ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠶᠠᠮᠤᠨ᠎ᠤ ᠳᠠᠷᠤᠭ᠎ᠠ ᠯᠢ ᠭᠠᠨ ᠵᠢᠶᠧ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠨᠠᠷᠢᠨ ᠪᠢᠴᠢᠭ᠎ᠤᠨ ᠳᠡᠳ᠋ ᠳᠠᠷᠤᠭ᠎ᠠ ᠪᠥᠭᠡᠳ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠭᠦᠢ᠍ᠴᠡᠳᠬᠡᠭᠴᠢ ᠡᠷᠬᠢᠯᠡᠭᠴᠢ᠎ᠲᠠᠢ ᠠᠭᠤᠯᠵᠠᠪᠠ
ᠨᠡᠶ᠋ᠢᠲᠡᠯᠡᠭᠰᠡᠨ ᠴᠠᠭ᠄ 2018-07-10

     6 ᠳ᠋ᠤᠭ᠋ᠠᠷ ᠰᠠᠷ᠎ᠠ ᠵᠢᠨ 30᠎ᠤ ᠡᠳᠦᠷ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠳᠠᠷᠤᠭ᠎ᠠ ᠯᠢ ᠭᠠᠨ ᠵᠢᠶᠧ᠂ ᠾᠸᠪᠸᠢ ᠮᠤᠵᠢ ᠵᠢᠨ ᠰᠠᠢ᠍ᠢ᠍ᠬᠠᠨᠳᠠᠪᠠᠭ᠎ᠠ᠎ᠳᠤ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠨᠠᠷᠢᠨ ᠪᠢᠴᠢᠭ᠎ᠤᠨ ᠳᠡᠳ᠋ ᠳᠠᠷᠤᠭ᠎ᠠ ᠪᠥᠭᠡᠳ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠭᠦᠢ᠍ᠴᠡᠳᠬᠡᠭᠴᠢ ᠡᠷᠬᠢᠯᠡᠭᠴᠢ ᠠᠢ᠌ᠷᠢᠺᠧ · ᠰᠤᠷᠬᠠᠢ᠌ᠮᠣ᠋ ᠠᠪᠤᠭ᠋ᠠᠶ᠎ᠲᠠᠢ ᠠᠭᠤᠯᠵᠠᠵᠤ᠂ ᠬᠠᠮᠲᠤ᠎ᠳᠠᠭᠠᠨ 2017 ᠣᠨ᠎ᠤ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ 《ᠳᠡᠯᠡᠬᠡᠢ ᠵᠢᠨ ᠪᠥᠮᠪᠥᠷᠴᠡᠭ᠎ᠤᠨ ᠰᠢᠳᠠᠷ ᠬᠠᠮᠠᠭ᠋ᠠᠯᠠᠭᠴᠢ ᠵᠢᠨ ᠱᠠᠩᠨᠠᠯ》 ᠬᠦᠷᠲᠡᠭᠰᠡᠨ ᠰᠠᠢ᠍ᠢ᠍ᠬᠠᠨᠳᠠᠪᠠᠭ᠎ᠠ ᠤᠢ ᠰᠢᠭᠤᠢ ᠵᠢᠨ ᠲᠠᠯᠠᠪᠠᠢ᠎ᠳᠤ ᠪᠣᠳᠠᠲᠠᠢ ᠪᠠᠢ᠌ᠴᠠᠭ᠋ᠠᠨ ᠰᠤᠳᠤᠯᠤᠯᠲᠠ ᠬᠢᠵᠠᠢ᠃
