ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠤᠷᠴᠢᠨ ᠳᠤᠭᠤᠷᠢᠨ᠎ᠤ ᠶᠠᠮᠤᠨ ᠪᠠᠢ᠌ᠩᠭᠤ ᠵᠢᠨ ᠬᠤᠷᠠᠯ ᠬᠤᠷᠠᠯᠳᠤᠭᠤᠯᠵᠦ᠂ ᠡᠬᠢᠯᠡᠬᠦᠯᠬᠦ᠎ᠪᠠᠷ ᠪᠠᠢ᠌ᠭ᠎ᠠ ᠴᠢᠬᠤᠯᠠ ᠶᠡᠬᠡ ᠳᠦᠷᠦᠯ ᠵᠦᠢ᠍ᠯ᠎ᠤᠨ ᠤᠷᠴᠢᠨ ᠳᠤᠭᠤᠷᠢᠨ᠎ᠤ ᠨᠥᠯᠥᠭᠡᠯᠡᠯ᠎ᠳᠤ ᠦᠨᠡᠯᠡᠯᠳᠡ ᠬᠢᠬᠦ ᠵᠢ ᠬᠢᠨᠠᠨ ᠵᠥᠪᠰᠢᠶᠡᠷᠡᠵᠦ ᠳᠤᠬᠢᠷᠠᠭᠤᠯᠤᠬᠰᠠᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢᠴᠢ 2018 ᠤᠨ᠎ᠤ ᠳᠡᠬᠡᠷ᠎ᠡ ᠬᠠᠭ᠋ᠠᠰ ᠵᠢᠯ᠎ᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠭᠤᠤᠯᠳᠠᠯᠭ᠎ᠠ᠎ᠲᠠᠢ ᠵᠦᠢ᠍ᠯᠡᠰ᠎ᠢ ᠰᠢᠮᠳᠠᠭᠤᠯᠤᠨ ᠪᠠᠢ᠌ᠴᠠᠭ᠋ᠠᠬᠤ ᠵᠢ ᠨᠠᠢ᠌ᠳᠠᠪᠤᠷᠢᠵᠢᠭᠤᠯᠤᠬᠰᠠᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠪᠠ
ᠨᠡᠶ᠋ᠢᠲᠡᠯᠡᠭᠰᠡᠨ ᠴᠠᠭ᠄ 2018-09-19

      ᠠᠮᠢ ᠠᠬᠤᠢ ᠤᠷᠴᠢᠨ ᠳᠤᠭᠤᠷᠢᠨ᠎ᠤ ᠶᠠᠮᠤᠨ᠎ᠤ ᠳᠠᠷᠤᠭ᠎ᠠ ᠯᠢ ᠭᠠᠨ ᠵᠢᠶᠸ 9 ᠳ᠋ᠦ᠍ᠭᠡᠷ ᠰᠠᠷ᠎ᠠ ᠵᠢᠨ 10᠎ᠤ ᠡᠳᠦᠷ ᠠᠮᠢ ᠠᠬᠤᠢ ᠤᠷᠴᠢᠨ ᠳᠤᠭᠤᠷᠢᠨ᠎ᠤ ᠶᠠᠮᠤᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠦ᠂ ᠡᠬᠢᠯᠡᠬᠦᠯᠬᠦ᠎ᠪᠠᠷ ᠪᠠᠢ᠌ᠭ᠎ᠠ ᠴᠢᠬᠤᠯᠠ ᠶᠡᠬᠡ ᠳᠦᠷᠦᠯ ᠵᠦᠢ᠍ᠯ᠎ᠤᠨ ᠤᠷᠴᠢᠨ ᠳᠤᠭᠤᠷᠢᠨ᠎ᠤ ᠨᠥᠯᠥᠭᠡᠯᠡᠯ᠎ᠢ ᠦᠨᠡᠯᠡᠯᠳᠡ ᠬᠢᠬᠦ ᠵᠢ ᠬᠢᠨᠠᠨ ᠵᠥᠪᠰᠢᠶᠡᠷᠡᠵᠦ ᠳᠤᠬᠢᠷᠠᠭᠤᠯᠤᠬᠰᠠᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠪᠠ 2018 ᠤᠨ᠎ᠤ ᠳᠡᠬᠡᠷ᠎ᠡ ᠬᠠᠭ᠋ᠠᠰ ᠵᠢᠯ᠎ᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠭᠤᠤᠯᠳᠠᠯᠭ᠎ᠠ᠎ᠲᠠᠢ ᠵᠦᠢ᠍ᠯᠡᠰ᠎ᠢ ᠰᠢᠮᠳᠠᠭᠤᠯᠤᠨ ᠪᠠᠢ᠌ᠴᠠᠭ᠋ᠠᠬᠤ ᠵᠢ ᠨᠠᠢ᠌ᠳᠠᠪᠤᠷᠢᠵᠢᠭᠤᠯᠤᠬᠰᠠᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠪᠠ᠃
