ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠱᠠᠨᠰᠢ ᠮᠤᠵᠢ ᠵᠢᠨ ᠨᠠᠮ᠎ᠤᠨ ᠬᠣᠷᠢᠶ᠎ᠠ᠎ᠠᠴᠠ ᠴᠢᠨᠯᠢᠩ ᠨᠢᠷᠤᠭᠤ ᠵᠢᠨ ᠠᠷᠤ ᠬᠣᠷᠮᠣᠢ ᠵᠢᠨ ᠲᠣᠭᠲᠠᠭ᠋ᠠᠯ᠎ᠠᠴᠠ ᠵᠥᠷᠢᠴᠡᠨ ᠵᠤᠰᠠᠯᠠᠩ ᠪᠠᠢ᠌ᠭᠤᠯᠬᠤ ᠠᠰᠠᠭᠤᠳᠠᠯ᠎ᠳᠤ ᠲᠤᠰᠬᠠᠢ᠌ᠯᠠᠨ ᠴᠡᠭᠴᠡᠯᠡᠨ ᠵᠠᠰᠠᠯᠲᠠ ᠬᠢᠵᠦ ᠲᠤᠢ᠌ᠯᠪᠤᠷᠢᠲᠠᠢ ᠢᠯᠭ᠋ᠠᠨ ᠪᠠᠢ᠌ᠴᠠᠭ᠋ᠠᠵᠤ ᠲᠤᠢ᠌ᠯᠪᠤᠷᠢᠲᠠᠢ ᠴᠡᠭᠴᠡᠯᠡᠨ ᠵᠠᠰᠠᠵᠤ ᠲᠤᠢ᠌ᠯᠪᠤᠷᠢᠲᠠᠢ ᠪᠠᠢ᠌ᠴᠠᠭ᠋ᠠᠨ ᠰᠢᠢ᠍ᠳᠪᠦᠷᠢᠯᠡᠵᠦ ᠪᠠᠢ᠌ᠨ᠎ᠠ
ᠨᠡᠶ᠋ᠢᠲᠡᠯᠡᠭᠰᠡᠨ ᠴᠠᠭ᠄ 2018-10-09

      ᠣᠢ᠌ᠷ᠎ᠠ᠎ᠳᠤ᠂ ᠱᠠᠨᠰᠢ ᠮᠤᠵᠢ ᠵᠢᠨ ᠨᠠᠮ᠎ᠤᠨ ᠬᠣᠷᠢᠶ᠎ᠠ ᠪᠠᠢ᠌ᠩᠭᠤ ᠵᠢᠨ ᠬᠤᠷᠠᠯ ᠬᠤᠷᠠᠯᠳᠤᠭᠤᠯᠵᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ ᠴᠢᠨᠯᠢᠩ ᠨᠢᠷᠤᠭᠤ ᠵᠢᠨ ᠠᠷᠤ ᠬᠣᠷᠮᠣᠢ ᠵᠢᠨ ᠰᠢ ᠠᠨ᠎ᠤ ᠬᠢᠯᠢ ᠳᠣᠲᠣᠷᠠᠬᠢ ᠲᠣᠭᠲᠠᠭ᠋ᠠᠯ᠎ᠠᠴᠠ ᠵᠥᠷᠢᠴᠡᠨ ᠵᠤᠰᠠᠯᠠᠩ ᠪᠠᠢ᠌ᠭᠤᠯᠬᠤ ᠠᠰᠠᠭᠤᠳᠠᠯ᠎ᠢ ᠲᠤᠰᠬᠠᠢ᠌ᠯᠠᠨ ᠴᠡᠭᠴᠡᠯᠡᠨ ᠵᠠᠰᠠᠬᠤ ᠠᠵᠢᠯ᠎ᠤᠨ ᠠᠬᠢᠯᠲᠠ ᠵᠢᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠤᠨ ᠡᠭᠦᠷᠭᠡ᠎ᠪᠠᠨ ᠰᠤᠳᠤᠯᠤᠨ ᠪᠠᠢ᠌ᠷᠢᠯᠠᠭᠤᠯᠪᠠ᠃ ᠱᠠᠨᠰᠢ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠬᠤ᠌ ᠾᠧ ᠫᠢᠩ ᠬᠤᠷᠠᠯ ᠡᠷᠬᠢᠯᠡᠪᠡ᠃