      ᠯᠢ ᠭᠠᠨ ᠵᠢᠶᠧ ᠶᠠᠭᠤᠨ᠎ᠤ ᠡᠮᠦᠨ᠎ᠡ ᠠᠢ᠌ᠷᠢᠺᠧ · ᠰᠤᠷᠬᠠᠢ᠌ᠮᠣ᠋ ᠠᠪᠤᠭ᠋ᠠᠶ ᠵᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠪᠡ᠃ ᠲᠡᠷᠡ ᠬᠡᠯᠡᠭᠰᠡᠨ᠎ᠨᠢ᠂ ᠡᠨᠡ ᠵᠢᠯ᠎ᠤᠨ 4 ᠳ᠋ᠦ᠍ᠭᠡᠷ ᠰᠠᠷ᠎ᠠ᠎ᠳᠤ ᠠᠢ᠌ᠷᠢᠺᠧ · ᠰᠤᠷᠬᠠᠢ᠌ᠮᠣ᠋ ᠠᠪᠤᠭ᠋ᠠᠶ᠎ᠲᠠᠢ ᠠᠭᠤᠯᠵᠠᠭᠰᠠᠨ᠎ᠤ ᠳᠠᠷᠠᠭ᠎ᠠ᠂ ᠬᠣᠶᠠᠷ ᠲᠠᠯ᠎ᠠ ᠵᠢᠨ ᠬᠠᠮᠲᠤᠷᠠᠯᠴᠠᠭ᠋ᠠᠨ᠎ᠳᠤ ᠪᠠᠰᠠ ᠨᠢᠭᠡ ᠪᠦᠯᠦᠭ ᠰᠢᠨ᠎ᠡ ᠴᠢᠬᠤᠯᠠ ᠠᠬᠢᠯᠲᠠ᠎ᠲᠠᠢ ᠪᠣᠯᠪᠠ ᠭᠡᠵᠡᠢ᠃
      ᠯᠢ ᠭᠠᠨ ᠵᠢᠶᠧ ᠠᠢ᠌ᠷᠢᠺᠧ · ᠰᠤᠷᠬᠠᠢ᠌ᠮᠣ᠋ ᠠᠪᠤᠭ᠋ᠠᠶ᠎ᠳᠤ ᠳᠤᠮᠳᠠᠳᠤ ᠤᠯᠤᠰ᠎ᠤᠨ ᠠᠮᠢ ᠠᠬᠤᠶ ᠣᠷᠴᠢᠨ ᠠᠬᠤᠶ ᠵᠢ ᠬᠠᠮᠠᠭ᠋ᠠᠯᠠᠬᠤ ᠠᠵᠢᠯ᠎ᠤᠨ ᠰᠢᠨ᠎ᠡ ᠠᠬᠢᠴᠠ ᠵᠢ ᠲᠠᠨᠢᠯᠴᠠᠭᠤᠯᠪᠠ᠃ ᠲᠡᠷᠡ ᠵᠢᠭ᠋ᠠᠵᠤ ᠭᠠᠷᠭ᠋ᠠᠬᠤ ᠎ᠳᠤ᠎ᠪᠠᠨ᠄ ᠣᠳᠣᠬᠠᠨ᠎ᠳᠤ ᠳᠤᠮᠳᠠᠳᠤ ᠤᠯᠤᠰ᠎ᠤᠨ ᠠᠮᠢ ᠠᠬᠤᠶ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠬᠦᠷᠢᠶᠡᠨ᠎ᠳᠤ ᠭᠤᠷᠪᠠᠨ ᠲᠠᠯ᠎ᠠ ᠵᠢᠨ ᠠᠬᠢᠴᠠ᠎ᠲᠠᠢ ᠪᠣᠯᠪᠠ᠃ ᠨᠢᠭᠡ᠎ᠳᠤ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠪᠡᠭᠡᠵᠢᠩ᠎ᠳᠤ ᠠᠮᠵᠢᠯᠲᠠ᠎ᠲᠠᠢ ᠬᠤᠷᠠᠯᠳᠤᠪᠠ᠂ ᠡᠨᠡ ᠤᠳᠠᠭ᠎ᠠ ᠵᠢᠨ ᠶᠡᠬᠡ ᠬᠤᠷᠠᠯ ᠪᠣᠯ ᠳᠤᠮᠳᠠᠳᠤ ᠤᠯᠤᠰ᠎ᠤᠨ ᠠᠮᠢ ᠠᠬᠤᠶ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠪᠣᠯᠤᠨ ᠠᠮᠢ ᠠᠬᠤᠶ ᠵᠢᠨ ᠪᠣᠯᠪᠠᠰᠤᠨ᠎ᠤ ᠪᠦᠳᠦᠭᠡᠨ ᠪᠠᠶ᠋ᠢᠭᠤᠯᠤᠯᠲᠠ ᠵᠢᠨ ᠬᠥᠭᠵᠢᠯᠲᠡ ᠵᠢᠨ ᠲᠡᠦᠬᠡᠨ ᠠᠬᠢᠴᠠ ᠵᠢᠨ ᠳᠤᠮᠳᠠᠬᠢ ᠨᠢᠭᠡ ᠤᠳᠠᠭ᠋ᠠᠨ᠎ᠤ ᠵᠡᠷᠭᠡ ᠳᠡᠰ᠎ᠨᠢ ᠬᠠᠮᠤᠭ᠎ᠤᠨ ᠥᠨᠳᠥᠷ᠂ ᠬᠡᠪᠴᠢᠶ᠎ᠡ᠎ᠨᠢ ᠬᠠᠮᠤᠭ᠎ᠤᠨ ᠶᠡᠬᠡ᠂ ᠨᠥᠯᠥᠭᠡ᠎ᠨᠢ ᠬᠠᠮᠤᠭ᠎ᠤᠨ ᠥᠷᠭᠡᠨ᠂ ᠠᠴᠢ ᠬᠣᠯᠪᠣᠭᠳᠠᠯ᠎ᠨᠢ ᠬᠠᠮᠤᠭ᠎ᠤᠨ ᠭᠦᠨᠵᠡᠭᠡᠶ ᠲᠡᠦᠬᠡᠲᠦ ᠴᠢᠨᠠᠷᠲᠠᠢ ᠦᠪᠡᠳᠡᠭᠰᠢ ᠬᠤᠷᠠᠯ ᠪᠣᠯᠤᠨ᠎ᠠ᠂ 《ᠳᠥᠷᠪᠡᠨ ᠠᠩᠬᠠᠳᠠᠭᠴᠢ》 ᠵᠢ ᠪᠡᠶᠡᠯᠡᠭᠦᠯᠦᠭᠰᠡᠨ ᠪᠠ 《ᠨᠢᠭᠡ ᠪᠡᠯᠭᠡ ᠳᠡᠮᠳᠡᠭ᠎ᠤᠨ ᠴᠢᠨᠠᠷᠲᠠᠢ ᠦᠷ᠎ᠡ ᠪᠦᠲᠦᠭᠡᠯ》᠎ᠢ ᠣᠯᠪᠠ᠃ ᠶᠡᠬᠡ ᠬᠤᠷᠠᠯ᠎ᠢ ᠨᠠᠮ᠎ᠤᠨ ᠲᠥᠪ ᠬᠣᠷᠢᠶ᠎ᠠ᠎ᠠᠴᠠ ᠬᠤᠷᠠᠯᠳᠤᠭᠤᠯᠬᠤ᠎ᠪᠠᠷ ᠲᠣᠭᠲᠠᠭ᠋ᠠᠭᠰᠠᠨ᠎ᠨᠢ ᠠᠩᠬᠠᠳᠠᠭᠴᠢ ᠤᠳᠠᠭ᠎ᠠ᠂ ᠶᠡᠷᠦᠩᠬᠡᠢ ᠱᠦᠵᠢ ᠰᠢ ᠵᠢᠨ ᠫᠢᠩ ᠶᠡᠬᠡ ᠬᠤᠷᠠᠯ᠎ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠭᠰᠠᠨ᠎ᠨᠢ ᠠᠩᠬᠠᠳᠠᠭᠴᠢ ᠤᠳᠠᠭ᠎ᠠ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠨᠡᠷ᠎ᠡ᠎ᠪᠠᠷ ᠠᠮᠢ ᠠᠬᠤᠢ ᠣᠷᠴᠢᠨ ᠲᠣᠭᠣᠷᠢᠨ᠎ᠤ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠷᠤᠮᠠᠯᠯᠠᠨ ᠲᠠᠷᠬᠠᠭ᠋ᠠᠭᠰᠠᠨ᠎ᠨᠢ ᠠᠩᠬᠠᠳᠠᠭᠴᠢ ᠤᠳᠠᠭ᠎ᠠ᠂ ᠬᠤᠷᠠᠯ᠎ᠤᠨ ᠨᠡᠷᠡᠶ᠋ᠢᠳᠦᠯ᠎ᠢ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠭᠡᠵᠦ ᠲᠣᠭᠲᠠᠭ᠋ᠠᠭᠰᠠᠨ᠎ᠨᠢ ᠠᠩᠬᠠᠳᠠᠭᠴᠢ ᠤᠳᠠᠭ᠎ᠠ ᠪᠠᠢ᠌ᠵᠤ᠂ ᠶᠡᠬᠡ ᠬᠤᠷᠠᠯ᠎ᠤᠨ ᠬᠠᠮᠤᠭ᠎ᠤᠨ ᠭᠠᠢ᠌ᠬᠠᠯᠲᠠᠢ ᠠᠮᠵᠢᠯᠲᠠ ᠪᠣᠯ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠬᠦᠷᠢᠶᠡᠯᠡᠨ ᠨᠤᠲᠠᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ᠎ᠳᠤ ᠵᠢᠯᠤᠭᠤᠳᠤᠯᠭ᠎ᠠ ᠪᠣᠯᠤᠨ ᠦᠢ᠍ᠯᠡ ᠠᠵᠢᠯᠯᠠᠭ᠎ᠠ ᠵᠢᠨ ᠵᠦᠭᠯᠡᠭᠦᠷ ᠣᠯᠭᠣᠭᠰᠠᠨ ᠪᠠᠶ᠋ᠢᠨ᠎ᠠ᠃ ᠬᠣᠶᠠᠷ᠎ᠲᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠪᠥᠬᠥ ᠲᠠᠯ᠎ᠠ᠎ᠪᠠᠷ ᠡᠬᠢᠯᠡᠭᠦᠯᠵᠦ᠂ ᠡᠮᠬᠢ ᠵᠢᠷᠤᠮ᠎ᠲᠠᠢ ᠲᠦᠯᠬᠢᠨ ᠠᠬᠢᠭᠤᠯᠪᠠ᠃ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠪᠣᠭᠣᠮᠲᠠ ᠰᠢᠪᠲᠤᠯᠬᠤ ᠪᠣᠳᠠᠲᠤ ᠡᠭᠦᠷᠭᠡ ᠪᠣᠯ ᠳᠠᠷᠤᠶ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠳᠤ ᠢᠯᠠᠯᠲᠠ ᠣᠯᠵᠤ᠂ ᠴᠠᠶ᠋ᠢᠶᠢᠦ ᠲᠣᠰᠣ ᠰᠢᠲᠠᠭ᠋ᠠᠳᠠᠭ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠠᠵᠢᠯ᠎ᠢ ᠰᠠᠶ᠋ᠢᠲᠤᠷ ᠬᠢᠵᠦ᠂ ᠬᠤᠳᠠ ᠵᠢᠨ ᠬᠠᠷ᠎ᠠ ᠦᠮᠡᠬᠡᠶ ᠤᠰᠤ ᠵᠢ ᠵᠠᠰᠠᠬᠤ᠂ ᠪᠦᠸᠧᠬᠠᠶ ᠲᠠᠩᠭᠢᠰ᠎ᠢ ᠶᠡᠷᠦᠩᠬᠡᠶ᠋ᠢᠯᠡᠨ ᠵᠠᠰᠠᠬᠤ᠂ ᠬᠥᠬᠡᠮᠥ᠋ᠷᠡᠨ᠎ᠢ ᠬᠠᠮᠠᠭ᠋ᠠᠯᠠᠵᠤ ᠰᠡᠷᠭᠦᠭᠡᠨ ᠵᠠᠰᠠᠬᠤ᠂ ᠤᠰᠤᠨ᠎ᠤ ᠡᠬᠢ ᠰᠤᠷᠪᠤᠯᠵᠢ ᠵᠢᠨ ᠣᠷᠣᠨ᠎ᠤ ᠬᠠᠮᠠᠭ᠋ᠠᠯᠠᠯᠲᠠ᠂ ᠬᠥᠳᠡᠭᠡ ᠲᠣᠰᠬᠣᠨ᠎ᠤ ᠪᠣᠬᠢᠷᠲᠤᠯ᠎ᠢ ᠵᠠᠰᠠᠬᠤ ᠵᠡᠷᠭᠡ ᠪᠡᠯᠭᠡ ᠲᠡᠮᠳᠡᠭ᠎ᠤᠨ ᠴᠢᠨᠠᠷᠲᠠᠶ ᠲᠤᠯᠤᠭ᠋ᠠᠨ ᠴᠢᠬᠤᠯᠠ ᠳᠠᠶ᠋ᠢᠯᠠᠯᠳᠤᠭ᠋ᠠᠨ ᠪᠣᠯᠤᠨ᠎ᠠ᠂ 《ᠬᠠᠷᠢ ᠵᠢᠨ ᠬᠣᠭ ᠨᠣᠪᠰᠢ ᠵᠢ ᠬᠢᠯᠢ᠎ᠳᠤ ᠣᠷᠣᠭᠤᠯᠬᠤ ᠵᠢ ᠴᠠᠭ᠋ᠠᠵᠠᠯᠠᠵᠤ ᠬᠠᠲᠠᠭᠤ ᠪᠡᠶᠡᠲᠦ ᠬᠠᠶᠠᠭᠳᠠᠮᠠᠯ ᠡᠳ᠋᠎ᠢ ᠬᠢᠯᠢ᠎ᠪᠠᠷ ᠣᠷᠣᠭᠤᠯᠬᠤ ᠬᠠᠮᠢᠶᠠᠷᠤᠯᠲᠠ ᠵᠢᠨ ᠲᠦᠷᠢᠮ᠎ᠤᠨ ᠥᠭᠡᠷᠡᠴᠢᠯᠡᠯᠲᠡ ᠵᠢ ᠲᠦᠯᠬᠢᠨ ᠠᠬᠢᠭᠤᠯᠬᠤ ᠵᠢ ᠬᠡᠷᠡᠭᠵᠢᠭᠦᠯᠬᠦ ᠲᠥᠰᠦᠯ》᠎ᠢ ᠡᠷᠡᠰ ᠨᠠᠶ᠋ᠢᠳᠠᠪᠤᠷᠢᠵᠢᠭᠤᠯᠵᠤ᠂ ᠬᠠᠲᠠᠭᠤ ᠪᠡᠶᠡᠲᠦ ᠬᠠᠶᠠᠭᠳᠠᠮᠠ᠊ ᠡᠳ᠋ ᠵᠢᠴᠢ ᠠᠶᠤᠯᠲᠠᠶ ᠬᠠᠶᠠᠭᠳᠠᠮᠠᠯ ᠡᠳ᠋᠎ᠢ ᠬᠠᠤᠯᠢ ᠪᠤᠰᠤ᠎ᠪᠠᠷ ᠰᠢᠯᠵᠢᠭᠦᠯᠬᠦ ᠪᠠ ᠠᠰᠬᠠᠵᠤ ᠴᠢᠳᠬᠤᠬᠤ ᠠᠵᠢᠯᠯᠠᠭ᠎ᠠ᠎ᠳᠤ ᠴᠣᠬᠢᠯᠲᠠ ᠥᠭᠴᠦ᠂ ᠬᠣᠭ ᠨᠣᠪᠰᠢ ᠰᠢᠲᠠᠭ᠋ᠠᠵᠤ ᠴᠠᠬᠢᠯᠭ᠋ᠠᠨ ᠭᠠᠷᠭ᠋ᠠᠬᠤ ᠠᠵᠢᠯ ᠲᠥᠷᠥᠯ᠎ᠢ ᠪᠠᠷᠢᠮᠵᠢᠶ᠎ᠠ᠎ᠳᠤ ᠬᠦᠷᠭᠡᠵᠦ᠂ 《ᠨᠣᠭᠣᠭ᠋ᠠᠨ ᠪᠠᠮᠪᠠᠶ》 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠢ ᠬᠢᠨᠠᠨ ᠪᠠᠶ᠋ᠢᠴᠠᠭ᠋ᠠᠬᠤ ᠵᠡᠷᠭᠡ ᠲᠦᠷᠪᠡᠨ ᠵᠦᠢ᠍ᠯ᠎ᠤᠨ ᠲᠤᠰᠬᠠᠶ ᠠᠵᠢᠯᠯᠠᠭ᠎ᠠ ᠵᠢ ᠥᠷᠨᠢᠭᠦᠯᠦᠨ᠎ᠡ᠃ ᠣᠳᠣᠬᠠᠨ᠎ᠳᠤ᠂ ᠡᠳᠡᠭᠡᠷ ᠠᠵᠢᠯᠯᠠᠭ᠎ᠠ ᠶᠠᠭ ᠲᠥᠯᠥᠪᠯᠡᠭᠡ ᠶᠣᠰᠣᠭ᠋ᠠᠷ ᠶᠠᠪᠤᠭᠳᠠᠵᠤ ᠪᠠᠢ᠌ᠭ᠎ᠠ ᠪᠥᠭᠡᠳ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶ᠋ᠢᠨ᠎ᠠ᠃ ᠭᠤᠷᠪᠠ᠎ᠳᠤ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠢ ᠵᠣᠬᠢᠶᠠᠨ ᠪᠠᠶ᠋ᠢᠭᠤᠯᠤᠭᠰᠠᠨ᠃ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠢ ᠵᠣᠬᠢᠶᠠᠨ ᠪᠠᠶ᠋ᠢᠭᠤᠯᠬᠤ᠎ᠪᠠᠷ ᠲᠣᠭᠲᠠᠭ᠋ᠠᠵᠤ᠂ ᠤᠤᠯ᠎ᠤᠨ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠶᠠᠮᠤᠨ ᠪᠦᠬᠦ ᠡᠭᠦᠷᠭᠡ ᠬᠠᠷᠢᠭᠤᠴᠠᠯᠭ᠎ᠠ ᠪᠣᠯᠣᠨ ᠪᠤᠰᠤᠳ ᠵᠢᠷᠭᠤᠭ᠋ᠠᠨ ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠵᠢ ᠡᠮᠬᠢᠯᠡᠨ ᠨᠡᠶ᠋ᠢᠯᠡᠭᠦᠯᠵᠦ᠂ ᠨᠢᠭᠡᠳᠦᠯᠲᠡᠶ ᠬᠡᠷᠡᠭᠵᠢᠭᠦᠯᠵᠦ᠂ ᠠᠮᠢ ᠠᠬᠤᠢ ᠪᠣᠯᠤᠨ ᠬᠤᠳᠠ ᠬᠥᠳᠡᠭᠡ ᠵᠢᠨ ᠡᠯ᠎ᠡ ᠲᠦᠷᠦᠯ᠎ᠤᠨ ᠪᠣᠬᠢᠷᠲᠤᠯ᠎ᠢ ᠭᠠᠳᠠᠭᠰᠢᠯᠠᠭᠤᠯᠬᠤ ᠬᠢᠨᠠᠯᠲᠠ ᠬᠠᠮᠢᠶᠠᠷᠤᠯᠲᠠ ᠪᠣᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ ᠵᠢ ᠨᠡᠪᠲᠡᠷᠡᠭᠦᠯᠦᠨ ᠭᠦᠢ᠍ᠴᠡᠳᠬᠡᠬᠦ ᠪᠣᠯᠣᠭᠰᠠᠨ᠎ᠨᠢ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠠᠮᠢ ᠠᠬᠤᠶ ᠵᠢ ᠬᠠᠮᠠᠭ᠋ᠠᠯᠠᠬᠤ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠠᠮᠢ ᠠᠬᠤᠶ ᠣᠷᠴᠢᠨ ᠨᠥᠬᠥᠴᠡᠯ᠎ᠢ ᠬᠠᠮᠠᠭ᠋ᠠᠯᠠᠨ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠠᠶ᠋ᠢᠭᠤᠯᠬᠤ ᠪᠠ ᠤᠯᠤᠰ᠎ᠤᠨ ᠠᠮᠢ ᠠᠬᠤᠶ ᠵᠢᠨ ᠠᠮᠤᠷ ᠲᠦᠪᠰᠢᠨ᠎ᠢ ᠪᠠᠲᠤᠯᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ ᠭᠡᠵᠡᠢ᠃
