ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠳᠠᠷᠤᠭ᠎ᠠ ᠬᠤᠸᠠᠩ ᠿᠦᠨ ᠴᠢᠦ ᠪᠦᠯᠬᠦᠮ ᠳᠠᠭ᠋ᠠᠭᠤᠯᠤᠨ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠢ᠌ᠲᠡ ᠵᠢᠨ ᠭᠡᠷ᠎ᠡ》 ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠭᠡᠷ᠎ᠡ ᠪᠠᠢ᠌ᠭᠤᠯᠬᠤ ᠲᠠᠯ᠎ᠠ ᠵᠢᠨ ᠶᠡᠬᠡ ᠬᠤᠷᠠᠯ᠎ᠤᠨ ᠳᠡᠭᠡᠳᠦ ᠳᠡᠰ᠎ᠤᠨ ᠬᠤᠷᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2018-11-23

      11 ᠳ᠋ᠦ᠍ᠭᠡᠷ ᠰᠠᠷ᠎ᠠ ᠵᠢᠨ 14᠎ᠠᠴᠠ 15᠎ᠤ ᠡᠳᠦᠷ ᠪᠣᠯᠲᠠᠯ᠎ᠠ᠂ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠢ᠌ᠲᠡ ᠵᠢᠨ ᠭᠡᠷ᠎ᠡ》 ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠭᠡᠷ᠎ᠡ ᠪᠠᠢ᠌ᠭᠤᠯᠬᠤ ᠲᠠᠯ᠎ᠠ ᠵᠢᠨ ᠶᠡᠬᠡ ᠬᠤᠷᠠᠯ᠎ᠤᠨ ᠳᠡᠭᠡᠳᠦ ᠳᠡᠰ᠎ᠤᠨ ᠬᠤᠷᠠᠯ ᠶᠧᠵᠢᠫᠲ᠎ᠤᠨ ᠱᠠᠷᠮ ᠱᠧᠢ᠌ᠾ᠎ᠳᠤ ᠶᠠᠪᠤᠭᠳᠠᠵᠤ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠳᠠᠷᠤᠭ᠎ᠠ ᠬᠤᠸᠠᠩ ᠿᠦᠨ ᠴᠢᠦ ᠤᠷᠢᠯᠭ᠎ᠠ ᠬᠦᠯᠢᠶᠡᠨ ᠶᠠᠷᠢᠶ᠎ᠠ ᠲᠠᠯᠪᠢᠪᠠ᠃
      ᠬᠤᠸᠠᠩ ᠿᠦᠨ ᠴᠢᠦ ᠵᠢᠭ᠋ᠠᠬᠤ᠎ᠳᠤ᠎ᠪᠠᠨ᠂ ᠲᠡᠷᠢᠭᠦᠯᠡᠭᠴᠢ ᠰᠢ ᠵᠢᠨ ᠫᠢᠩ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢᠨ ᠳᠦᠷᠢᠮ᠎ᠤᠨ ᠲᠥᠰᠥᠪ᠎ᠢ ᠪᠦᠬᠦ ᠲᠠᠯ᠎ᠠ᠎ᠪᠠᠷ ᠲᠣᠭ᠋ᠠᠴᠢᠨ ᠥᠭᠦᠯᠡᠵᠦ᠂ ᠶᠠᠭ ᠨᠢᠳᠦ᠎ᠪᠠᠨ ᠬᠠᠮᠠᠭ᠋ᠠᠯᠠᠬᠤ ᠰᠢᠭ᠋ ᠵᠶ᠋ᠠᠷ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠨ᠂ ᠠᠮᠢ ᠨᠠᠰᠤᠨ᠎ᠳᠤ᠎ᠪᠠᠨ ᠬᠠᠨᠳᠤᠬᠤ ᠣᠪᠣᠷ ᠵᠶ᠋ᠠᠷ ᠠᠮᠢ ᠠᠬᠤᠢ ᠵᠢᠨ ᠣᠷᠴᠢᠨ ᠲᠣᠭᠣᠷᠢᠨ᠎ᠳᠤ ᠬᠠᠨᠳᠤᠵᠤ᠂ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠬᠠᠮᠠᠭ᠋ᠠᠯᠠᠯᠲᠠ ᠵᠢ ᠲᠡᠷᠢᠭᠦᠨ ᠪᠠᠢ᠌ᠷᠢᠨ᠎ᠳᠤ ᠲᠠᠯᠪᠢᠬᠤ ᠵᠢᠨ ᠬᠠᠮᠲᠤ ᠤᠯᠤᠰ ᠪᠠ ᠣᠷᠣᠨ ᠨᠤᠲᠤᠭ᠎ᠢ ᠬᠥᠭᠵᠢᠭᠦᠯᠬᠦ ᠬᠢᠭᠡᠳ ᠶᠠᠳᠠᠭᠤ ᠵᠢ ᠲᠡᠳᠬᠦᠬᠦ ᠪᠠᠢ᠌ᠯᠳᠤᠬᠤ ᠪᠣᠳᠣᠯᠭ᠎ᠠ ᠵᠢᠴᠢ ᠲᠥᠯᠥᠪᠵᠢᠭᠦᠯᠭᠡ᠎ᠳᠤ ᠣᠷᠣᠭᠤᠯᠵᠤ᠂ ᠨᠣᠮᠢᠨ ᠤᠰᠤ ᠨᠣᠭᠣᠭ᠋ᠠᠨ ᠠᠭᠤᠯᠠ᠎ᠪᠠᠨ ᠠᠯᠲᠠ ᠮᠥᠩᠭᠥᠨ ᠠᠭᠤᠯᠠ ᠪᠣᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠬᠤᠸᠠᠩ ᠿᠦᠨ ᠴᠢᠦ ᠴᠢᠬᠤᠯᠠᠴᠢᠯᠠᠬᠤ᠎ᠳᠤ᠎ᠪᠠᠨ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠢ᠌ᠲᠡ ᠵᠢᠨ ᠭᠡᠷ᠎ᠡ》 ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠭᠰᠡᠨ᠎ᠤ ᠬᠠᠮᠲᠤ ᠢᠳᠡᠪᠬᠢᠲᠡᠢ᠎ᠪᠠᠷ ᠭᠦᠢ᠍ᠴᠡᠳᠬᠡᠵᠦ᠂ ᠤᠷᠢᠳ ᠡᠮᠦᠨ᠎ᠡ ᠭᠠᠷᠤᠭ᠎ᠠ ᠦᠭᠡᠢ ᠦᠷ᠎ᠡ ᠪᠦᠲᠦᠮᠵᠢ ᠣᠯᠵᠠᠢ ᠭᠡᠪᠡ᠃ ᠲᠡᠷᠡ ᠨᠡᠢ᠌ᠲᠡ ᠵᠢᠨ ᠭᠡᠷ᠎ᠡ ᠵᠢᠨ ᠨᠠᠷᠢᠨ ᠪᠢᠴᠢᠭ᠎ᠤᠨ ᠭᠠᠵᠠᠷ ᠵᠢᠴᠢ ᠭᠡᠷ᠎ᠡ ᠪᠠᠢ᠌ᠭᠤᠯᠬᠤ ᠤᠯᠤᠰ᠎ᠤᠨ ᠳᠤᠮᠳᠠᠳᠤ ᠤᠯᠤᠰ᠎ᠢ ᠰᠣᠩᠭᠣᠨ 2020 ᠣᠨ᠎ᠤ COP15 ᠵᠢ ᠡᠷᠬᠢᠯᠡᠬᠦ᠎ᠪᠠᠷ ᠪᠣᠯᠣᠭᠰᠠᠨ᠎ᠳᠤ ᠪᠠᠶᠠᠷᠯᠠᠨ ᠲᠠᠯᠠᠷᠬᠠᠵᠤ ᠪᠠᠢ᠌ᠬᠤ᠎ᠪᠠᠨ ᠢᠯᠡᠳᠬᠡᠭᠰᠡᠨ᠎ᠤ ᠬᠠᠮᠲᠤ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠠᠴᠠ COP15 ᠵᠢᠨ ᠡᠷᠬᠢᠯᠡᠬᠦ ᠵᠢ ᠡᠷᠡᠰ ᠳᠡᠮᠵᠢᠵᠦ᠂ ᠡᠷᠬᠢᠯᠡᠭᠴᠢ ᠤᠯᠤᠰ᠎ᠤᠨ ᠡᠭᠦᠷᠭᠡ᠎ᠪᠠᠨ ᠪᠦᠬᠦ ᠲᠠᠯ᠎ᠠ᠎ᠪᠠᠷ ᠭᠦᠢ᠍ᠴᠡᠳᠬᠡᠨ᠂ ᠶᠡᠬᠡ ᠬᠤᠷᠠᠯ᠎ᠠᠴᠠ 2020 ᠣᠨ᠎ᠠᠴᠠ ᠰᠡᠭᠦᠯᠡᠷᠬᠢ ᠪᠦᠬᠦ ᠪᠥᠮᠪᠥᠷᠴᠡᠭ᠎ᠤᠨ ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠲᠥᠰᠥᠪ᠎ᠢ ᠪᠠᠲᠤᠯᠠᠬᠤ ᠵᠢ ᠠᠬᠢᠭᠤᠯᠵᠤ᠂ ᠰᠢᠨ᠎ᠡ ᠵᠢ ᠡᠭᠦᠳᠬᠦ᠂ ᠡᠶ᠎ᠡ ᠵᠣᠬᠢᠴᠠᠩᠭᠤᠢ᠂ ᠪᠣᠬᠢᠷᠲᠤᠯ ᠦᠭᠡᠢ᠂ ᠨᠡᠭᠡᠭᠡᠯᠲᠡ ᠬᠢᠭᠰᠡᠨ᠂ ᠬᠠᠮᠲᠤ᠎ᠳᠤ᠎ᠪᠠᠨ ᠬᠦᠷᠲᠡᠬᠦ ᠬᠥᠭᠵᠢᠯᠲᠡ ᠵᠢᠨ ᠣᠨᠣᠯᠵᠢᠬᠤᠨ᠎ᠢ ᠬᠤᠪᠢᠶᠠᠯᠴᠠᠨ ᠬᠦᠷᠲᠡᠵᠦ᠂ ᠪᠠᠢ᠌ᠭ᠋ᠠᠯᠢ ᠵᠢᠨ ᠬᠡᠰᠢᠭ ᠪᠤᠶᠠᠨ᠎ᠢ ᠪᠠᠲᠤᠯᠠᠬᠤ᠎ᠪᠠᠷ ᠦᠨᠳᠦᠰᠦ ᠪᠣᠯᠭ᠋ᠠᠬᠤ ᠵᠢ ᠪᠠᠷᠢᠮᠲᠠᠯᠠᠨ᠂ ᠬᠠᠮᠠᠭ᠋ᠠᠯᠠᠯᠲᠠ ᠬᠢᠭᠡᠳ ᠬᠥᠭᠵᠢᠯᠲᠡ ᠵᠢ ᠬᠠᠷᠢᠯᠴᠠᠨ ᠲᠡᠩᠴᠡᠭᠦᠷᠢᠰᠢᠭᠦᠯᠬᠦ ᠵᠢ ᠠᠬᠢᠭᠤᠯᠵᠤ᠂ ᠳᠡᠯᠡᠬᠡᠢ ᠨᠡᠢ᠌ᠭᠡᠮ᠎ᠲᠠᠢ ᠭᠠᠷ ᠭᠠᠷ ᠵᠶ᠋ᠠᠨ ᠬᠣᠯᠪᠣᠯᠴᠠᠨ᠂ ᠬᠥᠮᠥᠨ ᠬᠢᠭᠡᠳ ᠪᠠᠢ᠌ᠭ᠋ᠠᠯᠢ ᠵᠢᠨ ᠡᠶ᠎ᠡ ᠵᠣᠬᠢᠴᠠᠩᠭᠤᠢ 《ᠬᠤᠪᠢ ᠵᠠᠶᠠᠭ᠋ᠠᠨ᠎ᠤ ᠬᠠᠮᠲᠤ ᠵᠢᠨ ᠴᠣᠭᠴᠠ》 ᠵᠢ ᠪᠡᠶᠡᠯᠡᠭᠦᠯᠦᠨ᠎ᠡ ᠭᠡᠵᠦ ᠢᠯᠡᠷᠬᠡᠢ᠌ᠯᠡᠵᠡᠢ᠃
      ᠳᠤᠮᠳᠠᠳᠤ ᠤᠯᠤᠰ᠎ᠤᠨ ᠬᠣᠯᠪᠣᠭᠳᠠᠯ ᠪᠦᠬᠦᠢ ᠠᠵᠤ ᠠᠬᠤᠢ᠌ᠯᠠᠯ᠎ᠤᠨ ᠬᠠᠷᠢᠭᠤᠴᠠᠯᠭ᠋ᠠᠲᠠᠨ ᠤᠷᠢᠯᠭ᠎ᠠ ᠵᠢ ᠬᠦᠯᠢᠶᠡᠨ ᠰᠠᠭᠤᠷᠢ ᠪᠡᠯᠡᠳᠬᠡᠮᠵᠢ ᠵᠢᠨ ᠲᠣᠭᠣᠷᠢᠭ ᠰᠢᠷᠡᠭᠡᠨ᠎ᠤ ᠶᠠᠷᠢᠯᠴᠠᠭ᠋ᠠᠨ᠎ᠤ ᠲᠠᠪᠴᠠᠩ ᠳᠡᠭᠡᠷ᠎ᠡ ᠠᠵᠤ ᠠᠬᠤᠢ᠌ᠯᠠᠯ᠎ᠤᠨ 《ᠨᠢᠭᠡ ᠪᠦᠰᠡ ᠨᠢᠭᠡ ᠵᠠᠮ》᠎ᠤᠨ ᠪᠣᠬᠢᠷᠲᠤᠯ ᠦᠭᠡᠢ ᠬᠥᠭᠵᠢᠯᠲᠡ᠎ᠳᠠᠬᠢ ᠲᠤᠷᠰᠢᠯᠭ᠎ᠠ ᠪᠠ ᠬᠢᠳᠡᠯ᠎ᠢ ᠲᠠᠨᠢᠯᠴᠠᠭᠤᠯᠪᠠ᠃ ᠬᠤᠷᠠᠯ᠎ᠠᠴᠠ ᠪᠠᠰᠠ ᠣᠯᠠᠨ ᠤᠯᠤᠰ᠎ᠤᠨ ᠪᠠᠢ᠌ᠭ᠋ᠠᠯᠢ ᠬᠢᠭᠡᠳ ᠰᠣᠶᠣᠯ᠎ᠤᠨ ᠬᠣᠯᠪᠣᠭ᠎ᠠ ᠵᠢ ᠪᠠᠢ᠌ᠭᠤᠯᠬᠤ ᠶᠣᠰᠣᠯᠠᠯ ᠶᠠᠪᠤᠭᠤᠯᠵᠤ᠂ ᠱᠠᠷᠮ ᠱᠧᠢ᠌ᠾ᠎ᠤᠨ ᠲᠤᠩᠬᠠᠭ᠎ᠢ ᠪᠠᠲᠤᠯᠠᠪᠠ᠃ ᠭᠡᠷ᠎ᠡ ᠪᠠᠢ᠌ᠭᠤᠯᠬᠤ ᠲᠠᠯ᠎ᠠ᠎ᠠᠴᠠ ᠢᠷᠡᠭᠰᠡᠨ ᠪᠠ ᠣᠯᠠᠨ ᠤᠯᠤᠰ᠎ᠤᠨ ᠵᠣᠬᠢᠶᠠᠨ ᠪᠠᠢ᠌ᠭᠤᠯᠤᠯᠲᠠ ᠵᠢᠨ ᠬᠡᠯᠲᠡᠰ᠎ᠤᠨ ᠱᠠᠲᠤᠨ᠎ᠤ ᠠᠯᠪᠠᠨ ᠲᠤᠰᠢᠶᠠᠯᠲᠠᠳ ᠵᠢᠴᠢ ᠬᠣᠯᠪᠣᠭᠳᠠᠯ ᠪᠦᠬᠦᠢ ᠲᠥᠯᠥᠭᠡᠯᠡᠭᠴᠢᠳ ᠬᠤᠷᠠᠯ᠎ᠳᠤ ᠣᠷᠣᠯᠴᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠠᠮᠢ ᠠᠬᠤᠢ ᠣᠷᠴᠢᠨ ᠲᠣᠭᠣᠷᠢᠨ᠎ᠤ ᠶᠠᠮᠤᠨ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
