1. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠣᠨᠣᠯ ᠰᠤᠷᠤᠯᠴᠠᠬᠤ ᠭᠣᠣᠯ ᠳᠤᠭᠤᠶ᠋ᠢᠯᠠᠩ᠎ᠤᠨ ᠬᠠᠮᠲᠤ᠎ᠶᠢᠨ ᠰᠤᠷᠤᠯᠴᠠᠯᠭ᠎ᠠ ᠬᠢᠪᠡ
8 ᠰᠠᠷ᠎ᠠ᠎ᠶᠢᠨ 21᠎ᠦ ᠡᠳᠦᠷ᠎ᠡᠴᠡ 22᠎ᠤᠨ ᠡᠳᠦᠷ ᠪᠣᠯᠲᠠᠯ᠎ᠠ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ ᠤᠨᠤᠯ ᠰᠤᠷᠤᠯᠴᠠᠬᠤ ᠭᠣᠣᠯ ᠳᠤᠭᠤᠶ᠋ᠢᠯᠠᠩ᠎ᠤᠨ ᠬᠠᠮᠲᠤ᠎ᠶᠢᠨ ᠰᠤᠷᠤᠯᠴᠠᠯᠭ᠎ᠠ ᠬᠢᠵᠦ᠂ ᠶᠡᠷᠦᠩᠬᠡᠢ ᠱᠦᠵᠢ ᠰᠢ᠎ᠶᠢᠨ ᠫᠢᠩ᠎ᠤᠨ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠶ᠋ᠢᠴᠠᠭᠠᠬᠤ ᠲᠤᠬᠠᠢ ᠰᠢᠷᠢᠰ ᠴᠢᠬᠤᠯᠠ ᠵᠢᠭᠠᠪᠤᠷᠢ ᠴᠣᠬᠣᠯᠠᠪᠤᠷᠢ᠎ᠶᠢᠨ ᠵᠣᠷᠢᠭ᠋ ᠰᠠᠨᠠᠭ᠎ᠠ ᠪᠣᠯᠤᠨ 《 ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠱᠠᠯᠠᠪᠳᠠᠭᠤᠯᠤᠨ ᠪᠠᠶ᠋ᠢᠴᠠᠭᠠᠬᠤ ᠠᠵᠢᠯ᠎ᠤᠨ ᠲᠦᠷᠢᠮ 》᠎ᠢ ᠭᠦᠨᠵᠡᠭᠡᠢ ᠰᠤᠷᠤᠯᠴᠠᠨ ᠰᠤᠳᠤᠯᠤᠨ ᠶᠠᠷᠢᠯᠴᠠᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ ᠰᠦᠨ ᠵᠢᠨ ᠯᠦᠩ ᠰᠤᠷᠤᠯᠴᠠᠯᠭ᠎ᠠ᠎ᠳᠤ ᠣᠷᠣᠯᠴᠠᠭᠰᠠᠨ ᠪᠥᠭᠡᠳ ᠰᠣᠯᠢᠯᠴᠠᠨ ᠰᠤᠳᠤᠯᠤᠨ ᠶᠠᠷᠢᠯᠴᠠᠬᠤ ᠬᠤᠷᠠᠯ᠎ᠢ ᠡᠷᠬᠢᠯᠡᠪᠡ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠰᠤᠷᠤᠯᠴᠠᠯᠭ᠎ᠠ᠎ᠳᠤ ᠣᠷᠣᠯᠴᠠᠬᠤ᠎ᠶᠢᠨ ᠬᠠᠮᠳᠤ ᠰᠠᠨᠠᠯ᠎ᠢᠶᠠᠨ ᠰᠣᠯᠢᠯᠴᠠᠬᠤ ᠶᠠᠷᠢᠶ᠎ᠠ ᠲᠠᠯᠪᠢᠵᠠᠢ᠃
2. ᠰᠠᠶ᠋ᠢᠳ ᠬᠤᠸᠠᠩ ᠷᠦᠨ ᠴᠢᠦ ᠲᠥᠪ ᠲᠧᠯᠸᠢᠰ᠎ᠦᠨ 《 ᠰᠢ᠎ᠶᠢᠨ ᠫᠢᠩ᠎ᠤᠨ ᠠᠮᠢ ᠠᠬᠤᠶ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠲᠤᠬᠠᠶ ᠰᠢᠷᠢᠰ ᠲᠠᠶ᠋ᠢᠯᠤᠮᠵᠢ 》 ᠄ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠲᠦᠭᠡᠨ ᠪᠠᠶ᠋ᠢᠭᠤᠯᠤᠨ᠎ᠠ ᠲᠤᠰᠬᠠᠶ ᠰᠡᠳᠦᠪᠲᠦ ᠫᠷᠤᠭ᠌ᠷᠠᠮ᠎ᠳᠤ ᠵᠣᠴᠢᠨ ᠪᠣᠯᠵᠤ ᠰᠠᠭᠠᠳᠠᠪᠠ
ᠰᠢ᠎ᠶᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭ᠎ᠠ᠎ᠶᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠶᠢᠨ ᠲᠥᠯᠥᠭᠡ᠂ ᠲᠥᠪ᠎ᠤᠨ ᠷᠠᠳᠢᠣ᠋ ᠲᠧᠯᠸᠢᠰ᠎ᠦᠨ ᠶᠡᠷᠦᠩᠬᠡᠢ ᠬᠣᠷᠢᠵ᠎ᠠ 《 ᠬᠣᠶᠠᠷ ᠠᠭᠤᠯᠠ᠎ᠶᠢᠨ ᠤᠨᠤᠯ 》᠎ᠢ ᠳᠤᠷᠠᠳᠤᠭᠰᠠᠨ 20 ᠵᠢᠯ᠎ᠦᠨ ᠤᠢ᠎ᠶᠢᠨ ᠲᠠᠰᠢᠷᠠᠮ᠎ᠢᠶᠠᠷ᠂ ᠠᠷᠪᠠᠨ ᠪᠦᠯᠦᠭ᠎ᠲᠦ ᠲᠤᠮᠤ ᠬᠡᠯᠪᠡᠷᠢ᠎ᠶᠢᠨ ᠲᠤᠰᠬᠠᠢ ᠰᠡᠳᠦᠪᠲᠦ ᠫᠷᠤᠭ᠌ᠷᠠᠮ 《 ᠰᠢ ᠵᠢᠨ ᠫᠢᠩ᠎ᠤᠨ ᠠᠮᠢ ᠠᠬᠤᠢ᠎ᠶᠢᠨ ᠪᠣᠯᠪᠠᠰᠤᠨ᠎ᠤ ᠦᠵᠡᠯ ᠰᠠᠨᠠᠭᠠᠨ᠎ᠤ ᠰᠢᠷᠢᠰ ᠲᠠᠢᠯᠤᠮᠵᠢ 》 ᠵᠢ ᠨᠡᠶ᠋ᠢᠲᠡᠯᠡᠪᠡ᠃ 8 ᠰᠠᠷ᠎ᠠ᠎ᠶᠢᠨ 18᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠭᠤᠷᠪᠠᠳᠤᠭᠠᠷ ᠪᠦᠯᠦᠭ 《 ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠢ ᠪᠦᠳᠦᠭᠡᠨ ᠪᠠᠶ᠋ᠢᠭᠤᠯᠤᠶ᠎ᠠ 》 ᠭᠡᠬᠦ ᠫᠷᠣᠭ᠌ᠷᠠᠮ᠎ᠳᠦ ᠵᠣᠴᠢᠨ ᠪᠣᠯᠵᠤ ᠰᠠᠭᠠᠳᠠᠪᠠ᠃
3. ᠠᠮᠢ ᠠᠬᠤᠶ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠰᠢᠶᠠᠩᠭᠠᠩ᠎ᠤᠨ ᠣᠷᠴᠢᠨ ᠲᠣᠭᠣᠷᠢᠨ ᠪᠣᠯᠤᠨ ᠠᠮᠢ ᠠᠬᠤᠶ᠎ᠶᠢᠨ ᠲᠣᠪᠴᠢᠶᠠᠨ᠎ᠤ ᠳᠠᠷᠤᠭ᠎ᠠ ᠨᠠᠷ᠎ᠲᠠᠢ ᠠᠭᠤᠯᠵᠠᠪᠠ
8 ᠰᠠᠷ᠎ᠠ᠎ᠶᠢᠨ 20᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠰᠠᠶ᠋ᠢᠳ ᠬᠤᠸᠠᠩ ᠷᠦᠨ ᠴᠢᠦ ᠪᠡᠭᠡᠵᠢᠩ᠎ᠳᠦ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠵᠠᠰᠠᠭ᠎ᠤᠨ ᠣᠷᠳᠣᠨ᠎ᠤ ᠣᠷᠴᠢᠨ ᠲᠣᠭᠣᠷᠢᠨ ᠵᠢᠴᠢ ᠠᠮᠢ ᠠᠬᠤᠢ᠎ᠶᠢᠨ ᠲᠣᠪᠴᠢᠵᠠᠶᠢᠨ ᠳᠠᠷᠤᠭ᠎ᠠ ᠰᠢᠶᠧ ᠵᠠᠨ ᠬᠤᠸᠠᠨᠲᠠᠢ ᠠᠭᠤᠯᠵᠠᠪᠠ᠃ ᠬᠣᠶᠠᠷ ᠲᠠᠯ᠎ᠠ᠎ᠪᠠᠷ᠎ᠢᠶᠠᠨ ᠰᠢᠶᠠᠩᠭᠠᠩ ᠣᠨᠴᠠᠭᠠᠢ ᠵᠠᠰᠠᠭ ᠵᠠᠬᠢᠷᠭᠠᠨ᠎ᠤ ᠣᠷᠣᠨ᠎ᠤ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠂ ᠪᠣᠬᠢᠷᠲᠤᠯ ᠦᠭᠡᠢ 《 ᠨᠢᠭᠡ ᠪᠦᠰᠡ ᠨᠢᠭᠡ ᠵᠠᠮ 》᠎ᠤᠨ ᠪᠦᠳᠦᠭᠡᠨ ᠪᠠᠶ᠋ᠢᠭᠤᠯᠤᠯᠲᠠ ᠵᠡᠷᠭᠡ ᠵᠥᠪᠯᠡᠬᠦ ᠰᠡᠳᠦᠪ᠎ᠦᠨ ᠲᠣᠭᠣᠷᠢᠨ᠎ᠳᠤ ᠰᠠᠨᠠᠯ᠎ᠢᠶᠠᠨ ᠰᠣᠯᠢᠯᠴᠠᠪᠠ᠃