      ᠬᠤᠷᠠᠯ᠎ᠠᠴᠠ᠂ ᠤᠷᠴᠢᠨ ᠳᠤᠭᠤᠷᠢᠨ᠎ᠤ ᠨᠥᠯᠥᠭᠡᠯᠡᠯ᠎ᠳᠤ ᠦᠨᠡᠯᠡᠯᠳᠡ ᠬᠢᠬᠦ ᠵᠢ ᠬᠢᠨᠠᠨ ᠵᠦᠪᠰᠢᠶᠡᠷᠡᠬᠦ ᠪᠤᠯ ᠴᠢᠬᠤᠯᠠ ᠶᠡᠬᠡ ᠳᠦᠷᠦᠯ ᠵᠦᠢ᠍ᠯ᠎ᠢ ᠡᠬᠢᠯᠡᠬᠦᠯᠦᠨ ᠪᠠᠢ᠌ᠭᠤᠯᠬᠤ ᠵᠢᠨ ᠤᠷᠢᠳᠠᠯ ᠮᠥᠨ᠃ ᠤᠷᠴᠢᠨ ᠳᠤᠭᠤᠷᠢᠨ᠎ᠤ ᠨᠥᠯᠥᠭᠡᠯᠡᠯ᠎ᠢ ᠦᠨᠡᠯᠡᠯᠳᠡ ᠬᠢᠬᠦ ᠵᠢ ᠬᠢᠨᠠᠨ ᠵᠦᠪᠰᠢᠶᠡᠷᠡᠬᠦ ᠠᠰᠢᠬᠯᠠᠮᠵᠢ ᠵᠢ ᠳᠡᠬᠡᠭᠰᠢᠯᠡᠬᠦᠯᠬᠦ ᠪᠤᠯ ᠠᠮᠢ ᠠᠬᠤᠢ ᠵᠢᠨ ᠤᠷᠴᠢᠨ ᠳᠤᠭᠤᠷᠢᠨ᠎ᠤ ᠬᠦᠷᠢᠶ᠎ᠡ ᠴᠠᠷᠠᠭ᠋ᠠᠨ᠎ᠳᠠᠬᠢ 《ᠳᠠᠯᠪᠢᠬᠤ ᠬᠠᠮᠢᠶᠠᠷᠬᠤ ᠦᠢ᠍ᠯᠡᠴᠢᠯᠡᠬᠦ》 ᠦᠬᠡᠷᠡᠴᠢᠯᠡᠯᠳᠡ ᠵᠢ ᠬᠦᠨᠵᠡᠬᠡᠢ᠌ᠷᠡᠬᠦᠯᠬᠦ ᠴᠢᠬᠤᠯᠠ ᠠᠷᠭ᠎ᠠ ᠬᠡᠮᠵᠢᠶ᠎ᠡ ᠮᠥᠨ᠃ ᠳᠡᠷᠡ᠎ᠨᠢ ᠪᠤᠳᠠᠳᠤ ᠴᠤᠬ᠍ᠴᠠᠳᠤ ᠠᠵᠤ ᠠᠬᠤᠢ ᠵᠢᠨ ᠬᠦᠭᠵᠢᠯᠳᠠ᠎ᠳᠤ ᠦᠢ᠍ᠯᠡᠴᠢᠯᠡᠬᠦ᠂ ᠰᠠᠭᠤᠷᠢ ᠳᠦᠬᠦᠬᠡᠷᠦᠮᠵᠢ ᠵᠢᠨ ᠳᠤᠲᠠᠭᠤᠳᠠᠯ᠎ᠢ ᠨᠦᠬᠦᠪᠦᠷᠢᠯᠡᠬᠦ ᠡᠷᠴᠢᠮ᠎ᠢ ᠴᠢᠩᠭ᠋ᠠᠷᠠᠭᠤᠯᠬᠤ᠂ ᠬᠦᠭᠵᠢᠯᠳᠠ ᠵᠢᠨ ᠠᠮᠢᠵᠢᠷᠠᠯ᠎ᠤᠨ ᠬᠦᠴᠦᠨ ᠪᠠ ᠬᠥᠳᠡᠯᠭᠡᠭᠴᠢ ᠬᠦᠴᠦᠨ᠎ᠢ ᠬᠥᠭᠵᠢᠭᠡᠬᠦ᠎ᠳᠤ ᠴᠢᠬᠤᠯᠠ ᠠᠴᠢ ᠬᠤᠯᠪᠤᠬᠳᠠᠯ᠎ᠲᠠᠢ ᠶᠤᠮ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ ᠴᠢᠬᠤᠯᠠᠴᠢᠯᠠᠬᠤ᠎ᠳᠤ᠎ᠪᠠᠨ᠂ 《ᠳᠦᠷᠪᠡᠨ ᠵᠦᠢ᠍ᠯ᠎ᠤᠨ ᠦᠵᠡᠯ ᠤᠬᠠᠮᠰᠠᠷ》 ᠵᠶ᠋ᠠᠨ ᠦᠨᠡᠨ ᠬᠦ᠌ ᠴᠢᠩᠭ᠋ᠠᠷᠠᠭᠤᠯᠤᠨ᠂ ᠤᠯᠤᠰ ᠳᠦᠷᠦ ᠵᠢᠨ ᠵᠤᠬᠰᠤᠴᠠ᠎ᠪᠠᠨ ᠳᠡᠭᠡᠭᠰᠢᠯᠡᠬᠦᠯᠵᠦ᠂ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠳᠦ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠨᠠᠷᠢᠨ ᠬᠢᠨᠠᠮᠠᠭ᠋ᠠᠢ ᠳᠤᠭᠤᠰᠢᠯᠠᠭᠤᠯᠤᠨ ᠨᠠᠢ᠌ᠳᠠᠪᠤᠷᠢᠵᠢᠭᠤᠯᠵᠦ᠂ ᠤᠷᠴᠢᠨ ᠳᠤᠭᠤᠷᠢᠨ᠎ᠤ ᠨᠥᠯᠥᠭᠡᠯᠡᠯ᠎ᠳᠤ ᠦᠨᠡᠯᠡᠯᠳᠡ ᠬᠢᠬᠦ ᠵᠢ ᠬᠢᠨᠠᠨ ᠵᠦᠪᠰᠢᠶᠡᠷᠡᠬᠦ ᠦᠢ᠍ᠯᠡᠴᠢᠯᠡᠬᠡ ᠵᠢ ᠴᠢᠩᠭ᠋ᠠᠳᠬᠠᠵᠦ᠂ ᠴᠢᠬᠤᠯᠠ ᠶᠡᠬᠡ ᠳᠦᠷᠦᠯ ᠵᠦᠢ᠍ᠯ᠎ᠤᠨ ᠪᠦᠳᠦᠬᠡᠨ ᠪᠠᠢ᠌ᠭᠤᠯᠤᠯᠳᠠ ᠵᠢ ᠬᠦᠴᠦᠯᠡᠨ ᠠᠬᠢᠭᠤᠯᠵᠤ᠂ ᠪᠦᠲᠦᠮᠵᠢᠲᠡᠢ᠎ᠪᠠᠷ ᠪᠡᠯᠡ ᠣᠷᠣᠭᠤᠯᠵᠤ ᠲᠣᠭᠲᠠᠭᠤᠨ ᠵᠶ᠋ᠠᠷ ᠨᠡᠮᠡᠭᠳᠡᠭᠦᠯᠬᠦ ᠵᠢ ᠠᠬᠢᠭᠤᠯᠵᠤ᠂ ᠠᠵᠤ ᠠᠬᠤᠢ ᠵᠢᠨ ᠴᠢᠨᠠᠷᠯᠢᠭ ᠬᠦᠭᠵᠢᠯᠳᠠ ᠪᠠ ᠠᠮᠢ ᠠᠬᠤᠢ ᠵᠢᠨ ᠤᠷᠴᠢᠨ ᠳᠤᠭᠤᠷᠢᠨ᠎ᠤ ᠦᠨᠳᠦᠷ ᠬᠢᠷᠢ ᠳᠦᠪᠰᠢᠨ ᠪᠦᠬᠦᠢ ᠬᠠᠮᠠᠭ᠋ᠠᠯᠠᠯᠳᠠ ᠵᠢ ᠵᠣᠬᠢᠴᠠᠭᠤᠯᠤᠨ ᠠᠬᠢᠭᠤᠯᠬᠤ ᠬᠡᠷᠡᠭᠳᠡᠢ᠃ ᠰᠠᠭ᠋ᠠᠳ ᠦᠬᠡᠢ ᠨᠡᠪᠲᠡᠷᠡᠬᠦ ᠵᠠᠮ᠎ᠢ ᠤᠯᠠᠮ ᠨᠢᠬᠡ ᠠᠯᠬᠤᠮ ᠳᠡᠬᠦᠯᠳᠡᠷᠵᠢᠭᠦᠯᠵᠦ᠂ ᠵᠢᠯ᠎ᠤᠨ ᠳᠤᠳᠤᠷ᠎ᠠ ᠡᠬᠢᠯᠡᠬᠦᠯᠬᠦ᠎ᠪᠠᠷ ᠪᠠᠢ᠌ᠭ᠎ᠠ ᠴᠢᠬᠤᠯᠠ ᠶᠡᠬᠡ ᠳᠦᠷᠦᠯ ᠵᠦᠢ᠍ᠯ᠎ᠢ ᠬᠦᠷᠭᠡᠮᠡᠭᠴᠡ ᠳᠠᠷᠤᠢ᠎ᠳᠤ᠎ᠨᠢ ᠬᠦᠯᠢᠶᠡᠨ ᠠᠪᠴᠤ ᠰᠢᠢ᠍ᠳᠪᠦᠷᠢᠯᠡᠬᠦ᠂ ᠬᠦᠯᠢᠶᠡᠨ ᠠᠪᠤᠮᠠᠭᠴᠠ ᠳᠠᠷᠤᠢ᠎ᠳᠤ᠎ᠨᠢ ᠦᠨᠡᠯᠡᠨ ᠵᠢᠱ᠌ᠢᠬᠦ᠂ ᠦᠨᠡᠯᠡᠨ ᠵᠢᠱ᠌ᠢᠮᠡᠭᠴᠡ ᠳᠠᠷᠤᠢ᠎ᠳᠤ᠎ᠨᠢ ᠬᠢᠨᠠᠨ ᠪᠠᠢ᠌ᠴᠠᠭ᠋ᠠᠬᠤ ᠵᠢ ᠵᠡᠷᠭᠡ᠎ᠳᠤ᠎ᠨᠢ ᠭᠦᠢ᠍ᠴᠡᠳᠬᠡᠵᠦ᠂ ᠴᠢᠬᠤᠯᠠ ᠶᠡᠬᠡ ᠰᠠᠭᠤᠷᠢ ᠪᠡᠯᠡᠳᠬᠡᠮᠵᠢ ᠵᠢᠨ ᠲᠥᠷᠥᠯ᠎ᠤᠨ ᠳᠦᠷᠦᠯ ᠵᠦᠢ᠍ᠯ᠎ᠢ ᠬᠢᠨᠠᠨ ᠵᠦᠪᠰᠢᠶᠡᠷᠡᠬᠦ ᠴᠠᠭ᠎ᠢ ᠵᠠᠷᠴᠢᠮ ᠳᠡᠬᠡᠷ᠎ᠡ᠎ᠪᠠᠨ ᠬᠠᠤᠯᠢ᠎ᠪᠠᠷ ᠳᠤᠬᠳᠠᠭ᠋ᠠᠭᠰᠠᠨ ᠴᠠᠭ᠎ᠤᠨ ᠬᠢᠵᠠᠭ᠋ᠠᠷ᠎ᠤᠨ ᠬᠠᠭ᠋ᠠᠰ᠎ᠠᠴᠠ ᠳᠣᠷᠣᠭᠰᠢ ᠪᠣᠯᠲᠠᠯ᠎ᠠ ᠪᠠᠭ᠋ᠠᠰᠬᠠᠬᠤ ᠬᠡᠷᠡᠭᠲᠡᠢ᠃ ᠤᠷᠴᠢᠨ ᠳᠤᠭᠤᠷᠢᠨ᠎ᠤ ᠨᠥᠯᠥᠭᠡᠯᠡᠯ᠎ᠳᠤ ᠦᠨᠡᠯᠡᠯᠳᠡ ᠬᠢᠬᠦ ᠵᠢ ᠬᠢᠨᠠᠨ ᠵᠦᠪᠰᠢᠶᠡᠷᠡᠬᠦ ᠶᠠᠪᠤᠴᠠ᠎ᠳᠠᠬᠢ ᠠᠮᠢ ᠠᠬᠤᠢ ᠵᠢᠨ ᠤᠷᠴᠢᠨ ᠳᠤᠭᠤᠷᠢᠨ᠎ᠢ ᠬᠢᠵᠠᠭ᠋ᠠᠷᠯᠠᠵᠤ ᠪᠠᠢ᠌ᠭ᠎ᠠ ᠬᠦᠴᠦᠨ ᠵᠦᠢ᠍ᠯ᠎ᠢ ᠵᠦᠢ ᠵᠤᠬᠢᠰᠳᠠᠢ ᠰᠢᠢ᠍ᠳᠪᠦᠷᠢᠯᠡᠵᠦ᠂ ᠠᠮᠢ ᠠᠬᠤᠢ ᠵᠢᠨ ᠤᠷᠴᠢᠨ ᠳᠤᠭᠤᠷᠢᠨ᠎ᠤ ᠵᠦᠪᠰᠢᠶᠡᠷᠡᠨ ᠤᠷᠤᠭᠤᠯᠬᠤ ᠪᠤᠭᠤᠮᠳᠠ ᠵᠢ ᠰᠠᠢ᠌ᠳᠤᠷ ᠡᠵᠡᠮᠳᠡᠬᠦ ᠵᠢᠨ ᠬᠠᠮᠲᠤ᠂ ᠴᠢᠬᠤᠯᠠ ᠶᠡᠬᠡ ᠪᠦᠲᠦᠭᠡᠨ ᠪᠠᠢ᠌ᠭᠤᠯᠤᠯᠲᠠ ᠵᠢᠨ ᠳᠦᠷᠦᠯ ᠵᠦᠢ᠍ᠯ᠎ᠤᠨ ᠠᠵᠤ ᠠᠬᠤᠢ ᠵᠢᠨ ᠬᠦᠭᠵᠢᠯᠳᠠ ᠵᠢ ᠠᠬᠢᠭᠤᠯᠬᠤ ᠦᠢ᠍ᠯᠡᠳᠦᠯ᠎ᠢ ᠰᠠᠢ᠌ᠳᠤᠷ ᠪᠠᠳᠠᠷᠠᠭᠤᠯᠵᠦ᠂ ᠠᠮᠢ ᠠᠬᠤᠢ ᠵᠢᠨ ᠬᠠᠮᠠᠭ᠋ᠠᠯᠠᠯᠳᠠ ᠵᠢᠨ ᠣᠯᠠᠭ᠋ᠠᠨ ᠱᠤᠭᠤᠮ ᠪᠠ ᠬᠤᠯᠪᠤᠭᠳᠠᠯ ᠪᠦᠬᠦᠢ ᠬᠠᠤᠯᠢ᠎ᠳᠤ ᠳᠤᠬᠳᠠᠭ᠋ᠠᠭᠰᠠᠨ ᠬᠠᠮᠠᠭ᠋ᠠᠯᠠᠯᠳᠠ ᠵᠢᠨ ᠤᠷᠤᠨ᠎ᠳᠤ ᠬᠤᠯᠪᠤᠬᠳᠠᠬᠰᠠᠨ ᠵᠦᠢ᠍ᠯ᠎ᠳᠤ᠂ ᠳᠦᠷᠦᠯ ᠵᠦᠢ᠍ᠯ᠎ᠤᠨ ᠪᠠᠢ᠌ᠷᠢ ᠰᠣᠩᠭᠣᠨ ᠱᠤᠭᠤᠮ ᠰᠤᠩᠭᠤᠬᠤ ᠵᠢ ᠰᠢᠯᠢᠳᠡᠭᠵᠢᠭᠦᠯᠬᠦ ᠵᠢ ᠰᠢᠮᠳᠠᠭᠤᠯᠤᠨ ᠠᠬᠢᠭᠤᠯᠵᠤ᠂ ᠤᠷᠢᠳ ᠵᠶ᠋ᠠᠷ ᠵᠠᠢ᠌ᠯᠠᠭᠤᠯᠤᠨ ᠰᠢᠯᠵᠢᠭᠦᠯᠬᠦ ᠠᠷᠭ᠎ᠠ ᠬᠡᠮᠵᠢᠶ᠎ᠡ ᠠᠪᠬᠤ ᠬᠡᠷᠡᠭᠳᠡᠢ; ᠴᠢᠬᠤᠯᠠ ᠶᠡᠬᠡ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢᠨ ᠬᠡᠯᠬᠢᠶᠡᠵᠢᠭᠰᠡᠨ ᠢᠨᠵᠧᠨᠧᠷᠢᠩ᠎ᠤᠨ ᠲᠥᠷᠥᠯ ᠵᠦᠢ᠍ᠯ᠎ᠳᠤ᠂ ᠦᠨᠡᠨ ᠬᠦ᠌ ᠵᠠᠢ᠌ᠯᠠᠭᠤᠯᠤᠨ ᠰᠢᠯᠵᠢᠭᠦᠯᠬᠦ ᠪᠣᠯ᠂ ᠪᠦᠳᠦᠬᠡᠨ ᠪᠠᠢ᠌ᠭᠤᠯᠬᠤ ᠨᠢᠬᠡᠴᠢ ᠵᠢ ᠱᠠᠭ᠋ᠠᠷᠳᠠᠨ ᠠᠯᠢ ᠴᠢᠳᠠᠬᠤ᠎ᠪᠠᠷ ᠬᠦᠨᠦᠬᠡᠯ ᠦᠬᠡᠢ ᠠᠷᠭ᠎ᠠ ᠬᠡᠯᠪᠡᠷᠢ᠎ᠪᠠᠷ ᠳᠤᠭᠤᠯᠤᠭᠤᠯᠵᠦ᠂ ᠠᠵᠢᠯ ᠡᠬᠢᠯᠡᠬᠦ᠎ᠠᠴᠠ ᠡᠮᠦᠨ᠎ᠡ ᠬᠤᠯᠪᠤᠬᠳᠠᠯ ᠪᠦᠬᠦᠢ ᠵᠠᠰᠠᠭ ᠵᠠᠬᠢᠷᠭ᠋ᠠᠨᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠤᠨ ᠵᠦᠪᠰᠢᠶᠡᠷᠡᠯ᠎ᠢ ᠬᠠᠤᠯᠢ ᠶᠤᠰᠤᠭ᠋ᠠᠷ ᠤᠯᠵᠦ᠂ ᠠᠮᠢ ᠠᠬᠤᠢ ᠵᠢᠨ ᠤᠷᠴᠢᠨ ᠳᠤᠭᠤᠷᠢᠨ᠎ᠢ ᠬᠣᠬᠢᠷᠠᠭᠤᠯᠬᠤ᠎ᠪᠠᠷ ᠦᠨ᠎ᠡ ᠥᠷᠲᠡᠭ ᠪᠣᠯᠭ᠋ᠠᠵᠤ ᠪᠠᠢ᠌ᠭ᠋ᠠᠳ ᠠᠵᠤ ᠠᠬᠤᠢ ᠵᠢ ᠬᠦᠭᠵᠢᠬᠦᠯᠬᠦ ᠵᠢ ᠡᠷᠡᠰ ᠵᠤᠬᠰᠤᠭ᠋ᠠᠬᠤ ᠬᠡᠷᠡᠭᠳᠡᠢ᠃ ᠤᠷᠤᠨ ᠨᠤᠳᠤᠭ᠎ᠤᠨ ᠬᠢᠨᠠᠨ ᠵᠦᠪᠰᠢᠶᠡᠷᠡᠬᠦ ᠳᠦᠷᠦᠯ᠎ᠳᠠᠬᠢ ᠳᠤᠬᠢᠷᠠᠭᠤᠯᠬᠤ ᠪᠠ ᠵᠢᠯᠤᠭᠤᠳᠬᠤ᠎ᠪᠠᠨ ᠴᠢᠩᠭ᠋ᠠᠳᠬᠠᠵᠦ᠂ ᠬᠢᠨᠠᠨ ᠵᠦᠪᠰᠢᠶᠡᠷᠡᠬᠦ ᠶᠠᠪᠤᠴᠠ᠎ᠳᠤ ᠳᠤᠬᠢᠶᠠᠯᠳᠤᠬᠰᠠᠨ ᠭᠤᠤᠯᠳᠠᠯᠭ᠎ᠠ᠎ᠲᠠᠢ ᠬᠦᠴᠢᠷ᠎ᠲᠠᠢ ᠠᠰᠠᠭᠤᠳᠠᠯ᠎ᠤᠨ ᠳᠤᠭᠤᠷᠢᠨ᠎ᠳᠤ᠂ ᠠᠰᠠᠭᠤᠳᠠᠯ᠎ᠢ ᠰᠢᠢ᠍ᠳᠪᠦᠷᠢᠯᠡᠬᠦ ᠠᠷᠭ᠎ᠠ ᠬᠡᠮᠵᠢᠶ᠎ᠡ ᠬᠠᠪᠰᠤᠷᠤᠨ ᠳᠤᠷᠠᠳᠴᠤ᠂ ᠤᠷᠴᠢᠨ ᠳᠤᠭᠤᠷᠢᠨ᠎ᠤ ᠨᠥᠯᠥᠭᠡᠯᠡᠯ᠎ᠳᠤ ᠦᠨᠡᠯᠡᠯᠳᠡ ᠬᠢᠬᠦ ᠵᠢ ᠬᠢᠨᠠᠨ ᠵᠦᠪᠰᠢᠶᠡᠷᠡᠬᠦ ᠵᠢ ᠬᠠᠤᠯᠢ ᠶᠤᠰᠤᠭ᠋ᠠᠷ ᠳᠦᠷᠬᠡᠳᠬᠡᠬᠦ ᠬᠡᠷᠡᠭᠳᠡᠢ᠃
      ᠬᠤᠷᠠᠯ᠎ᠠᠴᠠ᠂ ᠰᠢᠮᠳᠠᠭᠤᠯᠤᠨ ᠪᠠᠢ᠌ᠴᠠᠭ᠋ᠠᠬᠤ ᠪᠤᠯ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠵᠢ ᠨᠠᠢ᠌ᠳᠠᠪᠤᠷᠢᠵᠢᠭᠤᠯᠬᠤ ᠦᠷ᠎ᠡ ᠪᠦᠲᠦᠮᠵᠢ ᠭᠠᠷᠭ᠋ᠠᠬᠤ ᠴᠢᠬᠤᠯᠠ ᠠᠷᠭ᠎ᠠ ᠪᠠᠷᠢᠯ ᠪᠤᠯᠤᠨ᠎ᠠ᠃ ᠤᠢ᠌ᠷ᠎ᠠ ᠵᠢᠨ ᠵᠢᠯ᠎ᠤᠳ᠎ᠠᠴᠠ ᠨᠠᠭ᠋ᠠᠰᠢ᠂ ᠠᠮᠢ ᠠᠬᠤᠢ ᠤᠷᠴᠢᠨ ᠳᠤᠭᠤᠷᠢᠨ᠎ᠤ ᠶᠠᠮᠤᠨ᠎ᠠᠴᠠ ᠰᠢᠮᠳᠠᠭᠤᠯᠤᠨ ᠪᠠᠢ᠌ᠴᠠᠭ᠋ᠠᠬᠤ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠨ ᠬᠥᠭᠵᠢᠯᠲᠡ ᠵᠢ ᠠᠬᠢᠭᠤᠯᠬᠤ 《ᠬᠤᠷᠴᠠ ᠵᠡᠪᠰᠡᠭ》᠎ᠤᠨ ᠦᠢ᠍ᠯᠡᠳᠦᠯ᠎ᠢ ᠢᠳᠡᠪᠬᠢᠳᠡᠢ ᠪᠠᠳᠠᠷᠠᠭᠤᠯᠵᠦ᠂ ᠰᠢᠮᠳᠠᠭᠤᠯᠤᠨ ᠪᠠᠢ᠌ᠴᠠᠭ᠋ᠠᠬᠤ ᠲᠣᠭᠲᠠᠴᠠ ᠵᠢ ᠰᠢᠨ᠎ᠡ ᠵᠢ ᠡᠭᠦᠳᠴᠦ᠂ ᠰᠢᠮᠳᠠᠭᠤᠯᠤᠨ ᠪᠠᠢ᠌ᠴᠠᠭ᠋ᠠᠬᠤ ᠡᠬᠡ ᠳᠠᠩᠰᠠ ᠵᠢ ᠪᠠᠢ᠌ᠭᠤᠯᠤᠨ᠂ ᠰᠢᠮᠳᠠᠭᠤᠯᠤᠨ ᠪᠠᠢ᠌ᠴᠠᠭ᠋ᠠᠵᠦ ᠮᠡᠳᠡᠭᠡᠯᠡᠨ ᠨᠡᠪᠲᠡᠷᠡᠭᠦᠯᠬᠦ ᠵᠢ ᠴᠢᠩᠭ᠋ᠠᠳᠬᠠᠵᠦ᠂ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠴᠢᠬᠤᠯᠠ ᠶᠡᠬᠡ ᠰᠢᠢ᠍ᠳᠪᠦᠷᠢᠳᠤ ᠪᠤᠳᠤᠯᠭ᠎ᠠ ᠵᠢ ᠪᠤᠳᠠᠳᠠᠢ᠎ᠳᠤ ᠨᠠᠢ᠌ᠳᠠᠪᠤᠷᠢᠵᠢᠭᠤᠯᠬᠤ ᠵᠢ ᠬᠦᠴᠦᠳᠡᠢ ᠠᠬᠢᠭᠤᠯᠪᠠ ᠭᠡᠵᠦ ᠵᠢᠭ᠋ᠠᠵᠤ ᠭᠠᠷᠭ᠋ᠠᠵᠠᠢ᠃
ᠬᠤᠷᠠᠯ᠎ᠠᠴᠠ ᠱᠠᠭ᠋ᠠᠷᠳᠠᠬᠤ᠎ᠳᠤ᠎ᠪᠠᠨ᠂ 《ᠬᠤᠶᠠᠷ᠎ᠢ ᠡᠷᠡᠰ ᠬᠠᠮᠠᠭ᠋ᠠᠯᠠᠬᠤ》 ᠵᠢ ᠭᠦᠢ᠍ᠴᠡᠳᠬᠡᠬᠦ ᠦᠨᠳᠦᠷᠴᠡ᠎ᠠᠴᠠ᠂ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠳᠤ ᠪᠤᠳᠤᠯᠭ᠎ᠠ ᠵᠢᠨ ᠪᠠᠢ᠌ᠷᠢᠯᠠᠭᠤᠯᠤᠯᠳᠠ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠭᠦᠷᠭᠡ ᠬᠠᠷᠢᠭᠤᠴᠠᠯᠭ᠋ᠠᠳᠤ ᠰᠡᠳᠬᠢᠯᠬᠡ᠎ᠪᠠᠨ ᠦᠨᠡᠨ ᠬᠦ᠌ ᠴᠢᠩᠭ᠋ᠠᠷᠠᠭᠤᠯᠵᠤ᠂ ᠪᠤᠬᠢᠷᠳᠤᠯ᠎ᠢ ᠰᠡᠷᠬᠡᠢ᠌ᠯᠡᠨ ᠵᠠᠰᠠᠬᠤ ᠰᠢᠪᠳᠤᠯᠤᠯᠳᠠ ᠵᠢᠨ ᠳᠠᠢ᠌ᠯᠠᠯᠳᠤᠭ᠋ᠠᠨ᠎ᠤ ᠳᠤᠯᠤᠭ᠋ᠠᠨ ᠶᠡᠬᠡ ᠪᠡᠯᠬᠡ ᠲᠡᠮᠳᠡᠭ᠎ᠤᠨ ᠴᠢᠨᠠᠷᠲᠠᠢ ᠳᠠᠢ᠌ᠯᠠᠯᠳᠤᠭ᠋ᠠᠨ᠎ᠢ ᠰᠠᠢ᠌ᠳᠤᠷ ᠬᠢᠬᠦ᠂ ᠳᠦᠷᠪᠡᠨ ᠳᠤᠰᠬᠠᠢ ᠵᠦᠢ᠍ᠯ᠎ᠤᠨ ᠠᠵᠢᠯᠯᠠᠭ᠎ᠠ ᠵᠢ ᠦᠷᠨᠢᠬᠦᠯᠬᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠳᠠ ᠵᠢᠨ ᠬᠦᠷᠢᠶ᠎ᠡ ᠴᠠᠷᠠᠭ᠋ᠠᠨ᠎ᠤ ᠦᠬᠡᠷᠡᠴᠢᠯᠡᠯᠳᠡ ᠵᠢᠨ ᠡᠬᠦᠷᠬᠡ ᠵᠢ ᠨᠠᠢ᠌ᠳᠠᠪᠤᠷᠢᠵᠢᠭᠤᠯᠬᠤ ᠳᠤᠭᠤᠷᠢᠨ᠎ᠳᠤ᠂ ᠰᠢᠮᠳᠠᠭᠤᠯᠤᠨ ᠭᠦᠢ᠍ᠴᠡᠳᠬᠡᠬᠦ ᠡᠷᠴᠢᠮ ᠵᠶ᠋ᠡᠨ ᠴᠢᠩᠭ᠋ᠠᠷᠠᠭᠤᠯᠵᠤ᠂ ᠪᠠᠷᠢᠮᠵᠢᠶ᠎ᠠ ᠪᠠ ᠬᠦᠰᠦᠨᠦᠭ᠎ᠲᠠᠢ ᠬᠠᠷᠢᠴᠠᠭᠤᠯᠬᠤ ᠠᠵᠢᠯ᠎ᠢ ᠰᠠᠢ᠌ᠳᠤᠷ ᠬᠢᠵᠦ᠂ ᠨᠠᠮ᠎ᠤᠨ ᠳᠦᠪ ᠬᠤᠷᠢᠶ᠎ᠠ᠂ ᠳᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠠᠢ᠌ᠷᠢᠯᠠᠭᠤᠯᠤᠬᠰᠠᠨ ᠴᠢᠬᠤᠯᠠ ᠡᠬᠦᠷᠬᠡ ᠵᠢ ᠬᠤᠭᠤᠴᠠᠭ᠎ᠠ ᠶᠤᠰᠤᠭ᠋ᠠᠷ ᠴᠢᠨᠠᠷᠯᠢᠭ ᠪᠡᠶᠡᠯᠡᠬᠦᠯᠬᠦ ᠵᠢ ᠪᠠᠲᠤᠯᠠᠬᠤ ᠬᠡᠷᠡᠭᠲᠡᠢ᠃ ᠳᠦᠷᠦ ᠵᠢᠨ ᠶᠠᠪᠤᠳᠠᠯ᠎ᠤᠨ ᠬᠣᠷᠢᠶ᠎ᠠ ᠵᠢᠨ ᠶᠡᠬᠡ ᠰᠢᠮᠳᠠᠭᠤᠯᠤᠨ ᠪᠠᠢ᠌ᠴᠠᠭ᠋ᠠᠯᠳᠠ᠎ᠳᠤ ᠢᠳᠡᠪᠬᠢᠳᠡᠢ ᠬᠠᠮᠵᠢᠯᠴᠠᠵᠦ᠂ ᠪᠠᠢ᠌ᠴᠠᠭ᠋ᠠᠯᠳᠠ ᠵᠢ ᠤᠬᠳᠤᠬᠤ ᠪᠡᠯᠡᠳᠬᠡᠯ ᠪᠠ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠥᠭᠡᠷᠡᠴᠢᠯᠡᠬᠦ ᠵᠢ ᠬᠢᠨᠠᠮᠠᠭ᠋ᠠᠢ᠎ᠪᠠᠷ ᠰᠠᠢ᠌ᠲᠤᠷ ᠬᠢᠵᠦ᠂ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠡᠯ᠎ᠡ ᠵᠦᠢ᠍ᠯ᠎ᠤᠨ ᠳᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ ᠪᠠ ᠠᠷᠭ᠎ᠠ ᠬᠡᠮᠵᠢᠶ᠎ᠡ ᠠᠪᠴᠤ ᠦᠷ᠎ᠡ ᠪᠦᠳᠦᠮᠵᠢ ᠤᠯᠬᠤ ᠵᠢ ᠠᠬᠢᠭᠤᠯᠬᠤ ᠬᠡᠷᠡᠭᠳᠡᠢ ᠭᠡᠵᠡᠢ᠃
      ᠠᠮᠢ ᠠᠬᠤᠢ ᠵᠢᠨ ᠤᠷᠴᠢᠨ ᠳᠤᠭᠤᠷᠢᠨ᠎ᠤ ᠶᠠᠮᠤᠨ᠎ᠤ ᠳᠠᠳ᠋ ᠳᠠᠷᠤᠭ᠎ᠠ ᠼᠦᠢ ᠴᠢᠩ᠂ ᠯᠢᠦ ᠬᠤᠸᠠ᠂ ᠳᠦᠪ᠎ᠤᠨ ᠰᠠᠬᠢᠯᠭ᠎ᠠ ᠪᠠᠳᠤ ᠪᠠᠢ᠌ᠴᠠᠭ᠋ᠠᠬᠤ ᠬᠤᠷᠢᠶᠠᠨ᠎ᠤ ᠤᠯᠤᠰ᠎ᠤᠨ ᠬᠢᠨᠠᠨ ᠪᠠᠢ᠌ᠴᠠᠭ᠋ᠠᠬᠤ ᠵᠦᠪᠯᠡᠯ᠎ᠤᠨ ᠠᠮᠢ ᠠᠬᠤᠢ ᠤᠷᠴᠢᠨ ᠳᠤᠭᠤᠷᠢᠨ᠎ᠤ ᠶᠠᠮᠤᠨ᠎ᠳᠤ ᠰᠠᠭᠤᠭ᠎ᠠ ᠰᠠᠬᠢᠯᠭ᠎ᠠ ᠪᠠᠳᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠦ᠋ ᠬᠠᠢ ᠶᠢᠩ᠂ ᠶᠠᠮᠤᠨ᠎ᠤ ᠳᠡᠳ᠋ ᠳᠠᠷᠤᠭ᠎ᠠ ᠵᠤᠸᠠᠩ ᠬᠦᠸᠸ᠎ᠲᠠᠢ ᠬᠤᠷᠠᠯ᠎ᠳᠤ ᠣᠷᠣᠯᠴᠠᠪᠠ᠃
