ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠣᠷᠴᠢᠨ ᠲᠣᠭᠣᠷᠢᠨ᠎ᠤ ᠬᠠᠤᠯᠢ ᠪᠠᠷᠢᠯᠲᠠ ᠵᠢᠨ ᠤᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ᠎ᠳᠤ ᠶᠠᠪᠤᠭᠳᠠᠪᠠ
ᠨᠡᠶ᠋ᠢᠲᠡᠯᠡᠭᠰᠡᠨ ᠴᠠᠭ᠄ 2018-07-10

      ᠣᠷᠴᠢᠨ ᠲᠣᠭᠣᠷᠢᠨ᠎ᠤ ᠬᠠᠤᠯᠢ ᠪᠠᠷᠢᠯᠲᠠ ᠵᠢᠨ ᠣᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ ᠥᠨᠥᠳᠦᠷ ᠪᠡᠭᠡᠵᠢᠩ᠎ᠳᠤ 《ᠬᠠᠤᠯᠢ ᠴᠠᠭ᠋ᠠᠵᠠ ᠵᠢᠨ ᠪᠦᠬᠦ ᠪᠥᠮᠪᠥᠷᠴᠡᠭ᠎ᠤᠨ ᠣᠷᠴᠢᠨ ᠲᠣᠭᠣᠷᠢᠨ᠎ᠤ ᠵᠠᠰᠠᠯᠲᠠ᠎ᠳᠠᠬᠢ ᠦᠢ᠍ᠯᠡᠳᠦᠯ》 ᠭᠡᠬᠦ ᠭᠣᠣᠯ ᠰᠡᠳᠦᠪ ᠵᠶ᠋ᠡᠷ ᠬᠤᠷᠠᠯᠳᠤᠪᠠ᠃
      ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠳᠠᠷᠤᠭ᠎ᠠ ᠵᠧᠦ ᠴᠢᠶᠠᠩ ᠪᠠᠶᠠᠷ᠎ᠤᠨ ᠦᠭᠡ ᠬᠡᠯᠡᠬᠦ᠎ᠳᠤ᠎ᠪᠠᠨ᠂ ᠠᠮᠢ ᠠᠬᠤᠶ ᠵᠢᠨ ᠪᠣᠯᠪᠠᠰᠤᠨ ᠪᠣᠯ ᠬᠥᠮᠦᠨ ᠲᠥᠷᠥᠯᠬᠢᠲᠡᠨ᠎ᠤ ᠨᠡᠶ᠋ᠢᠭᠡᠮ᠎ᠤᠨ ᠳᠠᠪᠰᠢᠯᠲᠠ ᠵᠢᠨ ᠴᠢᠬᠤᠯᠠ ᠶᠡᠬᠡ ᠦᠷ᠎ᠡ ᠪᠦᠲᠦᠭᠡᠯ ᠶᠤᠮ᠂ ᠬᠥᠮᠦᠨ ᠪᠣᠯᠤᠨ ᠪᠠᠶ᠋ᠢᠭ᠋ᠠᠯᠢ ᠵᠢᠨ ᠡᠶ᠎ᠡ ᠵᠣᠬᠢᠴᠠᠯ᠎ᠲᠠᠢ᠎ᠪᠠᠷ ᠬᠠᠮᠲᠤ ᠣᠷᠣᠰᠢᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃ ᠠᠮᠢ ᠠᠬᠤᠶ ᠵᠢᠨ ᠪᠣᠯᠪᠠᠰᠤᠨ᠎ᠢ ᠪᠠᠶ᠋ᠢᠭᠤᠯᠬᠤ᠎ᠳᠤ ᠦᠢ᠍ᠯᠡᠳᠪᠦᠷᠢᠯᠡᠯ᠎ᠤᠨ ᠠᠷᠭ᠎ᠠ᠂ ᠠᠮᠢᠳᠤᠷᠠᠯ᠎ᠤᠨ ᠠᠷᠭ᠎ᠠ ᠮᠠᠶᠢᠭ᠂ ᠰᠡᠳᠬᠢᠬᠦᠶ ᠵᠢᠨ ᠠᠷᠭ᠎ᠠ ᠬᠡᠯᠪᠡᠷᠢ ᠪᠣᠯᠤᠨ ᠦᠷᠲᠡᠭ᠎ᠤᠨ ᠦᠵᠡᠯᠲᠡ᠎ᠲᠠᠢ ᠬᠣᠯᠪᠣᠭᠳᠠᠬᠤ ᠴᠢᠬᠤᠯᠠ ᠶᠡᠬᠡ ᠬᠤᠪᠢᠰᠤᠯᠲᠠ ᠮᠥᠨ᠃ ᠡᠶ᠋ᠢᠮᠦ ᠬᠤᠪᠢᠰᠤᠯᠲᠠ ᠵᠢ ᠪᠡᠶᠡᠯᠡᠭᠦᠯᠬᠦ᠎ᠳᠤ ᠡᠷᠬᠡᠪᠰᠢ ᠲᠦᠷᠢᠮ᠎ᠳᠤ ᠲᠦᠰᠢᠭᠯᠡᠬᠦ ᠪᠠ ᠬᠠᠤᠯᠢ᠎ᠪᠠᠷ ᠵᠠᠰᠠᠬᠤ᠂ ᠣᠷᠴᠢᠨ ᠨᠥᠬᠥᠴᠡᠯ᠎ᠢ ᠬᠠᠤᠯᠢ ᠴᠠᠭ᠋ᠠᠵᠠ᠎ᠪᠠᠷ ᠬᠠᠮᠠᠭ᠋ᠠᠯᠠᠬᠤ ᠠᠵᠢᠯ᠎ᠢ ᠡᠷᠬᠡᠪᠰᠢ ᠴᠢᠩᠭ᠋ᠠᠳᠬᠠᠬᠤ ᠬᠡᠷᠡᠭᠲᠡᠶ᠃ ᠰᠢ ᠵᠢᠨ ᠫᠢᠩ᠎ᠤᠨ ᠠᠮᠢ ᠠᠬᠤᠶ ᠵᠢᠨ ᠪᠣᠯᠪᠠᠰᠤᠨ᠎ᠤ ᠦᠵᠡᠯ ᠰᠠᠨᠠᠭ᠋ᠠᠨ᠎ᠤ ᠵᠢᠯᠤᠭᠤᠳᠤᠯᠭ᠎ᠠ ᠳᠣᠣᠷ᠎ᠠ᠂ ᠳᠤᠮᠳᠠᠳᠤ ᠤᠯᠤᠰ ᠣᠷᠴᠢᠨ ᠲᠣᠭᠣᠷᠢᠨ᠎ᠤ ᠬᠠᠤᠯᠢ ᠲᠣᠭᠲᠠᠭ᠋ᠠᠬᠤ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠣᠷᠴᠢᠨ ᠲᠣᠭᠣᠷᠢᠨ᠎ᠤ ᠬᠠᠤᠯᠢ ᠵᠢ ᠬᠡᠷᠡᠭᠵᠢᠭᠦᠯᠬᠦ ᠵᠢ ᠦᠷᠭᠦᠯᠵᠢᠯᠡᠨ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢ ᠲᠦᠷᠭᠡᠳᠬᠡᠨ ᠠᠬᠢᠭᠤᠯᠪᠠ᠃ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠬᠥᠭᠵᠢᠭᠦᠯᠵᠦ᠂ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠠᠶ᠋ᠢᠭᠤᠯᠬᠤ ᠠᠵᠢᠯ᠎ᠢ ᠦᠨᠳᠦᠰᠦᠨ ᠬᠠᠤᠯᠢ᠎ᠳᠤ ᠪᠢᠴᠢᠨ ᠣᠷᠣᠭᠤᠯᠵᠤ᠂ 《ᠢᠷᠭᠡᠨ᠎ᠤ ᠬᠠᠤᠯᠢ ᠵᠢᠨ ᠶᠡᠷᠦᠩᠬᠡᠶ ᠳᠦᠷᠢᠮ》᠎ᠨᠢ ᠡᠬᠢ ᠪᠠᠶᠠᠯᠢᠭ᠎ᠢ ᠠᠷᠪᠢᠯᠠᠨ ᠭᠠᠮᠨᠠᠬᠤ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ᠎ᠪᠠᠷ ᠲᠣᠭᠲᠠᠭ᠋ᠠᠭᠰᠠᠨ ᠢᠷᠭᠡᠨ᠎ᠤ ᠬᠡᠷᠡᠭ᠎ᠤᠨ ᠠᠵᠢᠯᠯᠠᠭ᠎ᠠ ᠵᠢ ᠨᠡᠶ᠋ᠢᠳᠡᠮ ᠵᠢᠷᠤᠮᠯᠠᠳᠠᠭ ᠦᠨᠳᠦᠰᠦᠨ ᠵᠠᠷᠴᠢᠮ ᠪᠣᠯᠭ᠋ᠠᠪᠠ᠃ ᠳᠤᠮᠳᠠᠳᠤ ᠤᠯᠤᠰ ᠬᠠᠮᠤᠭ᠎ᠤᠨ ᠴᠢᠩᠭ᠎ᠠ ᠳᠦᠷᠢᠮ ᠬᠡᠷᠡᠭᠵᠢᠭᠦᠯᠬᠦ ᠵᠢ ᠴᠢᠬᠤᠯᠠᠴᠢᠯᠠᠵᠤ᠂ ᠬᠠᠮᠤᠭ᠎ᠤᠨ ᠨᠢᠭᠲᠠ ᠴᠢᠩᠭ᠎ᠠ ᠬᠠᠤᠯᠢ᠎ᠪᠠᠷ ᠵᠠᠰᠠᠬᠤ᠂ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠬᠦᠴᠦᠨ᠎ᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠬᠠᠮᠲᠤᠷᠠᠨ ᠬᠠᠤᠯᠢ ᠬᠡᠷᠡᠭᠵᠢᠭᠦᠯᠬᠦ᠂ ᠣᠷᠣᠨ ᠪᠦᠰᠡ᠎ᠪᠠᠷ ᠬᠠᠤᠯᠢ ᠬᠡᠷᠡᠭᠵᠢᠭᠦᠯᠬᠦ᠂ ᠰᠣᠯᠪᠢᠴᠠᠨ ᠬᠠᠤᠯᠢ ᠬᠡᠷᠡᠭᠵᠢᠭᠦᠯᠬᠦ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠬᠠᠤᠯᠢ ᠶᠣᠰᠣᠭ᠋ᠠᠷ ᠴᠢᠩᠭ᠎ᠠ ᠴᠣᠬᠢᠯᠲᠠ ᠥᠭᠴᠦ ᠪᠠᠢ᠌ᠨ᠎ᠠ᠃ ᠡᠯ᠎ᠡ ᠱᠠᠲᠤᠨ᠎ᠤ ᠰᠢᠭᠦᠬᠦ   ᠬᠣᠷᠢᠶ᠎ᠠ ᠰᠢ ᠵᠢᠨ ᠫᠢᠩ ᠎ᠤᠨ ᠠᠮᠢ   ᠠᠬᠤᠢ ᠵᠢᠨ   ᠪᠣᠯᠪᠠᠰᠤᠨ ᠎ᠤ ᠦᠵᠡᠯ ᠰᠠᠨᠠᠭ᠎ᠠ ᠵᠢ ᠬᠠᠤᠯᠢ ᠴᠠᠭ᠋ᠠᠵᠠ ᠵᠢᠨ ᠰᠢᠭᠦᠨ ᠲᠠᠰᠤᠯᠬᠤ ᠡᠯ᠎ᠡ ᠬᠦᠷᠢᠶ᠎ᠡ᠎ᠳᠤ ᠲᠤᠭᠤᠰᠢᠯᠠᠭᠤᠯᠤᠨ᠂ ᠡᠯ᠎ᠡ ᠵᠠᠩᠭᠢᠯᠠᠭ᠎ᠠ᠎ᠳᠤ ᠲᠤᠤᠱᠯᠠᠭᠤᠯᠵᠤ᠂ ᠰᠢᠭᠦᠨ ᠲᠠᠰᠤᠯᠬᠤ ᠪᠠᠶ᠋ᠢᠭᠤᠯᠤᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠬᠡᠷᠡᠭ᠎ᠢ ᠰᠢᠭᠦᠬᠦ ᠲᠤᠰᠬᠠᠢ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠠᠬᠢᠭᠤᠯᠵᠤ᠂ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠤᠨᠤᠯ᠎ᠢ ᠰᠤᠳᠤᠯᠬᠤ ᠵᠢ ᠠᠬᠢᠭᠤᠯᠤᠨ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢ ᠲᠠᠰᠤᠷᠠᠯᠲᠠ ᠦᠭᠡᠢ ᠬᠥᠭᠵᠢᠭᠦᠯᠵᠦ ᠪᠠᠢ᠌ᠨ᠎ᠠ ᠭᠡᠵᠡᠢ᠃
      ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠢᠯᠡᠷᠬᠡᠢ᠌ᠯᠡᠭᠰᠡᠨ᠎ᠨᠢ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠠᠤᠯᠢ ᠪᠠᠷᠢᠬᠤ ᠬᠡᠪᠴᠢᠶᠡᠨ᠎ᠳᠤ ᠢᠳᠡᠪᠬᠢᠲᠡᠶ ᠬᠠᠶ᠋ᠢᠨ ᠰᠦᠪᠡᠭᠴᠢᠯᠡᠵᠦ᠂ ᠢᠯᠡᠳᠲᠡ ᠦᠷ᠎ᠡ ᠪᠦᠲᠦᠮᠵᠢ ᠣᠯᠣᠭᠰᠠᠨ   ᠶᠠᠪᠤᠳᠠᠯ  ᠎ᠨᠢ   ᠴᠢᠬᠤᠯᠠ   ᠶᠡᠬᠡ ᠠᠴᠢ ᠬᠣᠯᠪᠣᠭᠳᠠᠯ᠎ᠲᠠᠢ ᠪᠠᠷᠠᠬᠤ ᠦᠭᠡᠢ᠂ ᠪᠤᠰᠤᠳ ᠤᠯᠤᠰ ᠣᠷᠣᠨ᠎ᠳᠤ ᠠᠰᠢᠭᠲᠠᠢ ᠲᠤᠷᠰᠢᠯᠭ᠎ᠠ ᠬᠠᠩᠭ᠋ᠠᠭᠰᠠᠨ ᠪᠠᠶ᠋ᠢᠨ᠎ᠠ᠃ ᠡᠳᠡᠭᠡᠷ ᠠᠮᠵᠢᠯᠲᠠ ᠵᠢ ᠣᠯᠤᠭᠰᠠᠨ ᠲᠤᠷᠰᠢᠯᠭ᠎ᠠ᠎ᠳᠤ᠄ ᠣᠷᠴᠢᠨ ᠲᠣᠭᠣᠷᠢᠨ᠎ᠤ ᠲᠤᠬᠠᠶ ᠵᠠᠷᠭᠤ ᠵᠢᠨ ᠰᠢᠨᠵᠢᠯᠡᠬᠦ ᠤᠬᠠᠭ᠋ᠠᠨᠴᠢ ᠲᠦᠷᠢᠮ᠎ᠤᠨ ᠰᠢᠰᠲ᠋ᠧᠮ᠎ᠢ ᠪᠠᠢ᠌ᠭᠤᠯᠬᠤ ᠵᠢ ᠢᠳᠡᠪᠬᠢᠲᠡᠶ ᠲᠦᠯᠬᠢᠨ ᠠᠬᠢᠭᠤᠯᠵᠤ᠂ ᠣᠷᠴᠢᠨ ᠲᠣᠭᠣᠷᠢᠨ᠎ᠤ ᠢᠷᠭᠡᠨ᠎ᠤ ᠬᠡᠷᠡᠭ᠎ᠤᠨ ᠨᠡᠶ᠋ᠢᠲᠡ ᠵᠢᠨ ᠠᠰᠠᠷᠠᠮᠵᠢ ᠵᠢᠨ ᠵᠠᠷᠭᠤ ᠵᠢᠨ ᠲᠦᠷᠢᠮ ᠪᠠ ᠠᠮᠢ ᠠᠬᠤᠶ ᠵᠢᠨ ᠣᠷᠴᠢᠨ ᠲᠣᠭᠣᠷᠢᠨ᠎ᠢ ᠡᠪᠳᠡᠵᠦ ᠬᠣᠬᠢᠷᠠᠭᠤᠯᠤᠭᠰᠠᠨ ᠲᠥᠯᠥᠪᠦᠷᠢ ᠵᠢᠨ ᠵᠠᠷᠭᠤ ᠵᠢᠨ ᠳᠦᠷᠢᠮ᠎ᠢ ᠰᠢᠨᠡᠴᠢᠯᠡᠨ ᠬᠥᠭᠵᠢᠭᠦᠯᠦᠭᠰᠡᠨ᠂ ᠠᠮᠢ ᠠᠬᠤᠶ ᠵᠢᠨ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠬᠠᠮᠠᠭ᠋ᠠᠯᠠᠯᠲᠠ᠎ᠢ ᠪᠦᠬᠦ ᠲᠠᠯ᠎ᠠ᠎ᠪᠠᠷ ᠪᠡᠶᠡᠯᠡᠭᠦᠯᠬᠦ ᠵᠡᠷᠭᠡ ᠪᠣᠯᠣᠨ᠎ᠠ᠃
      ᠹᠷᠠᠨᠼᠢ ᠵᠢᠨ ᠦᠨᠳᠦᠰᠦᠨ ᠬᠠᠤᠯᠢ ᠵᠢᠨ ᠵᠥᠪᠯᠡᠯ᠎ᠤᠨ ᠲᠡᠷᠢᠭᠦᠯᠡᠭᠴᠢ ᠯᠠᠤᠢ᠍ᠷᠸᠨ᠋ᠲ · ᠹᠠᠪᠶᠦᠰ᠂ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠨᠠᠷᠢᠨ ᠪᠢᠴᠢᠭ᠎ᠤᠨ ᠳᠡᠳ᠋ ᠳᠠᠷᠤᠭ᠎ᠠ ᠪᠥᠭᠡᠳ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠭᠦᠢ᠍ᠴᠡᠳᠬᠡᠭᠴᠢ ᠡᠷᠬᠢᠯᠡᠭᠴᠢ ᠠᠢ᠌ᠷᠢᠺᠧ · ᠰᠤᠷᠬᠠᠢ᠌ᠮᠣ᠋ ᠡᠬᠢᠯᠡᠯᠲᠡ ᠵᠢᠨ ᠶᠣᠰᠣᠯᠠᠯ ᠳᠡᠭᠡᠷ᠎ᠡ ᠪᠠᠶᠠᠷ᠎ᠤᠨ ᠦᠭᠡ ᠬᠡᠯᠡᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠬᠠᠨ ᠵᠧᠩ ᠬᠥᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠪᠣᠳᠠᠲᠤ ᠦᠷ᠎ᠡ ᠪᠦᠲᠦᠮᠵᠢ᠎ᠪᠠᠷ ᠵᠶ᠋ᠠᠨ ᠠᠷᠠᠳ᠎ᠤᠨ ᠢᠲᠡᠭᠡᠯ᠎ᠢ ᠤᠯᠬᠤ ᠬᠡᠷᠡᠭᠲᠡᠢ ᠭᠡᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠰᠬᠠᠶ ᠰᠡᠳᠦᠪ᠎ᠤᠨ ᠠᠵᠢᠯ᠎ᠤᠨ ᠬᠤᠷᠠᠯ ᠳᠡᠭᠡᠷ᠎ᠡ ᠴᠢᠬᠤᠯᠠᠴᠢᠯᠠᠵᠠᠢ
