ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠠᠷᠤᠭ᠎ᠠ ᠯᠢ ᠭᠠᠨ ᠵᠢᠶᠧ 9 ᠳ᠋ᠦ᠍ᠭᠡᠷ ᠰᠠᠷ᠎ᠠ ᠵᠢᠨ 28᠎ᠤ ᠡᠳᠦᠷ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠪᠠᠢ᠌ᠩᠭᠤ ᠵᠢᠨ ᠬᠤᠷᠠᠯ᠎ᠢ ᠡᠷᠬᠢᠯᠡᠨ ᠬᠤᠷᠠᠯᠳᠤᠭᠤᠯᠵᠤ᠂ 《ᠬᠥᠬᠡ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠠᠷᠭ᠎ᠠ (ᠲᠤᠷᠰᠢᠨ ᠬᠡᠷᠡᠭᠵᠢᠭᠦᠯᠬᠦ)》 ᠵᠢ ᠬᠢᠨᠠᠨ ᠵᠥᠪᠯᠡᠭᠰᠡᠨ᠎ᠤ ᠬᠠᠮᠲᠤ ᠵᠠᠷᠴᠢᠮ᠎ᠤᠨ ᠲᠠᠯ᠎ᠠ᠎ᠪᠠᠷ ᠪᠠᠲᠤᠯᠠᠵᠠᠢ᠃
ᠬᠤᠷᠠᠯ᠎ᠠᠴᠠ᠂ ᠬᠥᠬᠡ ᠮᠥᠷᠡᠨ᠎ᠤ ᠰᠠᠪᠠ ᠭᠠᠵᠠᠷ᠎ᠤᠨ ᠤᠯᠤᠰ᠎ᠠᠴᠠ ᠡᠵᠡᠮᠳᠡᠵᠦ ᠪᠠᠢ᠌ᠭ᠎ᠠ ᠭᠠᠵᠠᠷ ᠳᠡᠭᠡᠷᠡᠬᠢ ᠤᠰᠤ ᠵᠢ ᠬᠢᠨᠠᠨ ᠰᠢᠨᠵᠢᠬᠦ ᠣᠭᠲᠣᠯᠣᠭ᠋ᠠᠰᠤ ᠵᠢᠨ ᠬᠢᠨᠠᠨ ᠰᠢᠨᠵᠢᠵᠦ ᠦᠨᠡᠯᠡᠨ ᠵᠢᠱ᠌ᠢᠭᠰᠡᠨ ᠦᠷ᠎ᠡ ᠳ᠋ᠦᠩ᠎ᠢ ᠦᠨᠳᠦᠰᠦᠯᠡᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠳᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠪᠠᠢ᠌ᠳᠠᠯ᠎ᠢ ᠴᠠᠭ ᠲᠤᠬᠠᠢᠳᠤᠨᠢ ᠮᠡᠳᠡᠭᠡᠯᠡᠨ ᠨᠡᠪᠲᠡᠷᠡᠭᠦᠯᠵᠦ᠂ ᠰᠡᠷᠡᠮᠵᠢᠯᠡᠭᠦᠯᠬᠦ ᠮᠡᠳᠡᠭᠡ ᠵᠠᠩᠭᠢ ᠵᠢ ᠴᠠᠭ ᠲᠤᠬᠠᠢᠳᠤᠨᠢ ᠨᠡᠢ᠌ᠲᠡᠯᠡᠨ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠠᠴᠠ ᠤᠰᠤᠨ᠎ᠤ ᠪᠣᠬᠢᠷᠲᠤᠯ᠎ᠢ ᠰᠡᠷᠭᠡᠢ᠌ᠯᠡᠨ ᠵᠠᠰᠠᠬᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠵᠤ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠰᠠᠢ᠌ᠵᠢᠷᠠᠭᠤᠯᠬᠤ ᠵᠢ ᠠᠬᠢᠭᠤᠯᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠠᠢ᠌ᠳᠠᠭ᠃ ᠡᠢ᠌ᠮᠦ᠎ᠠᠴᠠ᠂ ᠤᠯᠤᠰ ᠲᠥᠷᠥ ᠵᠢᠨ ᠵᠣᠭᠰᠣᠴᠠ᠎ᠪᠠᠨ ᠦᠨᠡᠨ ᠬᠦ᠌ ᠳᠡᠭᠡᠭᠰᠢᠯᠡᠭᠦᠯᠦᠨ᠂ 《ᠳᠥᠷᠪᠡᠨ ᠵᠦᠢ᠍ᠯ᠎ᠤᠨ ᠦᠵᠡᠯ ᠤᠬᠠᠮᠰᠠᠷ》 