ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠵᠤ ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠳᠤᠯᠤᠳᠤᠭ᠋ᠠᠷ ᠤᠳᠠᠭ᠋ᠠᠨ᠎ᠤ ᠠᠵᠢᠯ᠎ᠤᠨ ᠬᠤᠷᠠᠯ ᠵᠢᠴᠢ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠤᠰᠤᠨ᠎ᠤ ᠪᠤᠬᠢᠷᠳᠤᠯ᠎ᠢ ᠰᠡᠷᠬᠡᠢ᠌ᠯᠡᠨ ᠵᠠᠰᠠᠵᠤ ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠳᠦᠷᠪᠡᠳᠦᠬᠡᠷ ᠤᠳᠠᠭ᠋ᠠᠨ᠎ᠤ ᠠᠵᠢᠯ᠎ᠤᠨ ᠬᠤᠷᠠᠯ 10 ᠳ᠋ᠤᠭ᠋ᠠᠷ ᠰᠠᠷ᠎ᠠ ᠵᠢᠨ 12᠎ᠤᠨ ᠡᠳᠦᠷ ᠱᠠᠩᠬᠠᠢ᠎ᠳᠤ ᠶᠠᠪᠤᠬᠳᠠᠪᠠ᠃ ᠳᠤᠮᠳᠠᠳᠤ ᠤᠯᠤᠰ᠎ᠤᠨ ᠡᠪ ᠬᠠᠮᠳᠤ ᠨᠠᠮ᠎ᠤᠨ ᠳᠦᠪ ᠬᠤᠷᠢᠶᠠᠨ᠎ᠤ ᠤᠯᠤᠰ ᠳᠦᠷᠦ ᠵᠢᠨ ᠲᠣᠪᠴᠢᠶ᠎ᠠ ᠵᠢᠨ ᠬᠡᠰᠢᠬᠦᠨ᠂ ᠱᠠᠩᠬᠠᠢ ᠬᠤᠳᠠ ᠵᠢᠨ ᠨᠠᠮ᠎ᠤᠨ ᠬᠣᠷᠢᠶ᠎ᠠ ᠵᠢᠨ ᠱᠦᠵᠢ᠂ ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠳᠠᠷᠤᠭ᠎ᠠ ᠯᠢ ᠴᠢᠶᠠᠩ ᠬᠤᠷᠠᠯ ᠡᠷᠬᠢᠯᠡᠭᠰᠡᠨ᠎ᠤ ᠬᠠᠮᠲᠤ ᠶᠠᠷᠢᠶ᠎ᠠ ᠳᠠᠯᠪᠢᠪᠠ᠃ ᠠᠮᠢ ᠠᠬᠤᠢ ᠵᠢᠨ ᠤᠷᠴᠢᠨ ᠳᠤᠭᠤᠷᠢᠨ᠎ᠤ ᠶᠠᠮᠤᠨ᠎ᠤ ᠳᠠᠷᠤᠭ᠎ᠠ ᠯᠢ ᠭᠠᠨ ᠵᠢᠶᠸ ᠬᠤᠷᠠᠯ ᠳᠡᠬᠡᠷ᠎ᠡ ᠶᠠᠷᠢᠶ᠎ᠠ ᠳᠠᠯᠪᠢᠪᠠ᠃ ᠱᠠᠩᠬᠠᠢ ᠬᠤᠳᠠ ᠵᠢᠨ ᠳᠠᠷᠤᠭ᠎ᠠ ᠶᠢᠩ ᠶᠦᠩ᠂ ᠵᠢᠶᠠᠩᠰᠦ ᠮᠤᠵᠢ ᠵᠢᠨ ᠳᠠᠷᠤᠭ᠎ᠠ ᠦ᠋ ᠵᠸᠩ ᠯᠦᠩ᠂ ᠵᠸᠵᠢᠶᠠᠩ ᠮᠤᠵᠢ ᠵᠢᠨ ᠳᠠᠷᠤᠭ᠎ᠠ ᠶᠤᠸᠠᠨ ᠵᠢᠶᠠ ᠵᠢᠶᠦ᠋ᠨ᠂ ᠠᠨᠾᠦ᠋ᠢ ᠮᠤᠵᠢ ᠵᠢᠨ ᠳᠠᠷᠤᠭ᠎ᠠ ᠯᠢ ᠭᠦᠸᠸ ᠶᠢᠩ ᠨᠠᠷ ᠮᠤᠵᠢ ᠬᠤᠳᠠ ᠵᠢᠨ ᠵᠶ᠋ᠡᠨ ᠠᠭ᠋ᠠᠷ ᠮᠠᠨᠳᠠᠯ ᠪᠠ ᠤᠰᠤᠨ᠎ᠤ ᠪᠤᠬᠢᠷᠳᠤᠯ᠎ᠢ ᠰᠡᠷᠬᠡᠢ᠌ᠯᠡᠨ ᠵᠠᠰᠠᠬᠤ ᠠᠵᠢᠯ᠎ᠤᠨ ᠠᠬᠢᠯᠲᠠ ᠪᠠ ᠳᠠᠷᠠᠭ᠋ᠠᠴᠢ ᠵᠢᠨ ᠠᠯᠬᠤᠮ᠎ᠤᠨ ᠲᠣᠬᠢᠷᠠᠭᠤᠯᠤᠯᠲᠠ᠎ᠪᠠᠨ ᠰᠣᠯᠢᠯᠴᠠᠵᠠᠢ᠃
ᠬᠤᠷᠠᠯ᠎ᠠᠴᠠ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢᠴᠢ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠨᠢᠬᠡ ᠴᠣᠭᠴᠠᠵᠢᠭᠤᠯᠤᠭᠰᠠᠨ ᠨᠡᠩ ᠴᠢᠨᠠᠷᠯᠢᠭ ᠬᠦᠭᠵᠢᠯᠳᠠ ᠵᠢ ᠳᠦᠯᠬᠢᠨ ᠠᠬᠢᠭᠤᠯᠬᠤ ᠳᠤᠬᠠᠢ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠬᠦᠨᠵᠡᠬᠡᠢ ᠰᠤᠷᠤᠯᠴᠠᠨ ᠳᠤᠭᠤᠰᠢᠯᠠᠭᠤᠯᠵᠦ᠂ ᠪᠦᠬᠦ ᠤᠯᠤᠰ᠎ᠤᠨ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠳᠠᠯ᠎ᠠ᠎ᠪᠠᠷ ᠳᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠤᠷᠤᠨ ᠪᠦᠰᠡ ᠵᠢᠨ ᠬᠠᠮᠵᠢᠯᠴᠠᠨ ᠠᠵᠢᠯᠯᠠᠬᠤ ᠭᠤᠤᠯ ᠡᠬᠦᠷᠬᠡ ᠵᠢ ᠨᠠᠢ᠌ᠳᠠᠪᠤᠷᠢᠵᠢᠭᠤᠯᠤᠬᠰᠠᠨ ᠠᠬᠢᠯᠲᠠ ᠪᠠ ᠦᠷ᠎ᠡ ᠪᠦᠳᠦᠮᠵᠢ ᠵᠢ ᠳ᠋ᠦᠩᠨᠡᠵᠦ᠂ 《ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠵᠤ ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠠᠵᠢᠯ᠎ᠤᠨ ᠳᠦᠷᠢᠮ》 (ᠵᠠᠰᠠᠪᠤᠷᠢ ᠤᠷᠤᠭᠤᠯᠤᠬᠰᠠᠨ ᠨᠤᠤᠷᠠᠭ) ᠪᠠ 《ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠤᠰᠤᠨ᠎ᠤ ᠪᠤᠬᠢᠷᠳᠤᠯ᠎ᠢ ᠰᠡᠷᠬᠡᠢ᠌ᠯᠡᠨ ᠵᠠᠰᠠᠵᠤ ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠠᠵᠢᠯ᠎ᠤᠨ ᠳᠦᠷᠢᠮ》 (ᠵᠠᠰᠠᠪᠤᠷᠢ ᠤᠷᠤᠭᠤᠯᠤᠬᠰᠠᠨ ᠨᠤᠤᠷᠠᠭ)᠎ᠢ ᠬᠢᠨᠠᠨ ᠵᠥᠪᠯᠡᠵᠦ ᠪᠠᠲᠤᠯᠠᠨ᠂ ᠤᠷᠤᠨ ᠪᠦᠰᠡ ᠵᠢᠨ ᠨᠠᠮᠤᠷ ᠡᠪᠤᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠤᠬᠢᠷᠳᠤᠯ᠎ᠢ ᠶᠡᠷᠦᠩᠭᠡᠢ᠌ᠯᠡᠨ ᠵᠠᠰᠠᠵᠤ ᠰᠢᠪᠳᠤᠯᠤᠯᠳᠠ ᠬᠢᠬᠦ ᠠᠵᠢᠯᠯᠠᠭ᠎ᠠ ᠪᠠ ᠬᠦᠨᠳᠦ ᠪᠤᠬᠢᠷᠳᠤᠯ᠎ᠤᠨ ᠴᠠᠭ ᠠᠭᠤᠷ᠎ᠢ ᠪᠠᠴᠢᠮ ᠠᠷᠭ᠋ᠠᠴᠠᠭ᠋ᠠᠵᠤ ᠬᠣᠯᠪᠣᠭ᠋ᠠᠯᠠᠨ ᠬᠥᠳᠡᠯᠦᠯᠴᠡᠬᠦ ᠵᠡᠷᠬᠡ ᠠᠵᠢᠯ᠎ᠢ ᠭᠤᠤᠯᠳᠠᠯᠭ᠎ᠠ᠎ᠲᠠᠢ ᠪᠠᠢ᠌ᠷᠢᠯᠠᠭᠤᠯᠪᠠ᠃
ᠯᠢ ᠴᠢᠶᠠᠩ ᠵᠢᠭ᠋ᠠᠬᠤ᠎ᠳᠤ᠎ᠪᠠᠨ᠂ ᠨᠠᠮ᠎ᠤᠨ ᠳᠦᠪ ᠬᠤᠷᠢᠶ᠎ᠠ᠎ᠠᠴᠠ ᠬᠦᠬᠡ ᠮᠦᠷᠡᠨ᠎ᠤ ᠭᠤᠷᠪᠠᠯᠵᠢᠨ ᠬᠤᠢ᠌ᠭ ᠪᠤᠯ ᠬᠦᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠤ ᠭᠤᠤᠯ ᠳᠠᠢ᠌ᠨ᠎ᠤ ᠳᠠᠯᠠᠪᠤᠷ᠎ᠤᠨ ᠨᠢᠬᠡ ᠮᠥᠨ᠃ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ ᠵᠢ ᠬᠦᠨᠵᠡᠬᠡᠢ ᠰᠤᠷᠤᠯᠴᠠᠨ ᠳᠤᠭᠤᠰᠢᠯᠠᠭᠤᠯᠵᠦ᠂ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠪᠤᠬᠢᠷᠳᠤᠯ᠎ᠢ ᠰᠡᠷᠬᠡᠢ᠌ᠯᠡᠨ ᠵᠠᠰᠠᠵᠤ ᠬᠠᠮᠲᠤᠷᠠᠨ ᠠᠵᠢᠯᠯᠠᠬᠤ ᠡᠯ᠎ᠡ ᠵᠦᠢ᠍ᠯ᠎ᠤᠨ ᠠᠵᠢᠯ᠎ᠢ ᠬᠦᠨᠵᠡᠬᠡᠢ ᠳᠦᠯᠬᠢᠨ ᠠᠬᠢᠭᠤᠯᠵᠦ᠂ ᠠᠵᠢᠯ᠎ᠤᠨ ᠦᠷ᠎ᠡ ᠪᠦᠳᠦᠮᠵᠢ ᠵᠢ ᠤᠯᠵᠦ ᠬᠠᠷᠠᠬᠤ ᠮᠦᠷᠳᠡᠬᠡᠨ ᠨᠡᠩ ᠴᠦ᠍ ᠡᠬᠦᠷᠬᠡ ᠵᠢᠨ ᠬᠠᠳᠠᠭᠤ ᠪᠡᠷᠬᠡ ᠵᠢ ᠤᠯᠵᠦ ᠬᠠᠷᠠᠬᠤ ᠬᠡᠷᠡᠭᠳᠡᠢ; ᠳᠦᠪᠯᠡᠷᠡᠬᠦᠯᠦᠨ ᠰᠢᠪᠳᠤᠯᠤᠯᠳᠠ ᠬᠢᠬᠦ ᠮᠦᠷᠳᠡᠬᠡᠨ ᠨᠡᠩ ᠦᠷᠬᠦᠯᠵᠢᠯᠡᠨ ᠬᠦᠴᠦᠯᠡᠬᠦ ᠬᠡᠷᠡᠭᠳᠡᠢ; ᠨᠤᠲᠤᠭ ᠳᠡᠪᠢᠰᠬᠡᠷ ᠵᠶ᠋ᠡᠨ ᠬᠠᠮᠠᠭ᠋ᠠᠯᠠᠬᠤ ᠬᠠᠷᠢᠭᠤᠴᠠᠯᠭ᠎ᠠ ᠵᠢ ᠴᠢᠩᠭ᠋ᠠᠷᠠᠭᠤᠯᠬᠤ ᠮᠦᠷᠳᠡᠬᠡᠨ ᠨᠡᠩ ᠴᠦ᠍ ᠬᠤᠯᠪᠤᠭ᠋ᠠᠯᠠᠨ ᠰᠡᠷᠬᠡᠢ᠌ᠯᠡᠵᠦ ᠬᠤᠯᠪᠤᠭ᠋ᠠᠯᠠᠨ ᠡᠵᠡᠮᠳᠡᠬᠦ ᠵᠢ ᠴᠢᠩᠭ᠋ᠠᠷᠠᠭᠤᠯᠤᠨ᠂ ᠳᠠᠢ᠌ᠨ᠎ᠤ ᠭᠤᠤᠯ ᠳᠠᠯᠠᠪᠤᠷ᠎ᠤᠨ ᠦᠵᠡᠯ ᠤᠬᠠᠮᠰᠠᠷ᠂ ᠵᠤᠷᠢᠭ ᠰᠠᠨᠠᠭ᠎ᠠ ᠪᠠ ᠡᠷᠴᠢ ᠬᠦᠴᠦᠨ ᠵᠶ᠋ᠡᠷ ᠪᠤᠬᠢᠷᠳᠤᠯ᠎ᠢ ᠰᠡᠷᠬᠡᠢ᠌ᠯᠡᠨ ᠵᠠᠰᠠᠬᠤ ᠰᠢᠪᠳᠤᠯᠤᠯᠳᠠ ᠵᠢᠨ ᠳᠠᠢ᠌ᠯᠠᠯᠳᠤᠭ᠋ᠠᠨ᠎ᠤ ᠢᠯᠠᠯᠳᠠ ᠵᠢ ᠣᠯᠬᠤ ᠬᠡᠷᠡᠭᠲᠡᠢ ᠭᠡᠵᠡᠢ᠃
ᠯᠢ ᠴᠢᠶᠠᠩ ᠵᠢᠭ᠋ᠠᠵᠦ ᠭᠠᠷᠭ᠋ᠠᠭᠰᠠᠨ᠎ᠨᠢ᠂ ᠭᠤᠤᠯᠳᠠᠯᠭ᠎ᠠ᠎ᠳᠤ ᠠᠩᠬᠠᠷᠤᠭᠤᠯᠤᠨ ᠳᠦᠪᠯᠡᠷᠡᠬᠦᠯᠵᠦ᠂ ᠡᠯ᠎ᠡ ᠵᠦᠢ᠍ᠯ᠎ᠤᠨ ᠳᠦᠰᠦᠯ ᠪᠠ ᠪᠠᠢ᠌ᠷᠢᠯᠠᠭᠤᠯᠤᠯᠳᠠ ᠵᠢ ᠨᠠᠷᠢᠨ ᠪᠤᠳᠠᠳᠠᠢ ᠳᠤᠭᠤᠰᠢᠯᠠᠭᠤᠯᠬᠤ ᠬᠡᠷᠡᠭᠳᠡᠢ᠃ ᠨᠠᠮᠤᠷ ᠡᠪᠤᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠤᠬᠢᠷᠳᠤᠯ᠎ᠢ ᠵᠠᠰᠠᠬᠤ᠎ᠳᠤ ᠠᠰᠠᠭᠤᠳᠠᠯ᠎ᠢ ᠤᠨᠤᠪᠴᠢᠳᠠᠢ ᠡᠷᠢᠨ ᠭᠠᠷᠭ᠋ᠠᠵᠦ᠂ ᠠᠰᠠᠭᠤᠳᠠᠯ᠎ᠳᠤ ᠴᠢᠭᠯᠡᠬᠦᠯᠦᠨ ᠠᠷᠭ᠎ᠠ ᠪᠤᠳᠤᠯᠭ᠎ᠠ ᠠᠪᠴᠤ᠂ ᠬᠦᠴᠢᠷᠳᠡᠢ ᠠᠰᠠᠭᠤᠳᠠᠯ᠎ᠳᠤ ᠰᠢᠪᠳᠤᠯᠤᠯᠳᠠ ᠬᠢᠬᠦ ᠵᠢ ᠠᠬᠢᠭᠤᠯᠬᠤ ᠬᠡᠷᠡᠭᠲᠡᠢ᠃ ᠬᠦᠨᠳᠦ ᠪᠤᠬᠢᠷᠳᠤᠯ᠎ᠲᠠᠢ ᠴᠠᠭ ᠠᠭᠤᠷ᠎ᠢ ᠬᠤᠯᠪᠤᠭ᠋ᠠᠯᠠᠨ ᠠᠷᠭ᠋ᠠᠴᠠᠭ᠋ᠠᠬᠤ᠎ᠳᠤ ᠪᠠᠴᠢᠮ ᠠᠷᠭ᠋ᠠᠴᠠᠭ᠋ᠠᠬᠤ ᠵᠢ ᠴᠤᠤᠷᠢᠶᠠᠲᠤᠨ ᠳᠠᠭ᠋ᠠᠵᠤ᠂ ᠤᠷᠤᠨ ᠪᠦᠰᠡ ᠵᠢᠨ ᠬᠣᠯᠪᠣᠭ᠋ᠠᠯᠠᠨ ᠬᠥᠳᠡᠯᠦᠯᠴᠡᠬᠦ ᠵᠢᠨ ᠦᠢ᠍ᠯᠡᠳᠦᠯ᠎ᠢ ᠨᠡᠩ ᠪᠠᠳᠠᠷᠠᠭᠤᠯᠬᠤ ᠬᠡᠷᠡᠭᠳᠡᠢ᠃ ᠬᠠᠷᠠᠯᠳᠠ᠎ᠪᠠᠨ ᠴᠢᠩᠭ᠎ᠠ ᠣᠨᠢᠯᠠᠨ᠂ ᠬᠠᠳᠠᠭ᠋ᠠᠰᠤ ᠬᠠᠳᠠᠬᠤ ᠵᠤᠷᠢᠭ ᠰᠠᠨᠠᠭ᠎ᠠ᠎ᠪᠠᠷ ᠦᠷᠬᠦᠯᠵᠢᠯᠡᠨ ᠬᠦᠴᠦᠯᠡᠬᠦ ᠬᠡᠷᠡᠭᠳᠡᠢ᠃ ᠳᠤᠰᠤᠨ᠎ᠤ ᠵᠦᠢ᠍ᠯᠡᠰ᠎ᠢ ᠳᠠᠰ ᠳᠡᠪᠰᠢᠭᠦᠯᠬᠦ᠂ ᠤᠩᠭᠤᠴᠠ ᠵᠠᠪᠢ ᠵᠢᠨ ᠪᠤᠬᠢᠷᠳᠤᠯ ᠭᠠᠳᠠᠬᠰᠢᠯᠠᠭᠤᠯᠬᠤ ᠵᠢ ᠡᠵᠡᠮᠳᠡᠬᠦ ᠤᠷᠤᠨ᠎ᠤ ᠪᠦᠳᠦᠬᠡᠨ ᠪᠠᠢ᠌ᠭᠤᠯᠤᠯᠳᠠ ᠵᠢ ᠦᠷᠬᠦᠯᠵᠢᠯᠡᠨ ᠠᠬᠢᠭᠤᠯᠬᠤ᠎ᠪᠠᠷ ᠴᠢᠷᠮᠠᠢ᠌ᠬᠤ ᠬᠡᠷᠡᠭᠲᠡᠢ; ᠬᠢᠯᠢ ᠵᠠᠭ᠋ᠠᠭ ᠠᠯᠤᠰᠯᠠᠬᠰᠠᠨ ᠭᠤᠤᠯ ᠨᠠᠭᠤᠷ᠎ᠤᠨ ᠪᠤᠬᠢᠷᠳᠤᠯ᠎ᠢ ᠵᠠᠰᠠᠬᠤ᠂ ᠭᠠᠷᠠᠮ ᠪᠤᠭᠤᠮᠳᠠ ᠵᠢᠨ ᠪᠠᠷᠠᠭ᠎ᠠ ᠵᠥᠭᠡᠭᠡᠪᠦᠷᠢᠯᠡᠬᠦ ᠪᠠ ᠴᠢᠩᠭᠡᠯᠢᠭ ᠵᠶ᠋ᠡᠷ ᠳᠠᠮᠵᠢᠭᠤᠯᠤᠨ ᠵᠥᠭᠡᠭᠡᠪᠦᠷᠢᠯᠡᠬᠦ ᠵᠢ ᠲᠤᠰᠬᠠᠢ ᠵᠦᠢ᠍ᠯ ᠵᠶ᠋ᠡᠷ ᠵᠠᠰᠠᠯᠲᠠ ᠬᠢᠬᠦ᠂ ᠡᠷᠬᠢ ᠵᠢᠨ ᠴᠠᠬᠢᠯᠭ᠋ᠠᠨ᠎ᠢ ᠳᠦᠬᠡᠬᠡᠮᠡᠯᠵᠢᠬᠦᠯᠦᠨ ᠬᠡᠷᠡᠭᠯᠡᠬᠦ ᠵᠡᠷᠬᠡ ᠳᠠᠯ᠎ᠠ ᠵᠢᠨ ᠡᠷᠴᠢᠮ ᠵᠶ᠋ᠡᠨ ᠴᠢᠩᠭ᠋ᠠᠷᠠᠭᠤᠯᠤᠨ᠂ ᠢᠳᠡᠪᠬᠢᠳᠡᠢ ᠬᠠᠢ᠌ᠨ ᠰᠦᠪᠡᠭᠴᠢᠯᠡᠯᠳᠡ ᠬᠢᠬᠦ ᠬᠡᠷᠡᠭᠳᠡᠢ᠃ ᠥᠩᠭᠡᠨ ᠲᠠᠯ᠎ᠠ ᠪᠠ ᠦᠨᠳᠦᠰᠦᠨ᠎ᠠᠴᠠ᠎ᠨᠢ ᠵᠡᠷᠭᠡ᠎ᠳᠤ᠎ᠨᠢ ᠵᠠᠰᠠᠵᠦ᠂ ᠴᠡᠭ᠎ᠤᠨ ᠰᠢᠨᠡᠴᠢᠯᠡᠯᠳᠡ᠎ᠪᠠᠷ ᠨᠡᠢ᠌ᠳᠡᠮ᠎ᠤᠨ ᠰᠢᠪᠳᠤᠯᠤᠯᠳᠠ ᠵᠢ ᠳᠠᠢ᠌ᠴᠢᠯᠠᠨ ᠳᠠᠭ᠋ᠠᠭᠤᠯᠬᠤ ᠬᠡᠷᠡᠭᠳᠡᠢ᠃ ᠡᠨ᠋ᠸᠷᠬᠢ ᠬᠡᠷᠡᠭᠯᠡᠬᠦ ᠪᠦᠳᠦᠴᠡ ᠵᠢ ᠰᠢᠯᠢᠳᠡᠭᠵᠢᠬᠦᠯᠬᠦ᠂ ᠬᠤᠴᠤᠷᠤᠩᠭᠤᠢ ᠦᠢ᠍ᠯᠡᠳᠪᠦᠷᠢᠯᠡᠬᠦ ᠴᠢᠳᠠᠪᠤᠷᠢ ᠵᠢ ᠲᠠᠶᠠᠭᠳᠠᠭᠤᠯᠬᠤ ᠵᠡᠷᠬᠡ ᠵᠠᠩᠭᠢᠯᠠᠭ᠎ᠠ ᠵᠢᠨ ᠵᠦᠢ᠍ᠯ᠎ᠢ ᠠᠳᠬᠤᠵᠦ᠂ ᠪᠤᠬᠢᠷᠳᠤᠯ᠎ᠤᠨ ᠭᠠᠳᠠᠬᠰᠢᠯᠠᠭᠤᠯᠤᠯᠳᠠ ᠵᠢ ᠡᠬᠢ ᠰᠤᠷᠪᠤᠯᠵᠢ᠎ᠠᠴᠠ᠎ᠨᠢ ᠪᠠᠭ᠋ᠠᠰᠬᠠᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ᠎ᠳᠤ ᠰᠢᠨ᠎ᠡ ᠵᠢ ᠡᠭᠦᠳᠬᠦ᠂ ᠲᠣᠭᠲᠠᠴᠠ᠎ᠳᠤ ᠰᠢᠨ᠎ᠡ ᠵᠢ ᠡᠭᠦᠳᠬᠦ ᠵᠢᠨ ᠴᠢᠬᠤᠯᠠ ᠦᠢ᠍ᠯᠡᠳᠦᠯ᠎ᠢ ᠪᠠᠳᠠᠷᠠᠭᠤᠯᠬᠤ ᠬᠡᠷᠡᠭᠳᠡᠢ ᠭᠡᠵᠡᠢ᠃
ᠯᠢ ᠴᠢᠶᠠᠩ ᠵᠢᠭ᠋ᠠᠬᠤ᠎ᠳᠤ᠎ᠪᠠᠨ᠂ 《ᠬᠤᠯᠪᠤᠭ᠋ᠠᠯᠠᠬᠤ》 ᠵᠢ ᠭᠦᠢ᠍ᠴᠡᠳ ᠬᠢᠵᠦ᠂ ᠬᠠᠮᠵᠢᠯᠴᠠᠨ ᠠᠵᠢᠯᠯᠠᠬᠤ ᠲᠣᠭᠲᠠᠴᠠ ᠵᠢ ᠳᠡᠬᠦᠯᠳᠡᠷᠵᠢᠬᠦᠯᠦᠨ ᠬᠦᠨᠵᠡᠬᠡᠢ᠌ᠷᠡᠬᠦᠯᠵᠦ᠂ ᠬᠠᠮᠵᠢᠯᠴᠠᠨ ᠠᠵᠢᠯᠯᠠᠬᠤ ᠬᠢᠷᠢ ᠳᠦᠪᠰᠢᠨ᠎ᠢ ᠪᠦᠬᠦ ᠳᠠᠯ᠎ᠠ᠎ᠪᠠᠷ ᠳᠡᠬᠡᠭᠰᠢᠯᠡᠬᠦᠯᠬᠦ ᠬᠡᠷᠡᠭᠳᠡᠢ᠃ ᠪᠠᠷᠢᠮᠵᠢᠶ᠎ᠠ ᠵᠢ ᠨᠢᠭᠡᠳᠬᠡᠨ᠂ ᠪᠤᠬᠢᠷᠳᠤᠯ ᠭᠠᠳᠠᠬᠰᠢᠯᠠᠭᠤᠯᠬᠤ ᠪᠠᠷᠢᠮᠵᠢᠶ᠎ᠠ᠂ ᠦᠢ᠍ᠯᠡᠳᠬᠦᠨ᠎ᠤ ᠪᠠᠷᠢᠮᠵᠢᠶ᠎ᠠ᠂ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠵᠢᠷᠤᠮᠵᠢᠯ ᠵᠡᠷᠬᠡ ᠵᠢᠨ ᠵᠣᠯᠭ᠋ᠠᠯᠳᠤᠭᠤᠯᠤᠨ ᠨᠢᠭᠡᠳᠬᠡᠬᠦ ᠵᠢ ᠱᠠᠯᠠᠪᠳᠠᠨ ᠰᠤᠳᠤᠯᠵᠦ ᠠᠬᠢᠭᠤᠯᠬᠤ ᠬᠡᠷᠡᠭᠲᠡᠢ; ᠮᠡᠳᠡᠬᠡ ᠵᠠᠩᠭᠢ ᠵᠢ ᠬᠠᠮᠳᠤ᠎ᠳᠤ᠎ᠪᠠᠨ ᠬᠦᠷᠲᠡᠨ᠂ ᠣᠷᠣᠨ ᠪᠦᠰᠡ ᠵᠢᠨ ᠤᠰᠤᠨ᠎ᠤ ᠤᠷᠴᠢᠨ ᠳᠤᠭᠤᠷᠢᠨ᠎ᠤ ᠮᠡᠳᠡᠬᠡ ᠵᠠᠩᠭᠢ ᠵᠢ ᠬᠠᠮᠲᠤ᠎ᠳᠤ᠎ᠪᠠᠨ ᠬᠦᠷᠲᠡᠬᠦ ᠳᠠᠪᠴᠠᠩ᠎ᠤᠨ ᠪᠠᠢ᠌ᠭᠤᠯᠤᠯᠳᠠ ᠵᠢ ᠴᠢᠩᠭ᠋ᠠᠳᠬᠠᠬᠤ ᠬᠡᠷᠡᠭᠲᠡᠢ; ᠵᠡᠷᠭᠡ᠎ᠳᠤ᠎ᠨᠢ ᠶᠠᠪᠤᠭᠳᠠᠭᠤᠯᠬᠤ ᠵᠢ ᠠᠬᠢᠭᠤᠯᠤᠨ᠂ ᠤᠷᠤᠨ ᠪᠦᠰᠡ ᠵᠢᠨ ᠴᠢᠬᠤᠯᠠ ᠶᠡᠬᠡ ᠬᠦᠭᠵᠢᠯᠳᠠ ᠵᠢᠨ ᠪᠠᠢ᠌ᠯᠳᠤᠬᠤ ᠪᠤᠳᠤᠯᠭ᠎ᠠ ᠵᠢ ᠨᠢᠭᠲᠠ ᠵᠣᠯᠭ᠋ᠠᠯᠳᠤᠭᠤᠯᠵᠤ᠂ ᠡᠬᠢ ᠰᠤᠷᠪᠤᠯᠵᠢ᠎ᠠᠴᠠ ᠰᠡᠷᠬᠡᠢ᠌ᠯᠡᠨ ᠡᠵᠡᠮᠳᠡᠬᠦ ᠵᠢ ᠴᠢᠩᠭ᠋ᠠᠷᠠᠭᠤᠯᠬᠤ ᠬᠡᠷᠡᠭᠲᠡᠢ; ᠬᠣᠯᠪᠣᠭ᠋ᠠᠯᠠᠨ ᠬᠠᠤᠯᠢ ᠬᠡᠷᠡᠭᠵᠢᠭᠦᠯᠵᠦ᠂ ᠤᠷᠤᠨ ᠪᠦᠰᠡ ᠵᠢᠨ ᠨᠢᠬᠡᠳᠦᠯᠳᠡᠢ ᠳᠦᠷᠢᠮᠵᠢᠯ᠎ᠢ ᠪᠦᠷᠢᠯᠳᠦᠭᠦᠯᠦᠨ᠂ ᠬᠣᠯᠪᠣᠭ᠋ᠠᠯᠠᠨ ᠬᠥᠳᠡᠯᠦᠯᠴᠡᠵᠦ ᠬᠠᠤᠯᠢ ᠬᠡᠷᠡᠭᠵᠢᠬᠦᠯᠤᠨ ᠪᠠᠢ᠌ᠴᠠᠭ᠋ᠠᠬᠤ ᠵᠢ ᠢᠳᠡᠪᠬᠢᠳᠡᠢ ᠥᠷᠨᠢᠭᠦᠯᠬᠦ ᠬᠡᠷᠡᠭᠲᠡᠢ; ᠬᠣᠯᠪᠣᠭ᠋ᠠᠯᠠᠵᠤ ᠪᠤᠭᠤᠮᠳᠠ ᠰᠢᠪᠲᠤᠯᠤᠨ᠂ ᠤᠷᠤᠨ ᠪᠦᠰᠡ ᠵᠢᠨ ᠪᠤᠬᠢᠷᠳᠤᠯ᠎ᠢ ᠰᠡᠷᠬᠡᠢ᠌ᠯᠡᠨ ᠵᠠᠰᠠᠬᠤ ᠵᠢ ᠰᠢᠨᠵᠢᠯᠡᠬᠦ ᠤᠬᠠᠭ᠋ᠠᠨᠴᠢᠯᠠᠬᠤ᠂ ᠨᠠᠷᠢᠯᠢᠭᠵᠢᠭᠤᠯᠬᠤ᠂ ᠨᠢᠬᠡ ᠴᠤᠬ᠍ᠴᠠᠵᠢᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ; ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠵᠦ᠂ ᠤᠯᠤᠰ᠎ᠤᠨ ᠡᠯ᠎ᠡ ᠶᠠᠮᠤᠨ ᠵᠦᠪᠯᠡᠯ᠎ᠤᠨ ᠳᠡᠮᠵᠢᠯᠬᠡ ᠳᠤᠤᠷ᠎ᠠ᠂ ᠭᠤᠷᠪᠠᠨ ᠮᠤᠵᠢ ᠨᠢᠬᠡ ᠬᠤᠳᠠ ᠵᠢᠨ ᠡᠯ᠎ᠡ ᠳᠠᠪᠬᠤᠷᠭ᠎ᠠ ᠡᠯ᠎ᠡ ᠱᠠᠳᠤ ᠡᠯ᠎ᠡ ᠰᠠᠯᠠᠭ᠎ᠠ ᠮᠦᠴᠢᠷ ᠬᠠᠮᠳᠤ᠎ᠪᠠᠷ ᠴᠢᠷᠮᠠᠢ᠌ᠵᠦ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠦᠨᠡᠨ ᠬᠦ᠌ ᠪᠡᠶᠡᠯᠡᠬᠦᠯᠬᠦ ᠬᠡᠷᠡᠭᠳᠡᠢ ᠭᠡᠵᠡᠢ᠃
ᠯᠢ ᠭᠠᠨ ᠵᠢᠶᠧ ᠵᠢᠭ᠋ᠠᠬᠤ᠎ᠳᠤ᠎ᠪᠠᠨ᠂ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠣᠷᠣᠨ ᠪᠦᠰᠡ ᠵᠢᠨ ᠠᠭ᠋ᠠᠷ ᠮᠠᠨᠳᠠᠯ ᠪᠠ ᠤᠰᠤᠨ᠎ᠤ ᠪᠤᠬᠢᠷᠳᠤᠯ᠎ᠢ ᠰᠡᠷᠬᠡᠢ᠌ᠯᠡᠨ ᠵᠠᠰᠠᠵᠤ ᠬᠠᠮᠲᠤᠷᠠᠨ ᠠᠵᠢᠯᠯᠠᠬᠤ ᠲᠣᠭᠲᠠᠴᠠ ᠵᠢ ᠪᠠᠢ᠌ᠭᠤᠯᠤᠭᠰᠠᠨ᠎ᠠᠴᠠ ᠨᠠᠭ᠋ᠠᠰᠢ᠂ ᠤᠨᠴᠠᠭ᠋ᠠᠢ᠌ᠯᠠᠨ 6 ᠳ᠋ᠤᠭ᠋ᠠᠷ ᠰᠠᠷ᠎ᠠ᠎ᠳᠤ ᠬᠤᠷᠠᠯᠳᠤᠭᠤᠯᠤᠭᠰᠠᠨ ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠬᠤᠷᠠᠯ᠎ᠠᠴᠠ ᠰᠡᠬᠦᠯᠡᠷ᠂ ᠭᠤᠷᠪᠠᠨ ᠮᠤᠵᠢ ᠨᠢᠬᠡ ᠬᠤᠳᠠ ᠵᠢᠨ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ ᠪᠠ ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠡᠯ᠎ᠡ ᠬᠡᠰᠢᠬᠦᠨ ᠨᠢᠬᠡᠴᠢ᠎ᠠᠴᠠ ᠨᠠᠮ᠎ᠤᠨ ᠳᠦᠪ ᠬᠣᠷᠢᠶ᠎ᠠ ᠵᠢᠨ ᠪᠠᠢ᠌ᠷᠢᠯᠠᠭᠤᠯᠤᠳᠠ ᠪᠠ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠳᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠰᠢ ᠵᠢᠨ ᠫᠢᠩ᠎ᠤᠨ ᠠᠮᠢ ᠠᠬᠤᠢ ᠵᠢᠨ ᠪᠤᠯᠪᠠᠰᠤᠨ᠎ᠤ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠳᠠᠯᠠᠨ᠂ ᠬᠠᠮᠵᠢᠯᠴᠠᠨ ᠠᠵᠢᠯᠯᠠᠬᠤ ᠲᠣᠭᠲᠠᠴᠠ ᠵᠢᠨ ᠳᠠᠪᠴᠠᠩ᠎ᠤᠨ ᠦᠢ᠍ᠯᠡᠳᠦᠯ᠎ᠢ ᠬᠦᠢ᠍ᠴᠡᠳ ᠪᠠᠳᠠᠷᠠᠭᠤᠯᠵᠦ᠂ ᠠᠭ᠋ᠠᠷ ᠮᠠᠨᠳᠠᠯ ᠪᠠ ᠤᠰᠤᠨ᠎ᠤ ᠤᠷᠴᠢᠨ ᠳᠤᠭᠤᠷᠢᠨ᠎ᠢ ᠵᠠᠰᠠᠬᠤ ᠡᠷᠴᠢᠮ ᠵᠶ᠋ᠡᠨ ᠤᠯᠠᠮ ᠨᠢᠬᠡ ᠠᠯᠬᠤᠮ ᠴᠢᠩᠭ᠋ᠠᠳᠬᠠᠵᠤ᠂ ᠢᠯᠡᠳᠲᠡ ᠦᠷ᠎ᠡ ᠪᠦᠳᠦᠮᠵᠢ ᠣᠯᠪᠠ᠃ ᠭᠡᠲᠡᠯ᠎ᠡ ᠤᠳᠤᠬᠠᠨ᠎ᠤ ᠭᠠᠵᠠᠷ ᠤᠷᠤᠨ᠎ᠤ ᠤᠷᠴᠢᠨ ᠳᠤᠭᠤᠷᠢᠨ᠎ᠤ ᠶᠠᠰᠤ ᠴᠢᠨᠠᠷ᠎ᠤᠨ ᠪᠠᠢ᠌ᠳᠠᠯ ᠮᠥᠨ ᠬᠦ᠌ ᠨᠡᠯᠢᠶᠡᠳ ᠬᠦᠨᠳᠦ ᠨᠣᠴᠢᠲᠠᠢ ᠪᠠᠢ᠌ᠬᠤ ᠵᠢ ᠲᠠᠨᠢᠵᠤ᠂ ᠡᠷᠬᠡᠪᠰᠢ ᠨᠡᠩ ᠶᠡᠬᠡ ᠵᠤᠷᠢᠭ ᠰᠥᠰᠥ᠂ ᠨᠡᠩ ᠴᠢᠩᠭ᠎ᠠ ᠡᠷᠡᠰ ᠵᠣᠷᠢᠭ᠂ ᠨᠡᠩ ᠪᠠᠲᠤ ᠴᠢᠩᠭ᠎ᠠ ᠣᠪᠣᠷ ᠰᠤᠷᠳᠠᠯ ᠵᠶ᠋ᠡᠷ᠂ ᠨᠡᠩ ᠴᠢᠭᠯᠡᠯᠲᠦ ᠴᠢᠨᠠᠷᠲᠠᠢ ᠠᠷᠭ᠎ᠠ ᠬᠡᠮᠵᠢᠶ᠎ᠡ ᠠᠪᠴᠤ᠂ ᠠᠮᠢ ᠠᠬᠤᠢ ᠵᠢᠨ ᠤᠷᠴᠢᠨ ᠳᠤᠭᠤᠷᠢᠨ᠎ᠤ ᠶᠠᠰᠤ ᠴᠢᠨᠠᠷ᠎ᠢ ᠦᠷᠬᠦᠯᠵᠢᠯᠡᠨ ᠰᠠᠢ᠌ᠵᠢᠷᠠᠭᠤᠯᠬᠤ ᠵᠢ ᠠᠬᠢᠭᠤᠯᠵᠤ᠂ ᠪᠤᠬᠢᠷᠳᠤᠯ᠎ᠢ ᠰᠡᠷᠬᠡᠢ᠌ᠯᠡᠨ ᠵᠠᠰᠠᠬᠤ ᠰᠢᠪᠳᠤᠯᠤᠯᠳᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠵᠦ ᠢᠯᠠᠯᠳᠠ ᠤᠯᠬᠤ ᠬᠡᠷᠡᠭᠳᠡᠢ ᠭᠡᠵᠡᠢ᠃
ᠯᠢ ᠭᠠᠨ ᠵᠢᠶᠧ ᠱᠠᠭ᠋ᠠᠷᠳᠠᠬᠤ᠎ᠳᠤ᠎ᠪᠠᠨ᠂ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠣᠷᠣᠨ ᠪᠦᠰᠡ ᠵᠢᠨ ᠭᠤᠷᠪᠠᠨ ᠮᠤᠵᠢ ᠨᠢᠬᠡ ᠬᠤᠳᠠ᠎ᠠᠴᠠ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠵᠦ ᠨᠠᠮᠤᠷ ᠡᠪᠤᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠤᠬᠢᠷᠳᠤᠯ᠎ᠢ ᠰᠡᠷᠬᠡᠢ᠌ᠯᠡᠨ ᠵᠠᠰᠠᠬᠤ ᠰᠢᠪᠳᠤᠯᠤᠯᠳᠠ ᠵᠢᠨ ᠠᠵᠢᠯᠯᠠᠭ᠎ᠠ ᠵᠢ ᠴᠢᠩᠭ᠎ᠠ ᠠᠳᠬᠤᠵᠦ᠂ ᠠᠵᠤ ᠦᠢ᠍ᠯᠡᠰ᠎ᠤᠨ ᠪᠦᠳᠦᠴᠡ᠂ ᠡᠨ᠋ᠸᠷᠬᠢ ᠵᠢᠨ ᠪᠦᠳᠦᠴᠡ ᠪᠤᠯᠤᠨ ᠳᠡᠬᠡᠬᠡᠪᠦᠷᠢ ᠵᠢᠨ ᠪᠦᠳᠦᠴᠡ ᠵᠢ ᠳᠤᠬᠢᠷᠠᠭᠤᠯᠤᠨ ᠰᠢᠯᠢᠳᠡᠭᠵᠢᠬᠦᠯᠬᠦ ᠵᠢ ᠲᠦᠷᠭᠡᠳᠬᠡᠨ᠂ ᠤᠷᠤᠨ ᠪᠦᠰᠡ ᠵᠢᠨ ᠬᠠᠮᠳᠤᠷᠠᠨ ᠰᠡᠷᠬᠡᠢ᠌ᠯᠡᠵᠦ ᠬᠠᠮᠳᠤᠷᠠᠨ ᠡᠵᠡᠮᠳᠡᠬᠦ ᠵᠢ ᠴᠢᠩᠭ᠋ᠠᠳᠬᠠᠨ᠂ ᠬᠦᠨᠳᠦ ᠪᠤᠬᠢᠷᠳᠤᠯ᠎ᠤᠨ ᠴᠠᠭ ᠠᠭᠤᠷ᠎ᠢ ᠢᠳᠡᠪᠬᠢᠳᠡᠢ ᠠᠷᠭ᠋ᠠᠴᠠᠭ᠋ᠠᠵᠦ᠂ ᠬᠦᠨᠳᠦ ᠪᠤᠬᠢᠷᠳᠤᠯ᠎ᠲᠠᠢ ᠬᠤᠳᠠ ᠵᠢᠨ ᠶᠡᠷᠦᠩᠬᠡᠢ᠌ᠯᠡᠭᠰᠡᠨ ᠵᠠᠰᠠᠯᠲᠠ ᠵᠢ ᠠᠬᠢᠭᠤᠯᠵᠦ᠂ ᠠᠭᠤᠷ ᠠᠮᠢᠰᠬᠤᠯ᠎ᠤᠨ ᠶᠠᠰᠤ ᠴᠢᠨᠠᠷ᠎ᠢ ᠰᠠᠢ᠌ᠵᠢᠷᠠᠭᠤᠯᠬᠤ ᠤᠨ᠎ᠤ ᠬᠠᠷᠠᠯᠳᠠ ᠪᠠ ᠰᠢᠪᠲᠤᠯᠤᠯᠲᠠ ᠬᠢᠬᠦ ᠬᠠᠷᠠᠯᠲᠠ ᠵᠢ ᠪᠦᠬᠦ ᠳᠠᠯ᠎ᠠ᠎ᠪᠠᠷ ᠪᠡᠶᠡᠯᠡᠬᠦᠯᠬᠦ ᠬᠡᠷᠡᠭᠳᠡᠢ᠃ ᠤᠰᠤᠨ᠎ᠤ ᠤᠷᠴᠢᠨ ᠳᠤᠭᠤᠷᠢᠨ᠎ᠤ ᠶᠠᠰᠤ ᠴᠢᠨᠠᠷ᠎ᠢ ᠪᠠᠷᠢᠮᠵᠢᠶ᠎ᠠ᠎ᠳᠤ ᠬᠦᠷᠭᠡᠬᠦ ᠠᠵᠢᠯ᠎ᠨᠢ ᠬᠣᠴᠣᠷᠤᠩᠭᠤᠢ ᠭᠠᠵᠠᠷ ᠤᠷᠤᠨ᠎ᠢ ᠵᠢᠯᠣᠭᠣᠳᠤᠨ ᠲᠣᠬᠢᠷᠠᠭᠤᠯᠬᠤ᠎ᠪᠠᠨ ᠴᠢᠩᠭ᠋ᠠᠳᠬᠠᠵᠦ᠂ ᠬᠤᠳᠠ ᠵᠢᠨ ᠬᠠᠷ᠎ᠠ ᠦᠮᠡᠬᠡᠢ ᠤᠰᠤᠨ ᠴᠤᠬ᠍ᠴᠠ ᠵᠢ ᠴᠡᠭᠴᠡᠯᠡᠨ ᠵᠠᠰᠠᠵᠦ ᠤᠷᠴᠢᠨ ᠳᠤᠭᠤᠷᠢᠨ᠎ᠢ ᠬᠠᠮᠠᠭ᠋ᠠᠯᠠᠬᠤ ᠳᠤᠰᠬᠠᠢ ᠵᠦᠢ᠍ᠯ᠎ᠤᠨ ᠠᠵᠢᠯᠯᠠᠭ᠎ᠠ ᠵᠢ ᠬᠢᠨᠠᠮᠠᠭ᠋ᠠᠢ ᠵᠤᠬᠢᠶᠠᠨ ᠪᠠᠢ᠌ᠭᠤᠯᠤᠨ ᠦᠷᠨᠢᠬᠦᠯᠵᠦ᠂ ᠤᠤᠭᠤᠬᠤ ᠤᠰᠤᠨ᠎ᠤ ᠤᠰᠤᠨ ᠰᠤᠷᠪᠤᠯᠵᠢ ᠵᠢᠨ ᠤᠷᠤᠨ᠎ᠤ ᠤᠷᠴᠢᠨ ᠳᠤᠭᠤᠷᠢᠨ᠎ᠢ ᠬᠠᠮᠠᠭ᠋ᠠᠯᠠᠬᠤ ᠳᠤᠰᠬᠠᠢ ᠵᠦᠢ᠍ᠯ᠎ᠤᠨ ᠠᠵᠢᠯᠯᠠᠭ᠎ᠠ᠎ᠳᠤ ᠪᠣᠳᠠᠲᠤ ᠦᠷ᠎ᠡ ᠪᠦᠳᠦᠮᠵᠢ ᠤᠯᠬᠤ ᠵᠢ ᠯᠠᠪᠳᠠᠭᠤᠨ ᠪᠠᠲᠤᠲᠠᠢ ᠠᠬᠢᠭᠤᠯᠵᠦ᠂ ᠠᠵᠤ ᠦᠢ᠍ᠯᠡᠳᠪᠦᠷᠢ ᠳᠦᠪᠯᠡᠷᠡᠭᠰᠡᠨ ᠤᠷᠤᠨ᠎ᠤ ᠤᠰᠤᠨ᠎ᠤ ᠤᠷᠴᠢᠨ ᠳᠤᠭᠤᠷᠢᠨ᠎ᠤ ᠬᠠᠮᠢᠶᠠᠷᠤᠯᠳᠠ ᠵᠢᠨ ᠬᠢᠷᠢ ᠳᠦᠪᠰᠢᠨ᠎ᠢ ᠳᠡᠭᠡᠭᠰᠢᠯᠡᠭᠦᠯᠦᠨ᠂ ᠨᠤᠮᠢᠨ ᠤᠰᠤᠨ᠎ᠤ ᠬᠠᠮᠠᠭ᠋ᠠᠯᠠᠯᠳᠠ ᠵᠢᠨ ᠳᠠᠢ᠌ᠯᠠᠯᠳᠤᠭ᠋ᠠᠨ᠎ᠢ ᠬᠦᠴᠦᠯᠡᠨ ᠰᠠᠢ᠌ᠳᠤᠷ ᠬᠢᠬᠦ ᠬᠡᠷᠡᠭᠳᠡᠢ᠃
ᠬᠠᠮᠵᠢᠯᠴᠠᠨ ᠠᠵᠢᠯᠯᠠᠬᠤ ᠳᠤᠭᠤᠢ᠌ᠯᠠᠩ᠎ᠤᠨ ᠠᠯᠪᠠᠨ ᠬᠡᠷ᠎ᠤᠨ ᠬᠠᠷᠢᠭᠤᠴᠠᠯᠭ᠋ᠠᠳᠠᠨ᠎ᠠᠴᠠ ᠤᠷᠤᠨ ᠪᠦᠰᠡ ᠵᠢᠨ ᠬᠠᠮᠲᠤᠷᠠᠨ ᠠᠵᠢᠯᠯᠠᠬᠤ ᠭᠣᠣᠯᠳᠠᠯᠭ᠎ᠠ᠎ᠲᠠᠢ ᠡᠬᠦᠷᠬᠡ ᠵᠢ ᠨᠠᠢ᠌ᠳᠠᠪᠤᠷᠢᠵᠢᠭᠤᠯᠤᠬᠰᠠᠨ ᠪᠠᠢ᠌ᠳᠠᠯ᠂ ᠬᠠᠮᠲᠤᠷᠠᠨ ᠠᠵᠢᠯᠯᠠᠬᠤ ᠲᠣᠭᠲᠠᠴᠠ ᠵᠢ ᠳᠡᠬᠦᠯᠳᠡᠷᠵᠢᠬᠦᠯᠬᠦ ᠳᠦᠰᠦᠯ ᠪᠠ ᠳᠠᠷᠠᠭ᠋ᠠᠴᠢ ᠵᠢᠨ ᠠᠯᠬᠤᠮ᠎ᠤᠨ ᠳᠤᠬᠢᠷᠠᠭᠤᠯᠤᠯᠳᠠ ᠵᠢ ᠬᠠᠷᠢᠭᠤ ᠮᠡᠳᠡᠬᠦᠯᠪᠡ᠃
