᠲᠣᠭᠲᠠᠭ᠋ᠠᠯ ᠶᠣᠰᠣᠭ᠋ᠠᠷ ᠨᠠᠮ ᠵᠶ᠋ᠠᠨ ᠵᠠᠰᠠᠬᠤ ᠵᠢ ᠵᠣᠯᠭ᠋ᠠᠭᠤᠯᠬᠤ ᠵᠢ ᠪᠠᠷᠢᠮᠲᠠᠯᠠᠵᠤ᠂ ᠤᠯᠤᠰ᠎ᠤᠨ ᠬᠠᠤᠯᠢ᠎ᠪᠠᠷ ᠵᠠᠰᠠᠬᠤ ᠰᠢᠰᠲ᠋ᠧᠮ ᠪᠠ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠰᠢᠰᠲ᠋ᠧᠮ᠎ᠢ ᠨᠢᠭᠡ ᠴᠣᠭᠴᠠᠵᠢᠭᠤᠯᠤᠨ ᠪᠠᠢ᠌ᠭᠤᠯᠬᠤ ᠶᠠᠪᠤᠳᠠᠯ ᠪᠣᠯᠣᠨ᠎ᠠ᠃
      ᠬᠥᠬᠡᠮᠥ᠋ᠷᠡᠨ᠎ᠤ ᠡᠷᠭᠢ ᠵᠢᠨ ᠱᠤᠭᠤᠮ᠎ᠢ ᠬᠠᠮᠠᠭ᠋ᠠᠯᠠᠬᠤ᠂ ᠳ᠋ᠦᠩ ᠲᠢᠩ ᠬᠸ ᠨᠠᠭᠤᠷ᠎ᠤᠨ ᠬᠠᠤᠯᠢ ᠪᠤᠰᠤ᠎ᠪᠠᠷ ᠪᠣᠭᠣᠨᠢ ᠳᠠᠯᠠᠩ ᠪᠣᠰᠬᠠᠭᠰᠠᠨ᠎ᠢ ᠴᠡᠭᠴᠡᠯᠡᠨ ᠵᠠᠰᠠᠬᠤ᠂ ᠴᠢ ᠯᠢᠶᠠᠨ ᠱᠠᠨ ᠠᠭᠤᠯᠠ ᠵᠢᠨ ᠠᠮᠢ ᠠᠬᠤᠢ ᠵᠢ ᠵᠠᠰᠠᠨ ᠰᠡᠷᠭᠦᠭᠡᠬᠦ᠂ ᠴᠢᠨᠯᠢᠩ ᠳᠠᠪᠠᠭ᠎ᠠ ᠵᠢᠨ ᠲᠣᠭᠲᠠᠭ᠋ᠠᠯ᠎ᠠᠴᠠ ᠵᠥᠷᠢᠴᠡᠨ ᠪᠠᠷᠢᠭᠰᠠᠨ ᠵᠤᠰᠠᠯᠠᠩ᠎ᠢ ᠴᠡᠭᠴᠡᠯᠡᠨ ᠵᠠᠰᠠᠬᠤ ᠁ 2015 ᠣᠨ᠎ᠳᠤ ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢ ᠪᠠᠢ᠌ᠭᠤᠯᠵᠤ ᠬᠡᠷᠡᠭᠵᠢᠭᠦᠯᠦᠭᠰᠡᠨ᠎ᠠᠴᠠ ᠨᠠᠭ᠋ᠠᠰᠢ᠂ 《ᠵᠣᠷᠢᠭᠲᠠᠢ᠎ᠪᠠᠷ ᠦᠨᠡᠨ ᠪᠣᠳᠠᠲᠠᠢ ᠠᠵᠢᠯᠯᠠᠵᠤ᠂ ᠬᠥᠮᠥᠨ᠎ᠲᠠᠢ ᠮᠠᠭᠤᠳᠠᠯᠴᠠᠬᠤ᠎ᠠᠴᠠ ᠠᠶᠤᠬᠤ ᠦᠭᠡᠢ᠂ ᠠᠰᠠᠭᠤᠳᠠᠯ᠎ᠢ ᠴᠢᠩᠭ᠎ᠠ ᠠᠳᠬᠤᠨ ᠰᠤᠯᠠᠷᠠᠭᠤᠯᠤᠯ ᠦᠭᠡᠢ》᠎ᠪᠠᠷ ᠠᠵᠢᠯᠯᠠᠵᠤ᠂ ᠡᠯ᠎ᠡ ᠱᠠᠲᠤᠨ᠎ᠤ ᠨᠠᠮ ᠵᠠᠰᠠᠭ᠎ᠤᠨ ᠤᠳᠤᠷᠢᠳᠤᠯᠭ᠎ᠠ ᠵᠢᠨ ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠢ᠌ᠬᠤ ᠵᠢ ᠪᠠᠷᠢᠮᠲᠠᠯᠠᠬᠤ ᠵᠢ ᠬᠦᠴᠦᠲᠡᠢ ᠠᠬᠢᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠤᠯᠤᠰ ᠲᠥᠷᠥ ᠵᠢᠨ ᠬᠠᠷᠢᠭᠤᠴᠠᠯᠭ᠎ᠠ ᠵᠢ ᠡᠭᠦᠷᠭᠡᠯᠡᠵᠦ᠂ ᠤᠷᠳᠤ ᠬᠤᠭᠤᠴᠠᠭ᠎ᠠ᠎ᠪᠠᠷ ᠰᠢᠢ᠍ᠳᠪᠦᠷᠢᠯᠡᠶ᠎ᠡ ᠭᠡᠵᠦ ᠪᠤᠳᠤᠬᠰᠠᠨ ᠪᠣᠯᠪᠠᠴᠤ ᠰᠢᠢ᠍ᠳᠪᠦᠷᠢᠯᠡᠵᠦ ᠳᠡᠢ᠌ᠯᠦᠭᠰᠡᠨ ᠦᠭᠡᠢ ᠨᠢᠭᠡ ᠪᠦᠯᠦᠭ ᠲᠣᠪᠣᠢ᠌ᠮ᠎ᠠ ᠠᠮᠢ ᠠᠬᠤᠢ ᠵᠢᠨ ᠣᠷᠴᠢᠨ ᠲᠣᠭᠣᠷᠢᠨ᠎ᠤ ᠠᠰᠠᠭᠤᠳᠠᠯ᠎ᠢ ᠰᠢᠢ᠍ᠳᠪᠦᠷᠢᠯᠡᠪᠡ᠃
      ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠠᠵᠢᠯ ᠪᠣᠯ ᠶᠡᠷᠦᠩᠬᠡᠢ ᠱᠦᠵᠢ ᠰᠢ ᠵᠢᠨ ᠫᠢᠩ ᠪᠡᠶ᠎ᠡ᠎ᠪᠠᠷ ᠵᠶ᠋ᠡᠨ ᠲᠥᠯᠥᠪᠵᠢᠭᠦᠯᠵᠦ᠂ ᠪᠡᠶ᠎ᠡ᠎ᠪᠠᠷ ᠵᠶ᠋ᠡᠨ ᠪᠠᠢ᠌ᠷᠢᠯᠠᠭᠤᠯᠵᠤ᠂ ᠪᠡᠶ᠎ᠡ᠎ᠪᠠᠷ ᠵᠶ᠋ᠡᠨ ᠠᠬᠢᠭᠤᠯᠤᠭᠰᠠᠨ ᠴᠢᠬᠤᠯᠠ ᠶᠡᠬᠡ ᠳᠦᠷᠢᠮ᠎ᠤᠨ ᠰᠢᠨ᠎ᠡ ᠡᠭᠦᠳᠦᠯᠲᠡ ᠪᠣᠯᠣᠨ᠎ᠠ᠂ 《ᠲᠥᠪ᠎ᠠᠴᠠ ᠨᠤᠲᠠᠯᠠᠬᠤ᠂ ᠤᠯᠠᠨ ᠲᠦᠮᠡᠨ ᠰᠠᠢ᠌ᠰᠢᠶᠠᠬᠤ᠂ ᠡᠯ᠎ᠡ ᠲᠠᠯ᠎ᠠ ᠵᠢᠨ᠎ᠬᠢᠨ ᠳᠡᠮᠵᠢᠬᠦ᠂ ᠠᠰᠠᠭᠤᠳᠠᠯ᠎ᠢ ᠰᠢᠢ᠍ᠳᠪᠦᠷᠢᠯᠡᠬᠦ》 ᠢᠯᠡᠳᠲᠡ ᠦᠷ᠎ᠡ ᠪᠦᠲᠦᠮᠵᠢ ᠣᠯᠵᠤ᠂ 《ᠣᠷᠣᠨ ᠨᠤᠲᠤᠭ᠎ᠤᠨ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠬᠤ ᠪᠣᠳᠠᠲᠠᠢ ᠠᠷᠭ᠎ᠠ ᠬᠡᠮᠵᠢᠶ᠎ᠡ ᠪᠣᠯᠵᠠᠢ》᠃
