11 ᠳ᠋ᠦ᠍ᠭᠡᠷ ᠰᠠᠷ᠎ᠠ ᠵᠢᠨ 2᠎ᠤᠨ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢ᠌ᠳ᠂ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠲᠡᠷᠢᠭᠦᠯᠡᠭᠴᠢ ᠬᠠᠨ ᠵᠧᠩ ᠪᠡᠭᠡᠵᠢᠩ᠎ᠳᠤ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ 2018 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠵᠠᠢ᠃
11 ᠳ᠋ᠦ᠍ᠭᠡᠷ ᠰᠠᠷ᠎ᠠ ᠵᠢᠨ 2᠎ᠤᠨ ᠡᠳᠦᠷ᠂ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ 2018 ᠣᠨ᠎ᠤ ᠣᠨ᠎ᠤ ᠬᠤᠷᠠᠯ ᠪᠡᠭᠡᠵᠢᠩ᠎ᠳᠤ ᠬᠥᠰᠢᠭᠡ᠎ᠪᠠᠨ ᠨᠡᠭᠡᠭᠡᠵᠦ᠂ ᠲᠤᠰ ᠤᠳᠠᠭ᠋ᠠᠨ᠎ᠤ ᠵᠢᠯ᠎ᠤᠨ ᠬᠤᠷᠠᠯ᠎ᠤᠨ ᠭᠣᠣᠯ ᠰᠡᠳᠦᠪ ᠪᠣᠯ 《ᠪᠣᠬᠢᠷᠲᠤᠯ ᠦᠭᠡᠢ ᠰᠢᠨ᠎ᠡ ᠴᠠᠭ ᠦᠶ᠎ᠡ ᠵᠢ ᠰᠢᠨ᠎ᠡ ᠵᠢ ᠡᠭᠦᠳᠴᠦ ᠬᠥᠲᠥᠯᠥᠨ ᠳᠠᠭ᠋ᠠᠭᠤᠯᠰᠤᠭ᠋ᠠᠢ》 ᠪᠣᠯᠣᠨ᠎ᠠ᠃
ᠰᠢᠨᠬᠤᠸᠠ ᠬᠣᠷᠢᠶ᠎ᠠ ᠵᠢᠨ ᠪᠡᠭᠡᠵᠢᠩ᠎ᠤᠨ 11 ᠳ᠋ᠦ᠍ᠭᠡᠷ ᠰᠠᠷ᠎ᠠ ᠵᠢᠨ 2᠎ᠤᠨ ᠡᠳᠦᠷ᠎ᠤᠨ ᠴᠠᠬᠢᠯᠭ᠋ᠠᠨ ᠮᠡᠳᠡᠭᠡ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢ᠌ᠳ᠂ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠲᠡᠷᠢᠭᠦᠯᠡᠭᠴᠢ ᠬᠠᠨ ᠵᠧᠩ 2᠎ᠤᠨ ᠡᠳᠦᠷ ᠪᠡᠭᠡᠵᠢᠩ᠎ᠳᠤ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ 2018 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠪᠠ᠃ ᠲᠤᠰ ᠤᠳᠠᠭ᠋ᠠᠨ᠎ᠤ ᠵᠢᠯ᠎ᠤᠨ ᠬᠤᠷᠠᠯ᠎ᠤᠨ ᠭᠣᠣᠯ ᠰᠡᠳᠦᠪ ᠪᠣᠯ 《ᠪᠣᠬᠢᠷᠲᠤᠯ ᠦᠭᠡᠢ ᠰᠢᠨ᠎ᠡ ᠴᠠᠭ ᠦᠶ᠎ᠡ ᠵᠢ ᠰᠢᠨ᠎ᠡ ᠵᠢ ᠡᠭᠦᠳᠴᠦ ᠬᠥᠲᠥᠯᠥᠨ ᠳᠠᠭ᠋ᠠᠭᠤᠯᠰᠤᠭ᠋ᠠᠢ》 ᠪᠣᠯᠣᠨ᠎ᠠ᠃
ᠬᠠᠨ ᠵᠧᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠤᠯᠤᠰ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ ᠪᠠᠢ᠌ᠨ᠎ᠠ᠃ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ᠂ ᠰᠢ ᠵᠢᠨ ᠫᠢᠩ ᠨᠥᠬᠥᠷ ᠵᠶ᠋ᠡᠷ ᠶᠡᠷᠦᠩᠬᠡᠢ ᠱᠦᠵᠢ ᠪᠣᠯᠭ᠋ᠠᠭᠰᠠᠨ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶ᠎ᠠ᠎ᠠᠴᠠ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠪᠠᠷ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠢ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠪᠠ 《ᠳᠥᠷᠪᠡᠨ ᠪᠦᠬᠦ ᠲᠠᠯ᠎ᠠ》 ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢᠰᠢᠭᠤᠯᠤᠯᠲᠠ ᠵᠢ ᠵᠣᠬᠢᠴᠠᠭᠤᠯᠤᠨ ᠠᠬᠢᠭᠤᠯᠬᠤ ᠴᠢᠬᠤᠯᠠ ᠠᠭᠤᠯᠭ᠎ᠠ ᠪᠣᠯᠭ᠋ᠠᠵᠤ᠂ ᠦᠨᠳᠦᠰᠦᠨ ᠴᠢᠨᠠᠷᠲᠠᠢ᠂ ᠠᠯᠤᠰ ᠬᠡᠳᠦ ᠵᠢᠨ ᠴᠢᠨᠠᠷᠲᠠᠢ᠂ ᠨᠡᠭᠡᠭᠡᠯᠲᠡ ᠬᠢᠬᠦ ᠴᠢᠨᠠᠷᠲᠠᠢ ᠠᠯᠢ ᠣᠯᠠᠨ ᠠᠵᠢᠯ᠎ᠢ ᠤᠬᠠᠭ᠋ᠠᠯᠠᠨ ᠥᠷᠨᠢᠭᠦᠯᠵᠦ᠂ ᠪᠣᠬᠢᠷᠲᠤᠯ ᠦᠭᠡᠢ ᠬᠥᠭᠵᠢᠯᠲᠡ ᠵᠢᠨ ᠣᠨᠣᠯᠵᠢᠬᠤᠨ᠎ᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ ᠪᠣᠬᠢᠷᠲᠤᠯ᠎ᠲᠠᠢ ᠡᠷᠡᠰ ᠳᠠᠢ᠌ᠨ ᠵᠠᠷᠯᠠᠵᠤ᠂ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯ᠎ᠤᠨ ᠥᠭᠡᠷᠡᠴᠢᠯᠡᠯᠲᠡ ᠵᠢ ᠲᠦᠷᠭᠡᠳᠬᠡᠨ᠂ ᠠᠮᠢ ᠠᠬᠤᠢ ᠵᠢᠨ ᠪᠣᠯᠪᠠᠰᠤᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠩᠭ᠋ᠠᠳᠬᠠᠵᠤ᠂ ᠳᠤᠮᠳᠠᠳᠤ ᠤᠯᠤᠰ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠠᠬᠢᠭᠤᠯᠬᠤ᠎ᠨᠢ ᠦᠢ᠍ᠯᠡᠳᠦᠯᠭᠡ᠎ᠠᠴᠠ ᠲᠠᠨᠢᠯᠲᠠ ᠬᠦᠷᠲᠡᠯ᠎ᠡ ᠲᠡᠦᠬᠡᠲᠦ ᠴᠢᠨᠠᠷᠲᠠᠢ᠂ ᠡᠷᠭᠢᠯᠲᠡ ᠵᠢᠨ ᠴᠢᠨᠠᠷᠲᠠᠢ᠂ ᠪᠦᠬᠦ ᠲᠠᠯ᠎ᠠ ᠵᠢᠨ ᠴᠢᠨᠠᠷᠲᠠᠢ ᠬᠤᠪᠢᠷᠠᠯᠲᠠ ᠭᠠᠷᠪᠠ ᠭᠡᠵᠡᠢ᠃
ᠬᠠᠨ ᠵᠧᠩ ᠴᠢᠬᠤᠯᠠᠴᠢᠯᠠᠬᠤ᠎ᠳᠤ᠎ᠪᠠᠨ᠂ ᠳᠤᠮᠳᠠᠳᠤ ᠤᠯᠤᠰ᠎ᠤᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠨᠢ ᠨᠢᠭᠡᠨᠲᠡ ᠣᠷᠴᠢᠨ ᠲᠣᠭᠣᠷᠢᠨ᠎ᠤ ᠪᠣᠬᠢᠷᠲᠤᠯ᠎ᠢ ᠵᠠᠰᠠᠬᠤ᠂ ᠠᠮᠢ ᠠᠬᠤᠢ ᠵᠢᠨ ᠲᠠᠰᠤᠷᠠᠯᠲᠠ ᠦᠭᠡᠢ ᠰᠠᠢ᠌ᠵᠢᠷᠠᠬᠤ ᠵᠢ ᠠᠬᠢᠭᠤᠯᠬᠤ ᠰᠢᠪᠲᠤᠯᠤᠯᠲᠠ ᠵᠢᠨ ᠬᠤᠭᠤᠴᠠᠭ᠋ᠠᠨ᠎ᠳᠤ ᠣᠷᠣᠵᠤ᠂ ᠮᠥᠨ ᠴᠤ᠌ ᠠᠮᠢ ᠠᠬᠤᠢ ᠵᠢᠨ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠨᠥᠬᠥᠴᠡᠯ ᠪᠠ ᠴᠢᠳᠠᠪᠤᠷᠢ᠎ᠲᠠᠢ ᠴᠣᠩᠬᠣᠪᠴᠢ ᠵᠢᠨ ᠬᠤᠭᠤᠴᠠᠭ᠋ᠠᠨ᠎ᠳᠤ ᠣᠷᠣᠪᠠ᠃ ᠪᠢᠳᠡ ᠪᠣᠬᠢᠷᠲᠤᠯ ᠦᠭᠡᠢ ᠬᠥᠭᠵᠢᠯᠲᠡ ᠵᠢ ᠪᠠᠷᠢᠮᠲᠠᠯᠠᠨ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢᠨ ᠪᠠᠢ᠌ᠯᠳᠤᠬᠤ ᠪᠣᠳᠣᠯᠭ᠎ᠠ ᠵᠢ ᠶᠡᠬᠡ᠎ᠪᠠᠷ ᠬᠡᠷᠡᠭᠵᠢᠭᠦᠯᠵᠦ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ ᠠᠬᠢᠭᠤᠯᠵᠤ᠂ ᠠᠵᠤ ᠠᠬᠤᠢ᠎ᠢ ᠴᠢᠨᠠᠷᠯᠢᠭ ᠬᠥᠭᠵᠢᠭᠦᠯᠬᠦ ᠪᠠ ᠠᠮᠢ ᠠᠬᠤᠢ ᠵᠢᠨ ᠣᠷᠴᠢᠨ ᠲᠣᠭᠣᠷᠢᠨ᠎ᠢ ᠥᠨᠳᠥᠷ ᠬᠢᠷᠢ ᠲᠦᠪᠰᠢᠨ ᠵᠶ᠋ᠡᠷ ᠬᠠᠮᠠᠭ᠋ᠠᠯᠠᠬᠤ ᠵᠢ ᠵᠣᠬᠢᠴᠠᠭᠤᠯᠤᠨ ᠠᠬᠢᠭᠤᠯᠬᠤ ᠬᠡᠷᠡᠭᠲᠡᠢ᠃ ᠠᠷᠠᠳ ᠲᠦᠮᠡᠨ ᠵᠶ᠋ᠡᠷ ᠲᠥᠪ ᠪᠣᠯᠭ᠋ᠠᠬᠤ ᠵᠢ ᠪᠠᠷᠢᠮᠲᠠᠯᠠᠨ᠂ ᠭᠣᠣᠯᠳᠠᠯᠭ᠎ᠠ᠎ᠲᠠᠢ ᠣᠷᠣᠨ ᠪᠦᠰᠡ᠂ ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ᠎ᠲᠠᠢ ᠪᠣᠬᠢᠷᠲᠤᠯ ᠪᠣᠳᠠᠰ᠎ᠢ ᠲᠣᠪᠣᠢ᠌ᠯᠭ᠋ᠠᠵᠤ᠂ ᠬᠥᠬᠡ ᠣᠭᠲᠠᠷᠭᠤᠢ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠳᠤ ᠡᠷᠡᠰ ᠰᠢᠭᠤᠷᠬᠠᠢ᠎ᠪᠠᠷ ᠢᠯᠠᠯᠲᠠ ᠣᠯᠵᠤ᠂ ᠨᠣᠮᠢᠨ ᠤᠰᠤ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠰᠠᠢ᠌ᠲᠤᠷ ᠬᠢᠵᠦ᠂ ᠴᠡᠪᠡᠷ ᠭᠠᠵᠠᠷ᠎ᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠯᠠᠪᠳᠠᠭᠤᠨ ᠪᠠᠲᠤᠲᠠᠢ ᠠᠬᠢᠭᠤᠯᠵᠤ᠂ ᠣᠯᠠᠨ ᠲᠦᠮᠡᠨ᠎ᠤ ᠡᠷᠡᠭᠦᠯ ᠴᠢᠭᠢᠷᠠᠭ᠎ᠢ ᠬᠣᠬᠢᠷᠠᠭᠤᠯᠵᠤ ᠪᠠᠢ᠌ᠭ᠎ᠠ ᠣᠷᠴᠢᠨ ᠲᠣᠭᠣᠷᠢᠨ᠎ᠤ ᠲᠣᠪᠣᠢ᠌ᠮ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠪᠠᠢ᠌ᠭ᠋ᠠᠯᠢ ᠵᠢ ᠰᠡᠷᠭᠦᠭᠡᠬᠦ᠎ᠪᠠᠷ ᠭᠣᠣᠯ ᠪᠣᠯᠭ᠋ᠠᠬᠤ ᠵᠢ ᠪᠠᠷᠢᠮᠲᠠᠯᠠᠨ᠂ ᠠᠮᠢ ᠠᠬᠤᠢ ᠵᠢ ᠬᠠᠮᠠᠭ᠋ᠠᠯᠠᠬᠤ ᠬᠢᠭᠡᠳ ᠵᠠᠰᠠᠨ ᠰᠡᠷᠭᠦᠭᠡᠬᠦ ᠵᠢ ᠨᠢᠭᠡᠳᠦᠯᠲᠡᠢ ᠲᠥᠯᠥᠪᠵᠢᠭᠦᠯᠵᠦ᠂ ᠠᠮᠢ ᠠᠬᠤᠢ ᠵᠢᠨ ᠬᠠᠮᠠᠭ᠋ᠠᠯᠠᠯᠲᠠ ᠵᠢᠨ ᠤᠯᠠᠭ᠋ᠠᠨ ᠱᠤᠭᠤᠮ᠎ᠢ ᠬᠤᠪᠢᠶᠠᠷᠢᠯᠠᠨ ᠲᠣᠭᠲᠠᠭ᠋ᠠᠬᠤ ᠪᠠ ᠴᠢᠩᠭ᠎ᠠ ᠰᠠᠬᠢᠵᠤ᠂ ᠠᠮᠢ ᠠᠬᠤᠢ ᠵᠢ ᠡᠪᠳᠡᠭᠰᠡᠨ ᠦᠢ᠍ᠯᠡ ᠠᠵᠢᠯᠯᠠᠭ᠎ᠠ ᠵᠢ ᠡᠷᠡᠰ ᠰᠢᠭᠤᠷᠬᠠᠢ᠎ᠪᠠᠷ ᠪᠠᠢ᠌ᠴᠠᠭ᠋ᠠᠨ ᠰᠢᠢ᠍ᠳᠪᠦᠷᠢᠯᠡᠵᠦ᠂ ᠠᠮᠢ ᠠᠬᠤᠢ ᠵᠢᠨ ᠰᠢᠰᠲ᠋ᠧᠮ᠎ᠤᠨ ᠶᠠᠰᠤ ᠴᠢᠨᠠᠷ ᠪᠠ ᠲᠣᠭᠲᠠᠭᠤᠨ ᠴᠢᠨᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠨ᠂ ᠠᠮᠢ ᠠᠬᠤᠢ ᠵᠢᠨ ᠣᠷᠴᠢᠨ ᠲᠣᠭᠣᠷᠢᠨ᠎ᠤ ᠬᠢᠨᠠᠯᠲᠠ ᠬᠠᠮᠢᠶᠠᠷᠤᠯᠲᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠤ ᠠᠬᠤᠢ ᠲᠥᠷᠥ ᠵᠢᠨ ᠪᠣᠳᠣᠯᠭ᠎ᠠ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮᠵᠢ ᠪᠠ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠪᠦᠬᠦ ᠳᠡᠯᠡᠬᠡᠢ ᠵᠢᠨ ᠠᠮᠢ ᠠᠬᠤᠢ ᠵᠢᠨ ᠪᠣᠯᠪᠠᠰᠤᠨ᠎ᠤ ᠪᠠᠢ᠌ᠭᠤᠯᠤᠯᠲᠠ᠎ᠳᠤ ᠬᠠᠮᠲᠤ᠎ᠪᠠᠷ ᠠᠷᠭ᠎ᠠ ᠰᠦᠪᠡᠭᠴᠢᠯᠡᠵᠦ᠂ ᠪᠦᠬᠦ ᠳᠡᠯᠡᠬᠡᠢ ᠵᠢᠨ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ᠎ᠳᠤ ᠢᠳᠡᠪᠬᠢᠲᠡᠢ ᠣᠷᠣᠯᠴᠠᠵᠤ᠂ ᠣᠯᠠᠨ ᠤᠯᠤᠰ᠎ᠤᠨ ᠬᠣᠯᠪᠣᠭ᠋ᠠᠲᠤ ᠪᠠᠢ᠌ᠭᠤᠯᠭ᠎ᠠ ᠵᠢᠨ 2030 ᠣᠨ᠎ᠤ ᠦᠷᠭᠦᠯᠵᠢᠯᠡᠬᠦᠢ᠌ᠴᠡ ᠬᠥᠭᠵᠢᠯᠲᠡ ᠵᠢᠨ ᠵᠥᠪᠯᠡᠬᠦ ᠵᠦᠢ᠍ᠯ᠎ᠢ ᠠᠬᠢᠭᠤᠯᠤᠨ᠂ ᠪᠣᠬᠢᠷᠲᠤᠯ ᠦᠭᠡᠢ 《ᠨᠢᠭᠡ ᠪᠦᠰᠡ ᠨᠢᠭᠡ ᠵᠠᠮ》᠎ᠢ ᠭᠠᠷ ᠵᠶ᠋ᠠᠨ ᠬᠣᠯᠪᠣᠯᠴᠠᠨ ᠬᠠᠮᠲᠤ᠎ᠪᠠᠷ ᠪᠠᠢ᠌ᠭᠤᠯᠬᠤ ᠬᠡᠷᠡᠭᠲᠡᠢ ᠭᠡᠵᠡᠢ᠃
