ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠲᠤᠰᠬᠠᠢ ᠬᠤᠷᠠᠯ ᠬᠢᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠯᠠᠪᠯᠠᠨ ᠠᠰᠠᠭᠤᠪᠠ
ᠨᠡᠶ᠋ᠢᠲᠡᠯᠡᠭᠰᠡᠨ ᠴᠠᠭ᠄ 2018-07-19

      ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠥᠬᠥ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠳᠥᠷᠪᠡᠳᠦᠭᠡᠷ ᠬᠤᠷᠠᠯᠳᠤᠭ᠋ᠠᠨ ᠥᠨᠥᠳᠦᠷ ᠬᠠᠮᠲᠤᠷᠠᠭᠰᠠᠨ ᠳᠤᠭᠤᠶ᠋ᠢᠯᠠᠩ᠎ᠤᠨ ᠬᠤᠷᠠᠯ ᠬᠢᠵᠦ᠂ ᠬᠢᠨᠠᠨ ᠶᠠᠷᠢᠯᠴᠠᠬᠤ᠎ᠲᠠᠢ ᠤᠶᠠᠯᠳᠤᠭᠤᠯᠤᠨ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠳᠤ ᠲᠤᠰᠬᠠᠶ ᠰᠡᠳᠦᠪᠲᠦ ᠯᠠᠪᠯᠠᠨ ᠠᠰᠠᠭᠤᠬᠤ ᠬᠤᠷᠠᠯ ᠬᠢᠵᠡᠢ᠃
      ᠲᠤᠰᠬᠠᠶ ᠰᠡᠳᠦᠪᠲᠦ ᠯᠠᠪᠯᠠᠨ ᠠᠰᠠᠭᠤᠬᠤ ᠬᠤᠷᠠᠯ᠎ᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠪᠠᠶ᠋ᠢᠩᠭᠤ ᠵᠢᠨ ᠬᠣᠷᠢᠶᠠᠨ᠎ᠤ ᠭᠡᠰᠢᠭᠦᠨ᠂ ᠳᠤᠮᠳᠠᠳᠤ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠬᠣᠷᠢᠶᠠᠨ ᠳᠠᠷᠤᠭ᠎ᠠ ᠯᠢ ᠵᠠᠨ ᠱᠤ᠌ ᠡᠷᠬᠢᠯᠡᠵᠡᠢ᠃ ᠯᠢ ᠵᠠᠨ ᠱᠤ᠌ ᠵᠢᠭ᠋ᠠᠵᠤ ᠭᠠᠷᠭ᠋ᠠᠭᠰᠠᠨ᠎ᠨᠢ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢ ᠪᠦᠬᠦ ᠲᠠᠯ᠎ᠠ᠎ᠪᠠᠷ ᠬᠡᠷᠡᠭᠵᠢᠭᠦᠯᠵᠦ᠂ ᠠᠷᠠᠳ ᠲᠦᠮᠡᠨ᠎ᠤ ᠬᠥᠬᠡ ᠣᠭᠲᠠᠷᠭᠤᠢ ᠵᠢᠨ ᠵᠣᠯ ᠵᠢᠷᠭ᠋ᠠᠯ᠎ᠤᠨ ᠲᠥᠷᠥᠭᠳᠡᠯ᠎ᠢ ᠨᠡᠮᠡᠭᠳᠡᠭᠦᠯᠬᠦ ᠪᠣᠯ ᠡᠨᠡ ᠤᠳᠠᠭ᠎ᠠ ᠵᠢᠨ ᠬᠠᠤᠯᠢ ᠬᠡᠷᠡᠭᠵᠢᠭᠦᠯᠦᠭᠰᠡᠨ ᠪᠠᠶ᠋ᠢᠳᠠᠯ᠎ᠳᠤ ᠪᠠᠶ᠋ᠢᠴᠠᠭ᠋ᠠᠯᠲᠠ ᠬᠢᠬᠦ ᠲᠤᠷᠰᠢᠯᠭ᠋ᠠᠲᠤ ᠣᠢ᠌ᠯᠠᠭ᠋ᠠᠯᠲᠠ ᠪᠣᠯᠬᠤ ᠶᠤᠮ᠂ ᠮᠥᠨ ᠴᠦ᠍ ᠲᠣᠰ ᠤᠳᠠᠭ᠋ᠠᠨ᠎ᠤ 《ᠬᠠᠤᠯᠢ ᠴᠠᠭ᠋ᠠᠵᠠ ᠵᠢᠨ ᠲᠣᠭᠣᠷᠢᠨ ᠪᠠᠶ᠋ᠢᠴᠠᠭ᠋ᠠᠯᠲᠠ》 ᠵᠢᠨ ᠡᠬᠢᠨ᠎ᠠᠴᠠ᠎ᠨᠢ ᠠᠳᠠᠭ᠎ᠲᠤ ᠶᠠᠪᠤᠭᠳᠠᠭᠤᠯᠬᠤ ᠨᠢᠭᠡᠨ ᠭᠣᠣᠯ ᠱᠤᠭᠤᠮ ᠮᠥᠨ᠃ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ᠂ 《ᠨᠢᠭᠡ ᠵᠠᠰᠠᠭ᠎ᠤᠨ ᠣᠷᠳᠣᠨ ᠨᠢᠭᠡ ᠵᠥᠪᠯᠡᠯ ᠬᠣᠶᠠᠷ ᠬᠣᠷᠢᠶ᠎ᠠ》 ᠴᠥᠮ 《ᠲᠦᠷᠪᠡᠨ ᠤᠬᠠᠮᠰᠠᠷ》᠎ᠤᠨ ᠲᠠᠨᠢᠯᠲᠠ ᠵᠢ ᠯᠠᠪᠳᠠᠭᠤᠨ ᠪᠠᠲᠤᠲᠠᠢ ᠪᠣᠢ ᠪᠣᠯᠭ᠋ᠠᠵᠤ᠂ ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠵᠤ᠂ ᠬᠠᠮᠲᠤ᠎ᠪᠠᠷ ᠴᠢᠷᠮᠠᠢ᠌ᠨ ᠵᠣᠷᠢᠭᠲᠠᠶ᠎ᠪᠠᠷ ᠬᠠᠷᠢᠭᠤᠴᠠᠯᠭ᠎ᠠ ᠡᠭᠦᠷᠭᠡᠯᠡᠵᠦ᠂ ᠠᠷᠠᠳ ᠲᠦᠮᠡᠨ᠎ᠳᠤ ᠬᠦᠬᠡ ᠣᠭᠲᠠᠷᠭᠤᠢ ᠬᠥᠪᠥᠩ ᠴᠠᠭ᠋ᠠᠨ ᠡᠭᠦᠯᠡ᠂ ᠤᠳᠦᠠ ᠮᠡᠴᠢᠳ ᠭᠢᠯᠠᠯᠵᠠᠭᠰᠠᠨ ᠰᠠᠢ᠌ᠨ ᠰᠠᠢ᠌ᠬᠠᠨ ᠣᠷᠴᠢᠨ᠎ᠢ ᠪᠣᠢ ᠪᠣᠯᠭ᠋ᠠᠵᠤ᠂ ᠡᠷᠬᠡᠪᠰᠢ ᠴᠠᠭ ᠮᠥᠴᠡ ᠪᠢᠳᠡᠨ᠎ᠢ ᠬᠦᠯᠢᠶᠡᠬᠦ ᠦᠭᠡᠢ ᠭᠡᠰᠡᠨ ᠲᠤᠯᠭ᠋ᠠᠮ᠎ᠠ ᠰᠡᠳᠬᠢᠯᠭᠡ᠎ᠪᠠᠷ ᠠᠵᠢᠯ᠎ᠤᠨ ᠡᠷᠴᠢᠮ ᠵᠶ᠋ᠡᠨ ᠴᠢᠩᠭ᠋ᠠᠷᠠᠭᠤᠯᠵᠤ᠂ ᠲᠦᠷᠭᠡᠨ ᠵᠠᠰᠠᠬᠤ᠂ ᠪᠣᠭᠣᠮᠲᠠ ᠰᠢᠪᠲᠤᠯᠬᠤ ᠵᠢ ᠱᠠᠯᠠᠪᠳᠠᠨ᠂ ᠠᠰᠠᠭᠤᠳᠠᠯ ᠵᠢᠡᠷ ᠤᠳᠤᠷᠢᠳᠤᠮᠵᠢ ᠪᠣᠯᠭ᠋ᠠᠬᠤ ᠵᠢ ᠴᠢᠩᠭ᠋ᠠᠳᠬᠠᠵᠤ᠂ ᠥᠩᠭᠡᠨ ᠲᠠᠯ᠎ᠠ ᠪᠠ ᠦᠨᠳᠦᠰᠦᠨ ᠲᠠᠯ᠎ᠠ ᠵᠢ ᠵᠡᠷᠭᠡᠪᠡᠷ ᠵᠠᠰᠠᠬᠤ᠎ᠳᠤ ᠦᠨᠳᠦᠰᠦᠨ ᠲᠠᠯ᠎ᠠ ᠵᠢ᠎ᠨᠢ ᠭᠣᠣᠯᠴᠢᠯᠠᠨ ᠵᠠᠰᠠᠬᠤ ᠬᠡᠷᠡᠭᠲᠡᠢ᠂ ᠡᠯ᠎ᠡ ᠭᠠᠵᠠᠷ᠎ᠤᠨ᠎ᠬᠢᠨ ᠪᠣᠳᠠᠲᠤ ᠪᠠᠶ᠋ᠢᠳᠠᠯ᠎ᠲᠠᠢ᠎ᠪᠠᠨ ᠤᠶᠠᠯᠳᠤᠭᠤᠯᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠲᠦᠷᠦᠯ ᠬᠤᠪᠢᠶᠠᠨ ᠵᠠᠰᠠᠬᠤ ᠠᠷᠭ᠎ᠠ ᠪᠤᠳᠤᠯᠭ᠎ᠠ ᠬᠡᠷᠡᠭᠵᠢᠭᠦᠯᠵᠦ᠂ ᠤᠨᠢᠨ ᠳᠡᠭᠡᠷ᠎ᠡ᠎ᠨᠢ ᠬᠦᠴᠦᠯᠡᠬᠦ ᠬᠡᠷᠡᠭᠲᠡᠢ ᠭᠡᠵᠠᠢ᠃ ᠡᠯ᠎ᠡ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠮᠵᠢᠯᠴᠠᠨ ᠵᠣᠬᠢᠴᠠᠯᠳᠤᠬᠤ ᠵᠢ ᠴᠢᠩᠭ᠋ᠠᠳᠬᠠᠵᠤ᠂ ᠲᠤᠰ ᠲᠤᠰ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠦᠷᠢᠶ᠎ᠡ ᠴᠠᠷᠠᠭ᠎ᠠ᠎ᠳᠠᠬᠢ ᠡᠯ᠎ᠡ ᠵᠦᠢ᠍ᠯ᠎ᠤᠨ ᠬᠠᠤᠯᠢ ᠴᠠᠭ᠋ᠠᠵᠠ᠂ ᠰᠢᠢ᠍ᠳᠪᠦᠷᠢ ᠵᠢ ᠪᠦᠬᠦ ᠲᠠᠯ᠎ᠠ᠎ᠪᠠᠷ ᠪᠦᠲᠦᠮᠵᠢᠲᠡᠢ ᠬᠡᠷᠡᠭᠵᠢᠭᠦᠯᠬᠦ ᠵᠢ ᠠᠬᠢᠭᠤᠯᠤᠨ ᠪᠠᠲᠤᠯᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ᠎ᠳᠤ ᠦᠵᠡᠭᠦᠯᠪᠡᠰᠦ ᠵᠣᠬᠢᠬᠤ ᠬᠤᠪᠢ ᠨᠡᠮᠡᠷᠢ᠎ᠪᠠᠨ ᠦᠵᠡᠭᠦᠯᠬᠦ ᠬᠡᠷᠡᠭᠲᠡᠶ ᠭᠡᠵᠡᠢ᠃
