ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠬᠠᠨ ᠵᠧᠩ ᠬᠥᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠪᠣᠳᠠᠲᠤ ᠦᠷ᠎ᠡ ᠪᠦᠲᠦᠮᠵᠢ᠎ᠪᠠᠷ ᠵᠶ᠋ᠠᠨ ᠠᠷᠠᠳ᠎ᠤᠨ ᠢᠲᠡᠭᠡᠯ᠎ᠢ ᠤᠯᠬᠤ ᠬᠡᠷᠡᠭᠲᠡᠢ ᠭᠡᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠰᠬᠠᠶ ᠰᠡᠳᠦᠪ᠎ᠤᠨ ᠠᠵᠢᠯ᠎ᠤᠨ ᠬᠤᠷᠠᠯ ᠳᠡᠭᠡᠷ᠎ᠡ ᠴᠢᠬᠤᠯᠠᠴᠢᠯᠠᠵᠠᠢ
ᠨᠡᠶ᠋ᠢᠲᠡᠯᠡᠭᠰᠡᠨ ᠴᠠᠭ᠄ 2018-09-12

      ᠰᠢᠨᠬᠤᠸᠠ ᠬᠣᠷᠢᠶᠠᠨ᠎ᠤ 8 ᠰᠠᠷ᠎ᠠ ᠵᠢᠨ 29 ᠎ᠤ ᠡᠳᠦᠷ᠎ᠤᠨ ᠴᠠᠬᠢᠯᠭ᠋ᠠᠨ ᠮᠡᠳᠡᠭᠡ᠎ᠠᠴᠠ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠭᠡᠰᠢᠭᠦᠨ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠶ᠋ᠢᠳ ᠬᠠᠨ ᠵᠧᠩ 29 ᠎ᠤ ᠡᠳᠦᠷ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠰᠬᠠᠶ ᠰᠡᠳᠦᠪ᠎ᠤᠨ ᠠᠵᠢᠯ᠎ᠤᠨ ᠬᠤᠷᠠᠯ ᠬᠤᠷᠠᠯᠳᠤᠭᠤᠯᠵᠤ᠂ ᠨᠠᠮ᠎ᠤᠨ ᠲᠥᠪ ᠬᠣᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠬᠥᠬᠡ ᠣᠭᠲᠠᠷᠭᠤᠢ ᠵᠢ ᠬᠠᠮᠠᠭ᠋ᠠᠯᠠᠬᠤ ᠲᠤᠬᠠᠶ ᠰᠢᠢ᠍ᠳᠪᠦᠷᠢᠲᠦ   ᠪᠤᠳᠤᠯᠭ᠎ᠠ ᠵᠢᠨ   ᠪᠠᠶ᠋ᠢᠷᠢᠯᠠᠭᠤᠯᠤᠯᠲᠠ ᠵᠢ   ᠲᠤᠤᠱᠯᠠᠭᠤᠯᠤᠨ ᠨᠠᠶ᠋ᠢᠳᠠᠪᠤᠷᠢᠵᠢᠭᠤᠯᠵᠤ᠂ 《ᠪᠡᠭᠡᠵᠢᠩ ᠲᠢᠶᠠᠨᠵᠢᠨ ᠾᠸᠪᠸᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ   ᠮᠠᠨᠳᠠᠯ᠎ᠤᠨ   ᠪᠣᠬᠢᠷᠲᠤᠯ᠎ᠢ ᠶᠡᠷᠦᠩᠬᠡᠶ᠋ᠢᠯᠡᠨ   ᠵᠠᠰᠠᠬᠤ ᠪᠡᠷᠬᠡᠲᠡᠢ ᠰᠡᠳᠦᠪ᠎ᠢ ᠰᠢᠢ᠍ᠳᠪᠦᠷᠢᠯᠡᠬᠦ ᠠᠵᠢᠯᠯᠠᠭ᠋ᠠᠨ᠎ᠤ ᠲᠥᠰᠦᠯ》 ᠵᠡᠷᠭᠡ ᠪᠢᠴᠢᠭ ᠮᠠᠲ᠋ᠧᠷᠢᠶᠠᠯ᠎ᠢ ᠶᠠᠷᠢᠯᠴᠠᠵᠤ᠂ ᠪᠡᠭᠡᠵᠢᠩ ᠲᠢᠶᠠᠨᠵᠢᠨ ᠾᠸᠪᠸᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠂ ᠹᠸᠨ ᠾᠧ ᠭᠣᠣᠯ᠂ ᠸᠧᠶ ᠾᠧ ᠭᠣᠣᠯ᠎ᠤᠨ ᠲᠠᠯ᠎ᠠ ᠭᠠᠵᠠᠷ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠭᠣᠣᠯᠳᠠᠯᠭ᠎ᠠ᠎ᠲᠠᠢ ᠠᠵᠢᠯ᠎ᠢ ᠪᠠᠶ᠋ᠢᠷᠢᠯᠠᠭᠤᠯᠪᠠ᠃
      ᠬᠠᠨ ᠵᠧᠩ ᠴᠢᠬᠤᠯᠠᠴᠢᠯᠠᠭᠰᠠᠨ᠎ᠨᠢ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠎ᠨᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ ᠡᠯ᠎ᠡ ᠭᠠᠵᠠᠷ ᠣᠷᠣᠨ ᠡᠯ᠎ᠡ ᠬᠣᠯᠪᠣᠭᠳᠠᠯ ᠪᠥᠬᠥᠢ ᠰᠠᠯᠠᠭ᠎ᠠ ᠮᠥᠴᠢᠷ ᠪᠥᠬᠥ ᠲᠠᠯ᠎ᠠ ᠪᠠ ᠪᠠᠶ᠋ᠢᠯᠳᠤᠬᠤ ᠪᠤᠳᠤᠯᠭ᠎ᠠ ᠵᠢᠨ ᠦᠨᠳᠦᠷᠴᠡ᠎ᠠᠴᠠ ᠲᠠᠨᠢᠯᠲᠠ᠎ᠪᠠᠨ ᠭᠦᠨᠵᠡᠭᠡᠶ᠋ᠢᠷᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠠᠭ᠋ᠠᠷ᠎ᠤᠨ ᠶᠠᠰᠤ ᠴᠢᠨᠠᠷ᠎ᠢ ᠢᠯᠡᠳᠲᠡ ᠰᠠᠶ᠋ᠢᠵᠢᠷᠠᠭᠤᠯᠬᠤ᠎ᠪᠠᠷ ᠬᠠᠲᠠᠭᠤ ᠱᠠᠭ᠋ᠠᠷᠳᠠᠯᠭ᠎ᠠ᠎ᠪᠠᠨ ᠪᠣᠯᠭ᠋ᠠᠵᠤ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠤᠯᠬᠤ ᠬᠡᠷᠡᠭᠲᠡᠢ ᠭᠡᠵᠡᠢ᠃
      ᠬᠠᠨ ᠵᠧᠩ ᠵᠢᠭ᠋ᠠᠭᠰᠠᠨ᠎ᠨᠢ᠂ ᠪᠦᠳᠦᠭᠦᠯᠢᠭ ᠵᠶ᠋ᠠᠷ ᠬᠥᠭᠵᠢᠭᠦᠯᠬᠦ ᠠᠷᠭ᠎ᠠ ᠮᠠᠶᠢᠭ ᠪᠣᠯ ᠠᠭ᠋ᠠᠷ ᠮᠠᠨᠳᠠᠯ ᠬᠦᠨᠳᠦ ᠨᠣᠴᠢᠲᠠᠶ ᠪᠣᠯᠵᠤ ᠪᠠᠢ᠌ᠭ᠎ᠠ ᠵᠢᠨ ᠦᠨᠳᠦᠰᠦᠨ ᠰᠢᠯᠲᠠᠭ᠋ᠠᠨ ᠪᠣᠯᠣᠨ᠎ᠠ᠂ ᠤᠢ᠍ᠩᠭᠡᠠ ᠲᠠᠯ᠎ᠠ ᠪᠠ ᠤᠬ ᠦᠨᠳᠦᠰᠦ ᠵᠢ᠎ᠨᠢ ᠵᠡᠷᠭᠡᠪᠡᠷ ᠵᠠᠰᠠᠵᠤ᠂ ᠤᠭ ᠦᠨᠳᠦᠰᠦᠨ᠎ᠠᠴᠠ᠎ᠨᠢ ᠵᠠᠰᠠᠬᠤ ᠵᠢ ᠲᠤᠪᠤᠢ᠍ᠢ᠍ᠯᠭ᠋ᠠᠵᠦ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ ᠵᠢ ᠲᠦᠷᠭᠡᠳᠬᠡᠨ᠎ᠡ᠃ ᠪᠣᠬᠢᠷᠲᠤᠯ᠎ᠢ ᠵᠠᠰᠠᠬᠤ ᠪᠠᠷᠢᠯᠭ᠎ᠠ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶ᠎ᠡ ᠴᠠᠷᠠᠭ᠎ᠠ ᠵᠢᠨ ᠬᠢᠮᠳᠠ ᠦᠨ᠎ᠡ᠎ᠪᠠᠷ ᠳᠠᠭ᠋ᠠᠭ᠋ᠠᠴᠢᠯᠠᠯᠲᠠ ᠤᠯᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠪᠣᠬᠢᠷᠲᠤᠯ ᠵᠠᠰᠠᠬᠤ ᠲᠥᠬᠥᠭᠡᠷᠦᠮᠵᠢ᠎ᠨᠢ ᠪᠠᠲᠤ ᠪᠡᠬᠢ᠂ ᠬᠡᠷᠡᠭᠯᠡᠵᠦ ᠳᠡᠶ᠋ᠢᠯᠬᠦ᠂ ᠦᠷ᠎ᠡ ᠪᠦᠲᠦᠮᠵᠢ ᠰᠠᠢ᠍ᠢ᠍ᠨ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠣᠣᠯᠳᠠᠯᠭ᠎ᠠ᠎ᠲᠠᠢ ᠣᠷᠣᠨ ᠪᠦᠰᠡ ᠵᠢ ᠲᠣᠪᠣᠢ᠌ᠯᠭ᠋ᠠᠵᠤ᠂ ᠴᠠᠬᠢᠯᠭ᠋ᠠᠨ ᠬᠡᠷᠡᠭᠯᠡᠵᠦ ᠪᠣᠯᠬᠤ ᠭᠠᠵᠠᠷ᠎ᠲᠤ ᠴᠠᠬᠢᠯᠭ᠋ᠠᠨ ᠬᠡᠷᠡᠭᠯᠡᠵᠦ᠂ ᠬᠡᠢ ᠬᠡᠷᠡᠭᠯᠡᠵᠦ ᠪᠣᠯᠬᠤ ᠭᠠᠵᠠᠷ᠎ᠲᠤ ᠬᠡᠢ ᠬᠡᠷᠡᠭᠯᠡᠵᠦ᠂ ᠨᠡᠭᠦᠷᠡᠰᠦ ᠬᠡᠷᠡᠭᠯᠡᠵᠦ ᠪᠣᠯᠬᠤ ᠭᠠᠵᠠᠷ᠎ᠲᠤ ᠨᠡᠭᠦᠷᠡᠰᠦ ᠬᠡᠷᠡᠭᠯᠡᠵᠦ᠂ ᠲᠣᠰᠣ ᠬᠡᠷᠡᠭᠯᠡᠵᠦ ᠪᠣᠯᠬᠤ ᠭᠠᠵᠠᠷ᠎ᠲᠤ ᠲᠣᠰᠣ ᠬᠡᠷᠡᠭᠯᠡᠬᠦ ᠵᠠᠷᠴᠢᠮ ᠶᠣᠰᠣᠭ᠋ᠠᠷ᠂ ᠤᠮᠠᠷᠠᠲᠤ ᠣᠷᠣᠨ᠎ᠳᠤ ᠡᠪᠦᠯ᠎ᠤᠨ ᠤᠯᠠᠷᠢᠯ ᠠᠷᠢᠭᠤᠨ ᠴᠡᠪᠡᠷ ᠳᠤᠯᠠᠭ᠋ᠠᠯᠠᠭ᠎ᠠ ᠬᠠᠩᠭ᠋ᠠᠬᠤ ᠵᠢ ᠯᠠᠪᠳᠠᠭᠤᠨ ᠵᠶ᠋ᠠᠷ ᠲᠦᠯᠬᠢᠨ ᠠᠬᠢᠭᠤᠯᠵᠤ᠂ ᠤᠯᠠᠨ ᠲᠦᠮᠡᠨ᠎ᠤ ᠠᠮᠤᠷ ᠲᠦᠪᠰᠢᠨ ᠳᠤᠯᠠᠭ᠋ᠠᠨ ᠲᠠᠭ᠋ᠠᠯᠠᠮᠵᠢᠲᠠᠢ᠎ᠪᠠᠷ ᠡᠪᠦᠯᠵᠢᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ 《ᠲᠣᠰᠣ᠂ ᠵᠠᠮ᠂ ᠲᠡᠷᠭᠡ》 ᠵᠢ ᠵᠠᠰᠠᠬᠤ ᠵᠢ ᠨᠢᠭᠡᠳᠬᠡᠨ ᠲᠥᠯᠥᠪᠯᠡᠵᠦ᠂  《ᠬᠠᠷ᠎ᠠ ᠲᠣᠰᠣ ᠨᠡᠮᠡᠬᠦ ᠥᠷᠲᠡᠭᠡ ᠴᠡᠭ》  ᠎ᠲᠤ ᠴᠣᠬᠢᠯᠲᠠ ᠥᠭᠬᠦ ᠠᠵᠢᠯ᠎ᠢ ᠭᠦᠨᠵᠡᠭᠡᠶ ᠥᠷᠨᠢᠭᠦᠯᠬᠦ ᠵᠢ ᠲᠤᠰᠬᠠᠢ ᠠᠵᠢᠯᠯᠠᠭ᠎ᠠ ᠪᠣᠯᠭ᠋ᠠᠨ᠎ᠠ᠃ ᠳᠡᠭᠳᠡᠮᠡᠯ ᠲᠣᠭᠣᠰᠣ ᠰᠢᠷᠣᠢ ᠵᠢ ᠶᠡᠷᠦᠩᠬᠡᠶ᠋ᠢᠯᠡᠭᠰᠡᠨ ᠴᠡᠭᠴᠡᠯᠡᠨ ᠵᠠᠰᠠᠬᠤ ᠵᠢ ᠴᠢᠩᠭ᠋ᠠᠳᠬᠠᠨ᠎ᠠ᠃ ᠵᠠᠳᠠᠭ᠋ᠠᠶ ᠠᠭᠤᠷᠬᠠᠶ᠂ ᠡᠰᠢ ᠰᠦᠷᠡᠯ ᠰᠢᠲᠠᠭ᠋ᠠᠬᠤ ᠵᠢ ᠴᠡᠭᠴᠡᠯᠡᠨ ᠵᠠᠰᠠᠬᠤ ᠠᠵᠢᠯ᠎ᠢ ᠬᠢᠬᠦ ᠬᠡᠷᠡᠭᠲᠡᠢ ᠭᠡᠵᠡᠢ᠃
      ᠬᠠᠨ ᠵᠧᠩ ᠱᠠᠭ᠋ᠠᠷᠳᠠᠭᠰᠠᠨ᠎ᠨᠢ᠂ ᠣᠷᠣᠨ ᠪᠦᠰᠡ ᠬᠣᠯᠪᠣᠭ᠋ᠠᠯᠠᠨ ᠰᠡᠷᠭᠡᠶ᠋ᠢᠯᠡᠵᠦ᠂ ᠬᠣᠯᠪᠣᠭ᠋ᠠᠯᠠᠨ ᠬᠢᠵᠠᠭ᠋ᠠᠷᠯᠠᠬᠤ ᠠᠵᠢᠯ᠎ᠢ ᠴᠢᠩᠭ᠋ᠠᠳᠬᠠᠵᠤ᠂ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠦᠬᠦᠯᠢ ᠴᠣᠭᠴᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠨᠠᠮᠤᠷ ᠡᠪᠦᠯ᠎ᠤᠨ ᠤᠯᠠᠷᠢᠯ᠎ᠢ ᠭᠣᠣᠯᠳᠠᠯᠭ᠎ᠠ᠎ᠲᠠᠢ ᠴᠠᠭ ᠪᠣᠯᠭ᠋ᠠᠵᠤ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠠᠷᠭ᠋ᠠᠴᠠᠭ᠋ᠠᠬᠤ ᠠᠵᠢᠯ᠎ᠢ ᠢᠳᠡᠪᠬᠢᠲᠡᠶ᠎ᠪᠠᠷ ᠰᠠᠢ᠌ᠲᠤᠷ ᠬᠢᠬᠦ ᠬᠡᠷᠡᠭᠲᠡᠶ᠃ ᠨᠠᠮ ᠵᠠᠰᠠᠭ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠠᠯᠢᠪᠠ ᠪᠦᠬᠦᠨ᠎ᠳᠤ ᠪᠣᠳᠠᠲᠠᠶ᠎ᠠᠴᠠ ᠡᠭᠦᠰᠬᠦ ᠵᠢ ᠪᠠᠷᠢᠮᠲᠠᠯᠠᠵᠤ᠂ ᠱᠠᠳᠤ ᠱᠠᠳᠤ᠎ᠪᠠᠷ ᠡᠭᠦᠷᠭᠡ ᠨᠡᠮᠡᠬᠦ ᠦᠭᠡᠢ᠂ ᠱᠠᠳᠤ ᠪᠣᠯᠭ᠋ᠠᠨ᠎ᠤ᠎ᠬᠢᠨ ᠬᠤᠷᠳᠤᠴᠠ ᠵᠢ ᠲᠦᠷᠭᠡᠳᠬᠡᠬᠦ ᠦᠭᠡᠢ᠂ ᠬᠠᠷᠠᠯᠲᠠ᠎ᠪᠠᠨ ᠪᠠᠲᠤ ᠣᠨᠢᠯᠠᠵᠤ ᠦᠷᠭᠦᠯᠵᠢᠯᠡᠨ ᠲᠦᠯᠬᠢᠨ ᠠᠬᠢᠭᠤᠯᠵᠤ᠂ ᠤᠯᠠᠨ ᠲᠦᠮᠡᠨ᠎ᠤ ᠦᠨᠡᠨ ᠪᠣᠳᠠᠲᠠᠶ ᠲᠥᠷᠥᠭᠳᠡᠯ ᠵᠶ᠋ᠠᠷ ᠰᠢᠯᠭ᠋ᠠᠬᠤ ᠪᠠᠷᠢᠮᠵᠢᠶ᠎ᠠ ᠪᠣᠯᠭ᠋ᠠᠵᠤ᠂ ᠪᠣᠳᠠᠲᠤ ᠦᠷ᠎ᠡ ᠪᠦᠲᠦᠮᠵᠢ᠎ᠪᠠᠷ ᠠᠷᠠᠳ᠎ᠤᠨ ᠢᠲᠡᠭᠡᠯ᠎ᠢ ᠤᠯᠬᠤ ᠬᠡᠷᠡᠭᠲᠡᠶ᠃ ᠣᠷᠴᠢᠨ ᠲᠣᠭᠣᠷᠢᠨ᠎ᠤ ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠤ ᠬᠠᠤᠯᠢ᠎ᠠᠴᠠ ᠵᠥᠷᠢᠴᠡᠭᠰᠡᠨ ᠠᠵᠢᠯᠯᠠᠭ᠎ᠠ᠎ᠳᠤ ᠯᠤᠲᠤ ᠶᠡᠬᠡ ᠰᠦᠷᠳᠡᠭᠦᠯᠬᠦ ᠬᠦᠴᠦᠨ ᠪᠣᠯᠭ᠋ᠠᠨ ᠪᠦᠷᠢᠯᠳᠦᠭᠦᠯᠬᠦ ᠬᠡᠷᠡᠭᠲᠡᠢ᠃ ᠭᠠᠳᠠᠭᠰᠢᠯᠠᠭᠤᠯᠬᠤ ᠪᠠᠷᠢᠮᠵᠢᠶ᠎ᠠ᠎ᠳᠤ ᠨᠡᠶ᠋ᠢᠴᠡᠭᠰᠡᠨ ᠬᠣᠯᠪᠣᠭᠳᠠᠯ ᠪᠦᠬᠦᠢ ᠠᠵᠤ ᠠᠬᠤᠶ᠋ᠢᠯᠠᠯ᠂ ᠳᠤᠷ᠎ᠠ᠎ᠪᠠᠷ ᠵᠶ᠋ᠠᠨ ᠦᠢ᠍ᠯᠡᠳᠪᠦᠷᠢᠯᠡᠯ ᠵᠣᠭᠰᠣᠬᠤ ᠵᠢ ᠱᠠᠭ᠋ᠠᠷᠳᠠᠵᠤ ᠪᠣᠯᠬᠤ ᠦᠭᠡᠢ᠃ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠬᠡᠷᠡᠭᠲᠡᠶ ᠭᠡᠵᠡᠢ᠃
      ᠪᠡᠭᠡᠵᠢᠩ ᠲᠢᠶᠠᠨᠵᠢᠨ ᠾᠸᠪᠸᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠹᠸᠨ ᠾᠧ ᠭᠣᠣᠯ᠂ ᠸᠧᠶ ᠾᠧ ᠭᠣᠣᠯ᠎ᠤᠨ ᠲᠠᠯ᠎ᠠ ᠭᠠᠵᠠᠷ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠮᠵᠢᠯᠴᠠᠭ᠋ᠠᠨ᠎ᠤ ᠳᠤᠭᠤᠶ᠋ᠢᠯᠠᠩ᠎ᠤᠨ ᠪᠦᠷᠢᠯᠳᠦᠬᠦᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠠᠵᠤ ᠠᠬᠤᠶ᠋ᠢᠯᠠᠯ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠠᠶ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠱᠠᠨᠰᠢ ᠮᠤᠵᠢ ᠵᠢᠨ ᠨᠠᠮ᠎ᠤᠨ ᠬᠣᠷᠢᠶ᠎ᠠ᠎ᠠᠴᠠ ᠴᠢᠨᠯᠢᠩ ᠨᠢᠷᠤᠭᠤ ᠵᠢᠨ ᠠᠷᠤ ᠬᠣᠷᠮᠣᠢ ᠵᠢᠨ ᠲᠣᠭᠲᠠᠭ᠋ᠠᠯ᠎ᠠᠴᠠ ᠵᠥᠷᠢᠴᠡᠨ ᠵᠤᠰᠠᠯᠠᠩ ᠪᠠᠢ᠌ᠭᠤᠯᠬᠤ ᠠᠰᠠᠭᠤᠳᠠᠯ᠎ᠳᠤ ᠲᠤᠰᠬᠠᠢ᠌ᠯᠠᠨ ᠴᠡᠭᠴᠡᠯᠡᠨ ᠵᠠᠰᠠᠯᠲᠠ ᠬᠢᠵᠦ ᠲᠤᠢ᠌ᠯᠪᠤᠷᠢᠲᠠᠢ ᠢᠯᠭ᠋ᠠᠨ ᠪᠠᠢ᠌ᠴᠠᠭ᠋ᠠᠵᠤ ᠲᠤᠢ᠌ᠯᠪᠤᠷᠢᠲᠠᠢ ᠴᠡᠭᠴᠡᠯᠡᠨ ᠵᠠᠰᠠᠵᠤ ᠲᠤᠢ᠌ᠯᠪᠤᠷᠢᠲᠠᠢ ᠪᠠᠢ᠌ᠴᠠᠭ᠋ᠠᠨ ᠰᠢᠢ᠍ᠳᠪᠦᠷᠢᠯᠡᠵᠦ ᠪᠠᠢ᠌ᠨ᠎ᠠ
ᠮᠣᠨᠠᠺᠣ ᠵᠢᠨ ᠲᠡᠷᠢᠭᠦᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠳᠠᠭ᠋ᠠᠭᠤᠯᠢ ᠣᠳᠣᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠤ ᠲᠥᠪ᠎ᠲᠤ ᠬᠦᠷᠴᠦ ᠰᠢᠯᠭ᠋ᠠᠨ ᠦᠵᠡᠭᠰᠡᠨ᠎ᠤ ᠬᠠᠮᠲᠤ ᠳᠡᠭᠡᠳᠦ ᠳᠡᠰ᠎ᠤᠨ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ
ᠬᠠᠨ ᠵᠧᠩ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ 2018 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠪᠠ
ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠠᠮᠧᠷᠢᠺᠠ ᠵᠢᠨ ᠺᠠᠯᠢᠹᠤᠷᠨᠢᠶ᠎ᠠ ᠵᠧᠦ ᠵᠢᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠠᠵᠢᠯᠯᠠᠭ᠎ᠠ ᠵᠢᠨ ᠲᠦᠷᠦᠭᠦᠴᠦᠳ᠎ᠤᠨ ᠬᠤᠷᠠᠯ᠎ᠤᠨ ᠰᠢᠷᠢᠰ ᠬᠥᠳᠡᠯᠭᠡᠭᠡᠨ᠎ᠳᠤ ᠣᠷᠣᠯᠴᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠶᠠᠮᠤᠨ᠎ᠤ ᠪᠠᠢ᠌ᠩᠭᠤ ᠵᠢᠨ ᠬᠤᠷᠠᠯ᠎ᠢ ᠬᠤᠷᠠᠯᠳᠤᠭᠤᠯᠵᠤ 《ᠬᠥᠬᠡ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠬᠢᠨᠠᠨ ᠵᠥᠪᠯᠡᠭᠰᠡᠨ᠎ᠤ ᠬᠠᠮᠲᠤ ᠵᠠᠷᠴᠢᠮ᠎ᠤᠨ ᠲᠠᠯ᠎ᠠ᠎ᠪᠠᠷ ᠪᠠᠲᠤᠯᠠᠪᠠ
 
             蒙ICP备05000248号