9 ᠳ᠋ᠦ᠍ᠭᠡᠷ ᠰᠠᠷ᠎ᠠ ᠵᠢᠨ 15᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠲᠠᠢ᠌ᠹᠧᠩ 《ᠮᠠᠩᠺᠬᠦ᠋ᠲ》᠎ᠢ ᠰᠡᠷᠭᠡᠢ᠌ᠯᠡᠨ ᠣᠷᠴᠢᠨ ᠲᠣᠭᠣᠷᠢᠨ᠎ᠤ ᠡᠭᠦᠰᠦᠮᠡᠯ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠪᠠ ᠪᠡᠯᠡᠳᠬᠡᠯ ᠠᠵᠢᠯ᠎ᠢ ᠪᠠᠴᠢᠮ ᠪᠠᠢ᠌ᠷᠢᠯᠠᠭᠤᠯᠪᠠ᠃ ᠶᠠᠮᠤᠨ᠎ᠤ ᠳᠠᠷᠤᠭ᠎ᠠ ᠯᠢ ᠭᠠᠨ ᠵᠢᠶᠧ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠎ᠢ ᠱᠠᠭ᠋ᠠᠷᠳᠠᠨ ᠲᠠᠢ᠌ᠹᠧᠩᠤᠨ ᠨᠥᠯᠥᠭᠡᠯᠡᠬᠦ ᠬᠡᠪᠴᠢᠶ᠎ᠡ ᠵᠢ ᠨᠢᠭᠲᠠ ᠠᠩᠬᠠᠷᠴᠤ᠂ ᠬᠠᠮᠢᠶ᠎ᠠ ᠪᠦᠬᠦᠢ ᠣᠷᠣᠨ ᠨᠤᠲᠤᠭ᠎ᠢ ᠵᠢᠯᠣᠭᠣᠳᠤᠨ ᠣᠷᠴᠢᠨ ᠲᠣᠭᠣᠷᠢᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠡᠯ᠎ᠡ ᠵᠦᠢ᠍ᠯ᠎ᠤᠨ ᠪᠡᠯᠡᠳᠬᠡᠯ ᠠᠵᠢᠯ᠎ᠢ ᠰᠠᠢ᠌ᠲᠤᠷ ᠬᠢᠵᠦ᠂ ᠣᠷᠴᠢᠨ ᠲᠣᠭᠣᠷᠢᠨ᠎ᠤ ᠡᠭᠦᠰᠦᠮᠡᠯ ᠭᠡᠨᠡᠳᠲᠡ ᠵᠢᠨ ᠬᠡᠷᠡᠭ᠎ᠢ ᠴᠠᠭ ᠲᠤᠬᠠᠢᠳᠤᠨᠢ ᠪᠦᠲᠦᠮᠵᠢᠲᠡᠢ ᠰᠡᠷᠭᠡᠢ᠌ᠯᠡᠬᠦ ᠪᠠ ᠠᠷᠭ᠋ᠠᠴᠠᠭ᠋ᠠᠬᠤ ᠬᠡᠷᠡᠭᠲᠡᠢ ᠭᠡᠵᠡᠢ᠃
ᠭᠤᠸᠠᠩᠳᠦ᠋ᠩ ᠵᠡᠷᠭᠡ ᠮᠤᠵᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠢᠩᠬᠢᠮ᠎ᠠᠴᠠ ᠲᠠᠢ᠌ᠹᠧᠩᠢ ᠰᠡᠷᠭᠡᠢ᠌ᠯᠡᠨ ᠬᠣᠷᠢᠭᠯᠠᠬᠤ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠬᠢᠬᠦ ᠲᠤᠬᠠᠢ ᠪᠦᠬᠦ ᠲᠠᠯ᠎ᠠ᠎ᠪᠠᠷ ᠳᠠᠢ᠌ᠴᠢᠯᠠᠯᠲᠠ ᠬᠢᠭᠰᠡᠨ᠎ᠤ ᠬᠠᠮᠲᠤ᠂ ᠲᠧᠯᠸᠢᠰ ᠵᠶ᠋ᠡᠷ ᠬᠠᠮᠢᠶ᠎ᠠ ᠪᠦᠬᠦᠢ ᠬᠣᠲᠠ ᠰᠢᠶᠠᠨ᠎ᠤ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠲᠠᠢ ᠬᠣᠯᠪᠣᠯᠳᠤᠬᠤ᠎ᠪᠠᠷ ᠳᠠᠮᠵᠢᠭᠤᠯᠵᠤ᠂ ᠤᠳᠤᠷᠢᠳᠤᠯᠭ᠎ᠠ᠎ᠠᠴᠠ ᠵᠢᠵᠢᠭᠦᠷ ᠳᠠᠭ᠋ᠠᠭᠤᠯᠬᠤ ᠪᠠ 24 ᠴᠠᠭ ᠵᠶ᠋ᠠᠷ ᠵᠢᠵᠢᠭᠦᠷᠯᠡᠬᠦ ᠳᠦᠷᠢᠮ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠬᠠᠷᠢᠭᠤᠴᠠᠯᠭ᠎ᠠ ᠵᠢ ᠠᠵᠢᠯᠲᠠᠨ ᠪᠠ ᠠᠵᠢᠯ᠎ᠤᠨ ᠪᠠᠢ᠌ᠷᠢ᠎ᠳᠤ ᠬᠦᠷᠲᠡᠯ᠎ᠡ ᠨᠠᠢ᠌ᠳᠠᠪᠤᠷᠢᠵᠢᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢ ᠴᠠᠭ ᠲᠤᠬᠠᠢᠳᠤᠨᠢ ᠴᠤᠤᠷᠢᠶᠠᠲᠤᠨ᠂ ᠮᠡᠳᠡᠭᠡ ᠵᠠᠩᠭᠢ ᠵᠢ ᠰᠢᠭᠤᠳ ᠰᠢᠯᠤᠭᠤᠨ ᠵᠶ᠋ᠠᠷ ᠬᠣᠯᠪᠣᠯᠳᠤᠭᠤᠯᠤᠨ ᠨᠡᠪᠲᠡᠷᠡᠭᠦᠯᠬᠦ ᠵᠢ ᠪᠠᠲᠤᠯᠠᠵᠤ᠂ ᠬᠠᠮᠤᠭ᠎ᠤᠨ ᠴᠢᠩᠭ᠎ᠠ ᠪᠠᠷᠢᠮᠵᠢᠶ᠎ᠠ ᠵᠢ ᠬᠡᠷᠡᠭᠯᠡᠨ᠂ ᠬᠠᠮᠤᠭ᠎ᠤᠨ ᠭᠦᠢ᠍ᠴᠡᠳ ᠪᠡᠯᠡᠳᠬᠡᠯ ᠪᠠ ᠬᠠᠮᠤᠭ᠎ᠤᠨ ᠨᠠᠷᠢᠯᠢᠭ ᠰᠡᠷᠭᠡᠢ᠌ᠯᠡᠯᠲᠡ ᠬᠢᠵᠦ᠂ ᠡᠮᠬᠢ ᠴᠡᠭᠴᠡ᠎ᠲᠠᠢ᠂ ᠬᠦᠴᠦᠨ᠎ᠲᠠᠢ ᠪᠥᠭᠡᠳ ᠡᠮᠬᠢ ᠵᠢᠷᠤᠮ᠎ᠲᠠᠢ᠎ᠪᠠᠷ ᠡᠯ᠎ᠡ ᠵᠦᠢ᠍ᠯ᠎ᠤᠨ ᠠᠵᠢᠯ᠎ᠢ ᠰᠠᠢ᠌ᠲᠤᠷ ᠬᠢᠵᠦ᠂ ᠭᠠᠢ ᠭᠠᠮᠰᠢᠭ᠎ᠤᠨ ᠣᠷᠴᠢᠨ ᠲᠣᠭᠣᠷᠢᠨ᠎ᠤ ᠨᠥᠯᠥᠭᠡ ᠵᠢ ᠬᠠᠮᠤᠭ᠎ᠤᠨ ᠳᠣᠣᠷ᠎ᠠ ᠬᠡᠮᠵᠢᠶᠡᠨ᠎ᠳᠤ ᠬᠦᠷᠲᠡᠯ᠎ᠡ ᠪᠠᠭ᠋ᠠᠰᠬᠠᠬᠤ ᠬᠡᠷᠡᠭᠲᠡᠢ ᠭᠡᠵᠦ ᠱᠠᠭ᠋ᠠᠷᠳᠠᠪᠠ᠃ ᠶᠠᠩ ᠵᠢᠶᠠᠩ ᠵᠡᠷᠭᠡ ᠬᠣᠲᠠ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠠᠯᠠᠭ᠎ᠠ ᠮᠥᠴᠢᠷ᠎ᠠᠴᠠ ᠨᠢᠭᠡᠨᠲᠡ ᠭᠣᠣᠯᠳᠠᠯᠭ᠎ᠠ᠎ᠲᠠᠢ ᠣᠷᠣᠨ ᠪᠦᠰᠡ᠎ᠳᠤ ᠴᠢᠭᠯᠡᠭᠦᠯᠦᠨ ᠣᠷᠴᠢᠨ ᠲᠣᠭᠣᠷᠢᠨ᠎ᠤ ᠠᠮᠤᠷ ᠲᠦᠪᠰᠢᠨ᠎ᠤ ᠳᠠᠯᠳᠠ ᠭᠡᠮ᠎ᠢ ᠢᠯᠭ᠋ᠠᠨ ᠪᠠᠢ᠌ᠴᠠᠭ᠋ᠠᠬᠤ ᠠᠵᠢᠯ᠎ᠢ ᠥᠷᠨᠢᠭᠦᠯᠦᠭᠰᠡᠨ᠎ᠤ ᠬᠠᠮᠲᠤ᠂ ᠥᠷᠥᠭᠡᠨ᠎ᠤ ᠭᠠᠳᠠᠨᠠᠬᠢ ᠬᠡᠰᠡᠭ ᠬᠢᠨᠠᠨ ᠰᠢᠨᠵᠢᠬᠦ ᠪᠡᠯᠡᠳᠬᠡᠮᠵᠢ᠎ᠳᠤ ᠪᠡᠬᠢᠯᠡᠯᠲᠡ ᠬᠢᠵᠡᠢ᠃
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠠᠯᠪᠠᠨ ᠭᠡᠷ᠂ ᠬᠤᠸᠠᠨᠠᠨᠤ ᠰᠢᠮᠳᠠᠭᠤᠯᠤᠨ ᠪᠠᠢ᠌ᠴᠠᠭ᠋ᠠᠬᠤ ᠲᠣᠪᠴᠢᠶ᠎ᠠ᠂ ᠳᠤᠮᠳᠠᠳᠤ ᠤᠯᠤᠰ᠎ᠤᠨ ᠣᠷᠴᠢᠨ ᠲᠣᠭᠣᠷᠢᠨ᠎ᠤ ᠬᠢᠨᠠᠨ ᠰᠢᠨᠵᠢᠬᠦ ᠶᠡᠷᠦᠩᠬᠡᠢ ᠥᠷᠲᠡᠭᠡ ᠵᠡᠷᠭᠡ ᠨᠢᠭᠡᠴᠢ᠎ᠨᠢ ᠨᠢᠭᠡᠨᠲᠡ ᠳᠠᠢ᠌ᠨ᠎ᠳᠤ ᠪᠡᠯᠡᠳᠬᠡᠬᠦ ᠪᠠᠢ᠌ᠳᠠᠯ᠎ᠳᠤ ᠣᠷᠣᠵᠤ᠂ ᠴᠠᠭ ᠢᠮᠠᠭᠲᠠ ᠣᠷᠴᠢᠨ ᠲᠣᠭᠣᠷᠢᠨ᠎ᠤ ᠭᠡᠨᠡᠳᠲᠡ ᠵᠢᠨ ᠬᠡᠷᠡᠭ᠎ᠢ ᠠᠷᠭ᠋ᠠᠴᠠᠭ᠋ᠠᠬᠤ ᠠᠵᠢᠯᠲᠠᠨ᠂ ᠲᠥᠬᠥᠭᠡᠷᠦᠮᠵᠢ ᠪᠠ ᠡᠳ᠋ ᠪᠣᠳᠠᠰ ᠵᠡᠷᠭᠡ ᠪᠡᠯᠡᠳᠬᠡᠯ ᠠᠵᠢᠯ᠎ᠢ ᠰᠠᠢ᠌ᠲᠤᠷ ᠬᠢᠵᠡᠢ᠃