ᠬᠠᠨ ᠵᠧᠩ ᠢᠯᠡᠷᠬᠡᠢ᠌ᠯᠡᠬᠦ᠎ᠳᠤ᠎ᠪᠠᠨ᠂ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠥᠩᠭᠡᠷᠡᠭᠰᠡᠨ᠎ᠲᠠᠢ᠎ᠪᠠᠨ ᠠᠳᠠᠯᠢ᠎ᠪᠠᠷ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠬᠥᠭᠵᠢᠯᠲᠡ ᠪᠤᠵᠠᠭ᠋ᠠᠢ᠌ᠷᠠᠯᠲᠠ ᠵᠢ ᠳᠡᠮᠵᠢᠵᠦ᠂ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ ᠪᠦᠬᠦ ᠳᠡᠯᠡᠬᠡᠢ ᠵᠢ ᠪᠠᠭᠲᠠᠭ᠋ᠠᠭᠰᠠᠨ᠂ ᠨᠡᠭᠡᠭᠡᠯᠲᠡ ᠬᠢᠵᠦ ᠬᠠᠮᠲᠤᠷᠠᠯᠴᠠᠭᠰᠠᠨ᠂ ᠬᠠᠷᠢᠯᠴᠠᠨ ᠠᠰᠢᠭᠲᠠᠢᠪᠠᠷ ᠬᠥᠭᠵᠢᠭᠰᠡᠨ ᠰᠢᠨ᠎ᠡ ᠬᠡᠯᠪᠡᠷᠢ ᠵᠢᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠲᠠᠪᠴᠠᠩ ᠪᠣᠯᠣᠨ ᠬᠥᠭᠵᠢᠬᠦ ᠵᠢ ᠳᠡᠮᠵᠢᠵᠦ ᠪᠠᠢ᠌ᠨ᠎ᠠ᠃ ᠡᠯ᠎ᠡ ᠭᠡᠰᠢᠭᠦᠨ ᠪᠠ ᠲᠤᠰᠬᠠᠢ ᠮᠡᠷᠭᠡᠵᠢᠯᠲᠡᠳ ᠪᠣᠳᠣᠯ ᠰᠠᠨᠠᠯ ᠵᠶ᠋ᠠᠨ ᠴᠢᠯᠦᠭᠡᠲᠡᠢ ᠳᠡᠯᠭᠡᠨ᠂ ᠬᠠᠷᠢᠯᠴᠠᠨ ᠰᠣᠯᠢᠯᠴᠠᠵᠤ᠂ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠦᠢ᠍ᠯᠡᠰ᠎ᠲᠤ ᠰᠠᠨᠠᠯ ᠵᠶ᠋ᠠᠷ ᠢᠯᠡᠷᠬᠡᠢ᠌ᠯᠡᠨ ᠠᠷᠭ᠎ᠠ ᠤᠬᠠᠭ᠋ᠠᠨ ᠰᠦᠪᠡᠭᠴᠢᠯᠡᠵᠦ᠂ ᠬᠥᠮᠥᠨ ᠲᠥᠷᠥᠯᠬᠢᠲᠡᠨ᠎ᠤ ᠬᠤᠪᠢ ᠵᠠᠶᠠᠭ᠎ᠠ ᠵᠢᠨ ᠬᠠᠮᠲᠤ ᠵᠢᠨ ᠴᠣᠭᠴᠠ ᠵᠢ ᠴᠣᠭᠴᠠᠯᠠᠨ᠂ ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠵᠢ ᠪᠠᠢ᠌ᠭᠤᠯᠬᠤ᠎ᠳᠤ ᠣᠶᠣᠨ ᠤᠬᠠᠭ᠋ᠠᠨ ᠪᠠ ᠬᠦᠴᠦᠨ ᠴᠢᠳᠠᠯ ᠵᠶ᠋ᠠᠨ ᠬᠠᠨᠳᠢᠪᠯᠠᠬᠤ ᠵᠢ ᠬᠦᠰᠡᠵᠦ ᠪᠠᠢ᠌ᠨ᠎ᠠ ᠭᠡᠵᠡᠢ᠃