      ᠬᠣᠶᠠᠷ ᠲᠠᠯ᠎ᠠ᠎ᠪᠠᠷ ᠵᠶ᠋ᠠᠨ ᠪᠠᠰᠠ ᠳᠤᠮᠳᠠᠳᠤ ᠤᠯᠤᠰ ᠪᠣᠯᠤᠨ ᠠᠹᠷᠢᠺᠠ ᠲᠢᠪ᠎ᠤᠨ ᠣᠷᠴᠢᠨ ᠲᠣᠭᠣᠷᠢᠨ᠎ᠤ ᠬᠠᠮᠲᠤᠷᠠᠯᠴᠠᠭ᠋ᠠᠨ᠎ᠤ ᠲᠥᠪ᠂ 《ᠨᠢᠭᠡ ᠪᠦᠰᠡ ᠨᠢᠭᠡ ᠵᠠᠮ》᠎ᠤᠨ ᠪᠣᠬᠢᠷᠲᠤᠯ ᠦᠭᠡᠢ ᠬᠥᠭᠵᠢᠯᠲᠡ ᠵᠢᠨ ᠤᠯᠠᠨ ᠤᠯᠤᠰ᠎ᠤᠨ ᠬᠣᠯᠪᠣᠭ᠎ᠠ ᠪᠠᠶ᠋ᠢᠭᠤᠯᠬᠤ ᠠᠵᠢᠯ᠎ᠳᠤ ᠢᠳᠡᠪᠬᠢᠲᠡᠶ ᠠᠬᠢᠴᠠ᠎ᠲᠠᠢ ᠪᠣᠯᠣᠭᠰᠠᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠵᠦ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠲᠤᠬᠠᠶ ᠰᠠᠨᠠᠯ ᠵᠶ᠋ᠠᠨ ᠰᠣᠯᠢᠯᠴᠠᠪᠠ᠃
      ᠠᠢ᠌ᠷᠢᠺᠧ · ᠰᠤᠷᠬᠠᠢ᠌ᠮᠣ᠋ ᠠᠪᠤᠭ᠋ᠠᠶ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠠᠮᠵᠢᠯᠲᠠ᠎ᠲᠠᠢ ᠬᠤᠷᠠᠯᠳᠤᠭᠰᠠᠨ᠎ᠳᠤ ᠪᠠᠶᠠᠷ ᠬᠦᠷᠭᠡᠵᠦ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠠᠯ᠎ᠠ᠎ᠪᠠᠷ ᠯᠤᠲᠤ ᠶᠡᠬᠡ ᠴᠢᠷᠮᠠᠶ᠋ᠢᠯᠭ᠎ᠠ ᠦᠵᠡᠭᠦᠯᠦᠭᠰᠡᠨ᠎ᠢ ᠮᠠᠭᠲᠠᠨ ᠰᠠᠢ᠌ᠰᠢᠶᠠᠭᠰᠠᠨ ᠪᠠ ᠢᠳᠡᠪᠬᠢᠲᠡᠶ ᠦᠷ᠎ᠡ ᠪᠦᠲᠦᠭᠡᠯ ᠭᠠᠷᠭ᠋ᠠᠭᠰᠠᠨ᠎ᠢ ᠳᠡᠭᠡᠳᠦ ᠬᠡᠮᠵᠢᠶ᠎ᠡ᠎ᠪᠠᠷ ᠦᠨᠡᠯᠡᠵᠦ᠂ ᠳᠤᠮᠳᠠᠳᠤ ᠤᠯᠤᠰ ᠪᠣᠯᠤᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠤᠷᠲᠤ ᠬᠤᠭᠤᠴᠠᠭ᠋ᠠᠨ ᠎ᠤ ᠲᠤᠷᠰᠢ ᠬᠠᠮᠲᠤᠷᠠᠯᠴᠠᠭ᠋ᠠᠨ ᠎ᠤ ᠠᠬᠢᠴᠠ ᠪᠣᠯᠤᠨ ᠦᠷ᠎ᠡ ᠪᠦᠲᠦᠮᠵᠢ   ᠣᠯᠤᠭᠰᠠᠨ ᠶᠤᠮ ᠭᠡᠵᠠᠢ᠂ ᠲᠡᠷᠡ ᠢᠯᠡᠷᠬᠡᠶ᠋ᠢᠯᠡᠬᠦ᠎ᠳᠡᠭᠡᠨ᠂ ᠤᠤᠯ᠎ᠤᠨ ᠰᠠᠭᠤᠷᠢᠨ ᠳᠡᠭᠡᠷ᠎ᠡ ᠦᠷᠭᠦᠯᠵᠢᠯᠡᠨ ᠲᠡᠮᠵᠢᠵᠦ᠂ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠦᠢ᠍ᠯᠡᠰ᠎ᠤᠨ ᠬᠥᠭᠵᠢᠯᠲᠡ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠬᠦ᠎ᠪᠠᠷ ᠬᠣᠶᠠᠷ ᠲᠠᠯ᠎ᠠ᠎ᠪᠠᠷ ᠵᠶ᠋ᠠᠨ ᠬᠠᠮᠲᠤᠷᠠᠨ ᠠᠵᠢᠯᠯᠠᠨ᠎ᠠ ᠭᠡᠪᠡ᠃ ᠪᠠᠰᠠ ᠢᠯᠡᠷᠬᠡᠶ᠋ᠢᠯᠡᠬᠦ᠎ᠳᠡᠭᠡᠨ᠂ ᠡᠨᠡ ᠤᠳᠠᠭ᠋ᠠᠨ᠎ᠤ ᠰᠠᠢ᠍ᠢ᠍ᠬᠠᠨᠳᠠᠪᠠᠭ᠎ᠠ᠎ᠳᠤ ᠬᠢᠭᠰᠡᠨ ᠠᠶ᠋ᠢᠯᠴᠢᠯᠠᠯᠲᠠ᠎ᠪᠠᠷ ᠳᠠᠮᠵᠢᠭ᠋ᠠᠳ᠂ ᠰᠠᠢ᠍ᠢ᠍ᠬᠠᠨᠳᠠᠪᠠᠭ᠎ᠠ ᠵᠢᠨ ᠵᠣᠷᠢᠭ ᠰᠠᠨᠠᠭ᠎ᠠ ᠪᠠ ᠤᠢ ᠰᠢᠭᠤᠢ ᠵᠢᠨ ᠲᠠᠯᠠᠪᠠᠢ ᠵᠢᠨ ᠪᠦᠳᠦᠭᠡᠨ ᠪᠠᠶ᠋ᠢᠭᠤᠯᠤᠯᠲᠠ ᠵᠢᠨ ᠦᠷ᠎ᠡ ᠪᠦᠲᠦᠭᠡᠯ᠎ᠳᠤ ᠮᠠᠰᠢ ᠰᠡᠳᠬᠢᠯ ᠬᠥᠳᠡᠯᠵᠦ᠂ ᠨᠢᠳᠤᠨᠤᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ 《ᠳᠡᠯᠡᠬᠡᠢ ᠵᠢᠨ ᠪᠥᠮᠪᠥᠷᠴᠡᠭ᠎ᠤᠨ ᠰᠢᠳᠠᠷ ᠬᠠᠮᠠᠭ᠋ᠠᠯᠠᠭᠴᠢ》 ᠵᠢᠨ ᠱᠠᠩᠨᠠᠯ᠎ᠢ ᠰᠠᠢ᠍ᠢ᠍ᠬᠠᠨᠳᠠᠪᠠᠭ᠎ᠠ ᠤᠢ ᠰᠢᠭᠤᠢ ᠵᠢᠨ ᠲᠠᠯᠠᠪᠠᠢ᠎ᠳᠤ ᠣᠯᠭᠣᠭᠰᠠᠨ᠎ᠨᠢ ᠪᠦᠷᠢᠮᠦᠰᠦᠨ ᠵᠥᠪ ᠣᠨᠣᠪᠴᠢᠲᠠᠶ ᠲᠣᠭᠲᠠᠭ᠋ᠠᠯ ᠭᠡᠳᠡᠭ᠎ᠢ ᠤᠯᠠᠮ ᠨᠢᠭᠡ ᠠᠯᠬᠤᠮ ᠨᠤᠲᠠᠯᠠᠭᠰᠠᠨ ᠪᠠᠶ᠋ᠢᠨ᠎ᠠ ᠭᠡᠵᠡᠢ᠃
      ᠬᠣᠶᠠᠷ ᠲᠠᠯ᠎ᠠ᠎ᠪᠠᠷ ᠵᠶ᠋ᠠᠨ ᠪᠠᠰᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ ᠪᠠ ᠣᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠬᠠᠮᠲᠤᠷᠠᠯᠴᠠᠭ᠎ᠠ ᠵᠢᠨ ᠦᠢ᠍ᠯᠠᠭ᠋ᠠᠯᠴᠠᠭ᠋ᠠᠨ᠎ᠤ ᠰᠠᠨᠠᠭᠤᠯᠤᠮᠵᠢ》᠎ᠳᠤ ᠬᠠᠮᠲᠤ᠎ᠪᠠᠷ ᠭᠠᠷ᠎ᠤᠨ ᠦᠰᠦᠭ ᠵᠢᠷᠤᠪᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠣᠷᠴᠢᠨ ᠲᠣᠭᠣᠷᠢᠨ᠎ᠤ ᠬᠠᠤᠯᠢ ᠪᠠᠷᠢᠯᠲᠠ ᠵᠢᠨ ᠤᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ᠎ᠳᠤ ᠶᠠᠪᠤᠭᠳᠠᠪᠠ
