7 ᠳ᠋ᠤᠭ᠋ᠠᠷ ᠰᠠᠷ᠎ᠠ ᠵᠢᠨ 12 ᠤᠨ ᠡᠳᠦᠷ᠂ ᠬᠣᠶᠠᠳᠠᠬᠢ ᠤᠳᠠᠭ᠋ᠠᠨ᠎ᠤ ᠳᠤᠮᠳᠠᠳᠤ ᠰᠢᠨ᠎ᠡ ᠽᠢᠯᠠᠨᠳ᠋᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠰᠠᠶ᠋ᠢᠳ᠎ᠤᠨ ᠲᠡᠰ᠎ᠤᠨ ᠶᠠᠷᠢᠯᠴᠠᠭ᠋ᠠᠨ᠎ᠤ ᠬᠤᠷᠠᠯ ᠪᠡᠭᠡᠵᠢᠩ᠎ᠳᠤ ᠬᠤᠷᠠᠯᠳᠤᠪᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠯᠢ ᠭᠠᠨ ᠵᠢᠶᠧ᠂ ᠰᠢᠨ᠎ᠡ ᠽᠢᠯᠠᠨᠳ᠋᠎ᠤᠨ ᠣᠷᠴᠢᠨ ᠲᠣᠭᠣᠷᠢᠨ᠎ᠤ ᠶᠠᠮᠤᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠬᠡᠯᠲᠡᠰ᠎ᠤᠨ ᠵᠠᠮᠸᠰ · ᠰᠢᠶᠤᠤ ᠰᠢᠶᠤᠤ ᠠᠪᠤᠭ᠋ᠠᠢ᠎ᠲᠠᠢ ᠠᠭᠤᠯᠵᠠᠵᠤ᠂ ᠠᠭᠤᠷ ᠠᠮᠢᠰᠬᠤᠯ ᠤᠨ ᠬᠤᠪᠢᠷᠠᠯᠲᠠ ᠵᠢ ᠠᠷᠭ᠋ᠠᠴᠠᠭ᠋ᠠᠵᠤ ᠬᠠᠮᠲᠤᠷᠠᠨ ᠠᠵᠢᠯᠯᠠᠬᠤ ᠲᠤᠬᠠᠶ ᠪᠠ ᠠᠮᠢ ᠠᠬᠤᠶ ᠣᠷᠴᠢᠨ ᠠᠬᠤᠶ ᠵᠢ ᠬᠠᠮᠠᠭ᠋ᠠᠯᠠᠬᠤ ᠵᠡᠷᠭᠡ ᠬᠠᠮᠲᠤ᠎ᠪᠠᠷ ᠠᠩᠬᠠᠷᠴᠤ ᠪᠠᠶ᠋ᠢᠭ᠎ᠠ ᠵᠥᠪᠯᠡᠬᠦ ᠰᠡᠳᠦᠪ᠎ᠲᠤ ᠶᠠᠷᠢᠯᠴᠠᠭ᠎ᠠ ᠰᠣᠯᠢᠯᠴᠠᠭ᠎ᠠ ᠬᠢᠪᠡ᠃
ᠯᠢ ᠭᠠᠨ ᠵᠢᠶᠧ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠢ ᠲᠥᠯᠥᠭᠡᠯᠡᠵᠦ ᠵᠠᠮᠸᠰ · ᠰᠢᠶᠤᠤ ᠨᠠᠷ᠎ᠤᠨ ᠠᠶ᠋ᠢᠯᠴᠢᠯᠠᠷ᠎ᠠ ᠢᠷᠡᠭᠰᠡᠨ᠎ᠢ ᠪᠠᠶᠠᠷᠯᠠᠨ ᠤᠭᠲᠤᠵᠤ ᠪᠠᠶ᠋ᠢᠬᠤ᠎ᠪᠠᠨ ᠢᠯᠡᠳᠬᠡᠪᠡ᠃ ᠲᠡᠷᠡ ᠬᠡᠯᠡᠭᠰᠡᠨ᠎ᠨᠢ᠂ 2017 ᠣᠨ᠎ᠤ 2 ᠳ᠋ᠤᠭ᠋ᠠᠷ ᠰᠠᠷ᠎ᠠ᠎ᠳᠤ ᠠᠩᠬ᠎ᠠ ᠤᠳᠠᠭ᠎ᠠ ᠳᠤᠮᠳᠠᠳᠤ ᠰᠢᠨ᠎ᠡ ᠽᠢᠯᠠᠨᠳ᠋᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠰᠠᠶ᠋ᠢᠳ᠎ᠤᠨ ᠲᠡᠰ᠎ᠤᠨ ᠶᠠᠷᠢᠯᠴᠠᠭ᠋ᠠᠨ᠎ᠤ ᠬᠤᠷᠠᠯ᠎ᠤᠨ ᠠᠮᠵᠢᠯᠲᠠ᠎ᠲᠠᠢ ᠡᠷᠬᠢᠯᠡᠭᠰᠡᠨ᠎ᠨᠢ ᠬᠣᠶᠠᠷ ᠲᠠᠯ᠎ᠠ᠎ᠪᠠᠷ ᠵᠶ᠋ᠠᠨ ᠠᠭᠤᠷ ᠠᠮᠢᠰᠬᠤᠯ᠎ᠤᠨ ᠬᠤᠪᠢᠷᠠᠯᠲᠠ ᠵᠢᠨ ᠲᠠᠯ᠎ᠠ᠎ᠪᠠᠷ ᠬᠠᠮᠲᠤᠷᠠᠨ ᠠᠵᠢᠯᠯᠠᠬᠤ ᠪᠠ ᠬᠥᠭᠵᠢᠬᠦ᠎ᠳᠤ ᠪᠠᠲᠤ ᠪᠡᠬᠢ ᠰᠠᠭᠤᠷᠢ ᠲᠠᠯᠪᠢᠵᠤ ᠥᠭᠴᠡᠢ᠃ ᠥᠨᠥᠳᠦᠷ᠂ ᠬᠣᠶᠠᠳᠠᠬᠢ ᠤᠳᠠᠭ᠋ᠠᠨ᠎ᠤ ᠳᠤᠮᠳᠠᠳᠤ ᠰᠢᠨ᠎ᠡ ᠽᠢᠯᠠᠨᠳ᠋᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠰᠠᠶ᠋ᠢᠳ᠎ᠤᠨ ᠲᠡᠰ᠎ᠤᠨ ᠶᠠᠷᠢᠯᠴᠠᠭ᠋ᠠᠨ᠎ᠤ ᠠᠵᠢᠯ ᠤᠷᠤᠭᠰᠢᠲᠠᠢ ᠶᠠᠪᠤᠭᠳᠠᠵᠤ᠂ ᠬᠣᠶᠠᠷ ᠲᠠᠯ᠎ᠠ᠎ᠪᠠᠷ ᠵᠶ᠋ᠠᠨ ᠡᠨᠡ ᠲᠣᠬᠢᠶᠠᠯ ᠵᠶ᠋ᠠᠷ ᠦᠢ᠍ᠯᠡᠳᠦᠯᠭᠡ ᠲᠤᠷᠰᠢᠯᠭ᠎ᠠ᠎ᠪᠠᠨ ᠬᠠᠷᠢᠯᠴᠠᠨ ᠰᠣᠯᠢᠯᠴᠠᠬᠤ᠂ ᠰᠢᠨ᠎ᠡ ᠬᠠᠮᠲᠤᠷᠠᠯᠴᠠᠭ᠋ᠠᠨ᠎ᠤ ᠠᠵᠠ ᠲᠣᠬᠢᠶᠠᠯ᠎ᠢ ᠬᠠᠶ᠋ᠢᠨ ᠰᠦᠪᠡᠭᠴᠢᠯᠡᠵᠦ᠂ ᠬᠣᠶᠠᠷ ᠲᠠᠯ᠎ᠠ ᠵᠢᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠠᠮᠲᠤᠷᠠᠯᠴᠠᠭ᠋ᠠᠨ᠎ᠤ ᠨᠡᠩ ᠤᠯᠠᠨ ᠪᠣᠳᠠᠲᠠᠢ ᠦᠷ᠎ᠡ ᠪᠦᠲᠦᠭᠡᠯ ᠣᠯᠬᠤ ᠵᠢ ᠬᠦᠰᠡᠨ᠎ᠡ ᠭᠡᠵᠡᠢ᠃
ᠯᠢ ᠭᠠᠨ ᠵᠢᠶᠧ ᠣᠳᠣᠬᠠᠨ᠎ᠤ ᠳᠤᠮᠳᠠᠳᠤ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠠᠵᠢᠯ᠎ᠤᠨ ᠪᠠᠶ᠋ᠢᠳᠠᠯ᠎ᠤᠨ ᠲᠤᠬᠠᠶ ᠲᠠᠨᠢᠯᠴᠠᠭᠤᠯᠵᠠᠢ᠃ ᠲᠡᠷᠡ ᠬᠡᠯᠡᠭᠰᠡᠨ᠎ᠨᠢ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠢ ᠵᠣᠬᠢᠶᠠᠨ ᠪᠠᠢ᠌ᠭᠤᠯᠵᠤ᠂ ᠤᠤᠯ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠠᠮᠤᠨ᠎ᠤ ᠪᠦᠬᠦ ᠡᠭᠦᠷᠭᠡ ᠬᠠᠷᠢᠭᠤᠴᠠᠯᠭ᠎ᠠ ᠪᠠ ᠪᠤᠰᠤᠳ 6 ᠰᠠᠯᠠᠭ᠎ᠠ ᠮᠥᠴᠢᠷ᠎ᠤᠨ ᠬᠣᠯᠪᠣᠭᠳᠠᠯ ᠪᠦᠬᠦᠢ ᠲᠤᠰᠢᠶᠠᠯ ᠬᠠᠷᠢᠭᠤᠴᠠᠯᠭ᠎ᠠ ᠵᠢ ᠡᠮᠬᠢᠯᠡᠨ ᠨᠡᠶ᠋ᠢᠯᠡᠭᠦᠯᠵᠦ᠂ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠠᠮᠢ ᠠᠬᠤᠶ ᠵᠢ ᠬᠠᠮᠠᠭ᠋ᠠᠯᠠᠬᠤ ᠵᠢ ᠨᠡᠪᠲᠡᠷᠡᠯᠴᠡᠭᠦᠯᠵᠦ᠂ ᠠᠮᠢ ᠠᠬᠤᠢ ᠪᠣᠯᠤᠨ ᠬᠤᠳᠠ ᠬᠥᠳᠡᠭᠡ ᠵᠢᠨ ᠡᠯ᠎ᠡ ᠲᠦᠷᠦᠯ᠎ᠤᠨ ᠪᠣᠬᠢᠷᠲᠤᠯ᠎ᠢ ᠭᠠᠳᠠᠭᠰᠢᠯᠠᠭᠤᠯᠬᠤ ᠬᠢᠨᠠᠯᠲᠠ ᠬᠠᠮᠢᠶᠠᠷᠤᠯᠲᠠ ᠪᠣᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠲᠤᠰᠢᠶᠠᠯ ᠬᠠᠷᠢᠭᠤᠴᠠᠯᠭ᠎ᠠ ᠵᠢ ᠨᠢᠭᠡᠳᠦᠯᠲᠡᠶ ᠬᠡᠷᠡᠭᠵᠢᠭᠦᠯᠦᠭᠰᠡᠨ᠎ᠨᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠠᠮᠢ ᠠᠬᠤᠢ ᠵᠢᠨ ᠣᠷᠴᠢᠨ ᠲᠣᠭᠣᠷᠢᠨ᠎ᠤ ᠵᠠᠰᠠᠯᠲᠠ ᠵᠢᠨ ᠰᠢᠰᠲ᠋ᠧᠮ ᠪᠣᠯᠤᠨ ᠵᠠᠰᠠᠯᠲᠠ ᠵᠢᠨ ᠴᠢᠳᠠᠪᠤᠷᠢ ᠵᠢᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠭᠡᠵᠡᠢ᠃
ᠯᠢ ᠭᠠᠨ ᠵᠢᠶᠧ ᠵᠢᠭ᠋ᠠᠵᠤ ᠭᠠᠷᠭ᠋ᠠᠭᠰᠠᠨ᠎ᠨᠢ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠠᠵᠢᠯ᠎ᠢ ᠳᠤᠮᠳᠠᠳᠤ ᠤᠯᠤᠰ᠎ᠤᠨ ᠵᠠᠰᠠᠭ᠎ᠤᠨ ᠣᠷᠳᠣᠨ ᠢᠮᠠᠭᠲᠠ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠡᠨᠡ ᠵᠢᠯ᠎ᠤᠨ 5 ᠳ᠋ᠤᠭ᠋ᠠᠷ ᠰᠠᠷ᠎ᠠ᠎ᠳᠤ ᠬᠤᠷᠠᠯᠳᠤᠭᠤᠯᠤᠭᠰᠠᠨ ᠪᠦᠬᠦ ᠤᠯᠤᠰ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠶᠡᠬᠡ ᠬᠤᠷᠠᠯ ᠳᠡᠭᠡᠷ᠎ᠡ᠂ ᠳᠤᠮᠳᠠᠳᠤ ᠤᠯᠤᠰ᠎ᠤᠨ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠣᠳᠣᠷᠬᠠᠢ ᠱᠠᠭ᠋ᠠᠷᠳᠠᠯᠭ᠎ᠠ ᠳᠤᠷᠠᠳᠬᠤ᠎ᠳᠤ᠎ᠪᠠᠨ᠂ ᠢᠳᠡᠪᠬᠢᠲᠡᠶ᠎ᠪᠠᠷ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠬᠡᠷᠡᠭᠵᠢᠭᠦᠯᠵᠦ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠬᠦᠷᠲᠡᠬᠦ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠰᠢᠰᠲ᠋ᠧᠮ᠎ᠢ ᠲᠥᠪ ᠭᠣᠣᠯᠴᠢ ᠵᠦᠢ ᠵᠣᠬᠢᠰᠲᠠᠶ ᠪᠠᠶ᠋ᠢᠭᠤᠯᠬᠤ ᠵᠢ ᠠᠬᠢᠭᠤᠯᠬᠤ ᠬᠡᠷᠡᠭᠲᠡᠢ ᠭᠡᠵᠡᠢ᠃ ᠣᠶ᠋ᠢᠷ᠎ᠠ ᠵᠢᠨ ᠵᠢᠯ᠎ᠤᠨ ᠲᠤᠷᠰᠢ᠂ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯᠯᠠᠭ᠎ᠠ ᠵᠢᠨ ᠬᠠᠷᠠᠯᠲᠠ ᠵᠢᠨ ᠲᠣᠭᠣᠷᠢᠨ᠎ᠳᠤ᠂ ᠳᠤᠮᠳᠠᠳᠤ ᠵᠢᠨ ᠲᠠᠯ᠎ᠠ ᠵᠢᠨ᠎ᠬᠢᠨ ᠲᠦᠷᠦ ᠵᠢᠨ ᠪᠤᠳᠤᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠬᠦᠯᠡᠮᠵᠢ ᠵᠢᠨ ᠬᠡᠢ ᠪᠡᠶᠡᠲᠦ ᠵᠢᠨ ᠭᠠᠳᠠᠭᠰᠢᠯᠠᠭᠤᠯᠤᠯᠲᠠ ᠵᠢ ᠬᠢᠵᠠᠭ᠋ᠠᠷᠯᠠᠬᠤ ᠵᠢ ᠬᠢᠨᠠᠨ ᠰᠢᠯᠭ᠋ᠠᠬᠤ ᠠᠵᠢᠯᠯᠠᠭ᠎ᠠ ᠵᠢ ᠥᠷᠨᠢᠭᠦᠯᠵᠦ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠡᠷᠬᠡ ᠵᠢᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠪᠦᠲᠦᠭᠡᠨ ᠪᠠᠢ᠌ᠭᠤᠯᠵᠤ᠂ ᠤᠷᠳᠤ ᠬᠤᠭᠤᠴᠠᠭ᠋ᠠᠨ᠎ᠤ ᠪᠠᠶ᠋ᠢᠯᠳᠤᠬᠤ ᠪᠤᠳᠤᠯᠭ᠎ᠠ ᠵᠢ ᠰᠤᠳᠤᠯᠤᠨ ᠲᠣᠭᠲᠠᠭ᠋ᠠᠵᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠬᠦ ᠵᠡᠷᠭᠡ ᠲᠠᠯ᠎ᠠ᠎ᠪᠠᠷ ᠬᠣᠯᠪᠣᠭᠳᠠᠯ ᠪᠦᠬᠦᠢ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ ᠣᠯᠤᠭᠰᠠᠨ ᠪᠠᠶ᠋ᠢᠨ᠎ᠠ ᠭᠡᠵᠡᠢ᠃ ᠲᠡᠷᠡ ᠬᠡᠯᠡᠭᠰᠡᠨ᠎ᠨᠢ᠂ ᠣᠳᠣᠬᠠᠨ᠎ᠳᠤ ᠪᠣᠯ ᠶᠠᠭ 《ᠫᠠᠷᠢᠰ᠎ᠤᠨ ᠬᠡᠯᠡᠯᠴᠡᠭᠡᠷ》᠎ᠢ ᠬᠡᠷᠡᠭᠵᠢᠭᠦᠯᠬᠦ ᠨᠠᠷᠢᠨ ᠳᠦᠷᠢᠮ᠎ᠳᠤ ᠬᠡᠯᠡᠯᠴᠡᠭᠡ ᠬᠢᠬᠦ ᠴᠢᠬᠤᠯᠠ ᠴᠠᠭ ᠦᠶ᠎ᠡ ᠪᠣᠯᠤᠨ᠎ᠠ᠂ ᠳᠤᠮᠳᠠᠳᠤ ᠵᠢᠨ ᠲᠠᠯ᠎ᠠ ᠵᠢᠨ᠎ᠬᠢᠨ ᠠᠮᠢ ᠠᠬᠤᠢ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠡᠷᠡᠰ ᠭᠤᠶ᠋ᠢᠪᠢᠰᠢ ᠦᠭᠡᠢ᠎ᠪᠠᠷ ᠲᠦᠯᠬᠢᠨ ᠠᠬᠢᠭᠤᠯᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠤᠭᠰᠠᠨ ᠬᠥᠭᠵᠢᠯᠲᠡ ᠵᠢ ᠴᠢᠷᠮᠠᠶ᠋ᠢᠨ ᠪᠡᠶᠡᠯᠡᠭᠦᠯᠵᠦ᠂ ᠳᠡᠯᠡᠬᠡᠢ ᠨᠡᠶ᠋ᠢᠭᠡᠮ᠎ᠳᠤ ᠠᠮᠠᠯᠠᠭᠰᠠᠨ ᠠᠭᠤᠷ ᠠᠮᠢᠰᠬᠤᠯ᠎ᠤᠨ ᠬᠤᠪᠢᠷᠠᠯᠲᠠ ᠵᠢ ᠠᠷᠭ᠋ᠠᠴᠠᠭ᠋ᠠᠬᠤ ᠠᠵᠢᠯᠯᠠᠭ᠎ᠠ ᠵᠢᠨ ᠵᠶ᠋ᠡᠨ ᠬᠠᠷᠠᠯᠲᠠ᠎ᠪᠠᠨ ᠪᠡᠶᠡᠯᠡᠭᠦᠯᠦᠨ᠎ᠡ᠃ ᠳᠤᠮᠳᠠᠳᠤ ᠤᠯᠤᠰ ᠳᠤᠷᠠᠲᠠᠶ᠎ᠠ ᠳᠡᠯᠡᠬᠡᠶ ᠨᠡᠶ᠋ᠢᠲᠡ᠎ᠲᠠᠢ ᠬᠠᠮᠲᠤ᠎ᠪᠠᠷ 《ᠫᠠᠷᠢᠰ᠎ᠤᠨ ᠬᠡᠯᠡᠯᠴᠡᠭᠡᠷ》᠎ᠢ ᠪᠦᠬᠦ ᠲᠠᠯ᠎ᠠ᠎ᠪᠠᠷ ᠪᠦᠲᠦᠮᠵᠢᠲᠡᠢ ᠬᠡᠷᠡᠭᠵᠢᠭᠦᠯᠬᠦ ᠵᠢ ᠲᠦᠯᠬᠢᠨ ᠠᠬᠢᠭᠤᠯᠵᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠵᠢᠨ ᠠᠬᠢᠴᠠ ᠵᠢ ᠠᠬᠢᠭᠤᠯᠬᠤ ᠵᠢᠨ ᠲᠥᠯᠥᠭᠡ᠂ ᠪᠣᠬᠢᠷᠲᠤᠯ ᠦᠬᠡᠢ ᠨᠡᠭᠦᠷᠡᠰᠦᠲᠥ᠋ᠷᠥᠭᠴᠢ ᠪᠠᠭ᠎ᠠ ᠬᠥᠭᠵᠢᠯᠲᠡ ᠵᠢ ᠠᠬᠢᠭᠤᠯᠬᠤ ᠵᠢᠨ ᠲᠥᠯᠥᠭᠡ ᠢᠳᠡᠪᠬᠢᠲᠡᠢ ᠦᠢ᠍ᠯᠡᠳᠦᠯ᠎ᠢ ᠨᠡᠩ ᠰᠠᠢ᠍ᠢ᠍ᠨ ᠪᠠᠳᠠᠷᠠᠭᠤᠯᠤᠨ᠎ᠠ ᠭᠡᠪᠡ᠃
ᠯᠢ ᠭᠠᠨ ᠵᠢᠶᠧ ᠢᠯᠡᠷᠬᠡᠶ᠋ᠢᠯᠡᠬᠦ᠎ᠳᠡᠭᠡᠨ᠂ ᠤᠷᠳᠤ ᠬᠤᠭᠤᠴᠠᠭ᠋ᠠᠨ᠎ᠤ ᠲᠤᠷᠰᠢ᠂ ᠳᠤᠮᠳᠠᠳᠤ ᠰᠢᠨ᠎ᠡ ᠽᠢᠯᠠᠨᠳ᠋ ᠬᠣᠶᠠᠷ ᠤᠯᠤᠰ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶᠡᠨ᠎ᠳᠠᠬᠢ ᠶᠠᠷᠢᠯᠴᠠᠭ᠎ᠠ ᠬᠠᠮᠲᠤᠷᠠᠯᠴᠠᠭ᠎ᠠ ᠮᠠᠰᠢ ᠰᠠᠢ᠌ᠨ ᠪᠠᠢ᠌ᠵᠤ᠂ ᠤᠷᠢᠳ ᠬᠣᠵᠢᠳ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ ᠪᠣᠯᠤᠨ ᠰᠢᠨ᠎ᠡ ᠽᠧᠯᠡᠨᠳ᠋᠎ᠤᠨ ᠵᠠᠰᠠᠭ᠎ᠤᠨ ᠣᠷᠳᠣᠨ᠎ᠤ ᠠᠭᠤᠷ ᠠᠮᠢᠰᠬᠤᠯ᠎ᠤᠨ ᠬᠤᠪᠢᠷᠠᠯᠲᠠ ᠵᠢᠨ ᠲᠠᠯ᠎ᠠ᠎ᠪᠠᠷ ᠬᠠᠮᠲᠤᠷᠠᠨ ᠠᠵᠢᠯᠯᠠᠬᠤ ᠵᠢ ᠴᠢᠩᠭ᠋ᠠᠳᠬᠠᠬᠤ ᠲᠤᠬᠠᠶ ᠲᠣᠬᠢᠷᠠᠭᠤᠯᠤᠯᠲᠠ》 ᠪᠠ ᠰᠠᠯᠠᠭ᠎ᠠ ᠮᠥᠴᠢᠷ᠎ᠤᠳ᠎ᠤᠨ ᠬᠣᠭᠣᠷᠣᠨᠳᠣᠬᠢ 《ᠠᠭᠤᠷ ᠠᠮᠢᠰᠬᠤᠯ᠎ᠤᠨ ᠬᠤᠪᠢᠷᠠᠯᠲᠠ ᠵᠢᠨ ᠲᠠᠯ᠎ᠠ᠎ᠪᠠᠷ ᠬᠠᠮᠲᠤᠷᠠᠨ ᠠᠵᠢᠯᠯᠠᠬᠤ ᠵᠢ ᠴᠢᠩᠭ᠋ᠠᠳᠬᠠᠬᠤ ᠲᠤᠬᠠᠶ ᠬᠡᠷᠡᠭᠵᠢᠭᠦᠯᠬᠦ ᠲᠣᠬᠢᠷᠠᠭᠤᠯᠭ᠎ᠠ》 ᠵᠡᠷᠭᠡ ᠵᠥᠪᠯᠡᠯᠴᠡᠭᠡᠷ᠎ᠲᠤ ᠭᠠᠷᠤᠨ ᠦᠰᠦᠭ ᠵᠢᠷᠤᠵᠤ᠂ ᠬᠠᠮᠲᠤᠷᠠᠯᠴᠠᠭ᠋ᠠᠨ᠎ᠤ ᠪᠦᠳᠦᠭᠦᠪᠴᠢ ᠵᠠᠭᠪᠤᠷ ᠪᠣᠯᠤᠨ ᠪᠣᠳᠠᠲᠠᠶ ᠠᠭᠤᠯᠭ᠎ᠠ ᠵᠢ ᠲᠣᠳᠣᠷᠬᠠᠢ᠌ᠯᠠᠵᠤ᠂ ᠬᠣᠶᠠᠷ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶᠡᠨ᠎ᠳᠠᠬᠢ ᠬᠠᠮᠲᠤᠷᠠᠯᠴᠠᠭ᠋ᠠᠨ᠎ᠳᠤ ᠲᠥᠯᠥᠪᠵᠢᠭᠦᠯᠭᠡ ᠬᠢᠵᠦ ᠴᠢᠭᠯᠡᠯ᠎ᠢ ᠲᠣᠳᠣᠷᠬᠠᠢ ᠵᠢᠭ᠋ᠠᠭᠰᠠᠨ ᠪᠠᠶ᠋ᠢᠨ᠎ᠠ᠃ ᠡᠨᠡ ᠬᠦ᠌ ᠰᠠᠭᠤᠷᠢᠨ ᠳᠡᠭᠡᠷ᠎ᠡ᠂ ᠬᠣᠶᠠᠷ ᠲᠠᠯ᠎ᠠ ᠵᠢᠨ ᠰᠣᠯᠢᠯᠴᠠᠭ᠎ᠠ ᠨᠡᠪᠲᠡᠷᠡᠯᠴᠡᠭᠡ ᠪᠠ ᠪᠣᠳᠠᠲᠠᠢ ᠵᠢ ᠡᠷᠬᠢᠮᠯᠡᠭᠰᠡᠨ ᠬᠠᠮᠲᠤᠷᠠᠯᠴᠠᠭ᠎ᠠ ᠲᠠᠰᠤᠷᠠᠯᠲᠠ ᠦᠭᠡᠢ ᠭᠦᠨᠵᠡᠭᠡᠢ᠌ᠷᠡᠵᠡᠢ᠃ ᠳᠤᠮᠳᠠᠳᠤ ᠤᠯᠤᠰ ᠳᠤᠷᠠᠲᠠᠶ᠎ᠠ ᠰᠢᠨ᠎ᠡ ᠽᠢᠯᠠᠨᠳ᠋ᠤᠨᠬᠢᠨᠲᠠᠢ ᠬᠠᠮᠲᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶᠡᠨ᠎ᠳᠠᠬᠢ ᠬᠠᠮᠲᠤᠷᠠᠯᠴᠠᠭ᠋ᠠᠨ᠎ᠤ ᠪᠢᠴᠢᠭ ᠮᠠᠲ᠋ᠧᠷᠢᠶᠠᠯ᠎ᠢ ᠤᠯᠠᠮ ᠨᠢᠭᠡ ᠠᠯᠬᠤᠮ ᠨᠠᠶ᠋ᠢᠳᠠᠪᠤᠷᠢᠵᠢᠭᠤᠯᠵᠤ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠬᠠᠮᠲᠤᠷᠠᠯᠴᠠᠭ᠋ᠠᠨ᠎ᠤ ᠬᠣᠶᠠᠷ ᠤᠯᠤᠰ᠎ᠤᠨ ᠬᠠᠷᠢᠴᠠᠭ᠋ᠠᠨ᠎ᠳᠠᠬᠢ ᠪᠠᠶ᠋ᠢᠷᠢ ᠰᠠᠭᠤᠷᠢ ᠵᠢ ᠬᠠᠮᠲᠤ᠎ᠪᠠᠷ ᠳᠡᠭᠡᠭᠰᠢᠯᠡᠭᠦᠯᠵᠦ᠂ ᠠᠭᠤᠷ ᠠᠮᠢᠰᠬᠤᠯ᠎ᠤᠨ ᠬᠤᠪᠢᠷᠠᠯᠲᠠ ᠵᠢᠨ ᠤᠯᠠᠨ ᠲᠠᠯ᠎ᠠ ᠵᠢᠨ ᠠᠬᠢᠴᠠ ᠪᠠ ᠬᠣᠶᠠᠷ ᠲᠠᠯ᠎ᠠ ᠵᠢᠨ ᠬᠠᠮᠲᠤᠷᠠᠯᠴᠠᠭ᠎ᠠ ᠵᠢ ᠲᠠᠰᠤᠷᠠᠯᠲᠠ ᠦᠭᠡᠢ ᠲᠦᠯᠬᠢᠨ ᠠᠬᠢᠭᠤᠯᠵᠤ᠂ ᠪᠦᠬᠦ ᠪᠥᠮᠪᠥᠷᠴᠡᠭ᠎ᠤᠨ ᠠᠭᠤᠷ ᠠᠮᠢᠰᠬᠤᠯ᠎ᠤᠨ ᠵᠠᠰᠠᠯᠲᠠ ᠪᠠ ᠳᠤᠮᠳᠠᠳᠤ ᠰᠢᠨ᠎ᠡ ᠽᠢᠯᠠᠨᠳ᠋ ᠬᠣᠶᠠᠷ ᠲᠠᠯ᠎ᠠ ᠵᠢᠨ ᠬᠠᠷᠢᠯᠴᠠᠭ᠎ᠠ ᠵᠢᠨ ᠬᠥᠭᠵᠢᠯᠲᠡ᠎ᠳᠤ ᠬᠤᠪᠢ ᠨᠡᠮᠡᠷᠢ ᠦᠵᠡᠭᠦᠯᠦᠨ᠎ᠡ ᠭᠡᠵᠡᠢ᠃
ᠵᠠᠮᠸᠰ · ᠰᠢᠶᠤᠤ ᠰᠢᠨ᠎ᠡ ᠽᠢᠯᠠᠨᠳ᠋᠎ᠤᠨ ᠨᠡᠭᠦᠷᠡᠰᠦᠲᠥ᠋ᠷᠥᠭᠴᠢ ᠦᠭᠡᠢ ᠬᠠᠤᠯᠢ ᠵᠢᠨ ᠳᠤᠷᠠᠳᠤᠯᠭ᠎ᠠ᠂ ᠤᠯᠤᠰ᠎ᠤᠨ ᠵᠣᠬᠢᠴᠠᠬᠤ ᠲᠥᠯᠥᠪᠯᠡᠭᠡ᠂ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠠᠷᠠᠯᠵᠢᠶᠠᠨ᠎ᠤ ᠰᠢᠰᠲ᠋ᠧᠮ᠂ ᠪᠣᠬᠢᠷᠲᠤᠯ ᠦᠭᠡᠢ ᠮᠥᠩᠭᠥᠨ ᠭᠦᠢ᠍ᠯᠭᠡᠭᠡ ᠵᠡᠷᠭᠡ ᠠᠵᠢᠯ᠎ᠤᠨ ᠲᠠᠯ᠎ᠠ᠎ᠪᠠᠷ ᠲᠠᠨᠢᠯᠴᠠᠭᠤᠯᠬᠤ ᠵᠢᠨ ᠬᠠᠮᠲᠤ ᠬᠣᠶᠠᠷ ᠤᠯᠤᠰ᠎ᠤᠨ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ᠎ᠨᠢ ᠥᠨᠢ ᠤᠳᠠᠭ᠋ᠠᠨ᠂ ᠦᠷ᠎ᠡ ᠪᠦᠲᠦᠭᠡᠯ ᠡᠯᠪᠡᠭ ᠪᠠᠢ᠌ᠵᠤ᠂ ᠳᠤᠮᠳᠠᠳᠤ ᠵᠢᠨ ᠲᠠᠯ᠎ᠠ᠎ᠲᠠᠢ ᠨᠥᠬᠥᠷᠯᠡᠯ ᠵᠶ᠋ᠡᠨ ᠵᠤᠵᠠᠭ᠋ᠠᠳᠬᠠᠬᠤ ᠵᠢ ᠰᠢᠨ᠎ᠡ ᠽᠢᠯᠠᠨᠳ᠋᠎ᠤᠨ᠎ᠬᠢᠨ ᠳᠡᠭᠡᠳᠦ ᠬᠡᠮᠵᠢᠶ᠎ᠡ᠎ᠪᠠᠷ ᠬᠦᠨᠳᠦᠳᠬᠡᠨ ᠦᠵᠡᠵᠦ᠂ ᠬᠣᠶᠠᠷ ᠤᠯᠤᠰ ᠠᠭᠤᠷ ᠠᠮᠢᠰᠬᠤᠯ᠎ᠤᠨ ᠬᠤᠪᠢᠷᠠᠯᠲᠠ ᠵᠢᠨ ᠬᠦᠷᠢᠶᠡᠨ᠎ᠳᠠᠬᠢ ᠬᠠᠮᠲᠤᠷᠠᠯᠴᠠᠭ᠎ᠠ ᠵᠢ ᠦᠷᠭᠦᠯᠵᠢᠯᠡᠨ ᠲᠦᠯᠬᠢᠨ ᠠᠬᠢᠭᠤᠯᠵᠤ᠂ ᠳᠤᠮᠳᠠᠳᠤ ᠰᠢᠨ᠎ᠡ ᠽᠢᠯᠠᠨᠳ᠋᠎ᠤᠨ ᠬᠠᠷᠢᠴᠠᠭ᠋ᠠᠨ᠎ᠤ ᠶᠡᠬᠡ ᠲᠠᠯ᠎ᠠ ᠵᠢ ᠬᠥᠭᠵᠢᠭᠦᠯᠬᠦ᠎ᠳᠤ ᠨᠡᠩ ᠰᠠᠢ᠍ᠢ᠍ᠨ ᠦᠢ᠍ᠯᠡᠴᠢᠯᠡᠨ᠎ᠡ ᠭᠡᠵᠠᠢ᠃