ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠠᠮᠢ ᠠᠬᠤᠢ᠎ᠶᠢᠨ ᠬᠠᠮᠠᠭᠠᠯᠠᠯᠲᠠ
ᠪᠣᠬᠢᠷᠲᠤᠯ᠎ᠢ ᠰᠡᠷᠭᠡᠶ᠋ᠢᠯᠡᠨ ᠵᠠᠰᠠᠬᠤ
ᠪᠣᠬᠢᠷᠳᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠲᠠᠢ᠌ᠯᠠᠯᠳᠣᠭ᠋ᠠᠨ
ᠵᠢᠷᠭᠤᠭ᠋ᠠᠨ ᠠᠬᠢᠭᠤᠯᠬᠤ ᠳᠦᠷᠢᠮ᠎ᠢ ᠭᠦᠨᠵᠡᠭᠡᠢ ᠲᠣᠭᠣᠰᠢᠯᠠᠭᠣᠯᠣᠶ᠎ᠠ
ᠰᠣᠨᠢᠨ ᠮᠡᠳᠡᠭᠡ   -   ᠶᠠᠮᠣᠨ᠎ᠤ ᠮᠡᠳᠡᠭᠡ
ᠲᠦᠷᠦ ᠵᠢᠨ ᠶᠠᠪᠤᠳᠠᠯ᠎ᠤᠨ ᠬᠣᠷᠢᠶ᠎ᠠ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 ᠵᠢ ᠬᠡᠪᠯᠡᠭᠦᠯᠦᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2018-07-12

     2020 ᠣᠨ ᠪᠣᠯᠬᠤ᠎ᠳᠤ᠂ ᠲᠤᠰᠬᠠᠶ ᠣᠷᠣᠨ᠎ᠤ ᠳᠡᠰ ᠪᠠ ᠲᠡᠭᠦᠨ᠎ᠠᠴᠠ ᠳᠡᠭᠡᠭᠰᠢᠬᠢ ᠳᠡᠰ᠎ᠤᠨ ᠬᠤᠲᠠ ᠵᠢᠨ ᠠᠭ᠋ᠠᠷ᠎ᠤᠨ ᠶᠠᠰᠤ ᠴᠢᠨᠠᠷ ᠰᠢᠯᠢᠳᠡᠭ ᠰᠠᠶ᠋ᠢᠨ ᠪᠣᠯᠤᠭᠰᠠᠨ ᠡᠳᠦᠷ᠎ᠤᠨ ᠲᠣᠭ᠎ᠠ ᠵᠢᠨ ᠬᠠᠷᠢᠴᠠᠯ᠎ᠢ 80%᠎ᠳᠤ ᠬᠦᠷᠭᠡᠨ᠎ᠡ᠃ ᠬᠦᠨᠳᠦ ᠲᠡᠰ᠎ᠤᠨ ᠵᠢᠴᠢ ᠲᠡᠭᠦᠨ᠎ᠠᠴᠠ ᠳᠡᠭᠡᠭᠰᠢᠬᠢ ᠪᠣᠬᠢᠷᠲᠤᠯᠳᠤ ᠡᠳᠦᠷ᠎ᠤᠨ ᠲ᠋ᠣᠭ᠎ᠠ ᠵᠢᠨ ᠬᠠᠷᠢᠴᠠᠯ᠎ᠢ 2015 ᠣᠨ᠎ᠤ᠎ᠬᠢ᠎ᠠᠴᠠ 25%᠎ᠠᠴᠠ ᠢᠯᠡᠭᠦᠦ ᠪᠠᠭᠤᠷᠠᠭᠤᠯᠤᠨ᠎ᠠ᠃ ᠪᠦᠬᠦ ᠤᠯᠤᠰ᠎ᠤᠨ ᠨᠡᠭᠦᠷᠡᠰᠦᠨ᠎ᠤ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠶᠡᠷᠦᠩᠬᠡᠶ ᠬᠡᠮᠵᠢᠶᠡᠨ᠎ᠳᠤ ᠡᠵᠡᠯᠡᠬᠦ ᠬᠤᠪᠢ ᠵᠢᠨ ᠵᠢᠩ᠎ᠢ 58%᠎ᠠᠴᠠ ᠳᠣᠣᠷ᠎ᠠ ᠪᠣᠯᠭ᠋ᠠᠨ ᠪᠠᠭᠤᠷᠠᠭᠤᠯᠤᠨ᠎ᠠ᠃ ᠪᠦᠬᠦ ᠤᠯᠤᠰ᠎ᠤᠨ ᠲᠡᠮᠦᠷ ᠵᠠᠮ᠎ᠤᠨ ᠠᠴᠢᠶ᠎ᠠ ᠲᠡᠭᠡᠭᠡᠪᠦᠷᠢ ᠵᠢᠨ ᠬᠡᠮᠵᠢᠶ᠎ᠡ 2017 ᠣᠨ᠎ᠤ᠎ᠬᠢ᠎ᠠᠴᠠ 30 %᠎ᠪᠠᠷ ᠨᠡᠮᠡᠭᠳᠡᠭᠦᠯᠵᠦ᠂ ᠪᠡᠭᠡᠵᠢᠩ ᠲᠢᠶᠠᠨᠵᠢᠨ ᠾᠸᠪᠸᠢ ᠵᠢᠴᠢ ᠡᠷᠭᠢᠨ ᠲᠣᠭᠣᠷᠢᠨ᠎ᠤ ᠭᠠᠵᠠᠷ᠎ᠢ 40%᠎ᠪᠠᠷ ᠨᠡᠮᠡᠭᠳᠡᠭᠦᠯᠦᠨ᠎ᠡ
      ᠶᠡᠷᠦᠩᠬᠡᠶ ᠰᠠᠶ᠋ᠢᠳ ᠯᠢ ᠺᠸ ᠴᠢᠶᠠᠩ ᠭᠠᠷ᠎ᠤᠨ ᠥᠰᠥᠭ ᠵᠢᠷᠤᠵᠤ ᠵᠥᠪᠰᠢᠶᠡᠷᠡᠭᠡᠳ᠂ ᠳᠦᠷᠦ ᠵᠢᠨ ᠶᠠᠪᠤᠳᠠᠯ᠎ᠤᠨ ᠬᠣᠷᠢᠶ᠎ᠠ ᠲᠦᠷᠦᠭᠦᠬᠡᠨ ᠬᠡᠪᠯᠡᠨ ᠲᠠᠷᠬᠠᠭ᠋ᠠᠭᠰᠠᠨ 《ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠯᠥᠪᠯᠡᠭᠡ》 (ᠳᠣᠷᠣᠭᠰᠢ 《ᠠᠵᠢᠯᠯᠠᠭ᠋ᠠᠨ᠎ᠤ ᠲᠥᠯᠥᠪᠯᠡᠭᠡ》 ᠭᠡᠵᠦ ᠲᠣᠪᠴᠢᠯᠠᠨ᠎ᠠ)᠎ᠳᠤ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠤᠨ ᠶᠡᠷᠦᠩᠬᠡᠶ ᠰᠡᠳᠬᠢᠴᠡ᠂ ᠦᠨᠳᠦᠰᠦᠨ ᠬᠠᠷᠠᠯᠲᠠ᠂ ᠭᠣᠣᠯ ᠡᠭᠦᠷᠭᠡ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠲᠣᠳᠣᠷᠬᠠᠢ᠌ᠯᠠᠵᠤ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠳᠤ ᠢᠯᠠᠯᠲᠠ ᠣᠯᠬᠤ ᠴᠠᠭ᠎ᠤᠨ ᠬᠦᠰᠦᠨᠦᠭᠲᠦ ᠪᠣᠯᠤᠨ ᠵᠠᠮ ᠱᠤᠭᠤᠮ᠎ᠤᠨ ᠵᠢᠷᠤᠭ᠎ᠢ ᠲᠣᠳᠣᠷᠬᠠᠢ ᠳᠤᠷᠠᠳᠤᠨ ᠭᠠᠷᠭ᠋ᠠᠵᠠᠢ᠃
     《ᠠᠵᠢᠯᠯᠠᠭ᠋ᠠᠨ᠎ᠤ ᠲᠥᠯᠥᠪᠯᠡᠭᠡ》᠎ᠳᠤ ᠵᠢᠭ᠋ᠠᠵᠤ ᠭᠠᠷᠭ᠋ᠠᠭᠰᠠᠨ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠶᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ᠎ᠤᠨ ᠱᠠᠭ᠋ᠠᠷᠳᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠤᠢ᠍ᠢ᠍ᠯᠠᠭ᠋ᠠᠭᠳᠠᠬᠤᠨ᠎ᠢ ᠪᠠᠷᠢᠮᠲᠠᠯᠠᠵᠤ᠂ ᠠᠷᠠᠳ ᠨᠡᠶ᠋ᠢᠲᠡ᠎ᠪᠠᠷ ᠵᠶ᠋ᠡᠨ ᠬᠠᠮᠲᠤ᠎ᠪᠠᠷ ᠵᠠᠰᠠᠬᠤ᠂ ᠡᠬᠢ ᠡᠭᠦᠰᠦᠯ᠎ᠠᠴᠠ᠎ᠨᠢ ᠰᠡᠷᠭᠡᠶ᠋ᠢᠯᠡᠨ ᠵᠠᠰᠠᠬᠤ᠂ ᠥᠩᠭᠡᠨ ᠲᠠᠯ᠎ᠠ ᠪᠠ ᠤᠭ ᠦᠨᠳᠦᠰᠦ ᠵᠢ ᠵᠡᠷᠭᠡᠪᠡᠷ ᠵᠠᠰᠠᠬᠤ ᠵᠢ ᠪᠠᠷᠢᠮᠲᠠᠯᠠᠵᠤ᠂ ᠪᠡᠭᠡᠵᠢᠩ ᠲᠢᠶᠠᠨᠵᠢᠨ ᠾᠸᠪᠸᠢ ᠵᠢᠴᠢ ᠡᠷᠬᠢᠨ ᠲᠣᠭᠣᠷᠢᠨ᠎ᠤ ᠭᠠᠵᠠᠷ ᠣᠷᠣᠨ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠭᠠᠵᠠᠷ ᠣᠷᠣᠨ᠂ ᠹᠸᠨ ᠾᠧ ᠭᠣᠣᠯ᠂ ᠸᠧᠶ ᠾᠧ ᠭᠣᠣᠯ᠎ᠤᠨ ᠲᠠᠯ᠎ᠠ ᠭᠠᠵᠠᠷ ᠵᠡᠷᠭᠡ ᠣᠷᠣᠨ ᠪᠦᠰᠡ᠎ᠪᠠᠷ ᠭᠣᠣᠯᠳᠠᠯᠭ᠎ᠠ ᠪᠣᠯᠭ᠋ᠠᠵᠤ᠂ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯᠯᠠᠭ᠋ᠠᠨ᠎ᠢ ᠦᠷᠭᠦᠯᠵᠢᠯᠡᠨ ᠥᠷᠨᠢᠭᠦᠯᠵᠦ᠂ ᠠᠵᠤ ᠠᠬᠤᠶ᠂ ᠬᠠᠤᠯᠢ ᠴᠠᠭ᠋ᠠᠵᠠ᠂ ᠮᠡᠷᠭᠡᠵᠢᠯ ᠪᠠ ᠴᠢᠬᠤᠯᠠ ᠪᠦᠬᠦᠢ ᠵᠠᠰᠠᠭ ᠵᠠᠬᠢᠷᠭ᠋ᠠᠨ᠎ᠤ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ᠂ ᠨᠡᠶ᠋ᠢᠳᠡᠮ᠎ᠳᠤᠨᠢ ᠬᠠᠷᠠᠭ᠋ᠠᠯᠵᠠᠬᠤ ᠵᠢ ᠨᠢᠭᠡᠳᠦᠯᠲᠡᠶ ᠲᠣᠬᠢᠷᠠᠭᠤᠯᠵᠤ᠂ ᠰᠢᠰᠲ᠋ᠧᠮᠲᠦ ᠲᠥᠯᠥᠪᠯᠡᠯ᠂ ᠤᠨᠢᠨ ᠳᠡᠭᠡᠷ᠎ᠡ᠎ᠨᠢ ᠠᠷᠭ᠎ᠠ ᠪᠤᠳᠤᠯᠭ᠎ᠠ ᠬᠡᠷᠡᠭᠵᠢᠭᠦᠯᠵᠦ᠂ ᠬᠦᠬᠡ ᠣᠭᠲᠠᠷᠭᠤᠢ ᠵᠢ ᠬᠠᠮᠠᠭ᠋ᠠᠯᠠᠬᠤ ᠳᠠᠶ᠋ᠢᠯᠠᠯᠳᠤᠭ᠋ᠠᠨ᠎ᠤ ᠢᠯᠠᠯᠲᠠ ᠵᠢ ᠡᠷᠡᠰ ᠲᠡᠮᠡᠴᠡᠨ ᠣᠯᠵᠤ᠂ ᠣᠷᠴᠢᠨ ᠲᠣᠭᠣᠷᠢᠨ᠎ᠤ ᠦᠷ᠎ᠡ ᠠᠰᠢᠭ᠂ ᠠᠵᠤ ᠠᠬᠤᠶ ᠵᠢᠨ ᠦᠷ᠎ᠡ ᠠᠰᠢᠭ ᠪᠠ ᠨᠡᠶ᠋ᠢᠭᠡᠮ᠎ᠤᠨ ᠦᠷ᠎ᠡ ᠠᠰᠢᠭ᠎ᠢ ᠪᠡᠶᠡᠯᠡᠭᠦᠯᠦᠨ᠎ᠡ ᠭᠡᠵᠡᠢ᠃
     《ᠠᠵᠢᠯᠯᠠᠭ᠎ᠠ ᠵᠢᠨ ᠲᠥᠯᠥᠪᠯᠡᠭᠡ》᠎ᠳᠤ᠂ ᠭᠤᠷᠪᠠᠨ ᠵᠢᠯ ᠣᠨ ᠴᠢᠷᠮᠠᠶ᠋ᠢᠯᠭ᠎ᠠ᠎ᠪᠠᠷ ᠳᠠᠮᠵᠢᠭ᠋ᠠᠳ᠂ ᠠᠭ᠋ᠠᠷ ᠮᠠᠨᠳᠠᠯ᠎ᠤᠨ ᠭᠣᠣᠯ ᠪᠣᠯᠬᠤ ᠪᠣᠬᠢᠷᠲᠤᠯ ᠪᠣᠳᠠᠰ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠵᠢ ᠶᠡᠬᠡ ᠬᠡᠮᠵᠢᠶ᠎ᠡ᠎ᠪᠠᠷ ᠪᠠᠭ᠋ᠠᠰᠬᠠᠵᠤ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠠᠮᠵᠢᠯᠴᠠᠨ ᠪᠠᠭ᠋ᠠᠰᠬᠠᠵᠤ᠂ ᠨᠠᠷᠢᠨ ᠮᠥᠬᠥᠯᠢᠭᠲᠦ ᠪᠣᠳᠠᠰ (PM 2.5)᠎ᠤᠨ ᠥᠳᠬᠡᠴᠡ ᠵᠢ ᠤᠯᠠᠮ ᠨᠢᠭᠡ ᠠᠯᠬᠤᠮ ᠮᠡᠳᠡᠭᠳᠡᠮ᠎ᠡ ᠪᠠᠭᠤᠷᠠᠭᠤᠯᠵᠤ᠂ ᠬᠦᠨᠳᠦ ᠪᠣᠬᠢᠷᠲᠤᠯᠳᠤ ᠡᠳᠦᠷ᠎ᠤᠨ ᠲᠣᠭ᠎ᠠ ᠵᠢ ᠮᠡᠳᠡᠭᠳᠡᠮ᠎ᠡ ᠪᠠᠭᠤᠷᠠᠭᠤᠯᠵᠤ᠂ ᠣᠷᠴᠢᠨ ᠲᠣᠭᠣᠷᠢᠨ᠎ᠤ ᠠᠭ᠋ᠠᠷ᠎ᠤᠨ ᠶᠠᠰᠤ ᠴᠢᠨᠠᠷ᠂ ᠠᠷᠠᠳ ᠲᠦᠮᠡᠨ᠎ᠤ ᠴᠡᠯᠮᠡᠭ ᠰᠠᠢ᠌ᠬᠠᠨ ᠣᠷᠴᠢᠨ᠎ᠤ ᠵᠣᠯ ᠵᠢᠷᠭ᠋ᠠᠯ᠎ᠤᠨ ᠲᠥᠷᠥᠭᠳᠡᠯ᠎ᠢ ᠢᠯᠡᠳᠲᠡ ᠳᠡᠭᠡᠭᠰᠢᠯᠡᠭᠦᠯᠬᠦ ᠬᠡᠷᠡᠭᠲᠡᠢ᠃ 2020 ᠣᠨ ᠪᠣᠯᠬᠤ᠎ᠳᠤ᠂ ᠬᠦᠬᠦᠷ᠎ᠤᠨ ᠳᠠᠪᠬᠤᠷ ᠢᠰᠦᠯ᠂ ᠠᠽᠣᠲ᠎ᠤᠨ ᠢᠰᠦᠮᠡᠭ ᠭᠠᠳᠠᠭᠰᠢᠯᠠᠭᠤᠯᠬᠤ ᠪᠦᠬᠦ ᠬᠡᠮᠵᠢᠶ᠎ᠡ ᠵᠢ 2015 ᠣᠨ᠎ᠤ᠎ᠬᠢ᠎ᠠᠴᠠ ᠳᠤᠰ ᠳᠤᠰ 15% ᠳᠡᠭᠡᠭᠰᠢ ᠪᠣᠯᠲᠠᠯ᠎ᠠ ᠳᠣᠷᠣᠭᠰᠢᠯᠠᠭᠤᠯᠤᠨ᠎ᠠ᠃ ᠪᠠᠷᠢᠮᠵᠢᠶᠠᠨ᠎ᠳᠤ ᠦᠯᠦ ᠬᠦᠷᠦᠭᠰᠡᠨ ᠲᠤᠰᠬᠠᠶ ᠣᠷᠣᠨ᠎ᠤ ᠲᠠᠰ᠎ᠤᠨ ᠬᠣᠲᠠ ᠵᠢᠴᠢ ᠲᠡᠭᠦᠨ᠎ᠠᠴᠠ ᠳᠡᠭᠡᠭᠰᠢᠬᠢ ᠳᠡᠰ᠎ᠤᠨ ᠬᠣᠲᠠ ᠵᠢᠨ PM 2.5 ᠵᠢᠨ ᠥᠳᠬᠡᠴᠡ ᠵᠢ 2015 ᠣᠨ᠎ᠤ᠎ᠬᠢ᠎ᠠᠴᠠ 18 %᠎ᠪᠠᠷ ᠪᠠᠭᠤᠷᠠᠭᠤᠯᠵᠤ᠂ ᠣᠷᠣᠨ᠎ᠤ ᠳᠡᠰ ᠵᠢᠴᠢ ᠲᠡᠭᠦᠨ᠎ᠠᠴᠠ ᠳᠡᠭᠡᠭᠰᠢᠬᠢ ᠳᠡᠰ᠎ᠤᠨ ᠬᠤᠲᠠ ᠵᠢᠨ ᠠᠭ᠋ᠠᠷ᠎ᠤᠨ ᠶᠠᠰᠤ ᠴᠢᠨᠠᠷ ᠰᠢᠯᠢᠳᠡᠭ ᠰᠠᠶ᠋ᠢᠨ ᠪᠣᠯᠤᠭᠰᠠᠨ ᠡᠳᠦᠷ᠎ᠤᠨ ᠲᠣᠭ᠎ᠠ ᠵᠢᠨ ᠬᠠᠷᠢᠴᠠᠯ᠎ᠢ 80 %᠎ᠲᠤ ᠬᠦᠷᠦᠭᠦᠯᠵᠦ᠂ ᠬᠦᠨᠳᠦ ᠲᠡᠰ᠎ᠤᠨ ᠵᠢᠴᠢ ᠲᠡᠭᠦᠨ᠎ᠠᠴᠠ ᠳᠡᠭᠡᠭᠰᠢᠬᠢ ᠪᠣᠬᠢᠷᠲᠤᠯᠳᠤ ᠡᠳᠦᠷ᠎ᠤᠨ ᠲᠣᠭ᠎ᠠ ᠵᠢᠨ ᠬᠠᠷᠢᠴᠠᠯ᠎ᠢ 2015 ᠣᠨ᠎ᠤ᠎ᠬᠢ᠎ᠠᠴᠠ 25 %᠎ᠠᠴᠠ ᠳᠡᠭᠡᠭᠰᠢ ᠪᠣᠯᠲᠠᠯ᠎ᠠ ᠪᠠᠭᠤᠷᠠᠭᠤᠯᠤᠨ᠎ᠠ ᠭᠡᠵᠦ ᠵᠢᠭ᠋ᠠᠵᠤ ᠭᠠᠷᠭ᠋ᠠᠵᠠᠢ᠃
     《ᠠᠵᠢᠯᠯᠠᠭ᠎ᠠ ᠵᠢᠨ ᠲᠥᠯᠥᠪᠯᠡᠭᠡ》᠎ᠳᠤ᠂ ᠵᠢᠷᠭᠤᠭ᠋ᠠᠨ ᠲᠠᠯ᠎ᠠ ᠵᠢᠨ ᠡᠭᠦᠷᠭᠡ ᠪᠠ ᠠᠷᠭ᠎ᠠ ᠬᠡᠮᠵᠢᠶ᠎ᠡ ᠵᠢ ᠳᠤᠷᠠᠳᠤᠭᠰᠠᠨ ᠪᠥᠭᠡᠳ ᠬᠡᠮᠵᠢᠶᠡᠯᠡᠭᠰᠡᠨ ᠭᠦᠢ᠍ᠴᠡᠳᠬᠡᠯ ᠲᠣᠭ᠎ᠠ ᠪᠠ ᠳᠠᠭᠤᠰᠬᠠᠬᠤ ᠴᠠᠭ ᠬᠤᠭᠤᠴᠠᠭ᠎ᠠ ᠵᠢ ᠲᠣᠳᠣᠷᠬᠠᠢ᠌ᠯᠠᠵᠠᠢ᠃ ᠨᠢᠭᠡ᠎ᠳᠤ᠂ ᠠᠵᠤ ᠦᠢ᠍ᠯᠡᠰ᠎ᠤᠨ ᠪᠦᠲᠦᠴᠡ ᠵᠢ ᠲᠤᠬᠢᠷᠠᠭᠤᠯᠤᠨ ᠰᠢᠯᠢᠳᠡᠭᠵᠢᠭᠦᠯᠵᠦ ᠠᠵᠤ ᠦᠢ᠍ᠯᠡᠰ᠎ᠤᠨ ᠪᠣᠬᠢᠷᠲᠤᠯ ᠦᠭᠡᠢ ᠬᠥᠭᠵᠢᠬᠦ ᠵᠢ ᠠᠬᠢᠭᠤᠯᠤᠨ᠎ᠠ᠃ ᠠᠵᠤ ᠦᠢ᠍ᠯᠡᠰ᠎ᠤᠨ ᠪᠠᠶ᠋ᠢᠷᠢᠰᠢᠯ᠎ᠢ ᠰᠢᠯᠢᠳᠡᠭᠵᠢᠭᠦᠯᠦᠨ᠂ ᠡᠨᠧᠷᠭᠢ ᠵᠢᠨ ᠬᠣᠷᠣᠭᠳᠠᠭᠤᠯᠤᠯ ᠶᠡᠬᠡᠲᠡᠶ ᠪᠣᠬᠢᠷᠲᠤᠭᠤᠯᠤᠯ ᠶᠡᠬᠡᠲᠡᠶ ᠠᠵᠢᠯ ᠲᠦᠷᠦᠯ᠎ᠤᠨ ᠦᠢ᠍ᠯᠡᠳᠪᠦᠷᠢᠯᠡᠬᠦ ᠴᠢᠳᠠᠪᠤᠷᠢ ᠵᠢ ᠴᠢᠩᠭ᠎ᠠ ᠬᠢᠵᠠᠭ᠋ᠠᠷᠯᠠᠵᠤ᠂ 《ᠲᠠᠷᠠᠬᠠᠢ ᠰᠠᠮᠠᠭᠤᠷᠠᠯ᠎ᠲᠠᠢ ᠪᠣᠬᠢᠷᠲᠤᠯ᠎ᠲᠠᠢ》 ᠠᠵᠤ ᠠᠬᠤᠶ᠋ᠢᠯᠠᠯ᠎ᠢ ᠶᠡᠷᠦᠩᠬᠡᠶ᠋ᠢᠯᠡᠨ ᠵᠠᠰᠠᠬᠤ ᠵᠢ ᠭᠦᠨᠵᠡᠭᠡᠶ᠋ᠢᠷᠡᠭᠦᠯᠵᠦ᠂ ᠠᠵᠤ ᠦᠢ᠍ᠯᠡᠳᠪᠦᠷᠢ ᠵᠢᠨ ᠪᠣᠬᠢᠷᠲᠤᠯ᠎ᠢ ᠵᠠᠰᠠᠬᠤ᠂ ᠪᠣᠬᠢᠷᠲᠤᠯ ᠦᠭᠡᠢ ᠣᠷᠴᠢᠨ ᠠᠬᠤᠶ ᠵᠢ ᠬᠠᠮᠠᠭ᠋ᠠᠯᠠᠬᠤ ᠠᠵᠤ ᠦᠢ᠍ᠯᠡᠰ᠎ᠢ ᠶᠡᠬᠡᠪᠡᠷ ᠪᠣᠶ᠋ᠢᠵᠢᠭᠤᠯᠤᠨ᠎ᠠ᠃ ᠬᠣᠶᠠᠷ᠎ᠲᠤ ᠡᠨᠧᠷᠭᠢ ᠵᠢᠨ ᠪᠦᠲᠦᠴᠡ᠎ᠳᠤ ᠳᠤᠬᠢᠷᠠᠭᠤᠯᠤᠯᠳᠠ ᠬᠢᠵᠦ᠂ ᠠᠷᠢᠭᠤᠨ ᠴᠡᠪᠡᠷ ᠪᠥᠭᠡᠳ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠥᠨᠳᠥᠷ ᠦᠷ᠎ᠡ ᠠᠰᠢᠭᠲᠤ ᠡᠨᠧᠷᠭᠢ ᠵᠢᠨ ᠰᠢᠰᠲ᠋ᠧᠮ᠎ᠢ ᠪᠠᠢ᠌ᠭᠤᠯᠤᠨ᠎ᠠ᠃ ᠤᠮᠠᠷᠠᠲᠤ ᠣᠷᠣᠨ᠎ᠤ ᠠᠷᠢᠭᠤᠨ ᠴᠡᠪᠡᠷ ᠰᠢᠲᠠᠭ᠋ᠠᠯᠭ᠎ᠠ᠎ᠪᠠᠷ ᠳᠤᠯᠠᠭ᠋ᠠᠯᠠᠭ᠎ᠠ ᠵᠢ ᠪᠦᠲᠦᠮᠵᠢᠲᠡᠶ ᠠᠬᠢᠭᠤᠯᠵᠤ᠂ ᠭᠣᠣᠯᠳᠠᠯᠭ᠎ᠠ᠎ᠲᠠᠢ ᠣᠷᠣᠨ ᠪᠦᠰᠡ ᠵᠢᠨ ᠨᠡᠭᠦᠷᠡᠰᠦᠨ᠎ᠤ ᠬᠡᠷᠡᠭᠯᠡᠭᠡ ᠵᠢᠨ ᠶᠡᠷᠦᠩᠬᠡᠶ ᠬᠡᠮᠵᠢᠶ᠎ᠡ ᠵᠢ ᠬᠢᠵᠠᠭ᠋ᠠᠷᠯᠠᠬᠤ ᠵᠢ ᠦᠷᠭᠦᠯᠵᠢᠯᠡᠨ ᠬᠡᠷᠡᠭᠵᠢᠭᠦᠯᠵᠦ᠂ ᠨᠡᠭᠦᠷᠡᠰᠦ ᠰᠢᠲᠠᠭ᠋ᠠᠬᠤ ᠭᠥᠸᠸᠯᠦ ᠵᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂ ᠡᠨᠧᠷᠭᠢ ᠵᠢᠨ ᠰᠤᠷᠪᠤᠯᠵᠢ ᠵᠢ ᠠᠰᠢᠭᠯᠠᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠷᠢᠭᠤᠨ ᠴᠡᠪᠡᠷ ᠡᠨᠧᠷᠭᠢ ᠵᠢᠨ ᠰᠤᠷᠪᠤᠯᠵᠢ᠂ ᠰᠢᠨ᠎ᠡ ᠡᠨᠧᠷᠭᠢ ᠵᠢᠨ ᠰᠤᠷᠪᠤᠯᠵᠢ ᠵᠢ ᠲᠦᠷᠭᠡᠪᠴᠢᠯᠡᠨ ᠬᠥᠭᠵᠢᠭᠦᠯᠦᠨ᠎ᠡ᠃ ᠭᠤᠷᠪᠠ᠎ᠳᠤ᠂ ᠲᠡᠭᠡᠭᠡᠪᠦᠷᠢ ᠵᠢᠨ ᠪᠦᠲᠦᠴᠡ ᠵᠢ ᠢᠳᠡᠪᠬᠢᠲᠡᠶ᠎ᠪᠠᠷ ᠲᠣᠬᠢᠷᠠᠭᠤᠯᠵᠤ᠂ ᠪᠣᠬᠢᠷᠲᠤᠯ ᠦᠬᠡᠢ ᠵᠠᠮ ᠬᠠᠷᠢᠯᠴᠠᠭ᠋ᠠᠨ᠎ᠤ ᠰᠢᠰᠲ᠋ᠧᠮ᠎ᠢ ᠬᠥᠭᠵᠢᠭᠦᠯᠦᠨ᠎ᠡ᠃ ᠲᠡᠮᠦᠷ ᠵᠠᠮ᠎ᠤᠨ ᠪᠠᠷᠠᠭ᠋ᠠᠨ᠎ᠤ ᠲᠡᠭᠡᠭᠡᠪᠦᠷᠢ ᠵᠢᠨ ᠬᠠᠷᠢᠴᠠᠯ᠎ᠢ ᠶᠡᠬᠡ ᠬᠡᠮᠵᠢᠶ᠎ᠡ᠎ᠪᠠᠷ ᠳᠡᠭᠡᠭᠰᠢᠯᠡᠭᠦᠯᠵᠦ᠂ ᠲᠡᠷᠭᠡ ᠣᠩᠭᠣᠴᠠ ᠵᠢᠨ ᠪᠦᠲᠦᠴᠡ ᠵᠢᠨ ᠲᠡᠰ ᠳᠡᠪᠰᠢᠭᠦᠯᠬᠦ ᠶᠠᠪᠤᠳᠠᠯ᠎ᠢ ᠲᠦᠷᠭᠡᠳᠬᠡᠨ᠂ ᠲᠤᠰᠤᠨ ᠪᠦᠲᠦᠭᠡᠭᠳᠡᠬᠦᠨ᠎ᠤ ᠶᠠᠰᠤ ᠴᠢᠨᠠᠷ᠎ᠤᠨ ᠲᠡᠰ ᠳᠡᠪᠰᠢᠭᠦᠯᠬᠦ ᠵᠢ ᠲᠦᠷᠭᠡᠳᠬᠡᠵᠦ᠂ ᠰᠢᠯᠵᠢᠮᠡᠯ ᠡᠬᠢᠳᠤ ᠪᠣᠬᠢᠷᠲᠤᠯ᠎ᠢ ᠰᠡᠷᠭᠡᠶ᠋ᠢᠯᠡᠨ ᠵᠠᠰᠠᠬᠤ ᠵᠢ ᠴᠢᠩᠭ᠋ᠠᠳᠬᠠᠨ᠎ᠠ᠃ ᠲᠦᠷᠪᠡ᠎ᠳᠤ᠂ ᠬᠡᠷᠡᠭᠯᠡᠬᠦ ᠭᠠᠵᠠᠷ ᠰᠢᠷᠣᠢ ᠵᠢᠨ ᠪᠦᠲᠦᠴᠡ ᠵᠢ ᠰᠢᠯᠢᠳᠡᠭᠵᠢᠭᠦᠯᠦᠨ ᠲᠣᠬᠢᠷᠠᠭᠤᠯᠵᠤ᠂ ᠤᠯᠠᠨ ᠡᠬᠢᠳᠤ ᠪᠣᠬᠢᠷᠲᠤᠯ᠎ᠢ ᠵᠠᠰᠠᠬᠤ ᠶᠠᠪᠤᠳᠠᠯ᠎ᠢ ᠲᠦᠯᠬᠢᠨ ᠠᠬᠢᠭᠤᠯᠤᠨ᠎ᠠ᠃ ᠰᠠᠯᠬᠢ ᠵᠢ ᠬᠠᠯᠬᠠᠯᠠᠵᠦ ᠡᠯᠡᠰᠦ ᠵᠢ ᠲᠣᠭᠲᠠᠭ᠋ᠠᠬᠤ ᠣᠶ᠋ᠢᠵᠢᠭᠤᠯᠤᠯᠲᠠ ᠵᠢᠨ ᠢᠨᠵᠧᠨᠧᠷᠢᠩ᠎ᠢ ᠬᠡᠷᠡᠭᠵᠢᠭᠦᠯᠵᠦ᠂ ᠵᠠᠳᠠᠭ᠋ᠠᠶ ᠠᠭᠤᠷᠬᠠᠶ ᠵᠢᠨ ᠶᠡᠷᠦᠩᠬᠡᠶ᠋ᠢᠯᠡᠨ ᠴᠡᠭᠴᠡᠯᠡᠨ ᠵᠠᠰᠠᠬᠤ ᠠᠵᠢᠯ᠎ᠢ ᠲᠦᠯᠬᠢᠨ ᠠᠬᠢᠭᠤᠯᠵᠤ᠂ ᠳᠡᠭᠳᠡᠮᠡᠯ ᠲᠣᠭᠣᠰᠣ ᠰᠢᠷᠣᠢ ᠵᠢ ᠶᠡᠷᠦᠩᠬᠡᠶ᠋ᠢᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠡᠰᠢ ᠰᠦᠷᠡᠯ᠎ᠢ ᠶᠡᠷᠦᠩᠬᠡᠶ᠋ᠢᠯᠡᠨ ᠠᠰᠢᠭᠯᠠᠬᠤ ᠵᠢ ᠴᠢᠩᠭ᠋ᠠᠳᠬᠠᠵᠤ ᠪᠠ ᠰᠢᠪᠲᠦᠷᠲᠦ ᠭᠠᠳᠠᠭᠰᠢᠯᠠᠭᠤᠯᠤᠯᠲᠠ ᠵᠢ ᠬᠢᠵᠠᠭ᠋ᠠᠷᠯᠠᠨ᠎ᠠ᠃ ᠲᠠᠪᠤ᠎ᠳᠤ᠂ ᠴᠢᠬᠤᠯᠠ ᠶᠡᠬᠡ ᠲᠤᠰᠬᠠᠶ ᠵᠦᠢ᠍ᠯ᠎ᠤᠨ ᠠᠵᠢᠯᠯᠠᠭ᠎ᠠ ᠵᠢ ᠪᠡᠶᠡᠯᠡᠭᠦᠯᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠵᠢ ᠶᠡᠬᠡ᠎ᠪᠠᠷ ᠪᠠᠭ᠋ᠠᠷᠠᠭᠤᠯᠤᠨ᠎ᠠ᠃ ᠭᠣᠣᠯᠳᠠᠯᠭ᠎ᠠ᠎ᠲᠠᠢ ᠣᠷᠣᠨ ᠪᠦᠰᠡ ᠵᠢᠨ ᠨᠠᠮᠤᠷ ᠡᠪᠦᠯ᠎ᠤᠨ ᠤᠯᠠᠷᠢᠯ᠎ᠤᠨ ᠪᠣᠭᠣᠮᠲᠠ ᠰᠢᠪᠲᠤᠯᠬᠤ ᠠᠵᠢᠯᠯᠠᠭ᠎ᠠ ᠵᠢ ᠥᠷᠨᠢᠭᠦᠯᠵᠦ᠂ ᠴᠠᠶ᠋ᠢᠶᠢᠦ ᠲᠣᠰᠣ ᠰᠢᠲᠠᠭ᠋ᠠᠳᠠᠭ ᠪᠠᠷᠠᠭ᠋ᠠᠨ᠎ᠤ ᠲᠡᠷᠭᠡ ᠵᠢᠨ ᠪᠣᠬᠢᠷᠲᠤᠯ᠎ᠢ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠠᠵᠤ ᠦᠢ᠍ᠯᠡᠳᠪᠦᠷᠢ ᠵᠢᠨ ᠭᠦᠸᠧᠯᠦ ᠶᠣ᠋ ᠵᠤᠤᠬ᠎ᠠ ᠵᠢ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠵᠢ ᠥᠷᠨᠢᠭᠦᠯᠵᠦ᠂ ᠳᠡᠭᠳᠡᠮᠡᠬᠡᠶ ᠴᠢᠨᠠᠷ ᠎ᠲᠠᠢ   ᠣᠷᠭ᠋ᠠᠨᠢᠭ ᠪᠣᠳᠠᠰ ᠎ᠢ ᠲᠤᠰᠬᠠᠶ ᠵᠦᠢ᠍ᠯ ᠵᠶ᠋ᠡᠷ ᠴᠡᠭᠴᠡᠯᠡᠨ ᠵᠠᠰᠠᠬᠤ ᠬᠡᠷᠡᠭᠲᠡᠶ᠃ ᠵᠢᠷᠭᠤᠭ᠎ᠠ᠎ᠳᠤ᠂ ᠣᠷᠣᠨ ᠪᠦᠰᠡ ᠵᠢᠨ ᠬᠣᠯᠪᠣᠭ᠋ᠠᠯᠠᠨ ᠰᠡᠷᠭᠡᠶ᠋ᠢᠯᠡᠵᠦ ᠬᠢᠵᠠᠭ᠋ᠠᠷᠯᠠᠬᠤ ᠠᠵᠢᠯ᠎ᠢ ᠴᠢᠩᠭ᠋ᠠᠳᠬᠠᠵᠤ᠂ ᠬᠦᠨᠳᠦ ᠪᠣᠬᠢᠷᠲᠤᠯ᠎ᠤᠨ ᠴᠠᠭ ᠠᠭᠤᠷ᠎ᠢ ᠪᠦᠲᠦᠮᠵᠢᠲᠡᠢ ᠠᠷᠭ᠋ᠠᠴᠠᠭ᠋ᠠᠨ᠎ᠠ᠃ ᠣᠷᠣᠨ ᠪᠦᠰᠡ ᠵᠢᠨ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠦᠨᠳᠦ   ᠪᠣᠬᠢᠷᠲᠤᠯ ᠎ᠲᠠᠢ ᠴᠠᠭ ᠠᠭᠤᠷ ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ ᠬᠠᠮᠲᠤ᠎ᠪᠠᠷ ᠬᠥᠳᠡᠯᠦᠯᠴᠡᠬᠦ ᠵᠢ ᠴᠢᠩᠭ᠋ᠠᠳᠬᠠᠵᠤ᠂ ᠪᠠᠴᠢᠮ ᠪᠠᠶ᠋ᠢᠳᠠᠯ᠎ᠢ ᠠᠷᠭ᠋ᠠᠴᠠᠭ᠋ᠠᠵᠤ᠂ ᠭᠠᠳᠠᠭᠰᠢᠯᠠᠭᠤᠯᠤᠯᠲᠠ ᠪᠠᠭ᠋ᠠᠰᠬᠠᠬᠤ ᠠᠷᠭ᠎ᠠ ᠬᠡᠮᠵᠢᠶ᠎ᠡ ᠠᠪᠤᠨ᠎ᠠ᠃
     《ᠠᠵᠢᠯᠯᠠᠭ᠋ᠠᠨ᠎ᠤ ᠲᠥᠯᠥᠪᠯᠡᠭᠡ》᠎ᠳᠤ ᠱᠠᠭ᠋ᠠᠷᠳᠠᠭᠰᠠᠨ᠎ᠨᠢ᠂ ᠬᠣᠯᠪᠣᠭᠳᠠᠯ ᠪᠦᠬᠦᠢ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠬᠦ ᠵᠢ ᠲᠦᠷᠭᠡᠳᠬᠡᠵᠦ᠂ ᠠᠭ᠋ᠠᠷ ᠮᠠᠨᠳᠠᠯ᠎ᠤᠨ ᠪᠣᠬᠢᠷᠲᠤᠯ᠎ᠢ ᠵᠠᠰᠠᠬᠤ᠎ᠳᠤ ᠬᠦᠴᠦᠲᠡᠶ ᠪᠠᠲᠤᠯᠠᠭ᠎ᠠ ᠬᠠᠩᠭ᠋ᠠᠬᠤ ᠬᠡᠷᠡᠭᠲᠡᠶ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠪᠠᠷᠢᠮᠵᠢᠶᠠᠲᠤ ᠰᠢᠰᠲ᠋ᠧᠮᠵᠢ ᠵᠢ ᠲᠡᠭᠦᠯᠳᠡᠷᠵᠢᠭᠦᠯᠵᠦ᠂ ᠪᠠᠯᠠ ᠣᠷᠣᠭᠤᠯᠵᠤ ᠲᠣᠬᠢᠷᠠᠭᠤᠯᠭ᠎ᠠ ᠬᠢᠬᠦ ᠠᠷᠭ᠎ᠠ ᠵᠠᠮ᠎ᠢ ᠥᠷᠭᠡᠳᠬᠡᠨ᠎ᠡ᠃ ᠠᠵᠤ ᠠᠬᠤᠶ ᠵᠢᠨ ᠲᠦᠷᠦ ᠵᠢᠨ ᠪᠤᠳᠤᠯᠭ᠎ᠠ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠬᠤ ᠬᠡᠷᠡᠭᠲᠡᠶ᠃ ᠣᠷᠴᠢᠨ ᠲᠣᠭᠣᠷᠢᠨ᠎ᠤ ᠬᠢᠨᠠᠨ ᠬᠡᠮᠵᠢᠵᠦ ᠬᠢᠨᠠᠨ ᠡᠵᠡᠮᠳᠡᠬᠦ ᠲᠣᠣᠷ ᠰᠦᠯᠵᠢᠶ᠎ᠡ ᠵᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠠᠭᠤᠷᠢ ᠲᠥᠬᠥᠭᠡᠷᠦᠮᠵᠢ ᠵᠢᠨ ᠳᠡᠮᠵᠢᠯᠭᠡ ᠵᠢ ᠴᠢᠩᠭ᠋ᠠᠳᠬᠠᠵᠤ᠂ ᠣᠷᠴᠢᠨ ᠲᠣᠭᠣᠷᠢᠨ᠎ᠢ ᠬᠠᠮᠠᠭ᠋ᠠᠯᠠᠬᠤ ᠬᠠᠤᠯᠢ ᠬᠡᠷᠡᠭᠵᠢᠭᠦᠯᠦᠯᠲᠡ ᠵᠢᠨ ᠡᠷᠴᠢᠮ᠎ᠢ ᠴᠢᠩᠭ᠋ᠠᠷᠠᠭᠤᠯᠵᠤ᠂ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠰᠢᠪᠠᠳᠠᠨ ᠪᠠᠶ᠋ᠢᠴᠠᠭ᠋ᠠᠬᠤ ᠵᠢ ᠭᠦᠨᠵᠡᠭᠡᠶ ᠥᠷᠨᠢᠭᠦᠯᠬᠦ ᠬᠡᠷᠡᠭᠲᠡᠶ᠃ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂ ᠡᠯ᠎ᠡ ᠲᠠᠯ᠎ᠠ ᠵᠢᠨ᠎ᠬᠢᠨ᠎ᠤ ᠬᠠᠷᠢᠭᠤᠴᠠᠯᠭ᠎ᠠ ᠵᠢ ᠲᠣᠳᠣᠷᠬᠠᠶ ᠨᠠᠶ᠋ᠢᠳᠠᠪᠤᠷᠢᠵᠢᠭᠤᠯᠵᠤ᠂ ᠴᠢᠩᠭ᠎ᠠ ᠬᠢᠨᠠᠨ ᠰᠢᠯᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠳᠬᠠᠵᠤ᠂ ᠣᠷᠴᠢᠨ ᠠᠬᠤᠶ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ᠂ ᠠᠷᠠᠳ ᠨᠡᠶ᠋ᠢᠲᠡ᠎ᠪᠠᠷ ᠵᠶ᠋ᠡᠨ ᠬᠥᠳᠡᠯᠦᠯᠴᠡᠬᠦ ᠪᠠᠶ᠋ᠢᠷᠢᠰᠢᠯ᠎ᠢ ᠪᠤᠢ ᠪᠣᠯᠭ᠋ᠠᠬᠤ ᠬᠡᠷᠡᠭᠲᠡᠶ ᠭᠡᠵᠡᠢ᠃

ᠢᠷᠡᠯᠲᠡ᠄ ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠣᠷᠣᠨ᠎ᠤ ᠣᠷᠴᠢᠨ ᠲᠤᠭᠤᠷᠢᠨ᠎ᠤ ᠬᠠᠮᠠᠭ᠋ᠠᠯᠠᠯᠲᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶ᠎ᠠ ᠲᠤᠰᠬᠠᠢ ᠬᠤᠷᠠᠯ ᠬᠢᠵᠦ ᠠᠭ᠋ᠠᠷ ᠮᠠᠨᠳᠠᠯ᠎ᠤᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠬᠠᠤᠯᠢ ᠵᠢ ᠬᠡᠷᠡᠭᠵᠢᠭᠦᠯᠦᠭᠰᠡᠨ ᠪᠠᠶ᠋ᠢᠳᠠᠯ᠎ᠤᠨ ᠲᠤᠬᠠᠶ ᠯᠠᠪᠯᠠᠨ ᠠᠰᠠᠭᠤᠪᠠ
ᠯᠢ ᠭᠠᠨ ᠵᠢᠶᠧ ᠰᠢᠨ᠎ᠡ ᠽᠢᠯᠡᠡᠳ᠋᠎ᠤᠨ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠯᠲᠡᠰ᠎ᠤᠨ ᠰᠠᠶ᠋ᠢᠳ᠎ᠲᠠᠢ ᠠᠭᠤᠯᠵᠠᠪᠠ
ᠠᠮᠢ ᠠᠬᠤᠶ ᠣᠷᠴᠢᠨ ᠲᠣᠭᠣᠷᠢᠨ᠎ᠤ ᠶᠠᠮᠤᠨ᠄ ᠪᠣᠬᠢᠷᠲᠤᠯ᠎ᠢ ᠵᠠᠰᠠᠬᠤ ᠨᠡᠷ᠎ᠡ᠎ᠪᠠᠷ ᠳᠤᠷ᠎ᠠ᠎ᠪᠠᠷ ᠵᠶ᠋ᠠᠨ ᠦᠢ᠍ᠯᠡᠳᠬᠦ ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ
ᠶᠠᠮᠤᠨ᠎ᠤ ᠳᠠᠷᠤᠭ᠎ᠠ ᠯᠢ ᠭᠠᠨ ᠵᠢᠶᠧ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠨᠠᠷᠢᠨ ᠪᠢᠴᠢᠭ᠎ᠤᠨ ᠳᠡᠳ᠋ ᠳᠠᠷᠤᠭ᠎ᠠ ᠪᠥᠭᠡᠳ ᠤᠯᠠᠨ ᠤᠯᠤᠰ᠎ᠤᠨ ᠬᠣᠯᠪᠣᠭ᠋ᠠᠲᠤ ᠪᠠᠶ᠋ᠢᠭᠤᠯᠤᠯᠭ᠎ᠠ ᠵᠢᠨ ᠣᠷᠴᠢᠨ ᠲᠣᠭᠣᠷᠢᠨ᠎ᠤ ᠲᠥᠯᠥᠪᠵᠢᠭᠦᠯᠭᠡ ᠵᠢᠨ ᠵᠠᠬᠢᠷᠭ᠎ᠠ ᠵᠢᠨ ᠭᠦᠢ᠍ᠴᠡᠳᠬᠡᠭᠴᠢ ᠡᠷᠬᠢᠯᠡᠭᠴᠢ᠎ᠲᠠᠢ ᠠᠭᠤᠯᠵᠠᠪᠠ
ᠣᠷᠴᠢᠨ ᠲᠣᠭᠣᠷᠢᠨ᠎ᠤ ᠬᠠᠤᠯᠢ ᠪᠠᠷᠢᠯᠲᠠ ᠵᠢᠨ ᠤᠯᠠᠨ ᠤᠯᠤᠰ᠎ᠤᠨ ᠰᠤᠳᠤᠯᠤᠨ ᠶᠠᠷᠢᠯᠴᠠᠬᠤ ᠬᠤᠷᠠᠯ ᠪᠡᠭᠡᠵᠢᠩ᠎ᠳᠤ ᠶᠠᠪᠤᠭᠳᠠᠪᠠ
 
             蒙ICP备05000248号