ᠬᠠᠨ ᠵᠧᠩ ᠬᠥᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠪᠣᠳᠠᠲᠤ ᠦᠷ᠎ᠡ ᠪᠦᠲᠦᠮᠵᠢ᠎ᠪᠠᠷ ᠵᠶ᠋ᠠᠨ ᠠᠷᠠᠳ᠎ᠤᠨ ᠢᠲᠡᠭᠡᠯ᠎ᠢ ᠤᠯᠬᠤ ᠬᠡᠷᠡᠭᠲᠡᠢ ᠭᠡᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠰᠬᠠᠶ ᠰᠡᠳᠦᠪ᠎ᠤᠨ ᠠᠵᠢᠯ᠎ᠤᠨ ᠬᠤᠷᠠᠯ ᠳᠡᠭᠡᠷ᠎ᠡ ᠴᠢᠬᠤᠯᠠᠴᠢᠯᠠᠵᠠᠢ
ᠱᠠᠨᠰᠢ ᠮᠤᠵᠢ ᠵᠢᠨ ᠨᠠᠮ᠎ᠤᠨ ᠬᠣᠷᠢᠶ᠎ᠠ᠎ᠠᠴᠠ ᠴᠢᠨᠯᠢᠩ ᠨᠢᠷᠤᠭᠤ ᠵᠢᠨ ᠠᠷᠤ ᠬᠣᠷᠮᠣᠢ ᠵᠢᠨ ᠲᠣᠭᠲᠠᠭ᠋ᠠᠯ᠎ᠠᠴᠠ ᠵᠥᠷᠢᠴᠡᠨ ᠵᠤᠰᠠᠯᠠᠩ ᠪᠠᠢ᠌ᠭᠤᠯᠬᠤ ᠠᠰᠠᠭᠤᠳᠠᠯ᠎ᠳᠤ ᠲᠤᠰᠬᠠᠢ᠌ᠯᠠᠨ ᠴᠡᠭᠴᠡᠯᠡᠨ ᠵᠠᠰᠠᠯᠲᠠ ᠬᠢᠵᠦ ᠲᠤᠢ᠌ᠯᠪᠤᠷᠢᠲᠠᠢ ᠢᠯᠭ᠋ᠠᠨ ᠪᠠᠢ᠌ᠴᠠᠭ᠋ᠠᠵᠤ ᠲᠤᠢ᠌ᠯᠪᠤᠷᠢᠲᠠᠢ ᠴᠡᠭᠴᠡᠯᠡᠨ ᠵᠠᠰᠠᠵᠤ ᠲᠤᠢ᠌ᠯᠪᠤᠷᠢᠲᠠᠢ ᠪᠠᠢ᠌ᠴᠠᠭ᠋ᠠᠨ ᠰᠢᠢ᠍ᠳᠪᠦᠷᠢᠯᠡᠵᠦ ᠪᠠᠢ᠌ᠨ᠎ᠠ
ᠮᠣᠨᠠᠺᠣ ᠵᠢᠨ ᠲᠡᠷᠢᠭᠦᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠳᠠᠭ᠋ᠠᠭᠤᠯᠢ ᠣᠳᠣᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠤ ᠲᠥᠪ᠎ᠲᠤ ᠬᠦᠷᠴᠦ ᠰᠢᠯᠭ᠋ᠠᠨ ᠦᠵᠡᠭᠰᠡᠨ᠎ᠤ ᠬᠠᠮᠲᠤ ᠳᠡᠭᠡᠳᠦ ᠳᠡᠰ᠎ᠤᠨ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ
ᠬᠠᠨ ᠵᠧᠩ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ 2018 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠪᠠ
 
             蒙ICP备05000248号