4. ᠬᠥᠬᠡᠮᠥ᠋ᠷᠡᠨ᠎ᠦ ᠠᠮᠢ ᠠᠬᠤᠶ ᠣᠷᠴᠢᠨ ᠲᠣᠭᠣᠷᠢᠨ᠎ᠢ ᠬᠠᠮᠠᠭᠠᠯᠠᠨ ᠰᠡᠷᠭᠦᠭᠡᠬᠦ ᠬᠠᠮᠲᠤᠷᠠᠭᠰᠠᠨ ᠰᠤᠳᠤᠯᠭᠠᠨ᠎ᠤ ᠠᠵᠢᠯ᠎ᠤᠨ ᠰᠣᠯᠢᠯᠴᠠᠭᠠᠨ᠎ᠤ ᠬᠤᠷᠠᠯ ᠪᠡᠭᠡᠵᠢᠩ᠎ᠳᠦ ᠬᠤᠷᠠᠯᠳᠤᠪᠠ
8 ᠰᠠᠷ᠎ᠠ᠎ᠶᠢᠨ 18᠎ᠤ ᠡᠳᠦᠷ᠂ ᠠᠮᠢ ᠠᠬᠤᠢ ᠣᠷᠴᠢᠨ ᠲᠣᠭᠣᠷᠢᠨ᠎ᠤ ᠶᠠᠮᠤᠨ᠂ ᠳᠤᠮᠳᠠᠳᠤ ᠤᠯᠤᠰ᠎ᠤᠨ ᠬᠥᠬᠡᠮᠥ᠋ᠷᠡᠨ᠎ᠦ ᠭᠤᠷᠪᠠᠨ ᠬᠠᠪᠴᠢᠯ᠎ᠤᠨ ᠪᠦᠯᠦᠭᠯᠡᠯ᠎ᠦᠨ ᠬᠢᠵᠠᠭᠠᠷᠲᠤ ᠺᠣᠮᠫᠠᠨᠢ ᠪᠡᠭᠡᠵᠢᠩ᠎ᠳᠦ ᠬᠥᠬᠡᠮᠥ᠋ᠷᠡᠨ᠎ᠦ ᠠᠮᠢ ᠠᠬᠤᠢ ᠣᠷᠴᠢᠨ ᠲᠣᠭᠣᠷᠢᠨ᠎ᠤ ᠬᠠᠮᠠᠭᠠᠯᠠᠯᠲᠠ᠎ᠶᠢ ᠰᠡᠷᠭᠦᠭᠡᠬᠦ ᠬᠠᠮᠲᠤᠷᠠᠭᠰᠠᠨ ᠰᠤᠳᠤᠯᠭᠠᠨ᠎ᠤ ᠠᠵᠢᠯ᠎ᠤᠨ ᠰᠣᠯᠢᠯᠴᠠᠭᠠᠨ᠎ᠤ ᠬᠤᠷᠠᠯ᠎ᠢ ᠵᠣᠬᠢᠶᠠᠨ ᠪᠠᠶ᠋ᠢᠭᠤᠯᠵᠤ ᠬᠤᠷᠠᠯᠳᠤᠭᠤᠯᠪᠠ᠃ ᠠᠮᠢ ᠠᠬᠤᠢ ᠣᠷᠴᠢᠨ ᠲᠣᠭᠣᠷᠢᠨ᠎ᠤ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠢᠦᠢ ᠬᠤᠢ ᠸᠧᠨ᠂ ᠰᠠᠨ ᠰᠢᠶᠠ ᠪᠦᠯᠦᠭᠯᠡᠯ᠎ᠦᠨ ᠳᠡᠳ᠋ ᠶᠡᠷᠦᠩᠬᠡᠢ ᠳᠠᠭᠠᠭᠠᠮᠠᠯ ᠦ᠋ ᠱᠧᠩ ᠯᠢᠶᠠᠩ ᠬᠤᠷᠠᠯ᠎ᠳᠤ ᠣᠷᠣᠯᠴᠠᠪᠠ᠃ ᠬᠤᠷᠠᠯ᠎ᠠᠴᠠ ᠬᠥᠬᠡᠮᠥ᠋ᠷᠡᠨ᠎ᠦ ᠬᠠᠮᠲᠤᠷᠠᠭᠰᠠᠨ ᠰᠤᠳᠤᠯᠭᠠᠨ᠎ᠤ ᠠᠬᠢᠴᠠ ᠪᠣᠯᠤᠨ ᠦᠷ᠎ᠡ ᠪᠦᠲᠦᠮᠵᠢ᠎ᠶᠢᠨ ᠲᠤᠬᠠᠢ ᠬᠠᠷᠢᠭᠤ ᠮᠡᠳᠡᠭᠦᠯᠦᠯᠲᠡ᠎ᠶᠢ ᠰᠣᠨᠣᠰᠴᠠᠢ᠃
5. ᠠᠮᠢ ᠠᠬᠤᠶ ᠣᠷᠴᠢᠨ ᠲᠣᠭᠣᠷᠢᠨ᠎ᠤ ᠶᠠᠮᠤᠨ 2025 ᠣᠨ᠎ᠤ ᠪᠦᠬᠦ ᠤᠯᠤᠰ᠎ᠤᠨ ᠠᠮᠢ ᠠᠬᠤᠶ᠎ᠶᠢᠨ ᠡᠳᠦᠷ᠎ᠦᠨ ᠭᠣᠣᠯ ᠲᠠᠯᠠᠪᠤᠷ᠎ᠤᠨ ᠠᠵᠢᠯᠯᠠᠭ᠎ᠠ᠎ᠳᠤ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ᠎ᠶᠢ ᠬᠡᠷᠡᠭᠵᠢᠭᠦᠯᠬᠦ ᠰᠢᠰᠲ᠋ᠧᠮ᠎ᠦᠨ ᠴᠢᠬᠤᠯᠠ ᠦᠷ᠎ᠡ ᠪᠦᠲᠦᠭᠡᠯ᠎ᠢ ᠨᠡᠶ᠋ᠢᠲᠡᠯᠡᠪᠡ
8 ᠰᠠᠷ᠎ᠠ᠎ᠶᠢᠨ 15᠎ᠤ ᠡᠳᠦᠷ᠂ ᠭᠤᠷᠪᠠᠳᠠᠬᠢ ᠪᠥᠬᠥ ᠤᠯᠤᠰ᠎ᠤᠨ ᠠᠮᠢ ᠠᠬᠤᠶ᠎ᠶᠢᠨ ᠡᠳᠦᠷ᠎ᠦᠨ ᠭᠣᠥᠯ ᠲᠠᠯᠠᠪᠤᠷ᠎ᠤᠨ ᠠᠵᠢᠯᠯᠠᠭ᠎ᠠ ᠪᠡᠭᠡᠵᠢᠩ᠎ᠳᠦ ᠶᠠᠪᠤᠭᠳᠠᠪᠠ᠃ ᠭᠣᠣᠯ ᠲᠠᠯᠠᠪᠤᠷ᠎ᠤᠨ ᠠᠵᠢᠯᠯᠠᠭ᠎ᠠ᠎ᠶᠢᠨ ᠦᠷ᠎ᠡ ᠪᠦᠲᠦᠭᠡᠯ᠎ᠢ ᠨᠡᠶ᠋ᠢᠲᠡᠯᠡᠬᠦ ᠬᠤᠷᠠᠯ ᠳᠡᠭᠡᠷ᠎ᠡ᠂ ᠠᠮᠢ ᠠᠬᠤᠢ ᠣᠷᠴᠢᠨ ᠲᠣᠭᠣᠷᠢᠨ᠎ᠤ ᠶᠠᠮᠤᠨ ᠦᠵᠡᠰᠬᠦᠯᠡᠩᠲᠦ ᠰᠠᠶ᠋ᠢᠬᠠᠨ ᠳᠤᠮᠳᠠᠳᠤ ᠤᠯᠤᠰ᠎ᠤᠨ ᠪᠦᠳᠦᠭᠡᠨ ᠪᠠᠶ᠋ᠢᠭᠤᠯᠤᠯᠲᠠ᠎ᠶᠢᠨ ᠬᠡᠷᠡᠭᠵᠢᠭᠦᠯᠬᠦ ᠰᠢᠰᠲ᠋ᠧᠮ᠎ᠤᠨ ᠴᠢᠬᠤᠯᠠ ᠦᠷ᠎ᠡ ᠪᠦᠲᠦᠭᠡᠯ᠎ᠢ ᠨᠡᠶ᠋ᠢᠲᠡᠯᠡᠪᠡ᠃ ᠶᠠᠮᠤᠨ᠎ᠤ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠰᠠᠶ᠋ᠢᠳ ᠭᠦᠸᠧ ᠹᠠᠩ ᠦᠷ᠎ᠡ ᠪᠦᠲᠦᠭᠡᠯ᠎ᠢ ᠨᠡᠶ᠋ᠢᠲᠡᠯᠡᠬᠦ ᠬᠤᠷᠠᠯ᠎ᠳᠤ ᠣᠷᠣᠯᠴᠠᠭᠰᠠᠨ ᠪᠥᠭᠡᠳ ᠨᠡᠶ᠋ᠢᠲᠡᠯᠡᠬᠦ ᠦᠭᠡ ᠬᠡᠯᠡᠵᠡᠶ᠃