      ᠬᠤᠷᠠᠯ᠎ᠠᠴᠠ᠂ ᠨᠢᠭᠡ ᠬᠡᠰᠡᠭ ᠬᠤᠭᠤᠴᠠᠭ᠎ᠠ᠎ᠠᠴᠠ ᠨᠠᠭ᠋ᠠᠰᠢ᠂ ᠴᠢᠨᠯᠢᠩ ᠨᠢᠷᠤᠭᠤ ᠵᠢᠨ ᠠᠷᠤ ᠬᠣᠷᠮᠣᠢ ᠵᠢᠨ ᠰᠢ ᠠᠨ᠎ᠤ ᠬᠢᠯᠢ ᠳᠣᠲᠣᠷᠠᠬᠢ ᠲᠣᠭᠲᠠᠭ᠋ᠠᠯ᠎ᠠᠴᠠ ᠵᠥᠷᠢᠴᠡᠨ ᠵᠤᠰᠠᠯᠠᠩ ᠪᠠᠢ᠌ᠭᠤᠯᠬᠤ ᠠᠰᠠᠭᠤᠳᠠᠯ᠎ᠢ ᠲᠤᠰᠬᠠᠢ᠌ᠯᠠᠨ ᠴᠡᠭᠴᠡᠯᠡᠨ ᠵᠠᠰᠠᠬᠤ ᠠᠵᠢᠯ᠎ᠨᠢ ᠱᠠᠲᠤᠴᠢ ᠴᠢᠨᠠᠷᠲᠠᠢ ᠠᠬᠢᠯᠲᠠ᠎ᠲᠠᠢ ᠪᠣᠯᠪᠠ᠃ ᠳᠠᠷᠠᠭ᠋ᠠᠴᠢ ᠵᠢᠨ ᠠᠯᠬᠤᠮ᠎ᠳᠤ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠨᠡᠩ ᠪᠠᠲᠤ ᠴᠢᠩᠭ᠎ᠠ   ᠡᠷᠴᠢ ᠵᠣᠷᠢᠭ᠂ ᠨᠡᠩ ᠴᠢᠩᠭ᠎ᠠ ᠡᠷᠴᠢᠮ᠎ᠲᠠᠢ᠎ᠪᠠᠷ᠂ ᠲᠤᠢ᠌ᠯᠪᠤᠷᠢᠲᠠᠢ ᠪᠠᠢ᠌ᠴᠠᠭ᠋ᠠᠨ ᠠᠷᠢᠯᠭ᠋ᠠᠬᠤ᠂ ᠲᠤᠢ᠌ᠯᠪᠤᠷᠢᠲᠠᠢ ᠢᠯᠭ᠋ᠠᠨ ᠪᠠᠢ᠌ᠴᠠᠭ᠋ᠠᠬᠤ᠂ ᠲᠤᠢ᠌ᠯᠪᠤᠷᠢᠲᠠᠢ ᠴᠡᠭᠴᠡᠯᠡᠨ ᠵᠠᠰᠠᠬᠤ᠂ ᠲᠤᠢ᠌ᠯᠪᠤᠷᠢᠲᠠᠢ ᠪᠠᠢ᠌ᠴᠠᠭ᠋ᠠᠨ ᠰᠢᠢ᠍ᠳᠪᠦᠷᠢᠯᠡᠬᠦ᠂ ᠨᠢᠭᠡ ᠬᠡᠷᠡᠭ᠎ᠠᠴᠠ ᠵᠦᠢ᠍ᠴᠢᠯᠡᠨ ᠨᠥᠬᠥᠭᠡ ᠬᠡᠷᠡᠭ᠎ᠢ ᠮᠡᠳᠡᠬᠦ᠂ ᠤᠷᠲᠤ ᠬᠤᠭᠤᠴᠠᠭ᠋ᠠᠲᠤ ᠲᠣᠭᠲᠠᠴᠠ ᠵᠢ ᠪᠠᠢ᠌ᠭᠤᠯᠬᠤ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠵᠤ᠂ ᠴᠡᠭᠴᠡᠯᠡᠨ ᠵᠠᠰᠠᠬᠤ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠴᠢᠨᠠᠷᠯᠢᠭ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
      ᠬᠤᠷᠠᠯ᠎ᠠᠴᠠ᠂ ᠤᠯᠤᠰ ᠲᠥᠷᠥ ᠵᠢᠨ ᠵᠣᠭᠰᠣᠴᠠ᠎ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠭᠦᠨᠵᠡᠭᠡᠢ ᠰᠤᠷᠭ᠋ᠠᠮᠵᠢ ᠠᠪᠴᠤ᠂ ᠴᠢᠨᠯᠢᠩ᠎ᠢ ᠬᠠᠮᠠᠭ᠋ᠠᠯᠠᠬᠤ ᠵᠢᠨ ᠲᠤᠢ᠌ᠯ᠎ᠤᠨ ᠴᠢᠬᠤᠯᠠ ᠴᠢᠨᠠᠷ᠎ᠢ ᠭᠦᠢ᠍ᠴᠡᠳ ᠲᠠᠨᠢᠵᠤ᠂ ᠲᠤᠰᠬᠠᠢ᠌ᠯᠠᠨ ᠴᠡᠭᠴᠡᠯᠡᠨ ᠵᠠᠰᠠᠬᠤ ᠠᠵᠢᠯ᠎ᠢ ᠠᠬᠢᠭᠤᠯᠬᠤ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠷᠠᠭᠤᠯᠬᠤ ᠬᠡᠷᠡᠭᠲᠡᠢ᠃ ᠢᠲᠡᠭᠡᠯ ᠵᠣᠷᠢᠭ ᠵᠶ᠋ᠠᠨ ᠪᠠᠲᠤᠳᠬᠠᠨ᠂ ᠡᠯ᠎ᠡ ᠵᠦᠢ᠍ᠯ᠎ᠤᠨ ᠠᠵᠢᠯ ᠵᠶ᠋ᠡᠨ ᠦᠨᠡᠨ ᠬᠦ᠌ ᠰᠠᠢ᠌ᠲᠤᠷ ᠬᠢᠵᠦ᠂ ᠡᠷᠡᠰ ᠰᠢᠭᠤᠷᠬᠠᠢ᠎ᠪᠠᠷ ᠠᠬᠢᠭᠤᠯᠬᠤ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠵᠤᠰᠠᠯᠠᠩ ᠪᠠᠢ᠌ᠭᠤᠯᠬᠤ ᠠᠰᠠᠭᠤᠳᠠᠯ᠎ᠤᠨ ᠠᠷᠤ ᠲᠠᠯ᠎ᠠ ᠵᠢᠨ ᠡᠷᠬᠡ ᠮᠥᠩᠭᠥᠨ᠎ᠤ ᠠᠷᠠᠯᠵᠢᠶ᠎ᠠ ᠵᠡᠷᠭᠡ ᠢᠯᠵᠠᠷᠠᠨ ᠳᠣᠷᠣᠢ᠌ᠲᠠᠬᠤ ᠠᠰᠠᠭᠤᠳᠠᠯ᠎ᠢ ᠴᠢᠩᠭ᠎ᠠ ᠰᠢᠢ᠍ᠳᠪᠦᠷᠢᠯᠡᠵᠦ᠂ ᠬᠠᠤᠯᠢ ᠪᠤᠰᠤ ᠬᠠᠷ᠎ᠠ ᠬᠣᠣᠷᠲᠠᠢ ᠬᠦᠴᠦᠨ ᠵᠢᠴᠢ 《ᠥᠮᠥᠭ ᠲᠦᠰᠢᠭ》᠎ᠳᠤ ᠴᠢᠩᠭ᠎ᠠ ᠴᠣᠬᠢᠯᠲᠠ ᠥᠭᠬᠦ ᠬᠡᠷᠡᠭᠲᠡᠢ᠃ ᠬᠠᠷᠠᠯᠲᠠ᠎ᠳᠤ᠎ᠪᠠᠨ ᠬᠦᠷᠬᠦ ᠦᠭᠡᠢ ᠪᠣᠯ ᠶᠠᠭ᠋ᠠᠬᠢᠭᠰᠠᠨ ᠴᠤ᠌ ᠵᠣᠭᠰᠣᠬᠤ ᠦᠭᠡᠢ ᠪᠠᠢ᠌ᠬᠤ ᠵᠢ ᠪᠠᠷᠢᠮᠲᠠᠯᠠᠵᠤ᠂ ᠴᠠᠭ ᠪᠠ ᠵᠠᠩᠭᠢᠯᠠᠭ᠎ᠠ ᠶᠣᠰᠣᠭ᠋ᠠᠷ ᠬᠦᠴᠦᠨ᠎ᠲᠠᠢ ᠪᠥᠭᠡᠳ ᠪᠦᠲᠦᠮᠵᠢᠲᠡᠢ᠎ᠪᠠᠷ ᠠᠵᠢᠯ ᠵᠶ᠋ᠠᠨ ᠠᠬᠢᠭᠤᠯᠵᠤ᠂ ᠲᠡᠦᠬᠡᠨ᠎ᠠᠴᠠ ᠦᠯᠡᠳᠡᠭᠳᠡᠵᠦ ᠢᠷᠡᠭᠰᠡᠨ ᠠᠰᠠᠭᠤᠳᠠᠯ᠎ᠢ ᠵᠣᠬᠢᠰᠲᠠᠢ ᠰᠢᠢ᠍ᠳᠪᠦᠷᠢᠯᠡᠨ᠂ ᠰᠢᠨ᠎ᠡ᠎ᠪᠠᠷ ᠡᠭᠦᠰᠦᠭᠰᠡᠨ ᠠᠰᠠᠭᠤᠳᠠᠯ᠎ᠢ ᠡᠷᠡᠰ ᠬᠣᠷᠢᠭᠯᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠢ ᠪᠦᠲᠦᠮᠵᠢᠲᠡᠢ ᠰᠡᠷᠭᠦᠭᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠵᠠᠢ᠃
      ᠬᠤᠷᠠᠯ᠎ᠠᠴᠠ᠂ ᠨᠢᠭᠡ ᠬᠡᠷᠡᠭ᠎ᠠᠴᠠ ᠵᠦᠢ᠍ᠴᠢᠯᠡᠨ ᠨᠥᠭᠥᠭᠡ ᠬᠡᠷᠡᠭ᠎ᠢ ᠮᠡᠳᠡᠬᠦ ᠵᠢ ᠪᠠᠷᠢᠮᠲᠠᠯᠠᠨ᠂ ᠴᠢᠨᠯᠢᠩ᠎ᠤᠨ ᠡᠯ᠎ᠡ ᠬᠣᠲᠠ ᠵᠢᠨ ᠬᠠᠮᠠᠭ᠋ᠠᠯᠠᠯᠲᠠ ᠵᠢᠨ ᠣᠷᠣᠨ᠎ᠤ ᠳᠣᠲᠣᠷᠠᠬᠢ ᠲᠣᠭᠲᠠᠭ᠋ᠠᠯ᠎ᠠᠴᠠ ᠵᠥᠷᠢᠴᠡᠨ ᠪᠠᠢ᠌ᠭᠤᠯᠤᠭᠰᠠᠨ   ᠪᠠᠷᠢᠯᠭ᠎ᠠ ᠵᠢ   ᠴᠡᠭᠴᠡᠯᠡᠨ   ᠵᠠᠰᠠᠬᠤ   ᠠᠵᠢᠯ᠎ᠢ ᠪᠦᠬᠦ ᠲᠠᠯ᠎ᠠ᠎ᠪᠠᠷ ᠰᠠᠢ᠌ᠲᠤᠷ ᠬᠢᠵᠦ᠂ ᠬᠠᠤᠯᠢ ᠪᠤᠰᠤ᠎ᠪᠠᠷ ᠴᠢᠯᠠᠭᠤ ᠠᠪᠬᠤ᠂ ᠳᠤᠷ᠎ᠠ᠎ᠪᠠᠷ ᠵᠶ᠋ᠠᠨ ᠠᠪᠴᠤ ᠰᠠᠨᠠᠭ᠎ᠠ᠎ᠪᠠᠷ ᠵᠶ᠋ᠠᠨ ᠮᠠᠯᠲᠠᠬᠤ ᠵᠡᠷᠭᠡ ᠦᠢ᠍ᠯᠡ ᠠᠵᠢᠯᠯᠠᠭ᠎ᠠ᠎ᠳᠤ ᠴᠣᠬᠢᠯᠲᠠ ᠥᠭᠴᠦ᠂ ᠴᠢᠨᠯᠢᠩ᠎ᠤᠨ ᠠᠮᠤᠷ ᠲᠣᠭᠲᠠᠭᠤᠨ᠂ ᠡᠶ᠎ᠡ ᠵᠣᠬᠢᠴᠠᠩᠭᠤᠢ᠂ ᠭᠣᠶᠣ ᠦᠵᠡᠰᠬᠦᠯᠡᠩ᠎ᠢ ᠦᠨᠡᠨ ᠬᠦ᠌ ᠪᠤᠴᠠᠭ᠋ᠠᠨ ᠰᠡᠷᠭᠦᠭᠡᠬᠦ ᠬᠡᠷᠡᠭᠲᠡᠢ᠃ ᠬᠠᠲᠠᠨ ᠪᠠᠲᠤ ᠡᠷᠴᠢ ᠵᠣᠷᠢᠭ᠎ᠪᠠᠷ᠂ ᠴᠢᠩᠭ᠎ᠠ ᠬᠠᠲᠠᠭᠤ ᠠᠷᠭ᠎ᠠ ᠬᠡᠮᠵᠢᠶ᠎ᠡ ᠠᠪᠴᠤ᠂ ᠬᠥᠬᠡ ᠠᠭᠤᠯᠠ᠂ ᠬᠥᠬᠡᠮᠳᠦᠭ ᠣᠭᠲᠠᠷᠭᠤᠢ᠂ ᠨᠣᠮᠢᠨ ᠤᠰᠤ᠂ ᠠᠷᠢᠭᠤᠨ ᠬᠥᠷᠥᠰᠥ ᠵᠢ ᠬᠠᠮᠠᠭ᠋ᠠᠯᠠᠬᠤ ᠳᠠᠢ᠌ᠯᠠᠯᠳᠤᠭ᠋ᠠᠨ᠎ᠢ ᠡᠷᠡᠰ ᠰᠢᠭᠤᠷᠬᠠᠢ᠎ᠪᠠᠷ ᠰᠠᠢ᠌ᠲᠤᠷ ᠬᠢᠬᠦ ᠬᠡᠷᠡᠭᠲᠡᠢ᠃ ᠠᠮᠢ ᠠᠬᠤᠢ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠤᠯᠤᠰ ᠲᠥᠷᠥ ᠵᠢᠨ ᠬᠠᠷᠢᠭᠤᠴᠠᠯᠭ᠎ᠠ᠎ᠪᠠᠨ ᠪᠠᠲᠤᠳᠬᠠᠵᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠢ᠌ᠴᠠᠭ᠋ᠠᠬᠤ ᠪᠠ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠵᠠᠰᠠᠬᠤ ᠵᠢ ᠰᠠᠢ᠌ᠲᠤᠷ ᠠᠳᠬᠤᠵᠤ᠂ ᠰᠣᠶᠣᠭ᠋ᠠᠯᠠᠯ᠎ᠤᠨ ᠴᠢᠨᠠᠷᠲᠠᠢ ᠡᠯ᠎ᠡ ᠲᠥᠷᠥᠯ᠎ᠤᠨ ᠠᠰᠠᠭᠤᠳᠠᠯ᠎ᠢ ᠴᠠᠭ ᠲᠤᠬᠠᠢ᠎ᠳᠤ᠎ᠨᠢ ᠰᠢᠢ᠍ᠳᠪᠦᠷᠢᠯᠡᠨ᠂ ᠦᠵᠡᠰᠬᠦᠯᠡᠩᠲᠦ ᠰᠠᠢ᠌ᠬᠠᠨ ᠱᠠᠨᠰᠢ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠰᠢᠨ᠎ᠡ ᠠᠬᠢᠯᠲᠠ ᠵᠢ ᠲᠠᠰᠤᠷᠠᠯᠲᠠ ᠦᠭᠡᠢ ᠭᠠᠷᠭ᠋ᠠᠬᠤ ᠬᠡᠷᠡᠭᠲᠡᠢ ᠭᠡᠵᠦ ᠱᠠᠭ᠋ᠠᠷᠳᠠᠵᠠᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠮᠢ ᠠᠬᠤᠢ ᠤᠷᠴᠢᠨ ᠲᠤᠭᠤᠷᠢᠨ᠎ᠤ ᠲᠢᠩᠬᠢᠮ
          
ᠬᠠᠮᠢᠶ᠎ᠡ ᠪᠦᠬᠦᠢ ᠰᠣᠨᠢᠨ
ᠮᠣᠨᠠᠺᠣ ᠵᠢᠨ ᠲᠡᠷᠢᠭᠦᠨ ᠠᠮᠢ ᠠᠬᠤᠢ ᠵᠢᠨ ᠣᠷᠴᠢᠨ ᠲᠣᠭᠣᠷᠢᠨ᠎ᠤ ᠶᠠᠮᠤᠨ᠎ᠤ ᠳᠠᠭ᠋ᠠᠭᠤᠯᠢ ᠣᠳᠣᠨ᠎ᠤ ᠣᠷᠴᠢᠨ ᠲᠣᠭᠣᠷᠢᠨ᠎ᠤ ᠬᠡᠷᠡᠭᠯᠡᠭᠡᠨ᠎ᠤ ᠲᠥᠪ᠎ᠲᠤ ᠬᠦᠷᠴᠦ ᠰᠢᠯᠭ᠋ᠠᠨ ᠦᠵᠡᠭᠰᠡᠨ᠎ᠤ ᠬᠠᠮᠲᠤ ᠳᠡᠭᠡᠳᠦ ᠳᠡᠰ᠎ᠤᠨ ᠰᠤᠳᠤᠯᠤᠨ ᠶᠠᠷᠢᠯᠴᠠᠬᠤ ᠬᠤᠷᠠᠯ᠎ᠳᠤ ᠣᠷᠣᠯᠴᠠᠪᠠ
ᠬᠠᠨ ᠵᠧᠩ ᠳᠤᠮᠳᠠᠳᠤ ᠤᠯᠤᠰ᠎ᠤᠨ ᠣᠷᠴᠢᠨ ᠲᠣᠭᠣᠷᠢᠨ ᠬᠢᠭᠡᠳ ᠬᠥᠭᠵᠢᠯᠲᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠵᠥᠪᠯᠡᠯ᠎ᠤᠨ 2018 ᠣᠨ᠎ᠤ ᠣᠨ᠎ᠤ ᠬᠤᠷᠠᠯ᠎ᠤᠨ ᠡᠬᠢᠯᠡᠯᠲᠡ ᠵᠢᠨ ᠶᠣᠰᠣᠯᠠᠯ᠎ᠳᠤ ᠣᠷᠣᠯᠴᠠᠭᠰᠠᠨ᠎ᠤ ᠬᠠᠮᠲᠤ ᠶᠠᠷᠢᠶ᠎ᠠ ᠲᠠᠯᠪᠢᠪᠠ