      ᠲᠦᠷᠦ ᠵᠢᠨ ᠶᠠᠪᠤᠳᠠᠯ᠎ᠤᠨ ᠭᠡᠰᠢᠭᠦᠨ ᠸᠠᠩ ᠶᠦᠩ ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠮᠦᠨ᠎ᠡ᠎ᠠᠴᠠ ᠬᠤᠷᠠᠯ᠎ᠳᠤ ᠢᠷᠡᠵᠦ ᠰᠠᠨᠠᠯ ᠰᠣᠨᠣᠰᠤᠨ᠂ ᠯᠠᠪᠯᠠᠨ ᠠᠰᠠᠭᠤᠭᠰᠠᠨ ᠵᠦᠢ᠍ᠯ᠎ᠳᠤ ᠬᠠᠷᠢᠭᠤᠯᠲᠠ   ᠥᠭᠪᠡ᠃ ᠠᠮᠢ ᠠᠬᠤᠶ ᠣᠷᠴᠢᠨ ᠠᠬᠤᠶ ᠵᠢᠨ ᠶᠠᠮᠤᠨ᠎ᠤ ᠳᠡᠳ᠋ ᠰᠠᠶ᠋ᠢᠳ ᠵᠣᠣ ᠶᠢᠩ ᠮᠢᠨ᠂ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ ᠵᠢᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠬᠠᠤᠯᠢ ᠴᠠᠭ᠋ᠠᠵᠠ ᠵᠢᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠶᠠᠮᠤᠨ᠂ ᠵᠠᠮ ᠲᠡᠭᠡᠭᠡᠪᠦᠷᠢ ᠵᠢᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠡᠷᠭᠡ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠵᠤ ᠯᠠᠪᠯᠠᠨ ᠠᠰᠠᠭᠤᠭᠰᠠᠨ᠎ᠢ᠎ᠨᠢ ᠬᠠᠷᠢᠭᠤᠯᠵᠠᠢ᠃
      ᠠᠮᠢ ᠠᠬᠤᠢ ᠣᠷᠴᠢᠨ ᠲᠣᠭᠣᠷᠢᠨ᠎ᠤ ᠳᠤᠪᠤᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠳᠤ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠨ᠎ᠠ᠃
      ᠸᠠᠩ ᠶᠦᠩ ᠲᠦᠷᠦ ᠵᠢᠨ ᠶᠠᠪᠤᠳᠠᠯ᠎ᠤᠨ ᠬᠣᠷᠢᠶ᠎ᠠ ᠶᠠᠮᠠᠷ ᠶᠠᠮᠠᠷ ᠠᠷᠭ᠎ᠠ ᠬᠡᠮᠵᠢᠶ᠎ᠡ ᠠᠪᠴᠤ᠂ ᠬᠠᠤᠯᠢ ᠶᠣᠰᠣᠭ᠋ᠠᠷ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠠᠰᠠᠭᠤᠳᠠᠯ᠎ᠢ ᠬᠠᠷᠢᠭᠤᠯᠬᠤ᠎ᠳᠠᠭᠠᠨ᠂ ᠠᠮᠢ ᠠᠬᠤᠢ ᠣᠷᠴᠢᠨ ᠲᠣᠭᠣᠷᠢᠨ᠎ᠤ ᠳᠤᠪᠤᠢ᠍ᠢ᠍ᠮ᠎ᠠ ᠠᠰᠠᠭᠤᠳᠠᠯ᠎ᠢ ᠰᠢᠢ᠍ᠳᠪᠦᠷᠢᠯᠡᠬᠦ᠎ᠳᠤ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠳᠤ ᠢᠯᠠᠯᠲᠠ ᠣᠯᠬᠤ ᠪᠣᠯ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠮᠥᠨ᠂ ᠡᠠᠭ᠋ᠠᠷ᠎ᠤᠨ ᠶᠠᠰᠤ ᠴᠢᠨᠠᠷ᠎ᠢ ᠢᠯᠡᠳᠲᠡ ᠰᠠᠶ᠋ᠢᠵᠢᠷᠠᠭᠤᠯᠬᠤ᠎ᠪᠠᠷ ᠬᠠᠲᠠᠭᠤ ᠱᠠᠭ᠋ᠠᠷᠳᠠᠯᠭ᠎ᠠ᠎ᠪᠠᠨ ᠪᠣᠯᠭ᠋ᠠᠵᠤ᠂ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠡᠵᠡᠮᠳᠡᠬᠦ ᠵᠢ ᠴᠢᠩᠭ᠋ᠠᠳᠬᠠᠨ᠂ ᠬᠦᠨᠳᠦ ᠪᠣᠬᠢᠷᠲᠤᠯ᠎ᠲᠠᠢ ᠴᠠᠭ ᠠᠭᠤᠷ᠎ᠢ ᠦᠨᠳᠦᠰᠦᠨ᠎ᠳᠤ᠎ᠪᠠᠨ ᠠᠷᠢᠯᠭ᠋ᠠᠨ᠎ᠠ ᠭᠡᠪᠡ᠃
      ᠲᠡᠷᠡ ᠵᠢᠭ᠋ᠠᠵᠤ ᠭᠠᠷᠭ᠋ᠠᠭᠰᠠᠨ᠎ᠨᠢ᠄ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢ ᠲᠦᠯᠬᠢᠨ ᠠᠬᠢᠭᠤᠯᠵᠤ᠂ ᠣᠷᠴᠢᠨ ᠠᠬᠤᠶ ᠵᠢᠨ ᠬᠠᠮᠠᠭ᠋ᠠᠯᠠᠯᠲᠠ ᠵᠢ ᠲᠦᠯᠬᠢᠨ ᠠᠬᠢᠭᠤᠯᠵᠤ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠲᠡᠮᠡᠴᠡᠨ ᠣᠯᠬᠤ᠎ᠳᠤ ᠳᠣᠣᠷᠠᠬᠢ ᠬᠡᠳᠦᠨ ᠲᠠᠯ᠎ᠠ ᠵᠢᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠠᠳᠬᠤᠨ᠎ᠠ ᠭᠡᠵᠠᠢ᠃
      ᠨᠢᠭᠡ᠎ᠳᠤ᠂ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠨᠠᠢ᠌ᠳᠠᠪᠤᠷᠢᠵᠢᠭᠤᠯᠬᠤ ᠵᠢ ᠲᠦᠷᠭᠡᠳᠬᠡᠵᠦ᠂ ᠠᠭ᠋ᠠᠷ ᠮᠠᠨᠳᠠᠯ᠎ᠤᠨ ᠣᠷᠴᠢᠨ ᠲᠣᠭᠣᠷᠢᠨ᠎ᠤ ᠶᠠᠰᠤ ᠴᠢᠨᠠᠷ᠎ᠢ ᠢᠯᠡᠳᠲᠡ ᠰᠠᠢ᠌ᠵᠢᠷᠠᠭᠤᠯᠬᠤ ᠪᠣᠯᠤᠨ᠎ᠠ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠲᠦᠷᠦᠭᠦᠬᠡᠨ ᠬᠡᠪᠯᠡᠨ ᠲᠠᠷᠬᠠᠭ᠋ᠠᠵᠤ᠂ ᠬᠣᠶ᠋ᠢᠰᠢᠳᠠ ᠵᠢᠨ ᠭᠤᠷᠪᠠᠨ ᠵᠢᠯ᠎ᠳᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠶᠡᠷᠦᠩᠬᠡᠶ ᠰᠡᠳᠬᠢᠴᠡ᠂ ᠭᠣᠣᠯ ᠬᠠᠷᠠᠯᠲᠠ᠂ ᠭᠣᠣᠯ ᠳᠠᠭ᠋ᠠᠷᠢᠯᠲᠠ ᠵᠢᠨ ᠴᠢᠭᠯᠡᠯ᠂ ᠭᠣᠣᠯᠳᠠᠯᠭ᠎ᠠ ᠎ᠲᠠᠢ ᠠᠷᠭ᠎ᠠ ᠬᠡᠮᠵᠢᠶ᠎ᠡ ᠪᠣᠯᠤᠨ ᠡᠭᠦᠷᠭᠡ ᠵᠢ ᠲᠣᠳᠣᠷᠬᠠᠢ᠌ᠯᠠᠵᠤ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠂ ᠪᠠᠷᠢᠯᠭ᠎ᠠ ᠵᠢᠨ ᠵᠢᠷᠤᠭ᠎ᠢ ᠳᠤᠷᠠᠳᠤᠨ ᠭᠠᠷᠭ᠋ᠠᠪᠠ᠃ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ ᠵᠢ ᠨᠠᠶ᠋ᠢᠳᠠᠪᠤᠷᠢᠵᠢᠭᠤᠯᠬᠤ᠎ᠪᠠᠷ ᠬᠣᠢ᠌ᠰᠢᠳᠠ ᠵᠢᠨ ᠭᠤᠷᠪᠠᠨ ᠵᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠠᠩᠭᠢᠯᠠᠭ᠎ᠠ ᠵᠢᠨ ᠠᠷᠭ᠎ᠠ ᠪᠠᠷᠢᠯ ᠪᠣᠯᠭ᠋ᠠᠵᠤ᠂ ᠨᠠᠢ᠌ᠳᠠᠪᠤᠷᠢᠵᠢᠭᠤᠯᠤᠨ ᠠᠬᠢᠭᠤᠯᠬᠤ ᠵᠢ ᠴᠢᠩᠭ᠎ᠠ ᠠᠳᠬᠤᠬᠤ ᠬᠡᠷᠡᠭᠲᠡᠶ᠃ ᠬᠢᠨᠠᠨ ᠰᠢᠯᠭ᠋ᠠᠬᠤ ᠠᠷᠭ᠎ᠠ ᠵᠢ ᠲᠦᠷᠭᠡᠪᠴᠢᠯᠡᠨ ᠲᠣᠭᠲᠠᠭ᠋ᠠᠵᠤ᠂ ᠯᠠᠪᠳᠠᠭᠤᠨ ᠲᠣᠭᠲᠠᠭᠤᠨ ᠠᠯᠬᠤᠮ ᠠᠯᠬᠤᠮ ᠵᠶ᠋ᠠᠷ ᠠᠬᠢᠭᠤᠯᠵᠤ᠂ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ᠎ᠳᠤ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠬᠣᠶᠠᠷ᠎ᠲᠤ᠂ ᠬᠠᠤᠯᠢ ᠲᠣᠭᠲᠠᠭ᠋ᠠᠯ ᠲᠦᠷᠢᠮ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠷᠢᠮᠵᠢᠶᠠᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠠᠭᠤᠷᠢᠯᠠᠭᠴᠢ ᠳᠡᠮᠵᠢᠯᠭᠡ ᠦᠵᠡᠭᠦᠯᠦᠨ᠎ᠡ᠃ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ᠎ᠢ ᠲᠦᠷᠭᠡᠬᠡᠨ ᠰᠤᠳᠤᠯᠤᠨ ᠲᠣᠭᠲᠠᠭ᠋ᠠᠵᠤ᠂ ᠪᠦᠬᠦᠶ᠋ᠢᠯᠡ ᠲᠣᠭᠲᠠᠮᠠᠯ ᠪᠣᠬᠢᠷᠲᠤᠯ᠎ᠤᠨ ᠡᠬᠢ ᠰᠤᠷᠪᠤᠯᠵᠢ ᠵᠢ ᠬᠠᠮᠤᠷᠤᠭᠰᠠᠨ ᠠᠵᠤ ᠠᠬᠤᠶ᠋ᠢᠯᠠᠯ᠎ᠤᠨ ᠪᠣᠬᠢᠷᠲᠤᠯ ᠭᠠᠳᠠᠭᠰᠢᠯᠠᠭᠤᠯᠬᠤ ᠵᠢ ᠵᠥᠪᠰᠢᠶᠡᠷᠡᠬᠦ ᠳᠦᠷᠢᠮ᠎ᠢ ᠪᠠᠢ᠌ᠭᠤᠯᠤᠨ᠎ᠠ᠃   ᠡᠨᠧᠷᠭᠢ ᠵᠢᠨ ᠬᠣᠷᠣᠭᠳᠠᠭᠤᠯᠤᠯ ᠶᠡᠬᠡᠲᠡᠶ᠂ ᠪᠣᠬᠢᠷᠲᠤᠯ ᠶᠡᠬᠡᠲᠡᠶ ᠪᠠ ᠡᠬᠢ ᠪᠠᠶᠠᠯᠢᠭ᠎ᠤᠨ ᠬᠡᠯᠪᠡᠷᠢ ᠪᠥᠬᠥᠢ ᠠᠵᠢᠯ ᠲᠥᠷᠥᠯ᠎ᠲᠤ ᠵᠥᠪᠰᠢᠶᠡᠷᠡᠨ ᠣᠷᠣᠭᠤᠯᠬᠤ ᠨᠥᠬᠥᠴᠡᠯ᠎ᠢ ᠰᠤᠳᠤᠯᠤᠨ ᠲᠣᠭᠲᠠᠭ᠋ᠠᠨ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠬᠤ ᠵᠢᠯᠣᠭᠣᠳᠬᠤ ᠭᠠᠷᠴᠠᠭ᠎ᠲᠤ ᠵᠠᠰᠠᠪᠤᠷᠢ ᠣᠷᠣᠭᠤᠯᠵᠤ᠂ ᠦᠯᠡᠭᠦᠳᠡᠵᠦ ᠪᠠᠶ᠋ᠢᠭ᠎ᠠ ᠦᠢ᠍ᠯᠡᠳᠪᠦᠷᠢᠯᠡᠬᠦ ᠴᠢᠳᠠᠪᠤᠷᠢ ᠵᠢ ᠰᠢᠯᠢᠳᠡᠭᠵᠢᠭᠦᠯᠬᠦ ᠪᠠᠷᠢᠮᠵᠢᠶ᠎ᠠ ᠵᠢ ᠳᠡᠭᠡᠭᠰᠢᠯᠡᠭᠦᠯᠵᠦ᠂ ᠭᠣᠣᠯᠳᠠᠯᠭ᠎ᠠ᠎ᠲᠠᠢ ᠣᠷᠣᠨ ᠪᠦᠰᠡ᠂ ᠬᠣᠣᠷᠲᠠᠢ ᠬᠥᠨᠥᠭᠡᠯᠲᠡᠢ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠤᠨ ᠨᠡᠷᠡᠰ᠎ᠤᠨ ᠵᠢᠭᠰᠠᠭ᠋ᠠᠯᠲᠠ ᠵᠢ ᠠᠯᠢ ᠲᠦᠷᠭᠡᠨ ᠨᠡᠶ᠋ᠢᠲᠡᠯᠡᠨ ᠬᠡᠷᠡᠭᠵᠢᠭᠦᠯᠬᠦ ᠵᠡᠷᠭᠡ ᠪᠣᠯᠤᠨ᠎ᠠ᠃ ᠭᠤᠷᠪᠠ᠎ᠳᠤ᠂ ᠬᠠᠤᠯᠢ ᠬᠡᠷᠡᠭᠵᠢᠭᠦᠯᠬᠦ ᠵᠢ ᠱᠠᠯᠠᠪᠳᠠᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ᠎ᠪᠠᠨ ᠤᠯᠠᠮ ᠨᠢᠭᠡ ᠠᠯᠬᠤᠮ ᠪᠡᠬᠢᠵᠢᠭᠦᠯᠵᠦ᠂ ᠰᠠᠯᠠᠭ᠎ᠠ ᠮᠥᠴᠢᠷ᠎ᠤᠳ ᠬᠠᠮᠲᠤᠷᠠᠨ ᠬᠥᠲᠥᠯᠦᠯᠴᠡᠬᠦ ᠵᠢ ᠴᠢᠩᠭ᠋ᠠᠳᠬᠠᠨ᠂ 《ᠨᠢᠭᠡ ᠠᠵᠢᠯ᠎ᠤᠨ ᠪᠠᠶ᠋ᠢᠷᠢ᠎ᠲᠤ ᠬᠣᠶᠠᠷ ᠡᠲᠡᠭᠡᠳ ᠬᠠᠷᠢᠭᠤᠴᠠᠯᠭ᠎ᠠ᠎ᠲᠠᠢ ᠪᠠᠶ᠋ᠢᠬᠤ》 ᠵᠢ ᠨᠠᠶ᠋ᠢᠳᠠᠪᠤᠷᠢᠵᠢᠭᠤᠯᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠮᠵᠢᠯᠴᠠᠬᠤ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠯ᠎ᠡ ᠰᠠᠯᠠᠭ᠎ᠠ ᠮᠥᠴᠢᠷ ᠲᠤᠰ ᠲᠤᠰ᠎ᠤᠨ ᠬᠠᠷᠢᠭᠤᠴᠠᠯᠭ᠎ᠠ᠎ᠪᠠᠨ ᠬᠠᠷᠢᠭᠤᠴᠠᠵᠤ᠂ ᠠᠵᠢᠯ ᠬᠤᠪᠢᠶᠠᠨ ᠬᠠᠮᠲᠤᠷᠠᠯᠴᠠᠬᠤ᠂ ᠴᠤᠭᠭ᠋ᠠᠷ ᠠᠳᠬᠤᠵᠤ ᠬᠠᠮᠲᠤᠪᠠᠷ ᠬᠠᠮᠢᠶᠠᠷᠤᠭᠰᠠᠨ ᠰᠡᠷᠭᠡᠶ᠋ᠢᠯᠡᠨ ᠵᠠᠰᠠᠬᠤ ᠠᠵᠢᠯ᠎ᠤᠨ ᠪᠠᠶ᠋ᠢᠷᠢᠰᠢᠯ᠎ᠢ ᠤᠯᠠᠮ ᠨᠢᠭᠡ ᠠᠯᠬᠤᠮ ᠪᠤᠢ ᠪᠣᠯᠭ᠋ᠠᠨ᠎ᠠ᠃ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ 《ᠪᠤᠴᠠᠵᠤ ᠡᠷᠬᠢᠨ ᠬᠠᠷᠠᠬᠤ》 ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ 《ᠬᠣᠶᠠᠷ᠎ᠢ ᠰᠤᠭᠤᠴᠢᠵᠤ᠂ ᠨᠢᠭᠡ ᠵᠢ ᠢᠯᠡ ᠪᠣᠯᠭ᠋ᠠᠬᠤ》 ᠬᠢᠨᠠᠯᠲᠠ ᠬᠠᠮᠢᠶᠠᠷᠤᠯᠲᠠ ᠵᠢᠨ ᠬᠡᠯᠪᠡᠷᠢ ᠵᠢ ᠢᠳᠡᠪᠬᠢᠲᠡᠶ ᠰᠦᠪᠡᠭᠴᠢᠯᠡᠨ᠂ ᠦᠨᠳᠦᠰᠦᠨ ᠱᠠᠲᠤᠨ᠎ᠤ ᠣᠷᠴᠢᠨ ᠠᠬᠤᠶ ᠵᠢ ᠬᠠᠮᠠᠭ᠋ᠠᠯᠠᠬᠤ ᠴᠢᠳᠠᠪᠤᠷᠢ ᠵᠢᠨ ᠪᠠᠢ᠌ᠭᠤᠯᠤᠯᠲᠠ ᠵᠢ ᠴᠢᠩᠭ᠋ᠠᠳᠬᠠᠨ ᠰᠢᠯᠢᠳᠡᠭᠵᠢᠭᠦᠯᠵᠦ᠂ ᠣᠷᠴᠢᠨ ᠲᠣᠭᠣᠷᠢᠨ᠎ᠤ ᠬᠠᠤᠯᠢ ᠴᠠᠭ᠋ᠠᠵᠠ ᠵᠢᠨ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ᠃ ᠳᠥᠷᠪᠡ᠎ᠳᠤ᠂ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠤᠷᠳᠤ ᠬᠤᠭᠤᠴᠠᠭ᠋ᠠᠨ᠎ᠤ ᠦᠷ᠎ᠡ ᠪᠦᠲᠦᠮᠵᠢᠲᠡᠶ ᠲᠣᠭᠲᠠᠴᠠ ᠵᠢ ᠲᠦᠷᠭᠡᠪᠴᠢᠯᠡᠨ ᠪᠠᠶ᠋ᠢᠭᠤᠯᠬᠤ ᠪᠣᠯᠣᠨ᠎ᠠ᠃
      ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠪᠠᠷᠢᠮᠵᠢᠶᠠᠨ᠎ᠤ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠵᠥᠪᠰᠢᠶᠡᠷᠡᠬᠦ ᠳᠦᠷᠢᠮ᠎ᠤᠨ ᠬᠥᠭᠵᠢᠯᠲᠡ ᠵᠢ ᠠᠬᠢᠭᠤᠯᠬᠤ ᠬᠡᠷᠡᠭᠲᠡᠢ᠃ ᠵᠠᠷᠢᠮ ᠭᠡᠰᠢᠭᠦᠨ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠨᠡᠩ ᠴᠢᠩᠭ᠎ᠠ ᠪᠠᠷᠢᠮᠵᠢᠶᠠᠨ᠎ᠤ ᠰᠢᠰᠲ᠋ᠧᠮ᠎ᠢ ᠬᠡᠷᠬᠢᠨ ᠲᠡᠭᠦᠯᠳᠡᠷᠵᠢᠭᠦᠯᠬᠦ ᠪᠣᠢ? ᠭᠡᠵᠦ ᠠᠰᠠᠭᠤᠪᠠ᠃
      ᠵᠣᠣ ᠶᠢᠩ ᠮᠢᠨ ᠬᠡᠯᠡᠭᠰᠡᠨ᠎ᠨᠢ᠂ ᠨᠢᠭᠡ᠎ᠳᠤ ᠭᠠᠳᠠᠭᠰᠢᠯᠠᠭᠤᠯᠬᠤ ᠪᠠᠷᠢᠮᠵᠢᠶ᠎ᠠ ᠵᠢ ᠦᠨᠡᠯᠡᠨ ᠵᠢᠱ᠌ᠢᠬᠦ ᠠᠵᠢᠯ᠎ᠢ ᠤᠯᠠᠮ ᠨᠢᠭᠡ ᠠᠯᠬᠤᠮ ᠰᠠᠶ᠋ᠢᠲᠤᠷ ᠬᠢᠵᠦ᠂ ᠪᠠᠷᠢᠮᠵᠢᠶ᠎ᠠ ᠵᠢ ᠲᠣᠭᠲᠠᠭ᠋ᠠᠬᠤ ᠪᠠ ᠵᠠᠰᠠᠪᠤᠷᠢ ᠣᠷᠣᠭᠤᠯᠬᠤ ᠵᠢ ᠴᠢᠩᠭ᠋ᠠᠳᠬᠠᠨ᠎ᠠ᠃ ᠣᠳᠣᠬᠠᠨ᠎ᠤ VOCS ᠎ᠤᠨ ᠯᠡᠪᠡᠷᠡᠵᠦ ᠭᠠᠳᠠᠭᠰᠢᠯᠠᠬᠤ ᠣᠽᠣᠨ ᠪᠣᠬᠢᠷᠲᠤᠯ᠎ᠢ ᠰᠡᠷᠭᠡᠶ᠋ᠢᠯᠡᠨ ᠡᠵᠡᠮᠳᠡᠬᠦ ᠲᠠᠯ᠎ᠠ᠎ᠪᠠᠷ ᠢᠯᠭ᠋ᠠᠷᠠᠭᠤᠯᠬᠤ ᠪᠠᠷᠢᠮᠵᠢᠶ᠎ᠠ ᠵᠢᠨ ᠳᠤᠲᠠᠭᠳᠠᠯ᠎ᠳᠤ ᠴᠢᠭᠯᠡᠭᠦᠯᠵᠦ᠂ ᠤᠯᠤᠰ᠎ᠤᠨ ᠭᠠᠳᠠᠭᠰᠢᠯᠠᠭᠤᠯᠤᠯᠲᠠ ᠵᠢᠨ ᠪᠠᠷᠢᠮᠵᠢᠶᠠᠨ᠎ᠤ ᠰᠢᠰᠲ᠋ᠧᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠵᠢᠯ ᠲᠥᠷᠥᠯ᠎ᠤᠨ ᠬᠠᠮᠤᠷᠤᠯ ᠨᠡᠩ ᠥᠷᠭᠡᠨ᠂ ᠪᠣᠬᠢᠷᠲᠤᠯ᠎ᠢ ᠡᠵᠡᠮᠳᠡᠬᠦ ᠲᠠᠯ᠎ᠠ᠎ᠪᠠᠷ ᠤᠯᠠᠮ ᠴᠢᠭᠯᠡᠭᠦᠯᠤᠯᠳᠤ ᠴᠢᠨᠠᠷᠲᠠᠶ ᠪᠣᠯᠭ᠋ᠠᠨ᠎ᠠ᠃ ᠬᠣᠶᠠᠷ᠎ᠲᠤ᠂ ᠭᠠᠳᠠᠭᠰᠢᠯᠠᠭᠤᠯᠬᠤ ᠲᠥᠯᠥᠪᠯᠡᠭᠡ ᠵᠢ ᠨᠠᠶ᠋ᠢᠳᠠᠪᠤᠷᠢᠵᠢᠭᠤᠯᠵᠤ ᠪᠦᠬᠦ ᠲᠠᠯ᠎ᠠ᠎ᠪᠠᠷ ᠪᠠᠷᠢᠮᠵᠢᠶ᠎ᠠ᠎ᠳᠤ ᠬᠦᠷᠦᠭᠦᠯᠵᠦ᠂ ᠪᠠᠷᠢᠮᠵᠢᠶ᠎ᠠ᠎ᠠᠴᠠ ᠬᠡᠲᠦᠷᠡᠭᠦᠯᠦᠨ ᠭᠠᠳᠠᠭᠰᠢᠯᠠᠭᠤᠯᠤᠭᠰᠠᠨ ᠬᠠᠤᠯᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠠᠵᠤ ᠠᠬᠤᠶ ᠵᠢᠨ ᠲᠦᠷᠦ ᠵᠢᠨ ᠪᠤᠳᠤᠯᠭ᠎ᠠ ᠵᠢᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠪᠣᠬᠢᠷᠲᠤᠯ᠎ᠢ ᠵᠠᠰᠠᠬᠤ ᠮᠡᠷᠭᠡᠵᠢᠯ᠎ᠤᠨ ᠲᠠᠰ ᠳᠡᠪᠰᠢᠭᠦᠯᠦᠨ ᠥᠭᠡᠷᠡᠴᠢᠯᠡᠬᠦ ᠵᠢ ᠲᠦᠯᠬᠢᠨ ᠠᠬᠢᠭᠤᠯᠵᠤ᠂ ᠢᠯᠭ᠋ᠠᠷᠠᠭᠤᠯᠬᠤ ᠪᠠᠷᠢᠮᠵᠢᠶ᠎ᠠ ᠵᠢ ᠤᠯᠠᠮ ᠨᠢᠭᠡ ᠠᠯᠬᠤᠮ ᠴᠢᠩᠳᠠᠯᠠᠵᠤ ᠬᠠᠯᠠᠨ ᠰᠠᠢ᠌ᠵᠢᠷᠠᠭᠤᠯᠬᠤ᠎ᠳᠤ ᠰᠠᠭᠤᠷᠢ ᠲᠠᠯᠪᠢᠵᠤ ᠥᠭᠭᠦᠨ᠎ᠡ ᠭᠡᠵᠡᠢ᠃
      ᠵᠠᠷᠢᠮ ᠭᠡᠰᠢᠭᠦᠨ᠎ᠤ ᠳᠤᠷᠠᠳᠤᠨ ᠭᠠᠷᠭ᠋ᠠᠭᠰᠠᠨ 2020 ᠣᠨ ᠪᠣᠯᠬᠤ᠎ᠳᠤ ᠬᠡᠷᠬᠢᠨ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠵᠥᠪᠰᠢᠶᠡᠷᠡᠬᠦ ᠳᠦᠷᠢᠮ᠎ᠢ ᠣᠷᠴᠢᠨ ᠲᠣᠭᠣᠷᠢᠨ᠎ᠤ ᠬᠠᠮᠢᠶᠠᠷᠤᠯᠲᠠ ᠵᠢᠨ ᠭᠣᠣᠯ ᠳᠦᠷᠢᠮ ᠪᠣᠯᠭ᠋ᠠᠬᠤ ᠲᠤᠬᠠᠢ᠂ ᠵᠣᠣ ᠶᠢᠩ ᠮᠢᠨ ᠬᠡᠯᠡᠭᠰᠡᠨ᠎ᠨᠢ᠂ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ ᠵᠶ᠋ᠡᠷ ᠳᠠᠮᠵᠢᠭᠤᠯᠤᠨ᠂ ᠲᠣᠭᠲᠠᠮᠠᠯ ᠰᠤᠷᠪᠤᠯᠵᠢ ᠣᠷᠴᠢᠨ ᠠᠬᠤᠶ ᠵᠢᠨ ᠬᠠᠮᠢᠶᠠᠷᠤᠯᠲᠠ ᠵᠢᠨ ᠳᠥᠷᠪᠡ ᠵᠢ ᠬᠤᠪᠢᠷᠠᠭᠤᠯᠬᠤ ᠵᠢ ᠲᠦᠯᠬᠢᠨ ᠪᠡᠶᠡᠯᠡᠭᠦᠯᠦᠭᠰᠡᠨ ᠪᠠᠶ᠋ᠢᠨ᠎ᠠ᠃ ᠨᠢᠭᠡ᠎ᠳᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠪᠣᠬᠢᠷᠲᠤᠭᠤᠯᠤᠭᠴᠢ ᠪᠣᠳᠠᠰ ᠢᠯᠭ᠋ᠠᠷᠠᠭᠤᠯᠬᠤ ᠵᠢ ᠪᠦᠳᠦᠭᠦᠯᠢᠭ ᠬᠠᠮᠢᠶᠠᠷᠤᠨ ᠡᠵᠡᠮᠳᠡᠵᠦ ᠪᠠᠢ᠌ᠭᠰᠠᠨ᠎ᠠᠴᠠ ᠪᠣᠬᠢᠷᠲᠤᠯ ᠪᠣᠳᠠᠰ ᠭᠠᠳᠠᠭᠰᠢᠯᠠᠭᠤᠯᠬᠤ ᠨᠢᠭᠡᠴᠢ ᠵᠢᠨ ᠭᠠᠳᠠᠭᠰᠢᠯᠠᠭᠤᠯᠬᠤ ᠠᠮᠠᠰᠠᠷ᠎ᠤᠨ ᠨᠠᠷᠢᠯᠢᠭ ᠬᠠᠮᠢᠶᠠᠷᠤᠨ ᠡᠵᠡᠮᠳᠡᠬᠦ ᠵᠦᠭ ᠰᠢᠯᠵᠢᠬᠦ ᠵᠢ ᠪᠡᠶᠡᠯᠡᠭᠦᠯᠦᠭᠰᠡᠨ ᠪᠠᠢ᠌ᠨ᠎ᠠ᠃ ᠬᠣᠶᠠᠷ᠎ᠲᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠢ ᠬᠠᠮᠢᠶᠠᠷᠴᠤ ᠡᠵᠡᠮᠳᠡᠬᠦ᠎ᠳᠤ ᠳᠥᠷᠪᠡᠨ ᠵᠦᠢ᠍ᠯ᠎ᠤᠨ ᠭᠣᠣᠯ ᠪᠣᠬᠢᠷᠲᠤᠯ ᠪᠣᠳᠠᠰ ᠪᠠᠶ᠋ᠢᠭᠰᠠᠨ᠎ᠠᠴᠠ᠎ᠪᠠᠨ ᠤᠯᠠᠨ ᠪᠣᠬᠢᠷᠲᠤᠯᠳᠤ ᠪᠣᠳᠠᠰ᠎ᠢ ᠬᠠᠮᠵᠢᠯᠴᠠᠨ ᠬᠠᠮᠢᠶᠠᠷᠤᠨ ᠡᠵᠡᠮᠳᠡᠵᠦ ᠴᠢᠳᠠᠬᠤ ᠪᠣᠯᠭ᠋ᠠᠵᠠᠢ᠃ ᠭᠤᠷᠪᠠ᠎ᠳᠤ᠂ ᠪᠣᠬᠢᠷᠲᠤᠯ ᠪᠣᠳᠠᠰ ᠢᠯᠭ᠋ᠠᠨ ᠭᠠᠷᠭ᠋ᠠᠭᠰᠠᠨ ᠥᠳᠬᠡᠨ᠎ᠤ ᠬᠡᠮᠵᠢᠶ᠎ᠡ ᠵᠢ ᠬᠠᠮᠢᠶᠠᠷᠤᠨ ᠡᠵᠡᠮᠳᠡᠬᠦ᠎ᠪᠠᠷ ᠭᠣᠣᠯ ᠪᠣᠯᠭ᠋ᠠᠵᠤ ᠪᠠᠶ᠋ᠢᠭᠰᠠᠨ᠎ᠠᠴᠠ᠎ᠪᠠᠨ ᠠᠵᠤ ᠠᠬᠤᠶ᠋ᠢᠯᠠᠯ᠎ᠤᠨ ᠭᠠᠳᠠᠭᠰᠢᠯᠠᠭᠤᠯᠤᠯᠲᠠ ᠵᠢᠨ ᠥᠳᠬᠡᠴᠡ ᠪᠠ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠬᠢᠵᠠᠭ᠋ᠠᠯᠠᠬᠤ ᠵᠢ ᠪᠡᠶᠡᠯᠡᠭᠦᠯᠵᠡᠢ᠃ ᠲᠦᠷᠪᠡ᠎ᠳᠤ᠂ ᠶᠡᠷᠦ ᠵᠢᠨ ᠪᠣᠬᠢᠷᠲᠤᠭᠤᠯᠤᠭᠴᠢ ᠪᠣᠳᠠᠰ ᠢᠯᠭ᠋ᠠᠨ ᠭᠠᠷᠭ᠋ᠠᠬᠤ ᠪᠠᠶ᠋ᠢᠳᠠᠯ᠎ᠢ ᠬᠠᠮᠢᠶᠠᠷᠤᠨ ᠡᠵᠡᠮᠳᠡᠵᠦ ᠪᠠᠢ᠌ᠭᠰᠠᠨ᠎ᠠᠴᠠ ᠰᠢᠯᠵᠢᠵᠦ᠂ ᠡᠳᠦᠷ ᠲᠤᠳᠤᠮ᠎ᠤᠨ ᠬᠠᠮᠢᠶᠠᠷᠤᠯᠲᠠ ᠪᠠ ᠬᠦᠨᠳᠦ ᠪᠣᠬᠢᠷᠲᠤᠯ᠎ᠲᠠᠢ ᠴᠠᠭ ᠠᠭᠤᠷ ᠵᠡᠷᠭᠡ ᠣᠨᠴᠠᠭ᠋ᠠᠶ ᠴᠠᠭ᠎ᠲᠤ ᠠᠵᠤ ᠠᠬᠤᠶ᠋ᠢᠯᠠᠯ᠎ᠤᠨ ᠪᠣᠬᠢᠷᠲᠤᠯ ᠪᠣᠳᠠᠰ ᠭᠠᠳᠠᠭᠰᠢᠯᠠᠭᠤᠯᠬᠤ ᠦᠢ᠍ᠯᠡ ᠠᠵᠢᠯᠯᠠᠭ᠎ᠠ ᠵᠢ ᠬᠠᠮᠢᠶᠠᠷᠬᠤ ᠪᠣᠯᠣᠭᠰᠠᠨ ᠪᠠᠢ᠌ᠨ᠎ᠠ ᠭᠡᠵᠡᠢ᠃
      ᠵᠣᠣ ᠶᠢᠩ ᠮᠢᠨ ᠬᠡᠯᠡᠭᠰᠡᠨ᠎ᠨᠢ᠂ ᠡᠨᠡ ᠤᠳᠠᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠮᠡᠳᠡᠭᠦᠯᠦᠯᠲᠡ᠎ᠳᠤ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠢ ᠬᠡᠷᠡᠭᠵᠢᠭᠦᠯᠬᠦ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠶ ᠳᠤᠷᠠᠳᠤᠨ ᠭᠠᠷᠭ᠋ᠠᠭᠰᠠᠨ᠎ᠢ ᠠᠮᠢ ᠠᠬᠤᠢ ᠣᠷᠴᠢᠨ ᠲᠣᠭᠣᠷᠢᠨ᠎ᠤ ᠶᠠᠮᠤᠨ ᠨᠠᠷᠢᠨ ᠬᠢᠨᠠᠮᠠᠭ᠋ᠠᠶ ᠰᠤᠳᠤᠯᠤᠨ ᠨᠠᠶ᠋ᠢᠳᠠᠪᠤᠷᠢᠵᠢᠭᠤᠯᠬᠤ ᠪᠣᠯᠣᠨ᠎ᠠ᠃ ᠨᠢᠭᠡ᠎ᠳᠤ ᠥᠭᠡᠷᠡᠴᠢᠯᠡᠯᠲᠡ ᠵᠢᠨ ᠢᠵᠢ ᠪᠦᠷᠢᠳᠦᠭᠰᠡᠨ ᠬᠠᠤᠯᠢ ᠲᠣᠭᠲᠠᠭ᠋ᠠᠯ᠎ᠤᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠬᠠᠮᠢᠶᠠᠷᠤᠯᠲᠠ ᠵᠢᠨ ᠳᠦᠷᠢᠮ᠎ᠢ ᠲᠦᠷᠭᠡᠬᠡᠨ ᠲᠣᠭᠲᠠᠭ᠋ᠠᠨ ᠬᠡᠷᠡᠭᠵᠢᠭᠦᠯᠬᠦ᠂ ᠪᠣᠬᠢᠷᠲᠤᠭᠤᠯᠬᠤ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠳᠦᠷᠢᠮ᠎ᠨᠢ ᠲᠣᠭᠲᠠᠮᠠᠯ ᠪᠣᠬᠢᠷᠲᠤᠯ᠎ᠤᠨ ᠡᠬᠢ ᠵᠢᠨ ᠬᠠᠮᠢᠶᠠᠷᠤᠯᠲᠠ ᠵᠢᠨ ᠭᠣᠣᠯ ᠰᠠᠭᠤᠷᠢ ᠪᠣᠯᠬᠤ ᠪᠠᠶ᠋ᠢᠷᠢ ᠰᠠᠭᠤᠷᠢ ᠵᠢ ᠤᠯᠠᠮ ᠨᠢᠭᠡ ᠠᠯᠬᠤᠮ ᠲᠣᠳᠣᠷᠬᠠᠶ ᠪᠣᠯᠭ᠋ᠠᠵᠤ᠂ ᠲᠣᠭᠲᠠᠮᠠᠯ ᠡᠬᠢ ᠵᠢ ᠨᠢᠭᠡ ᠦᠨᠡᠮᠯᠡᠯ᠎ᠤᠨ ᠮᠠᠶᠢᠭ᠎ᠪᠠᠷ ᠬᠠᠮᠢᠶᠠᠷᠬᠤ ᠠᠵᠢᠯ᠎ᠢ ᠲᠦᠷᠭᠡᠬᠡᠨ ᠬᠢᠬᠦ᠎ᠪᠠᠷ ᠪᠠᠶ᠋ᠢᠨ᠎ᠠ᠃ ᠬᠣᠶᠠᠷ᠎ᠲᠤ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠥᠪᠰᠢᠶᠡᠷᠡᠯ᠎ᠤᠨ ᠦᠨᠡᠮᠯᠡᠯ᠎ᠤᠨ ᠪᠦᠷᠢᠨ ᠪᠦᠷᠬᠦᠭᠦᠯᠬᠦ ᠬᠤᠷᠳᠤᠴᠠ ᠵᠢ ᠲᠦᠷᠭᠡᠳᠬᠡᠵᠦ᠂ ᠨᠢᠭᠡ ᠠᠵᠢᠯ ᠲᠦᠷᠦᠯ᠎ᠳᠤ ᠬᠢᠨᠠᠨ ᠣᠯᠭᠣᠪᠠᠯ᠂ ᠨᠢᠭᠡ ᠠᠵᠢᠯ ᠲᠥᠷᠥᠯ᠎ᠢ ᠴᠡᠪᠡᠷᠯᠡᠵᠦ᠂ ᠨᠢᠭᠡ ᠠᠵᠢᠯ ᠲᠥᠷᠥᠯ᠎ᠢ ᠳᠦᠷᠢᠮᠵᠢᠭᠦᠯᠬᠦ ᠵᠢ ᠪᠡᠶᠡᠯᠡᠭᠦᠯᠦᠨ᠎ᠡ᠃ ᠬᠣᠶ᠋ᠢᠲᠤ ᠵᠢᠯ᠂ ᠭᠣᠣᠯᠳᠠᠭᠤ ᠲᠣᠭᠲᠠᠮᠠᠯ ᠡᠬᠢᠲᠦ ᠪᠣᠬᠢᠷᠲᠤᠯ ᠪᠣᠯᠬᠤ ᠠᠭ᠋ᠠᠷ ᠮᠠᠨᠳᠠᠯ᠎ᠤᠨ ᠪᠣᠬᠢᠷᠲᠤᠯ ᠪᠣᠳᠠᠰ᠎ᠢ ᠭᠠᠳᠠᠭᠰᠢᠯᠠᠭᠤᠯᠬᠤ ᠬᠡᠮᠵᠢᠶ᠎ᠡ ᠵᠢ 80%᠎ᠠᠴᠠ ᠳᠡᠭᠡᠭᠰᠢ ᠪᠣᠯᠲᠠᠯ᠎ᠠ ᠪᠦᠷᠬᠦᠭᠦᠯᠬᠦ ᠬᠠᠷᠠᠯᠲᠠ ᠵᠢ ᠪᠡᠶᠡᠯᠡᠭᠦᠯᠵᠦ᠂ 2020 ᠣᠨ ᠪᠣᠯᠲᠠᠯ᠎ᠠ᠂ ᠪᠣᠶ ᠪᠥᠬᠥᠶ ᠲᠣᠭᠲᠠᠮᠠᠯ ᠡᠬᠢ ᠰᠤᠷᠪᠤᠯᠵᠢ ᠵᠢ ᠪᠦᠬᠦᠨ᠎ᠢ ᠪᠦᠷᠬᠦᠭᠦᠯᠬᠦ ᠵᠢ ᠪᠡᠶᠡᠯᠡᠭᠦᠯᠦᠨ᠎ᠡ᠃ ᠭᠤᠷᠪᠠ᠎ᠳᠤ ᠦᠨᠡᠮᠯᠡᠯ ᠶᠣᠰᠣᠭ᠋ᠠᠷ ᠬᠢᠨᠠᠨ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠡᠷᠴᠢᠮ᠎ᠢ ᠤᠯᠠᠮ ᠨᠢᠭᠡ ᠠᠯᠬᠤᠮ ᠴᠢᠩᠭ᠋ᠠᠷᠠᠭᠤᠯᠤᠨ᠎ᠠ ᠭᠡᠵᠡᠢ᠃
