ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠠᠨᠾᠦ᠋ᠢ ᠮᠤᠵᠢ ᠣᠷᠴᠢᠨ ᠲᠣᠭᠣᠷᠢᠨ᠎ᠢ ᠪᠣᠬᠢᠷᠲᠤᠭᠤᠯᠤᠭᠴᠢ᠎ᠪᠠᠷ ᠬᠦᠨᠳᠦ ᠬᠡᠴᠡᠭᠦᠦ ᠦᠨ᠎ᠡ ᠲᠥᠯᠥᠪᠦᠷᠢ ᠭᠠᠷᠭ᠋ᠠᠯᠭ᠋ᠠᠬᠤ ᠠᠮᠢ ᠠᠬᠤᠢ ᠵᠢᠨ ᠣᠷᠴᠢᠨ ᠲᠣᠭᠣᠷᠢᠨ᠎ᠢ ᠬᠣᠬᠢᠷᠠᠭᠤᠯᠪᠠᠯ ᠲᠥᠯᠥᠪᠦᠷᠢ ᠥᠭᠬᠦ ᠳᠦᠷᠢᠮ᠎ᠢ ᠲᠤᠷᠰᠢᠨ ᠬᠡᠷᠡᠭᠵᠢᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2018-10-22

        ᠠᠨᠾᠦ᠋ᠢ ᠮᠤᠵᠢ ᠵᠢᠨ ᠨᠠᠮ᠎ᠤᠨ ᠬᠣᠷᠢᠶ᠎ᠠ ᠵᠢᠨ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠤᠳᠤᠷᠢᠳᠬᠤ ᠳᠤᠭᠤᠢ᠌ᠯᠠᠩ᠎ᠤᠨ 17 ᠳ᠋ᠤᠭ᠋ᠠᠷ ᠤᠳᠠᠭ᠋ᠠᠨ᠎ᠤ ᠬᠤᠷᠠᠯ᠎ᠠᠴᠠ ᠡᠮᠦᠨᠡᠬᠡᠨ 《ᠠᠨᠾᠦ᠋ᠢ ᠮᠤᠵᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠢ ᠬᠣᠬᠢᠷᠠᠭᠤᠯᠪᠠᠯ ᠲᠥᠯᠥᠪᠦᠷᠢ ᠥᠭᠬᠦ ᠳᠦᠷᠢᠮ᠎ᠤᠨ ᠥᠭᠡᠷᠡᠴᠢᠯᠡᠯᠲᠡ ᠵᠢᠨ ᠲᠥᠰᠥᠯ》 (ᠳᠣᠷᠣᠭᠰᠢ 《ᠲᠥᠰᠥᠯ》 ᠭᠡᠵᠦ ᠲᠣᠪᠴᠢᠯᠠᠨ᠎ᠠ)᠎ᠢ ᠬᠢᠨᠠᠨ ᠵᠥᠪᠯᠡᠵᠦ ᠪᠠᠲᠤᠯᠠᠵᠠᠢ᠃
      《ᠲᠥᠰᠥᠯ》᠎ᠳᠤ᠂ 2018 ᠣᠨ᠎ᠠᠴᠠ ᠡᠬᠢᠯᠡᠨ᠂ ᠪᠦᠬᠦ ᠮᠤᠵᠢ ᠵᠢᠨ ᠬᠡᠪᠴᠢᠶᠡᠨ᠎ᠳᠤ ᠠᠮᠢ ᠠᠬᠤᠢ ᠵᠢᠨ ᠣᠷᠴᠢᠨ ᠲᠣᠭᠣᠷᠢᠨ᠎ᠢ ᠬᠣᠬᠢᠷᠠᠭᠤᠯᠪᠠᠯ ᠲᠥᠯᠥᠪᠦᠷᠢ ᠥᠭᠬᠦ ᠳᠦᠷᠢᠮ᠎ᠢ ᠲᠤᠷᠰᠢᠨ ᠬᠡᠷᠡᠭᠵᠢᠭᠦᠯᠦᠨ᠎ᠡ᠃ ᠡᠨᠡ ᠬᠦ᠌ ᠳᠦᠷᠢᠮ᠎ᠢ ᠲᠤᠷᠰᠢᠨ ᠬᠡᠷᠡᠭᠵᠢᠭᠦᠯᠬᠦ᠎ᠪᠠᠷ ᠳᠠᠮᠵᠢᠭᠤᠯᠤᠨ᠂ ᠬᠠᠷᠠᠭ᠋ᠠᠯᠵᠠᠭᠰᠠᠨ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠬᠠᠮᠢᠶᠠᠷᠤᠯᠲᠠ ᠪᠠ ᠮᠡᠷᠭᠡᠵᠢᠯ᠎ᠤᠨ ᠰᠢᠰᠲ᠋ᠧᠮᠵᠢ᠂ ᠪᠡᠯᠡ ᠮᠥᠩᠭᠥ ᠵᠢ ᠪᠠᠲᠤᠯᠠᠬᠤ ᠪᠠ ᠠᠵᠢᠯᠯᠠᠭᠤᠯᠬᠤ ᠲᠣᠭᠲᠠᠴᠠ ᠵᠢ ᠪᠦᠷᠢᠯᠳᠦᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠢ ᠬᠣᠬᠢᠷᠠᠭᠤᠯᠤᠭᠰᠠᠨ᠎ᠢ ᠵᠠᠰᠠᠨ ᠰᠡᠷᠭᠦᠭᠡᠬᠦ ᠪᠠ ᠲᠥᠯᠥᠪᠦᠷᠢ ᠥᠭᠬᠦ ᠳᠦᠷᠢᠮ᠎ᠢ ᠠᠯᠬᠤᠮ ᠠᠯᠬᠤᠮ ᠵᠶ᠋ᠠᠷ ᠪᠠᠢ᠌ᠭᠤᠯᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ 2020 ᠣᠨ ᠪᠣᠯᠬᠤ᠎ᠳᠤ᠂ ᠬᠠᠷᠢᠭᠤᠴᠠᠯᠭ᠎ᠠ᠎ᠨᠢ ᠲᠣᠳᠣᠷᠬᠠᠢ᠂ ᠠᠷᠭ᠎ᠠ ᠵᠠᠮ᠎ᠨᠢ ᠰᠢᠯᠤᠭᠤᠨ᠂ ᠮᠡᠷᠭᠡᠵᠢᠯ᠎ᠨᠢ ᠵᠢᠷᠤᠮᠵᠢᠯ᠎ᠲᠠᠢ᠂ ᠪᠠᠲᠤᠯᠠᠭ᠎ᠠ᠎ᠨᠢ ᠬᠦᠴᠦᠨ᠎ᠲᠠᠢ᠂ ᠲᠥᠯᠥᠪᠦᠷᠢ᠎ᠨᠢ ᠭᠦᠢ᠍ᠴᠡᠳ᠂ ᠵᠠᠰᠠᠨ ᠰᠡᠷᠭᠦᠭᠡᠯᠲᠡ᠎ᠨᠢ ᠪᠦᠲᠦᠮᠵᠢᠲᠡᠢ ᠠᠮᠢ ᠠᠬᠤᠢ ᠵᠢᠨ ᠣᠷᠴᠢᠨ ᠲᠣᠭᠣᠷᠢᠨ᠎ᠢ ᠬᠣᠬᠢᠷᠠᠭᠤᠯᠪᠠᠯ ᠲᠥᠯᠥᠪᠦᠷᠢ ᠥᠭᠬᠦ ᠳᠦᠷᠢᠮ᠎ᠢ ᠠᠩᠬ᠎ᠠ ᠠᠯᠬᠤᠮ ᠪᠠᠢ᠌ᠭᠤᠯᠤᠨ᠎ᠠ ᠭᠡᠵᠦ ᠲᠣᠳᠣᠷᠬᠠᠢ᠌ᠯᠠᠪᠠ᠃