      2019 ᠣᠨ᠎ᠤ 6 ᠰᠠᠷ᠎ᠠ᠎ᠳᠤ᠂ 《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠣᠭᠲᠠᠭ᠋ᠠᠯ》᠎ᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶᠡᠨ᠎ᠳᠠᠬᠢ ᠠᠩᠬᠠᠳᠠᠭᠴᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠤᠨ ᠬᠡᠯᠪᠡᠷᠢ᠎ᠪᠠᠷ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠵᠢᠷᠤᠮᠵᠢᠭᠤᠯᠵᠠᠢ᠃ 2022 ᠣᠨ᠎ᠤ 1 ᠰᠠᠷ᠎ᠠ᠎ᠳᠤ᠂《ᠲᠥᠪ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠠᠷᠭ᠎ᠠ》 ᠵᠢ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠪᠠᠲᠤᠯᠠᠭ᠎ᠠ ᠨᠡᠩ ᠬᠦᠴᠦᠲᠡᠢ ᠪᠣᠯᠪᠠ᠃
      ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ᠎ᠨᠢ ᠤᠯᠤᠰ᠎ᠤᠨ ᠬᠠᠤᠯᠢ ᠴᠠᠭ᠋ᠠᠵᠠ᠎ᠠᠴᠠ ᠴᠢᠩᠭ᠎ᠠ ᠪᠠᠢ᠌ᠳᠠᠭ᠃ 《ᠬᠥᠬᠡᠮᠳᠦᠭ ᠨᠣᠭᠣᠭ᠋ᠠᠨ ᠠᠭᠤᠯᠠ ᠤᠰᠤ ᠪᠣᠯ ᠠᠯᠲᠠ ᠮᠥᠩᠭᠥᠨ ᠠᠭᠤᠯᠠ ᠮᠥᠨ》 ᠭᠡᠬᠦ ᠦᠵᠡᠯ ᠤᠬᠠᠮᠰᠠᠷ᠎ᠢ ᠨᠠᠮ᠎ᠤᠨ ᠳᠦᠷᠢᠮ᠎ᠳᠤ ᠪᠢᠴᠢᠨ ᠣᠷᠣᠭᠤᠯᠤᠭᠰᠠᠨ᠎ᠠᠴᠠ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ《ᠨᠠᠮ ᠵᠠᠰᠠᠭ ᠠᠳᠠᠯᠢ ᠬᠠᠷᠢᠭᠤᠴᠠᠯᠭ᠎ᠠ᠎ᠲᠠᠢ ᠪᠠᠶ᠋ᠢᠬᠤ》 ᠪᠠ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ᠎ᠲᠠᠢ ᠪᠠᠶ᠋ᠢᠬᠤ》 