      ᠣᠷᠣᠨ ᠪᠦᠰᠡ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠬᠢᠵᠠᠭ᠋ᠠᠷᠯᠠᠵᠤ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ᠎ᠬᠢᠨ ᠬᠦᠴᠦ᠎ᠪᠠᠨ ᠬᠠᠮᠲᠤᠳᠬᠠᠬᠤ ᠬᠡᠷᠡᠭᠲᠡᠢ᠃
      ᠵᠠᠷᠢᠮ ᠭᠡᠰᠢᠭᠦᠨ᠂ ᠢᠷᠡᠭᠡᠳᠦᠶ᠎ᠳᠤ ᠮᠠᠨ᠎ᠤ ᠤᠯᠤᠰ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠶᠡᠷᠦᠩᠬᠡᠶ᠋ᠢᠯᠡᠨ ᠵᠣᠬᠢᠴᠠᠭᠤᠯᠬᠤ ᠲᠠᠯ᠎ᠠ ᠎ᠪᠠᠷ ᠤᠯᠠᠮ ᠨᠢᠭᠡ ᠠᠯᠬᠤᠮ ᠥᠭᠡᠷᠡᠴᠢᠯᠡᠨ ᠰᠠᠶ᠋ᠢᠵᠢᠷᠠᠭᠤᠯᠬᠤ ᠶᠠᠮᠠᠷ ᠠᠷᠭ᠎ᠠ ᠬᠡᠮᠵᠢᠶ᠎ᠡ ᠪᠣᠯᠤᠨ ᠲᠦᠷᠢᠮ᠎ᠤᠨ ᠲᠤᠬᠢᠷᠠᠭᠤᠯᠤᠯᠳᠡ ᠬᠢᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠨᠡᠩ ᠰᠠᠢ᠌ᠲᠤᠷ ᠬᠦᠴᠦᠨ ᠵᠶ᠋ᠡᠨ ᠬᠠᠮᠲᠤᠳᠬᠠᠵᠤ᠂ ᠵᠣᠬᠢᠴᠠᠩᠭᠤᠢ ᠬᠥᠭᠵᠢᠯᠲᠡ ᠵᠢ ᠪᠡᠶᠡᠯᠡᠭᠦᠯᠬᠦ ᠪᠤᠢ? ᠭᠡᠵᠦ ᠠᠰᠠᠭᠤᠭᠰᠠᠨ᠎ᠳᠤ᠄
     《〈ᠠᠭ᠋ᠠᠷ ᠮᠠᠨᠳᠠᠯ᠎ᠤᠨ ᠠᠷᠪᠠᠨ ᠵᠤᠷᠪᠤᠰ ᠲᠣᠭᠲᠠᠭ᠋ᠠᠯ〉᠎ᠢ ᠬᠡᠷᠡᠭᠵᠢᠭᠦᠯᠬᠦ ᠶᠠᠪᠤᠴᠠ᠎ᠳᠤ᠂ ᠰᠠᠯᠠᠭ᠎ᠠ ᠮᠥᠴᠢᠷ ᠬᠠᠮᠵᠢᠯᠴᠠᠬᠤ ᠪᠠ ᠣᠷᠣᠨ ᠪᠦᠰᠡ ᠬᠠᠮᠵᠢᠯᠴᠠᠨ ᠪᠣᠬᠢᠷᠲᠤᠯ᠎ᠢ ᠵᠠᠰᠠᠬᠤ ᠲᠠᠯ᠎ᠠ᠎ᠪᠠᠷ ᠠᠷᠭ᠎ᠠ ᠤᠬᠠᠭ᠋ᠠᠨ ᠰᠦᠪᠡᠭᠴᠢᠯᠡᠵᠦ᠂ ᠲᠠᠷᠠᠭ᠋ᠠᠴᠢ ᠵᠢᠨ ᠠᠯᠬᠤᠮ᠎ᠤᠨ ᠬᠠᠮᠲᠤᠷᠠᠨ ᠰᠡᠷᠭᠡᠶ᠋ᠢᠯᠡᠵᠦ ᠬᠠᠮᠲᠤᠷᠠᠨ ᠬᠢᠵᠠᠭ᠋ᠠᠷᠯᠠᠬᠤ ᠲᠣᠭᠲᠠᠴᠠ ᠵᠢ ᠭᠦᠨᠵᠡᠭᠡᠶ᠋ᠢᠷᠡᠭᠦᠯᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠬᠤᠯᠠ ᠵᠠᠶ᠎ᠳᠤ ᠳᠠᠮᠵᠢᠭᠤᠯᠤᠨ ᠰᠢᠢ᠍ᠳᠪᠦᠷᠢᠯᠡᠵᠦ᠂ ᠣᠷᠣᠨ ᠪᠦᠰᠡ ᠵᠢᠨ ᠬᠣᠭᠣᠷᠣᠨᠳᠣᠬᠢ ᠬᠠᠷᠢᠯᠴᠠᠨ ᠨᠥᠯᠥᠭᠡᠯᠡᠬᠦ ᠬᠦᠴᠢᠷᠲᠡᠢ ᠠᠰᠠᠭᠤᠳᠠᠯ᠎ᠳᠤ ᠠᠰᠢᠭᠲᠠᠶ ᠲᠤᠷᠰᠢᠯᠲᠠ ᠬᠢᠭᠰᠡᠨ ᠪᠥᠭᠡᠳ ᠮᠠᠰᠢ ᠰᠠᠢ᠍ᠢ᠍ᠨ ᠰᠠᠭᠤᠷᠢ ᠵᠢ ᠲᠠᠯᠪᠢᠵᠤ ᠥᠭᠭᠦᠭᠰᠡᠨ ᠪᠠᠶ᠋ᠢᠨ᠎ᠠ᠃》 ᠭᠡᠵᠦ ᠵᠣᠣ ᠶᠢᠩ ᠮᠢᠨ ᠲᠠᠨᠢᠯᠴᠠᠭᠤᠯᠤᠭᠰᠠᠨ᠎ᠨᠢ᠂ ᠲᠡᠷᠡᠭ᠎ᠠ ᠠᠯᠬᠤᠮ᠎ᠳᠤ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ   ᠬᠠᠤᠯᠢ ᠵᠢ ᠦᠷᠭᠦᠯᠵᠢᠯᠡᠨ ᠭᠦᠨᠵᠡᠭᠡᠶ ᠲᠤᠤᠱᠯᠠᠭᠤᠯᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠨᠡᠶ᠋ᠢᠲᠡᠯᠡᠭᠰᠡᠨ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢᠨ ᠱᠠᠭ᠋ᠠᠷᠳᠠᠯᠭ᠎ᠠ ᠶᠣᠰᠣᠭ᠋ᠠᠷ᠂ ᠤᠳᠤ ᠵᠢᠨ ᠪᠠᠶ᠋ᠢᠭ᠎ᠠ ᠲᠣᠭᠲᠠᠴᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠣᠯᠪᠣᠭ᠋ᠠᠯᠠᠨ ᠰᠡᠷᠭᠡᠶ᠋ᠢᠯᠡᠵᠦ ᠬᠣᠯᠪᠣᠭ᠋ᠠᠯᠠᠨ ᠬᠢᠵᠠᠭ᠋ᠠᠷᠯᠠᠬᠤ ᠬᠡᠪᠴᠢᠶ᠎ᠡ ᠵᠢ ᠤᠯᠠᠮ ᠨᠢᠭᠡ ᠠᠯᠬᠤᠮ ᠲᠣᠬᠢᠷᠠᠭᠤᠯᠤᠨ ᠰᠢᠯᠢᠳᠡᠭᠵᠢᠭᠦᠯᠵᠦ᠂ ᠰᠠᠯᠠᠭ᠎ᠠ ᠮᠥᠴᠢᠷ᠎ᠤᠳ᠎ᠤᠨ ᠬᠣᠭᠣᠷᠣᠨᠳᠣᠬᠢ ᠬᠠᠮᠵᠢᠯᠴᠠᠬᠤ ᠬᠦᠷᠢᠶ᠎ᠡ ᠴᠠᠷᠠᠭ᠎ᠠ ᠵᠢ ᠤᠯᠠᠮ ᠨᠢᠭᠡ ᠠᠯᠬᠤᠮ ᠥᠷᠭᠡᠳᠬᠡᠵᠦ᠂ ᠠᠭ᠋ᠠᠷ᠎ᠤᠨ ᠶᠠᠰᠤ ᠴᠢᠨᠠᠷ᠎ᠢ ᠦᠷᠭᠦᠯᠵᠢᠯᠡᠨ   ᠰᠠᠢ᠌ᠵᠢᠷᠠᠭᠤᠯᠤᠨ᠎ᠠ᠃