ᠵᠶ᠋ᠠᠨ ᠲᠠᠰᠤᠷᠠᠯᠲᠠ ᠦᠭᠡᠢ ᠴᠢᠩᠭ᠋ᠠᠷᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠬᠥᠬᠡ ᠮᠥᠷᠡᠨ᠎ᠤ ᠠᠮᠢ ᠠᠬᠤᠢ ᠵᠢᠨ ᠣᠷᠴᠢᠨ ᠲᠣᠭᠣᠷᠢᠨ᠎ᠢ ᠵᠠᠰᠠᠨ ᠰᠡᠷᠭᠦᠭᠡᠬᠦ ᠵᠢ ᠳᠡᠢ᠌ᠯᠦᠩᠭᠢ ᠴᠢᠨᠠᠷᠲᠠᠢ ᠪᠠᠢ᠌ᠷᠢᠨ᠎ᠳᠤ ᠲᠠᠯᠪᠢᠵᠤ᠂ ᠶᠡᠬᠡ᠎ᠪᠠᠷ ᠬᠠᠮᠠᠭ᠋ᠠᠯᠠᠬᠤ ᠵᠢ ᠬᠠᠮᠲᠤ᠎ᠪᠠᠷ ᠠᠳᠬᠤᠨ᠂ ᠶᠡᠬᠡ ᠨᠡᠭᠡᠭᠡᠨ ᠬᠥᠭᠵᠢᠭᠦᠯᠦᠯᠲᠡ ᠥᠯᠥ ᠬᠢᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠬᠥᠬᠡ ᠮᠥᠷᠡᠨ᠎ᠤ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠠᠵᠢᠯ᠎ᠢ ᠯᠠᠪᠳᠠᠭᠤᠨ ᠪᠠᠲᠤᠲᠠᠢ᠎ᠪᠠᠷ ᠰᠠᠢ᠌ᠲᠤᠷ ᠬᠢᠵᠦ᠂ ᠬᠥᠬᠡ ᠮᠥᠷᠡᠨ᠎ᠢ ᠬᠠᠮᠠᠭ᠋ᠠᠯᠠᠵᠤ ᠵᠠᠰᠠᠨ ᠰᠡᠷᠭᠦᠭᠡᠬᠦ ᠰᠢᠪᠲᠤᠯᠤᠯᠲᠠ ᠵᠢᠨ ᠳᠠᠢ᠌ᠯᠠᠯᠳᠤᠭ᠋ᠠᠨ᠎ᠢ ᠰᠠᠢ᠌ᠲᠤᠷ ᠬᠢᠬᠦ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ ᠭᠡᠵᠦ ᠦᠵᠡᠪᠡ᠃
ᠬᠤᠷᠠᠯ᠎ᠠᠴᠠ᠂ ᠤᠰᠤᠨ᠎ᠤ ᠣᠷᠴᠢᠨ ᠲᠣᠭᠣᠷᠢᠨ᠎ᠢ ᠠᠦ᠋ᠲ ᠵᠶ᠋ᠠᠷ ᠬᠢᠨᠠᠨ ᠰᠢᠨᠵᠢᠵᠦ ᠰᠡᠷᠡᠮᠵᠢᠯᠡᠭᠦᠯᠬᠦ ᠵᠢ ᠪᠦᠬᠦ ᠲᠠᠯ᠎ᠠ᠎ᠪᠠᠷ ᠪᠡᠶᠡᠯᠡᠭᠦᠯᠬᠦ᠎ᠪᠠᠷ ᠬᠠᠷᠠᠯᠲᠠ ᠪᠣᠯᠭ᠋ᠠᠨ᠂ ᠬᠥᠬᠡ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠠᠦ᠋ᠲ ᠵᠶ᠋ᠠᠷ ᠬᠢᠨᠠᠨ ᠰᠢᠨᠵᠢᠬᠦ ᠥᠷᠲᠡᠭᠡ ᠵᠢ ᠪᠠᠢ᠌ᠭᠤᠯᠬᠤ ᠠᠬᠢᠴᠠ ᠵᠢ ᠲᠦᠷᠭᠡᠳᠬᠡᠵᠦ᠂ ᠠᠦ᠋ᠲ ᠵᠶ᠋ᠠᠷ ᠬᠢᠨᠠᠨ ᠰᠢᠨᠵᠢᠬᠦ ᠬᠠᠮᠢᠶᠠᠷᠤᠯᠲᠠ ᠪᠠ ᠮᠡᠷᠭᠡᠵᠢᠯ᠎ᠤᠨ ᠰᠢᠰᠲ᠋ᠧᠮᠵᠢ ᠵᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠥᠬᠡ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠬᠢᠨᠠᠨ ᠰᠢᠨᠵᠢᠵᠦ ᠰᠡᠷᠡᠮᠵᠢᠯᠡᠭᠦᠯᠬᠦ ᠵᠢᠨ ᠴᠠᠭ ᠬᠤᠭᠤᠴᠠᠭ᠋ᠠᠲᠤ ᠴᠢᠨᠠᠷ ᠪᠠ ᠣᠨᠣᠪᠴᠢᠲᠤ ᠴᠢᠨᠠᠷ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ᠃ ᠬᠥᠬᠡ ᠮᠥᠷᠡᠨ᠎ᠤ ᠰᠠᠪᠠ ᠭᠠᠵᠠᠷ᠎ᠤᠨ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠤᠨ ᠰᠡᠷᠡᠮᠵᠢᠯᠡᠭᠦᠯᠦᠯ᠎ᠤᠨ ᠳᠡᠰ ᠬᠤᠪᠢᠶᠠᠬᠤ ᠪᠠᠷᠢᠮᠵᠢᠶ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠴᠢᠭᠯᠡᠯᠲᠦ ᠴᠢᠨᠠᠷ᠂ ᠬᠡᠷᠡᠭᠵᠢᠭᠦᠯᠬᠦᠢ᠌ᠴᠡ ᠴᠢᠨᠠᠷ ᠪᠠ ᠪᠦᠲᠦᠮᠵᠢᠲᠦ ᠴᠢᠨᠡᠷ᠎ᠢ ᠲᠣᠪᠣᠢ᠌ᠯᠭ᠋ᠠᠨ᠂ ᠬᠥᠬᠡ ᠮᠥᠷᠡᠨ᠎ᠤ ᠰᠠᠪᠠ ᠭᠠᠵᠠᠷ᠎ᠤᠨ ᠲᠤᠰᠬᠠᠢ ᠣᠷᠣᠨ ᠬᠣᠲᠠ ᠵᠢᠨ ᠱᠠᠲᠤᠨ᠎ᠤ ᠵᠠᠰᠠᠭ᠎ᠤᠨ ᠣᠷᠳᠣᠨ᠎ᠤ ᠴᠠᠭ ᠲᠤᠬᠠᠢᠳᠤᠨᠢ ᠠᠷᠭ᠎ᠠ ᠬᠡᠮᠵᠢᠶ᠎ᠡ ᠠᠪᠴᠤ᠂ ᠤᠰᠤᠨ᠎ᠤ ᠣᠷᠴᠢᠨ ᠲᠣᠭᠣᠷᠢᠨ᠎ᠤ ᠶᠠᠰᠤ ᠴᠢᠨᠠᠷ᠎ᠢ ᠦᠷᠭᠦᠯᠵᠢᠯᠡᠨ ᠰᠠᠢ᠌ᠵᠢᠷᠠᠭᠤᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠬᠤᠷᠠᠯ᠎ᠠᠴᠠ ᠪᠠᠰᠠ ᠪᠤᠰᠤᠳ ᠵᠦᠢ᠍ᠯᠡᠰ᠎ᠲᠤ ᠰᠤᠳᠤᠯᠤᠯᠲᠠ ᠬᠢᠵᠡᠢ᠃
ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠳᠡᠳ᠋ ᠳᠠᠷᠤᠭ᠎ᠠ ᠬᠤᠸᠠᠩ ᠿᠦᠨ ᠴᠢᠦ᠂ ᠵᠤᠤ ᠶᠢᠩ ᠮᠢᠨ᠂ ᠯᠢᠦ ᠬᠤᠸᠠ᠂ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠤᠯᠤᠰ᠎ᠤᠨ ᠬᠢᠨᠠᠨ ᠪᠠᠢ᠌ᠴᠠᠭ᠋ᠠᠬᠤ ᠵᠥᠪᠯᠡᠯ᠎ᠤᠨ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠦ᠋ ᠬᠠᠢ ᠶᠢᠩ᠂ ᠶᠠᠮᠤᠨ᠎ᠤ ᠳᠡᠳ᠋ ᠳᠠᠷᠤᠭ᠎ᠠ ᠵᠤᠸᠠᠩ ᠭᠦᠸᠧ᠎ᠲᠠᠢ ᠬᠤᠷᠠᠯ᠎ᠳᠤ ᠣᠷᠣᠯᠴᠠᠪᠠ᠃
ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠵᠤ ᠬᠢᠨᠠᠨ ᠪᠠᠢ᠌ᠴᠠᠭ᠋ᠠᠬᠤ ᠳᠤᠭᠤᠢ᠌ᠯᠠᠩ᠎ᠤᠨ ᠬᠠᠷᠢᠭᠤᠴᠠᠯᠭ᠋ᠠᠲᠠᠨ᠂ ᠶᠠᠮᠤᠨ᠎ᠤ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠳ᠂ ᠶᠠᠮᠤᠨ᠎ᠤ ᠬᠠᠷᠢᠶ᠎ᠠ ᠬᠣᠯᠪᠣᠭᠳᠠᠯ ᠪᠦᠬᠦᠢ ᠨᠢᠭᠡᠴᠢ ᠵᠢᠨ ᠭᠣᠣᠯ ᠬᠠᠷᠢᠭᠤᠴᠠᠯᠭ᠋ᠠᠲᠠᠳ ᠬᠤᠷᠠᠯ᠎ᠳᠤ ᠰᠤᠯᠠ ᠣᠷᠣᠯᠴᠠᠵᠠᠢ᠃