ᠣᠨᠴᠠᠭ᠋ᠠᠢ ᠲᠥᠯᠥᠭᠡᠯᠡᠭᠴᠢ ᠰᠢᠶᠧ ᠵᠧᠨ ᠬᠤᠸᠠ ᠠᠮᠧᠷᠢᠺᠠ ᠵᠢᠨ ᠺᠠᠯᠢᠹᠤᠷᠨᠢᠶ᠎ᠠ ᠵᠧᠦ ᠵᠢᠨ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠠᠵᠢᠯᠯᠠᠭ᠎ᠠ ᠵᠢᠨ ᠲᠦᠷᠦᠭᠦᠴᠦᠳ᠎ᠤᠨ ᠬᠤᠷᠠᠯ᠎ᠤᠨ ᠰᠢᠷᠢᠰ ᠬᠥᠳᠡᠯᠭᠡᠭᠡᠨ᠎ᠳᠤ ᠣᠷᠣᠯᠴᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠶᠠᠮᠤᠨ᠎ᠤ ᠪᠠᠢ᠌ᠩᠭᠤ ᠵᠢᠨ ᠬᠤᠷᠠᠯ᠎ᠢ ᠬᠤᠷᠠᠯᠳᠤᠭᠤᠯᠵᠤ 《ᠬᠥᠬᠡ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠬᠢᠨᠠᠨ ᠵᠥᠪᠯᠡᠭᠰᠡᠨ᠎ᠤ ᠬᠠᠮᠲᠤ ᠵᠠᠷᠴᠢᠮ᠎ᠤᠨ ᠲᠠᠯ᠎ᠠ᠎ᠪᠠᠷ ᠪᠠᠲᠤᠯᠠᠪᠠ
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠠᠴᠠ ᠲᠠᠢ᠌ᠹᠧᠩ 《ᠮᠠᠩᠺᠬᠦ᠋ᠲ》᠎ᠢ ᠠᠷᠭ᠋ᠠᠴᠠᠭ᠋ᠠᠬᠤ ᠪᠠᠴᠢᠮ ᠪᠠᠢ᠌ᠷᠢᠯᠠᠭᠤᠯᠤᠯᠲᠠ ᠬᠢᠵᠦ ᠬᠠᠮᠢᠶ᠎ᠠ ᠪᠦᠬᠦᠢ ᠣᠷᠣᠨ ᠨᠤᠲᠤᠭ᠎ᠢ ᠵᠢᠯᠣᠭᠣᠳᠤᠨ ᠣᠷᠴᠢᠨ ᠲᠣᠭᠣᠷᠢᠨ᠎ᠤ ᠪᠠᠴᠢᠮ ᠪᠠᠢ᠌ᠳᠠᠯ᠎ᠢ ᠰᠠᠢ᠌ᠲᠤᠷ ᠠᠷᠭ᠋ᠠᠴᠠᠭ᠋ᠠᠨ ᠣᠷᠴᠢᠨ ᠲᠣᠭᠣᠷᠢᠨ᠎ᠤ ᠡᠭᠦᠰᠦᠮᠡᠯ ᠭᠡᠨᠡᠳᠲᠡ ᠵᠢᠨ ᠬᠡᠷᠡᠭ᠎ᠢ ᠴᠠᠭ ᠲᠤᠬᠠᠢ᠎ᠳᠤ᠎ᠨᠢ ᠪᠦᠲᠦᠮᠵᠢᠲᠡᠢ ᠰᠡᠷᠭᠡᠢ᠌ᠯᠡᠨ ᠠᠷᠭ᠋ᠠᠴᠠᠭ᠋ᠠᠪᠠ
 
             蒙ICP备05000248号