      ᠨᠢᠭᠡ᠂ ᠠᠭ᠋ᠠᠷ ᠮᠠᠨᠳᠠᠯ᠎ᠤᠨ ᠪᠣᠬᠢᠷᠲᠤᠯ᠎ᠢ ᠬᠠᠮᠲᠤᠷᠠᠨ ᠰᠡᠷᠭᠡᠶ᠋ᠢᠯᠡᠨ ᠬᠢᠵᠠᠭ᠋ᠠᠷᠯᠠᠬᠤ ᠠᠵᠢᠯ᠎ᠤᠨ ᠲᠣᠭᠲᠠᠴᠠ ᠵᠢ ᠲᠡᠭᠦᠯᠳᠡᠷᠵᠢᠭᠦᠯᠦᠨ ᠭᠦᠨᠵᠡᠭᠡᠢ᠌ᠷᠡᠭᠦᠯᠦᠨ᠎ᠡ᠃ ᠪᠡᠭᠡᠵᠢᠩ ᠲᠢᠶᠠᠨᠵᠢᠨ ᠾᠸᠪᠸᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠮᠵᠢᠯᠴᠠᠬᠤ ᠳᠤᠭᠤᠶ᠋ᠢᠯᠠᠩ᠎ᠢ ᠪᠡᠭᠡᠵᠢᠩ ᠲᠢᠶᠠᠨᠵᠢᠨ ᠾᠸᠪᠸᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠪᠣᠯᠭ᠋ᠠᠨ ᠲᠣᠬᠢᠷᠠᠭᠤᠯᠵᠤ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠳᠤᠷᠢᠳᠬᠤ ᠨᠥᠬᠥᠳ ᠳᠤᠭᠤᠶ᠋ᠢᠯᠠᠩ᠎ᠤᠨ ᠳᠠᠷᠤᠭ᠎ᠠ ᠵᠢᠨ ᠲᠤᠰᠢᠶᠠᠯ᠎ᠢ ᠡᠭᠦᠷᠭᠡᠯᠡᠵᠦ᠂ ᠪᠡᠭᠡᠵᠢᠩ ᠲᠢᠶᠠᠨᠵᠢᠨ ᠾᠸᠪᠸᠢ ᠣᠷᠣᠨ ᠪᠦᠰᠡ ᠵᠢᠨ ᠬᠠᠮᠵᠢᠯᠴᠠᠬᠤ ᠲᠣᠭᠲᠠᠴᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠤᠳᠤᠷᠢᠳᠬᠤ ᠬᠦᠴᠦᠨ᠂ ᠭᠦᠢ᠍ᠴᠡᠳᠬᠡᠬᠦ ᠬᠦᠴᠦᠨ᠎ᠢ ᠴᠢᠩᠭ᠋ᠠᠳᠬᠠᠨ᠎ᠠ᠃ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ᠂ ᠪᠡᠭᠡᠵᠢᠩ ᠲᠢᠶᠠᠨᠵᠢᠨ ᠾᠸᠪᠸᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠤᠳᠤᠷᠢᠳᠬᠤ ᠳᠤᠭᠤᠶ᠋ᠢᠯᠠᠩ ᠨᠢᠭᠡᠳᠦᠯᠲᠡᠶ ᠲᠥᠯᠥᠪᠯᠡᠨ ᠤᠳᠤᠷᠢᠳᠴᠤ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠮᠵᠢᠯᠴᠠᠭ᠋ᠠᠨ᠎ᠤ ᠳᠤᠭᠤᠶ᠋ᠢᠯᠠᠩ᠎ᠤᠨ ᠦᠢ᠍ᠯᠡᠳᠦᠯ᠎ᠢ ᠦᠷᠭᠦᠯᠵᠢᠯᠡᠨ ᠰᠠᠶ᠋ᠢᠲᠤᠷ ᠪᠠᠳᠠᠷᠠᠭᠤᠯᠵᠤ᠂ ᠳᠡᠯᠭᠡᠷᠡᠭᠦᠯᠵᠦ ᠪᠣᠯᠬᠤ᠂ ᠳᠠᠭᠤᠷᠢᠶᠠᠵᠤ ᠪᠣᠯᠬᠤ᠂ ᠣᠷᠣᠨ ᠪᠦᠰᠡ ᠵᠢᠨ ᠬᠣᠭᠣᠷᠣᠨᠳᠣᠬᠢ ᠤᠷᠳᠤ ᠬᠤᠭᠤᠴᠠᠭ᠎ᠠ ᠪᠦᠲᠦᠮᠵᠢᠲᠡᠢ ᠪᠠᠶ᠋ᠢᠬᠤ ᠬᠠᠮᠵᠢᠯᠴᠠᠭ᠋ᠠᠨ᠎ᠤ ᠲᠣᠭᠲᠠᠴᠠ ᠵᠢ ᠰᠦᠪᠡᠭᠴᠢᠯᠡᠨ ᠪᠠᠢ᠌ᠭᠤᠯᠤᠨ᠎ᠠ᠃
      ᠬᠣᠶᠠᠷ᠂ ᠭᠣᠣᠯᠳᠠᠯᠭ᠎ᠠ᠎ᠲᠠᠢ ᠣᠷᠣᠨ ᠪᠦᠰᠡ ᠵᠢᠨ ᠪᠣᠭᠣᠮᠲᠠ ᠰᠢᠪᠲᠤᠯᠬᠤ ᠠᠵᠢᠯᠯᠠᠭ᠎ᠠ ᠵᠢ ᠥᠷᠨᠢᠭᠦᠯᠦᠨ᠎ᠡ᠃ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢᠨ ᠰᠠᠭᠤᠷᠢᠨ ᠳᠡᠭᠡᠷ᠎ᠡ᠂ ᠭᠤᠷᠪᠠᠨ ᠣᠷᠣᠨ᠎ᠤ ᠨᠠᠮᠤᠷ ᠡᠪᠦᠯ᠎ᠤᠨ ᠤᠯᠠᠷᠢᠯ᠎ᠤᠨ ᠠᠭ᠋ᠠᠷ ᠮᠠᠨᠳᠠᠯ᠎ᠤᠨ ᠪᠣᠬᠢᠷᠲᠤᠯ᠎ᠢ ᠶᠡᠷᠦᠩᠬᠡᠶ᠋ᠢᠯᠡᠨ ᠵᠠᠰᠠᠬᠤ ᠪᠡᠷᠬᠡ ᠰᠡᠳᠦᠪ᠎ᠢ ᠰᠢᠶᠳᠪᠦᠷᠢᠯᠡᠬᠦ ᠠᠵᠢᠯᠯᠠᠭ᠋ᠠᠨ᠎ᠤ ᠲᠥᠰᠥᠯ᠎ᠢ ᠠᠯᠢ ᠲᠦᠷᠭᠡᠨ ᠵᠶ᠋ᠡᠷ ᠲᠣᠭᠲᠠᠭ᠋ᠠᠨ ᠬᠡᠷᠡᠭᠵᠢᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠨ᠂ ᠥᠩᠭᠡᠨ ᠲᠠᠯ᠎ᠠ ᠪᠠ ᠤᠭ ᠦᠨᠳᠦᠰᠦ ᠵᠢ ᠵᠡᠷᠭᠡᠪᠡᠷ ᠵᠠᠰᠠᠬᠤ᠂ ᠠᠵᠤ ᠦᠢ᠍ᠯᠡᠰ᠂ ᠲᠦᠯᠡᠰᠢ᠂ ᠵᠠᠮ ᠬᠠᠷᠢᠯᠴᠠᠭ᠎ᠠ᠂ ᠬᠡᠷᠡᠭᠯᠡᠬᠦ ᠭᠠᠵᠠᠷ ᠰᠢᠷᠣᠢ ᠵᠢᠨ ᠪᠦᠲᠦᠴᠡ᠎ᠳᠤ ᠲᠣᠬᠢᠷᠠᠭᠤᠯᠤᠯᠲᠠ ᠬᠢᠬᠦ᠎ᠠᠴᠠ ᠭᠠᠷᠳᠠᠵᠤ᠂ ᠨᠠᠮᠤᠷ ᠡᠪᠦᠯ᠎ᠤᠨ ᠤᠯᠠᠷᠢᠯ᠎ᠤᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠲᠣᠬᠢᠷᠠᠭᠤᠯᠤᠨ ᠡᠵᠡᠮᠳᠡᠬᠦ ᠡᠷᠴᠢᠮ᠎ᠢ ᠴᠢᠩᠭ᠋ᠠᠷᠠᠭᠤᠯᠵᠤ᠂ ᠡᠭᠦᠷᠭᠡ ᠠᠷᠭ᠎ᠠ ᠬᠡᠮᠵᠢᠶ᠎ᠡ ᠵᠢ ᠡᠯ᠎ᠡ ᠬᠣᠲᠠ᠎ᠳᠤ ᠬᠦᠷᠲᠡᠯ᠎ᠡ ᠬᠤᠪᠢᠳᠠᠨ ᠨᠠᠶ᠋ᠢᠳᠠᠪᠤᠷᠢᠵᠢᠭᠤᠯᠵᠤ᠂ ᠪᠦᠬᠦ ᠤᠯᠤᠰ᠎ᠤᠨ ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ ᠬᠡᠷᠡᠭᠵᠢᠭᠦᠯᠬᠦ ᠬᠦᠴᠦᠨ᠎ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠦ᠂ ᠣᠨᠳᠣᠣ ᠭᠠᠵᠠᠷ᠎ᠲᠤ ᠰᠣᠯᠪᠢᠴᠠᠨ ᠬᠠᠤᠯᠢ ᠬᠡᠷᠡᠭᠵᠢᠭᠦᠯᠬᠦ᠂ ᠲᠤᠬᠠᠢ ᠵᠢᠨ ᠭᠠᠵᠠᠷ᠎ᠲᠤ᠎ᠨᠢ ᠰᠢᠪᠠᠳᠠᠨ   ᠪᠠᠢ᠌ᠴᠠᠭ᠋ᠠᠨ᠂ ᠲᠥᠰᠥᠯ᠎ᠤᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃
      ᠭᠤᠷᠪᠠ᠂ ᠣᠷᠣᠨ ᠪᠦᠰᠡ ᠵᠢᠨ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠪᠠᠴᠢᠮ ᠪᠠᠶ᠋ᠢᠳᠠᠯ᠎ᠢ ᠬᠣᠯᠪᠣᠭ᠋ᠠᠯᠠᠨ ᠠᠷᠭ᠋ᠠᠴᠠᠭ᠋ᠠᠬᠤ ᠠᠵᠢᠯᠯᠠᠭ᠎ᠠ ᠥᠷᠨᠢᠭᠦᠯᠦᠨ᠎ᠠ᠃ ᠣᠷᠣᠨ ᠬᠤᠪᠢᠶᠠᠨ ᠵᠢᠯᠣᠭᠣᠳᠴᠤ᠂ ᠣᠷᠣᠨ᠎ᠤ ᠳᠣᠲᠣᠷ᠎ᠠ ᠨᠢᠭᠡᠳᠦᠯᠲᠡᠶ ᠪᠠᠶ᠋ᠢᠬᠤ ᠵᠠᠷᠴᠢᠮ ᠶᠣᠰᠣᠭ᠋ᠠᠷ ᠡᠯ᠎ᠡ ᠭᠣᠣᠯᠳᠠᠯᠭ᠎ᠠ᠎ᠲᠠᠢ ᠣᠷᠣᠨ ᠪᠦᠰᠡ ᠵᠢᠨ ᠳᠣᠲᠣᠷᠠᠬᠢ ᠬᠦᠨᠳᠦ ᠪᠣᠬᠢᠷᠲᠤᠯ᠎ᠲᠠᠢ ᠴᠠᠭ ᠠᠭᠤᠷ᠎ᠤᠨ ᠤᠷᠢᠳᠴᠢᠯᠠᠨ ᠰᠡᠷᠡᠮᠵᠢᠯᠡᠭᠦᠯᠬᠦ ᠲᠡᠰ ᠠᠩᠭᠢᠯᠠᠯ᠎ᠤᠨ ᠪᠠᠷᠢᠮᠵᠢᠶ᠎ᠠ ᠵᠢ ᠨᠢᠭᠡᠳᠬᠡᠨ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠤᠷᠢᠳᠴᠢᠯᠠᠭᠰᠠᠨ ᠲᠥᠰᠥᠯ᠎ᠢ ᠪᠡᠬᠢᠵᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠭᠠᠳᠠᠭᠰᠢᠯᠠᠭᠤᠯᠤᠯᠲᠠ ᠵᠢ ᠪᠠᠭ᠋ᠠᠰᠬᠠᠬᠤ ᠠᠷᠭ᠎ᠠ ᠬᠡᠮᠵᠢᠶ᠎ᠡ᠂ ᠲᠣᠳᠣᠷᠬᠠᠶ ᠲᠡᠮᠳᠡᠭᠯᠡᠬᠦ ᠬᠠᠭᠤᠳᠠᠰᠤ ᠵᠢᠨ ᠬᠠᠮᠢᠶᠠᠷᠤᠯᠲᠠ ᠵᠢ ᠥᠷᠨᠢᠭᠦᠯᠵᠦ᠂ ᠬᠣᠯᠪᠣᠭᠳᠠᠭᠰᠠᠨ ᠠᠵᠤ ᠠᠬᠤᠶ᠋ᠢᠯᠠᠯ᠎ᠳᠤ ᠨᠡᠶ᠋ᠢᠳᠡᠮ ᠬᠡᠷᠡᠭᠵᠢᠭᠦᠯᠵᠦ᠂ ᠣᠷᠣᠨ ᠪᠦᠰᠡ ᠵᠢᠨ ᠴᠢᠨᠠᠷᠲᠠᠶ ᠬᠦᠨᠳᠦ ᠪᠣᠬᠢᠷᠲᠤᠯ᠎ᠲᠠᠢ ᠴᠠᠭ ᠠᠭᠤᠷ ᠭᠠᠷᠴᠤ ᠪᠠᠶ᠋ᠢᠭ᠎ᠠ ᠬᠤᠭᠤᠴᠠᠭ᠋ᠠᠨ᠎ᠳᠤ ᠬᠢᠭᠰᠡᠨ ᠣᠷᠣᠨ ᠪᠦᠰᠡ ᠵᠢᠨ ᠪᠠᠴᠢᠮ ᠪᠠᠶ᠋ᠢᠳᠠᠯ᠎ᠢ ᠬᠣᠯᠪᠣᠭ᠋ᠠᠯᠠᠨ ᠠᠷᠭ᠋ᠠᠴᠠᠭ᠋ᠠᠬᠤ ᠠᠵᠢᠯᠯᠠᠭ᠎ᠠ ᠥᠷᠨᠢᠭᠦᠯᠦᠭᠰᠡᠨ ᠪᠠᠶ᠋ᠢᠨ᠎ᠠ᠃
      ᠳᠥᠷᠪᠡ᠂ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠨ᠎ᠠ᠃ 《ᠨᠠᠮ᠎ᠤᠨ ᠲᠥᠪ ᠬᠣᠷᠢᠶ᠎ᠠ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠮᠢ ᠠᠬᠤᠶ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠪᠠᠲᠤ ᠰᠠᠶ᠋ᠢᠲᠤᠷ ᠬᠢᠬᠦ ᠲᠤᠬᠠᠢ ᠰᠠᠨᠠᠯ》᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠥᠪ᠎ᠤᠨ ᠪᠠ ᠲᠦᠷᠦ ᠵᠢᠨ ᠪᠠᠶ᠋ᠢᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠠᠷᠢᠭᠤᠴᠠᠯᠭ᠎ᠠ ᠵᠢᠨ ᠲᠣᠳᠣᠷᠬᠠᠶ ᠲᠡᠮᠳᠡᠭᠯᠡᠬᠦ ᠬᠠᠭᠤᠳᠠᠰᠤ ᠵᠢ ᠱᠠᠯᠠᠪᠳᠠᠨ ᠨᠡᠶ᠋ᠢᠲᠡᠯᠡᠵᠦ᠂ ᠡᠭᠦᠷᠭᠡ ᠵᠢ ᠡᠯ᠎ᠡ ᠰᠠᠯᠠᠭ᠎ᠠ ᠮᠥᠴᠢᠷ᠎ᠲᠤ ᠬᠦᠷᠲᠡᠯ᠎ᠡ ᠬᠤᠪᠢᠳᠠᠨ ᠨᠠᠶ᠋ᠢᠳᠠᠪᠤᠷᠢᠵᠢᠭᠤᠯᠵᠤ᠂ 《ᠨᠠᠮ ᠵᠠᠰᠠᠭ ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ》᠂ 《ᠨᠢᠭᠡ ᠠᠵᠢᠯ᠎ᠤᠨ ᠪᠠᠶ᠋ᠢᠷᠢ ᠬᠣᠶᠠᠷ ᠬᠠᠷᠢᠭᠤᠴᠠᠯᠭ᠎ᠠ᠎ᠲᠠᠢ ᠪᠠᠶ᠋ᠢᠬᠤ》 ᠵᠢ ᠴᠢᠩᠭ᠎ᠠ ᠬᠡᠷᠡᠭᠵᠢᠭᠦᠯᠵᠦ᠂ ᠬᠣᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ᠎ᠤᠨ ᠨᠠᠶ᠋ᠢᠳᠠᠪᠤᠷᠢᠵᠢᠭᠤᠯᠵᠤ ᠪᠠᠶ᠋ᠢᠭ᠎ᠠ ᠪᠠᠶ᠋ᠢᠳᠠᠯ᠎ᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠬᠡ ᠬᠢᠨᠠᠨ ᠪᠠᠶ᠋ᠢᠴᠠᠭ᠋ᠠᠯᠲᠠ ᠪᠣᠯᠤᠨ ᠬᠣᠯᠪᠣᠭᠳᠠᠯ ᠪᠦᠬᠦᠢ ᠲᠤᠰᠬᠠᠶ ᠵᠦᠢ᠍ᠯ᠎ᠤᠨ ᠰᠢᠮᠳᠠᠭᠤᠯᠤᠯᠲᠠ ᠪᠠᠢ᠌ᠴᠠᠭ᠋ᠠᠯᠲᠠ᠎ᠳᠤ ᠣᠷᠣᠭᠤᠯᠤᠨ᠎ᠠ ᠭᠡᠵᠡᠢ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠯᠢ ᠭᠠᠨ ᠵᠢᠶᠧ ᠰᠢᠨ᠎ᠡ ᠽᠢᠯᠡᠡᠳ᠋᠎ᠤᠨ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠯᠲᠡᠰ᠎ᠤᠨ ᠰᠠᠶ᠋ᠢᠳ᠎ᠲᠠᠢ ᠠᠭᠤᠯᠵᠠᠪᠠ
ᠠᠮᠢ ᠠᠬᠤᠶ ᠣᠷᠴᠢᠨ ᠲᠣᠭᠣᠷᠢᠨ᠎ᠤ ᠶᠠᠮᠤᠨ᠄ ᠪᠣᠬᠢᠷᠲᠤᠯ᠎ᠢ ᠵᠠᠰᠠᠬᠤ ᠨᠡᠷ᠎ᠡ᠎ᠪᠠᠷ ᠳᠤᠷ᠎ᠠ᠎ᠪᠠᠷ ᠵᠶ᠋ᠠᠨ ᠦᠢ᠍ᠯᠡᠳᠬᠦ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ
ᠶᠠᠮᠤᠨ᠎ᠤ ᠳᠠᠷᠤᠭ᠎ᠠ ᠯᠢ ᠭᠠᠨ ᠵᠢᠶᠧ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠨᠠᠷᠢᠨ ᠪᠢᠴᠢᠭ᠎ᠤᠨ ᠳᠡᠳ᠋ ᠳᠠᠷᠤᠭ᠎ᠠ ᠪᠥᠭᠡᠳ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠭᠦᠢ᠍ᠴᠡᠳᠬᠡᠭᠴᠢ ᠡᠷᠬᠢᠯᠡᠭᠴᠢ᠎ᠲᠠᠢ ᠠᠭᠤᠯᠵᠠᠪᠠ
ᠣᠷᠴᠢᠨ ᠲᠣᠭᠣᠷᠢᠨ᠎ᠤ ᠬᠠᠤᠯᠢ ᠪᠠᠷᠢᠯᠲᠠ ᠵᠢᠨ ᠤᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ᠎ᠳᠤ ᠶᠠᠪᠤᠭᠳᠠᠪᠠ
ᠬᠠᠨ ᠵᠧᠩ ᠬᠥᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠪᠣᠳᠠᠲᠤ ᠦᠷ᠎ᠡ ᠪᠦᠲᠦᠮᠵᠢ᠎ᠪᠠᠷ ᠵᠶ᠋ᠠᠨ ᠠᠷᠠᠳ᠎ᠤᠨ ᠢᠲᠡᠭᠡᠯ᠎ᠢ ᠤᠯᠬᠤ ᠬᠡᠷᠡᠭᠲᠡᠢ ᠭᠡᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠲᠤᠰᠬᠠᠶ ᠰᠡᠳᠦᠪ᠎ᠤᠨ ᠠᠵᠢᠯ᠎ᠤᠨ ᠬᠤᠷᠠᠯ ᠳᠡᠭᠡᠷ᠎ᠡ ᠴᠢᠬᠤᠯᠠᠴᠢᠯᠠᠵᠠᠢ
 
             蒙ICP备05000248号