      ᠶᠠᠮᠤᠨ᠎ᠳᠤ ᠰᠠᠭᠤᠭ᠎ᠠ ᠰᠠᠬᠢᠯᠭ᠎ᠠ ᠪᠠᠳᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤᠴᠠᠯᠭ᠋ᠠᠳᠠᠳ᠂ ᠪᠠᠢ᠌ᠭᠤᠯᠭ᠎ᠠ ᠵᠢᠨ ᠡᠯ᠎ᠡ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠳ᠂ ᠶᠠᠮᠤᠨ᠎ᠤ ᠬᠠᠷᠢᠶ᠎ᠠ ᠬᠣᠯᠪᠣᠭᠳᠠᠯ ᠪᠦᠬᠦᠢ ᠨᠢᠬᠡᠴᠢ ᠵᠢᠨ ᠭᠤᠤᠯ ᠬᠠᠷᠢᠭᠤᠴᠠᠯᠭ᠋ᠠᠳᠠᠳ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠭᠠᠨᠰᠤ ᠮᠤᠵᠢ ᠪᠣᠬᠢᠷᠲᠤᠯ ᠦᠭᠡᠢ ᠳᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠢᠮᠠᠬᠳᠠ ᠪᠠᠷᠢᠮᠲᠠᠯᠠᠨ ᠠᠮᠢ ᠠᠬᠤᠢ ᠵᠢᠨ ᠬᠠᠮᠠᠭ᠋ᠠᠯᠠᠯᠳᠠ ᠵᠢᠨ ᠠᠵᠢᠯ᠎ᠢ ᠰᠠᠢ᠌ᠳᠤᠷ ᠬᠢᠵᠦ ᠪᠣᠬᠢᠷᠲᠤᠯ ᠦᠭᠡᠢ ᠬᠦᠭᠵᠢᠯᠳᠠ ᠵᠢᠨ ᠵᠠᠮ ᠵᠶ᠋ᠡᠷ ᠭᠤᠢ᠌ᠪᠢᠰᠢ ᠦᠬᠡᠢ ᠵᠠᠮᠨᠠᠵᠦ ᠪᠠᠢ᠌ᠨ᠎ᠠ
ᠠᠮᠢ ᠠᠬᠤᠢ ᠣᠷᠴᠢᠨ ᠲᠣᠭᠣᠷᠢᠨ ᠎ᠤ ᠶᠠᠮᠤᠨ ᠨᠠᠮ ᠎ᠤᠨ ᠤᠳᠤᠷᠢᠳᠬᠤ ᠳᠤᠭᠤᠢ᠌ᠯᠠᠩ ᠎ᠤᠨ (ᠥᠷᠭᠡᠳᠬᠡᠭᠰᠡᠨ) ᠬᠤᠷᠠᠯ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠳᠠᠷᠤᠭ᠎ᠠ ᠬᠤᠸᠠᠩ ᠿᠦᠨ ᠴᠢᠦ ᠪᠦᠯᠬᠦᠮ ᠳᠠᠭ᠋ᠠᠭᠤᠯᠤᠨ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠢ᠌ᠲᠡ ᠵᠢᠨ ᠭᠡᠷ᠎ᠡ》 ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠭᠡᠷ᠎ᠡ ᠪᠠᠢ᠌ᠭᠤᠯᠬᠤ ᠲᠠᠯ᠎ᠠ ᠵᠢᠨ ᠶᠡᠬᠡ ᠬᠤᠷᠠᠯ᠎ᠤᠨ ᠳᠡᠭᠡᠳᠦ ᠳᠡᠰ᠎ᠤᠨ ᠬᠤᠷᠠᠯ᠎ᠳᠤ ᠣᠷᠣᠯᠴᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
ᠣᠷᠴᠢᠨ ᠲᠣᠭᠣᠷᠢᠨ᠎ᠤ ᠬᠠᠮᠠᠭ᠋ᠠᠯᠠᠯᠲᠠ᠎ᠨᠢ ᠬᠠᠮᠢᠶᠠᠷᠬᠤ ᠬᠠᠭ᠋ᠠᠬᠤ ᠲᠣᠷᠭ᠋ᠠᠬᠤ ᠲᠡᠳᠦᠢ ᠪᠢᠰᠢ᠂ ᠲᠣᠷᠭ᠋ᠠᠭᠤᠯᠢ ᠵᠢᠨ ᠳᠠᠷᠠᠭ᠎ᠠ ᠬᠡᠷᠬᠢᠨ ᠤᠷᠮᠠᠰᠢᠭᠤᠯᠬᠤ ᠪᠣᠢ
 
             蒙ICP备05000248号