ᠣᠷᠴᠢᠮ᠎ᠤᠨ ᠡᠳᠦᠷ᠎ᠲᠤ ᠳᠦᠷᠦ ᠵᠢᠨ ᠶᠠᠪᠤᠳᠠᠯ᠎ᠤᠨ ᠬᠣᠷᠢᠶᠠᠨ᠎ᠤ ᠶᠡᠬᠡ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠱᠠᠨᠰᠢ ᠮᠤᠵᠢ ᠵᠢᠨ ᠪᠣᠬᠢᠷᠲᠤᠯ ᠮᠠᠨᠠᠨ ᠪᠠᠭᠤᠷᠠᠭᠤᠯᠬᠤ ᠨᠡᠷ᠎ᠡ᠎ᠪᠠᠷ ᠪᠠᠶ᠋ᠢᠭᠤᠯᠤᠭᠰᠠᠨ ᠲᠡᠷᠭᠡ ᠤᠬᠢᠶᠠᠬᠤ ᠥᠷᠲᠡᠭᠡ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠵᠤ ᠪᠠᠶ᠋ᠢᠭ᠎ᠠ ᠠᠰᠠᠭᠤᠳᠠᠯ᠎ᠢ 8 ᠳ᠋ᠤᠭ᠋ᠠᠷ ᠰᠠᠷ᠎ᠠ ᠵᠢᠨ 28 ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠱᠠᠯᠠᠪᠳᠠᠭᠤᠯᠤᠨ ᠪᠠᠶ᠋ᠢᠴᠠᠭ᠋ᠠᠬᠤ ᠳᠤᠭᠤᠶ᠋ᠢᠯᠠᠩ ᠵᠣᠬᠢᠶᠠᠨ ᠪᠠᠶ᠋ᠢᠭᠤᠯᠵᠤ ᠬᠡᠷᠡᠭ᠎ᠤᠨ ᠳᠠᠯᠠᠪᠠᠢ᠎ᠳᠤ ᠲᠣᠮᠢᠯᠠᠨ ᠣᠴᠢᠭᠤᠯᠵᠤ ᠪᠠᠢ᠌ᠴᠠᠭ᠋ᠠᠯᠲᠠ ᠬᠢᠵᠡᠢ᠃ ᠪᠠᠶ᠋ᠢᠴᠠᠭ᠋ᠠᠬᠤ ᠳᠤᠭᠤᠶ᠋ᠢᠯᠠᠩ ᠬᠤᠳᠠ ᠵᠢᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠨᠢᠭᠡᠨᠲᠡ ᠨᠤᠷᠠᠭ᠋ᠠᠭᠰᠠᠨ ᠪᠣᠬᠢᠷᠲᠤᠯ ᠮᠠᠨᠠᠨ ᠪᠠᠭᠤᠷᠠᠭᠤᠯᠬᠤ ᠮᠠᠰᠢᠨ ᠲᠡᠷᠭᠡ ᠤᠬᠢᠶᠠᠬᠤ ᠥᠷᠲᠡᠭᠡ ᠵᠢ ᠪᠠᠶ᠋ᠢᠴᠠᠭ᠋ᠠᠨ ᠦᠵᠡᠵᠡᠢ᠃ ᠣᠢ᠌ᠷ᠎ᠠ ᠣᠷᠴᠢᠮ᠎ᠤᠨ ᠬᠤᠪᠢ ᠵᠢᠨ ᠮᠠᠰᠢᠨ ᠲᠡᠷᠭᠡ ᠤᠬᠢᠶᠠᠬᠤ ᠴᠡᠭ ᠪᠠ ᠲᠡᠭᠡᠭᠡᠪᠦᠷᠢ ᠵᠢᠨ ᠲᠡᠷᠭᠡ ᠬᠥᠰᠬᠡ ᠵᠢᠨ ᠵᠢᠯᠣᠭᠣᠴᠢ ᠵᠢᠨ᠎ᠳᠤ ᠬᠦᠷᠴᠦ ᠰᠤᠷᠪᠤᠯᠵᠢᠯᠠᠭᠰᠠᠨ ᠪᠥᠭᠡᠳ ᠤᠤᠯ᠎ᠤᠨ ᠪᠢᠨ ᠰᠢᠶᠠᠨ᠎ᠤ ᠨᠠᠮ᠎ᠤᠨ ᠬᠣᠷᠢᠶ᠎ᠠ᠂ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠤᠷᠠᠯ᠎ᠤᠨ ᠲᠣᠪᠴᠢ ᠲᠡᠮᠳᠡᠭᠡᠯᠡᠯ ᠵᠡᠷᠭᠡ ᠬᠣᠯᠪᠣᠭᠳᠠᠯ ᠪᠦᠬᠦᠢ ᠮᠠᠲ᠋ᠧᠷᠢᠶᠠᠯ᠎ᠢ ᠰᠢᠯᠵᠢᠭᠦᠯᠦᠨ ᠠᠪᠴᠢᠷᠠᠵᠤ ᠦᠵᠡᠭᠰᠡᠨ ᠪᠠᠢ᠌ᠨ᠎ᠠ᠃
ᠣᠶ᠋ᠢᠯᠠᠭ᠋ᠠᠭᠰᠠᠨ ᠵᠶ᠋ᠠᠷ᠂ ᠤᠤᠯ᠎ᠤᠨ ᠪᠢᠨ ᠰᠢᠶᠠᠨ᠎ᠤ ᠨᠠᠮ᠎ᠤᠨ ᠬᠣᠷᠢᠶ᠎ᠠ 2017 ᠣᠨ᠎ᠤ 2 ᠳ᠋ᠤᠭ᠋ᠠᠷ ᠰᠠᠷ᠎ᠠ ᠵᠢᠨ 22᠎ᠤᠨ ᠡᠳᠦᠷ ᠰᠢᠶᠠᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠭᠡᠰᠢᠭᠦᠨ᠎ᠤ ᠭᠠᠷᠠᠭ᠎ᠤᠨ ᠡᠭᠡᠯᠵᠢᠲᠦ ᠬᠤᠷᠠᠯ ᠬᠤᠷᠠᠯᠳᠤᠭᠤᠯᠵᠤ᠂ ᠰᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠬᠠᠷᠢᠭᠤᠴᠠᠨ ᠲᠣᠭᠲᠠᠭ᠋ᠠᠵᠤ᠂ 《ᠵᠠᠬ᠎ᠠ ᠳᠡᠯᠭᠡᠭᠦᠷ᠎ᠤᠨ ᠠᠵᠢᠯᠯᠠᠭ᠋ᠠᠨ ᠵᠶ᠋ᠠᠷ ᠭᠣᠣᠯ ᠪᠣᠯᠭ᠋ᠠᠵᠤ᠂ ᠡᠳ᠋᠎ᠤᠨ ᠵᠠᠰᠠᠭ᠎ᠤᠨ ᠨᠥᠬᠥᠪᠥᠷᠢ ᠥᠭᠬᠦ᠎ᠪᠠᠷ ᠬᠠᠪᠰᠤᠷᠤᠮᠵᠢ ᠪᠣᠯᠭ᠋ᠠᠬᠤ》 ᠵᠠᠷᠴᠢᠮ ᠶᠣᠰᠣᠭ᠋ᠠᠷ᠂ ᠲᠤᠰ ᠵᠢᠯ᠎ᠤᠨ 3 ᠳ᠋ᠤᠭ᠋ᠠᠷ ᠰᠠᠷ᠎ᠠ ᠵᠢᠨ ᠡᠬᠢ᠎ᠪᠠᠷ ᠴᠧᠩ ᠭᠤᠸᠠᠨ ᠭᠧᠤ᠂ ᠪᠠᠷᠠᠭᠤᠨ ᠲᠣᠭᠣᠷᠢᠭ᠎ᠤᠨ ᠯᠢᠩᠬᠤ᠎ᠠ ᠨᠠᠭᠤᠷ᠂ ᠰᠢᠨ ᠮᠢᠨ ᠱᠦᠢ ᠪᠧᠢ ᠵᠡᠷᠭᠡ 3 ᠭᠠᠵᠠᠷ᠎ᠤᠨ ᠬᠣᠲᠠ᠎ᠳᠤ ᠣᠷᠣᠵᠤ ᠭᠠᠷᠬᠤ ᠬᠦᠨᠳᠦ ᠲᠡᠷᠭᠡ ᠤᠬᠢᠶᠠᠬᠤ ᠭᠠᠵᠠᠷ᠎ᠢ ᠪᠦᠬᠦ ᠲᠠᠯ᠎ᠠ᠎ᠪᠠᠷ ᠪᠠᠢ᠌ᠭᠤᠯᠵᠠᠢ᠃ ᠳᠠᠷᠠᠭ᠎ᠠ᠎ᠨᠢ᠂ ᠰᠢᠶᠠᠨ᠎ᠤ ᠵᠠᠮ ᠲᠡᠭᠡᠭᠡᠪᠦᠷᠢ ᠵᠢᠨ ᠲᠣᠪᠴᠢᠶᠠᠨ᠎ᠤ ᠭᠤᠷᠪᠠᠨ ᠠᠵᠤ ᠠᠬᠤᠶ᠋ᠢᠯᠠᠯ᠎ᠯᠤᠭ᠎ᠠ ᠲᠡᠭᠡᠭᠡᠪᠦᠷᠢ ᠵᠢᠨ ᠲᠡᠷᠭᠡ ᠬᠥᠰᠬᠡ ᠵᠢ ᠤᠬᠢᠶᠠᠬᠤ ᠥᠷᠳᠡᠭᠡ ᠵᠢᠨ ᠪᠥᠳᠥᠭᠡᠨ ᠪᠠᠶ᠋ᠢᠭᠤᠯᠤᠯᠲᠠ ᠵᠢᠨ ᠬᠡᠯᠡᠯᠴᠡᠭᠡᠷ ᠲᠣᠭᠲᠠᠵᠤ᠂ ᠰᠢᠶᠠᠨ᠎ᠤ ᠵᠠᠮ ᠲᠡᠭᠡᠭᠡᠪᠦᠷᠢ ᠵᠢᠨ ᠲᠣᠪᠴᠢᠶ᠎ᠠ ᠨᠢᠭᠡ ᠯᠡ ᠤᠳᠠᠭ᠎ᠠ᠎ᠳᠤ ᠠᠵᠤ ᠠᠬᠤᠶ᠋ᠢᠯᠠᠯ ᠨᠢᠭᠡᠪᠦᠷᠢ᠎ᠳᠤ 30 ᠲᠦᠮᠡᠨ ᠲᠥᠭᠥᠷᠢᠭ᠎ᠤᠨ ᠨᠥᠬᠥᠪᠥᠷᠢ ᠮᠥᠩᠭᠥ ᠣᠯᠭᠣᠵᠤ᠂ 3 ᠠᠵᠤ ᠠᠬᠤᠶ᠋ᠢᠯᠠᠯ᠎ᠢ ᠪᠦᠬᠦ ᠲᠠᠯ᠎ᠠ᠎ᠪᠠᠷ ᠬᠠᠷᠢᠭᠤᠴᠠᠵᠤ ᠡᠵᠡᠩᠨᠡᠬᠦ ᠵᠢ ᠲᠣᠳᠣᠷᠬᠠᠢ᠌ᠯᠠᠵᠠᠢ᠃ ᠲᠤᠰ ᠵᠢᠯ᠎ᠤᠨ 9 ᠳ᠋ᠦ᠍ᠭᠡᠷ ᠰᠠᠷ᠎ᠠ ᠵᠢᠨ 25 ᠤ ᠡᠳᠦᠷ ᠤᠤᠯ᠎ᠤᠨ ᠪᠢᠨ ᠰᠢᠶᠠᠨ᠎ᠤ ᠨᠠᠮ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠬᠤᠷᠠᠯᠳᠤᠭ᠋ᠠᠨ᠎ᠳᠤ ᠰᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠎ᠠᠴᠠ ᠲᠦᠷᠦᠭᠦᠯᠡᠨ᠂ ᠪᠣᠬᠢᠷᠲᠤᠯ ᠮᠠᠨᠠᠨ ᠪᠠᠭᠤᠷᠠᠭᠤᠯᠬᠤ ᠵᠠᠮ ᠲᠡᠭᠡᠭᠡᠪᠦᠷᠢ ᠵᠢᠨ ᠬᠢᠨᠠᠨ ᠬᠡᠮᠵᠢᠬᠦ ᠬᠠᠮᠢᠶᠠᠷᠤᠯᠲᠠ ᠵᠢᠨ ᠥᠷᠳᠡᠭᠡ ᠪᠠᠢ᠌ᠭᠤᠯᠬᠤ᠎ᠪᠠᠷ ᠲᠣᠭᠲᠠᠭ᠋ᠠᠵᠤ᠂ ᠲᠡᠷᠭᠡ ᠤᠬᠢᠶᠠᠬᠤ ᠥᠷᠲᠡᠭᠡ ᠵᠢᠴᠢ ᠵᠠᠮ ᠲᠡᠭᠡᠭᠡᠪᠦᠷᠢ ᠵᠢᠨ ᠲᠣᠭᠣᠰᠣ ᠳᠡᠭᠳᠡᠬᠦ ᠵᠢ ᠵᠠᠰᠠᠬᠤ ᠠᠵᠢᠯ᠎ᠢ ᠪᠦᠬᠦᠨ᠎ᠢ ᠬᠠᠷᠢᠭᠤᠴᠠᠬᠤ ᠬᠡᠷᠡᠭᠲᠡᠢ ᠭᠡᠵᠦ ᠲᠣᠭᠲᠠᠭ᠋ᠠᠵᠠᠢ᠃ ᠲᠤᠰ ᠵᠢᠯ᠎ᠤᠨ 10 ᠳ᠋ᠤᠭ᠋ᠠᠷ ᠰᠠᠷ᠎ᠠ ᠵᠢᠨ 25 ᠤ ᠡᠳᠦᠷ᠂ ᠪᠣᠬᠢᠷᠲᠤᠯ ᠮᠠᠨᠠᠨ ᠪᠠᠭᠤᠷᠠᠭᠤᠯᠬᠤ ᠠᠯᠪᠠᠨ ᠭᠡᠷ᠎ᠲᠤ ᠰᠢᠶᠠᠨ᠎ᠤ ᠵᠠᠮ ᠬᠠᠷᠢᠯᠴᠠᠭ᠎ᠠ ᠲᠡᠭᠡᠭᠡᠪᠦᠷᠢ ᠵᠢᠨ ᠲᠣᠪᠴᠢᠶ᠎ᠠ᠂ ᠪᠠᠷᠠᠭ᠋ᠠᠨ᠎ᠤ ᠦᠨ᠎ᠡ ᠵᠢᠨ ᠲᠣᠪᠴᠢᠶ᠎ᠠ ᠪᠠ 3 ᠮᠠᠰᠢᠨ ᠲᠡᠷᠭᠡ ᠤᠬᠢᠶᠠᠬᠤ ᠥᠷᠲᠡᠭᠡ ᠵᠢᠨ ᠬᠠᠷᠢᠭᠤᠴᠠᠯᠭ᠋ᠠᠲᠠᠨ᠎ᠢ ᠴᠤᠭᠯᠠᠭᠤᠯᠤᠨ᠂ ᠲᠤᠮᠤ ᠬᠡᠯᠪᠡᠷᠢ ᠵᠢᠨ ᠮᠠᠰᠢᠨ ᠲᠡᠷᠭᠡ ᠤᠬᠢᠶᠠᠬᠤ᠎ᠳᠤ ᠤᠳᠠᠭ᠎ᠠ ᠪᠦᠷᠢ 20 ᠲᠥᠭᠥᠷᠢᠭ᠂ ᠳᠤᠮᠳᠠ ᠮᠠᠶᠢᠭ᠎ᠤᠨ ᠲᠡᠷᠭᠡ 15 ᠲᠥᠭᠥᠷᠢᠭ ᠪᠣᠯᠤᠨ ᠵᠢᠵᠢᠭ ᠬᠡᠯᠪᠡᠷᠢ ᠵᠢᠨ ᠲᠡᠷᠭᠡ 10 ᠲᠥᠭᠥᠷᠢᠭ ᠬᠤᠷᠢᠶᠠᠨ᠎ᠠ ᠭᠡᠵᠦ ᠵᠥᠪᠯᠡᠨ ᠲᠣᠭᠲᠠᠵᠤ᠂ ᠲᠤᠰ ᠵᠢᠯ᠎ᠤᠨ 11 ᠳ᠋ᠦ᠍ᠭᠡᠷ ᠰᠠᠷ᠎ᠠ᠎ᠳᠤ ᠠᠯᠪᠠᠨ ᠶᠣᠰᠣᠭ᠋ᠠᠷ ᠰᠦᠢ᠍ᠳᠬᠡᠯ ᠬᠤᠷᠢᠶᠠᠵᠤ ᠠᠰᠢᠭᠯᠠᠯᠲᠠ᠎ᠳᠤ ᠣᠷᠣᠭᠤᠯᠪᠠ᠃ ᠡᠨᠡ ᠬᠤᠭᠤᠴᠠᠭ᠋ᠠᠨ᠎ᠳᠤ᠂ 2018 ᠣᠨ᠎ᠤ ᠴᠠᠭ᠋ᠠᠨ ᠰᠠᠷ᠎ᠠ᠎ᠠᠴᠠ ᠡᠮᠦᠨ᠎ᠡ ᠠᠵᠢᠯᠯᠠᠬᠤ᠎ᠪᠠᠨ ᠲᠦᠷ ᠵᠣᠭᠰᠣᠵᠤ᠂ ᠬᠠᠪᠤᠷ ᠳᠠᠬᠢᠨ ᠰᠡᠷᠭᠦᠭᠡᠨ ᠡᠵᠡᠩᠨᠡᠯᠲᠡ᠎ᠳᠤ ᠣᠷᠣᠭᠤᠯᠵᠤ᠂ 4 ᠳ᠋ᠦ᠍ᠭᠡᠷ ᠰᠠᠷ᠎ᠠ᠎ᠳᠤ ᠱᠠᠨᠰᠢ ᠮᠤᠵᠢ ᠵᠢᠨ ᠲᠧᠯᠸᠢᠰ ᠬᠣᠷᠢᠶ᠎ᠠ ᠮᠡᠳᠡᠭᠡᠯᠡᠭᠰᠡᠨ᠎ᠤ ᠳᠠᠷᠠᠭ᠎ᠠ ᠳᠠᠬᠢᠨᠲᠠ ᠲᠦᠷ ᠵᠣᠭᠰᠣᠭ᠋ᠠᠵᠤ᠂ 7 ᠳ᠋ᠤᠭ᠋ᠠᠷ ᠰᠠᠷ᠎ᠠ᠎ᠳᠤ ᠪᠠᠰᠠ ᠰᠡᠷᠭᠦᠭᠡᠨ ᠡᠵᠡᠩᠨᠡᠯᠲᠡ᠎ᠳᠤ ᠣᠷᠣᠭᠤᠯᠤᠭ᠋ᠠᠳ 2018 ᠣᠨ᠎ᠤ 8 ᠳ᠋ᠤᠭ᠋ᠠᠷ ᠰᠠᠷ᠎ᠠ ᠵᠢᠨ 26᠎ᠤ ᠡᠳᠦᠷ ᠨᠤᠷᠠᠭ᠋ᠠᠬᠤ ᠪᠣᠯᠲᠠᠯ᠎ᠠ ᠡᠵᠡᠩᠨᠡᠵᠡᠢ᠃