ᠵᠡᠷᠭᠡ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠬᠦ ᠬᠦᠷᠲᠡᠯ᠎ᠡ᠂ ᠲᠠᠬᠢᠭ᠋ᠠᠳ ᠤᠳᠤᠷᠢᠳᠬᠤ ᠺᠠᠳ᠋ᠷ᠎ᠤᠨ ᠲᠤᠰᠢᠶᠠᠯ᠎ᠠᠴᠠ᠎ᠪᠠᠨ ᠰᠠᠯᠬᠤ ᠦᠶ᠎ᠡ ᠵᠢᠨ ᠪᠠᠶ᠋ᠢᠭ᠋ᠠᠯᠢ ᠵᠢᠨ ᠡᠬᠢ ᠪᠠᠶᠠᠯᠢᠭ ᠡᠳ᠋ ᠬᠥᠷᠥᠩᠭᠡ ᠵᠢᠨ ᠬᠢᠨᠠᠨ ᠪᠣᠳᠣᠯᠲᠠ ᠵᠢ ᠥᠷᠨᠢᠭᠦᠯᠵᠦ᠂ ᠠᠮᠢ ᠠᠬᠤᠢ ᠣᠷᠴᠢᠨ ᠲᠣᠭᠣᠷᠢᠨ᠎ᠢ ᠬᠣᠬᠢᠷᠠᠭᠤᠯᠤᠭᠰᠠᠨ ᠬᠠᠷᠢᠭᠤᠴᠠᠯᠭ᠎ᠠ ᠵᠢ ᠨᠠᠰᠤᠨ ᠲᠤᠷᠰᠢᠲᠠ ᠨᠡᠬᠡᠮᠵᠢᠯᠡᠬᠦ ᠳᠦᠷᠢᠮ᠎ᠢ ᠬᠡᠷᠡᠭᠵᠢᠭᠦᠯᠪᠡ ᠁ 《ᠬᠠᠲᠠᠭᠤ ᠬᠢᠵᠠᠭ᠋ᠠᠷᠯᠠᠯ》᠎ᠤᠨ ᠡᠮᠦᠨ᠎ᠡ᠂ ᠤᠳᠤᠷᠢᠳᠬᠤ ᠺᠠᠳ᠋ᠷ 《ᠤᠯᠤᠰ᠎ᠤᠨ ᠶᠡᠬᠡ ᠶᠠᠪᠤᠳᠠᠯ》᠎ᠢ ᠢᠮᠠᠭᠲᠠ ᠳᠣᠲᠣᠷ᠎ᠠ᠎ᠪᠠᠨ ᠲᠣᠭ᠎ᠠ᠎ᠲᠠᠢ ᠪᠠᠢ᠌ᠯᠭ᠋ᠠᠵᠤ᠂ ᠨᠡᠩ ᠥᠨᠳᠥᠷ ᠪᠠᠷᠢᠮᠵᠢᠶ᠎ᠠ᠎ᠪᠠᠷ ᠥᠪᠡᠷ᠎ᠢ᠎ᠪᠠᠨ ᠴᠢᠩᠭ᠎ᠠ ᠱᠠᠭ᠋ᠠᠷᠳᠠᠪᠠᠯ ᠰᠠᠶᠢ ᠨᠠᠮ᠂ ᠲᠡᠦᠬᠡ᠂ ᠠᠷᠠᠳ ᠲᠦᠮᠡᠨ᠎ᠳᠤ ᠦᠨᠡᠨᠬᠦ ᠳᠡᠭᠡᠳᠦ ᠬᠡᠮᠵᠢᠶ᠎ᠡ᠎ᠪᠠᠷ ᠬᠠᠷᠢᠭᠤᠴᠠᠵᠤ ᠴᠢᠳᠠᠨ᠎ᠠ᠃
      《ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠰᠠᠭᠤᠳᠠᠯ᠎ᠤᠨ ᠲᠠᠯ᠎ᠠ᠎ᠪᠠᠷ᠂ ᠲᠡᠭᠦᠨ᠎ᠢ ᠨᠢᠭᠡ ᠠᠯᠬᠤᠮ ᠴᠤ᠌ ᠳᠠᠪᠠᠵᠤ ᠪᠣᠯᠬᠤ ᠦᠭᠡᠢ᠂ ᠡᠰᠡ ᠲᠡᠭᠡᠪᠡᠯ ᠲᠡᠭᠦᠨ᠎ᠢ ᠵᠠᠪᠠᠯ ᠵᠠᠯᠬᠠᠭ᠋ᠠᠨ ᠰᠢᠢ᠍ᠳᠬᠡᠬᠦ ᠬᠡᠷᠡᠭᠲᠡᠢ》᠃ ᠰᠢᠨ᠎ᠡ ᠴᠠᠭ ᠦᠶ᠎ᠡ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠠᠮᠵᠢᠯᠲᠠ ᠪᠦᠲᠦᠮᠵᠢ᠎ᠨᠢ ᠰᠢᠨ᠎ᠡ ᠴᠠᠭ ᠦᠶ᠎ᠡ ᠵᠢᠨ ᠨᠠᠮ ᠪᠣᠯᠣᠨ ᠤᠯᠤᠰ᠎ᠤᠨ ᠦᠢ᠍ᠯᠡᠰ᠎ᠤᠨ ᠲᠡᠦᠬᠡᠲᠦ ᠴᠢᠨᠠᠷᠲᠠᠢ ᠠᠮᠵᠢᠯᠲᠠ ᠣᠯᠵᠤ᠂ ᠲᠡᠦᠬᠡᠲᠦ ᠴᠢᠨᠠᠷᠲᠠᠢ ᠬᠤᠪᠢᠰᠤᠯᠲᠠ ᠭᠠᠷᠤᠭᠰᠠᠨ᠎ᠤ ᠢᠯᠡᠷᠬᠡᠢ ᠪᠡᠯᠭᠡ ᠲᠡᠮᠳᠡᠭ ᠪᠣᠯᠤᠭᠰᠠᠨ ᠪᠠᠢ᠌ᠨ᠎ᠠ᠃ ᠡᠭᠦᠨ᠎ᠤ ᠵᠠᠩᠭᠢᠯᠠᠭ᠎ᠠ᠎ᠨᠢ ᠨᠠᠮ᠎ᠤᠨ ᠪᠦᠬᠦ ᠲᠠᠯ᠎ᠠ ᠵᠢᠨ ᠤᠳᠤᠷᠢᠳᠤᠯᠭ᠎ᠠ ᠪᠠ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠴᠢᠩᠭ᠋ᠠᠳᠬᠠᠬᠤ ᠵᠢ ᠪᠠᠷᠢᠮᠲᠠᠯᠠᠵᠤ᠂ ᠨᠠᠮ᠎ᠤᠨ ᠰᠠᠬᠢᠯᠭ᠎ᠠ ᠤᠯᠤᠰ᠎ᠤᠨ ᠬᠠᠤᠯᠢ᠎ᠪᠠᠷ ᠡᠷᠬᠡ ᠵᠢ ᠬᠠᠮᠢᠶᠠᠷᠤᠨ ᠵᠠᠰᠠᠵᠤ᠂ ᠬᠥᠬᠡ ᠥᠩᠭᠡ ᠵᠢ ᠬᠠᠮᠠᠭ᠋ᠠᠯᠠᠨ ᠨᠣᠭᠣᠭ᠋ᠠᠨ ᠥᠩᠭᠡ ᠵᠢ ᠨᠡᠮᠡᠭᠳᠡᠭᠦᠯᠬᠦ ᠵᠢ ᠪᠠᠷᠢᠮᠲᠠᠯᠠᠵᠤ᠂ ᠳᠦᠷᠢᠮ᠎ᠢ ᠴᠢᠩᠭ᠎ᠠ ᠬᠢᠵᠠᠭ᠋ᠠᠷᠯᠠᠯ ᠪᠠ ᠬᠦᠨᠳᠡᠵᠦ ᠪᠣᠯᠣᠰᠢ ᠦᠭᠡᠢ ᠥᠨᠳᠥᠷ ᠬᠦᠴᠦᠳᠡᠯᠲᠦ ᠴᠠᠬᠢᠯᠭ᠋ᠠᠨ ᠤᠲᠠᠰᠤ ᠪᠣᠯᠭ᠋ᠠᠵᠤ᠂ ᠨᠠᠮ᠎ᠤᠨ ᠲᠥᠪ ᠬᠣᠷᠢᠶᠠᠨ᠎ᠤ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠲᠤᠬᠠᠢ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠲᠤᠭᠤᠰᠢᠯᠠᠭᠤᠯᠵᠤ ᠨᠠᠢ᠌ᠳᠠᠪᠤᠷᠢᠵᠢᠭᠤᠯᠵᠤ ᠦᠷ᠎ᠡ ᠪᠦᠲᠦᠮᠵᠢ ᠭᠠᠷᠭ᠋ᠠᠬᠤ ᠵᠢ ᠪᠠᠲᠤᠯᠠᠭᠰᠠᠨ᠎ᠳᠤ ᠪᠠᠢ᠌ᠨ᠎ᠠ᠃
      ᠵᠠᠷᠯᠢᠭ᠎ᠢ ᠵᠠᠪᠠᠯ ᠢᠲᠡᠭᠡᠵᠦ᠂ ᠬᠠᠤᠯᠢ ᠵᠢ ᠵᠠᠪᠠᠯ ᠬᠡᠷᠡᠭᠵᠢᠭᠦᠯᠬᠦ ᠬᠡᠷᠡᠭᠲᠡᠢ᠃ ᠶᠡᠷᠦᠩᠬᠡᠢ ᠱᠦᠵᠢ ᠰᠢ ᠵᠢᠨ ᠫᠢᠩ ᠴᠢᠬᠤᠯᠠᠴᠢᠯᠠᠬᠤ᠎ᠳᠠᠭᠠᠨ᠄ 《ᠠᠮᠢ ᠠᠬᠤᠢ ᠣᠷᠴᠢᠨ ᠲᠣᠭᠣᠷᠢᠨ᠎ᠤ ᠬᠠᠤᠯᠢ ᠲᠣᠭᠲᠠᠭ᠋ᠠᠯ᠎ᠤᠨ ᠳᠦᠷᠢᠮ᠎ᠢ ᠤᠯᠠᠮ ᠨᠢᠭᠡ ᠠᠯᠬᠤᠮ ᠪᠠᠢ᠌ᠭᠤᠯᠤᠨ ᠪᠦᠷᠢᠨᠰᠢᠭᠦᠯᠬᠦ ᠪᠠ ᠴᠢᠩᠭ᠎ᠠ ᠬᠡᠷᠡᠭᠵᠢᠭᠦᠯᠵᠦ᠂ ᠬᠦᠴᠦᠲᠡᠢ ᠱᠠᠯᠠᠪᠳᠠᠭᠤᠯᠤᠨ ᠪᠠᠢ᠌ᠴᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠴᠢᠩᠭ᠎ᠠ᠎ᠪᠠᠷ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠠᠷᠭ᠎ᠠ ᠬᠢᠳᠡᠯ ᠪᠠ ᠲᠤᠷᠰᠢᠯᠭ᠎ᠠ ᠵᠢ ᠰᠠᠶ᠋ᠢᠲᠤᠷ ᠬᠡᠷᠡᠭᠯᠡᠬᠦ ᠵᠢ ᠪᠠᠷᠢᠮᠲᠠᠯᠠᠨ᠂ ᠰᠠᠶ᠋ᠢᠲᠤᠷ ᠪᠡᠬᠢᠵᠢᠭᠦᠯᠦᠨ ᠥᠷᠭᠡᠳᠬᠡᠬᠦ ᠬᠡᠷᠡᠭᠲᠡᠶ》 ᠭᠡᠵᠡᠢ᠃ ᠰᠠᠢ᠍ᠢ᠍ᠨ ᠬᠠᠤᠯᠢ᠎ᠪᠠᠷ ᠴᠢᠳᠠᠮᠠᠭ᠋ᠠᠢ ᠵᠠᠰᠠᠬᠤ ᠵᠢ ᠪᠠᠲᠤᠯᠠᠵᠤ᠂ ᠴᠢᠩᠭ᠎ᠠ ᠬᠡᠷᠡᠭᠵᠢᠭᠦᠯᠬᠦ᠎ᠪᠠᠷ ᠬᠠᠤᠯᠢ ᠴᠠᠭ᠋ᠠᠵᠠ ᠵᠢᠨ ᠡᠷᠬᠡ ᠰᠦᠷ᠎ᠢ ᠢᠯᠡᠷᠡᠭᠦᠯᠵᠦ᠂ ᠬᠠᠤᠯᠢᠵᠢᠯ᠂ ᠵᠠᠬ᠎ᠠ ᠳᠡᠯᠭᠡᠭᠦᠷ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠂ ᠲᠥᠷᠥ ᠵᠢᠨ ᠪᠣᠳᠣᠯᠭ᠎ᠠ ᠵᠢᠨ 《ᠬᠠᠮ ᠠᠷᠭ᠎ᠠ ᠬᠡᠮᠵᠢᠶ᠎ᠡ》 ᠵᠢ ᠰᠠᠶ᠋ᠢᠲᠤᠷ ᠬᠡᠷᠡᠭᠵᠢᠭᠦᠯᠵᠦ᠂ ᠬᠥᠬᠡᠮᠳᠦᠭ ᠨᠣᠭᠣᠭ᠋ᠠᠨ ᠠᠭᠤᠯᠠ ᠤᠰᠤ ᠵᠢ ᠰᠠᠬᠢᠨ ᠬᠠᠮᠠᠭ᠋ᠠᠯᠠᠬᠤ ᠰᠦᠷ ᠳᠠᠯᠠᠢ᠌ᠴᠠᠲᠠᠢ ᠬᠦᠴᠦᠨ᠎ᠢ ᠨᠢᠭᠲᠠᠷᠠᠭᠤᠯᠬᠤ ᠬᠡᠷᠡᠭᠲᠡᠢ᠃