ᠤᠯᠤᠰ᠎ᠤᠨ ᠬᠦᠭᠵᠢᠬᠦᠯᠦᠯᠳᠡ ᠪᠠ ᠦᠬᠡᠷᠡᠴᠢᠯᠡᠯᠳᠡ ᠵᠢᠨ ᠵᠦᠪᠯᠡᠯ᠂ ᠰᠢᠨᠵᠢᠯᠡᠬᠦ ᠤᠬᠠᠭ᠋ᠠᠨ ᠲᠧᠭᠨᠢᠭ ᠮᠡᠷᠬᠡᠵᠢᠯ ᠤᠨ ᠶᠠᠮᠤᠨ᠂ ᠠᠵᠤ ᠦᠢ᠍ᠯᠡᠳᠪᠦᠷᠢ ᠪᠠ ᠰᠤᠷᠠᠭ ᠵᠠᠩᠭᠢᠵᠢᠯᠲᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠪᠠᠢ᠌ᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠷᠤᠨ ᠰᠠᠭᠤᠴᠠ ᠪᠠ ᠬᠤᠳᠠ ᠬᠦᠳᠡᠬᠡ ᠵᠢᠨ ᠪᠦᠳᠦᠬᠡᠨ ᠪᠠᠢ᠌ᠭᠤᠯᠤᠯᠳᠠ ᠵᠢᠨ ᠶᠠᠮᠤᠨ᠂ ᠵᠠᠮ ᠬᠠᠷᠢᠯᠴᠠᠭ᠎ᠠ ᠳᠡᠬᠡᠬᠡᠪᠦᠷᠢ ᠵᠢᠨ ᠶᠠᠮᠤᠨ᠂ ᠤᠰᠤᠨ ᠠᠰᠢᠬᠯᠠᠯᠳᠠ ᠵᠢᠨ ᠶᠠᠮᠤᠨ᠂ ᠳᠠᠷᠢᠶᠠᠯᠠᠩ ᠬᠦᠳᠡᠬᠡ ᠳᠤᠰᠬᠤᠨ᠎ᠤ ᠶᠠᠮᠤᠨ᠂ ᠤᠯᠤᠰ᠎ᠤᠨ ᠡᠷᠡᠬᠦᠯ ᠬᠠᠮᠠᠭ᠋ᠠᠯᠠᠯ ᠡᠷᠡᠬᠦᠯ ᠮᠡᠨᠳᠦ ᠵᠢᠨ ᠵᠦᠪᠯᠡᠯ᠂ ᠳᠤᠮᠳᠠᠳᠤ ᠤᠯᠤᠰ᠎ᠤᠨ ᠴᠠᠭ ᠠᠭᠤᠷ᠎ᠤᠨ ᠳᠤᠪᠴᠢᠶ᠎ᠠ᠂ ᠤᠯᠤᠰ᠎ᠤᠨ ᠡᠨ᠋ᠸᠷᠬᠢ ᠵᠢᠨ ᠳᠤᠪᠴᠢᠶ᠎ᠠ ᠵᠡᠷᠬᠡ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠳ᠂ ᠭᠤᠷᠪᠠᠨ ᠮᠤᠵᠢ ᠨᠢᠬᠡ ᠬᠤᠳᠠ ᠵᠢᠨ ᠠᠷᠠᠳ᠎ᠤᠨ ᠳᠦᠯᠦᠬᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠤᠷᠢᠶ᠎ᠠ᠂ ᠵᠠᠰᠠᠭ᠎ᠤᠨ ᠤᠷᠳᠤᠨ᠂ ᠤᠯᠤᠰ ᠳᠦᠷᠦ ᠵᠢᠨ ᠵᠥᠪᠯᠡᠯᠭᠡᠨ᠎ᠤ ᠬᠤᠷᠠᠯ᠎ᠤᠨ ᠬᠠᠮᠢᠶ᠎ᠠ ᠪᠦᠬᠦᠢ ᠬᠠᠷᠢᠭᠤᠴᠠᠯᠭ᠋ᠠᠳᠠᠳ ᠵᠢᠴᠢ ᠱᠠᠩᠬᠠᠢ ᠵᠢᠶᠠᠩᠰᠦ ᠵᠸᠵᠢᠶᠠᠩ ᠠᠨᠾᠦ᠋ᠢ ᠵᠢᠨ ᠲᠤᠰᠬᠠᠢ ᠣᠷᠣᠨ ᠬᠤᠳᠠ ᠵᠢᠨ ᠬᠠᠷᠢᠭᠤᠴᠠᠯᠭ᠋ᠠᠳᠠᠳ ᠬᠤᠷᠠᠯ᠎ᠳᠤ ᠣᠷᠣᠯᠴᠠᠵᠠᠢ᠃
ᠬᠤᠷᠠᠯ᠎ᠠᠴᠠ ᠡᠮᠦᠨ᠎ᠡ ᠪᠠᠰᠠ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠪᠠᠷᠢᠮᠵᠢᠶ᠎ᠠ ᠵᠢ ᠵᠤᠬᠢᠴᠠᠭᠤᠯᠤᠨ ᠨᠢᠬᠡᠳᠬᠡᠬᠦ ᠠᠵᠢᠯ᠎ᠤᠨ ᠪᠡᠯᠡᠳᠬᠡᠮᠵᠢ᠎ᠳᠤ ᠭᠠᠷᠤᠨ ᠦᠰᠦᠭ ᠵᠢᠷᠤᠬᠤ᠂ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠠᠮᠢ ᠠᠬᠤᠢ ᠵᠢᠨ ᠤᠷᠴᠢᠨ ᠳᠤᠭᠤᠷᠢᠨ᠎ᠤ ᠬᠣᠯᠪᠣᠭ᠋ᠠᠯᠠᠨ ᠰᠤᠳᠤᠯᠬᠤ ᠳᠦᠪ᠎ᠤᠨ ᠫᠠᠢ᠌ᠰᠠ ᠵᠢ ᠰᠡᠬᠦᠬᠦ᠂ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠣᠷᠣᠨ ᠪᠦᠰᠡ ᠵᠢᠨ ᠠᠮᠢ ᠠᠬᠤᠢ ᠵᠢᠨ ᠤᠷᠴᠢᠨ ᠳᠤᠭᠤᠷᠢᠨ᠎ᠤ ᠬᠠᠮᠵᠢᠯᠴᠠᠨ ᠠᠵᠢᠯᠯᠠᠬᠤ ᠳᠤᠰᠬᠠᠢ ᠮᠡᠷᠬᠡᠵᠢᠯᠳᠡᠨ᠎ᠤ ᠵᠦᠪᠯᠡᠯ᠎ᠤᠨ ᠭᠡᠰᠢᠭᠦᠳ᠎ᠢ ᠤᠷᠢᠨ ᠳᠤᠮᠢᠯᠠᠬᠤ ᠵᠡᠷᠬᠡ ᠭᠤᠷᠪᠠᠨ ᠵᠦᠢ᠍ᠯ᠎ᠤᠨ ᠶᠤᠰᠤᠯᠠᠯ᠎ᠢ ᠶᠠᠪᠤᠭᠤᠯᠵᠠᠢ᠃