ᠱᠠᠨᠰᠢ ᠮᠤᠵᠢ ᠵᠢᠨ ᠨᠠᠮ᠎ᠤᠨ ᠬᠣᠷᠢᠶ᠎ᠠ᠎ᠠᠴᠠ ᠴᠢᠨᠯᠢᠩ ᠨᠢᠷᠤᠭᠤ ᠵᠢᠨ ᠠᠷᠤ ᠬᠣᠷᠮᠣᠢ ᠵᠢᠨ ᠲᠣᠭᠲᠠᠭ᠋ᠠᠯ᠎ᠠᠴᠠ ᠵᠥᠷᠢᠴᠡᠨ ᠵᠤᠰᠠᠯᠠᠩ ᠪᠠᠢ᠌ᠭᠤᠯᠬᠤ ᠠᠰᠠᠭᠤᠳᠠᠯ᠎ᠳᠤ ᠲᠤᠰᠬᠠᠢ᠌ᠯᠠᠨ ᠴᠡᠭᠴᠡᠯᠡᠨ ᠵᠠᠰᠠᠯᠲᠠ ᠬᠢᠵᠦ ᠲᠤᠢ᠌ᠯᠪᠤᠷᠢᠲᠠᠢ ᠢᠯᠭ᠋ᠠᠨ ᠪᠠᠢ᠌ᠴᠠᠭ᠋ᠠᠵᠤ ᠲᠤᠢ᠌ᠯᠪᠤᠷᠢᠲᠠᠢ ᠴᠡᠭᠴᠡᠯᠡᠨ ᠵᠠᠰᠠᠵᠤ ᠲᠤᠢ᠌ᠯᠪᠤᠷᠢᠲᠠᠢ ᠪᠠᠢ᠌ᠴᠠᠭ᠋ᠠᠨ ᠰᠢᠢ᠍ᠳᠪᠦᠷᠢᠯᠡᠵᠦ ᠪᠠᠢ᠌ᠨ᠎ᠠ
ᠮᠣᠨᠠᠺᠣ ᠵᠢᠨ ᠲᠡᠷᠢᠭᠦᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠳᠠᠭ᠋ᠠᠭᠤᠯᠢ ᠣᠳᠣᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠤ ᠲᠥᠪ᠎ᠲᠤ ᠬᠦᠷᠴᠦ ᠰᠢᠯᠭ᠋ᠠᠨ ᠦᠵᠡᠭᠰᠡᠨ᠎ᠤ ᠬᠠᠮᠲᠤ ᠳᠡᠭᠡᠳᠦ ᠳᠡᠰ᠎ᠤᠨ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ
ᠬᠠᠨ ᠵᠧᠩ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ 2018 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠪᠠ
ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠠᠮᠧᠷᠢᠺᠠ ᠵᠢᠨ ᠺᠠᠯᠢᠹᠤᠷᠨᠢᠶ᠎ᠠ ᠵᠧᠦ ᠵᠢᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠠᠵᠢᠯᠯᠠᠭ᠎ᠠ ᠵᠢᠨ ᠲᠦᠷᠦᠭᠦᠴᠦᠳ᠎ᠤᠨ ᠬᠤᠷᠠᠯ᠎ᠤᠨ ᠰᠢᠷᠢᠰ ᠬᠥᠳᠡᠯᠭᠡᠭᠡᠨ᠎ᠳᠤ ᠣᠷᠣᠯᠴᠠᠪᠠ
 
             蒙ICP备05000248号