ᠣᠷᠴᠢᠨ ᠲᠣᠭᠣᠷᠢᠨ᠎ᠤ ᠬᠠᠮᠠᠭ᠋ᠠᠯᠠᠯᠲᠠ᠎ᠨᠢ ᠬᠠᠮᠢᠶᠠᠷᠬᠤ ᠬᠠᠭ᠋ᠠᠬᠤ ᠲᠣᠷᠭ᠋ᠠᠬᠤ ᠲᠡᠳᠦᠢ ᠪᠢᠰᠢ᠂ ᠲᠣᠷᠭ᠋ᠠᠭᠤᠯᠢ ᠵᠢᠨ ᠳᠠᠷᠠᠭ᠎ᠠ ᠬᠡᠷᠬᠢᠨ ᠤᠷᠮᠠᠰᠢᠭᠤᠯᠬᠤ ᠪᠣᠢ
ᠢᠯᠡᠴᠢᠯᠡᠨ ᠮᠡᠳᠡᠭᠦᠯᠦᠭᠰᠡᠨ᠎ᠢ ᠭᠦᠢ᠍ᠴᠡᠳᠬᠡᠨ ᠲᠠᠰᠤᠯᠤᠭᠰᠠᠨ ᠨᠣᠷᠮ᠎ᠠ᠎ᠨᠢ ᠳᠣᠣᠷ᠎ᠠ᠂ ᠳᠠᠪᠬᠤᠷᠳᠠᠭᠤᠯᠤᠨ ᠭᠦᠢ᠍ᠴᠡᠳᠬᠡᠭᠰᠡᠨ ᠨᠣᠷᠮ᠎ᠠ᠎ᠨᠢ ᠥᠨᠳᠥᠷ᠂ ᠠᠬᠢᠨ ᠨᠡᠮᠡᠭᠳᠡᠭᠰᠡᠨ᠎ᠨᠢ ᠬᠦᠨᠳᠦ ᠨᠣᠴᠢᠲᠠᠢ ᠵᠡᠷᠭᠡ ᠠᠰᠠᠭᠤᠳᠠᠯ᠎ᠳᠤ ᠴᠢᠭᠯᠡᠭᠦᠯᠵᠦ ᠨᠢᠭᠡᠳᠦᠭᠡᠷ ᠰᠢᠮᠳᠠᠭᠤᠯᠤᠨ ᠪᠠᠢ᠌ᠴᠠᠭ᠋ᠠᠬᠤ ᠳᠤᠭᠤᠢ᠌ᠯᠠᠩ (ᠭᠢᠷᠢᠨ᠎ᠤ)᠎ᠠᠴᠠ ᠴᠠᠩᠴᠦ᠋ᠨ ᠬᠣᠲᠠ ᠵᠢᠨ ᠣᠷᠣᠯᠠᠭᠴᠢ ᠳᠠᠷᠤᠭ᠎ᠠ᠎ᠲᠠᠢ ᠪᠣᠯᠵᠣᠨ ᠠᠭᠤᠯᠵᠠᠪᠠ
ᠪᠣᠬᠢᠷᠲᠤᠯ᠎ᠲᠠᠢ GDP ᠵᠢ ᠬᠡᠷᠡᠭᠰᠡᠬᠦ ᠦᠭᠡᠢ᠂ ᠵᠢᠶᠠᠩᠰᠤ ᠵᠢᠨ ᠬᠡᠯᠪᠡᠷᠢ ᠵᠢ᠎ᠨᠢ ᠬᠤᠪᠢᠷᠠᠭᠤᠯᠵᠤ ᠳᠡᠰ ᠳᠡᠪᠰᠢᠭᠦᠯᠦᠭᠰᠡᠨ 《ᠠᠵᠤ ᠠᠬᠤᠢ ᠵᠢᠨ ᠳᠠᠩᠰᠠ》 ᠪᠠ 《ᠠᠮᠢ ᠠᠬᠤᠢ ᠵᠢᠨ ᠳᠠᠩᠰᠠ》
《ᠮᠥᠩᠭᠥᠨ ᠤᠰᠤᠨ᠎ᠤ ᠮᠢᠨᠠᠮᠠᠲ᠋ᠠ ᠵᠢᠨ ᠲᠤᠬᠠᠢ ᠨᠡᠢ᠌ᠲᠡ ᠵᠢᠨ ᠭᠡᠷ᠎ᠡ》 ᠵᠢᠨ ᠬᠣᠶᠠᠳᠤᠭ᠋ᠠᠷ ᠤᠳᠠᠭ᠋ᠠᠨ᠎ᠤ ᠭᠡᠷ᠎ᠡ ᠪᠠᠢ᠌ᠭᠤᠯᠬᠤ ᠲᠠᠯ᠎ᠠ ᠵᠢᠨ ᠶᠡᠬᠡ ᠬᠤᠷᠠᠯ᠎ᠢ ᠬᠤᠷᠠᠯᠳᠤᠭᠤᠯᠵᠤ ᠳᠤᠮᠳᠠᠳᠤ ᠤᠯᠤᠰ᠎ᠤᠨ ᠲᠥᠯᠥᠭᠡᠯᠡᠭᠴᠢᠳ᠎ᠤᠨ ᠪᠦᠯᠬᠦᠮ ᠬᠤᠷᠠᠯ᠎ᠳᠤ ᠣᠷᠣᠯᠴᠠᠪᠠ
 
             蒙ICP备05000248号