      ᠬᠥᠮᠥᠰ ᠬᠥᠬᠡᠮᠳᠦᠭ ᠠᠭᠤᠯᠠ ᠵᠢ ᠬᠥᠰᠡᠷᠳᠡᠭᠦᠯᠬᠦ ᠦᠭᠡᠢ ᠪᠣᠯ ᠬᠥᠬᠡᠮᠳᠦᠭ ᠠᠭᠤᠯᠠ ᠯᠠᠪᠳᠠᠶ᠎ᠠ ᠬᠥᠮᠥᠰ᠎ᠢ ᠬᠥᠰᠡᠷᠳᠡᠭᠦᠯᠬᠦ ᠦᠭᠡᠢ ᠶᠤᠮ᠃ ᠰᠢᠨ᠎ᠡ ᠠᠶᠠᠨ ᠵᠠᠮ᠎ᠳᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠴᠢᠩᠭ᠋ᠠᠳᠬᠠᠬᠤ ᠪᠠᠢ᠌ᠯᠳᠤᠬᠤ ᠪᠣᠳᠣᠯᠭ᠎ᠠ ᠵᠢᠨ ᠲᠣᠭᠲᠠᠯ ᠬᠦᠴᠦᠨ᠎ᠢ ᠪᠠᠲᠤᠯᠠᠵᠤ᠂ ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠪᠦᠬᠦ ᠲᠠᠯ᠎ᠠ᠎ᠪᠠᠷ ᠪᠣᠬᠢᠷᠲᠤᠯ ᠦᠭᠡᠢ ᠬᠡᠯᠪᠡᠷᠢ᠎ᠪᠠᠨ ᠬᠤᠪᠢᠷᠠᠭᠤᠯᠬᠤ ᠵᠢ ᠬᠦᠴᠦᠯᠡᠨ ᠠᠬᠢᠭᠤᠯᠵᠤ᠂ ᠬᠥᠮᠥᠨ ᠪᠣᠯᠣᠨ ᠪᠠᠶ᠋ᠢᠭ᠋ᠠᠯᠢ ᠵᠢᠨ ᠡᠶ᠎ᠡ ᠵᠣᠬᠢᠴᠠᠩᠭᠤᠢ᠎ᠪᠠᠷ ᠬᠠᠮᠲᠤ ᠣᠷᠣᠰᠢᠬᠤ ᠣᠳᠣᠬᠢᠴᠢᠯᠠᠯᠲᠠ ᠵᠢ ᠴᠢᠷᠮᠠᠢ᠌ᠨ ᠪᠦᠲᠦᠭᠡᠨ ᠪᠠᠢ᠌ᠭᠤᠯᠪᠠᠯ᠂ ᠪᠢᠳᠡ ᠯᠠᠪᠳᠠᠶ᠎ᠠ ᠳᠤᠮᠳᠠᠳᠤ ᠵᠢᠨ ᠡᠬᠡ ᠭᠠᠵᠠᠷ᠎ᠲᠤ ᠬᠥᠬᠡ ᠣᠭᠲᠠᠷᠭᠤᠢ ᠵᠢ ᠥᠨᠢᠳᠡ ᠪᠠᠢ᠌ᠯᠭ᠋ᠠᠵᠤ᠂ ᠬᠥᠬᠡᠮᠳᠦᠭ ᠠᠭᠤᠯᠠ ᠵᠢ ᠡᠭᠦᠷᠢᠳᠡ ᠰᠦᠨᠳᠡᠷᠯᠡᠭᠦᠯᠵᠦ᠂ ᠲᠤᠩᠭ᠋ᠠᠯᠠᠭ ᠤᠰᠤ ᠵᠢ ᠥᠨᠢ ᠡᠭᠦᠷᠢᠳᠡ ᠤᠷᠤᠰᠬᠠᠵᠤ ᠴᠢᠳᠠᠬᠤ ᠶᠤᠮ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠨᠢᠭᠤᠷ᠎ᠤᠨ ᠬᠠᠪᠢᠰᠤᠨ᠎ᠤ ᠥᠯᠢᠭᠡᠷ –– ᠢᠯᠡ ᠪᠣᠯᠭ᠋ᠠᠬᠤ᠎ᠪᠠᠷ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠬᠥᠭᠵᠢᠭᠡᠨ᠎ᠡ