ᠪᠠᠢ᠌ᠴᠠᠭ᠋ᠠᠯᠲᠠ ᠬᠢᠬᠦ᠎ᠳᠤ᠎ᠪᠠᠨ ᠵᠢᠭ᠋ᠠᠵᠤ ᠭᠠᠷᠭ᠋ᠠᠭᠰᠠᠨ᠎ᠨᠢ᠂ ᠪᠢᠨᠵᠧᠦ ᠬᠣᠲᠠ ᠲᠣᠭᠲᠠᠭ᠋ᠠᠯ᠎ᠠᠴᠠ ᠵᠥᠷᠢᠴᠡᠨ 3 ᠪᠣᠬᠢᠷᠲᠤᠯ ᠮᠠᠨᠠᠨ ᠪᠠᠭᠤᠷᠠᠭᠤᠯᠬᠤ ᠲᠡᠷᠭᠡ ᠤᠬᠢᠶᠠᠬᠤ ᠥᠷᠲᠡᠭᠡ ᠪᠠᠶ᠋ᠢᠭᠤᠯᠵᠤ᠂ ᠠᠯᠪᠠᠳᠠᠭᠠᠪᠠᠷ ᠵᠠᠮ ᠥᠩᠭᠡᠷᠡᠬᠦ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠠᠴᠠ ᠲᠡᠷᠭᠡ ᠤᠬᠢᠶᠠᠬᠤ ᠵᠠᠷᠤᠳᠠᠯ ᠬᠤᠷᠢᠶᠠᠭᠰᠠᠨ ᠪᠣᠳᠠᠲᠤ ᠬᠡᠷᠡᠭ᠎ᠨᠢ ᠲᠣᠳᠣᠷᠬᠠᠶ᠂ ᠰᠢᠨᠵᠢ ᠴᠢᠨᠠᠷ᠎ᠨᠢ ᠮᠠᠭᠤ᠂ ᠲᠤᠬᠠᠶ ᠵᠢᠨ ᠭᠠᠵᠠᠷ᠎ᠲᠤ ᠮᠠᠭᠤ ᠨᠥᠯᠥᠭᠡ ᠭᠠᠷᠭ᠋ᠠᠪᠠ᠃ ᠪᠢᠨᠵᠧᠦ ᠬᠣᠲᠠ ᠵᠢᠨ ᠨᠠᠮ᠎ᠤᠨ ᠬᠣᠷᠢᠶ᠎ᠠ᠂ ᠬᠤᠳᠠ ᠵᠢᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ᠎ᠤᠨ ᠮᠠᠨᠠᠨ᠎ᠤ ᠪᠣᠬᠢᠷᠲᠤᠯ᠎ᠢ ᠵᠠᠰᠠᠵᠤ ᠪᠠᠭᠤᠷᠠᠭᠤᠯᠬᠤ ᠠᠵᠢᠯ᠎ᠤᠨ ᠳᠤᠮᠳᠠ ᠢᠯᠡᠳᠲᠡ ᠳᠤᠷ᠎ᠠ᠎ᠪᠠᠷ ᠵᠶ᠋ᠠᠨ ᠦᠢ᠍ᠯᠡᠳᠬᠦ ᠠᠰᠠᠭᠤᠳᠠᠯ ᠣᠷᠣᠰᠢᠵᠤ ᠪᠠᠶ᠋ᠢᠨ᠎ᠠ᠃ ᠨᠢᠭᠡ᠎ᠳᠤ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠵᠠᠰᠠᠮᠠᠯ ᠵᠠᠮ᠎ᠤᠨ 《ᠭᠤᠷᠪᠠᠨ ᠵᠦᠢ᠍ᠯ᠎ᠤᠨ ᠰᠠᠮᠠᠭᠤᠷᠠᠯ》᠎ᠢ ᠵᠠᠰᠠᠨ ᠴᠡᠭᠴᠡᠯᠡᠬᠦ ᠬᠣᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠵᠦ᠂ ᠮᠠᠨᠠᠨ᠎ᠤ ᠪᠣᠬᠢᠷᠲᠤᠯ᠎ᠢ ᠵᠠᠰᠠᠵᠤ ᠪᠠᠭᠤᠷᠠᠭᠤᠯᠬᠤ ᠲᠤᠭ᠎ᠢ ᠡᠷᠭᠦᠵᠦ ᠪᠠᠢ᠌ᠭ᠋ᠠᠳ ᠲᠣᠭᠲᠠᠭ᠋ᠠᠯ᠎ᠢ ᠵᠥᠷᠢᠴᠡᠨ ᠪᠣᠭᠣᠮᠲᠠ ᠭᠠᠷᠭ᠋ᠠᠵᠤ᠂ ᠬᠠᠪᠰᠤᠷᠤᠭᠴᠢ ᠴᠠᠭᠳᠠᠭ᠎ᠠ ᠵᠢ ᠵᠣᠬᠢᠶᠠᠨ ᠪᠠᠶ᠋ᠢᠭᠤᠯᠵᠤ᠂ ᠠᠯᠪᠠᠳᠠᠯᠭ᠎ᠠ᠎ᠪᠠᠷ ᠵᠠᠮ ᠥᠩᠭᠡᠷᠡᠬᠦ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ᠎ᠳᠤ ᠮᠠᠰᠢᠨ ᠲᠡᠷᠭᠡ ᠤᠬᠢᠶᠠᠬᠤ ᠦᠢ᠍ᠯᠡᠴᠢᠯᠡᠭᠡ ᠵᠢ ᠬᠦᠯᠢᠶᠡᠯᠭᠡᠭᠰᠡᠨ᠃ ᠬᠣᠶᠠᠷ᠎ᠲᠤ᠂ ᠤᠯᠤᠰ᠎ᠤᠨ ᠡᠵᠡᠩᠨᠡᠯᠲᠡ ᠦᠢ᠍ᠯᠡᠴᠢᠯᠡᠭᠡ ᠵᠢᠨ ᠴᠢᠨᠠᠷᠲᠠᠶ ᠰᠦᠢ᠍ᠳᠬᠡᠯ ᠬᠤᠷᠢᠶᠠᠬᠤ ᠬᠣᠯᠪᠣᠭᠳᠠᠯ ᠪᠦᠬᠦᠢ ᠲᠣᠭᠲᠠᠭ᠋ᠠᠯ᠎ᠢ ᠬᠦᠨᠳᠦ ᠨᠣᠴᠢᠲᠠᠶ ᠵᠥᠷᠢᠴᠡᠵᠦ᠂ ᠳᠡᠭᠡᠳᠦ ᠱᠠᠲᠤᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠶ᠋ᠡᠷ ᠥᠯᠥ ᠵᠥᠪᠰᠢᠶᠡᠷᠡᠭᠦᠯᠵᠦ᠂ ᠲᠣᠭᠲᠠᠭ᠋ᠠᠯ᠎ᠠᠴᠠ ᠵᠥᠷᠢᠴᠡᠵᠦ ᠪᠠᠶ᠋ᠢᠭᠤᠯᠤᠭᠰᠠᠨ ᠰᠦᠢ᠍ᠳᠬᠡᠯ ᠬᠤᠷᠢᠶᠠᠬᠤ ᠲᠥᠷᠥᠯ ᠵᠦᠢ᠍ᠯ ᠪᠣᠯᠬᠤ ᠪᠥᠭᠡᠳ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠵᠥᠪᠳᠡᠯᠴᠡᠨ ᠲᠣᠭᠲᠠᠭ᠋ᠠᠭᠰᠠᠨ᠃ ᠭᠤᠷᠪᠠ᠎ᠳᠤ᠂ ᠴᠢᠩᠭ᠎ᠠ ᠬᠢᠨᠠᠯᠲᠠ ᠬᠠᠮᠢᠶᠠᠷᠤᠯᠲᠠ᠎ᠪᠠᠷ ᠳᠤᠲᠠᠮᠠᠭ᠂ ᠵᠠᠮ ᠥᠩᠭᠡᠷᠡᠬᠦ ᠪᠠᠷᠠᠭ᠎ᠠ ᠲᠡᠭᠡᠭᠡᠪᠦᠷᠢ ᠵᠢᠨ ᠲᠡᠷᠭᠡ ᠬᠥᠰᠬᠡ ᠴᠡᠪᠡᠷ ᠡᠰᠡᠬᠦ᠂ ᠴᠢᠬᠤᠯᠠᠲᠠᠶ ᠪᠠᠶ᠋ᠢᠬᠤ ᠡᠰᠡᠬᠦ᠂ ᠬᠦᠴᠦᠨ᠎ᠲᠠᠢ ᠡᠰᠡᠬᠦ᠂ ᠬᠣᠬᠢᠷᠠᠭᠤᠯᠵᠤ ᠪᠠᠶ᠋ᠢᠬᠤ ᠡᠰᠡᠬᠦᠢ ᠬᠠᠮᠢᠶᠠᠷᠤᠯ ᠦᠭᠡᠶ᠂ ᠠᠪ ᠠᠳᠠᠯᠢᠬᠠᠨ ᠤᠬᠢᠶᠠᠬᠤ ᠵᠢ ᠱᠠᠭ᠋ᠠᠷᠳᠠᠵᠤ᠂ 《ᠨᠢᠭᠡ ᠯᠡ ᠠᠳᠠᠯᠢ᠎ᠪᠠᠷ ᠬᠠᠨᠳᠤᠬᠤ》 ᠤᠴᠢᠷ᠎ᠢ ᠬᠢᠵᠠᠢ᠃ ᠡᠵᠡᠩᠨᠡᠯᠲᠡ ᠵᠢᠨ ᠨᠢᠭᠡᠴᠢ ᠵᠢᠴᠢ ᠠᠵᠢᠯᠲᠠᠨ᠎ᠨᠢ ᠤᠬᠢᠶᠠᠬᠤ ᠠᠵᠢᠯ᠎ᠢ ᠠᠯᠪᠠ ᠬᠠᠰᠢᠵᠤ ᠬᠠᠰᠢ ᠶᠠᠰᠢ ᠠᠷᠭ᠋ᠠᠴᠠᠵᠤ᠂ ᠬᠠᠭᠤᠷᠮᠠᠭ ᠵᠶ᠋ᠠᠷ ᠤᠬᠢᠶᠠᠵᠤ᠂ ᠦᠨᠡᠨ ᠵᠶ᠋ᠡᠷ ᠰᠦᠢ᠍ᠳᠬᠡᠯ ᠬᠤᠷᠢᠶᠠᠵᠠᠢ᠃
ᠬᠡᠳᠦᠶ᠋ᠢᠪᠡᠷ ᠳᠡᠭᠡᠷ᠎ᠡ ᠳᠤᠷᠠᠳᠤᠭᠰᠠᠨ ᠠᠰᠠᠭᠤᠳᠠᠯ᠎ᠢ ᠮᠡᠳᠡᠭᠳᠡᠵᠦ ᠮᠡᠳᠡᠭᠡᠯᠡᠭᠰᠡᠨ᠎ᠤ ᠳᠠᠷᠠᠭ᠎ᠠ᠂ ᠪᠢᠨᠵᠧᠦ ᠬᠣᠲᠠ ᠵᠢᠨ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠴᠠᠭ ᠲᠤᠬᠠᠶ᠎ᠳᠤᠨᠢ ᠴᠡᠭᠴᠡᠯᠡᠨ ᠰᠠᠢ᠌ᠵᠢᠷᠠᠭᠤᠯᠤᠭᠰᠠᠨ ᠪᠣᠯᠪᠠᠴᠤ ᠨᠡᠶ᠋ᠢᠭᠡᠮ ᠳᠡᠭᠡᠷ᠎ᠡ ᠨᠢᠭᠡᠨᠲᠡ ᠲᠤᠶ᠋ᠢᠯ᠎ᠤᠨ ᠮᠠᠭᠤ ᠨᠥᠯᠥᠭᠡ ᠦᠵᠡᠭᠦᠯᠵᠦ᠂ ᠮᠠᠨᠠᠨ᠎ᠤ ᠪᠣᠬᠢᠷᠲᠤᠯ᠎ᠢ ᠵᠠᠰᠠᠵᠤ ᠪᠠᠭᠤᠷᠠᠭᠤᠯᠵᠤ ᠳᠡᠢ᠌ᠯᠦᠭᠰᠡᠨ ᠦᠭᠡᠢ ᠮᠥᠷᠲᠡᠭᠡᠨ ᠪᠣᠬᠢᠷᠲᠤᠯ᠎ᠢ ᠰᠡᠷᠭᠡᠶ᠋ᠢᠯᠡᠨ ᠵᠠᠰᠠᠬᠤ ᠠᠵᠢᠯ᠎ᠢ ᠬᠦᠨᠳᠦ ᠨᠣᠴᠢᠲᠠᠶ ᠬᠠᠷᠰᠢᠯᠠᠭᠰᠠᠨ ᠪᠠᠢ᠌ᠨ᠎ᠠ᠃ ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠠᠴᠠ ᠴᠢᠬᠤᠯᠠᠴᠢᠯᠠᠭᠰᠠᠨ᠎ᠨᠢ᠂ ᠣᠷᠣᠨ ᠨᠤᠲᠤᠭ᠎ᠤᠨ ᠡᠯ᠎ᠡ ᠱᠠᠲᠤᠨ᠎ᠤ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ ᠲᠦᠷᠦ ᠵᠢᠨ ᠵᠣᠭᠰᠣᠴᠠ᠎ᠪᠠᠨ ᠦᠨᠡᠨᠬᠦ ᠳᠡᠭᠡᠭᠰᠢᠯᠡᠭᠦᠯᠵᠦ᠂ ᠠᠮᠢ ᠠᠬᠤᠶ ᠵᠢᠨ ᠣᠷᠴᠢᠨ ᠲᠣᠭᠣᠷᠢᠨ᠎ᠢ ᠬᠠᠮᠠᠭ᠋ᠠᠯᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠰᠢᠭᠤᠷᠬᠠᠢ ᠡᠭᠦᠷᠭᠡᠯᠡᠬᠦ ᠬᠡᠷᠡᠭᠲᠡᠢ᠃ ᠡᠭᠦᠨ ᠵᠶ᠋ᠡᠷ ᠴᠡᠭᠡᠷᠯᠡᠯ ᠪᠣᠯᠭ᠋ᠠᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠡᠷᠡᠰ ᠪᠠᠲᠤ ᠰᠠᠶ᠋ᠢᠲᠤᠷ ᠬᠢᠬᠦ ᠬᠡᠷᠡᠭᠲᠡᠢ᠃ ᠥᠩᠭᠡᠪᠴᠢ ᠠᠵᠢᠯ᠂ ᠤᠢ᠍ᠩᠭᠡᠡᠴᠢᠷ ᠠᠵᠢᠯ ᠬᠢᠬᠦ ᠵᠢ ᠤᠬᠳᠦ ᠵᠥᠪᠰᠢᠶᠡᠷᠡᠬᠦ ᠤᠢ᠍ᠭᠡᠢ᠃ ᠪᠣᠬᠢᠷᠲᠤᠯ᠎ᠢ ᠵᠠᠰᠠᠬᠤ ᠭᠡᠰᠡᠨ ᠨᠡᠷ᠎ᠡ᠎ᠪᠠᠷ ᠳᠤᠷ᠎ᠠ᠎ᠪᠠᠷ ᠵᠶ᠋ᠠᠨ ᠦᠢ᠍ᠯᠡᠳᠴᠦ᠂ ᠵᠥᠪ ᠪᠤᠷᠤᠭᠤ ᠵᠢ ᠢᠯᠭ᠋ᠠᠬᠤ ᠦᠭᠡᠢ᠎ᠪᠠᠷ 《ᠨᠢᠭᠡ ᠯᠡ ᠠᠳᠠᠯᠢ᠎ᠪᠠᠷ ᠬᠠᠨᠳᠤᠬᠤ》 ᠵᠢ ᠶᠠᠭ᠋ᠠᠬᠢᠭᠰᠠᠨ ᠴᠤ᠌ ᠵᠥᠪᠰᠢᠶᠡᠷᠡᠬᠦ ᠦᠭᠡᠢ᠂ ᠠᠷᠠᠳ ᠲᠦᠮᠡᠨ᠎ᠤ ᠬᠡᠪ᠎ᠤᠨ ᠦᠢ᠍ᠯᠡᠳᠪᠦᠷᠢᠯᠡᠯ ᠠᠮᠢᠳᠤᠷᠠᠯ᠎ᠢ ᠨᠥᠯᠥᠭᠡᠯᠡᠵᠦ ᠪᠣᠯᠬᠤ ᠦᠭᠡᠢ᠃ ᠳᠤᠷ᠎ᠠ᠎ᠪᠠᠷ ᠵᠶ᠋ᠠᠨ ᠦᠢ᠍ᠯᠡᠳᠦᠭᠰᠡᠳᠢ ᠲᠥᠪ᠎ᠤᠨ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠶ᠋ᠢᠴᠠᠭ᠋ᠠᠬᠤ ᠬᠡᠪᠴᠢᠶᠡᠨ᠎ᠳᠤ ᠣᠷᠣᠭᠤᠯᠤᠨ᠂ ᠭᠣᠣᠯᠳᠠᠯᠭ᠎ᠠ ᠪᠣᠯᠭ᠋ᠠᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ ᠭᠡᠵᠡᠢ᠃