      《ᠲᠥᠰᠥᠯ》᠎ᠳᠤ ᠡᠨᠡ ᠬᠦ᠌ ᠳᠦᠷᠢᠮ᠎ᠤᠨ ᠬᠡᠷᠡᠭᠯᠡᠭᠳᠡᠬᠦ ᠬᠡᠪᠴᠢᠶ᠎ᠡ ᠵᠢ ᠲᠣᠭᠲᠠᠭ᠋ᠠᠪᠠ᠃ ᠲᠤᠬᠠᠢ᠌ᠯᠠᠪᠠᠯ᠄ ᠨᠡᠯᠢᠶᠡᠳ ᠶᠡᠬᠡ ᠵᠢᠴᠢ ᠳᠡᠭᠡᠭᠰᠢᠬᠢ ᠭᠡᠨᠡᠳᠲᠡ ᠵᠢᠨ ᠣᠷᠴᠢᠨ ᠲᠣᠭᠣᠷᠢᠨ᠎ᠤ ᠬᠡᠷᠡᠭ᠎ᠢ ᠡᠭᠦᠰᠬᠡᠭᠰᠡᠨ ᠪᠣᠯ; ᠤᠯᠤᠰ ᠪᠠ ᠮᠤᠵᠢ ᠵᠢᠨ ᠱᠠᠲᠤᠨ᠎ᠤ ᠭᠣᠣᠯ ᠴᠣᠭᠴᠠᠲᠤ ᠴᠢᠳᠠᠮᠵᠢ ᠵᠢᠨ ᠣᠷᠣᠨ᠎ᠤ ᠲᠥᠯᠥᠪᠵᠢᠭᠦᠯᠭᠡ᠎ᠳᠤ ᠬᠤᠪᠢᠶᠠᠷᠢᠯᠠᠨ ᠲᠣᠭᠲᠠᠭ᠋ᠠᠭᠰᠠᠨ ᠭᠣᠣᠯᠳᠠᠯᠭ᠎ᠠ᠎ᠲᠠᠢ ᠠᠮᠢ ᠠᠬᠤᠢ ᠵᠢᠨ ᠴᠢᠳᠠᠮᠵᠢ ᠵᠢᠨ ᠣᠷᠣᠨ ᠪᠠ ᠬᠣᠷᠢᠭ᠎ᠠ ᠴᠠᠭ᠋ᠠᠵᠠ᠎ᠲᠠᠢ ᠨᠡᠭᠡᠭᠡᠨ ᠬᠥᠭᠵᠢᠭᠦᠯᠦᠯᠲᠡ ᠵᠢᠨ ᠣᠷᠣᠨ᠎ᠳᠤ ᠣᠷᠴᠢᠨ ᠲᠣᠭᠣᠷᠢᠨ᠎ᠤ ᠪᠣᠬᠢᠷᠲᠤᠯ᠎ᠢ ᠪᠣᠢ ᠪᠣᠯᠭ᠋ᠠᠭᠰᠠᠨ᠂ ᠠᠮᠢ ᠠᠬᠤᠢ ᠵᠢ ᠡᠪᠳᠡᠭᠰᠡᠨ ᠬᠡᠷᠡᠭ᠎ᠢ ᠡᠭᠦᠰᠬᠡᠭᠰᠡᠨ ᠪᠣᠯ; ᠬᠠᠲᠠᠭᠤ ᠪᠡᠶᠡᠲᠦ ᠬᠠᠶᠠᠭᠳᠠᠮᠠᠯ ᠡᠳ᠋᠎ᠢ ᠬᠠᠤᠯᠢ ᠪᠤᠰᠤ᠎ᠪᠠᠷ ᠭᠠᠳᠠᠭᠰᠢᠯᠠᠭᠤᠯᠤᠭᠰᠠᠨ᠂ ᠠᠰᠬᠠᠭᠰᠠᠨ᠂ ᠰᠢᠢ᠍ᠳᠪᠦᠷᠢᠯᠡᠭᠰᠡᠨ᠎ᠠᠴᠠ ᠪᠣᠯᠵᠤ ᠣᠷᠴᠢᠨ ᠲᠣᠭᠣᠷᠢᠨ᠎ᠤ ᠪᠣᠬᠢᠷᠲᠤᠯ᠎ᠢ ᠪᠣᠢ ᠪᠣᠯᠭ᠋ᠠᠭᠰᠠᠨ ᠪᠠ ᠠᠮᠢ ᠠᠬᠤᠢ ᠵᠢ ᠡᠪᠳᠡᠭᠰᠡᠨ᠂ ᠵᠢᠴᠢ ᠠᠮᠢ ᠠᠬᠤᠢ ᠵᠢᠨ ᠣᠷᠴᠢᠨ ᠲᠣᠭᠣᠷᠢᠨ᠎ᠢ ᠬᠦᠨᠳᠦ ᠨᠣᠴᠢᠲᠠᠢ ᠨᠥᠯᠥᠭᠡᠯᠡᠬᠦ ᠪᠤᠰᠤᠳ ᠦᠷ᠎ᠡ ᠳ᠋ᠦᠩ᠎ᠢ ᠪᠣᠢ ᠪᠣᠯᠭ᠋ᠠᠭᠰᠠᠨ ᠪᠣᠯ ᠳᠡᠭᠡᠷᠡᠬᠢ ᠲᠥᠰᠥᠯ᠎ᠢ ᠬᠡᠷᠡᠭᠵᠢᠭᠦᠯᠦᠨ᠎ᠡ᠃
      ᠠᠮᠢ ᠠᠬᠤᠢ ᠵᠢᠨ ᠣᠷᠴᠢᠨ ᠲᠣᠭᠣᠷᠢᠨ᠎ᠤ ᠬᠣᠬᠢᠷᠠᠯ᠎ᠢ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠪᠣᠯ ᠡᠨᠡ ᠬᠦ᠌ ᠳᠦᠷᠢᠮ᠎ᠤᠨ ᠨᠢᠭᠡᠨ ᠵᠠᠩᠭᠢᠯᠠᠭ᠎ᠠ ᠵᠢᠨ ᠭᠣᠭᠴᠣᠭ᠎ᠠ ᠪᠣᠯᠣᠨ᠎ᠠ᠃ 《ᠲᠥᠰᠥᠯ》᠎ᠳᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠣᠬᠢᠷᠠᠯ᠎ᠢ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠵᠢ ᠵᠢᠷᠤᠮᠵᠢᠭᠤᠯᠬᠤ ᠬᠡᠷᠡᠭᠲᠡᠢ᠃ ᠠᠮᠢ ᠠᠬᠤᠢ ᠵᠢᠨ ᠣᠷᠴᠢᠨ ᠲᠣᠭᠣᠷᠢᠨ᠎ᠤ ᠬᠣᠬᠢᠷᠠᠯ᠎ᠢ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠲᠤᠰᠬᠠᠢ ᠮᠡᠷᠭᠡᠵᠢᠯ᠎ᠤᠨ ᠬᠦᠴᠦᠨ᠎ᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠨᠥᠬᠥᠴᠡᠯ᠎ᠳᠤ ᠨᠡᠢ᠌ᠴᠡᠭᠰᠡᠨ ᠦᠨᠡᠯᠡᠨ ᠵᠢᠱ᠌ᠢᠬᠦ ᠲᠤᠰᠬᠠᠢ ᠮᠡᠷᠭᠡᠵᠢᠯ᠎ᠤᠨ ᠡᠩᠨᠡᠭᠡ ᠵᠢ ᠵᠣᠬᠢᠶᠠᠨ ᠪᠠᠢ᠌ᠭᠤᠯᠬᠤ ᠵᠢ ᠠᠬᠢᠭᠤᠯᠬᠤ ᠬᠡᠷᠡᠭᠲᠡᠢ᠃ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠬᠠᠮᠢᠶᠠᠷᠤᠯᠲᠠ ᠵᠢᠨ ᠳᠦᠷᠢᠮ ᠪᠠ ᠠᠵᠢᠯ᠎ᠤᠨ ᠳᠡᠰ ᠳᠠᠷᠠᠭ᠋ᠠᠯᠠᠯ᠎ᠢ ᠰᠤᠳᠤᠯᠤᠨ ᠲᠣᠭᠲᠠᠭ᠋ᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠣᠬᠢᠷᠠᠯ᠎ᠢ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠵᠢ ᠲᠤᠰᠠᠭ᠋ᠠᠷ ᠵᠶ᠋ᠠᠨ ᠥᠷᠨᠢᠭᠦᠯᠬᠦ ᠵᠢ ᠪᠠᠲᠤᠯᠠᠬᠤ ᠵᠢᠨ ᠬᠠᠮᠲᠤ᠂ ᠬᠠᠤᠯᠢ ᠴᠠᠭ᠋ᠠᠵᠠ ᠵᠢᠨ ᠳᠡᠰ ᠳᠠᠷᠠᠭ᠋ᠠᠯᠠᠯ᠎ᠲᠠᠢ ᠵᠣᠯᠭ᠋ᠠᠯᠳᠤᠭᠤᠯᠬᠤ ᠵᠢ ᠰᠠᠢ᠌ᠲᠤᠷ ᠬᠢᠬᠦ ᠬᠡᠷᠡᠭᠲᠡᠢ᠃ ᠵᠥᠪᠳᠡᠯᠴᠡᠬᠦ᠎ᠳᠤ ᠰᠢᠯᠭ᠋ᠠᠨ ᠲᠣᠭᠲᠠᠭ᠋ᠠᠭᠰᠠᠨ ᠰᠠᠨᠠᠯ ᠬᠠᠩᠭ᠋ᠠᠬᠤ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠤᠯᠤᠰ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ᠎ᠳᠤ ᠨᠡᠢ᠌ᠴᠡᠬᠦ ᠬᠡᠷᠡᠭᠲᠡᠢ; ᠵᠠᠷᠭᠤ ᠵᠠᠭ᠋ᠠᠯᠳᠤᠭ᠋ᠠᠨ᠎ᠳᠤ ᠰᠢᠯᠭ᠋ᠠᠨ ᠲᠣᠭᠲᠠᠭ᠋ᠠᠭᠰᠠᠨ ᠰᠠᠨᠠᠯ ᠬᠠᠩᠭ᠋ᠠᠬᠤ ᠰᠢᠯᠭ᠋ᠠᠨ ᠲᠣᠭᠲᠠᠭ᠋ᠠᠵᠤ ᠦᠨᠡᠯᠡᠨ ᠵᠢᠱ᠌ᠢᠬᠦ ᠪᠠᠢ᠌ᠭᠤᠯᠤᠮᠵᠢ᠎ᠨᠢ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠮᠢᠶ᠎ᠠ ᠪᠦᠬᠦᠢ ᠲᠣᠭᠲᠠᠭ᠋ᠠᠯ ᠵᠢᠷᠤᠮᠵᠢᠯ᠎ᠳᠤ ᠨᠡᠢ᠌ᠴᠡᠬᠦ ᠬᠡᠷᠡᠭᠲᠡᠢ ᠭᠡᠵᠦ ᠲᠣᠳᠣᠷᠬᠠᠢ ᠱᠠᠭ᠋ᠠᠷᠳᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠨᠠᠮᠤᠷ ᠡᠪᠤᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠤᠬᠢᠷᠳᠤᠯ᠎ᠤᠨ ᠵᠠᠰᠠᠯᠲᠠ᠎ᠳᠤ ᠰᠢᠪᠳᠤᠯᠤᠯᠳᠠ ᠬᠢᠵᠦ ᠬᠦᠨᠳᠦ ᠪᠤᠬᠢᠷᠳᠤᠯ᠎ᠤᠨ ᠴᠠᠭ ᠠᠭᠤᠷ᠎ᠢ ᠪᠠᠴᠢᠮ ᠠᠷᠭ᠋ᠠᠴᠠᠭ᠋ᠠᠵᠤ ᠬᠣᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠨ ᠬᠦᠬᠡ ᠮᠦᠷᠡᠨ᠎ᠤ ᠭᠤᠷᠪᠠᠯᠵᠢᠨ ᠬᠤᠢ᠌ᠭ᠎ᠤᠨ ᠤᠷᠤᠨ ᠪᠦᠰᠡ ᠵᠢᠨ ᠪᠤᠬᠢᠷᠳᠤᠯ᠎ᠢ ᠰᠡᠷᠬᠡᠢ᠌ᠯᠡᠨ ᠵᠠᠰᠠᠵᠤ ᠬᠠᠮᠲᠤᠷᠠᠨ ᠠᠵᠢᠯᠯᠠᠬᠤ ᠲᠣᠭᠲᠠᠴᠠ ᠵᠢᠨ ᠬᠤᠷᠠᠯ᠎ᠢ ᠬᠤᠷᠠᠯᠳᠤᠭᠤᠯᠪᠠ
ᠠᠮᠢ ᠠᠬᠤᠢ ᠤᠷᠴᠢᠨ ᠳᠤᠭᠤᠷᠢᠨ᠎ᠤ ᠶᠠᠮᠤᠨ ᠪᠠᠢ᠌ᠩᠭᠤ ᠵᠢᠨ ᠬᠤᠷᠠᠯ ᠬᠤᠷᠠᠯᠳᠤᠭᠤᠯᠵᠦ᠂ ᠡᠬᠢᠯᠡᠬᠦᠯᠬᠦ᠎ᠪᠠᠷ ᠪᠠᠢ᠌ᠭ᠎ᠠ ᠴᠢᠬᠤᠯᠠ ᠶᠡᠬᠡ ᠳᠦᠷᠦᠯ ᠵᠦᠢ᠍ᠯ᠎ᠤᠨ ᠤᠷᠴᠢᠨ ᠳᠤᠭᠤᠷᠢᠨ᠎ᠤ ᠨᠥᠯᠥᠭᠡᠯᠡᠯ᠎ᠳᠤ ᠦᠨᠡᠯᠡᠯᠳᠡ ᠬᠢᠬᠦ ᠵᠢ ᠬᠢᠨᠠᠨ ᠵᠥᠪᠰᠢᠶᠡᠷᠡᠵᠦ ᠳᠤᠬᠢᠷᠠᠭᠤᠯᠤᠬᠰᠠᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢᠴᠢ 2018 ᠤᠨ᠎ᠤ ᠳᠡᠬᠡᠷ᠎ᠡ ᠬᠠᠭ᠋ᠠᠰ ᠵᠢᠯ᠎ᠤᠨ ᠤᠷᠴᠢᠨ ᠳᠤᠭᠤᠷᠢᠨ᠎ᠤ ᠬᠠᠮᠠᠭ᠋ᠠᠯᠠᠯᠳᠠ ᠵᠢᠨ ᠭᠤᠤᠯᠳᠠᠯᠭ᠎ᠠ᠎ᠲᠠᠢ ᠵᠦᠢ᠍ᠯᠡᠰ᠎ᠢ ᠰᠢᠮᠳᠠᠭᠤᠯᠤᠨ ᠪᠠᠢ᠌ᠴᠠᠭ᠋ᠠᠬᠤ ᠵᠢ ᠨᠠᠢ᠌ᠳᠠᠪᠤᠷᠢᠵᠢᠭᠤᠯᠤᠬᠰᠠᠨ ᠪᠠᠢ᠌ᠳᠠᠯ᠎ᠤᠨ ᠬᠠᠷᠢᠭᠤ ᠮᠡᠳᠡᠬᠦᠯᠦᠯᠳᠡ ᠵᠢ ᠰᠤᠨᠤᠰᠪᠠ
ᠭᠠᠨᠰᠤ ᠮᠤᠵᠢ ᠪᠣᠬᠢᠷᠲᠤᠯ ᠦᠭᠡᠢ ᠳᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠢᠮᠠᠬᠳᠠ ᠪᠠᠷᠢᠮᠲᠠᠯᠠᠨ ᠠᠮᠢ ᠠᠬᠤᠢ ᠵᠢᠨ ᠬᠠᠮᠠᠭ᠋ᠠᠯᠠᠯᠳᠠ ᠵᠢᠨ ᠠᠵᠢᠯ᠎ᠢ ᠰᠠᠢ᠌ᠳᠤᠷ ᠬᠢᠵᠦ ᠪᠣᠬᠢᠷᠲᠤᠯ ᠦᠭᠡᠢ ᠬᠦᠭᠵᠢᠯᠳᠠ ᠵᠢᠨ ᠵᠠᠮ ᠵᠶ᠋ᠡᠷ ᠭᠤᠢ᠌ᠪᠢᠰᠢ ᠦᠬᠡᠢ ᠵᠠᠮᠨᠠᠵᠦ ᠪᠠᠢ᠌ᠨ᠎ᠠ
ᠠᠮᠢ ᠠᠬᠤᠢ ᠣᠷᠴᠢᠨ ᠲᠣᠭᠣᠷᠢᠨ ᠎ᠤ ᠶᠠᠮᠤᠨ ᠨᠠᠮ ᠎ᠤᠨ ᠤᠳᠤᠷᠢᠳᠬᠤ ᠳᠤᠭᠤᠢ᠌ᠯᠠᠩ ᠎ᠤᠨ (ᠥᠷᠭᠡᠳᠬᠡᠭᠰᠡᠨ) ᠬᠤᠷᠠᠯ ᠬᠤᠷᠠᠯᠳᠤᠭᠤᠯᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠳᠠᠷᠤᠭ᠎ᠠ ᠬᠤᠸᠠᠩ ᠿᠦᠨ ᠴᠢᠦ ᠪᠦᠯᠬᠦᠮ ᠳᠠᠭ᠋ᠠᠭᠤᠯᠤᠨ 《ᠠᠮᠢᠳᠤ ᠪᠣᠳᠠᠰ᠎ᠤᠨ ᠣᠯᠠᠨ ᠶᠠᠩᠵᠤᠲᠤ ᠴᠢᠨᠠᠷ᠎ᠤᠨ ᠨᠡᠢ᠌ᠲᠡ ᠵᠢᠨ ᠭᠡᠷ᠎ᠡ》 ᠵᠢᠨ ᠠᠷᠪᠠᠨ ᠳᠥᠷᠪᠡᠳᠦᠭᠡᠷ ᠤᠳᠠᠭ᠋ᠠᠨ᠎ᠤ ᠭᠡᠷ᠎ᠡ ᠪᠠᠢ᠌ᠭᠤᠯᠬᠤ ᠲᠠᠯ᠎ᠠ ᠵᠢᠨ ᠶᠡᠬᠡ ᠬᠤᠷᠠᠯ᠎ᠤᠨ ᠳᠡᠭᠡᠳᠦ ᠳᠡᠰ᠎ᠤᠨ ᠬᠤᠷᠠᠯ᠎ᠳᠤ ᠣᠷᠣᠯᠴᠠᠪᠠ
 
             蒙ICP备05000248号