ᠨᠢᠭᠤᠷ᠎ᠤᠨ ᠬᠠᠪᠢᠰᠤᠨ᠎ᠤ ᠥᠯᠢᠭᠡᠷ –– ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠨᠣᠭ ᠲᠥᠬᠦᠭᠡᠷᠦᠮᠵᠢ ᠵᠢ ᠤᠯᠠᠨ ᠨᠠᠢ᠌ᠳᠠ᠎ᠳᠤ ᠨᠡᠭᠡᠭᠡᠯᠲᠡ᠎ᠲᠠᠢ ᠪᠣᠯᠭ᠋ᠠᠪᠠ᠄ ᠣᠷᠴᠢᠨ ᠲᠣᠭᠣᠷᠢᠨ᠎ᠤ ᠵᠠᠰᠠᠯᠲᠠ᠎ᠳᠤ ᠤᠯᠠᠨ ᠨᠠᠢ᠌ᠳᠠ᠎ᠪᠠᠷ ᠵᠶ᠋ᠠᠨ ᠣᠷᠣᠯᠴᠠᠵᠤ ᠪᠠᠢ᠌ᠭ᠎ᠠ ᠠᠮᠢᠳᠤᠯᠢᠭ ᠦᠢ᠍ᠯᠡᠳᠦᠯᠭᠡ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠬᠣᠷᠢᠶ᠎ᠠ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ ᠵᠢᠨ ᠫᠢᠩ ᠎ᠤᠨ ᠣᠢ᠌ᠷ᠎ᠠ ᠵᠢᠨ ᠬᠤᠭᠤᠴᠠᠭ᠋ᠠᠨ᠎ᠤ ᠬᠣᠯᠪᠣᠭᠳᠠᠯ ᠪᠦᠬᠦᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠪᠠ ᠰᠦᠨ ᠱᠤᠤ ᠴᠧᠩ ᠬᠤᠷᠠᠯ᠎ᠢ ᠡᠷᠬᠢᠯᠡᠪᠡ
ᠣᠷᠳᠣᠰ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠳᠠᠬᠢ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠪᠠ
ᠪᠤᠭᠤᠲᠤ ᠬᠤᠳᠠ ᠠᠮᠢ ᠠᠬᠤᠢ ᠣᠷᠴᠢᠨ ᠲᠣᠭᠣᠷᠢᠨ᠎ᠤ ᠬᠦᠷᠢᠶᠡᠨ᠎ᠤ 《ᠢᠲᠡᠭᠡᠮᠵᠢ +》 ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠠᠬᠢᠭᠤᠯᠵᠤ ᠪᠦᠬᠦ ᠲᠠᠯ᠎ᠠ᠎ᠪᠠᠷ ᠨᠡᠢ᠌ᠳᠡᠮ᠎ᠳᠤᠨᠢ ᠪᠦᠷᠬᠦᠭᠦᠯᠦᠭᠰᠡᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢᠨ ᠠᠵᠢᠯ᠎ᠤᠨ ᠪᠠᠢ᠌ᠷᠢᠰᠢᠯ᠎ᠢ ᠪᠤᠢ ᠪᠣᠯᠭ᠋ᠠᠪᠠ
 
             蒙ICP备05000248号