ᠲᠤᠬᠠᠢ ᠵᠢᠨ ᠭᠠᠵᠠᠷ᠎ᠤᠨ ᠴᠠᠭ ᠵᠶ᠋ᠠᠷ 9 ᠳ᠋ᠦ᠍ᠭᠡᠷ ᠰᠠᠷ᠎ᠠ ᠵᠢᠨ 11᠎ᠤ ᠡᠳᠦᠷ᠎ᠠᠴᠠ 12᠎ᠤᠨ ᠡᠳᠦᠷ ᠪᠣᠯᠲᠠᠯ᠎ᠠ᠂ ᠠᠮᠧᠷᠢᠺᠠ ᠵᠢᠨ ᠰᠠᠨ ᠹᠷᠠᠨᠰᠢᠰᠺᠤ᠎ᠳᠤ ᠺᠠᠯᠢᠹᠤᠷᠨᠢᠶ᠎ᠠ ᠵᠧᠦ ᠵᠢᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠠᠵᠢᠯᠯᠠᠭ᠎ᠠ ᠵᠢᠨ ᠲᠦᠷᠦᠭᠦᠴᠦᠳ᠎ᠤᠨ ᠬᠤᠷᠠᠯ᠎ᠳᠤ ᠣᠷᠣᠯᠴᠠᠭᠰᠠᠨ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠶᠠᠪᠤᠳᠠᠯ᠎ᠤᠨ ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠰᠢᠷᠢᠰ ᠬᠥᠳᠡᠯᠭᠡᠭᠡᠨ᠎ᠳᠤ ᠣᠷᠣᠯᠴᠠᠵᠠᠢ᠃
9 ᠳ᠋ᠦ᠍ᠭᠡᠷ ᠰᠠᠷ᠎ᠠ ᠵᠢᠨ 12᠎ᠤᠨ ᠦᠳᠡ ᠵᠢᠨ ᠡᠮᠦᠨ᠎ᠡ᠂ ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ 《ᠳᠤᠮᠳᠠᠳᠤ ᠤᠯᠤᠰ᠎ᠤᠨ ᠪᠤᠯᠤᠩ》 ᠰᠢᠷᠢᠰ ᠬᠥᠳᠡᠯᠭᠡᠭᠡᠨ᠎ᠤ ᠡᠬᠢᠯᠡᠯᠲᠡ ᠵᠢᠨ ᠶᠣᠰᠣᠯᠠᠯ᠎ᠳᠤ ᠣᠷᠣᠯᠴᠠᠪᠠ᠃ ᠲᠡᠷᠡ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠤᠯᠤᠰ ᠣᠯᠠᠨ ᠵᠦᠢ᠍ᠯ᠎ᠤᠨ ᠥᠷᠢᠰᠦᠯᠳᠦᠭᠡᠨ᠎ᠳᠤ ᠲᠤᠯᠭ᠋ᠠᠷᠠᠵᠤ ᠪᠠᠢ᠌ᠬᠤ ᠵᠢᠨ ᠬᠠᠮᠲᠤ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠲᠡᠷᠢᠭᠦᠯᠡᠭᠴᠢ ᠰᠢ ᠵᠢᠨ ᠫᠢᠩ᠎ᠤᠨ ᠵᠢᠭ᠋ᠠᠪᠤᠷᠢ ᠪᠠ ᠭᠠᠳᠠᠭ᠋ᠠᠳᠤ᠎ᠳᠠᠬᠢ ᠠᠮᠠᠯᠠᠯᠲᠠ ᠵᠢ ᠨᠠᠢ᠌ᠳᠠᠪᠤᠷᠢᠵᠢᠭᠤᠯᠤᠨ᠂ ᠢᠳᠡᠪᠬᠢᠲᠡᠢ᠎ᠪᠠᠷ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠠᠪᠴᠤ᠂ ᠨᠡᠭᠦᠷᠡᠰᠦᠲᠥ᠋ᠷᠥᠭᠴᠢ ᠵᠢᠨ ᠬᠦᠴᠦᠯᠡᠴᠡ ᠵᠢ ᠪᠠᠭᠤᠷᠠᠭᠤᠯᠬᠤ ᠬᠠᠷᠠᠯᠲᠠ ᠵᠢ ᠪᠡᠶᠡᠯᠡᠭᠦᠯᠬᠦ᠂ ᠳᠣᠣᠷ᠎ᠠ ᠨᠡᠭᠦᠷᠡᠰᠦᠲᠥ᠋ᠷᠥᠭᠴᠢ ᠵᠢᠨ ᠲᠤᠷᠰᠢᠯᠲᠠ ᠵᠢᠨ ᠴᠡᠭ ᠵᠶ᠋ᠡᠷ ᠵᠢᠱ᠌ᠢᠶ᠎ᠡ ᠦᠵᠡᠭᠦᠯᠬᠦ᠂ ᠪᠦᠬᠦ ᠤᠯᠤᠰ᠎ᠤᠨ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠰᠣᠯᠢᠯᠴᠠᠭ᠋ᠠᠨ᠎ᠤ ᠰᠢᠰᠲ᠋ᠧᠮᠵᠢ ᠵᠢ ᠠᠵᠢᠯᠯᠠᠭᠤᠯᠬᠤ᠂ ᠪᠦᠬᠦ ᠨᠡᠢ᠌ᠭᠡᠮ᠎ᠤᠨ ᠦᠵᠡᠯ ᠤᠬᠠᠮᠰᠠᠷ᠎ᠢ ᠳᠡᠭᠡᠭᠰᠢᠯᠡᠭᠦᠯᠬᠦ ᠵᠡᠷᠭᠡ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠣᠯᠵᠠᠢ᠃ ᠳᠠᠷᠠᠭ᠋ᠠᠴᠢ ᠵᠢᠨ ᠠᠯᠬᠤᠮ᠎ᠳᠤ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠨ᠂ ᠪᠦᠬᠦ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠪᠠᠢ᠌ᠷᠢᠯᠠᠭᠤᠯᠤᠯᠲᠠ ᠪᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠳᠣᠣᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠵᠢᠨ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠬᠤ ᠶᠠᠪᠤᠴᠠ᠎ᠳᠠᠬᠢ ᠬᠥᠲᠥᠯᠥᠨ ᠳᠠᠭ᠋ᠠᠭᠤᠯᠬᠤ ᠦᠢ᠍ᠯᠡᠳᠦᠯ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠠᠬᠢ ᠠᠬᠢᠭᠤᠯᠬᠤ ᠦᠢ᠍ᠯᠡᠳᠦᠯ᠂ ᠣᠷᠴᠢᠨ ᠲᠣᠭᠣᠷᠢᠨ᠎ᠤ ᠪᠣᠬᠢᠷᠲᠤᠯ᠎ᠤᠨ ᠵᠠᠰᠠᠯᠲᠠ᠎ᠳᠠᠬᠢ ᠵᠣᠬᠢᠴᠠᠭᠤᠯᠬᠤ ᠦᠢ᠍ᠯᠡᠳᠦᠯ᠎ᠢ ᠨᠡᠩ ᠰᠠᠢ᠌ᠲᠤᠷ ᠪᠠᠳᠠᠷᠠᠭᠤᠯᠤᠨ᠎ᠠ ᠭᠡᠵᠡᠢ᠃ ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠣᠷᠣᠨ ᠨᠤᠲᠤᠭ᠎ᠤᠨ ᠵᠠᠰᠠᠭ᠎ᠤᠨ ᠣᠷᠳᠣᠨ᠂ ᠠᠵᠤ ᠠᠬᠤᠢ᠌ᠯᠠᠯ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠶᠠᠪᠤᠴᠠ᠎ᠳᠠᠬᠢ ᠦᠢ᠍ᠯᠡᠳᠦᠯ᠎ᠢ ᠨᠤᠲᠠᠯᠠᠭᠰᠠᠨ᠎ᠤ ᠬᠠᠮᠲᠤ᠂ ᠡᠳᠡᠭᠡᠷ ᠤᠯᠤᠰ᠎ᠤᠨ ᠳᠡᠳ᠋ ᠠᠵᠢᠯᠯᠠᠭ᠎ᠠ ᠵᠢᠨ ᠴᠣᠭᠴᠠ ᠵᠢᠨ ᠦᠷᠭᠦᠯᠵᠢᠯᠡᠨ ᠬᠤᠪᠢ ᠨᠡᠮᠡᠷᠢ᠎ᠪᠠᠨ ᠬᠠᠨᠳᠢᠪᠯᠠᠬᠤ ᠵᠢ ᠵᠣᠷᠢᠭᠵᠢᠭᠤᠯᠵᠠᠢ᠃
9 ᠳ᠋ᠦ᠍ᠭᠡᠷ ᠰᠠᠷ᠎ᠠ ᠵᠢᠨ 12᠎ᠤᠨ ᠦᠳᠡ ᠵᠢᠨ ᠬᠣᠢ᠌ᠨ᠎ᠠ᠂ ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ 《ᠳᠤᠮᠳᠠᠳᠤ ᠤᠯᠤᠰ᠎ᠤᠨ ᠪᠤᠯᠤᠩ》 ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠬᠦ ᠪᠥᠮᠪᠥᠷᠴᠡᠭ᠎ᠤᠨ ᠠᠵᠢᠯᠯᠠᠭ᠎ᠠ ᠵᠢ ᠰᠠᠨᠠᠭ᠋ᠠᠴᠢᠯᠠᠨ ᠡᠬᠢᠯᠡᠭᠦᠯᠬᠦ ᠶᠣᠰᠣᠯᠠᠯ᠎ᠳᠤ ᠣᠷᠣᠯᠴᠠᠪᠠ᠃ ᠲᠡᠷᠡ ᠴᠢᠬᠤᠯᠠᠴᠢᠯᠠᠬᠤ᠎ᠳᠤ᠎ᠪᠠᠨ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠨ᠂ ᠦᠷᠭᠦᠯᠵᠢᠯᠡᠬᠦᠢ᠌ᠴᠡ ᠬᠥᠭᠵᠢᠯᠲᠡ ᠵᠢ ᠪᠡᠶᠡᠯᠡᠭᠦᠯᠬᠦ᠎ᠳᠤ ᠡᠯ᠎ᠡ ᠤᠯᠤᠰ᠎ᠤᠨ ᠲᠥᠪ᠎ᠤᠨ ᠵᠠᠰᠠᠭ᠎ᠤᠨ ᠣᠷᠳᠣᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠂ ᠠᠵᠤ ᠠᠬᠤᠢ᠌ᠯᠠᠯᠲᠠᠳ᠂ ᠨᠡᠢ᠌ᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ ᠵᠢ ᠪᠠᠭᠲᠠᠭ᠋ᠠᠭᠰᠠᠨ ᠡᠯ᠎ᠡ ᠲᠠᠯ᠎ᠠ ᠵᠢᠨ᠎ᠬᠢᠨ᠎ᠤ ᠬᠠᠮᠲᠤ ᠵᠢᠨ ᠴᠢᠷᠮᠠᠢ᠌ᠯᠭ᠎ᠠ ᠵᠢ ᠱᠠᠭ᠋ᠠᠷᠳᠠᠵᠤ᠂ ᠡᠯ᠎ᠡ ᠲᠠᠯ᠎ᠠ ᠵᠢᠨ᠎ᠬᠢᠨ᠎ᠤ ᠳᠤᠮᠳᠠᠳᠤ ᠤᠯᠤᠰ᠎ᠤᠨ ᠨᠡᠢ᠌ᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ᠎ᠠᠴᠠ ᠰᠠᠨᠠᠭ᠋ᠠᠴᠢᠯᠠᠨ ᠶᠠᠪᠤᠭᠤᠯᠵᠤ ᠪᠠᠢ᠌ᠭ᠎ᠠ ᠠᠭᠤᠷ ᠠᠮᠢᠰᠬᠤᠯ᠎ᠤᠨ ᠬᠤᠪᠢᠷᠠᠯᠲᠠ ᠵᠢᠨ ᠪᠦᠬᠦ ᠪᠥᠮᠪᠥᠷᠴᠡᠭ᠎ᠤᠨ ᠠᠵᠢᠯᠯᠠᠭ᠎ᠠ ᠵᠢᠨ ᠰᠠᠨᠠᠭ᠋ᠠᠴᠢᠯᠠᠭ᠎ᠠ ᠵᠢ ᠢᠳᠡᠪᠬᠢᠲᠡᠢ ᠳᠡᠮᠵᠢᠬᠦ ᠪᠠ ᠣᠷᠣᠯᠴᠠᠵᠤ᠂ ᠳᠣᠷᠣᠨᠠᠳᠠᠬᠢᠨ ᠥᠷᠥᠨᠡᠳᠠᠬᠢᠨ᠎ᠤ ᠨᠡᠢ᠌ᠲᠡ ᠵᠢᠨ ᠠᠰᠠᠷᠠᠮᠵᠢ ᠵᠢᠨ ᠵᠣᠬᠢᠶᠠᠨ ᠪᠠᠢ᠌ᠭᠤᠯᠤᠯᠲᠠ ᠵᠢᠨ ᠰᠣᠯᠢᠯᠴᠠᠭ᠎ᠠ ᠬᠠᠮᠲᠤᠷᠠᠯᠴᠠᠭ᠎ᠠ ᠵᠢ ᠠᠬᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢ ᠬᠠᠮᠲᠤ᠎ᠪᠠᠷ ᠠᠷᠭ᠋ᠠᠴᠠᠭ᠋ᠠᠬᠤ ᠵᠢ ᠬᠦᠰᠡᠵᠦ ᠪᠠᠢ᠌ᠨ᠎ᠠ ᠭᠡᠵᠡᠢ᠃
ᠡᠭᠦᠨ᠎ᠠᠴᠠ ᠭᠠᠳᠠᠨ᠎ᠠ᠂ ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠪᠠᠰᠠ ᠠᠮᠧᠷᠢᠺᠠ ᠵᠢᠨ ᠺᠠᠯᠢᠹᠤᠷᠨᠢᠶ᠎ᠠ ᠵᠧᠦ ᠵᠢᠨ ᠳᠠᠷᠤᠭ᠎ᠠ ᠪᠦᠯᠠᠩ᠎ᠲᠠᠢ ᠠᠭᠤᠯᠵᠠᠵᠤ᠂ ᠲᠡᠷᠢᠭᠦᠯᠡᠭᠴᠢ ᠰᠢ ᠵᠢᠨ ᠫᠢᠩ᠎ᠤᠨ ᠵᠠᠬᠢᠶ᠎ᠠ ᠵᠢ ᠳᠠᠮᠵᠢᠭᠤᠯᠤᠭᠰᠠᠨ᠎ᠤ ᠬᠠᠮᠲᠤ᠂ ᠳᠤᠮᠳᠠᠳᠤ ᠵᠢᠨ ᠲᠠᠯ᠎ᠠ ᠵᠢᠨ᠎ᠬᠢᠨ ᠺᠠᠯᠢᠹᠤᠷᠨᠢᠶ᠎ᠠ ᠵᠧᠦ᠎ᠲᠠᠢ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶ᠎ᠡ ᠴᠠᠷᠠᠭ᠋ᠠᠨ᠎ᠳᠠᠬᠢ ᠬᠠᠮᠲᠤᠷᠠᠯᠴᠠᠭ᠎ᠠ᠎ᠪᠠᠨ ᠳᠤᠷᠠᠲᠠᠢ᠌ᠶᠠ ᠦᠷᠭᠦᠯᠵᠢᠯᠡᠨ ᠴᠢᠩᠭ᠋ᠠᠳᠬᠠᠨ᠎ᠠ ᠭᠡᠵᠦ ᠢᠯᠡᠷᠬᠡᠢ᠌ᠯᠡᠪᠡ᠃ ᠠᠮᠧᠷᠢᠺᠠ ᠵᠢᠨ ᠤᠤᠯ᠎ᠤᠨ ᠳᠡᠳ᠋ ᠶᠡᠷᠦᠩᠬᠡᠢ᠌ᠯᠡᠭᠴᠢ ᠭᠧᠷ ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ᠎ᠲᠠᠢ ᠶᠠᠷᠢᠯᠴᠠᠭ᠎ᠠ ᠬᠢᠬᠦ ᠶᠠᠪᠤᠴᠠ᠎ᠳᠤ᠂ ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠣᠳᠣᠬᠠᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠣᠯᠠᠨ ᠲᠠᠯ᠎ᠠ ᠵᠢᠨ᠎ᠬᠢᠨ᠎ᠤ ᠠᠬᠢᠴᠠ᠎ᠳᠠᠬᠢ ᠦᠵᠡᠯ ᠰᠠᠨᠠᠯ ᠵᠶ᠋ᠠᠨ ᠲᠠᠨᠢᠯᠴᠠᠭᠤᠯᠪᠠ᠃ ᠵᠧᠦ ᠵᠢᠨ ᠳᠠᠷᠤᠭ᠎ᠠ ᠪᠦᠯᠠᠩ ᠪᠠ ᠭᠧᠷ ᠠᠪᠤᠭ᠋ᠠᠢ ᠪᠦᠷ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠵᠤ ᠪᠠᠢ᠌ᠭ᠎ᠠ ᠠᠵᠢᠯᠯᠠᠭ᠎ᠠ ᠵᠢ ᠳᠡᠭᠡᠳᠦ ᠬᠡᠮᠵᠢᠶ᠎ᠡ᠎ᠪᠠᠷ ᠦᠨᠡᠯᠡᠨ ᠰᠠᠢ᠌ᠰᠢᠶᠠᠵᠤ ᠪᠠᠢ᠌ᠬᠤ᠎ᠪᠠᠷ ᠢᠯᠡᠷᠬᠡᠢ᠌ᠯᠡᠵᠡᠢ᠃
ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠪᠠᠰᠠ ᠹᠢᠵᠢ ᠵᠢᠨ ᠲᠡᠷᠢᠭᠦᠨ ᠰᠠᠢ᠌ᠳ ᠮᠦ᠍ᠪᠠᠢ᠌ᠮᠠᠯᠮᠠ ᠵᠢᠨ ᠡᠷᠬᠢᠯᠡᠨ ᠬᠤᠷᠠᠯᠳᠤᠭᠤᠯᠤᠭᠰᠠᠨ ᠪᠠᠷᠤᠭ ᠨᠡᠭᠦᠷᠡᠰᠦᠲᠥ᠋ᠷᠥᠭᠴᠢ ᠥᠯᠥ ᠭᠠᠳᠠᠭᠰᠢᠯᠠᠭᠤᠯᠬᠤ ᠨᠡᠢ᠌ᠭᠡᠮ ᠲᠡᠢ᠌ᠰᠢ ᠲᠦᠷᠭᠡᠬᠡᠨ ᠬᠡᠯᠪᠡᠷᠢ ᠬᠤᠪᠢᠷᠠᠭᠤᠯᠬᠤ ᠲᠠᠯᠠᠨᠥ᠋ᠧ ᠵᠢᠨ ᠶᠠᠷᠢᠯᠴᠠᠭ᠎ᠠ᠎ᠳᠤ ᠣᠷᠣᠯᠴᠠᠵᠤ᠂ ᠳᠤᠮᠳᠠᠳᠤ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠣᠯᠠᠨ ᠤᠯᠤᠰ᠎ᠤᠨ ᠬᠠᠮᠲᠤᠷᠠᠯᠴᠠᠭ᠎ᠠ ᠵᠢ ᠬᠥᠲᠥᠯᠥᠨ ᠳᠠᠭ᠋ᠠᠭᠤᠯᠵᠤ ᠪᠠᠢ᠌ᠭ᠎ᠠ ᠠᠮᠢᠳᠤᠯᠢᠭ ᠥᠯᠢᠭᠡᠷ᠎ᠢ ᠬᠤᠪᠢᠶᠠᠯᠴᠠᠨ ᠬᠦᠷᠲᠡᠵᠡᠢ᠃
ᠲᠤᠰ ᠤᠳᠠᠭ᠋ᠠᠨ᠎ᠤ ᠠᠮᠧᠷᠢᠺᠠ ᠵᠢᠨ ᠺᠠᠯᠢᠹᠤᠷᠨᠢᠶ᠎ᠠ ᠵᠧᠦ ᠵᠢᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠠᠵᠢᠯᠯᠠᠭ᠎ᠠ ᠵᠢᠨ ᠲᠦᠷᠦᠭᠦᠴᠦᠳ᠎ᠤᠨ ᠬᠤᠷᠠᠯ᠎ᠢ ᠺᠠᠯᠢᠹᠤᠷᠨᠢᠶ᠎ᠠ ᠵᠧᠦ ᠵᠢᠨ ᠵᠠᠰᠠᠭ᠎ᠤᠨ ᠣᠷᠳᠣᠨ᠎ᠠᠴᠠ ᠭᠣᠣᠯᠯᠠᠨ ᠡᠷᠬᠢᠯᠡᠵᠦ᠂ ᠪᠦᠬᠦ ᠪᠥᠮᠪᠥᠷᠴᠡᠭ᠎ᠤᠨ ᠤᠯᠤᠰ᠎ᠤᠨ ᠳᠡᠳ᠋ ᠳᠠᠪᠬᠤᠷᠭ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯᠯᠠᠭ᠎ᠠ ᠵᠢ ᠠᠬᠢᠭᠤᠯᠬᠤ᠎ᠪᠠᠷ ᠵᠣᠷᠢᠯᠲᠠ᠎ᠪᠠᠨ ᠪᠣᠯᠭ᠋ᠠᠪᠠ᠃ 《ᠳᠤᠮᠳᠠᠳᠤ ᠤᠯᠤᠰ᠎ᠤᠨ ᠪᠣᠯᠣᠩ》 ᠬᠥᠳᠡᠯᠭᠡᠭᠡᠨ᠎ᠢ ᠲᠦᠷᠦᠭᠦᠴᠦᠳ᠎ᠤᠨ ᠬᠤᠷᠠᠯ᠎ᠤᠨ ᠬᠤᠭᠤᠴᠠᠭ᠋ᠠᠨ᠎ᠳᠤ ᠡᠷᠬᠢᠯᠡᠨ᠂ ᠭᠤᠷᠪᠠᠨ ᠡᠳᠦᠷ᠎ᠤᠨ ᠬᠤᠭᠤᠴᠠᠭ᠎ᠠ᠎ᠲᠠᠢ ᠶᠠᠪᠤᠭᠳᠠᠭᠤᠯᠵᠤ᠂ ᠣᠯᠠᠨ ᠤᠳᠠᠭ᠋ᠠᠨ᠎ᠤ ᠲᠠᠯ᠎ᠠ ᠡᠲᠡᠭᠡᠳ᠎ᠤᠨ ᠬᠤᠷᠠᠯ᠎ᠢ ᠡᠷᠬᠢᠯᠡᠨ ᠬᠤᠷᠠᠯᠳᠤᠭᠤᠯᠵᠤ᠂ ᠠᠭᠤᠯᠭ᠎ᠠ᠎ᠳᠤᠨᠢ ᠣᠷᠣᠨ ᠨᠤᠲᠤᠭ᠎ᠤᠨ ᠠᠵᠢᠯᠯᠠᠭ᠎ᠠ᠂ ᠨᠡᠭᠦᠷᠡᠰᠦᠲᠥ᠋ᠷᠥᠭᠴᠢ ᠵᠢᠨ ᠵᠠᠬ᠎ᠠ ᠳᠡᠯᠭᠡᠭᠦᠷ᠂ ᠠᠭᠤᠷ ᠠᠮᠢᠰᠬᠤᠯ᠎ᠤᠨ ᠪᠡᠯᠡ ᠣᠷᠣᠭᠤᠯᠤᠯᠲᠠ ᠪᠠ ᠲᠣᠬᠢᠷᠠᠭᠤᠯᠤᠯᠲᠠ᠂ ᠴᠡᠪᠡᠷ ᠡᠨᠧᠷᠭᠢ ᠪᠠ ᠡᠨᠧᠷᠭᠢ ᠵᠢᠨ ᠠᠰᠢᠭᠯᠠᠮᠵᠢ᠂ ᠪᠣᠬᠢᠷᠲᠤᠯ ᠥᠯᠥ ᠭᠠᠳᠠᠭᠰᠢᠯᠠᠭᠤᠯᠬᠤ ᠮᠠᠰᠢᠨ ᠲᠡᠷᠭᠡ᠂ ᠠᠵᠤ ᠠᠬᠤᠢ᠌ᠯᠠᠯ᠎ᠤᠨ ᠠᠭᠤᠷ ᠠᠮᠢᠰᠬᠤᠯ᠎ᠤᠨ ᠠᠵᠢᠯᠯᠠᠭ᠎ᠠ ᠵᠡᠷᠭᠡ ᠵᠢ ᠬᠠᠮᠤᠷᠤᠭᠤᠯᠬᠤ᠎ᠪᠠᠷ ᠪᠣᠢ᠃